| ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠣᠯᠣᠰ ᠤᠨ ᠠᠷᠠᠳ ᠤᠨ ᠶᠠᠪᠤᠳᠠᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ | ᠴᠠᠭᠠᠵᠠ ᠬᠠᠤᠯᠢ ᠲᠤᠭᠲᠠᠭᠠᠯ ᠢ ᠲᠣᠣᠱᠯᠠᠭᠤᠯᠤᠨ ᠬᠡᠷᠡᠭᠵᠢᠭᠦᠯᠵᠦ᠂ ᠤᠳᠤᠬᠠᠨ ᠤ ᠪᠦᠬᠦ ᠰᠢᠶᠠᠨ ᠤ ᠠᠵᠢᠯ ᠤᠨ | ᠪᠤᠳᠠᠳᠠᠢ ᠠᠷᠭ᠎ᠠ ᠬᠡᠮᠵᠢᠶ᠎ᠡ ᠪᠤᠯᠤᠨ ᠭᠡᠷᠩᠵᠢᠬᠦᠯᠬᠦ ᠠᠷᠭ᠎ᠠ ᠪᠠᠷᠢᠯ ᠢ ᠰᠤᠳᠤᠯᠤᠨ ᠲᠤᠬᠳᠠᠭᠠᠬᠤ ᠶᠢᠨ ᠬᠠᠮᠲᠤ | ᠭᠡᠷᠩᠵᠢᠬᠦᠯᠬᠦ ᠪᠤᠯᠤᠨ ᠬᠢᠨᠠᠯᠲᠠ ᠲᠡᠯᠪᠢᠬᠤ ᠶᠢ ᠬᠠᠷᠢᠭᠤᠴᠠᠨ᠎ᠠ᠃ ᠠᠷᠠᠳ ᠤᠨ ᠶᠠᠪᠤᠳᠠᠯ ᠤᠨ ᠦᠢᠯᠡᠰ ᠤᠨ | ᠬᠦᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠤᠷᠠᠳᠴᠦ ᠠᠷᠠᠳ ᠤᠨ ᠶᠠᠪᠤᠳᠠᠯ ᠤᠨ ᠠᠵᠢᠯ ᠤᠨ | ᠥᠭᠡᠷᠡᠴᠢᠯᠡᠯᠲᠡ ᠪᠤᠯᠤᠨ ᠭᠦᠭᠵᠢᠬᠦᠯᠦᠯᠲᠡ ᠶᠢ ᠵᠢᠯᠤᠭᠤᠳᠤᠨ᠎ᠠ᠃ | ︵ᠬᠤᠶᠠᠷ︶ ᠪᠦᠬᠦ ᠰᠢᠶᠠᠨ ᠤ ᠡᠯ᠎ᠡ ᠵᠤᠶᠢᠯ ᠤᠨ ᠭᠠᠮᠰᠢᠭ ᠤᠨ ᠭᠠᠮᠰᠢᠭ ᠢ ᠡᠰᠡᠷᠭᠦᠴᠡᠬᠦ᠂ ᠭᠠᠮᠰᠢᠭ ᠠᠴᠠ | ᠠᠪᠤᠷᠠᠵᠤ ᠭᠠᠮᠰᠢᠭ ᠢ ᠪᠠᠭᠠᠰᠬᠠᠬᠤ ᠠᠵᠢᠯ ᠢ ᠵᠤᠬᠢᠶᠠᠨ ᠪᠠᠶᠢᠭᠤᠯᠤᠨ᠂ ᠵᠤᠬᠢᠴᠠᠭᠤᠯᠤᠨ᠂ ᠵᠢᠯᠤᠭᠤᠳᠤᠨ᠎ᠠ᠃ | ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠵᠣᠬᠢᠶᠠᠨ ᠪᠠᠶᠢᠭᠤᠯᠤᠨ᠎ᠠ︔ ᠭᠠᠮᠰᠢᠭ ᠢ ᠪᠠᠶᠢᠴᠠᠭᠠᠬᠤ ᠭᠠᠮᠰᠢᠭ ᠢ ᠮᠡᠳᠡᠭᠦᠯᠬᠦ᠂ ᠶᠠᠳᠠᠭᠤ ᠶᠢ | ᠲᠡᠳᠭᠦᠨ ᠵᠥᠳᠡᠬᠦᠦ ᠶᠢ ᠲᠤᠰᠠᠯᠠᠬᠤ ᠪᠤᠯᠤᠨ ᠨᠠᠶᠢᠭᠡᠮ ᠤᠨ ᠬᠠᠷᠢᠯᠴᠠᠨ ᠬᠠᠪᠰᠤᠷᠤᠯᠴᠠᠬᠤ ᠠᠵᠢᠯ ᠢ ᠬᠠᠷᠢᠭᠤᠴᠠᠨ᠎ᠠ᠃ | ᠤᠯᠤᠰ᠂ ᠥᠪᠡᠷᠳᠡᠭᠡᠨ ᠵᠠᠰᠠᠬᠤ ᠤᠷᠤᠨ ᠪᠤᠯᠤᠨ ᠬᠤᠲᠠ ᠶᠢᠨ ᠭᠠᠮᠰᠢᠭ ᠠᠴᠠ ᠠᠪᠤᠷᠠᠵᠤ ᠭᠠᠮᠰᠢᠭ ᠢ ᠪᠠᠭᠠᠰᠬᠠᠬᠤ᠂ | ᠨᠡᠶᠢᠭᠡᠮ ᠤᠨ ᠠᠪᠤᠷᠠᠨ ᠲᠡᠳᠭᠦᠭᠦ ᠬᠤᠯᠪᠤᠬᠳᠠᠯ ᠪᠥᠬᠦᠢ ᠲᠥᠷᠥ ᠶᠢᠨ ᠪᠤᠳᠤᠯᠭ᠎ᠠ ᠬᠠᠤᠯᠢ ᠲᠥᠷᠢᠮ ᠢ ᠵᠤᠬᠢᠶᠠᠨ | ᠪᠠᠶᠢᠭᠤᠯᠤᠨ ᠭᠡᠷᠩᠵᠢᠬᠦᠯᠦᠨ᠎ᠡ᠃ ᠭᠠᠮᠰᠢᠭ ᠤᠨ ᠪᠠᠶᠢᠳᠠᠯ ᠢ ᠵᠤᠬᠢᠶᠠᠨ ᠪᠠᠶᠢᠭᠤᠯᠤᠨ ᠬᠠᠷᠭᠤᠭᠤᠯᠤᠨ ᠪᠠᠶᠢᠴᠠᠭᠠᠨ | ᠲᠡᠭᠡᠭᠰᠢ ᠮᠡᠳᠡᠭᠦᠯᠦᠨ᠎ᠡ᠃ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠥᠯᠢᠶᠡᠨ ᠠᠪᠬᠤ᠂ | ᠬᠠᠮᠢᠶᠠᠷᠴᠤ᠂ ᠬᠤᠪᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠯᠡᠬᠦᠯᠤᠨᠠ᠃ ᠭᠠᠮᠰᠢᠭ ᠠᠴᠠ ᠠᠪᠤᠷᠠᠬᠤ ᠳᠤ | ᠲᠤᠰᠠᠯᠠᠨ ᠬᠠᠨᠳᠢᠪᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ︔ ᠤᠯᠤᠰ ᠤᠨ ᠲᠤᠳᠤᠭᠠᠳᠤ ᠭᠠᠳᠠᠭᠠᠳᠤ | ᠶᠢᠨ ᠬᠠᠨᠳᠢᠪᠯᠠᠬᠰᠠᠨ ᠵᠣᠭᠤᠰ ᠮᠥᠩᠭᠦ ᠡᠳ᠋ ᠪᠣᠳᠠᠰ ᠢ ᠬᠥᠯᠢᠶᠡᠨ ᠠᠪᠬᠤ᠂ ᠬᠠᠮᠢᠶᠠᠷᠴᠤ᠂ ᠬᠤᠪᠢᠶᠠᠨ᠎ᠠ᠃ ᠭᠠᠮᠰᠢᠭ | ᠤᠨ ᠤᠷᠤᠨ ᠤ ᠤᠶᠢᠯᠡᠳᠪᠤᠷᠢᠯᠡᠯ ᠤᠨ ᠥᠪᠡᠷ ᠢ ᠠᠪᠤᠷᠠᠬᠤ ᠶᠢ ᠵᠢᠯᠤᠭᠤᠳᠤᠨ᠂ ᠭᠠᠮᠰᠢᠭ ᠢ ᠪᠠᠭᠠᠰᠬᠠᠬᠤ | ᠲᠥᠯᠥᠪᠵᠢᠬᠦᠯᠭᠡ ᠶᠢ ᠲᠤᠭᠤᠷᠪᠢᠨ ᠲᠤᠬᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠭᠡᠷᠩᠵᠢᠬᠦᠯᠦᠨ᠎ᠡ᠃ | ︵ᠭᠤᠷᠪᠠ︶ ᠬᠤᠲᠠ ᠬᠦᠳᠡᠭᠡ ᠶᠢᠨ ᠬᠠᠮᠤᠭ ᠲᠤᠤᠷ᠎ᠠ ᠠᠮᠢᠳᠤᠷᠠᠯ ᠤᠨ ᠪᠠᠳᠤᠯᠠᠭ᠎ᠠ ᠶᠢᠨ ᠲᠥᠷᠢᠮ ᠢ ᠪᠠᠶᠢᠭᠤᠯᠬᠤ | ᠪᠤᠯᠤᠨ ᠭᠡᠷᠩᠵᠢᠬᠦᠯᠦᠨ᠂ ᠪᠦᠬᠦ ᠰᠢᠶᠠᠨ ᠤ ᠬᠤᠲᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ | ᠤᠨ ᠪᠠᠶᠢᠭᠤᠯᠤᠯᠲᠠ ᠶᠢ ᠬᠠᠷᠢᠭᠤᠴᠠᠨ᠂ ᠪᠦᠬᠦ ᠰᠢᠶᠠᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠠᠮᠤᠭ | ᠲᠤᠤᠷ᠎ᠠ ᠠᠮᠢᠳᠤᠷᠠᠯ ᠤᠨ ᠪᠠᠳᠤᠯᠠᠭ᠎ᠠ ᠶᠢᠨ ᠡᠳᠡᠭᠡᠳ ᠢ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠶᠢ | ᠬᠠᠷᠢᠭᠤᠴᠠᠨ᠎ᠠ᠃ ᠤᠯᠤᠰ ᠤᠨ ᠬᠠᠮᠤᠭ ᠲᠤᠤᠷ᠎ᠠ ᠪᠠᠳᠤᠯᠠᠭᠠᠳᠤ ᠤᠨ ᠨᠥᠬᠦᠪᠤᠷᠢ ᠶᠢᠨ ᠪᠡᠷᠢᠮᠵᠢᠶ᠎ᠡ ᠶᠢᠨ ᠪᠠᠷᠢᠮᠵᠢᠶ᠎ᠡ | ᠶᠢᠨ ᠲᠤᠭᠢᠷᠠᠭᠤᠯᠤᠯᠲᠠ ᠶᠢ ᠥᠨᠳᠤᠰᠤᠯᠠᠨ ᠴᠠᠭ ᠲᠤᠬᠠᠢ ᠳᠤᠨᠢ ᠲᠡᠩᠰᠠ ᠪᠠᠶᠢᠭᠤᠯᠬᠤ ᠪᠤᠯᠤᠨ ᠲᠡᠭᠡᠭᠰᠢ ᠮᠡᠳᠡᠭᠦᠯᠭᠦ | ᠠᠵᠢᠯ ᠢ ᠬᠦᠢᠴᠡᠳᠭᠡᠨ᠎ᠡ᠃ ᠲᠥᠷ ᠴᠠᠭ ᠤᠨ ᠠᠪᠤᠷᠠᠨ ᠲᠤᠰᠠᠯᠠᠯᠲᠠ᠂ ᠲᠠᠪᠤᠨ ᠪᠠᠳᠤᠯᠠᠭᠠᠳᠤ ᠡᠷᠤᠭᠡ ᠶᠢ ᠲᠡᠳᠭᠦᠨ | ᠲᠡᠵᠢᠬᠡᠬᠦ᠂ ᠶᠠᠳᠠᠭᠤ ᠬᠦᠴᠢᠷᠳᠡᠯᠳᠡᠢ ᠤᠶᠤᠳᠠᠨ ᠢ ᠲᠤᠰᠠᠯᠠᠬᠤ ᠪᠤᠯᠤᠨ ᠠᠮᠢᠳᠤᠷᠠᠬᠤ ᠠᠷᠭ᠎ᠠ ᠥᠬᠡᠢ ᠬᠥᠮᠥᠰ ᠢ | ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ | ︵ᠳᠥᠷᠪᠡ︶ ᠪᠦᠬᠦ ᠰᠢᠶᠠᠨ ᠤ ᠨᠡᠶᠢᠭᠡᠮ ᠤᠨ ᠪᠥᠯᠬᠦᠮ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ | ᠪᠤᠰᠤ ᠨᠢᠭᠡᠴᠡ ᠪᠤᠯᠤᠨ ᠨᠠᠶᠢᠳᠠᠨ ᠬᠠᠮᠢᠶᠠᠷᠠᠭᠤᠯᠬᠤ ᠨᠡᠶᠢᠭᠡᠮ ᠪᠥᠯᠬᠦᠮ ᠤᠨ ᠬᠤᠪᠢᠶᠠᠷᠢ ᠰᠠᠯᠪᠤᠷᠢ ᠪᠠᠶᠢᠭᠤᠯᠤᠮᠵᠢ ᠶᠢ | ᠲᠠᠩᠰᠠᠯᠠᠨ ᠬᠠᠮᠢᠶᠠᠷᠬᠤ ᠪᠤᠯᠤᠨ ᠤᠨ ᠤ ᠪᠠᠶᠢᠴᠠᠭᠠᠯᠲᠠ ᠶᠢ ᠬᠠᠷᠢᠭᠤᠴᠠᠨ᠎ᠠ᠃ ᠨᠡᠶᠢᠭᠡᠮ ᠪᠥᠯᠬᠦᠮ ᠤᠨ ᠬᠠᠤᠯᠢ | ᠵᠥᠷᠢᠴᠡᠭᠰᠡᠨ ᠠᠵᠢᠯᠯᠠᠭ᠎ᠠ ᠪᠤᠯᠤᠨ ᠲᠡᠩᠰᠠᠯᠠᠭᠤᠯᠤᠬᠰᠠᠨ ᠥᠬᠡᠢ ᠪᠠᠷ ᠨᠡᠶᠢᠭᠡᠮ ᠪᠥᠯᠬᠦᠮ ᠤᠨ ᠨᠡᠷ᠎ᠡ ᠪᠠᠷ ᠭᠦᠳᠡᠯᠭᠡᠭᠡᠨ | ᠡᠷᠬᠢᠯᠡᠭᠰᠡᠨ ᠬᠠᠤᠯᠢ ᠪᠤᠰᠤ ᠵᠤᠬᠢᠶᠠᠨ ᠪᠠᠶᠢᠭᠤᠯᠤᠯᠲᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠠᠨ᠎ᠠ᠃ ᠠᠷᠠᠳ | ᠠᠴᠠ ᠡᠷᠬᠢᠯᠡᠭᠰᠡᠨ ᠠᠵᠦ ᠠᠬᠤᠶᠢᠯᠠᠯ ᠪᠤᠰᠤ ᠨᠢᠬᠡᠴᠡ ᠶᠢᠨ ᠬᠠᠤᠯᠢ ᠠᠴᠠ ᠵᠥᠷᠢᠴᠡᠭᠰᠡᠨ ᠤᠶᠢᠯᠡ ᠠᠵᠢᠯᠯᠠᠭ᠎ᠠ ᠪᠤᠯᠤᠨ | ᠲᠡᠩᠰᠠᠯᠠᠭᠤᠯᠤᠬᠰᠠᠨ ᠥᠬᠡᠢ ᠠᠷᠠᠳ ᠠᠴᠠ ᠡᠷᠬᠢᠯᠡᠭᠰᠡᠨ ᠠᠵᠦ ᠠᠬᠤᠶᠢᠯᠠᠯ ᠤᠨ ᠪᠤᠰᠤ ᠨᠢᠬᠡᠴᠡ ᠶᠢᠨ ᠬᠠᠤᠯᠢ | ᠵᠥᠷᠢᠴᠡᠭᠰᠡᠨ ᠤᠶᠢᠯᠡ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠡᠨ᠎ᠡ᠃ | ︵ᠲᠠᠪᠤ︶ ᠣᠷᠤᠭ ᠪᠠᠷᠢᠯᠳᠤᠯᠭ᠎ᠠ ᠶᠢᠨ ᠬᠠᠮᠢᠶᠠᠷᠤᠯᠲᠠ᠂ ᠣᠷᠣᠰᠢᠭᠤᠯᠤᠭ᠎ᠠ ᠶᠢᠨ ᠬᠠᠮᠢᠶᠠᠷᠤᠯᠲᠠ ᠪᠠ ᠬᠡᠥᠬᠡᠳ | ᠡᠷᠭᠦᠨ ᠲᠡᠵᠢᠭᠡᠬᠦ ᠲᠥᠷᠥ ᠶᠢᠨ ᠪᠣᠳᠣᠯᠭ᠎ᠠ ᠶᠢ ᠲᠤᠭᠤᠷᠪᠢᠨ ᠲᠤᠭᠳᠠᠭᠠᠵᠦ᠂ ᠤᠷᠤᠭ ᠬᠤᠷᠢᠮ ᠤᠨ ᠳᠠᠳᠬᠠᠯ ᠪᠠ | ᠣᠷᠣᠰᠢᠭᠤᠯᠤᠭ᠎ᠠ ᠶᠢᠨ ᠥᠭᠡᠷᠡᠴᠢᠯᠡᠯᠲᠡ ᠶᠢ ᠬᠠᠷᠢᠭᠤᠴᠠᠨ ᠠᠬᠢᠭᠤᠯᠤᠨ᠎ᠠ᠂ ᠣᠷᠤᠭ ᠪᠠᠷᠢᠯᠳᠤᠯᠭ᠎ᠠ᠂ | ᠣᠷᠣᠰᠢᠭᠤᠯᠤᠭ᠎ᠠ᠂ ᠡᠷᠭᠦᠨ ᠲᠡᠵᠢᠭᠡᠬᠦ᠂ ᠠᠪᠤᠷᠠᠨ ᠲᠤᠰᠠᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ | ᠶᠢᠨ ᠠᠵᠢᠯ ᠢ ᠵᠢᠯᠣᠭᠤᠳᠤᠨ᠎ᠠ᠃ | ︵ᠵᠢᠷᠭᠤᠭ᠎ᠠ︶ ᠣᠯᠣᠰ ᠤᠨ ᠬᠤᠯᠪᠤᠬᠳᠠᠯ ᠪᠥᠬᠦᠢ ᠲᠤᠬᠳᠠᠭᠠᠯ ᠲᠥᠷᠢᠮ ᠢ ᠲᠣᠣᠱᠯᠠᠭᠤᠯᠤᠨ ᠬᠡᠷᠡᠭᠵᠢᠭᠦᠯᠵᠦ᠂ | ᠪᠥᠬᠦ ᠰᠢᠶᠠᠨ ᠤ ᠡᠯ᠎ᠡ ᠲᠦᠷᠦᠯ ᠤᠨ ᠬᠠᠷᠠᠭᠠᠯᠵᠠᠯ ᠬᠦᠷᠲᠡᠬᠦ ᠡᠲᠡᠭᠡᠳ ᠲᠤ ᠬᠠᠷᠠᠭᠠᠯᠵᠠᠯ ᠦᠵᠡᠬᠦᠯᠬᠦ᠂ ᠠᠰᠠᠷᠠᠮᠵᠢ | ᠦᠭᠬᠦ᠂ ᠨᠦᠬᠦᠪᠤᠷᠢ ᠣᠯᠭᠤᠬᠤ ᠪᠠ ᠲᠥᠷᠥ ᠶᠢᠨ ᠪᠠᠶᠢᠭᠤᠯᠭ᠎ᠠ ᠶᠢᠨ ᠠᠵᠢᠯᠲᠠᠳ ᠤᠨ ᠦᠷᠡᠭᠳᠡᠯ ᠰᠢᠷᠬᠠᠳᠤᠯ ᠳᠤ | ᠠᠰᠠᠷᠠᠮᠵᠢ ᠣᠯᠭᠤᠬᠤ ᠠᠵᠢᠯ ᠢ ᠬᠠᠷᠢᠭᠤᠴᠠᠨ᠎ᠠ᠃ ᠨᠥᠭᠴᠢᠭᠰᠡᠨ ᠪᠠᠭᠠᠲᠤᠷᠴᠤᠳ ᠪᠤᠯᠤᠨ ᠠᠯᠪᠠᠨ ᠠᠵᠢᠯ ᠢᠶᠠᠷ | ᠰᠢᠷᠬᠠᠳᠤᠨ ᠨᠥᠭᠴᠢᠭᠰᠡᠳ ᠢ ᠮᠠᠬᠳᠠᠨ ᠤᠬᠠᠭᠤᠯᠬᠤ ᠲᠥᠷᠥ ᠶᠢᠨ ᠪᠤᠳᠤᠯᠭ᠎ᠠ ᠶᠢ ᠭᠡᠷᠩᠵᠢᠬᠦᠯᠦᠨ᠎ᠡ᠃ ᠰᠢᠶᠠᠨ ᠤ | ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ | ᠤᠳᠤᠷᠢᠳᠬᠤ ᠳᠤᠭᠤᠶᠢᠯᠠᠩ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠴᠡᠷᠢᠭ ᠢᠶᠠᠨ ᠬᠦᠷᠢᠶᠡᠯᠡᠨ ᠭᠡᠷ ᠪᠦᠯᠢ ᠶᠢ | ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠶᠢ ᠬᠠᠮᠳᠤᠪᠠᠷ ᠴᠤᠬᠴᠠᠯᠠᠬᠤ ᠠᠵᠢᠯ ᠢ | ᠵᠤᠬᠢᠶᠠᠨ ᠪᠠᠶᠢᠭᠤᠯᠤᠨ ᠵᠤᠬᠢᠴᠠᠭᠤᠯᠤᠨ᠎ᠠ᠃ | ︵ᠳᠣᠯᠤᠭ᠎ᠠ︶ ᠴᠡᠷᠢᠭ ᠠᠴᠠ ᠪᠠᠭᠤᠭᠰᠠᠨ ᠪᠠᠶᠢᠯᠳᠤᠭᠴᠢ᠂ ᠴᠡᠷᠢᠭ ᠠᠴᠠ ᠬᠠᠯᠠᠭᠳᠠᠭᠰᠠᠨ ᠺᠠᠳ᠋ᠷ ᠤᠨ | ᠲᠦᠪᠬᠢᠨᠡᠬᠦᠯᠬᠦ ᠠᠵᠢᠯ ᠢ ᠬᠠᠷᠢᠭᠤᠴᠠᠨ᠎ᠠ᠃ ᠴᠡᠷᠢᠭ ᠠᠴᠠ ᠪᠠᠭᠤᠭᠰᠠᠨ ᠪᠠᠶᠢᠯᠳᠤᠭᠴᠢ᠂ ᠴᠡᠷᠢᠭ ᠠᠴᠠ ᠬᠠᠯᠠᠭᠳᠠᠭᠰᠠᠨ | ᠺᠠᠳ᠋ᠷ᠂ ᠣᠷᠣᠨ ᠨᠤᠲᠤᠭ ᠤᠨ ᠵᠠᠰᠠᠭ ᠤᠨ ᠣᠷᠳᠣᠨ ᠳᠤ ᠲᠤᠰᠢᠶᠠᠨ ᠲᠦᠪᠬᠢᠨᠡᠬᠦᠯᠬᠦ ᠴᠡᠷᠢᠭ ᠠᠩᠭᠢ ᠶᠢᠨ | ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ ᠺᠠᠳ᠋ᠷ ᠪᠠ ᠴᠡᠷᠢᠭ ᠤᠨ ᠪᠤᠰᠤ ᠠᠵᠢᠯ ᠠᠴᠠ ᠪᠠᠨ | ᠠᠮᠠᠷᠠᠭᠰᠠᠨ ᠠᠵᠢᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠢ ᠲᠥᠪᠬᠢᠨᠡᠭᠦᠯᠬᠦ ᠲᠥᠯᠥᠪᠯᠡᠭᠡ ᠶᠢ ᠲᠤᠭᠤᠷᠪᠢᠨ | ᠲᠤᠬᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠩᠵᠢᠬᠦᠯᠦᠨ᠎ᠡ᠃ ᠴᠡᠷᠢᠭ ᠠᠩᠬᠢ ᠪᠤᠯᠤᠨ ᠤᠷᠤᠨ ᠨᠤᠳᠤᠭ | ᠲᠤ ᠭᠡᠷᠩᠯᠡᠬᠦ ᠴᠢᠳᠠᠪᠤᠷᠢᠳᠠᠨ ᠢ ᠪᠤᠯᠪᠠᠰᠤᠷᠠᠭᠤᠯᠬᠤ ᠪᠠ ᠠᠵᠢᠯ ᠣᠯᠭᠤᠬᠤ ᠠᠵᠢᠯ ᠢ ᠵᠢᠯᠣᠭᠤᠳᠤᠨ᠎ᠠ᠃ | ︵ᠨᠠᠢᠮᠠ︶ ᠦᠨᠳᠤᠰᠤᠨ ᠱᠠᠳᠤᠨ ᠤ ᠲᠥᠷᠥ ᠶᠢᠨ ᠡᠷᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠪᠤᠯᠤᠨ | ᠰᠠᠶᠢᠵᠢᠷᠠᠭᠤᠯᠬᠤ ᠰᠠᠨᠠᠯ ᠪᠤᠯᠤᠨ ᠰᠠᠨᠠᠭᠤᠯᠭ᠎ᠠ ᠶᠢ ᠰᠤᠳᠤᠯᠤᠨ ᠲᠤᠷᠠᠳᠤᠨ᠎ᠠ᠃ ᠲᠤᠰᠬᠤᠨ ᠤ ᠺᠤᠮᠢᠰ ᠤᠨ | ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠵᠢᠯᠤᠭᠤᠳᠤᠨ᠎ᠠ᠃ ᠲᠤᠰᠬᠤᠨ ᠤ ᠶᠠᠪᠤᠳᠠᠯ ᠤᠨ ᠢᠯᠡ ᠲᠤᠳᠤ | ᠠᠷᠠᠳᠴᠢᠯᠠᠬᠰᠠᠨ ᠬᠠᠮᠢᠶᠠᠷᠤᠯᠲᠠ ᠶᠢ ᠠᠬᠢᠭᠤᠯᠤᠨ᠎ᠠ᠃ ᠬᠤᠲᠠ ᠬᠦᠳᠡᠭᠡ ᠨᠠᠶᠢᠭᠡᠮ ᠲᠤᠭᠤᠷᠢᠭ ᠤᠨ ᠰᠠᠭᠤᠭᠠᠯᠢ | ᠠᠷᠠᠳ ᠤᠨ ᠺᠤᠮᠢᠰ ᠤᠨ ᠪᠠᠶᠢᠭᠤᠯᠤᠯᠲᠠ ᠪᠠ ᠨᠡᠶᠢᠭᠡᠮ ᠲᠤᠭᠤᠷᠢᠭ ᠤᠨ ᠤᠶᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠵᠢᠯᠤᠭᠤᠳᠤᠨ᠎ᠠ᠃ ᠦᠨᠳᠦᠰᠦᠨ ᠱᠠᠲᠤᠨ ᠤ ᠠᠷᠠᠳᠴᠢᠯᠠᠯᠲᠤ ᠣᠯᠣᠰ ᠲᠦᠷᠦ ᠶᠢᠨ | ᠪᠠᠶᠢᠭᠤᠯᠤᠯᠲᠠ ᠶᠢ ᠠᠬᠢᠭᠤᠯᠤᠨ᠎ᠠ᠃ | ︵ᠶᠢᠰᠦ︶ ᠪᠦᠬᠦ ᠰᠢᠶᠠᠨ ᠤ ᠥᠨᠳᠤᠷ ᠨᠠᠰᠤᠳᠠᠨ ᠤ ᠠᠵᠢᠯ ᠢ ᠡᠬᠦᠷᠭᠡᠯᠡᠨ᠂ ᠨᠠᠰᠤᠳᠠᠳ ᠤᠨ ᠬᠠᠤᠯᠢ ᠶᠤᠰᠤᠨ ᠤ | ᠡᠷᠭᠡ ᠠᠰᠢᠭ ᠢ ᠬᠠᠤᠯᠢ ᠶᠤᠰᠤᠭᠠᠷ ᠬᠠᠮᠠᠭᠠᠯᠠᠨ᠎ᠠ᠃ | ︵ᠠᠷᠪᠠ︶ ᠪᠥᠬᠦ ᠰᠢᠶᠠᠨ ᠤ ᠨᠡᠶᠢᠭᠡᠮ ᠤᠨ ᠠᠰᠠᠷᠠᠮᠵᠢ ᠶᠢᠨ ᠠᠵᠢᠯ ᠦᠢᠯᠡᠰ ᠤᠨ ᠬᠦᠭᠵᠢᠯᠲᠡ ᠶᠢᠨ | ᠲᠥᠯᠥᠪᠵᠢᠭᠦᠯᠭᠡ᠂ ᠡᠯ᠎ᠡ ᠲᠥᠷᠥᠯ ᠤᠨ ᠠᠰᠠᠷᠠᠮᠵᠢ ᠶᠢᠨ ᠲᠥᠬᠦᠭᠡᠷᠤᠮᠵᠢ ᠶᠢᠨ ᠪᠠᠶᠢᠭᠤᠯᠤᠯᠲᠠ ᠶᠢᠨ ᠪᠠᠷᠢᠮᠵᠢᠶ᠎ᠠ ᠶᠢ | ᠲᠤᠭᠤᠷᠪᠢᠨ ᠲᠤᠭᠳᠠᠭᠠᠵᠦ᠂ ᠠᠰᠠᠷᠠᠮᠵᠢ ᠶᠢᠨ ᠠᠵᠦ ᠠᠬᠤᠶᠢᠯᠠᠯ ᠢ ᠬᠠᠪᠰᠤᠷᠤᠨ ᠲᠡᠳᠭᠦᠨ ᠬᠠᠮᠠᠭᠠᠯᠠᠬᠤ ᠲᠥᠷᠥ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃ | ︵ᠠᠷᠪᠠᠨ ᠨᠢᠭᠡ︶ ᠪᠦᠬᠦ ᠰᠢᠶᠠᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢ ᠶᠢᠨ ᠲᠥᠯᠥᠪᠵᠢᠭᠦᠯᠭᠡ ᠶᠢ | ᠲᠤᠭᠤᠷᠪᠢᠨ ᠲᠤᠭᠳᠠᠭᠠᠨ᠎ᠠ᠃ ᠵᠠᠰᠠᠭ ᠵᠠᠬᠢᠷᠭᠠᠨ ᠤ ᠣᠷᠣᠨ ᠢ ᠪᠠᠶᠢᠭᠤᠯᠬᠤ᠂ ᠬᠥᠴᠥᠨ ᠥᠬᠡᠢ ᠪᠤᠯᠭᠠᠬᠤ᠂ | ᠲᠤᠬᠢᠷᠠᠭᠤᠯᠤᠯᠲᠠ ᠬᠢᠬᠦ᠂ ᠨᠡᠷ᠎ᠡ ᠶᠢ ᠬᠠᠯᠠᠬᠤ ᠪᠤᠯᠤᠨ ᠵᠠᠭᠠᠭ ᠱᠤᠭᠤᠮ ᠤᠨ ᠬᠤᠪᠢᠷᠠᠯᠲᠠ ᠵᠢᠴᠢ ᠵᠠᠰᠠᠭ ᠵᠠᠬᠢᠷᠭᠠᠨ ᠤ | ᠰᠠᠭᠤᠭ᠎ᠠ ᠭᠠᠵᠠᠷ ᠢ ᠰᠢᠯᠵᠢᠬᠦᠯᠬᠦ ᠶᠢ ᠬᠢᠨᠠᠨ ᠬᠠᠷᠭᠤᠭᠤᠯᠬᠤ ᠵᠥᠪᠰᠢᠶᠡᠷᠡᠬᠦ ᠶᠢ ᠬᠠᠷᠢᠭᠤᠴᠠᠨ᠎ᠠ᠃ ᠵᠠᠰᠠᠭ | ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠤᠯᠤᠨ ᠬᠠᠮᠢᠶᠠᠷᠬᠤ ᠶᠢ ᠵᠤᠬᠢᠶᠠᠨ ᠪᠠᠶᠢᠭᠤᠯᠤᠨ | ᠵᠤᠬᠢᠴᠠᠭᠤᠯᠤᠨ ᠵᠢᠯᠤᠭᠤᠳᠤᠨ᠎ᠠ᠃ ᠰᠢᠶᠠᠨ ᠤ ᠲᠤᠳᠤᠨᠠᠬᠢ ᠵᠠᠰᠠᠭ ᠵᠠᠬᠢᠷᠭᠠᠨ ᠤ ᠵᠠᠭᠠᠭ ᠱᠤᠭᠤᠮ ᠤᠨ | ᠵᠢᠭᠤᠷᠠᠯᠳᠤᠭᠠᠨ ᠢ ᠪᠠᠶᠢᠴᠠᠭᠠᠬᠤ ᠪᠤᠯᠤᠨ ᠰᠢᠢᠳᠪᠤᠷᠢᠯᠡᠬᠦ ᠶᠢ ᠬᠠᠷᠢᠭᠤᠴᠠᠨ᠎ᠠ᠃ ᠬᠢᠯᠢ ᠨᠡᠶᠢᠯᠡᠵᠦ ᠪᠠᠶᠢᠭ᠎ᠠ ᠬᠤᠶᠠᠷ | ᠮᠤᠵᠢ ᠶᠢᠨ ᠵᠠᠭᠠᠭ ᠱᠤᠭᠤᠮ ᠤᠨ ᠵᠥᠷᠢᠴᠡᠯ ᠤᠨ ᠠᠰᠠᠭᠤᠳᠠᠯ ᠢ ᠲᠡᠭᠡᠭᠰᠢ ᠮᠡᠳᠡᠭᠦᠯᠭᠦ ᠪᠤᠯᠤᠨ ᠵᠥᠪᠳᠠᠨ | ᠰᠢᠢᠳᠪᠤᠷᠢᠯᠡᠬᠦ ᠠᠵᠢᠯ ᠢ ᠬᠠᠷᠢᠭᠤᠴᠠᠨ᠎ᠠ᠃ ᠭᠠᠵᠠᠷ ᠤᠨ ᠨᠡᠷ᠎ᠡ ᠰᠢᠨᠵᠢ ᠲᠡᠮᠳᠡᠭ ᠢ ᠪᠠᠶᠢᠭᠤᠯᠬᠤ ᠪᠤᠯᠤᠨ ᠬᠠᠮᠢᠶᠠᠷᠬᠤ | ᠶᠢ ᠬᠠᠷᠢᠭᠤᠴᠠᠨ᠎ᠠ᠃ | ︵ᠠᠷᠪᠠᠨ ᠬᠤᠶᠠᠷ︶ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠦᠢᠴᠡᠳᠭᠡᠯᠭᠡᠬᠦ ᠪᠠᠷ ᠲᠤᠰᠢᠶᠠᠭᠰᠠᠨ | ᠪᠣᠰᠣᠳ ᠶᠠᠪᠤᠳᠠᠯ ᠢ ᠳᠠᠭᠠᠭᠠᠨ ᠭᠦᠢᠴᠡᠳᠬᠡᠨ᠎ᠡ᠃ | |