ᠲᠤᠳᠤᠭᠠᠲᠦ ᠶᠢ ᠬᠠᠮᠠᠭᠠᠯᠠᠬᠤ ᠲᠤᠪᠴᠢᠶ᠎ᠠ
ᠨᠡᠶᠢᠲᠡᠯᠡᠭᠰᠡᠨ ᠴᠠᠭ᠄
2015/10/20
ᠭᠤᠤᠯ ᠡᠭᠦᠷᠭᠡ ᠬᠠᠷᠢᠭᠤᠴᠠᠯᠭ᠎ᠠ᠄       ︵ᠨᠢᠭᠡ︶ ᠤᠯᠤᠰ᠂ ᠥᠪᠡᠷᠳᠡᠭᠡᠨ ᠵᠠᠰᠠᠬᠤ ᠤᠷᠤᠨ ᠪᠤᠯᠤᠨ ᠬᠤᠲᠠ ᠶᠢᠨ ᠲᠣᠳᠣᠭᠠᠲᠦ ᠶᠢ ᠬᠠᠮᠠᠭᠠᠯᠠᠬᠤ ᠠᠵᠢᠯ ᠤᠨ ᠲᠤᠬᠠᠢ ᠴᠢᠭᠯᠡᠯᠳᠡ᠂ ᠲᠦᠷᠦ ᠶᠢᠨ ᠪᠣᠳᠣᠯᠭ᠎ᠠ  ᠬᠠᠤᠯᠢ ᠲᠤᠬᠳᠠᠭᠠᠯ᠂ ᠲᠥᠷᠢᠮ ᠲᠤᠬᠳᠠᠭᠠᠯ ᠢ ᠲᠣᠣᠱᠯᠠᠭᠤᠯᠣᠨ ᠬᠡᠷᠡᠭᠵᠢᠭᠦᠯᠵᠤ᠂  ᠤᠯᠤᠰ ᠤᠨ ᠲᠥᠷᠥ ᠶᠢᠨ ᠪᠤᠳᠤᠯᠭ᠎ᠠ᠂ ᠬᠠᠤᠯᠢ ᠲᠤᠬᠳᠠᠭᠠᠯ ᠢ ᠥᠨᠳᠤᠰᠤᠯᠠᠨ ᠨᠢᠩᠴᠧᠩ ᠰᠢᠶᠠᠨ ᠤ ᠲᠤᠳᠤᠭᠠᠳᠤ ᠶᠢ ᠬᠠᠮᠠᠭᠠᠯᠠᠬᠤ ᠠᠵᠢᠯ ᠤᠨ ᠲᠤᠬᠠᠢ ᠲᠥᠷᠥ ᠶᠢᠨ ᠪᠤᠳᠤᠯᠭ᠎ᠠ ᠶᠢ ᠰᠤᠳᠤᠯᠤᠨ ᠲᠤᠬᠳᠠᠭᠠᠵᠦ᠂ ᠪᠦᠭᠦ ᠰᠢᠶᠠᠨ ᠤ ᠲᠤᠳᠤᠭᠠᠳᠤ ᠶᠢ ᠬᠠᠮᠠᠭᠠᠯᠠᠬᠤ ᠠᠵᠢᠯ ᠢ ᠪᠠᠶᠢᠷᠢᠰᠢᠭᠤᠯᠤᠨ ᠵᠢᠯᠤᠭᠤᠳᠤᠨ᠎ᠠ᠃      ︵ᠬᠤᠶᠠᠷ︶  ᠪᠥᠬᠦ ᠰᠢᠶᠠᠨ ᠤ ᠲᠣᠭᠳᠠᠭᠤᠨ ᠢ ᠨᠦᠯᠥᠭᠡᠯᠡᠵᠦ ᠪᠠᠶᠢᠭ᠎ᠠ᠂ ᠣᠯᠣᠰ ᠤᠨ ᠲᠣᠳᠣᠭᠠᠲᠦ ᠶᠢᠨ ᠠᠶᠤᠯ ᠦᠭᠡᠢ ᠪᠠ ᠨᠡᠶᠢᠭᠡᠮ ᠤᠨ ᠠᠮᠦᠷ ᠲᠦᠪᠰᠢᠨ ᠢ ᠨᠦᠯᠦᠭᠡᠯᠡᠵᠦ ᠪᠠᠶᠢᠭ᠎ᠠ ᠪᠠᠶᠢᠳᠠᠯ ᠢ ᠡᠵᠡᠮᠰᠢᠨ᠂ ᠬᠡᠯᠪᠡᠷᠢ ᠶᠢ ᠵᠠᠳᠠᠯᠵᠣ᠂ ᠬᠠᠷᠢᠭᠤᠴᠠᠬᠤ ᠪᠣᠳᠣᠯᠭ᠎ᠠ ᠲᠤᠭᠳᠠᠭᠠᠨ᠎ᠠ᠃ ᠴᠢᠬᠤᠯᠠ ᠶᠡᠭᠡ ᠠᠮᠤᠷ ᠲᠥᠪᠰᠢᠨ ᠤ ᠠᠳᠠᠯ᠂ ᠣᠯᠠᠨ ᠨᠡᠶᠢᠲᠡ ᠶᠢᠨ ᠴᠢᠨᠠᠷᠳᠡᠢ ᠭᠡᠷᠩ ᠤᠴᠢᠷ ᠢ ᠵᠤᠬᠢᠴᠠᠭᠤᠯᠤᠨ᠂ ᠰᠢᠢᠳᠪᠤᠷᠢᠯᠡᠨ᠎ᠡ᠃ ᠴᠢᠬᠤᠯᠠ ᠶᠡᠭᠡ ᠴᠠᠬᠳᠠᠭᠠᠨ ᠤ ᠶᠠᠪᠤᠳᠠᠯ ᠤᠨ ᠭᠦᠳᠡᠯᠭᠡᠭᠡᠨ ᠢ ᠪᠠᠶᠢᠷᠢᠰᠢᠭᠤᠯᠤᠨ᠂ ᠵᠢᠯᠤᠭᠤᠳᠤᠨ᠎ᠠ᠃      ︵ᠭᠤᠷᠪᠠ︶  ᠪᠦᠬᠦ ᠰᠢᠶᠠᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠠᠩᠨᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠣ᠂  ᠡᠯ᠎ᠡ ᠲᠥᠷᠥᠯ ᠤᠨ ᠡᠷᠡᠭᠦᠦ ᠶᠢᠨ ᠶᠠᠯᠠᠳᠤ ᠭᠡᠷᠩ ᠢ ᠬᠠᠷᠢᠭᠤᠴᠠᠨ ᠲᠡᠩᠨᠠᠵᠦ ᠰᠢᠢᠳᠪᠤᠷᠢᠯᠡᠨ᠎ᠡ᠃ ᠬᠤᠤᠷᠳᠤ ᠪᠤᠳᠠᠰ ᠪᠤᠯᠤᠨ ᠨᠢᠭᠤᠴᠠ ᠪᠠᠷ ᠠᠷᠠᠯᠵᠢᠶᠠᠯᠠᠬᠤ ᠶᠠᠯᠠᠳᠤ ᠠᠵᠢᠯᠯᠠᠭ᠎ᠠ ᠶᠢ ᠰᠡᠷᠬᠡᠶᠢᠯᠡᠬᠦ᠂ ᠴᠤᠬᠢᠯᠲᠠ ᠥᠭᠬᠦ ᠶᠢ ᠬᠠᠷᠢᠭᠤᠴᠠᠨ᠎ᠠ᠃      ︵ᠲᠦᠷᠪᠡ︶ ᠪᠦᠬᠦ ᠰᠢᠶᠠᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠳᠤ ᠬᠠᠮᠢᠶ᠎ᠠ ᠪᠦᠬᠦᠢ ᠬᠠᠷᠢᠭᠤᠴᠠᠯᠭ᠎ᠠ ᠶᠢ ᠡᠬᠦᠷᠭᠡᠯᠡᠨ᠎ᠡ᠃ ᠨᠡᠶᠢᠭᠡᠮ ᠤᠨ ᠠᠮᠦᠷ ᠲᠦᠪᠰᠢᠨ ᠤ ᠡᠮᠬᠢ ᠵᠢᠷᠦᠮ ᠢ ᠬᠦᠨᠥᠭᠡᠭᠰᠡᠨ ᠦᠢᠯᠡ ᠠᠵᠢᠯᠯᠠᠭ᠎ᠠ ᠶᠢ ᠬᠠᠣᠯᠢ ᠶᠣᠰᠣᠭᠠᠷ ᠪᠠᠶᠢᠴᠠᠭᠠᠨ ᠰᠢᠢᠳᠪᠤᠷᠢᠯᠡᠨ᠎ᠡ᠃ ᠪᠥᠬᠦ ᠰᠢᠶᠠᠨ ᠤ  ᠪᠠᠶᠢᠭᠤᠯᠭ᠎ᠠ᠂ ᠨᠡᠶᠢᠭᠡᠮ ᠪᠦᠯᠬᠦᠮ᠂ ᠠᠵᠣ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠮᠤᠷ ᠢ ᠬᠠᠮᠠᠭᠠᠯᠠᠬᠤ ᠠᠵᠢᠯ ᠢ ᠵᠢᠯᠤᠭᠤᠳᠤᠨ ᠬᠢᠨᠠᠯᠲᠠ ᠲᠠᠯᠪᠢᠨ᠎ᠠ᠃      ︵ᠲᠠᠪᠤ︶  ᠪᠥᠬᠦ ᠰᠢᠶᠠᠨ ᠤ ᠵᠠᠮ ᠬᠠᠷᠢᠯᠴᠠᠭᠠᠨ ᠤ  ᠠᠮᠤᠷ ᠲᠥᠪᠰᠢᠨ᠂ ᠵᠠᠮ ᠬᠠᠷᠢᠯᠴᠠᠭᠠᠨ ᠤ ᠡᠮᠬᠢ ᠲᠢᠭᠯᠢᠮ ᠢ ᠬᠠᠮᠠᠭᠠᠯᠠᠨ᠂ ᠬᠦᠳᠡᠯᠭᠡᠭᠦᠷᠢᠳᠤ ᠲᠡᠷᠭᠡ᠂ ᠵᠢᠯᠤᠭᠤᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ︵ᠵᠢᠷᠭᠤᠭ᠎ᠠ︶  ᠬᠥᠮᠥᠨ ᠠᠮᠠ᠂ ᠡᠷᠤᠭᠡ ᠠᠮᠠ ᠢ ᠬᠠᠷᠢᠶ᠎ᠠ ᠶᠢᠨ ᠬᠠᠮᠢᠶᠠᠷᠤᠯᠲᠠ ᠶᠢᠨ ᠠᠵᠢᠯ ᠢ ᠬᠠᠤᠯᠢ ᠶᠤᠰᠤᠭᠠᠷ ᠬᠠᠮᠢᠶᠠᠷᠤᠨ᠎ᠠ᠃      ︵ᠲᠤᠯᠤᠭ᠎ᠠ︶  ᠪᠦᠬᠦ ᠰᠢᠶᠠᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠤᠷᠤᠵᠦ ᠭᠠᠷᠬᠤ ᠬᠠᠮᠢᠶᠠᠷᠤᠯᠲᠠ ᠶᠢᠨ ᠬᠠᠮᠢᠶ᠎ᠠ ᠪᠦᠭᠦᠢ ᠠᠵᠢᠯ ᠢ ᠬᠠᠷᠢᠭᠤᠴᠠᠨ᠎ᠠ᠃      ︵ᠨᠠᠢᠮᠠ︶  ᠪᠦᠬᠦ ᠰᠢᠶᠠᠨ ᠤ ᠭᠠᠵᠢᠭᠤ ᠨᠤᠮᠯᠠᠯ ᠤᠨ ᠵᠤᠬᠢᠶᠠᠨ ᠪᠠᠶᠢᠭᠤᠯᠤᠯᠲᠠ ᠶᠢᠨ ᠬᠠᠤᠯᠢ ᠵᠥᠷᠢᠴᠡᠭᠰᠡᠨ ᠶᠠᠯᠠᠳᠤ ᠠᠵᠢᠯᠯᠠᠭ᠎ᠠ ᠬᠦᠳᠡᠯᠭᠡᠭᠡᠨ ᠢ ᠰᠡᠷᠬᠡᠶᠢᠯᠡᠨ ᠰᠢᠢᠳᠪᠤᠷᠢᠯᠡᠬᠦ ᠶᠢ ᠬᠠᠷᠢᠭᠤᠴᠠᠨ᠎ᠠ᠃      ︵ᠶᠢᠰᠦ︶  ᠪᠦᠬᠦ ᠰᠢᠶᠠᠨ ᠤ ᠰᠥᠷᠳᠡᠭᠦᠯᠭᠦ ᠬᠦᠳᠡᠯᠭᠡᠭᠡᠨ ᠢ ᠰᠡᠷᠬᠡᠶᠢᠯᠡᠬᠦ᠂ ᠲᠠᠩᠨᠠᠨ ᠪᠠᠶᠢᠴᠠᠭᠠᠬᠤ᠂ ᠴᠤᠬᠢᠯᠲᠠ ᠥᠭᠬᠦ ᠠᠵᠢᠯ ᠢ ᠬᠠᠷᠢᠭᠤᠴᠠᠨ᠎ᠠ᠃      ︵ᠠᠷᠪᠠ︶  ᠬᠢᠨᠠᠨ ᠬᠠᠮᠢᠶᠠᠷᠴᠦ ᠪᠦᠭᠦᠢ ᠭᠠᠵᠠᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ( ᠠᠷᠪᠠᠨ ᠨᠢᠭᠡ)ᠪᠦᠬᠦ ᠰᠢᠶᠠᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠳᠤᠭᠠᠳᠤ ᠳᠠᠬᠢ ᠬᠠᠤᠯᠢ ᠶᠢ ᠭᠡᠷᠩᠵᠢᠬᠦᠯᠦᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠬᠥᠳᠡᠯᠮᠤᠷᠢ ᠪᠠᠷ ᠵᠠᠰᠠᠨ ᠬᠦᠮᠦᠵᠢᠭᠦᠯᠭᠦ  ᠶᠢᠨ ᠬᠢᠨᠠᠨ ᠵᠥᠪᠰᠢᠶᠡᠷᠡᠬᠦ ᠠᠵᠢᠯ ᠢ ᠵᠢᠯᠤᠭᠤᠳᠤᠨ ᠬᠢᠨᠠᠨ ᠪᠠᠶᠢᠴᠠᠭᠠᠬᠤ ᠶᠢᠨ ᠬᠠᠮᠳᠤ ᠬᠠᠤᠯᠢ ᠶᠤᠰᠤᠭᠠᠷ ᠬᠥᠢᠴᠡᠳᠭᠡᠨ᠎ᠡ᠃ ( ᠠᠷᠪᠠᠨ  ᠬᠤᠶᠠᠷ) ᠨᠢᠩᠴᠧᠩ ᠳᠤ ᠢᠷᠡᠬᠦ ᠨᠠᠮ ᠵᠠᠰᠠᠭ ᠤᠨ ᠤᠳᠤᠷᠢᠳᠤᠯᠭ᠎ᠠ᠂ ᠬᠦᠨᠳᠦᠳᠦ ᠤᠳᠤᠷᠢᠳᠤᠯᠭ᠎ᠠ ᠵᠢᠴᠢ ᠬᠦᠨᠳᠤᠳᠤ ᠭᠠᠳᠠᠭᠠᠳᠤ ᠶᠢᠨ ᠵᠤᠴᠢᠨ ᠤ ᠠᠮᠤᠷ ᠲᠥᠪᠰᠢᠨ ᠢ ᠬᠠᠮᠠᠭᠠᠯᠠᠬᠤ ᠠᠵᠢᠯ ᠢ ᠬᠠᠷᠢᠭᠤᠴᠠᠨ ᠵᠤᠬᠢᠶᠠᠨ ᠪᠠᠶᠢᠭᠤᠯᠤᠨ ᠭᠡᠷᠩᠵᠢᠬᠦᠯᠬᠦ ᠶᠢᠨ ᠬᠠᠮᠳᠤ ᠬᠠᠮᠢᠶ᠎ᠠ ᠪᠦᠬᠦᠢ ᠬᠠᠷᠢᠭᠤᠴᠠᠯᠭ᠎ᠠ ᠶᠢ ᠡᠬᠦᠷᠭᠡᠯᠡᠨ᠎ᠡ᠃ ( ᠠᠷᠪᠠᠨ  ᠭᠤᠷᠪᠠ) ᠪᠦᠬᠦ ᠰᠢᠶᠠᠨ ᠤ ᠲᠤᠳᠤᠭᠠᠳᠤ ᠶᠢ ᠬᠠᠮᠠᠭᠠᠯᠠᠬᠤ ᠰᠣᠷᠠᠭ ᠵᠠᠩᠬᠢᠴᠢᠯᠡᠯᠲᠠ ᠶᠢᠨ ᠪᠠᠶᠢᠭᠤᠯᠤᠯᠲᠠ ᠶᠢ ᠲᠥᠯᠥᠪᠵᠢᠬᠦᠯᠦᠨ᠂ ᠵᠤᠬᠢᠶᠠᠨ ᠪᠠᠶᠢᠭᠤᠯᠤᠨ ᠭᠡᠷᠩᠵᠢᠬᠦᠯᠦᠨ᠎ᠡ᠃ ᠲᠤᠳᠤᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠠᠷᠭᠡᠵᠢᠯ ᠤᠨ ᠠᠵᠢᠯ ᠢ ᠬᠠᠷᠢᠭᠤᠴᠠᠨ᠂ ᠪᠥᠬᠦ ᠰᠢᠶᠠᠨ ᠤ ᠲᠤᠳᠤᠭᠠᠳᠤ ᠶᠢ ᠬᠠᠮᠠᠭᠠᠯᠠᠬᠤ ᠰᠣᠷᠠᠭ ᠵᠠᠩᠬᠢ ᠴᠢᠮᠡᠭᠡ ᠬᠤᠯᠪᠤᠭᠠᠨ ᠤ ᠪᠠᠳᠤᠯᠠᠭ᠎ᠠ ᠶᠢᠨ ᠠᠵᠢᠯ ᠢ ᠬᠠᠷᠢᠭᠤᠴᠠᠨ᠎ᠠ᠃( ᠠᠷᠪᠠᠨ   ᠲᠥᠷᠪᠡ)ᠪᠦᠬᠦ ᠰᠢᠶᠠᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ  ᠵᠠᠷᠤᠳᠠᠯ᠂ ᠲᠥᠬᠦᠭᠡᠷᠤᠮᠵᠢ᠂ ᠲᠤᠨᠤᠬᠯᠠᠯ ᠤᠨ ᠲᠥᠯᠥᠪᠵᠢᠬᠦᠯᠭᠡ ᠪᠤᠯᠤᠨ ᠬᠡᠷᠩᠵᠢᠬᠦᠯᠤᠯᠲᠡ᠂ ᠴᠠᠬᠳᠠᠭᠠᠨ ᠤ ᠶᠠᠪᠤᠳᠠᠯ ᠤᠨ ᠠᠷᠤ ᠲᠠᠯ᠎ᠠ ᠶᠢᠨ ᠤᠶᠢᠯᠡᠴᠢᠯᠡᠭᠡᠨ ᠤ ᠪᠠᠳᠤᠯᠠᠭ᠎ᠠ ᠶᠢᠨ ᠠᠵᠢᠯ ᠢ ᠬᠠᠷᠢᠭᠤᠴᠠᠨ᠎ᠠ᠃( ᠠᠷᠪᠠᠨ   ᠲᠠᠪᠤ)ᠪᠦᠬᠦ ᠰᠢᠶᠠᠨ ᠤ ᠲᠤᠳᠤᠭᠠᠳᠤ ᠶᠢ ᠬᠠᠮᠠᠭᠠᠯᠠᠬᠤ ᠴᠡᠷᠢᠭ ᠠᠩᠬᠢ ᠶᠢᠨ ᠪᠠᠶᠢᠭᠤᠯᠤᠯᠲᠠ ᠪᠤᠯᠤᠨ ᠲᠤᠳᠤᠭᠠᠳᠤ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃ ᠴᠠᠬᠳᠠᠭᠠᠨ ᠶᠠᠪᠤᠳᠠᠯ ᠢ ᠬᠢᠨᠠᠨ ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠤᠨ᠎ᠠ᠃( ᠠᠷᠪᠠᠨ  ᠵᠢᠷᠭᠤᠭ᠎ᠠ)ᠪᠦᠬᠦ ᠰᠢᠶᠠᠨ ᠤ ᠲᠤᠳᠤᠭᠠᠳᠤ ᠶᠢ ᠬᠠᠮᠠᠭᠠᠯᠠᠬᠤ ᠭᠠᠯ ᠤᠨᠳᠠᠷᠭᠠᠬᠤ ᠠᠵᠢᠯ ᠢ ᠬᠠᠷᠢᠭᠤᠴᠠᠬᠤ ᠶᠢᠨ ᠬᠠᠮᠳᠤ ᠬᠠᠮᠢᠶ᠎ᠠ ᠪᠦᠬᠦᠢ ᠬᠠᠷᠢᠭᠤᠴᠠᠯᠭ᠎ᠠ ᠶᠢ ᠡᠬᠦᠷᠭᠡᠯᠡᠨ᠎ᠡ᠃ ᠭᠠᠯ ᠢ ᠰᠡᠷᠬᠡᠶᠢᠯᠡᠬᠦ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠤᠷᠢᠳᠴᠢᠯᠡᠨ ᠰᠡᠷᠬᠡᠶᠢᠯᠡᠬᠦ᠂ ᠭᠠᠯ ᠤᠨ ᠠᠶᠤᠯ ᠠᠴᠠ ᠠᠪᠤᠷᠠᠬᠤ ᠪᠤᠯᠤᠨ ᠲᠤᠳᠤᠭᠠᠳᠤ ᠶᠢ ᠬᠠᠮᠠᠭᠠᠯᠠᠬᠤ ᠶᠢᠨ ᠪᠠᠴᠢᠮ ᠵᠠᠪᠳᠤᠨ ᠠᠪᠤᠷᠠᠬᠤ ᠠᠪᠤᠷᠠᠨ ᠲᠤᠰᠯᠠᠬᠤ ᠠᠵᠢᠯ ᠢ ᠵᠢᠯᠤᠭᠤᠳᠤᠨ ᠬᠢᠨᠠᠯᠲᠠ ᠲᠠᠯᠪᠢᠨ ᠵᠤᠭᠢᠴᠠᠭᠤᠯᠤᠨ ᠲᠤᠬᠢᠷᠠᠭᠤᠯᠤᠨ᠎ᠠ᠃( ᠠᠷᠪᠠᠨ  ᠲᠤᠯᠤᠭ᠎ᠠ) ᠰᠢᠶᠠᠨ ᠤ ᠵᠠᠰᠠᠭ ᠤᠨ ᠤᠷᠳᠤᠨ ᠪᠤᠯᠤᠨ ᠲᠠᠭᠡᠳᠤ ᠱᠠᠳᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠢᠶᠠᠨ ᠬᠢᠯᠬᠡᠬᠦ ᠪᠤᠰᠤᠳ ᠠᠵᠢᠯ ᠢ ᠬᠠᠷᠢᠭᠤᠴᠠᠨ᠎ᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号