ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ
ᠨᠡᠶᠢᠲᠡᠯᠡᠭᠰᠡᠨ ᠴᠠᠭ᠄
2015/10/28
ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠶᠢᠨ ᠠᠵᠢᠯ ᠤᠨ ᠬᠤᠯᠪᠣᠭᠳᠠᠯ ᠪᠦᠬᠦᠢ  ᠬᠠᠤᠯᠢ ᠲᠣᠭᠲᠠᠭᠠᠯ᠂ ᠲᠥᠷᠢᠮ᠂ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠭᠦ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ  ᠲᠥᠷᠥ ᠶᠢᠨ ᠪᠣᠳᠣᠯᠭ᠎ᠠ᠂ ᠠᠷᠭ᠎ᠠ ᠭᠡᠮᠵᠢᠶ᠎ᠡ ᠶᠢ ᠲᠤᠭᠤᠷᠪᠢᠨ ᠲᠣᠭᠲᠠᠭᠠᠵᠤ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠦ ᠪᠠᠶᠢᠴᠠᠭᠠᠨ᠎ᠠ᠃      ︵ᠬᠤᠶᠠᠷ︶  ᠲᠡᠭᠡᠷ᠎ᠡ ᠱᠠᠳᠣᠨ ᠤ ᠲᠤᠷᠤᠬᠰᠢ ᠪᠠᠭᠤᠯᠭᠠᠬᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢ ᠵᠤᠬᠢᠶᠠᠨ ᠪᠠᠶᠢᠭᠤᠯᠤᠨ ᠭᠡᠷᠩᠵᠢᠬᠦᠯᠬᠦ ᠶᠢ ᠬᠠᠷᠢᠭᠤᠴᠠᠨ᠎ᠠ᠃ ᠬᠡᠷᠡᠭᠯᠡᠭᠡᠨ ᠤ ᠮᠡᠷᠭᠡᠵᠢᠯ ᠤᠨ ᠰᠣᠳᠣᠯᠤᠯ ᠪᠣᠯᠣᠨ ᠨᠡᠭᠡᠭᠡᠨ ᠬᠦᠭᠵᠢᠭᠦᠯᠬᠦ ᠲᠤᠰᠬᠠᠢ ᠵᠦᠢᠯ ᠤᠨ ᠪᠡᠯᠡ ᠮᠦᠩᠭᠦ ᠶᠢᠨ  ᠲᠥᠷᠥᠯ ᠵᠤᠶᠢᠯ ᠤᠨ ᠲᠥᠯᠥᠪᠯᠡᠭᠡ  ᠂ ᠦᠷ᠎ᠡ ᠪᠥᠳᠥᠭᠡᠯ ᠢ ᠲᠡᠯᠭᠡᠷᠡᠭᠦᠯᠬᠦ ᠲᠥᠯᠥᠪᠯᠡᠭᠡ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠵᠦᠢᠯ ᠤᠨ ᠪᠡᠯᠡ ᠮᠥᠩᠭᠦ ᠶᠢᠨ ᠲᠥᠯᠥᠪᠯᠡᠭᠡ ᠶᠢ ᠨᠠᠶᠢᠷᠠᠭᠤᠯᠤᠨ ᠵᠤᠬᠢᠶᠠᠬᠤ ᠪᠤᠯᠤᠨ  ᠵᠣᠬᠢᠶᠠᠨ ᠪᠠᠶᠢᠭᠤᠯᠤᠨ  ᠭᠡᠷᠩᠵᠢᠬᠦᠯᠬᠦ ᠶᠢ ᠬᠠᠷᠢᠭᠤᠴᠠᠨ᠎ᠠ᠃      ︵ᠭᠤᠷᠪᠠ︶ ᠪᠦᠭᠦ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠥᠷᠥᠯ ᠵᠦᠢᠯ ᠤᠨ ᠲᠥᠰᠥᠯ ᠤᠨ ᠨᠤᠲᠠᠯᠠᠯᠲᠠ ᠬᠢᠬᠦ᠂ ᠵᠤᠬᠢᠶᠠᠨ ᠪᠠᠶᠢᠭᠤᠯᠤᠨ ᠭᠡᠷᠩᠵᠢᠬᠦᠯᠬᠦ᠂ ᠶᠡᠷᠦᠩᠬᠡᠶᠢᠯᠡᠨ ᠲᠡᠩᠴᠡᠭᠦᠯᠬᠦ᠂ ᠦᠨᠡᠯᠡᠨ ᠵᠢᠱᠢᠵᠦ ᠰᠢᠯᠭᠠᠨ ᠠᠪᠬᠤ ᠶᠢ ᠵᠣᠬᠢᠶᠠᠨ ᠪᠠᠶᠢᠭᠤᠯᠬᠤ ᠪᠠ ᠬᠤᠯᠪᠣᠭᠳᠠᠯ ᠪᠦᠬᠦᠢ ᠲᠦᠬᠦᠷ ᠲᠥᠷᠥ ᠶᠢᠨ ᠪᠣᠳᠣᠯᠭ᠎ᠠ ᠲᠣᠭᠲᠠᠭᠠᠬᠤ ᠶᠢ ᠬᠠᠷᠢᠭᠤᠴᠠᠨ᠎ᠠ᠃      ︵ᠳᠥᠷᠪᠡ︶ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠵᠣᠬᠢᠶᠠᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰᠴᠢᠯᠡᠯᠲᠡ ᠵᠢᠴᠢ ᠬᠡᠷᠡᠭᠯᠡᠭᠡᠨ ᠤ ᠮᠡᠷᠭᠡᠵᠢᠯ ᠤᠨ ᠨᠡᠭᠡᠭᠡᠨ ᠬᠦᠭᠵᠢᠭᠦᠯᠬᠦ ᠪᠤᠯᠤᠨ ᠲᠡᠯᠭᠡᠷᠡᠭᠦᠯᠬᠦ ᠠᠵᠢᠯ ᠢ ᠴᠢᠩᠭᠠᠳᠬᠠᠨ᠎ᠠ᠃ ᠳᠡᠭᠡᠳᠦ ᠰᠢᠨ᠎ᠡ ᠮᠡᠷᠭᠡᠵᠢᠯ ᠤᠨ ᠭᠤᠤᠯ ᠪᠤᠯᠬᠤ ᠪᠥᠳᠥᠭᠡᠭᠳᠡᠬᠦᠨ ᠪᠤᠯᠤᠨ ᠰᠢᠨ᠎ᠡ ᠪᠥᠳᠥᠭᠡᠭᠳᠡᠬᠦᠨ  ᠢ ᠲᠤᠷᠰᠢᠨ ᠵᠤᠬᠢᠶᠠᠬᠤ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃      ︵ᠲᠠᠪᠤ︶ ᠨᠢᠩᠴᠧᠩ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠵᠢᠯᠣᠭᠤᠳᠴᠤ᠂ ᠬᠠᠮᠢᠶ᠎ᠠ ᠪᠦᠬᠦᠢ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠯᠲᠡ ᠶᠢᠨ ᠵᠢᠱᠢᠶ᠎ᠡ ᠦᠵᠡᠭᠦᠯᠬᠦ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠠᠷᠠᠳ  ᠠᠴᠠ ᠡᠷᠬᠢᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠦ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠢ ᠬᠦᠭᠵᠢᠬᠦᠯᠬᠦ ᠠᠵᠢᠯ ᠢ ᠵᠢᠯᠤᠭᠤᠳᠤᠨ᠎ᠠ᠃      ︵ᠵᠢᠷᠭᠤᠭ᠎ᠠ︶  ᠪᠥᠬᠦ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠪᠤᠯᠤᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠦ ᠠᠬᠤᠢ ᠪᠤᠯᠤᠨ ᠨᠢᠡᠭᠡᠮ ᠤᠨ ᠬᠦᠭᠵᠢᠯᠲᠡ ᠶᠢ ᠠᠬᠢᠭᠤᠯᠬᠤ ᠲᠥᠯᠥᠪᠯᠡᠭᠡ ᠪᠤᠯᠤᠨ ᠤᠨ ᠤ ᠲᠥᠯᠥᠪᠯᠡᠭᠡ ᠶᠢ ᠲᠤᠬᠳᠠᠭᠠᠬᠤ ᠶᠢᠨ ᠬᠠᠮᠲᠤ ᠵᠤᠬᠢᠴᠠᠭᠤᠯᠤᠨ ᠭᠡᠷᠩᠵᠢᠬᠦᠯᠬᠦ ᠶᠢ ᠰᠠᠶᠢᠳᠤᠷ ᠬᠢᠨ᠎ᠠ᠃    ︵ᠳᠣᠯᠤᠭ᠎ᠠ︶  ᠤᠯᠠᠨ ᠲᠠᠯ᠎ᠠ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠤᠷᠤᠭᠤᠯᠤᠯᠲᠡ ᠶᠢ ᠨᠡᠮᠡᠭᠳᠡᠬᠦᠯᠬᠦ ᠠᠷᠭ᠎ᠠ ᠶᠢ ᠰᠤᠳᠤᠯᠬᠤ ᠶᠢ ᠬᠠᠷᠢᠭᠤᠴᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠲᠠ ᠶᠢ ᠰᠢᠯᠢᠳᠡᠭᠵᠢᠬᠦᠯᠦᠨ᠎ᠡ᠃    ︵ᠨᠠᠢᠮᠠ︶ ᠰᠢᠨᠵᠢᠯᠡᠬᠦ ᠤᠬᠠᠭᠠᠨ ᠮᠡᠷᠭᠡᠵᠢᠯ ᠤᠨ ᠥᠷ᠎ᠡ ᠪᠥᠳᠥᠭᠡᠯ ᠢ ᠬᠢᠨᠠᠨ ᠲᠤᠬᠳᠠᠭᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠢ ᠭᠤᠶᠤᠴᠢᠯᠠᠨ ᠮᠡᠳᠡᠭᠦᠯᠭᠦ᠂ ᠮᠡᠷᠭᠡᠵᠢᠯ ᠤᠨ ᠵᠠᠬ᠎ᠠ ᠲᠡᠯᠭᠡᠭᠦᠷ ᠤᠨ ᠬᠠᠮᠢᠶᠠᠷᠤᠯᠲᠠ᠂ ᠠᠷᠠᠳ ᠠᠴᠠ ᠡᠷᠬᠢᠯᠡᠭᠰᠡᠨ ᠰᠢᠨᠵᠢᠯᠡᠬᠦ ᠤᠬᠠᠭᠠᠨ ᠰᠤᠳᠤᠯᠤᠯ ᠤᠨ ᠪᠠᠶᠢᠭᠤᠯᠤᠮᠵᠢ ᠶᠢᠨ ᠬᠢᠨᠠᠨ  ᠵᠥᠪᠰᠢᠶᠡᠷᠡᠬᠦ᠂ ᠰᠢᠨᠵᠢᠯᠡᠬᠦ ᠤᠬᠠᠭᠠᠨ ᠮᠡᠷᠬᠡᠵᠢᠯ ᠤᠨ ᠥᠷᠥᠯ ᠵᠤᠶᠢᠯ ᠢ ᠭᠤᠶᠤᠴᠢᠯᠠᠨ ᠮᠡᠳᠡᠬᠦᠯᠬᠦ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠲᠤᠰᠬᠠᠢ ᠠᠰᠢᠭ ᠤᠨ  ᠤᠷᠤᠯᠠᠬᠴᠢ ᠠᠵᠢᠯ ᠢ ᠬᠠᠷᠢᠭᠤᠴᠠᠨ᠎ᠠ᠃      ︵ᠶᠢᠰᠦ︶ ᠪᠥᠬᠦ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠥᠵᠡᠭᠦᠯᠬᠦ ᠰᠠᠭᠤᠷᠢᠨ ᠭᠠᠵᠠᠷ᠂ ᠬᠥᠷᠢᠶᠡᠯᠡᠩ ᠲᠤᠭᠤᠷᠢᠭ ᠵᠢᠴᠢ ᠤᠴᠢ ᠴᠤᠭᠯᠠᠷᠠᠬᠰᠠᠨ ᠤᠷᠤᠨ ᠤ ᠪᠥᠳᠥᠭᠡᠨ ᠪᠠᠶᠢᠭᠤᠯᠤᠯᠲᠠ ᠶᠢᠨ ᠲᠥᠯᠥᠪᠵᠢᠬᠦᠯᠭᠡ ᠂ ᠲᠥᠯᠥᠪᠯᠡᠭᠡ ᠶᠢ ᠨᠠᠶᠢᠷᠠᠭᠤᠯᠤᠨ ᠵᠤᠬᠢᠶᠠᠬᠤ ᠶᠢᠨ ᠬᠠᠮᠳᠤ ᠵᠤᠬᠢᠶᠠᠨ ᠪᠠᠶᠢᠭᠤᠯᠤᠨ ᠭᠡᠷᠩᠵᠢᠬᠦᠯᠬᠦ ᠶᠢ ᠬᠠᠷᠢᠭᠤᠴᠠᠨ᠎ᠠ᠃    ︵ ᠠᠷᠪᠠ︶ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠂ ᠬᠤᠲᠠ ᠵᠢᠨ‌ᠬᠤᠯᠪᠣᠭᠳᠠᠯ ᠪᠦᠬᠦᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠪᠦᠬᠦ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠥᠷᠨᠢᠭᠦᠯᠦᠨ᠎ᠡ︔ ᠪᠦᠬᠦ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠬᠤᠯᠠ ᠶᠡᠭᠡ ᠠᠵᠢᠯᠯᠠᠭ᠎ᠠ᠂ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠢ ᠵᠣᠬᠢᠴᠠᠭᠤᠯᠬᠤ ᠵᠢᠴᠢ ᠭᠠᠳᠠᠭᠠᠲᠤ ᠯᠤᠭ᠎ᠠ ᠬᠤᠯᠪᠣᠭᠳᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠴᠢᠷ ᠶᠠᠪᠤᠳᠠᠯ ᠢ ᠬᠠᠷᠢᠭᠤᠴᠠᠨ᠎ᠠ᠃       ︵ ᠠᠷᠪᠠᠨ ᠨᠢᠭᠡ︶ ᠦᠷᠭᠦᠯᠵᠢ ᠶᠢᠨ ᠴᠢᠨᠠᠷᠳᠡᠢ᠂ ᠤᠯᠠᠨ ᠲᠥᠮᠡᠨᠴᠢ ᠴᠢᠨᠠᠷᠳᠠᠢ᠂ ᠨᠡᠶᠢᠭᠡᠮᠴᠢ ᠴᠢᠨᠠᠷᠳᠡᠢ ᠰᠢᠨᠵᠢᠯᠡᠬᠦ ᠤᠬᠠᠭᠠᠨ ᠢ ᠲᠥᠭᠡᠮᠯᠡᠵᠢᠬᠦᠯᠦᠨ ᠤᠬᠠᠭᠤᠯᠬᠤ ᠪᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠤᠯᠪᠠᠰᠤᠷᠠᠯ ᠵᠡᠷᠭᠡ ᠠᠵᠢᠯ ᠢ ᠥᠷᠨᠢᠬᠦᠯᠥᠨ᠎ᠡ᠃ ᠭᠡᠷᠩᠯᠡᠭᠡᠨ ᠳᠤ ᠲᠤᠬᠢᠷᠠᠬᠤ ᠮᠡᠷᠭᠡᠵᠢᠯ ᠢ ᠲᠥᠭᠡᠮᠯᠡᠵᠢᠬᠦᠯᠦᠨ᠎ᠡ᠃       ︵ᠠᠷᠪᠠᠨ ᠬᠤᠶᠠᠷ︶ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰᠴᠢᠯᠡᠯᠲᠡ ᠵᠢᠴᠢ ᠬᠡᠷᠡᠭᠯᠡᠭᠡᠨ ᠤ ᠮᠡᠷᠭᠡᠵᠢᠯ ᠤᠨ ᠨᠡᠭᠡᠭᠡᠨ ᠬᠦᠭᠵᠢᠭᠦᠯᠬᠦ ᠪᠤᠯᠤᠨ ᠲᠡᠯᠭᠡᠷᠡᠭᠦᠯᠬᠦ ᠠᠵᠢᠯ ᠢ ᠴᠢᠩᠭᠠᠳᠬᠠᠨ᠎ᠠ᠃ ᠳᠡᠭᠡᠳᠦ ᠰᠢᠨ᠎ᠡ ᠮᠡᠷᠭᠡᠵᠢᠯ ᠤᠨ ᠭᠤᠤᠯ ᠪᠤᠯᠬᠤ ᠪᠥᠳᠥᠭᠡᠭᠳᠡᠬᠦᠨ ᠪᠤᠯᠤᠨ ᠰᠢᠨ᠎ᠡ ᠪᠥᠳᠥᠭᠡᠭᠳᠡᠬᠦᠨ ᠢ ᠲᠤᠷᠰᠢᠨ ᠵᠤᠬᠢᠶᠠᠬᠤ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃      ︵ᠠᠷᠪᠠᠨ  ᠭᠤᠷᠪᠠ︶  ᠭᠠᠵᠠᠷ ᠬᠥᠳᠡᠯᠤᠯᠲᠡ ᠶᠢ ᠰᠡᠷᠭᠡᠶᠢᠯᠡᠨ ᠭᠠᠮᠰᠢᠭ ᠠᠴᠠ ᠪᠠᠭᠠᠰᠬᠠᠬᠤ ᠪᠠᠴᠢᠮ ᠪᠠᠶᠢᠳᠠᠯ  ᠢ ᠠᠷᠭᠠᠴᠠᠭᠠᠬᠤ ᠪᠡᠯᠡᠳᠭᠡᠯ ᠲᠥᠰᠥᠪ ᠢ ᠵᠤᠬᠢᠦᠠᠨ ᠲᠤᠬᠳᠠᠭᠠᠬᠤ ᠪᠤᠯᠤᠨ ᠶᠡᠷᠤᠩᠬᠡᠶᠢᠯᠡᠨ ᠬᠤᠷᠢᠭᠯᠠᠬᠤ ᠠᠷᠭ᠎ᠠ ᠶᠢ ᠨᠡᠶᠢᠳᠠᠪᠤᠷᠢᠵᠢᠭᠤᠯᠬᠤ᠂ ᠴᠢᠬᠤᠯᠠ ᠶᠡᠭᠡ ᠢᠨᠵᠧᠨᠧᠷᠢᠩ ᠤᠨ ᠪᠠᠶᠢᠭᠤᠯᠤᠯᠲᠠ ᠶᠢᠨ ᠠᠮᠤᠷ ᠲᠥᠪᠰᠢᠨ ᠤ ᠰᠡᠷᠭᠡᠶᠢᠯᠡᠯᠲᠡ ᠪᠠᠶᠢᠷᠢᠯᠠᠭᠤᠯᠬᠤ ᠠᠵᠢᠯ᠂ ᠪᠦᠬᠦ ᠰᠢᠶᠠᠨ ᠤ ᠭᠠᠵᠠᠷ ᠬᠥᠳᠡᠯᠤᠯᠲᠡ ᠶᠢᠨ ᠬᠤᠷᠸ᠎ᠠ ᠭᠡᠪ ᠤᠨ ᠪᠤᠰᠤ ᠰᠤᠷᠠᠭ ᠵᠠᠩᠬᠢ ᠶᠢ ᠴᠤᠭᠯᠠᠭᠤᠯᠬᠤ᠂ ᠲᠥᠷᠭᠡᠨ ᠮᠡᠳᠡᠭᠦᠯᠭᠦ ᠪᠤᠯᠤᠨ ᠭᠠᠵᠠᠷ ᠬᠦᠳᠡᠯᠤᠯᠲᠡ ᠶᠢᠨ ᠲᠡᠷᠠᠭᠠᠬᠢ ᠭᠠᠮᠰᠢᠭ ᠠᠴᠠ ᠠᠪᠤᠷᠠᠬᠤ ᠵᠢᠴᠢ ᠲᠠᠬᠢᠨ ᠴᠤᠭᠴᠠᠯᠠᠬᠤ ᠵᠡᠷᠭᠡ ᠡᠬᠦᠷᠭᠡ ᠶᠢ ᠬᠠᠷᠢᠭᠤᠴᠠᠨ᠎ᠠ᠃     ︵ᠠᠷᠪᠠᠨ ᠲᠥᠷᠪᠡ︶  ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠵᠤ ᠭᠦᠢᠴᠡᠳᠭᠡᠯᠭᠡᠬᠦ ᠪᠣᠰᠣᠳ ᠶᠠᠪᠤᠳᠠᠯ ᠤᠳ ᠢ ᠳᠠᠭᠠᠭᠠᠨ ᠬᠢᠨ᠎ᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号