ᠣᠷᠴᠢᠨ ᠲᠣᠭᠤᠷᠢᠨ ᠤ ᠬᠠᠮᠠᠭᠠᠯᠠᠯᠲᠠ ᠶᠢᠨ  ᠲᠤᠪᠴᠢᠶ᠎ᠠ
ᠨᠡᠶᠢᠲᠡᠯᠡᠭᠰᠡᠨ ᠴᠠᠭ᠄
2015/10/12
ᠡᠷᠬᠡ ᠲᠤᠰᠢᠶᠠᠯ ᠡᠭᠦᠷᠭᠡ ᠬᠠᠷᠢᠭᠤᠴᠠᠯᠭ᠎ᠠ᠄       ᠨᠢᠭᠡ᠂ ᠣᠯᠣᠰ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠬᠠᠤᠯᠢ ᠴᠠᠭᠠᠵᠠ᠂  ᠬᠠᠤᠯᠢ ᠲᠤᠭᠲᠠᠭᠠᠯ᠂ ᠲᠥᠷᠥ ᠶᠢᠨ ᠪᠣᠳᠣᠯᠭ᠎ᠠ᠂ ᠴᠢᠭᠯᠡᠯᠲᠡ ᠪᠠ ᠦᠨᠳᠦᠰᠦᠨ ᠳᠦᠷᠢᠮ ᠂ ᠪᠠᠷᠢᠮᠵᠢᠶ᠎ᠠ ᠵᠢ‌‍ᠲ᠋ᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔  ᠨᠢᠩᠴᠧᠩ ᠰᠢᠶᠠᠨ ᠬᠢᠭᠡᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠯᠪᠣᠭᠳᠠᠯ ᠪᠦᠬᠦᠢ  ᠬᠠᠮᠢᠶᠠᠷᠤᠯᠲᠠ ᠶᠢᠨ ᠠᠷᠭ᠎ᠠ ᠪᠠᠷᠢᠯ  ᠪᠤᠯᠤᠨ ᠴᠢᠬᠤᠯᠠ ᠶᠡᠭᠡ ᠠᠵᠤ ᠠᠬᠤᠢ ᠶᠢᠨ ᠲᠥᠷᠥ ᠶᠢᠨ ᠪᠣᠳᠣᠯᠭ᠎ᠠ᠂ ᠠᠵᠤ ᠠᠬᠤᠢ ᠨᠡᠶᠢᠬᠡᠮ ᠤᠨ ᠬᠦᠭᠵᠢᠯᠲᠡ ᠶᠢᠨ  ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ᠂ ᠬᠠᠮᠢᠶ᠎ᠠ ᠪᠦᠬᠦᠢ ᠲᠤᠰᠬᠠᠢ ᠲᠥᠯᠥᠪᠵᠢᠭᠦᠯᠭᠡ ᠶᠢ  ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃     ᠬᠤᠶᠠᠷ᠂  ᠪᠦᠬᠦ ᠰᠢᠶᠠᠨ ᠤ ᠡᠯ᠎ᠡ ᠠᠵᠢᠯ ᠲᠥᠷᠥᠯ ᠤᠨ ᠤᠷᠴᠢᠨ ᠲᠤᠭᠤᠷᠢᠨ ᠤ ᠬᠠᠮᠭᠠᠯᠠᠯᠲᠠ ᠶᠢᠨ ᠠᠵᠢᠯ ᠢ ᠵᠢᠯᠤᠭᠤᠳᠤᠨ᠂ ᠵᠤᠬᠢᠴᠠᠭᠤᠯᠤᠨ᠎ᠠ᠃ ᠣᠷᠴᠢᠨ ᠲᠣᠭᠤᠷᠢᠨ ᠤ ᠪᠣᠬᠢᠷᠳᠣᠯ ᠤᠨ ᠠᠳᠡᠯ ᠪᠠ ᠠᠮᠢ ᠠᠬᠤᠢ ᠤᠨ ᠡᠪᠳᠡᠭᠳᠡᠯ ᠤᠨ ᠬᠡᠷᠡᠭ  ᠶᠠᠪᠤᠳᠠᠯ ᠢ ᠪᠠᠶᠢᠴᠠᠭᠠᠨ ᠰᠢᠢᠳᠪᠤᠷᠢᠯᠡᠨ᠎ᠡ᠃ ᠣᠷᠴᠢᠨ  ᠲᠣᠭᠤᠷᠢᠨ ᠤ ᠭᠡᠨᠡᠳᠳᠡ ᠶᠢᠨ ᠬᠡᠷᠡᠭ  ᠢ ᠤᠷᠢᠳᠴᠢᠯᠠᠨ ᠰᠡᠷᠡᠮᠵᠢᠯᠡᠬᠦ ᠪᠠ ᠪᠠᠴᠢᠮ ᠪᠠᠶᠢᠳᠠᠯ ᠢ ᠠᠷᠭᠠᠴᠠᠬᠤ  ᠪᠠᠶᠢᠭᠤᠯᠤᠮᠵᠢ ᠶᠢ ᠪᠠᠶᠢᠭᠤᠯᠤᠨ ᠪᠥᠷᠢᠨᠰᠢᠭᠦᠯᠥᠨ᠎ᠡ᠃ ᠬᠠᠷᠢᠶ᠎ᠠ ᠤᠷᠤᠨ ᠳᠠᠬᠢ ᠣᠷᠴᠢᠨ ᠲᠣᠭᠤᠷᠢᠨ ᠤ ᠪᠣᠬᠢᠷᠳᠣᠯ ᠤᠨ  ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠨ᠎ᠡ︔ ᠨᠢᠩᠴᠧᠩ ᠰᠢᠶᠠᠨ ᠤ ᠭᠤᠤᠯᠳᠠᠯᠭ᠎ᠠ ᠲᠠᠢ ᠰᠠᠪᠠ  ᠭᠠᠵᠠᠷ ᠪᠠ ᠣᠷᠣᠨ ᠲᠤᠭᠤᠷᠢᠭ ᠤᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠨᠠᠶᠢᠳᠠᠪᠤᠷᠢᠵᠢᠭᠤᠯᠤᠨ᠎ᠠ︔ ᠣᠷᠴᠢᠨ ᠲᠣᠭᠤᠷᠢᠨ ᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃   ᠭᠤᠷᠪᠠ᠂  ᠨᠢᠩᠴᠧᠩ ᠰᠢᠶᠠᠨ ᠤ ᠪᠤᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ ᠨᠠᠶᠢᠳᠠᠪᠤᠷᠢᠵᠢᠭᠤᠯᠤᠨ᠎ᠠ᠃  ᠭᠤᠣᠯ ᠪᠣᠬᠢᠷᠳᠣᠯ ᠤᠨ ᠪᠤᠳᠠᠰ ᠤᠨ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠ ᠭᠤᠤᠯ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ  ᠢ ᠬᠠᠷᠢᠭᠤᠴᠠᠨ᠎ᠠ᠃ ᠨᠢᠩᠴᠧᠩ ᠰᠢᠶᠠᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ  ᠶᠡᠷᠤᠩᠬᠡᠢ ᠬᠡᠮᠵᠢᠶ᠎ᠠ ᠶᠢ ᠬᠢᠵᠠᠭᠠᠷᠯᠠᠬᠤ ᠲᠥᠷᠢᠮ ᠪᠤᠯᠤᠨ ᠪᠤᠬᠢᠷᠳᠤᠯ ᠭᠠᠳᠠᠭᠰᠢᠯᠠᠭᠤᠯᠬᠤ  