| ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠨᠠᠮ ᠪᠤᠯᠤᠨ ᠤᠯᠤᠰ ᠤᠨ ᠦᠨᠳᠦᠰᠦᠳᠡᠨ᠂ ᠱᠠᠰᠢᠨ ᠰᠣᠷᠳᠠᠬᠤᠨ᠂ ᠴᠦᠭᠡᠨ ᠲᠣᠭᠠᠲᠦ | ᠦᠨᠳᠦᠰᠦᠳᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠢ ᠴᠢᠭᠯᠡᠯᠳᠡ᠂ ᠲᠦᠷᠦ ᠶᠢᠨ ᠪᠣᠳᠣᠯᠭ᠎ᠠ ᠶᠢ | ᠲᠤᠤᠱᠯᠠᠭᠤᠯᠤᠨ ᠬᠡᠷᠡᠭᠵᠢᠭᠦᠯᠵᠤ᠂ ᠦᠨᠳᠦᠰᠦᠳᠡᠨ᠂ ᠱᠠᠰᠢᠨ ᠰᠣᠷᠳᠠᠬᠤᠨ ᠂ ᠴᠦᠭᠡᠨ ᠲᠣᠭᠠᠲᠦ ᠦᠨᠳᠦᠰᠦᠳᠡᠨ | ᠪᠠᠶᠢᠴᠠᠭᠠᠨ ᠰᠣᠳᠣᠯᠣᠯᠳᠠ ᠶᠢ ᠵᠣᠬᠢᠶᠠᠨ ᠪᠠᠶᠢᠭᠤᠯᠤᠨ ᠦᠷᠨᠢᠭᠦᠯᠵᠤ᠂ ᠲᠦᠷᠦ ᠶᠢᠨ ᠪᠣᠳᠣᠯᠭ᠎ᠠ ᠶᠢᠨ ᠴᠢᠨᠠᠷᠳᠡᠢ ᠰᠠᠨᠠᠯ | ᠪᠤᠯᠤᠨ ᠰᠠᠨᠠᠭᠤᠯᠭ᠎ᠠ ᠶᠢ ᠲᠣᠷᠠᠳᠣᠨ᠎ᠠ︔ ᠦᠨᠳᠦᠰᠦᠳᠡᠨ᠂ ᠱᠠᠰᠢᠨ ᠰᠣᠷᠳᠠᠬᠤᠨ᠂ ᠴᠦᠭᠡᠨ ᠲᠤᠭᠠᠲᠦ | ᠦᠨᠳᠦᠰᠦᠳᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠬᠠᠮᠢᠶᠠᠷᠣᠯᠳᠠ ᠶᠢᠨ ᠲᠦᠷᠦ ᠶᠢᠨ ᠪᠣᠳᠣᠯᠭ᠎ᠠ | ᠪᠤᠯᠤᠨ ᠲᠥᠷᠢᠮᠵᠢᠬᠦᠨ ᠴᠢᠨᠠᠷᠳᠡᠢ ᠪᠢᠴᠢᠭ ᠮᠠᠲ᠋ᠧᠷᠢᠶᠠᠯ ᠤᠨ ᠰᠤᠳᠤᠯᠤᠨ ᠨᠠᠶᠢᠷᠠᠭᠤᠯᠤᠨ ᠲᠤᠬᠳᠠᠭᠠᠬᠤ ᠳᠤ | ᠤᠷᠤᠯᠴᠠᠨ᠎ᠠ᠃ | ᠦᠨᠳᠦᠰᠦᠳᠡᠨ᠂ ᠱᠠᠰᠢᠨ ᠰᠣᠷᠳᠠᠬᠤᠨ᠂ ᠴᠦᠭᠡᠨ ᠲᠤᠭᠠᠲᠦ ᠦᠨᠳᠦᠰᠦᠳᠡᠨ ᠤ ᠦᠭᠡ ᠬᠡᠯᠡ ᠦᠰᠦᠭ ᠪᠢᠴᠢᠭ ᠤᠨ | ᠬᠡᠷᠡᠭ ᠡᠷᠬᠢᠯᠡᠬᠦ ᠠᠵᠢᠯ ᠤᠨ ᠬᠠᠣᠯᠢ ᠴᠠᠭᠠᠵᠠ ᠬᠠᠣᠯᠢ ᠲᠣᠭᠲᠠᠭᠠᠯ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ | ᠪᠠᠶᠢᠭ᠎ᠠ ᠪᠠᠶᠢᠳᠠᠯ ᠢ ᠰᠢᠮᠳᠠᠭᠤᠯᠣᠨ ᠪᠠᠶᠢᠴᠠᠭᠠᠬᠤ ᠶᠢ ᠬᠠᠷᠢᠭᠤᠴᠠᠨ᠎ᠠ᠃ ᠦᠨᠳᠦᠰᠦᠳᠡᠨ ︵ᠱᠠᠰᠢᠨ ᠰᠣᠷᠳᠠᠬᠤᠨ︶ | ᠤ ᠣᠨᠣᠯ᠂ ᠦᠨᠳᠦᠰᠦᠳᠡᠨ ᠤ ᠲᠦᠷᠦ ᠶᠢᠨ ᠪᠣᠳᠣᠯᠭ᠎ᠠ᠂ ᠴᠦᠭᠡᠨ ᠲᠣᠭᠠᠲᠦ ᠦᠨᠳᠦᠰᠦᠳᠡᠨ ᠤ ᠦᠭᠡ ᠬᠡᠯᠡ | ᠦᠰᠦᠭ ᠪᠢᠴᠢᠭ ᠤᠨ ᠲᠦᠷᠦ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠬᠦᠮᠦᠵᠢᠯ ᠤᠨ ᠠᠵᠢᠯ ᠢ ᠵᠣᠬᠢᠶᠠᠨ | ᠪᠠᠶᠢᠭᠤᠯᠤᠨ ᠦᠷᠨᠢᠭᠦᠯᠦᠨ᠎ᠡ᠃ | ︵ᠬᠤᠶᠠᠷ︶ ᠦᠨᠳᠦᠰᠦᠳᠡᠨ ᠤ ᠣᠷᠣᠨ ᠤ ᠦᠪᠡᠷᠳᠡᠭᠡᠨ ᠵᠠᠰᠠᠬᠤ ᠲᠦᠷᠢᠮ ᠤᠨ ᠪᠠᠶᠢᠭᠤᠯᠤᠯᠳᠠ ᠶᠢ ᠬᠢᠨᠠᠯᠳᠠ | ᠲᠠᠯᠪᠢᠨ ᠬᠡᠷᠡᠭᠵᠢᠭᠦᠯᠬᠦ ᠪᠠ ᠲᠡᠭᠦᠯᠳᠡᠷᠵᠢᠭᠦᠯᠵᠤ᠂ ᠴᠦᠭᠡᠨ ᠲᠣᠭᠠᠲᠦ ᠦᠨᠳᠦᠰᠦᠳᠡᠨ ᠤ ᠡᠷᠬᠡ ᠠᠰᠢᠭ ᠤᠨ ᠤᠴᠢᠷ | ᠢ ᠬᠢᠨᠠᠯᠳᠠ ᠲᠠᠯᠪᠢᠨ ᠭᠦᠢᠴᠡᠳᠭᠡᠵᠣ᠂ ᠴᠦᠭᠡᠨ ᠲᠤᠭᠠᠲᠦ ᠦᠨᠳᠦᠰᠦᠳᠡᠨ ᠤ ᠬᠠᠣᠯᠢ ᠶᠣᠰᠣᠨ ᠤ ᠡᠷᠬᠡ ᠠᠰᠢᠭ ᠢ | ᠪᠠᠲᠤᠯᠠᠨ᠎ᠠ︔ ᠦᠨᠳᠦᠰᠦᠳᠡᠨ ᠤ ᠬᠠᠷᠢᠴᠠᠭ᠎ᠠ ᠶᠢ ᠵᠤᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠣᠳᠣᠯᠣᠨ | ᠲᠣᠷᠠᠳᠴᠣ᠂ ᠦᠨᠳᠦᠰᠦᠳᠡᠨ ᠤ ᠬᠠᠷᠢᠴᠠᠭᠠᠨ ᠳᠠᠬᠢ ᠴᠢᠬᠤᠯᠠ ᠵᠦᠢᠯᠡᠰ ᠢ ᠵᠣᠬᠢᠴᠠᠭᠤᠯᠣᠨ ᠰᠢᠢᠳᠪᠦᠷᠢᠯᠡᠨ᠎ᠡ︔ | ᠪᠦᠭᠦ ᠰᠢᠶᠠᠨ ᠤ ᠨᠡᠶᠢᠭᠡᠮ ᠤᠨ ᠠᠮᠤᠷ ᠲᠤᠭᠳᠠᠭᠤᠨ ᠤ ᠠᠵᠢᠯ ᠳᠤ ᠣᠷᠣᠯᠴᠠᠨ ᠵᠣᠬᠢᠴᠠᠭᠤᠯᠵᠤ᠂ | ᠦᠨᠳᠦᠰᠦᠲᠡᠨ ᠨᠦᠭᠦᠳ ᠬᠠᠮᠲᠤᠪᠠᠷ ᠪᠦᠯᠬᠦᠮᠳᠡᠨ ᠲᠡᠮᠡᠴᠡᠬᠦ ᠶᠢ᠂ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ | ᠣᠯᠣᠰ ᠭᠡᠷ ᠤᠨ ᠨᠢᠭᠡᠳᠦᠯ ᠢ ᠬᠠᠮᠠᠭᠠᠯᠠᠨ᠎ᠠ᠃ ᠪᠦᠬᠦ ᠰᠢᠶᠠᠨ ᠤ ᠦᠨᠳᠤᠰᠤᠳᠠᠨ ᠤ ᠪᠥᠯᠬᠦᠮᠳᠠᠯ ᠲᠠᠪᠰᠢᠯᠲᠠ ᠶᠢ | ᠰᠠᠶᠢᠰᠢᠶᠠᠨ ᠬᠦᠬᠢᠬᠦᠯᠬᠦ ᠠᠵᠢᠯᠯᠠᠭ᠎ᠠ ᠶᠢ ᠲᠠᠭᠠᠭᠠᠴᠢᠯᠠᠨ ᠡᠷᠬᠢᠯᠡᠨ᠎ᠡ᠃ | ︵ᠭᠤᠷᠪᠠ︶ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠰᠢᠮᠳᠠᠭᠤᠯᠤᠨ ᠦᠨᠳᠦᠰᠦᠳᠡᠨ ᠤ ᠠᠵᠢᠯ ᠤᠨ | ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠬᠠᠷᠢᠭᠤᠴᠠᠨ ᠵᠣᠬᠢᠴᠠᠭᠤᠯᠵᠣ᠂ ᠠᠵᠣ ᠠᠬᠤᠢ ᠶᠢᠨ | ᠬᠦᠭᠵᠢᠯᠳᠡ ᠪᠤᠯᠤᠨ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠤ ᠦᠨᠳᠦᠰᠦᠳᠡᠨ ᠤ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠬᠦ᠂ ᠵᠣᠯᠭᠠᠭᠤᠯᠬᠤ ᠶᠢ ᠠᠬᠢᠭᠤᠯᠤᠨ᠎ᠠ︔ ᠴᠦᠭᠡᠨ ᠲᠣᠭᠠᠲᠦ ᠦᠨᠳᠦᠰᠦᠳᠡᠨ ᠪᠠ ᠴᠦᠭᠡᠨ | ᠲᠣᠭᠠᠲᠦ ᠦᠨᠳᠦᠰᠦᠳᠡᠨ ᠲᠦᠪᠯᠡᠷᠡᠭᠰᠡᠨ ᠭᠠᠵᠠᠷ ᠣᠷᠣᠨ ᠤ ᠠᠵᠣ ᠠᠬᠤᠢ ᠪᠠ ᠨᠡᠶᠢᠭᠡᠮ ᠤᠨ ᠬᠦᠭᠵᠢᠯᠳᠡ ᠶᠢᠨ | ᠲᠠᠯ᠎ᠠ ᠶᠢᠨ ᠠᠰᠠᠭᠤᠳᠠᠯ ᠢ ᠰᠣᠳᠣᠯᠣᠨ ᠵᠠᠳᠠᠯᠬᠤ ᠶᠢᠨ ᠬᠠᠮᠲᠤ ᠣᠨᠴᠣᠭᠤᠢ ᠲᠦᠷᠦ ᠶᠢᠨ ᠪᠣᠳᠣᠯᠭ᠎ᠠ ᠰᠠᠨᠠᠭᠤᠯᠭ᠎ᠠ ᠶᠢ | ᠲᠣᠷᠠᠳᠣᠨ᠎ᠠ︔ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠵᠣᠬᠢᠴᠠᠭᠤᠯᠬᠤ ᠪᠤᠶᠤ ᠲᠡᠭᠦᠨ ᠲᠠᠢ ᠬᠠᠮᠵᠢᠯᠴᠠᠨ ᠬᠠᠮᠢᠶ᠎ᠠ | ᠪᠦᠬᠦᠢ ᠤᠴᠢᠷ ᠢ ᠰᠢᠢᠳᠪᠦᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠳᠡ᠂ ᠠᠵᠢᠯ ᠲᠥᠷᠥᠯ ᠤᠨ | ᠰᠢᠰᠲ᠋ᠧᠮ ᠢᠶᠠᠷ ᠢᠶᠠᠨ ᠲᠤᠰᠠᠯᠠᠬᠤ ᠪᠠ ᠠᠵᠣ ᠠᠬᠤᠢ ᠮᠡᠷᠭᠡᠵᠢᠯ ᠤᠨ ᠬᠤᠷᠰᠢᠯᠴᠠᠭ᠎ᠠ᠂ ᠦᠨᠳᠦᠰᠦᠳᠡᠨ ᠤ ᠠᠷᠠᠯᠵᠢᠶ᠎ᠠ | ᠂ ᠦᠨᠳᠦᠰᠦᠳᠡᠨ ᠤ ᠣᠨᠴᠣᠭᠤᠢ ᠬᠡᠷᠡᠭᠯᠡᠭᠡᠨ ᠤ ᠬᠡᠷᠡᠭᠰᠡᠯ ᠦᠢᠯᠡᠳᠪᠦᠷᠢᠯᠡᠯ ᠵᠡᠷᠭᠡ ᠬᠤᠯᠪᠣᠭᠳᠠᠯ ᠪᠦᠬᠦᠢ ᠠᠵᠢᠯ ᠳᠤ | ᠣᠷᠣᠯᠴᠠᠵᠤ ᠵᠣᠬᠢᠴᠠᠭᠤᠯᠣᠨ᠎ᠠ᠃ ᠥᠨᠳᠤᠰᠤᠳᠠᠨ ᠤ ᠲᠤᠰᠬᠠᠢ ᠲᠥᠷᠥᠯ ᠤᠨ ᠪᠡᠯᠡ ᠮᠥᠩᠬᠦ ᠶᠢᠨ ᠬᠠᠮᠢᠶᠠᠷᠤᠯᠲᠠ | ᠭᠡᠷᠩᠯᠡᠯᠲᠡ ᠶᠢᠨ ᠠᠵᠢᠯ ᠢ ᠬᠠᠷᠢᠭᠤᠴᠠᠨ᠎ᠠ ᠃ | ︵ᠲᠦᠷᠪᠡ︶ ᠴᠦᠭᠡᠨ ᠲᠣᠭᠠᠲᠦ ᠦᠨᠳᠦᠰᠦᠳᠡᠨ ᠤ ᠠᠵᠢᠯ ᠦᠢᠯᠡᠰ ᠵᠡᠷᠭᠡ ᠲᠣᠰᠬᠠᠢ ᠵᠦᠢᠯ ᠤᠨ | ᠲᠦᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠳᠠ ᠲᠠᠯᠪᠢᠨ ᠪᠠᠶᠢᠴᠠᠭᠠᠵᠣ᠂ ᠨᠢᠩᠴᠧᠩ | ᠰᠢᠶᠠᠨ ᠤ ᠠᠵᠣ ᠠᠬᠤᠢ ᠨᠡᠶᠢᠭᠡᠮ ᠤᠨ ᠬᠠᠮᠢᠶ᠎ᠠ ᠪᠦᠬᠦᠢ ᠬᠦᠷᠢᠶᠡᠨ ᠤ ᠬᠦᠭᠵᠢᠯᠳᠡ ᠶᠢᠨ ᠲᠦᠯᠦᠪᠵᠢᠭᠦᠯᠭᠡ | ᠲᠣᠭᠲᠠᠭᠠᠬᠤ ᠳᠤ ᠣᠷᠣᠯᠴᠠᠨ᠂ ᠴᠦᠭᠡᠨ ᠲᠣᠭᠠᠲᠦ ᠦᠨᠳᠦᠰᠦᠳᠡᠨ ᠤ ᠠᠵᠢᠯ ᠦᠢᠯᠡᠰ ᠤᠨ ᠬᠦᠭᠵᠢᠯᠳᠡ ᠶᠢᠨ | ᠶᠡᠷᠦᠩᠭᠡᠶᠢᠯᠡᠭᠰᠡᠨ ᠵᠢᠱᠢᠨ ᠦᠨᠡᠯᠡᠵᠣ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ | ᠂ ᠦᠨᠳᠦᠰᠦᠳᠡᠨ ᠤ ᠬᠡᠷᠡᠭ ᠡᠷᠬᠢᠯᠡᠬᠦ ᠦᠢᠯᠡᠴᠢᠯᠡᠭᠡᠨ ᠤ ᠰᠢᠰᠲ᠋ᠧᠮᠵᠢ ᠪᠠ ᠦᠨᠳᠦᠰᠦᠳᠡᠨ ᠤ ᠬᠡᠷᠡᠭ ᠡᠷᠬᠢᠯᠡᠬᠦ | ᠬᠠᠮᠢᠶᠠᠷᠣᠯᠳᠠ ᠶᠢᠨ ᠮᠡᠳᠡᠭᠡ ᠵᠠᠩᠬᠢᠴᠢᠯᠠᠬᠤ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ | ︵ᠲᠠᠪᠤ︶ ᠴᠦᠭᠡᠨ ᠲᠤᠭᠠᠲᠦ ᠦᠨᠳᠦᠰᠦᠳᠡᠨ ᠤ ᠦᠭᠡ ᠬᠡᠯᠡ ᠦᠰᠦᠭ ᠪᠢᠴᠢᠭ ᠢ ᠰᠣᠷᠣᠯᠴᠠᠬᠤ᠂ ᠬᠡᠷᠡᠭᠯᠡᠬᠦ᠂ | ᠰᠣᠳᠣᠯᠬᠤ᠂ ᠬᠦᠭᠵᠢᠭᠦᠯᠬᠦ᠂ ᠠᠪᠦᠷᠠᠬᠤ᠂ ᠬᠠᠮᠠᠭᠠᠯᠠᠬᠤ᠂ ᠤᠯᠠᠮᠵᠢᠯᠠᠬᠤ ᠠᠵᠢᠯ ᠢ ᠬᠠᠮᠢᠶᠠᠷᠣᠨ᠎ᠠ︔ ᠴᠦᠭᠡᠨ | ᠲᠤᠭᠠᠲᠦ ᠦᠨᠳᠦᠰᠦᠳᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠳᠡᠨ ᠤ ᠰᠣᠷᠭᠠᠨ ᠬᠦᠮᠦᠵᠢᠯ᠂ | ᠣᠷᠴᠢᠭᠤᠯᠭ᠎ᠠ᠂ ᠬᠡᠪᠯᠡᠯ᠂ ᠰᠣᠨᠢᠨ ᠰᠡᠳᠭᠦᠯ᠂ ᠷᠠᠳᠢᠣ᠋ ᠺᠢᠨᠣ᠋ ᠲᠧᠯᠸᠢᠰ ᠪᠣᠯᠣᠨ ᠦᠨᠳᠦᠰᠦᠳᠡᠨ ᠤ ᠰᠣᠷᠪᠦᠯᠵᠢ | ᠪᠢᠴᠢᠭ ᠢ ᠴᠣᠭᠯᠠᠭᠤᠯᠬᠤ᠂ ᠡᠮᠬᠢᠳᠭᠡᠬᠦ᠂ ᠬᠡᠪᠯᠡᠭᠦᠯᠬᠦ ᠠᠵᠢᠯ ᠢ ᠵᠢᠯᠣᠭᠤᠳᠣᠨ᠎ᠠ᠃ | ︵ᠵᠢᠷᠭᠤᠭ᠎ᠠ︶ ᠱᠠᠰᠢᠨ ᠰᠣᠷᠳᠠᠬᠤᠨ ᠤ ᠬᠡᠷᠡᠭ ᠡᠷᠬᠢᠯᠡᠬᠦ ᠬᠠᠮᠢᠶᠠᠷᠣᠯᠳᠠ ᠶᠢᠨ ᠡᠭᠦᠷᠭᠡ ᠬᠠᠷᠢᠭᠤᠴᠠᠯᠭ᠎ᠠ ᠶᠢ | ᠬᠠᠣᠯᠢ ᠶᠣᠰᠣᠭᠠᠷ ᠭᠦᠢᠴᠡᠳᠭᠡᠨ᠂ ᠠᠷᠠᠳ ᠢᠷᠭᠡᠳ ᠤᠨ ᠱᠠᠰᠢᠨ ᠰᠢᠲᠦᠬᠦ ᠡᠷᠬᠡ ᠴᠢᠯᠦᠭᠡ ᠪᠠ ᠬᠡᠪ ᠤᠨ ᠱᠠᠰᠢᠨ | ᠰᠣᠷᠳᠠᠬᠤᠨ ᠤ ᠠᠵᠢᠯᠯᠠᠭ᠎ᠠ ᠶᠢ ᠬᠠᠣᠯᠢ ᠶᠣᠰᠣᠭᠠᠷ ᠬᠠᠮᠠᠭᠠᠯᠠᠵᠤ᠂ ᠱᠠᠰᠢᠨ ᠰᠣᠷᠳᠠᠬᠤᠨ ᠤ ᠡᠲᠡᠭᠡᠳ ᠤᠨ ᠬᠠᠣᠯᠢ | ᠶᠣᠰᠣᠨ ᠤ ᠡᠷᠬᠡ ᠠᠰᠢᠭ ᠢ ᠬᠠᠮᠠᠭᠠᠯᠠᠨ᠂ ᠱᠠᠰᠢᠨ ᠰᠣᠷᠳᠠᠬᠤᠨ ᠤ ᠬᠠᠷᠢᠴᠠᠭ᠎ᠠ ᠶᠢᠨ ᠡᠶ᠎ᠡ ᠵᠣᠬᠢᠴᠠᠯ ᠲᠠᠢ ᠪᠠᠶᠢᠬᠤ ᠶᠢ | ᠠᠬᠢᠭᠤᠯᠤᠨ᠎ᠠ᠃ | ︵ᠲᠤᠯᠤᠭ᠎ᠠ︶ ᠱᠠᠰᠢᠨ ᠰᠣᠷᠳᠠᠬᠤᠨ ᠤ ᠪᠦᠯᠬᠦᠮ ᠤᠨ ᠬᠠᠣᠯᠢ ᠶᠣᠰᠣ ᠬᠠᠣᠯᠢ ᠶᠣᠰᠣᠭᠠᠷ ᠠᠵᠢᠯᠯᠠᠭ᠎ᠠ | ᠦᠷᠨᠢᠭᠦᠯᠬᠦ ᠶᠢ ᠵᠢᠯᠣᠭᠤᠳᠣᠨ᠂ ᠱᠠᠰᠢᠨ ᠰᠣᠷᠳᠠᠬᠤᠨ ᠤ ᠪᠦᠯᠬᠦᠮ ᠤᠨ ᠲᠤᠰ ᠪᠡᠶ᠎ᠡ ᠶᠢᠨ ᠪᠦᠳᠦᠭᠡᠨ ᠪᠠᠶᠢᠭᠤᠯᠤᠯᠳᠠ | ᠪᠠᠨ ᠴᠢᠩᠭᠠᠳᠬᠠᠬᠤ ᠶᠢ ᠲᠡᠮᠵᠢᠨ᠎ᠡ︔ ᠰᠠᠱᠢᠨ ᠰᠣᠷᠳᠠᠬᠤᠨ ᠤ ᠪᠦᠯᠬᠦᠮ ᠤᠨ ᠬᠢᠨ ᠤ ᠱᠠᠰᠢᠨ ᠰᠣᠷᠳᠠᠬᠤᠨ ᠤ | ᠬᠡᠪᠴᠢᠶᠡᠨ ᠳᠡᠭᠡᠨ ᠡᠬᠡ ᠣᠷᠣᠨᠴᠢ ᠦᠵᠡᠯ᠂ ᠨᠡᠶᠢᠭᠡᠮ ᠵᠢᠷᠦᠮ᠂ ᠡᠬᠡ ᠣᠯᠣᠰ ᠤᠨ ᠨᠢᠭᠡᠳᠦᠯ ᠪᠠ ᠦᠨᠳᠦᠰᠦᠳᠡᠨ ᠤ | ᠪᠦᠯᠬᠦᠮᠳᠡᠯ ᠢ ᠬᠠᠮᠠᠭᠠᠯᠠᠬᠤ ᠥᠪᠡᠷ ᠢ ᠪᠠᠨ ᠬᠥᠮᠥᠵᠢᠭᠦᠯᠬᠦ ᠠᠵᠢᠯ ᠥᠷᠨᠢᠭᠦᠯᠬᠦ ᠶᠢ ᠲᠦᠯᠬᠢᠨ ᠠᠬᠢᠭᠤᠯᠵᠤ᠂ ᠱᠠᠰᠢᠨ | ᠰᠣᠷᠳᠠᠬᠤᠨ ᠤ ᠪᠦᠯᠬᠦᠮ ᠤᠨ ᠵᠠᠰᠠᠭ ᠤᠨ ᠣᠷᠳᠣᠨ ᠢᠶᠠᠷ ᠰᠢᠢᠳᠪᠦᠷᠢᠯᠡᠭᠦᠯᠬᠦ ᠪᠤᠶᠤ ᠵᠣᠬᠢᠴᠠᠭᠤᠯᠭ᠎ᠠ ᠬᠢᠯᠭᠡᠬᠦ | ᠴᠢᠬᠤᠯᠠᠳᠠᠢ ᠬᠤᠯᠪᠣᠭᠳᠠᠯ ᠪᠦᠬᠦᠢ ᠬᠡᠷᠡᠭ ᠶᠠᠪᠣᠳᠠᠯ ᠢ ᠡᠷᠬᠢᠯᠡᠨ ᠭᠦᠢᠴᠡᠳᠬᠡᠨ᠎ᠡ︔ ᠱᠠᠰᠢᠨ ᠰᠣᠷᠳᠠᠬᠤᠨ ᠤ ᠬᠡᠷᠡᠭ | ᠶᠠᠪᠤᠳᠠᠯ ᠤᠨ ᠴᠢᠬᠤᠯᠠ ᠶᠡᠭᠡ ᠬᠡᠷᠡᠭ ᠢ ᠰᠢᠢᠳᠪᠦᠷᠢᠯᠡᠵᠣ᠂ ᠱᠠᠰᠢᠨ ᠰᠣᠷᠳᠠᠬᠤᠨ ᠢ ᠠᠰᠢᠭᠯᠠᠨ ᠬᠠᠣᠯᠢ ᠪᠣᠰᠣ᠂ | ᠬᠠᠣᠯᠢ ᠠᠴᠠ ᠵᠦᠷᠢᠴᠡᠭᠰᠡᠨ ᠠᠵᠢᠯᠯᠠᠭ᠎ᠠ ᠬᠢᠬᠦ ᠶᠢ ᠰᠡᠷᠭᠡᠶᠢᠯᠡᠨ᠎ᠡ︔ ᠬᠢᠯᠢ ᠶᠢᠨ ᠭᠠᠳᠠᠨᠠᠬᠢ ᠶᠢᠨ ᠬᠢᠨ ᠤ ᠱᠠᠰᠢᠨ | ᠰᠣᠷᠳᠠᠬᠤᠨ ᠢ ᠠᠰᠢᠭᠯᠠᠨ ᠨᠡᠪᠴᠢᠬᠦ ᠠᠵᠢᠯᠯᠠᠭ᠎ᠠ ᠬᠢᠬᠦ ᠶᠢ ᠡᠰᠡᠷᠭᠦᠴᠡᠨ ᠬᠤᠷᠢᠭᠯᠠᠨ᠎ᠠ᠃ | ︵ᠨᠠᠢᠮᠠ︶ ᠰᠢᠶᠠᠨ ᠤ ᠳᠣᠲᠣᠷ᠎ᠠ ᠭᠠᠳᠠᠨᠠᠬᠢ ᠱᠠᠰᠢᠨ ᠰᠣᠷᠳᠠᠬᠤᠨ ᠤ ᠣᠳᠣᠬᠢ ᠪᠠᠶᠢᠳᠠᠯ ᠢ ᠰᠣᠳᠣᠯᠣᠨ᠂ | ᠱᠠᠰᠢᠨ ᠰᠣᠷᠳᠠᠬᠤᠨ ᠤ ᠪᠠᠶᠢᠳᠠᠯ ᠤᠨ ᠮᠡᠳᠡᠭᠡ ᠵᠠᠩᠭᠢ ᠶᠢ ᠬᠤᠷᠢᠶᠠᠩᠭᠤᠶᠢᠯᠠᠬᠤ ᠶᠢ ᠬᠠᠷᠢᠭᠤᠴᠠᠨ᠎ᠠ︔ ᠱᠠᠰᠢᠨ | ᠰᠣᠷᠳᠠᠬᠤᠨ ᠤ ᠠᠵᠢᠯᠲᠠᠨ ᠤ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ︔ | ᠦᠨᠳᠦᠰᠦᠳᠡᠨ ᠤ ᠠᠵᠢᠯ ᠤᠨ ᠬᠦᠷᠢᠶᠡᠨ ᠤ ᠬᠤᠯᠪᠣᠭᠳᠠᠯ ᠪᠦᠬᠦᠢ ᠭᠠᠳᠠᠭᠠᠲᠦ ᠯᠤᠭ᠎ᠠ ᠪᠠ ᠰᠢᠶᠠᠩᠭᠠᠩ ᠣᠣᠮᠧᠨ | ᠲᠠᠶᠢᠸᠠᠨ ᠯᠤᠭ᠎ᠠ ᠶᠢᠨ ᠰᠣᠯᠢᠯᠴᠠᠭ᠎ᠠ ᠬᠢᠵᠦ ᠬᠤᠷᠰᠢᠯᠴᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ | ᠬᠠᠷᠢᠭᠤᠴᠠᠨ᠎ᠠ︔ ᠦᠨᠳᠦᠰᠦᠳᠡᠨ ᠤ ᠬᠡᠷᠡᠭ ᠶᠠᠪᠤᠳᠠᠯ ᠳᠤ ᠬᠤᠯᠪᠣᠭᠳᠠᠭᠰᠠᠨ᠂ ᠱᠠᠰᠢᠨ ᠰᠣᠷᠳᠠᠬᠤᠨ ᠤ ᠬᠢᠨ ᠤ | ᠭᠠᠳᠠᠭᠠᠲᠦ ᠤᠬᠠᠭᠤᠯᠭ᠎ᠠ ᠶᠢᠨ ᠠᠵᠢᠯ ᠳᠤ ᠣᠷᠣᠯᠴᠠᠨ᠎ᠠ᠃ | ︵ᠶᠢᠰᠦ︶ ᠴᠦᠭᠡᠨ ᠲᠣᠭᠠᠲᠦ ᠦᠨᠳᠦᠰᠦᠳᠡᠨ ᠤ ᠴᠢᠳᠠᠪᠦᠷᠢᠳᠡᠨ ᠤ ᠡᠩᠨᠡᠭᠡᠨ ᠤ ᠪᠠᠶᠢᠭᠤᠯᠤᠯᠳᠠ ᠶᠢᠨ | ᠲᠦᠯᠦᠪᠵᠢᠭᠦᠯᠭᠡ ᠲᠣᠭᠲᠠᠭᠠᠬᠤ ᠳᠤ ᠣᠷᠣᠯᠴᠠᠨ᠂ ᠴᠦᠭᠡᠨ ᠲᠤᠭᠠᠲᠦ ᠦᠨᠳᠦᠰᠦᠳᠡᠨ ᠤ ᠺᠠᠳ᠋ᠷᠴᠤᠳ ᠲᠠᠢ | ᠬᠠᠷᠢᠯᠴᠠᠨ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠴᠦᠭᠡᠨ ᠲᠣᠭᠠᠲᠦ ᠦᠨᠳᠦᠰᠦᠳᠡᠨ ᠤ | ᠺᠠᠳ᠋ᠷ ᠢ ᠬᠥᠮᠥᠵᠢᠭᠦᠯᠬᠦ᠂ ᠰᠣᠷᠭᠠᠨ ᠬᠦᠮᠦᠵᠢᠭᠦᠯᠬᠦ ᠪᠠ ᠬᠡᠷᠡᠭᠯᠡᠬᠦ ᠠᠵᠢᠯ ᠢ ᠳᠠᠭᠠᠭᠠᠨ ᠬᠢᠨ᠎ᠡ᠃ | ︵ᠠᠷᠪᠠ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠣᠰᠢᠶᠠᠭᠰᠠᠨ ᠪᠣᠰᠣᠳ ᠵᠦᠢᠯ ᠤᠨ ᠠᠵᠢᠯ ᠢ | ᠳᠠᠭᠠᠭᠠᠨ ᠬᠢᠨ᠎ᠡ᠃ |