ᠵᠥᠪᠰᠢᠶᠡᠷᠡᠯ ᠤᠨ ᠲᠥᠷᠢᠮ ᠢ ᠲᠤᠬᠳᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠭᠡᠷᠩᠵᠢᠬᠦᠯᠦᠨ᠎ᠡ᠃   ᠳᠥᠷᠪᠡ᠂  ᠨᠢᠩᠴᠧᠩ ᠰᠢᠶᠠᠨ ᠤ ᠣᠷᠴᠢᠨ ᠲᠣᠭᠤᠷᠢᠨ ᠤ ᠪᠣᠬᠢᠷᠳᠣᠯ ᠪᠠ ᠣᠷᠴᠢᠨ ᠲᠣᠭᠤᠷᠢᠨ ᠤ  ᠡᠪᠳᠡᠭᠳᠡᠯ ᠢ ᠡᠬᠢ ᠰᠣᠷᠪᠣᠯᠵᠢ ᠠᠴᠠ ᠨᠢ ᠤᠷᠢᠳᠴᠢᠯᠠᠨ ᠰᠡᠷᠭᠡᠶᠢᠯᠡᠬᠦ ᠪᠠ ᠡᠵᠡᠮᠰᠢᠨ ᠬᠢᠵᠠᠭᠠᠷᠯᠠᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠣᠷᠴᠢᠨ ᠲᠣᠭᠤᠷᠢᠨ ᠤ ᠬᠠᠮᠠᠭᠠᠯᠠᠯᠲᠠ ᠳᠤ ᠬᠤᠯᠪᠣᠭᠳᠠᠬᠤ ᠲᠥᠷᠥ ᠶᠢᠨ ᠪᠤᠳᠤᠯᠭ᠎ᠠ ᠬᠠᠮᠢᠶᠠᠷᠤᠯᠲᠠ ᠶᠢᠨ ᠠᠷᠭ᠎ᠠ ᠶᠢᠨ ᠲᠥᠰᠥᠯ ᠳᠤ ᠣᠷᠴᠢᠨ ᠲᠣᠭᠤᠷᠢᠨ ᠤ ᠨᠥᠯᠥᠭᠡ ᠶᠢᠨ ᠲᠠᠯ᠎ᠠ ᠪᠠᠷ  ᠬᠤᠯᠪᠤᠭᠳᠠᠯ ᠪᠦᠬᠦᠢ ᠰᠠᠨᠠᠯ ᠳᠤᠷᠠᠳᠤᠨ᠎ᠠ︔  ᠨᠢᠩᠴᠧᠩ ᠰᠢᠶᠠᠨ ᠤ ᠡᠯ᠎ᠡ ᠲᠥᠷᠥᠯ ᠤᠨ ᠲᠥᠯᠥᠪᠵᠢᠭᠦᠯᠭᠡ ᠂ ᠲᠥᠯᠤᠪᠯᠡᠭᠡ ᠶᠢᠨ ᠣᠷᠴᠢᠨ ᠲᠣᠭᠤᠷᠢᠨ ᠤ ᠨᠥᠯᠥᠭᠡ ᠶᠢᠨ ᠦᠨᠡᠯᠡᠯᠲᠡ ᠶᠢᠨ  ᠪᠢᠴᠢᠭ ᠮᠠᠲ᠋ᠧᠷᠢᠶᠠᠯ  ᠳᠤ ᠤᠷᠤᠯᠴᠠᠨ ᠬᠢᠨᠠᠨ᠎ᠠ᠃  ᠨᠢᠩᠴᠧᠩ ᠰᠢᠶᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡ ᠶᠢᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠨ᠎ᠡ᠃    ᠲᠠᠪᠤ᠂  ᠨᠢᠩᠴᠧᠩ ᠰᠢᠶᠠᠨ ᠤ ᠣᠷᠴᠢᠨ ᠲᠣᠭᠤᠷᠢᠨ ᠤ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠤᠨ  ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃  ᠨᠢᠩᠴᠧᠩ ᠰᠢᠶᠠᠨ ᠤ ᠡᠯ᠎ᠡ ᠲᠥᠷᠥᠯ ᠤᠨ ᠣᠷᠴᠢᠨ ᠲᠣᠭᠤᠷᠢᠨ ᠤ ᠴᠢᠬᠤᠯᠠ ᠡᠯᠧᠮᠧᠨ᠋ᠲ ᠤᠨ ᠪᠣᠬᠢᠷᠳᠣᠯ ᠢ ᠰᠡᠷᠭᠡᠶᠢᠯᠡᠨ ᠵᠠᠰᠠᠬᠤ ᠳᠦᠷᠢᠮ ᠲᠣᠭᠲᠠᠭᠠᠯ ᠢ ᠲᠤᠭᠤᠷᠪᠢᠨ  ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠤᠯᠪᠣᠭᠳᠠᠯ ᠪᠦᠬᠦᠢ ᠰᠠᠯᠠᠭ᠎ᠠ  ᠮᠥᠴᠢᠷ ᠤᠳ ᠢ ᠳᠠᠭᠠᠭᠤᠯᠤᠨ ᠵᠣᠬᠢᠶᠠᠨ ᠪᠠᠶᠢᠭᠤᠯᠵᠤ  ᠨᠢᠩᠴᠧᠩ ᠰᠢᠶᠠᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠨ ᠬᠠᠮᠢᠶᠠᠷᠤᠨ᠎ᠠ︔ ᠬᠤᠲᠠ  ᠪᠠᠯᠭᠠᠰᠤ ᠶᠢᠨ ᠣᠷᠴᠢᠨ ᠲᠣᠭᠤᠷᠢᠨ ᠤ ᠶᠡᠷᠦᠩᠬᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔   ᠵᠢᠷᠭᠤᠭ᠎ᠠ  ᠂  ᠨᠢᠩᠴᠧᠩ ᠰᠢᠶᠠᠨ ᠤ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠂ ᠬᠢᠨᠠᠯᠲᠠ ᠲᠠᠯᠪᠢᠨ᠎ᠠ᠃  ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠮᠢ  ᠠᠬᠤᠢ ᠶᠢᠨ ᠣᠷᠴᠢᠨ ᠲᠣᠭᠤᠷᠢᠨ ᠢ ᠪᠦᠲᠦᠭᠡᠨ ᠪᠠᠶᠢᠭᠤᠯᠬᠤ᠂ ᠠᠮᠢ ᠠᠬᠤᠢ ᠶᠢᠨ ᠡᠪᠳᠡᠭᠳᠡᠯ ᠢ ᠵᠠᠰᠠᠨ ᠰᠡᠷᠭᠦᠭᠡᠬᠦ ᠪᠠ  ᠠᠮᠢᠳᠤ ᠪᠣᠳᠠᠰ ᠤᠨ ᠮᠡᠷᠭᠡᠵᠢᠯ ᠤᠨ ᠣᠷᠴᠢᠨ ᠲᠣᠭᠤᠷᠢᠨ ᠤ ᠠᠶᠤᠯ ᠦᠭᠡᠢ ᠪᠠᠶᠢᠬᠤ ᠳᠤ ᠬᠢᠨᠠᠯᠲᠠ ᠲᠠᠯᠪᠢᠨ᠎ᠠ︔  ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠦᠵᠡᠮᠵᠢᠳᠤ ᠣᠷᠣᠨ᠂ ᠰᠢᠭᠤᠶᠢᠳᠤ ᠴᠡᠴᠡᠷᠯᠢᠭ᠂ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ  ᠬᠠᠮᠢᠶᠠᠷᠤᠨ ᠬᠢᠨᠠᠯᠲᠠ ᠲᠠᠯᠪᠢᠨ᠎ᠠ︔ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ᠂  ᠵᠡᠷᠯᠢᠭ ᠠᠮᠢᠲᠠᠨ ᠤᠷᠭᠤᠮᠠᠯ ᠢ ᠬᠠᠮᠠᠭᠠᠯᠠᠬᠤ᠂ ᠬᠤᠪᠤᠷ ᠴᠤᠬᠠᠭ ᠮᠥᠬᠦᠬᠦ ᠰᠢᠬᠠᠬᠰᠠᠨ ᠲᠥᠷᠥᠯ  ᠢ ᠬᠠᠮᠭᠠᠯᠠᠬᠤ ᠠᠵᠢᠯ ᠢ ᠶᠡᠷᠤᠩᠬᠡᠶᠢᠯᠡᠨ ᠵᠤᠬᠢᠴᠠᠭᠤᠯᠬᠤ ᠶᠢᠨ ᠬᠠᠮᠳᠤ ᠬᠢᠨᠠᠯᠲᠠ ᠲᠠᠯᠪᠢᠨ ᠪᠠᠶᠢᠴᠠᠭᠠᠨ᠎ᠠ᠃     ᠳᠣᠯᠤᠭ᠎ᠠ  ᠂  ᠨᠢᠩᠴᠧᠩ ᠰᠢᠶᠠᠨ ᠤ ᠴᠥᠮ᠎ᠡ ᠶᠢᠨ ᠠᠶᠤᠯ ᠦᠭᠡᠢ ᠪᠠ ᠰᠠᠴᠤᠷᠠᠭ ᠤᠨ ᠠᠶᠤᠯ ᠦᠭᠡᠢ ᠶᠢ ᠬᠢᠨᠠᠨ  ᠬᠠᠮᠢᠶᠠᠷᠬᠤ ᠶᠢ ᠬᠠᠷᠢᠭᠤᠴᠠᠨ᠎ᠠ᠃ ᠨᠢᠩᠴᠧᠩ ᠰᠢᠶᠠᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ  ︔ ᠴᠥᠮ᠎ᠡ ᠶᠢᠨ ᠠᠳᠡᠯ᠂ ᠰᠠᠴᠤᠷᠠᠯ ᠤᠨ ᠣᠷᠴᠢᠨ ᠲᠣᠭᠤᠷᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ︔ ᠴᠥᠮ᠎ᠡ ᠶᠢᠨ ᠪᠡᠯᠡᠳᠬᠡᠮᠵᠢ ᠶᠢ ᠠᠶᠤᠯ ᠦᠭᠡᠢ ᠪᠠᠶᠢᠯᠭᠠᠬᠤ᠂  ᠰᠠᠴᠤᠷᠠᠭ ᠤᠨ ᠪᠤᠬᠢᠷᠳᠣᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠬᠠᠮᠢᠶᠠᠷᠤᠨ᠎ᠠ᠃     ᠨᠠᠢᠮᠠ᠂ ᠨᠢᠩᠴᠧᠩ ᠰᠢᠶᠠᠨ ᠤ ᠤᠷᠴᠢᠨ ᠲᠤᠭᠤᠷᠢᠨ ᠤ ᠬᠢᠨᠠᠨ ᠬᠡᠮᠵᠢᠯᠲᠠ ᠶᠢᠨ ᠠᠵᠢᠯ ᠪᠤᠯᠤᠨ ᠤᠷᠴᠢᠨ ᠲᠤᠭᠤᠷᠢᠨ ᠤ ᠬᠢᠨᠠᠨ ᠬᠡᠮᠵᠢᠯᠲᠠ ᠶᠢᠨ ᠲᠤᠤᠷ ᠰᠥᠯᠵᠢᠶ᠎ᠡ ᠶᠢ ᠬᠠᠮᠢᠶᠠᠷᠤᠨ᠎ᠠ᠂ ᠨᠢᠩᠴᠧᠩ ᠰᠢᠶᠠᠨ ᠤ ᠤᠷᠴᠢᠨ ᠲᠤᠭᠤᠷᠢᠨ ᠤ ᠬᠢᠨᠠᠨ ᠬᠡᠮᠵᠢᠯᠲᠠ ᠶᠢᠨ ᠲᠤᠤᠷ ᠰᠥᠯᠵᠢᠶ᠎ᠠ ᠪᠤᠯᠤᠨ ᠤᠷᠴᠢᠨ ᠲᠤᠭᠤᠷᠢᠨ ᠤ ᠮᠡᠳᠡᠭᠡ ᠵᠠᠩᠬᠢ ᠶᠢᠨ ᠲᠤᠤᠷ ᠰᠥᠯᠵᠢᠶ᠎ᠡ ᠶᠢ ᠵᠤᠬᠢᠶᠠᠨ ᠪᠠᠶᠢᠭᠤᠯᠤᠨ ᠬᠠᠮᠢᠶᠠᠷᠤᠨ᠎ᠠ᠃ ᠨᠢᠩᠴᠧᠩ ᠰᠢᠶᠠᠨ ᠤ ᠤᠷᠴᠢᠨ ᠲᠤᠭᠤᠷᠢᠨ ᠤ ᠬᠢᠨᠠᠨ ᠬᠡᠮᠵᠢᠯᠲᠠ ᠶᠢᠨ ᠦᠷᠳᠡᠭᠡ ᠶᠢᠨ ᠭᠡᠮᠵᠢᠯᠲᠠ ᠶᠢᠨ ᠭᠡᠷᠡᠴᠢᠯᠡᠯ᠂ ᠴᠢᠨᠠᠷ ᠤᠨ ᠪᠠᠳᠤᠯᠠᠭ᠎ᠠ ᠶᠢᠨ ᠠᠵᠢᠯ ᠢ ᠵᠢᠯᠤᠭᠤᠳᠤᠨ᠎ᠠ᠃ ᠨᠢᠩᠴᠧᠩ ᠰᠢᠶᠠᠨ ᠤ ᠤᠷᠴᠢᠨ ᠲᠤᠭᠤᠷᠢᠨ ᠤ  ᠶᠠᠰᠤ ᠴᠢᠨᠠᠷ ᠤᠨ ᠮᠡᠳᠡᠭᠦᠯᠦᠯᠲᠠ ᠶᠢ ᠵᠤᠬᠢᠶᠠᠨ ᠨᠠᠶᠢᠷᠠᠭᠤᠯᠤᠨ᠎ᠠ᠃ ᠨᠢᠩᠴᠧᠩ ᠰᠢᠶᠠᠨ ᠤ ᠤᠷᠴᠢᠨ ᠲᠤᠭᠤᠷᠢᠨ ᠤ ᠲᠤᠭ᠎ᠠ ᠪᠥᠷᠢᠳᠭᠡᠯ᠂ ᠤᠷᠴᠢᠨ ᠲᠤᠭᠤᠷᠢᠨ ᠤ ᠮᠡᠳᠡᠭᠡ ᠵᠠᠩᠬᠢ ᠪᠤᠯᠤᠨ ᠤᠷᠴᠢᠨ ᠲᠤᠭᠤᠷᠢᠨ ᠬᠠᠮᠭᠠᠯᠠᠯᠲᠠ ᠶᠢᠨ ᠲᠡᠩᠰᠠ ᠡᠪᠭᠡᠮᠡᠯ ᠤᠨ ᠠᠵᠢᠯ ᠢ ᠬᠠᠷᠢᠭᠤᠴᠠᠨ᠎ᠠ᠃       ᠶᠢᠰᠦ᠂ ᠤᠷᠴᠢᠨ ᠲᠤᠭᠤᠷᠢᠨ ᠤ ᠬᠠᠮᠭᠠᠯᠠᠯᠲᠠ ᠶᠢᠨ ᠰᠤᠯᠢᠯᠴᠠᠭ᠎ᠠ ᠬᠢᠭᠡᠳ ᠬᠤᠷᠰᠢᠯᠴᠠᠭ᠎ᠠ ᠪᠤᠯᠤᠨ ᠭᠠᠳᠠᠭᠠᠳᠤ ᠪᠡᠯᠡ ᠶᠢ ᠠᠰᠢᠭᠯᠠᠬᠤ ᠠᠵᠢᠯ ᠢ ᠬᠠᠷᠢᠭᠤᠴᠠᠨ᠂ ᠵᠤᠬᠢᠶᠠᠨ ᠪᠠᠶᠢᠭᠤᠯᠤᠨ ᠥᠷᠨᠢᠭᠦᠯᠦᠨ᠎ᠡ᠃ ᠤᠷᠴᠢᠨ ᠲᠤᠭᠤᠷᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠳᠦᠭᠡᠯ ᠢ ᠲᠡᠯᠭᠡᠷᠡᠭᠦᠯᠭᠦ ᠠᠵᠢᠯ ᠢ ᠵᠤᠬᠢᠶᠠᠨ ᠪᠠᠶᠢᠭᠤᠯᠤᠨ᠎ᠠ᠃ ᠨᠢᠩᠴᠧᠩ ᠰᠢᠶᠠᠨ ᠤ ᠣᠷᠴᠢᠨ ᠲᠤᠭᠤᠷᠢᠨ ᠤ ᠬᠠᠮᠭᠠᠯᠠᠯᠲᠠ ᠶᠢᠨ ᠤᠶᠢᠯᠡᠰ ᠤᠨ ᠬᠦᠭᠵᠢᠯᠲᠠ᠂ ᠤᠷᠴᠢᠨ ᠲᠤᠭᠤᠷᠢᠨ ᠤ ᠮᠡᠷᠭᠡᠵᠢᠯ ᠤᠨ ᠵᠠᠬ᠎ᠠ ᠲᠡᠯᠭᠡᠭᠦᠷ ᠢ ᠬᠠᠮᠢᠶᠠᠷᠬᠤ ᠶᠢ ᠵᠢᠯᠣᠭᠤᠳᠣᠨ᠎ᠠ᠃ ᠡᠷᠬᠢᠯᠳᠡᠳᠤ ᠠᠵᠦ ᠠᠬᠤᠢ ᠪᠠ ᠪᠣᠬᠢᠷᠳᠣᠯ ᠦᠭᠡᠢ ᠦᠢᠯᠡᠳᠪᠦᠷᠢᠯᠡᠯ ᠤᠨ ᠠᠵᠢᠯ ᠳᠤ ᠤᠷᠤᠯᠴᠠᠨ᠂ ᠵᠢᠯᠤᠭᠤᠳᠤᠨ ᠠᠬᠢᠭᠤᠯᠤᠨ᠎ᠠ᠃    ᠠᠷᠪᠠ᠂ ᠪᠦᠬᠦ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠤᠨ ᠬᠥᠮᠥᠵᠢᠭᠦᠯᠬᠦ  ᠤᠷᠴᠢᠨ ᠲᠤᠭᠤᠷᠢᠨ ᠤ ᠬᠠᠮᠭᠠᠯᠠᠯᠲᠠ ᠶᠢᠨ ᠮᠡᠳᠡᠯᠭᠡ ᠶᠢ ᠲᠥᠭᠡᠮᠯᠡᠵᠢᠬᠦᠯᠬᠦ ᠶᠢ ᠵᠣᠬᠢᠶᠠᠨ ᠪᠠᠶᠢᠭᠤᠯᠤᠨ᠂ ᠵᠢᠯᠣᠭᠤᠳᠤᠨ ᠵᠣᠬᠢᠴᠠᠭᠤᠯᠤᠨ᠎ᠠ᠃  ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠰᠲ᠋ᠧᠮ ᠤᠨ ᠡᠩᠨᠡᠭᠡ ᠶᠢᠨ ᠪᠠᠶᠢᠭᠤᠯᠤᠯᠲᠠ ᠪᠤᠯᠤᠨ ᠠᠵᠢᠯᠲᠠᠨ ᠤ ᠪᠤᠯᠪᠠᠰᠤᠷᠠᠯ ᠢ ᠬᠠᠷᠢᠭᠤᠴᠠᠨ᠎ᠠ᠃ ᠰᠢᠶᠠᠩ ᠪᠠᠯᠭᠠᠰᠤᠨ ᠤ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠭᠠᠯᠠᠯᠲᠠ ᠶᠢᠨ ᠠᠵᠢᠯᠲᠠᠨ ᠪᠤᠯᠤᠨ ᠠᠵᠦ ᠠᠬᠤᠶᠢᠯᠡᠯ ᠤᠨ ᠤᠷᠴᠢᠨ ᠲᠤᠭᠤᠷᠢᠨ ᠤ ᠬᠠᠮᠭᠠᠯᠠᠯᠲᠠ  ᠶᠢᠨ ᠬᠠᠮᠢᠶᠠᠷᠤᠬᠴᠢ ᠶᠢᠨ ᠪᠤᠯᠪᠠᠰᠣᠷᠠᠯ ᠤᠨ ᠠᠵᠢᠯ ᠵᠢᠴᠢ ᠲᠤᠬᠠᠶᠢᠯᠠᠬᠰᠠᠨ ᠠᠵᠢᠯ ᠤᠨ ᠲᠠᠯ᠎ᠠ ᠪᠠᠷ ᠵᠢᠯᠤᠭᠤᠳᠬᠤ ᠠᠵᠢᠯ ᠢ ᠬᠠᠷᠢᠭᠤᠴᠠᠨ᠎ᠠ᠃    ᠠᠷᠪᠠᠨ ᠨᠢᠭᠡ᠂  ᠰᠢᠶᠠᠨ ᠤ ᠠᠷᠠᠳ ᠤᠨ ᠵᠠᠰᠠᠭ ᠤᠨ ᠣᠷᠳᠣᠨ ᠤ ᠭᠦᠢᠴᠡᠳᠭᠡᠯᠭᠡᠬᠦ   ᠪᠠᠷ ᠲᠤᠰᠢᠶᠠᠭᠰᠠᠨ ᠪᠣᠰᠣᠳ ᠶᠠᠪᠤᠳᠠᠯ ᠤᠳ ᠢ ᠳᠠᠭᠠᠭᠠᠨ ᠭᠦᠢᠴᠡᠳᠬᠡᠨ᠎ᠡ᠃    
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号