ᠨᠢᠩᠴᠧᠩ ᠰᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ | | 2015 ᠣᠨ ᠤ 2 ᠰᠠᠷ᠎ᠠ ᠶᠢᠨ 8 ᠡᠳᠤᠷ | ᠨᠢᠩᠴᠧᠩ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ | ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠮᠠ ᠵᠠᠨ ᠭᠦᠸᠧ | ᠲᠥᠯᠥᠭᠡᠯᠡᠭᠴᠢᠳ ᠡ : | ᠤᠳᠤ᠂ ᠪᠢ ᠰᠢᠶᠠᠨ ᠤ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠤᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠬᠡᠰᠢᠭᠦᠳ ᠪᠤᠯᠤᠨ | ᠬᠤᠷᠠᠯ ᠳᠤ ᠰᠤᠯᠠ ᠤᠷᠤᠯᠴᠠᠬᠰᠠᠳ ᠰᠠᠨᠠᠯ ᠢᠶᠠᠨ ᠲᠤᠷᠠᠳᠬᠤ ᠪᠤᠯᠪᠠᠦ᠃ | ᠨᠢᠭᠡ᠂ 2014 ᠤᠨ ᠤ ᠠᠵᠢᠯ ᠤᠨ ᠡᠷᠬᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠬᠥᠨᠳᠦ ᠨᠥᠰᠡᠷ ᠪᠤᠳᠤᠯᠢᠶᠠᠨᠳᠡᠢ ᠠᠵᠤ ᠠᠬᠤᠢ ᠶᠢᠨ ᠪᠠᠶᠢᠳᠠᠯ ᠤᠨ ᠡᠮᠤᠨ᠎ᠡ᠂ | ᠰᠢᠶᠠᠨ ᠤ ᠨᠠᠮ ᠤᠨ ᠬᠤᠷᠢᠶᠠᠨ ᠤ ᠵᠦᠪ ᠤᠨᠤᠪᠴᠢᠳᠡᠢ ᠤᠳᠤᠷᠢᠳᠤᠯᠭ᠎ᠠ ᠲᠤᠤᠷ᠎ᠠ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠲᠡᠮᠵᠢᠯᠭᠡ | ᠲᠤᠤᠷ᠎ᠠ᠂ ᠡᠯ᠎ᠡ ᠦᠨᠳᠦᠰᠦᠳᠡᠨ ᠤ ᠠᠷᠠᠳ ᠲᠥᠮᠡᠨ ᠢ ᠨᠢᠬᠲᠠ ᠲᠥᠰᠢᠭᠯᠡᠨ ᠪᠥᠯᠬᠦᠮᠳᠡᠨ ᠬᠦᠴᠢᠷ ᠪᠡᠷᠭᠡᠰᠢᠶᠠᠯ ᠢ | ᠲᠠᠪᠠᠨ᠂ ᠬᠦᠨᠳᠦ ᠡᠭᠦᠷᠭᠡ ᠶᠢ ᠡᠬᠦᠷᠭᠡᠯᠡᠨ ᠤᠷᠤᠬᠰᠢᠯᠠᠵᠦ ᠡᠯ᠎ᠡ ᠲᠦᠷᠦᠯ ᠤᠨ ᠬᠠᠷᠠᠯᠲᠠ ᠡᠬᠦᠷᠭᠡ ᠪᠠᠨ ᠨᠡᠯᠢᠶᠡᠳ | ᠰᠠᠶᠢᠨ ᠪᠡᠶᠡᠯᠡᠭᠦᠯᠪᠡ᠃ ᠤᠷᠤᠨ ᠨᠤᠳᠤᠭ ᠤᠨ ᠤᠶᠢᠯᠡᠳᠪᠤᠷᠢᠯᠡᠯ ᠤᠨ ᠶᠡᠷᠤᠩᠬᠡᠢ ᠦᠷᠳᠡᠭ ᠢ 159 ᠳ᠋ᠥᠩᠰᠢᠭᠤᠷ | ᠲᠥᠭᠦᠷᠢᠭ ᠪᠡᠶᠡᠯᠡᠭᠦᠯᠵᠦ᠂ 8.4% ᠪᠠᠷ ᠨᠡᠮᠡᠭᠳᠡᠪᠡ᠃ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ | ᠤᠷᠤᠯᠭ᠎ᠠ 6.2 ᠳ᠋ᠥᠩᠰᠢᠭᠤᠷ ᠲᠥᠭᠦᠷᠢᠭ ᠪᠡᠶᠡᠯᠡᠭᠦᠯᠵᠦ᠂13% ᠪᠠᠷ ᠨᠡᠮᠡᠭᠳᠡᠪᠡ᠃ ᠬᠡᠪᠴᠢᠶᠡᠵᠢᠯ ᠠᠴᠠ ᠲᠡᠭᠡᠭᠰᠢ | ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ 155.5 ᠳ᠋ᠥᠩᠰᠢᠭᠤᠷ ᠲᠦᠭᠦᠷᠢᠭ ᠬᠦᠷᠴᠦ᠂ 18.1% ᠪᠠᠷ | ᠨᠡᠮᠡᠭᠳᠡᠪᠡ᠃ ᠨᠡᠶᠢᠭᠡᠮ ᠤᠨ ᠭᠡᠷᠩᠯᠡᠭᠡᠨ ᠤ ᠵᠤᠶᠢᠯ ᠢ ᠵᠢᠵᠢᠭᠯᠡᠨ ᠬᠤᠳᠠᠯᠳᠤᠬᠤ ᠪᠦᠬᠦ ᠲᠤᠭ᠎ᠠ ᠨᠢ 53.5 | ᠳ᠋ᠥᠩᠰᠢᠭᠤᠷ ᠲᠥᠭᠦᠷᠢᠭ ᠬᠦᠷᠴᠥ᠂ 11.7 % ᠪᠠᠷ ᠨᠡᠮᠡᠭᠳᠡᠪᠡ᠃ ᠬᠤᠲᠠ ᠪᠠᠯᠭᠠᠰᠤ᠂ ᠭᠦᠳᠡᠭᠡ ᠲᠤᠰᠬᠤᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠤᠯᠬᠤ ᠲᠤᠮᠳᠠᠴᠢ ᠤᠷᠤᠯᠭ᠎ᠠ ᠨᠢ | 22352 ᠲᠦᠭᠦᠷᠢᠭ ᠪᠤᠯᠤᠨ 7791 ᠲᠦᠭᠦᠷᠢᠭ ᠬᠦᠷᠴᠦ᠂ ᠲᠤᠰᠪᠤᠷᠢ 9.7 % ᠪᠤᠯᠤᠨ 12.1% ᠪᠠᠷ | ᠨᠡᠮᠡᠭᠳᠡᠪᠡ᠃ | ︵ᠨᠢᠭᠡ︶ ᠠᠵᠤ ᠠᠬᠤᠶ ᠶᠢᠨ ᠪᠣᠳᠠᠲᠤ ᠬᠦᠴᠦᠨ ᠤᠯᠠᠮ ᠨᠢᠭᠡ ᠠᠯᠬᠤᠮ ᠨᠡᠮᠡᠭᠳᠡᠨ ᠴᠢᠩᠭᠠᠷᠠᠪᠠ | ᠠᠵᠤ ᠤᠶᠢᠯᠡᠳᠪᠤᠷᠢ ᠶᠢᠨ ᠠᠵᠦ ᠠᠬᠤᠢ ᠲᠤᠬᠳᠠᠭᠤᠨ ᠢᠶᠠᠷ ᠬᠦᠭᠵᠢᠪᠡ᠃ ᠠᠵᠦ ᠤᠶᠢᠯᠡᠳᠪᠤᠷᠢ ᠶᠢᠨ | ᠨᠡᠮᠡᠩᠳᠡᠯ ᠦᠷᠳᠡᠭ 58.2 ᠳ᠋ᠥᠩᠰᠢᠭᠤᠷ ᠲᠥᠬᠦᠷᠢᠭ ᠢ ᠪᠡᠶᠡᠯᠡᠭᠦᠯᠵᠦ᠂ 11.8 % ᠪᠠᠷ ᠨᠡᠮᠡᠭᠳᠡᠪᠡ᠃ ᠰᠠᠢ ᠹᠧᠢ | ᠶᠠ᠂ ᠨᠢᠩᠴᠧᠩ ᠤᠨ ᠬᠠᠭᠤᠴᠢᠨ ᠵᠤᠭᠤᠷᠢᠳᠦ ᠠᠷᠢᠬᠢ᠂ ᠳ᠋ᠦᠩ ᠹᠠᠩ ᠸᠠᠨ ᠴᠢ ᠵᠡᠷᠭᠡ ᠭᠤᠤᠯᠯᠠᠬᠴᠢ ᠠᠵᠦ | ᠠᠬᠤᠶᠢᠯᠡᠯ ᠤᠨ ᠤᠶᠢᠯᠡᠳᠪᠤᠷᠢᠯᠡᠯ ᠡᠵᠡᠩᠨᠡᠯᠲᠡ ᠶᠢᠨ ᠬᠠᠨᠳᠤᠰᠢ ᠲᠤᠬᠳᠠᠭᠤᠨ᠃ ᠶᠠᠨ ᠵᠢᠩ(ᠵᠦᠩ ᠵᠢᠩ)ᠫᠢᠸᠤ᠋ | ᠠᠷᠢᠬᠢᠨ ᠤ ᠤᠶᠢᠯᠡᠳᠪᠤᠷᠢ ᠶᠢᠨ ᠰᠢᠯᠵᠢᠭᠦᠯᠦᠨ ᠪᠠᠶᠢᠭᠤᠯᠬᠤ ᠲᠥᠷᠥᠯ ᠵᠤᠶᠢᠯ ᠨᠢ ᠠᠰᠢᠭᠯᠡᠯᠲᠠ ᠳᠤ ᠤᠷᠤᠪᠠ᠃ | ᠵᠢᠩ ᠳᠤ ᠴᠠᠷᠳᠠᠭᠤᠯ ᠤᠨ ᠺᠣᠮᠫᠠᠨᠢ ᠪᠣᠯᠤᠨ ᠪᠸᠢ ᠳ᠋ᠠ ᠬᠤᠸᠠᠩ ᠪᠥᠯᠥᠭᠯᠡᠯ ᠢ ᠲᠠᠬᠢᠨ ᠵᠣᠬᠢᠶᠠᠨ ᠪᠠᠶᠢᠭᠤᠯᠪᠠ᠃ ᠱᠸᠥ | ᠰᠢᠨ ᠶᠤᠸᠠᠨ ᠤ ᠬᠤᠶᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ ᠲᠥᠷᠥᠯ ᠵᠤᠶᠢᠯ ᠪᠡᠷᠢᠯᠭ᠎ᠠ ᠲᠠᠭᠤᠰᠴᠥ᠂ | ᠷᠦᠨ ᠼᠠᠩ᠂ ᠱᠢ ᠱᠥᠸᠧ ᠵᠡᠷᠭᠡ ᠦᠨᠡᠲᠦ ᠲᠡᠮᠦᠷᠯᠢᠭ ᠢ ᠭᠠᠷᠭᠠᠨ ᠠᠪᠴᠤ᠂ ᠲᠥᠷᠥᠯ ᠵᠦᠢᠯ ᠢ ᠲᠤᠷᠰᠢᠨ | ᠤᠶᠢᠯᠡᠳᠪᠤᠷᠢᠯᠡᠵᠦ᠂ ᠵᠢᠶᠠᠨ ᡁᠢ ᠫᠤᠮᠫᠠᠨᠢ ᠶᠢᠨ ᠭᠤᠷᠪᠠᠳᠤᠭᠠᠷ ᠬᠤᠭᠤᠴᠠᠭᠠᠨ ᠤ ᠠᠬᠢᠴᠠ ᠤᠷᠤᠭᠰᠢᠲᠠᠶ ᠪᠠᠶᠢᠨ᠎ᠠ᠃ | ᠳ᠋ᠧ ᠹᠧᠩ ᠤᠨ ᠬᠡᠤᠷᠰᠢᠭᠦᠯᠦᠨ ᠦᠢᠯᠡᠳᠪᠦᠷᠢᠯᠡᠬᠦ ᠴᠢᠳᠠᠪᠤᠷᠢ ᠶᠢ ᠠᠯᠬᠤᠮ ᠠᠯᠬᠤᠮ ᠢᠶᠠᠷ ᠰᠤᠯᠠᠯᠠᠵᠤ᠂ ᠶᠢᠨ ᠯᠥᠩ᠂ | ᠿᠢ ᠶᠤᠸᠠᠢ ᠰᠢᠩ ᠵᠡᠷᠭᠡ ᠬᠥᠪᠰᠥᠭᠡᠷ ᠰᠢᠷᠣᠶ ᠶᠢᠨ ᠠᠵᠤ ᠠᠬᠤᠶᠢᠯᠠᠯ ᠤᠨ ᠴᠢᠳᠠᠮᠵᠢ ᠶᠢ ᠦᠷᠭᠡᠳᠭᠡᠨ ᠶᠠᠰᠤ | ᠴᠢᠨᠠᠷ ᠢ ᠲᠡᠭᠡᠭᠰᠢᠯᠡᠬᠦᠯᠪᠡ᠃ ᠯᠢᠦᠶ ᠶᠤᠸᠠᠨ ᠪᠣᠬᠢᠷ ᠤᠰᠤ ᠰᠢᠶ᠋ᠳᠪᠦᠷᠢᠯᠡᠬᠦ ᠦᠢᠯᠡᠳᠪᠦᠷᠢ ᠶᠢᠨ ᠭᠤᠣᠯ ᠴᠣᠭᠴᠠ ᠨᠢ | ᠠᠵᠢᠯ ᠲᠠᠭᠤᠰᠴᠦ᠂ ᠰᠢᠨ᠎ᠡ ᠪᠠᠷ ᠪᠠᠶᠢᠭᠤᠯᠤᠬᠰᠠᠨ ᠪᠠ ᠦᠭᠡᠷᠡᠴᠢᠯᠡᠭᠰᠡᠨ ᠵᠠᠰᠠᠬᠰᠠᠨ ᠵᠠᠮ 3.8 ᠺᠢᠯᠣᠮᠧᠲᠷ᠂ ᠪᠣᠬᠢᠷ | ᠤᠰᠤ ᠭᠠᠳᠠᠭᠰᠢᠯᠠᠭᠤᠯᠬᠤ ᠬᠤᠭᠤᠯᠠᠶ ᠶᠢ 22.9 ᠺᠢᠯᠣᠮᠧᠲᠷ ᠲᠡᠪᠢᠰᠤᠨ᠂ ᠴᠠᠬᠢᠯᠭᠠᠨ ᠬᠦᠴᠦᠨ ᠤ ᠬᠡᠯᠬᠢᠶ᠎ᠡ ᠶᠢ 1. | 4 ᠺᠢᠯᠣᠮᠧᠲᠷ ᠲᠡᠳᠡᠨ᠂ ᠵᠠᠮ ᠤᠨ ᠳ᠋ᠧᠩ ᠢ 292 ᠤᠬᠰᠠᠷᠠᠪᠠ᠃ ᠵᠢᠵᠢᠭ ᠪᠢᠴᠢᠯ ᠠᠵᠤ ᠠᠬᠤᠶᠢᠯᠠᠯ ᠤᠨ ᠠᠳᠠᠯ | ᠦᠢᠯᠡᠰ ᠴᠣᠭᠴᠠᠯᠠᠬᠤ ᠪᠥᠳᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠂ ᠶᠤᠸᠠᠢ ᠭᠤᠸᠠᠨ ᠬᠢᠮᠡᠯ ᠰᠢᠳᠦ | ᠂ ᠨᠤᠲᠤᠭ ᠪᠡᠯᠴᠢᠭᠡᠷ ᠤᠨ ᠶᠢᠨ ᠳ᠋ᠦᠨ᠂ ᡁᠢ ᠶᠦᠩ ᠲᠤᠳᠤᠷᠭᠠᠨ ᠦᠢᠯᠡᠰ ᠵᠡᠷᠭᠡ ᠠᠵᠤ ᠠᠬᠤᠶᠢᠯᠠᠯ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠤᠷᠤᠪᠠ᠃ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠤᠶᠢᠯᠡᠳᠬᠦᠨ ᠤ | ᠦᠷᠳᠡᠭ ᠪᠣᠯᠤᠨ ᠪᠣᠷᠣᠯᠠᠭᠤᠯᠤᠯᠲᠠ ᠶᠢᠨ ᠣᠷᠣᠯᠭ᠎ᠠ ᠳᠤᠮᠳᠠᠴᠢ ᠪᠠᠷ 120 ᠳ᠋ᠦᠩᠰᠢᠭᠤᠷ ᠲᠥᠭᠦᠷᠢᠭ ᠢ ᠲᠡᠪᠡᠪᠠ᠃ | ᠬᠦᠳᠡᠭᠡ ᠲᠤᠰᠬᠤᠨ ᠤ ᠠᠵᠤ ᠠᠬᠤᠢ ᠶᠢᠨ ᠬᠥᠭᠵᠢᠯᠲᠡ ᠶᠢ ᠲᠥᠷᠭᠡᠳᠭᠡᠪᠡ᠃ ᠰᠥᠯᠢᠶᠤᠤ ᠪᠦᠷᠭᠦᠪᠴᠢᠨ | ᠲᠤᠤᠷ᠎ᠠ ᠲᠤᠰᠤᠯᠭᠠᠨ ᠤᠰᠤᠯᠠᠬᠤ ᠡᠷᠳᠡᠨᠢ ᠰᠢᠰᠢ 11 ᠲᠥᠮᠡᠨ ᠮᠤ᠋ ᠂ ᠥᠨᠳᠤᠷ ᠪᠡᠷᠢᠮᠵᠢᠶᠡᠳᠤ ᠲᠡᠷᠢᠶ᠎ᠡ 3000 | ᠮᠤ᠋ ᠰᠢᠨ᠎ᠡ ᠪᠠᠷ ᠨᠡᠮᠡᠭᠳᠡᠵᠦ᠂ 47 ᠲᠥᠮᠡᠨ ᠮᠤ᠋ ᠬᠠᠮᠠᠭᠠᠯᠠᠯᠲᠠ ᠶᠢᠨ ᠴᠢᠨᠠᠷᠳᠡᠢ ᠲᠡᠷᠢᠶ᠎ᠠ ᠶᠢ ᠲᠡᠯᠭᠡᠷᠡᠬᠦᠯᠵᠦ᠂ ᠠᠮᠤ | ᠪᠤᠳᠠᠭᠠᠨ ᠤ ᠭᠠᠷᠤᠯᠲᠠ ᠨᠢ 14.8 ᠳ᠋ᠥᠩᠰᠢᠭᠤᠷ ᠵᠢᠩ ᠬᠦᠷᠪᠡ᠃ ᠲᠥᠬᠦᠭᠡᠷᠤᠮᠵᠢᠳᠦ ᠲᠠᠷᠢᠶᠠᠯᠠᠩ 3 ᠲᠥᠮᠡᠨ ᠮᠤ᠋ | ᠂ ᠵᠢᠮᠢᠰᠥᠨ ᠮᠤᠳᠤᠨ ᠤ ᠠᠵᠦ ᠠᠬᠤᠢ ᠶᠢᠨ ᠤᠢ 2 ᠲᠥᠮᠡᠨ ᠮᠤ᠋᠂ ᠲᠡᠵᠢᠭᠡᠵᠦ ᠪᠠᠶᠢᠭ᠎ᠠ ᠭᠡᠷ ᠤᠨ ᠲᠡᠵᠢᠭᠡᠪᠤᠷᠢ 17 | ᠲᠥᠮᠡᠨ ᠲᠤᠯᠤᠭᠠᠢ᠂ ᠥᠪᠡᠷᠮᠢᠴᠡ ᠤᠨᠴᠠᠯᠢᠭᠳᠤ ᠲᠠᠷᠢᠮᠡᠯ 1000 ᠮᠣ᠋ ᠰᠢᠨ᠎ᠡ ᠪᠠᠷ ᠨᠡᠮᠡᠭᠳᠡᠪᠡ᠃ | ᠪᠣᠷᠣᠯᠠᠭᠤᠯᠭ᠎ᠠ ᠶᠢᠨ ᠣᠷᠣᠯᠭ᠎ᠠ ᠨᠢ 500 ᠲᠦᠮᠡᠨ ᠲᠥᠭᠦᠷᠢᠭ ᠠᠴᠠ ᠳᠠᠪᠠᠭᠰᠠᠨ 5 ᠲᠤᠯᠤᠭᠠᠶᠢᠯᠠᠬᠴᠢ ᠠᠵᠤ | ᠠᠬᠤᠶᠢᠯᠠᠯ᠂ ᠤᠯᠤᠰ ᠤᠨ ᠲᠡᠰ ᠤᠨ᠂ ᠥᠪᠡᠷᠲᠡᠭᠡᠨ ᠵᠠᠰᠠᠬᠤ ᠣᠷᠣᠨ ᠤ ᠲᠡᠰ ᠤᠨ ᠲᠠᠷᠢᠶᠠᠴᠢᠳ ᠤᠨ | ᠬᠤᠷᠰᠢᠶᠠᠵᠢᠯ ᠤᠨ ᠵᠢᠱᠢᠶ᠎ᠡ ᠦᠵᠡᠭᠦᠯᠬᠦ ᠬᠤᠷᠰᠢᠶ᠎ᠠ 5 ᠡᠷᠤᠭᠡ᠂ ᠬᠤᠣᠷ ᠬᠥᠨᠥᠭᠡᠯ ᠦᠭᠡᠶ᠂ ᠪᠣᠬᠢᠷᠲᠤᠯ ᠦᠭᠡᠶ | ᠲᠠᠷᠢᠶᠠᠯᠠᠩ ᠤᠨ ᠪᠦᠲᠦᠭᠡᠭᠳᠡᠬᠦᠨ 8 ᠵᠤᠶᠢᠯ ᠰᠢᠨ᠎ᠡ ᠪᠠᠷ ᠨᠡᠮᠡᠭᠳᠡᠵᠦ᠂ ᠠᠵᠤ ᠦᠢᠯᠡᠰᠵᠢᠭᠰᠡᠨ ᠡᠵᠡᠩᠨᠡᠯᠲᠡ ᠳᠤ | ᠤᠷᠤᠯᠴᠠᠬᠰᠠᠨ ᠲᠠᠷᠢᠶᠠᠴᠢᠨ ᠡᠷᠦᠬᠡ 13.2 ᠲᠥᠮᠡ ᠬᠦᠷᠪᠡ᠃ | ᠭᠤᠷᠪᠠᠳᠤᠭᠠᠷ ᠠᠵᠦ ᠤᠶᠢᠯᠡᠰ ᠢ ᠮᠠᠰᠢ ᠲᠦᠷᠭᠡᠨ ᠢᠶᠠᠷ ᠭᠦᠭᠵᠢᠭᠦᠯᠪᠡ᠃ ᠽᠢ ᠮᠧᠩ ᠬᠤ᠋ ᠨᠠᠭᠤᠷ ᠤᠨ | ᠦᠵᠡᠮᠵᠢ ᠶᠢᠨ ᠤᠷᠤᠨ ᠨᠢ ᠤᠯᠤᠰ ᠤᠨ 3A ᠲᠠᠰ ᠤᠨ ᠦᠵᠡᠮᠵᠢ ᠶᠢᠨ ᠤᠷᠤᠨ ᠤ ᠰᠢᠯᠭᠠᠨ ᠠᠪᠤᠯᠲᠠ ᠶᠢ | ᠥᠩᠭᠡᠷᠡᠪᠡ᠃ ᠰᠥᠩ ᠹᠧᠩ ᠱᠠᠨ ᠠᠭᠤᠯᠠᠨ ᠲᠤᠰᠬᠤᠨ ᠨᠢ ᠪᠦᠬᠦ ᠤᠯᠤᠰ ᠤᠨ ᠰᠡᠯᠡᠬᠦᠴᠡᠯ ᠲᠠᠷᠢᠶᠠᠯᠠᠩ ᠪᠤᠯᠤᠨ | ᠬᠦᠳᠡᠭᠡ ᠲᠤᠰᠬᠤᠨ ᠤ ᠵᠤᠭᠠᠴᠠᠯ ᠤᠨ ᠵᠢᠱᠢᠶ᠎ᠠ ᠦᠵᠡᠬᠦᠯᠬᠦ ᠴᠡᠭ ᠢᠶᠠᠷ ᠲᠡᠪᠰᠢᠭᠦᠯᠦᠭᠳᠡᠪᠡ᠃ ᠬᠤᠶᠠᠳᠤᠭᠠᠷ | ᠬᠤᠭᠤᠴᠠᠭᠠᠨ ᠤ ᠤᠯᠠᠨ ᠤᠯᠤᠰ ᠤᠨ ᠵᠤᠭᠠᠴᠠᠯ ᠰᠤᠶᠤᠯ ᠤᠨ ᠨᠠᠶᠢᠷ ᠢ ᠠᠮᠵᠢᠯᠳᠠᠳᠠᠢ ᠪᠠᠷ ᠡᠷᠬᠢᠯᠡᠪᠡ᠃《 ᠴᠧᠩ | ᠳ᠋ᠧ ᠴᠢᠨ ᠬᠤᠸᠠᠩ ᠳ᠋ᠣᠣ ᠲᠠᠩᠱᠠᠨ ᠤᠯᠠᠭᠠᠨᠬᠠᠲᠠ ᠤᠨ ᠵᠤᠭᠠᠴᠠᠯ ᠤᠨ ᠬᠤᠯᠪᠤᠭ᠎ᠠ》 ᠶᠢᠨ ᠭᠡᠰᠢᠭᠦᠨ ᠪᠠᠶᠢᠭᠤᠯᠤᠯᠭ᠎ᠠ | ᠪᠤᠯᠪᠠ᠃ 2014《 ᠦᠵᠡᠰᠭᠦᠯᠡᠩᠳᠦ ᠲᠤᠮᠳᠠᠳᠤ ᠤᠯᠤᠰ》 ᠤᠨ ᠠᠷᠪᠠᠨ ᠰᠤᠳᠤᠨ ᠵᠤᠭᠠᠴᠠᠯ ᠤᠨ ᠰᠢᠶᠠᠨ ᠪᠠᠷ | ᠵᠢᠱᠢᠭᠳᠡᠪᠡ᠃ ᠬᠦᠯᠢᠶᠡᠨ ᠠᠪᠤᠬᠰᠠᠨ ᠵᠤᠭᠠᠴᠠᠬᠴᠢ ᠨᠢ 120 ᠲᠥᠮᠡᠨ ᠬᠦᠮᠦᠨ ᠤᠳᠠᠭ᠎ᠠ ᠬᠦᠷᠴᠦ᠂ ᠵᠤᠭᠠᠴᠠᠯ ᠤᠨ | ᠶᠡᠷᠤᠩᠬᠡᠢ ᠤᠷᠤᠯᠭ᠎ᠠ ᠨᠢ 16.2 ᠳ᠋ᠥᠩᠰᠢᠭᠤᠷ ᠲᠥᠬᠦᠷᠢᠭ ᠢ ᠪᠡᠶᠡᠯᠡᠭᠦᠯᠪᠡ᠃ ᠲᠤᠰᠪᠤᠷᠢ 18 % ᠪᠤᠯᠤᠨ | 224% ᠪᠠᠷ ᠨᠡᠮᠡᠭᠳᠡᠪᠡ᠃ ᠪᠠᠷᠢᠮᠵᠢᠶᠠᠵᠢᠭᠤᠯᠤᠬᠰᠠᠨ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ 3᠂ | ᠲᠤᠰᠬᠠᠶ ᠵᠠᠬ᠎ᠠ ᠳᠡᠯᠭᠡᠭᠦᠷ 2 ᠰᠢᠨ᠎ᠡ ᠪᠠᠷ ᠪᠠᠶᠢᠭᠤᠯᠤᠬᠰᠠᠨ ᠪᠤᠶᠤ ᠦᠭᠡᠷᠡᠴᠢᠯᠡᠨ ᠪᠠᠶᠢᠭᠤᠯᠪᠠ᠃ ᠢ ᠴᠢ ᠳ᠋ᠠ ᠵᠦᠩ | ᠮᠠᠰᠢᠨ ᠲᠡᠷᠭᠡᠨ ᠤ 4S ᠳᠡᠯᠭᠡᠭᠦᠷ᠂ ᠱᠧᠩ ᠵᠢᠶ ᠪᠠᠷᠠᠭ᠎ᠠ ᠶᠢᠨ ᠬᠦᠢᠯᠭᠡᠭᠡ᠂ ᠬᠠᠶ ᠳ᠋ᠠ ᠲᠠᠯᠠᠪᠠᠢ ᠶᠢᠨ ᠭᠤᠣᠯ | ᠴᠣᠭᠴᠠ ᠶᠢᠨ ᠪᠠᠷᠢᠯᠭ᠎ᠠ ᠲᠠᠭᠤᠰᠪᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ | ᠦᠯᠡᠳᠡᠪᠦᠷᠢ 123 ᠳ᠋ᠥᠩᠰᠢᠭᠤᠷ ᠲᠥᠭᠦᠷᠢᠭ᠂ ᠵᠢᠭᠡᠯᠡᠯᠭᠡ ᠶᠢᠨ ᠦᠯᠡᠳᠡᠪᠦᠷᠢ ᠲᠤᠭ᠎ᠠ 76.6 ᠳ᠋ᠥᠩᠰᠢᠭᠤᠷ | ᠲᠥᠭᠦᠷᠢᠭ ᠃ | ( ᠬᠤᠶᠠᠷ ) ᠦᠭᠡᠷᠡᠴᠢᠯᠡᠯᠲᠡ ᠨᠡᠭᠡᠭᠡᠯᠲᠠ ᠶᠢ ᠤᠯᠠᠮ ᠨᠢᠭᠡ ᠠᠯᠬᠤᠮ ᠬᠦᠨᠵᠡᠭᠡᠶᠢᠷᠡᠭᠦᠯᠪᠡ᠃ | ᠡᠯ᠎ᠡ ᠲᠦᠷᠦᠯ ᠤᠨ ᠦᠭᠡᠷᠡᠴᠢᠯᠡᠯᠳᠡ ᠶᠢ ᠠᠯᠬᠤᠮ ᠲᠠᠷᠠᠭ᠎ᠠ ᠲᠠᠢ ᠪᠠᠷ ᠠᠬᠢᠭᠤᠯᠪᠠ᠃ ᠵᠠᠰᠠᠭ ᠵᠠᠬᠢᠷᠭᠠᠨ ᠤ | ᠬᠢᠨᠠᠨ ᠵᠦᠪᠰᠢᠶᠡᠷᠡᠯ ᠤᠨ ᠲᠥᠷᠢᠮ ᠤᠨ ᠦᠭᠡᠷᠡᠴᠢᠯᠡᠯᠲᠡ ᠶᠢ ᠲᠥᠷᠭᠡᠳᠭᠡᠵᠦ᠂ 17 ᠬᠢᠨᠠᠨ ᠵᠥᠪᠰᠢᠶᠡᠷᠡᠭᠦ ᠵᠤᠷᠪᠤᠰ ᠢ | ᠥᠭᠡᠶᠢᠰᠭᠡᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠷᠴᠠᠭ ᠢ ᠨᠡᠶᠢᠳᠡᠯᠡᠪᠡ᠃ ᠰᠢᠶᠠᠨ ᠤ ᠵᠠᠰᠠᠭ ᠤᠨ | ᠶᠠᠪᠤᠳᠠᠯ ᠤᠨ ᠤᠶᠢᠯᠡᠴᠢᠯᠡᠭᠡ ᠪᠤᠯᠤᠨ ᠠᠷᠠᠳ ᠲᠤ ᠲᠥᠭᠦᠮ ᠦᠵᠡᠭᠦᠯᠭᠦ ᠤᠶᠢᠯᠡᠴᠢᠯᠡᠭᠡᠨ ᠤ ᠲᠦᠪ ᠤᠨ ᠲᠢᠩᠬᠢᠮ | ᠠᠰᠢᠭᠯᠠᠯᠳᠠ ᠳᠤ ᠤᠷᠤᠪᠠ᠃ 14 ᠰᠢᠶᠠᠩ ᠪᠠᠯᠭᠠᠰᠤ ᠵᠡᠭᠡᠯᠢ ᠨᠢ ᠠᠷᠠᠳ ᠲᠤ ᠲᠥᠬᠦᠮ ᠦᠵᠡᠬᠦᠯᠬᠦ ᠲᠥᠪ ᠢ | ᠪᠠᠶᠢᠭᠤᠯᠪᠠ᠃ 170 ᠲᠤᠰᠬᠤᠨ ᠳᠤ ᠠᠷᠠᠳ ᠲᠤ ᠲᠦᠭᠦᠮ ᠦᠵᠡᠭᠦᠯᠭᠦ ᠤᠷᠤᠯᠠᠨ ᠭᠦᠢᠴᠡᠳᠭᠡᠬᠦ ᠴᠡᠭ ᠢ | ᠪᠠᠶᠢᠭᠤᠯᠤᠨ᠂ ᠰᠢᠶᠠᠨ᠂ ᠰᠢᠶᠠᠩ᠂ ᠲᠤᠰᠬᠤᠨ ᠭᠤᠷᠪᠠᠨ ᠲᠡᠰ ᠤᠨ ᠠᠷᠠᠳ ᠲᠤ ᠲᠦᠭᠦᠮ ᠦᠵᠡᠭᠦᠯᠭᠦ | ᠤᠶᠢᠯᠡᠴᠢᠯᠡᠭᠡᠨ ᠤ ᠰᠦᠯᠵᠢᠶ᠎ᠡ ᠶᠢ ᠤᠯᠡᠮ ᠨᠢᠭᠡ ᠠᠯᠬᠤᠮ ᠲᠡᠭᠦᠯᠳᠡᠷᠵᠢᠭᠦᠯᠪᠡ᠃ 《 ᠡᠷᠭᠡ ᠶᠢ ᠦᠷᠭᠡᠳᠭᠡᠨ | ᠰᠢᠶᠠᠨ ᠢ ᠬᠦᠴᠦᠷᠭᠡᠭᠵᠢᠭᠦᠯᠭᠦ 》ᠦᠭᠡᠷᠡᠴᠢᠯᠡᠯᠡᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠢᠶᠠᠷ | ᠠᠬᠢᠭᠤᠯᠪᠠ᠃ ᠡᠳ᠋ ᠤᠨ ᠵᠠᠰᠠᠭ ᠤᠨ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠰᠢᠨ᠎ᠡ ᠠᠬᠢᠯᠲᠠ ᠲᠠᠢ ᠪᠣᠯᠵᠤ᠂ | ᠵᠠᠰᠠᠭ ᠤᠨ ᠣᠷᠳᠣᠨ ᠤ ᠲᠥᠷᠢᠮᠵᠢᠭᠰᠡᠨ ᠪᠥᠷᠢᠨ ᠪᠦᠳᠦᠨ ᠲᠥᠰᠦᠪ ᠤᠨ ᠰᠢᠰᠲ᠋ᠧᠮ ᠢ ᠠᠩᠬ᠎ᠠ ᠠᠯᠬᠤᠮ ᠪᠤᠢ | ᠪᠣᠯᠭᠠᠵᠤ᠂ ᠰᠢᠶᠠᠨ ᠤ ᠲᠤᠰ ᠱᠠᠲᠤᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠴᠥᠮ ᠢᠯᠡ ᠪᠤᠯᠭᠠᠨ᠂ | ᠪᠡᠯᠡ ᠣᠷᠣᠭᠤᠯᠤᠯᠲᠠ ᠶᠢᠨ ᠬᠢᠨᠠᠨ ᠰᠢᠯᠭᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠤᠯᠤᠰ ᠤᠨ | ᠬᠥᠮᠥᠷᠭᠡ ᠶᠢᠨ ᠲᠥᠪᠯᠡᠷᠡᠭᠦᠯᠦᠨ ᠥᠭᠬᠦ ᠵᠡᠷᠭᠡ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠯᠪᠠᠨ | ᠶᠠᠪᠤᠳᠠᠯ ᠤᠨ ᠺᠠᠷᠲ ᠢᠶᠠᠷ ᠳ᠋ᠥᠩᠨᠠᠨ ᠪᠤᠳᠤᠬᠤ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠯᠭᠠᠰᠤ ᠰᠢᠶᠠᠩ ᠤᠨ | ᠡᠳ᠋ ᠤᠨ ᠵᠠᠰᠠᠭ ᠤᠨ ᠪᠠᠶᠢᠭᠤᠯᠤᠯ ᠤᠨ ᠳᠤᠬᠢᠷᠠᠭᠤᠯᠤᠯᠲᠠ ᠶᠢ ᠪᠡᠶᠡᠯᠡᠭᠦᠯᠪᠡ᠃ ᠵᠠᠰᠠᠭ ᠤᠨ ᠣᠷᠳᠣᠨ ᠤ ᠬᠤᠳᠠᠯᠳᠤᠨ | ᠠᠪᠤᠯᠲᠠ ᠨᠢ 5555 ᠲᠥᠮᠡᠨ ᠲᠥᠭᠦᠷᠢᠭ ᠢ ᠠᠷᠪᠢᠯᠠᠪᠠ᠃ ᠨᠢᠩᠴᠧᠩ ᠤᠨ ᠬᠥᠳᠡᠭᠡ ᠲᠣᠰᠬᠤᠨ ᠤ | ᠬᠤᠳᠠᠯᠳᠤᠭᠠᠨ ᠤ ᠪᠠᠩᠬᠢ ᠶᠢ ᠠᠮᠵᠢᠯᠲᠠᠲᠠᠶ ᠪᠠᠷ ᠴᠣᠭᠴᠠᠯᠠᠨ ᠪᠠᠶᠢᠭᠤᠯᠬᠤ ᠶᠢᠨ ᠬᠠᠮᠲᠤ ᠠᠯᠪᠠᠨ ᠶᠣᠰᠣᠭᠠᠷ | ᠠᠵᠢᠯᠯᠠᠬᠤ ᠶᠢ ᠪᠡᠶᠡᠯᠡᠭᠦᠯᠪᠡ᠃ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠶᠢᠨ ᠳᠦᠷᠢᠮ ᠤᠨ ᠥᠭᠡᠷᠡᠴᠢᠯᠡᠯᠲᠡ | ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ 2328 ᠡᠷᠦᠬᠡ ᠰᠢᠨ᠎ᠡ ᠪᠠᠷ | ᠨᠡᠮᠡᠭᠳᠡᠪᠡ᠃ | ᠭᠠᠳᠠᠭᠠᠲᠤ ᠲᠠᠢ ᠴᠢᠯᠦᠭᠡᠲᠡᠢ ᠶᠠᠪᠤᠯᠴᠠᠬᠤ ᠦᠷ᠎ᠡ ᠪᠥᠳᠥᠭᠡᠮᠵᠢ ᠢᠯᠡᠷᠭᠡᠢ᠃ ᠬᠤᠳᠠᠯᠳᠤᠭᠠᠴᠢᠨ ᠤᠷᠢᠵᠦ | ᠪᠡᠯᠡ ᠤᠷᠤᠭᠤᠯᠬᠤ 161 ᠲᠥᠷᠥᠯ ᠵᠤᠶᠢᠯ ᠢ ᠭᠡᠷᠩᠵᠢᠬᠦᠯᠦᠨ᠂ 97 ᠳ᠋ᠥᠩᠰᠢᠭᠤᠷ ᠲᠦᠬᠦᠷᠢᠭ ᠪᠡᠯᠡᠨ ᠪᠤᠯᠵᠦ᠂ | ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠳᠤ ᠨᠢᠭᠡᠳᠤᠭᠡᠷ ᠲᠤ ᠤᠷᠤᠪᠠ᠃ ᠪᠡᠬᠡᠵᠢᠩ ᠪᠤᠯᠤᠨ ᠦᠪᠤᠷ ᠮᠤᠩᠭᠤᠯ | ᠯᠤᠭ᠎ᠠ ᠶᠢᠨ ᠠᠵᠢᠯ ᠲᠥᠷᠥᠯ ᠢᠶᠠᠷ ᠢᠶᠠᠨ ᠬᠠᠪᠰᠤᠷᠤᠯᠴᠠᠬᠤ ᠨᠢ ᠤᠯᠠᠮ ᠨᠢᠭᠡ ᠠᠯᠬᠤᠮ ᠬᠥᠨᠵᠡᠬᠡᠶᠢᠷᠡᠵᠦ᠂ 1080 | ᠲᠥᠮᠡᠨ ᠲᠥᠬᠦᠷᠢᠭ ᠤᠨ ᠪᠡᠯᠡ ᠮᠥᠩᠬᠦ ᠶᠢ ᠲᠡᠮᠡᠴᠡᠨ ᠤᠯᠵᠦ᠂ ᠳ᠋ᠠ ᠱᠣᠸᠠᠩ ᠮᠢᠶᠤᠤ ᠶᠢᠨ ᠲᠦᠭᠦᠭᠡᠷᠤᠮᠵᠢᠲᠦ | ᠲᠡᠷᠢᠶᠠᠯᠠᠩ᠂ ᠮᠠᠷᠡᠳᠤ ᠶᠢᠨ ᠠᠯᠠᠰᠢᠨ ᠬᠤᠨᠢ ᠪᠤᠯᠤᠨ ᠲᠢᠶᠠᠨ ᠢ ᠶᠢᠨ ᠲᠦᠪ ᠨᠠᠰᠤᠲᠠᠨ ᠢ ᠠᠰᠠᠷᠠᠬᠤ ᠬᠦᠷᠢᠶᠡᠯᠡᠩ | ᠤᠨ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠲᠠ ᠶᠢ ᠲᠡᠮᠵᠢᠪᠡ᠃ | ( ᠭᠤᠷᠪᠠ ) ᠬᠤᠲᠠ ᠬᠦᠳᠡᠭᠡ ᠶᠢᠨ ᠲᠦᠷᠢ ᠲᠦᠷᠬᠦ ᠶᠢ ᠤᠯᠠᠮ ᠨᠢᠭᠡ ᠠᠯᠬᠤᠮ ᠰᠢᠨᠡᠳᠭᠡᠪᠡ᠃ | ᠲᠢᠶᠠᠨ ᠢ ᠬᠤᠲᠠ ᠲᠤᠭᠤᠷᠢᠭ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ 2.2 | ᠳ᠋ᠥᠩᠰᠢᠭᠤᠷ ᠲᠥᠬᠦᠷᠢᠭ ᠢ ᠪᠡᠯᠡ ᠤᠷᠤᠭᠤᠯᠤᠨ᠂ ᠬᠤᠲᠠ ᠲᠤᠭᠤᠷᠢᠭ ᠤᠨ5 ᠵᠤᠷᠪᠤᠰ 5.6 ᠺᠢᠯᠤᠮᠧᠲᠷ ᠵᠠᠮ ᠢ | ᠰᠢᠨ᠎ᠡ ᠪᠠᠷ ᠵᠠᠰᠠᠬᠤ ᠪᠤᠶᠤ ᠦᠭᠡᠷᠡᠴᠢᠯᠡᠨ ᠵᠠᠰᠠᠪᠠ᠃ ᠰᠢᠨ᠎ᠡ ᠤᠰᠤᠨ ᠰᠤᠷᠪᠤᠯᠵᠢ ᠶᠢᠨ ᠭᠠᠵᠠᠷ᠂ ᠨᠢᠭᠡᠨᠲᠡ ᠪᠠᠶᠢᠭ᠎ᠠ | ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠡᠷᠭᠡ ᠬᠤᠲᠠ ᠶᠢᠨ ᠶᠠᠪᠤᠳᠠᠯ ᠤᠨ ᠪᠠᠷᠢᠯᠭ᠎ᠠ ᠶᠢ 8 ᠶᠢ | ᠭᠡᠷᠩᠵᠢᠬᠦᠯᠵᠦ᠂ ᠡᠯ᠎ᠡ ᠲᠦᠷᠦᠯ ᠤᠨ ᠬᠤᠭᠤᠯᠠᠶ ᠲᠣᠣᠷ ᠢ 67 ᠺᠢᠯᠣᠮᠧᠲᠷ ᠳᠡᠪᠢᠰᠴᠦ᠂ ᠵᠡᠭᠡᠯᠢ ᠭᠤᠳᠤᠮᠵᠢᠨ ᠳᠤ | 8.6 ᠲᠥᠮᠡᠨ ᠲᠡᠭᠰᠢ ᠳᠥᠷᠪᠡᠯᠵᠢᠨ ᠮᠧᠲᠷ ᠵᠦᠯᠭᠡ ᠭᠠᠵᠠᠷ ᠢ ᠰᠢᠨ᠎ᠡ ᠪᠠᠷ ᠨᠡᠮᠡᠭᠳᠡᠬᠦᠯᠪᠡ᠃ ᠬᠤᠳᠠ ᠶᠢᠨ ᠲᠤᠮᠳᠠᠬᠢ | ᠲᠣᠰᠬᠤᠨ ᠵᠢᠴᠢ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ 231 ᠡᠷᠤᠭᠡ ᠶᠢᠨ 7.1 | ᠲᠥᠮᠡᠨ ᠲᠡᠭᠰᠢ ᠳᠥᠷᠪᠡᠯᠵᠢᠨ ᠮᠧᠲᠷ ᠭᠡᠷ ᠪᠠᠶᠢᠰᠢᠩ ᠢ ᠲᠠᠳᠠᠪᠤᠷᠢᠯᠠᠵᠦ᠂ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠶᠢ 364 ᠢᠵᠢ᠂ 3.1 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠤᠯᠪᠠ᠃ 86 ᠭᠠᠵᠠᠷ ᠤᠨ | 9000 ᠲᠡᠭᠰᠢ ᠲᠦᠷᠪᠡᠯᠵᠢᠨ ᠮᠧᠲᠷ ᠲᠦᠷᠢᠮ ᠢ ᠵᠦᠷᠢᠴᠡᠭᠰᠡᠨ ᠪᠠᠷᠢᠯᠭ᠎ᠠ ᠶᠢ ᠨᠤᠷᠠᠭᠠᠨ ᠠᠷᠢᠯᠭᠠᠪᠠ᠃ ᠬᠤᠲᠠ | ᠲᠤᠭᠤᠷᠢᠭ ᠤᠨ ᠤᠷᠴᠢᠨ ᠲᠤᠭᠤᠷᠢᠨ ᠤ ᠶᠡᠷᠤᠩᠬᠡᠶᠢᠯᠡᠭᠰᠡᠨ ᠴᠡᠭᠴᠡᠯᠡᠯᠲᠡ ᠶᠢ ᠲᠥᠪᠯᠡᠷᠡᠭᠦᠯᠦᠨ ᠥᠷᠨᠢᠭᠦᠯᠵᠦ᠂ | ᠬᠤᠲᠠ ᠶᠢᠨ ᠲᠥᠷᠢ ᠲᠥᠷᠬᠦ ᠢᠯᠡᠳᠲᠡ ᠰᠠᠶᠢᠵᠢᠷᠡᠪᠠ᠃ | ᠵᠢᠵᠢᠭ ᠬᠤᠲᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠲᠥᠷᠭᠡᠳᠭᠡᠪᠡ᠃ 4812 ᠲᠥᠮᠡᠨ | ᠲᠥᠬᠦᠷᠢᠭ ᠢ ᠪᠡᠯᠡ ᠤᠷᠤᠭᠤᠯᠤᠨ᠂ ᠵᠢᠵᠢᠭ ᠬᠤᠲᠠ ᠪᠠᠯᠭᠠᠰᠤᠨ ᠤ ᠵᠠᠮ ᠢ 19 ᠺᠢᠯᠤᠮᠧᠲᠷ ᠰᠢᠨ᠎ᠡ ᠪᠠᠷ ᠵᠠᠰᠠᠨ | ᠦᠭᠡᠷᠡᠴᠢᠯᠡᠨ᠂ ᠤᠰᠤ ᠭᠠᠳᠠᠭᠰᠢᠭᠤᠯᠬᠤ᠂ ᠢᠯᠴᠢ ᠬᠠᠩᠭᠠᠬᠤ ᠬᠤᠭᠤᠯᠠᠢ ᠶᠢ 19 ᠺᠢᠯᠤᠮᠧᠲᠷ ᠵᠠᠰᠠᠨ᠂ 1.3 | ᠲᠥᠮᠡᠨ ᠲᠡᠭᠰᠢ ᠲᠦᠷᠪᠡᠯᠵᠢᠨ ᠮᠧᠲᠷ ᠢ ᠨᠤᠭᠤᠭᠠᠷᠠᠭᠤᠯᠤᠨ᠂ ᠵᠠᠮ ᠤᠨ ᠳ᠋ᠧᠩ ᠢ 328 ᠤᠬᠰᠠᠷᠠᠨ᠂ ᠬᠤᠭ ᠨᠤᠪᠰᠢ | ᠪᠤᠯᠠᠬᠤ ᠲᠠᠯᠠᠪᠠᠢ ᠶᠢ 2 ᠪᠠᠶᠢᠭᠤᠯᠪᠠ᠃ ᠪᠤᠷᠬᠠᠨᠲᠤ ᠪᠠᠯᠭᠠᠰᠤ ᠨᠢ ᠪᠦᠬᠦ ᠤᠯᠤᠰ ᠤᠨ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠪᠠᠶᠢᠭᠤᠯᠤᠮᠵᠢᠲᠤ ᠪᠠᠯᠭᠠᠰᠤ ᠶᠢᠨ ᠵᠢᠱᠢᠶ᠎ᠠ ᠦᠵᠡᠬᠦᠯᠬᠦ ᠲᠤᠷᠰᠢᠯᠲᠠ ᠶᠢᠨ ᠴᠡᠭ ᠢᠶᠠᠷ | ᠦᠨᠡᠨᠯᠡᠭᠳᠡᠪᠡ᠃ | ᠰᠢᠨ᠎ᠡ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠰᠢᠨ᠎ᠡ ᠰᠢᠪᠳᠤᠯᠤᠯᠲᠠ ᠶᠢ ᠤᠯᠪᠠ᠃ ᠦᠪᠡᠷᠳᠡᠭᠡᠨ | ᠵᠠᠰᠠᠬᠤ ᠤᠷᠤᠨ ᠤ ᠲᠡᠰ ᠤᠨ 8 ᠲᠤᠰᠬᠤᠨ ᠪᠤᠯᠤᠨ ᠰᠢᠶᠠᠨ ᠤ ᠲᠡᠰ ᠤᠨ ᠰᠢᠨ᠎ᠡ ᠬᠦᠳᠡᠭᠡ ᠲᠤᠰᠬᠤᠨ ᠤ ᠵᠢᠱᠢᠶ᠎ᠠ | ᠦᠵᠡᠬᠦᠯᠬᠦ 18 ᠲᠤᠰᠬᠤᠨ ᠤ ᠲᠥᠯᠥᠪᠵᠢᠬᠦᠯᠭᠡ ᠶᠢ ᠨᠠᠶᠢᠷᠠᠭᠤᠯᠤᠨ ᠵᠤᠬᠢᠶᠠᠵᠦ ᠪᠠᠷᠠᠪᠠ᠃ ᠲᠢᠶᠠᠨ ᠢ ᠪᠠᠯᠭᠠᠰᠤᠨ | ᠤ ᠮᠠᠷᠠᠲᠤ᠂ ᠰᠢᠶᠤᠤ ᠴᠧᠩᠽᠢ ᠪᠠᠯᠭᠠᠰᠤᠨ ᠤ ᠨᠠᠨ ᠸᠠᠨ ᠽᠢ ᠵᠡᠷᠭᠡ ᠵᠢᠱᠢᠶ᠎ᠠ ᠦᠵᠡᠬᠦᠯᠬᠦ ᠰᠢᠨ᠎ᠡ ᠬᠦᠳᠡᠭᠡ | ᠲᠤᠰᠬᠤᠨ ᠢ 39 ᠪᠠᠶᠢᠭᠤᠯᠪᠠ᠃ 1370 ᠲᠦᠮᠡᠨ ᠲᠦᠬᠦᠷᠢᠭ ᠢ ᠪᠡᠯᠡ ᠤᠷᠤᠭᠤᠯᠤᠨ᠂ 273 ᠡᠷᠤᠭᠡ 1424 | ᠬᠦᠮᠦᠨ ᠳᠤ ᠠᠮᠢ ᠠᠬᠤᠢ ᠶᠢᠨ ᠠᠷᠠᠳ ᠢ ᠨᠡᠭᠦᠯᠭᠡᠭᠦ ᠶᠢ ᠭᠡᠷᠩᠵᠢᠭᠦᠯᠦᠨ᠂ 2.4 ᠲᠥᠮᠡᠨ ᠲᠡᠭᠰᠢ ᠲᠦᠷᠪᠡᠯᠵᠢᠨ | ᠮᠧᠲᠷ ᠨᠡᠭᠦᠳᠡᠯ ᠠᠷᠠᠳ ᠤᠨ ᠰᠢᠨ᠎ᠡ ᠰᠠᠭᠤᠷᠢ ᠶᠢ ᠪᠠᠶᠢᠭᠤᠯᠪᠠ᠃ 2.9 ᠳ᠋ᠥᠩᠰᠢᠭᠤᠷ ᠲᠦᠭᠦᠷᠢᠭ ᠢ ᠪᠡᠯᠡ | ᠤᠷᠤᠭᠤᠯᠤᠨ᠂《 ᠠᠷᠪᠠ ᠶᠢ ᠪᠥᠷᠭᠦᠭᠦᠯᠭᠦ》ᠢᠨᠵᠧᠨᠧᠷᠢᠩ ᠤᠨ ᠵᠢᠯ ᠤᠨ ᠬᠤᠭᠤᠴᠠᠭᠠᠨ ᠤ ᠡᠭᠦᠷᠭᠡ ᠪᠠᠨ | ᠠᠮᠵᠢᠯᠲᠠᠳᠠᠢ ᠪᠡᠶᠡᠯᠡᠬᠦᠯᠵᠦ᠂ 600 ᠡᠷᠤᠭᠡ ᠶᠢᠨ ᠨᠤᠷᠠᠬᠤ ᠠᠶᠤᠯᠲᠠᠢ ᠭᠡᠷ ᠢ ᠰᠢᠨᠡᠳᠭᠡᠨ ᠵᠠᠰᠠᠨ᠂ 57 ᠭᠠᠵᠠᠷ | ᠲᠤ ᠤᠰᠤ ᠤᠮᠲᠠ ᠶᠢᠨ ᠠᠮᠤᠷ ᠲᠥᠪᠰᠢᠨ ᠤ ᠢᠨᠵᠧᠨᠧᠷᠢᠩ ᠢ ᠪᠠᠶᠢᠭᠤᠯᠤᠨ᠂ 216 ᠺᠢᠯᠤᠮᠧᠲᠷ ᠵᠡᠭᠡᠯᠢ ᠭᠤᠳᠤᠮᠵᠢ | ᠶᠢ ᠬᠠᠳᠠᠭᠤᠷᠠᠭᠤᠯᠤᠨ᠂ 190 ᠲᠤᠤᠷ᠎ᠠ ᠬᠦᠴᠦᠳᠠᠯᠳᠤ ᠲᠠᠪᠴᠠᠩ ᠢ ᠦᠭᠡᠷᠡᠴᠢᠯᠡᠨ᠂ ᠷᠠᠳᠢᠤ᠋ ᠨᠡᠪᠳᠡᠷᠡᠬᠦᠯᠬᠡ | ᠲᠧᠯᠸᠢᠰ᠂ ᠴᠢᠮᠡᠭᠡ ᠨᠡᠪᠳᠡᠷᠡᠭᠦᠯᠭᠡ ᠶᠢ 42 ᠲᠤᠰᠬᠤᠨ ᠳᠤ ᠰᠢᠨ᠎ᠡ ᠪᠠᠷ ᠨᠡᠪᠳᠡᠷᠡᠬᠦᠯᠦᠨ᠂ 1.4 ᠲᠥᠮᠡᠨ ᠲᠡᠭᠰᠢ | ᠲᠦᠷᠪᠡᠯᠵᠢᠨ ᠮᠧᠲᠷ ᠰᠤᠷᠭᠠᠭᠤᠯᠢ ᠶᠢᠨ ᠪᠠᠶᠢᠷᠢ ᠶᠢᠨ ᠭᠡᠷ ᠤᠨ ᠪᠦᠳᠦᠭᠡᠨ ᠪᠠᠶᠢᠭᠤᠯᠤᠯᠲᠠ ᠵᠢᠴᠢ ᠠᠮᠤᠷ ᠲᠦᠪᠰᠢᠨ ᠢ | ᠰᠠᠶᠢᠵᠢᠷᠠᠭᠤᠯᠤᠨ᠂ 60 ᠪᠠᠷᠢᠮᠵᠢᠶᠠᠵᠢᠭᠤᠯᠤᠬᠰᠠᠨ ᠡᠷᠡᠭᠦᠯ ᠬᠠᠮᠭᠠᠯᠠᠯ ᠤᠨ ᠲᠠᠰᠤᠭ ᠂ 95 ᠰᠤᠶᠤᠯ ᠤᠨ | ᠠᠵᠢᠯᠯᠠᠭᠠᠨ ᠤ ᠦᠷᠥᠭᠡ᠂ 100 ᠠᠷᠠᠳ ᠲᠤ ᠲᠥᠬᠦᠮ ᠦᠵᠡᠬᠦᠯᠬᠦ ᠭᠡᠳᠤ ᠲᠡᠯᠭᠡᠭᠦᠷ ᠪᠠᠶᠢᠭᠤᠯᠤᠨ᠂ ᠬᠥᠳᠡᠭᠡ | ᠲᠣᠰᠬᠤᠨ ᠤ ᠨᠠᠰᠤᠵᠢᠯ ᠤᠨ ᠠᠰᠠᠷᠠᠮᠵᠢ ᠡᠮ ᠡᠮᠨᠡᠯᠭᠡ ᠵᠡᠷᠭᠡ ᠨᠡᠶᠢᠭᠡᠮ ᠤᠨ ᠪᠠᠲᠤᠯᠠᠭ᠎ᠠ ᠶᠢᠨ ᠪᠠᠲᠤᠯᠠᠬᠤ | ᠶᠣᠰᠣᠲᠠᠶ ᠶᠢ ᠨᠢ ᠴᠥᠮ ᠪᠠᠲᠤᠯᠠᠬᠤ ᠶᠢ ᠪᠡᠶᠡᠯᠡᠭᠦᠯᠵᠦ᠂《 ᠠᠷᠪᠠ ᠶᠢ ᠪᠥᠷᠭᠦᠭᠦᠯᠭᠦ》ᠢᠨᠵᠧᠨᠧᠷᠢᠩ ᠤᠨ | ᠭᠤᠣᠯᠳᠠᠯᠭᠠᠲᠤ ᠲᠤᠰᠬᠤᠨ ᠢ 72 ᠪᠠᠶᠢᠭᠤᠯᠪᠠ᠃ | ᠵᠠᠮ ᠬᠠᠷᠢᠯᠴᠠᠭ᠎ᠠ ᠴᠠᠬᠢᠯᠭᠠᠨ ᠬᠦᠴᠦᠨ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠰᠢᠨ᠎ᠡ ᠨᠢᠭᠡᠨ | ᠲᠡᠭᠳᠡᠷ ᠲᠤ ᠭᠠᠷᠪᠠ᠃ 2.1 ᠳ᠋ᠥᠩᠰᠢᠭᠤᠷ ᠲᠦᠭᠦᠷᠢᠭ ᠢ ᠪᠡᠯᠡ ᠤᠷᠤᠭᠤᠯᠤᠨ᠂ ᠤᠯᠤᠰ ᠤᠨ ᠵᠠᠮ 306 ᠱᠤᠭᠤᠮ | ᠂ 508 ᠱᠤᠭᠤᠮ ᠤᠨ 36.5 ᠺᠢᠯᠤᠮᠧᠲᠷ ᠵᠠᠮ᠂ 12 ᠰᠠᠤᠷᠢ ᠠᠶᠤᠯᠳᠠᠢ ᠭᠦᠬᠦᠷᠭᠡ ᠶᠢ ᠲᠡᠬᠢᠵᠦ ᠵᠠᠰᠠᠨ᠂ | ᠲᠤᠰᠬᠤᠨ ᠪᠦᠬᠦᠨ ᠳᠤ ᠨᠡᠪᠳᠡᠷᠡᠬᠦᠯᠬᠦ ᠲᠤᠰᠤᠨ ᠵᠠᠮ ᠢ 19 ᠵᠤᠷᠪᠤᠰ 151 ᠺᠢᠯᠤᠮᠧᠲᠷ ᠰᠢᠨ᠎ᠡ ᠪᠠᠷ ᠵᠠᠰᠠᠵᠦ᠂ | ᠲᠤᠰᠤᠨ ᠵᠠᠮ ᠨᠡᠪᠳᠡᠷᠡᠭᠰᠡᠨ ᠲᠤᠰᠬᠤᠨ 188 ᠳᠤ ᠭᠦᠷᠪᠡ᠃ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ | ᠲᠥᠷᠥᠯ ᠵᠦᠢᠯ ᠤᠨ ᠪᠡᠯᠡᠳᠬᠡᠯ ᠭᠠᠵᠠᠷ ᠢ ᠬᠢᠨᠠᠨ ᠲᠣᠭᠲᠠᠭᠠᠬᠤ ᠶᠢ ᠪᠡᠶᠡᠯᠡᠭᠦᠯᠪᠠ᠃ ᠨᠢᠩ ᠢ ᠬᠤᠪᠢᠰᠬᠠᠭᠤᠷ ᠤᠨ | ᠲᠦᠷᠦᠯ ᠵᠤᠶᠢᠯ ᠤᠨ ᠭᠤᠤᠯ ᠴᠤᠬᠴᠠ ᠶᠢ ᠪᠡᠶᠡᠯᠡᠭᠦᠯᠪᠡ᠃ ᠪᠤᠷᠬᠠᠨᠳᠤ ᠶᠢᠨ ᠬᠤᠪᠢᠰᠬᠠᠭᠤᠷ ᠤᠨ ᠦᠷᠳᠡᠭᠡ ᠶᠢᠨ | ᠪᠠᠭᠳᠠᠭᠠᠮᠵᠢ ᠶᠢ ᠶᠡᠭᠡᠰᠭᠡᠬᠦ ᠶᠢ ᠪᠡᠶᠡᠯᠡᠭᠦᠯᠪᠡ᠃ ᠵᠢᠢ ᠵᠢᠶᠠ ᠳ᠋ᠢᠶᠠᠨ ᠤ ᠬᠤᠪᠢᠰᠬᠠᠭᠤᠷ ᠢ ᠡᠬᠢᠯᠡᠬᠦᠯᠦᠨ ᠪᠠᠶᠢᠭᠤᠯᠪᠠ᠃ | ᠳ᠋ᠠ ᠬᠤ᠋ ᠱᠠᠨ ᠤᠰᠤᠨ ᠴᠦᠭᠦᠷᠦᠮ ᠤᠨ ᠤᠰᠤ ᠬᠠᠩᠭᠠᠬᠤ ᠢᠨᠵᠧᠨᠧᠷᠢᠩ ᠨᠢ ᠡᠮᠤᠨ᠎ᠡ ᠬᠤᠭᠤᠴᠠᠭᠠᠨ ᠤ ᠠᠵᠢᠯ | ᠢᠶᠠᠨ ᠪᠡᠶᠡᠯᠡᠬᠦᠯᠦᠨ᠂ ᠳ᠋ᠦᠩ ᠰᠢᠶᠣᠣ ᠾᠧ ᠤᠨ ᠦᠶᠡᠷ ᠢ ᠰᠡᠷᠭᠡᠶᠢᠯᠡᠨ ᠵᠠᠰᠠᠬᠤ ᠢᠨᠵᠧᠨᠧᠷᠢᠩ ᠨᠢ ᠰᠢᠪᠳᠤᠷᠭᠠᠨ | ᠳᠤ ᠪᠠᠨ ᠤᠷᠤᠪᠠ᠃ | ( ᠲᠥᠷᠪᠡ ) ᠨᠡᠶᠢᠭᠡᠮ ᠤᠨ ᠤᠶᠢᠯᠡᠰ ᠢ ᠤᠯᠠᠮ ᠨᠢᠭᠡ ᠠᠯᠬᠤᠮ ᠭᠥᠭᠵᠢᠭᠦᠯᠪᠡ᠃ | ᠰᠢᠨᠵᠢᠯᠡᠬᠦ ᠤᠬᠠᠭᠠᠨ ᠲᠧᠭᠨᠢᠭ ᠮᠠᠷᠭᠡᠵᠢᠯ ᠤᠨ ᠠᠵᠢᠯ ᠰᠢᠨ᠎ᠡ ᠦᠷ᠎ᠡ ᠪᠥᠳᠥᠭᠡᠯ ᠢ ᠤᠯᠪᠠ᠃ ᠰᠢᠶᠤᠤ | ᠴᠧᠩᠽᠢ ᠤᠨ ᠪᠠᠢ ᠤᠪᠤᠭᠳᠠᠨ ᠤ ᠵᠢᠮᠢᠰ ᠨᠤᠭᠤᠭ᠎ᠠ ᠶᠢ ᠬᠦᠭᠵᠢᠭᠦᠯᠭᠦ ᠨᠡᠶᠢᠭᠡᠮᠯᠢᠭ ᠨᠢ ᠪᠦᠬᠦ ᠤᠯᠤᠰ ᠤᠨ ᠰᠢᠨᠵᠢᠯᠡᠬᠦ | ᠤᠬᠠᠭᠠᠨ ᠢ ᠲᠦᠭᠡᠮᠯᠡᠵᠢᠬᠦᠯᠦᠨ ᠲᠡᠷᠢᠶᠠᠴᠢᠨ ᠢ ᠬᠠᠷᠠᠭᠠᠯᠵᠠᠨ ᠲᠤᠰᠬᠤᠨ ᠢᠶᠠᠨ ᠪᠠᠶᠠᠵᠢᠭᠤᠯᠤᠬᠰᠠᠨ ᠲᠡᠷᠢᠬᠦᠨ ᠤ | ᠨᠢᠭᠡᠴᠡ ᠪᠠᠷ ᠦᠨᠡᠨᠯᠡᠭᠳᠡᠪᠡ᠃ ᠰᠢᠶᠠᠨ ᠤ ᠡᠮᠨᠡᠯᠭᠡ ᠶᠢᠨ ᠬᠤᠷᠢᠶᠠᠨ ᠤ ᠠᠺᠠᠳᠧᠮᠢᠴᠢ ᠶᠢᠨ ᠠᠵᠢᠯ ᠤᠨ ᠦᠷᠳᠡᠭᠡ ᠨᠢ | ᠦᠪᠡᠷᠳᠡᠭᠡᠨ ᠵᠠᠰᠠᠬᠤ ᠤᠷᠤᠨ ᠤ ᠬᠢᠨᠠᠨ ᠵᠦᠪᠰᠢᠶᠡᠷᠡᠯ ᠢ ᠦᠩᠭᠡᠷᠡᠪᠡ᠃ | ᠰᠤᠷᠭᠠᠨ ᠬᠦᠮᠦᠵᠢᠯ ᠤᠨ ᠠᠵᠢᠯ ᠰᠢᠨ᠎ᠡ ᠥᠷ᠎ᠡ ᠪᠥᠳᠥᠮᠵᠢ ᠶᠢ ᠤᠯᠪᠠ᠃ 1000 ᠲᠥᠮᠡᠨ ᠲᠦᠭᠦᠷᠢᠭ ᠢ | ᠪᠡᠯᠡ ᠤᠷᠤᠭᠤᠯᠤᠨ᠂ ᠮᠡᠷᠡᠲᠦ ᠶᠢᠨ ᠮᠤᠩᠭᠤᠯ ᠦᠨᠳᠦᠰᠦᠲᠡᠨ ᠤ ᠲᠤᠮᠳᠠᠳᠤ ᠰᠤᠷᠭᠠᠭᠤᠯᠢ ᠪᠤᠯᠤᠨ ᠰᠦᠮ᠎ᠡ ᠶᠢᠨ | ᠭᠤᠤᠯ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠰᠠᠷ ᠤᠨ ᠲᠥᠷᠥᠯ ᠵᠤᠶᠢᠯ ᠤᠨ ᠭᠤᠤᠯ ᠴᠤᠬᠴᠠ ᠶᠢ ᠲᠠᠭᠤᠰᠬᠠᠪᠠ᠃ | ᠲᠢᠶᠠᠨ ᠢ ᠲᠤᠷᠰᠢᠯᠲᠠ ᠶᠢᠨ ᠪᠠᠭ᠎ᠠ ᠰᠤᠷᠭᠠᠭᠤᠯᠢ ᠨᠢ ᠠᠰᠢᠭᠯᠠᠯᠲᠠ ᠳᠤ ᠤᠷᠤᠵᠦ ᠬᠡᠷᠩᠯᠡᠪᠡ᠃ 604 ᠰᠤᠷᠤᠬᠴᠢ | ᠲᠡᠭᠡᠲᠤ ᠰᠣᠷᠭᠠᠭᠤᠯᠢ ᠶᠢᠨ ᠰᠢᠯᠭᠠᠯᠲᠠ ᠶᠢᠨ ᠨᠢᠭᠡᠳᠤᠭᠡᠷ ᠤᠳᠠᠰᠤ ᠶᠢ ᠲᠠᠪᠠᠨ᠂ 41.5 % ᠪᠠᠷ ᠨᠡᠮᠡᠭᠳᠡᠵᠦ᠂ | ᠴᠢᠩ ᠬᠤᠸᠠ ᠳᠤ 3 ᠰᠤᠷᠤᠬᠴᠢ᠂ ᠪᠡᠭᠡᠵᠢᠩ ᠶᠡᠭᠡ ᠰᠣᠷᠭᠠᠭᠤᠯᠢ ᠳᠤ 1 ᠬᠦᠮᠦᠨ ᠰᠢᠯᠭᠠᠬᠳᠠᠨ ᠤᠷᠤᠪᠠ᠃ | ᠲᠤᠮᠲᠠ ᠵᠡᠷᠭᠡ ᠶᠢᠨ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠥᠳᠥᠮᠵᠢ ᠨᠢ ᠪᠦᠬᠦ ᠬᠤᠲᠠ ᠳᠤ ᠭᠤᠷᠪᠠᠳᠤᠭᠠᠷ ᠲᠤ | ᠵᠢᠬᠰᠠᠭᠠᠬᠳᠠᠪᠠ᠃ | ᠰᠤᠶᠤᠯ ᠲᠠᠮᠢᠷ ᠤᠨ ᠤᠶᠢᠯᠡᠰ ᠰᠢᠨ᠎ᠡ ᠲᠡᠪᠰᠢᠯᠲᠠ ᠶᠢ ᠤᠯᠪᠠ᠃ ᠺᠢᠨᠤ᠋ ᠶᠢᠨ ᠲᠤᠮᠤ ᠠᠰᠠᠷ ᠤᠨ ᠭᠤᠤᠯ | ᠴᠤᠬᠴᠠ ᠤᠨ ᠠᠵᠢᠯ ᠢ ᠲᠠᠭᠤᠰᠬᠠᠨ᠂ ᠲᠡᠷᠢᠶᠠᠴᠢᠨ ᠤ ᠪᠡᠶ᠎ᠡ ᠴᠢᠬᠢᠷᠠᠭᠵᠢᠭᠤᠯᠬᠤ ᠭᠤᠷᠪᠠᠨ ᠢᠨᠵᠧᠨᠧᠷᠢᠩ᠂ ᠪᠠᠭ᠎ᠠ | ᠬᠡᠯᠪᠡᠷᠢ ᠶᠢᠨ ᠪᠡᠶ᠎ᠡ ᠴᠢᠬᠢᠷᠠᠭᠵᠢᠭᠤᠯᠬᠤ ᠠᠷᠪᠠᠨ ᠲᠥᠪ᠂ ᠲᠤᠰᠬᠤᠨ ᠤ ᠪᠦᠵᠢᠭ ᠤᠨ ᠨᠢᠭᠡ ᠲᠠᠶᠢᠰᠠ ᠨᠢ | ᠠᠰᠢᠭᠯᠠᠯᠲᠠ ᠳᠤ ᠤᠷᠤᠵᠦ ᠭᠡᠷᠩᠯᠡᠪᠡ᠃ ᠯᠢᠶᠤᠤ ᠤᠯᠤᠰ ᠤᠨ ᠲᠤᠮᠳᠠᠳᠤ ᠨᠠᠶᠢᠰᠯᠡᠯ ᠤᠨ ᠪᠠᠭᠤᠷᠢ᠂ ᠬᠠᠷ᠎ᠠ ᠬᠤᠲᠠ | ᠶᠢᠨ ᠪᠠᠭᠤᠷᠢ ᠶᠢᠨ ᠬᠠᠮᠭᠠᠯᠠᠯᠲᠠ ᠶᠢᠨ ᠲᠥᠯᠥᠪᠵᠢᠬᠦᠯᠭᠡ ᠶᠢ ᠨᠠᠶᠢᠷᠠᠭᠤᠯᠤᠨ ᠵᠣᠬᠢᠶᠠᠵᠦ ᠲᠠᠭᠤᠰᠬᠠᠪᠠ᠃ | ᠴᠢᠯᠠᠭᠤᠵᠢᠮᠠᠯ ᠢ ᠬᠠᠮᠠᠭᠠᠯᠠᠬᠤ ᠪᠦᠬᠦ ᠤᠯᠤᠰ ᠤᠨ ᠭᠤᠣᠯᠳᠠᠯᠭ᠎ᠠ ᠪᠣᠯᠬᠤ ᠭᠠᠷᠤᠯᠲᠠ ᠶᠢᠨ ᠣᠷᠣᠨ ᠪᠣᠯᠪᠠ᠃ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠤᠯᠲᠠ ᠪᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ | ᠥᠷᠨᠢᠩᠭᠦᠶ ᠪᠠᠷ ᠬᠥᠭᠵᠢᠭᠦᠯᠵᠦ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠡᠮᠢᠷ | ᠤᠨ ᠴᠤᠭᠯᠠᠭᠠᠨ ᠲᠡᠭᠡᠷ᠎ᠡ ᠮᠠᠨ ᠤ ᠰᠢᠶᠠᠨ ᠨᠢ 15 ᠠᠯᠲᠠᠨ ᠮᠧᠳᠡᠯ᠂ 8 ᠮᠥᠩᠬᠦᠨ ᠮᠧᠳᠡᠯ᠂ 10 ᠬᠦᠷᠡᠯ ᠮᠧᠳᠡᠯ | ᠤᠨ ᠰᠢᠯᠢᠳᠡᠭ ᠠᠮᠵᠢᠯᠲᠠ ᠶᠢ ᠤᠯᠪᠠ᠃ ᠨᠢᠩᠴᠧᠩ ᠤᠨ ᠺᠢᠨᠣ᠋ ᠲᠧᠯᠸᠢᠰ ᠤᠨ ᠰᠤᠪᠠᠭ ᠶᠢ ᠨᠡᠪᠳᠡᠷᠡᠭᠦᠯᠦᠨ᠂ | 3800 ᠡᠷᠤᠭᠡ ᠳᠤ ᠤᠳᠠᠰᠤᠳᠤ ᠲᠧᠯᠸᠢᠰ᠂ 4600 ᠡᠷᠤᠭᠡ ᠳᠤ《 ᠡᠷᠤᠭᠡ ᠪᠦᠭᠦᠨ ᠳᠤ ᠨᠡᠪᠳᠡᠷᠡᠭᠦᠯᠭᠦ》 | ᠰᠢᠨ᠎ᠡ ᠪᠠᠷ ᠨᠡᠮᠡᠭᠳᠡᠪᠡ᠃ | ᠡᠷᠡᠭᠦᠯ ᠬᠠᠮᠠᠭᠠᠯᠠᠯ ᠲᠦᠯᠦᠪᠯᠡᠭᠡᠲᠤ ᠦᠷᠡᠵᠢᠯ ᠤᠨ ᠠᠵᠢᠯ ᠰᠢᠨ᠎ᠡ ᠠᠬᠢᠴᠠ ᠶᠢ ᠤᠯᠪᠠ᠃ ᠪᠠᠶᠠᠰᠬᠤᠯᠠᠩ | ᠪᠠᠯᠭᠠᠰᠤ᠂ ᠳ᠋ᠠ ᠮᠢᠩ ᠪᠠᠯᠭᠠᠰᠤᠨ ᠤ ᠡᠷᠡᠬᠦᠯ ᠬᠠᠮᠭᠠᠯᠠᠯ ᠤᠨ ᠬᠤᠷᠢᠶᠠᠨ ᠤ ᠠᠵᠢᠯ ᠡᠷᠬᠢᠯᠡᠬᠦ ᠭᠡᠷᠩᠯᠡᠯᠲᠡ ᠶᠢᠨ ᠭᠡᠷ | ᠠᠰᠢᠭᠯᠡᠯᠲᠠ ᠳᠤ ᠤᠷᠤᠵᠤ ᠬᠡᠷᠩᠯᠡᠪᠡ᠃ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠬᠰᠠᠨ ᠡᠮᠨᠡᠯᠭᠡ ᠳᠤ | ᠤᠷᠤᠯᠴᠠᠬᠰᠠᠨ ᠬᠦᠮᠦᠨ ᠤ ᠲᠤᠭ᠎ᠠ 46.4 ᠲᠦᠮᠡ ᠬᠦᠷᠪᠡ᠃ ᠲᠦᠷᠦ ᠶᠢᠨ ᠪᠤᠳᠤᠯᠭ᠎ᠠ ᠶᠢᠨ ᠭᠡᠪᠴᠢᠶᠠᠨ | ᠲᠤᠳᠤᠷᠠᠬᠢ ᠨᠦᠭᠦᠪᠤᠷᠢ ᠶᠢᠨ ᠬᠠᠷᠢᠴᠠᠯ ᠨᠢ 75% ᠬᠦᠷᠪᠡ᠃ ᠤᠯᠤᠰ ᠤᠨ ᠡᠷᠡᠭᠦᠯ ᠬᠠᠮᠭᠠᠯᠠᠯ ᠤᠨ ᠪᠠᠴᠢᠮ | ᠪᠠᠶᠢᠳᠠᠯ ᠢ ᠠᠷᠭᠠᠴᠠᠬᠤ ᠶᠡᠷᠤᠩᠬᠡᠶᠢᠯᠡᠭᠰᠡᠨ ᠵᠢᠱᠢᠶ᠎ᠠ ᠦᠵᠡᠬᠦᠯᠬᠦ ᠰᠢᠶᠠᠨ ᠢ ᠪᠦᠳᠦᠭᠡᠨ ᠪᠠᠶᠢᠭᠤᠯᠬᠤ ᠪᠤᠯᠤᠨ ᠪᠦᠬᠦ | ᠤᠯᠤᠰ ᠤᠨ ᠦᠨᠳᠦᠰᠦᠨ ᠱᠠᠳᠤᠨ ᠤ ᠬᠢᠳᠡᠳ ᠡᠮ ᠡᠮᠨᠡᠯᠭᠡ ᠶᠢᠨ ᠲᠡᠷᠢᠬᠦᠨ ᠤ ᠨᠢᠭᠡᠴᠡ ᠶᠢᠨ ᠠᠵᠢᠯ ᠤᠨ ᠬᠢᠨᠠᠨ | ᠰᠢᠯᠭᠠᠷᠠᠭᠤᠯᠤᠯᠲᠠ ᠶᠢ ᠦᠩᠭᠡᠷᠡᠪᠡ᠃ ᠰᠢᠶᠠᠨ ᠤ ᠡᠮᠨᠡᠯᠭᠡ ᠶᠢᠨ ᠬᠤᠷᠢᠶ᠎ᠠ ᠨᠢ《 ᠪᠦᠬᠦ ᠤᠯᠤᠰ ᠤᠨ ᠠᠷᠠᠳ ᠤᠨ | ᠬᠠᠨᠤᠮᠵᠢᠲᠠᠢ ᠵᠠᠭᠤᠨ ᠰᠤᠳᠤᠨ ᠵᠢᠱᠢᠶ᠎ᠠ ᠦᠵᠡᠬᠦᠯᠬᠦ ᠡᠮᠨᠡᠯᠭᠡ ᠶᠢᠨ ᠬᠤᠷᠢᠶ᠎ᠠ 》 ᠪᠠᠷ ᠦᠨᠡᠨᠯᠡᠭᠳᠡᠪᠡ᠃ ᠴᠦᠭᠡᠨ | ᠦᠷᠡᠵᠢᠯ ᠤᠨ ᠲᠦᠪᠰᠢᠨ ᠢ ᠦᠷᠭᠦᠯᠵᠢᠯᠡᠨ ᠲᠤᠬᠳᠠᠭᠤᠨ ᠪᠠᠶᠢᠯᠭᠠᠵᠦ᠂ « ᠨᠢᠭᠡ ᠲᠠᠯ᠎ᠠ ᠨᠢ ᠭᠠᠭᠴᠠ ᠬᠡᠤᠭᠡᠳ | ᠪᠠᠶᠢᠬᠤ ᠡᠷ᠎ᠡ ᠡᠮ᠎ᠡ ᠬᠤᠶᠠᠳᠤᠭᠠᠷ ᠬᠡᠤᠭᠡᠳ ᠠᠪᠬᠤ » ᠲᠦᠷᠦ ᠶᠢᠨ ᠪᠤᠳᠤᠯᠭ᠎ᠠ ᠶᠢ ᠡᠬᠢᠯᠡᠨ ᠭᠡᠷᠩᠵᠢᠬᠦᠯᠪᠡ᠃ | ᠲᠦᠷᠦᠵᠦ ᠮᠡᠨᠳᠦᠯᠡᠬᠦ ᠬᠥᠮᠦᠨ ᠠᠮᠠ ᠶᠢᠨ ᠬᠦᠦ ᠬᠡᠦᠬᠡᠨ ᠤ ᠬᠠᠷᠢᠴᠠᠯ 0.86 ᠴᠡᠭ ᠪᠠᠭᠤᠷᠠᠭᠰᠠᠨ ᠪᠠᠶᠢᠨ᠎ᠠ᠃ | ( ᠲᠠᠪᠤ ) ᠠᠷᠠᠳ ᠤᠨ ᠠᠮᠢᠳᠤᠷᠠᠯ ᠤᠨ ᠪᠠᠶᠢᠳᠠᠯ ᠢ ᠤᠯᠡᠮ ᠨᠢᠭᠡ ᠠᠯᠬᠤᠮ ᠰᠠᠶᠢᠵᠢᠷᠠᠭᠤᠯᠪᠠ᠃ | ᠠᠵᠢᠯ ᠤᠯᠭᠤᠬᠤ ᠠᠵᠢᠯ ᠤᠨ ᠪᠥᠳᠥᠮᠵᠢ ᠢᠯᠡᠷᠭᠡᠢ᠃ ᠬᠤᠲᠠ ᠪᠠᠯᠭᠠᠰᠤᠨ ᠤ 2100 ᠬᠦᠮᠦᠨ ᠳᠤ | ᠰᠢᠨ᠎ᠡ ᠪᠠᠷ ᠠᠵᠢᠯ ᠤᠯᠭᠤᠨ᠂ ᠠᠵᠢᠯ ᠤᠯᠬᠤ ᠳᠤ ᠬᠦᠴᠢᠷᠳᠡᠢ 705 ᠬᠥᠮᠦᠨ ᠢ ᠬᠠᠪᠰᠤᠷᠤᠨ ᠠᠵᠢᠯ ᠣᠯᠭᠤᠪᠠ᠃ | ᠨᠡᠶᠢᠲᠡ ᠶᠢᠨ ᠠᠰᠠᠷᠠᠮᠵᠢ ᠶᠢᠨ ᠴᠢᠨᠠᠷᠳᠡᠢ ᠠᠵᠢᠯ ᠤᠨ ᠪᠠᠶᠢᠷᠢ ᠶᠢ 300 ᠨᠡᠭᠡᠭᠡᠨ᠂ ᠬᠤᠲᠠ ᠪᠠᠯᠭᠠᠰᠤᠨ ᠤ | ᠲᠡᠩᠰᠠᠯᠠᠭᠤᠯᠤᠬᠰᠠᠨ ᠠᠵᠢᠯ ᠠᠯᠳᠠᠬᠰᠠᠳ ᠤᠨ ᠨᠤᠷᠮ᠎ᠠ ᠶᠢ 4.1% ᠲᠤᠳᠤᠷ᠎ᠠ ᠬᠢᠵᠠᠭᠠᠷᠯᠠᠪᠠ᠃ ᠬᠦᠳᠡᠭᠡ | ᠲᠤᠰᠬᠤᠨ ᠤ 10.4 ᠲᠥᠮᠡᠨ ᠬᠦᠳᠡᠯᠮᠤᠷᠢ ᠬᠦᠴᠦᠨ ᠢ ᠰᠢᠯᠵᠢᠬᠦᠯᠦᠨ ᠠᠵᠢᠯ ᠤᠯᠭᠤᠵᠦ᠂ ᠬᠦᠳᠡᠯᠮᠤᠷᠢ ᠭᠦᠴᠦᠨ | ᠤ ᠤᠷᠤᠯᠭ᠎ᠠ ᠨᠢ 13.6 ᠳ᠋ᠥᠩᠰᠢᠭᠤᠷ ᠲᠥᠬᠦᠷᠢᠭ ᠬᠦᠷᠪᠡ᠃ | ᠶᠠᠳᠠᠭᠤ ᠶᠢ ᠲᠡᠳᠭᠦᠨ ᠪᠣᠭᠤᠮᠲᠠ ᠰᠢᠪᠳᠤᠯᠠᠬᠤ ᠥᠷ᠎ᠡ ᠪᠥᠳᠥᠮᠵᠢ ᠢᠯᠡᠷᠭᠡᠢ᠃ « ᠭᠤᠷᠪᠡ ᠶᠢ | ᠲᠤᠰᠬᠤᠨ ᠬᠢᠭᠡᠳ ᠡᠷᠤᠭᠡ ᠳᠤ ᠬᠦᠷᠦᠭᠦᠯᠭᠦ » ᠨᠠᠷᠢᠯᠢᠭ ᠤᠨᠤᠪᠴᠢᠳᠠᠢ ᠶᠠᠳᠠᠭᠤ ᠶᠢ ᠲᠡᠳᠬᠦᠬᠦ ᠪᠤᠯᠤᠨ ᠮᠦᠩᠬᠦᠨ | ᠬᠦᠢᠯᠭᠡᠭᠡᠨ ᠤ ᠶᠠᠳᠠᠭᠤ ᠶᠢ ᠲᠡᠳᠭᠦᠨ ᠠᠷᠠᠳ ᠢ ᠪᠠᠶᠠᠵᠢᠭᠤᠯᠬᠤ ᠢᠨᠵᠧᠨᠧᠷᠢᠩ ᠢ ᠬᠦᠨᠵᠡᠭᠡᠢ ᠨᠡᠶᠢᠳᠠᠪᠤᠷᠢᠵᠢᠭᠤᠯᠤᠨ᠂ | ᠶᠠᠳᠠᠭᠤ ᠶᠢ ᠲᠡᠳᠬᠦᠬᠦ ᠬᠦᠳᠤᠯᠤᠮᠵᠢ ᠶᠢᠨ ᠪᠡᠯᠡ ᠶᠢ 4410 ᠲᠥᠮᠡᠨ ᠲᠦᠭᠦᠷᠢᠭ᠂ ᠮᠥᠩᠬᠦᠨ ᠬᠦᠢᠯᠭᠡᠭᠡᠨ ᠤ | ᠶᠠᠳᠠᠭᠤ ᠶᠢ ᠲᠡᠳᠭᠦᠭᠦ ᠲᠠᠭᠠᠭᠠᠯᠲᠠ ᠶᠢᠨ ᠨᠦᠭᠦᠪᠤᠷᠢ ᠮᠥᠩᠬᠦ 2000 ᠲᠦᠮᠡᠨ ᠲᠦᠭᠦᠷᠢᠭ ᠢ ᠪᠡᠯᠡ ᠤᠷᠤᠭᠤᠯᠤᠨ᠂ | ᠮᠥᠩᠬᠦᠨ ᠬᠦᠢᠯᠭᠡᠭᠡᠨ ᠤ ᠶᠠᠳᠠᠭᠤ ᠶᠢ ᠲᠡᠳᠭᠦᠭᠦ ᠵᠢᠭᠡᠯᠡᠯᠭᠡ ᠶᠢ 1.7 ᠳ᠋ᠥᠩᠰᠢᠭᠤᠷ ᠲᠦᠭᠦᠷᠢᠭ ᠢ ᠲᠠᠷᠬᠠᠭᠠᠨ᠂ 1. | 9 ᠲᠥᠮᠡᠨ ᠶᠠᠳᠠᠭᠤ ᠬᠦᠴᠢᠷᠳᠡᠯᠳᠡᠢ ᠠᠷᠠᠳ ᠢ ᠲᠤᠬᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠪᠠ᠃ | ᠨᠡᠶᠢᠭᠡᠮ ᠤᠨ ᠪᠠᠳᠤᠯᠠᠭ᠎ᠠ ᠶᠢ ᠤᠯᠠᠮ ᠬᠦᠴᠦᠯᠡᠨ ᠴᠢᠩᠭᠠᠳᠬᠠᠪᠠ᠃ ᠬᠤᠲᠠ ᠭᠦᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠲᠠᠭᠠᠳᠬᠠᠯ ᠳᠤ ᠤᠷᠤᠯᠴᠠᠬᠰᠠᠨ ᠬᠦᠮᠦᠨ ᠤ ᠲᠤᠭ᠎ᠠ 25.1 ᠲᠥᠮᠡ ᠬᠦᠷᠴᠦ᠂ ᠬᠤᠲᠠ | ᠪᠠᠯᠭᠠᠰᠤᠨ ᠤ ᠠᠵᠢᠯᠳᠠᠨ ᠨᠠᠰᠤᠵᠢᠯ᠂ ᠠᠵᠢᠯ ᠤᠨ ᠬᠡᠨᠡᠳᠡᠯ᠂ ᠦᠷᠡᠵᠢᠯ ᠤᠨ ᠲᠠᠭᠠᠳᠬᠠᠯ ᠳᠤ ᠲᠤᠰᠪᠤᠷᠢ 26610 | ᠬᠦᠮᠦᠨ᠂ 23678 ᠬᠥᠮᠦᠨ᠂ 19691ᠬᠦᠮᠦᠨ ᠳᠤ ᠬᠦᠷᠭᠡᠪᠡ᠃ ᠬᠤᠲᠠ ᠪᠠᠯᠭᠠᠰᠣᠨ ᠤ ᠡᠮ ᠡᠮᠨᠡᠯᠭᠡ ᠶᠢᠨ | ᠲᠠᠭᠠᠳᠬᠠᠯ ᠳᠤ ᠤᠷᠤᠯᠴᠠᠬᠰᠠᠨ ᠬᠦᠮᠦᠨ ᠤ ᠲᠤᠭ᠎ᠠ 11.3 ᠲᠥᠮᠡ ᠬᠦᠷᠪᠡ᠃ ᠡᠯ᠎ᠡ ᠵᠤᠶᠢᠯ ᠤᠨ ᠨᠠᠶᠢᠭᠡᠮ ᠤᠨ | ᠪᠠᠳᠤᠯᠠᠪᠤᠷᠢ ᠮᠥᠩᠬᠦ ᠶᠢ 4.4 ᠳ᠋ᠥᠩᠰᠢᠭᠤᠷ ᠲᠦᠬᠦᠷᠢᠭ᠂ ᠬᠠᠮᠤᠭ ᠲᠤᠤᠷ᠎ᠠ ᠠᠮᠢᠳᠤᠷᠠᠯ ᠤᠨ ᠪᠠᠳᠤᠯᠠᠭ᠎ᠠ ᠶᠢᠨ | ᠮᠥᠩᠬᠦ᠂ ᠠᠪᠤᠷᠠᠨ ᠲᠤᠰᠠᠯᠠᠬᠤ ᠮᠥᠩᠬᠦ ᠶᠢ 1.5 ᠳ᠋ᠥᠩᠰᠢᠭᠤᠷ ᠲᠦᠬᠦᠷᠢᠭ᠂ ᠬᠠᠮᠤᠭ ᠲᠤᠤᠷ᠎ᠠ ᠠᠮᠢᠳᠤᠷᠠᠯ ᠤᠨ | ᠪᠠᠳᠤᠯᠠᠭᠠᠳᠤ ᠡᠷᠤᠭᠡ ᠶᠢᠨ ᠤᠶᠤᠲᠠᠨ ᠳᠤ ᠰᠤᠷᠤᠯᠭ᠎ᠠ ᠶᠢᠨ ᠲᠡᠳᠬᠦᠮᠵᠢ ᠶᠢᠨ ᠮᠥᠩᠬᠦ ᠶᠢ 1282 ᠲᠥᠮᠡᠨ | ᠲᠥᠬᠦᠷᠢᠭ᠂ ᠡᠪᠤᠯ ᠤᠨ ᠲᠤᠯᠠᠭᠠᠯᠠᠭ᠎ᠠ ᠶᠢᠨ ᠨᠠᠬᠦᠷᠡᠰᠤᠨ ᠤ ᠨᠦᠬᠦᠪᠤᠷᠢ ᠶᠢ 5381 ᠲᠥᠮᠡᠨ ᠲᠦᠬᠦᠷᠢᠭ | ᠲᠡᠷᠬᠠᠭᠠᠪᠠ᠃ | ( ᠵᠢᠷᠭᠤᠭ᠎ᠠ ) ᠨᠡᠶᠢᠭᠡᠮ ᠤᠨ ᠬᠠᠮᠢᠶᠠᠷᠤᠯᠲᠠ ᠤᠯᠠᠮ ᠨᠢᠭᠡ ᠠᠯᠬᠤᠮ ᠴᠢᠩᠭᠠᠷᠠᠪᠠ᠃ | ᠬᠠᠤᠯᠢ ᠪᠠᠷ ᠰᠢᠶᠠᠨ ᠢᠶᠠᠨ ᠵᠠᠰᠠᠬᠤ ᠠᠯᠬᠤᠴᠠ ᠶᠢ ᠲᠦᠷᠭᠡᠳᠪᠡ᠃ | « ᠵᠢᠷᠭᠤᠳᠤᠭᠠᠷ ᠲᠡᠪᠤᠨ» ᠬᠠᠤᠯᠢ ᠴᠠᠭᠠᠵᠠ ᠶᠢᠨ ᠮᠡᠳᠡᠯᠭᠡ ᠶᠢ ᠲᠥᠭᠡᠮᠡᠯᠵᠢᠬᠦᠯᠬᠦ ᠶᠢ ᠬᠥᠨᠵᠡᠭᠡᠢ ᠦᠷᠨᠢᠬᠦᠯᠪᠡ᠃ | ᠬᠠᠤᠯᠢ ᠪᠠᠷ ᠵᠠᠰᠠᠬᠤ ᠰᠤᠶᠤᠯ ᠤᠨ« ᠵᠢᠷᠭᠤᠭᠠᠨ ᠨᠢᠭᠡ ᠶᠢᠨ ᠢᠨᠵᠧᠨᠧᠷᠢᠩ » ᠪᠤᠯᠤᠨ ᠦᠨᠳᠦᠰᠦᠨ ᠱᠠᠳᠤᠨ ᠤ | ᠠᠷᠠᠳᠴᠢᠯᠠᠯ ᠢᠶᠠᠷ ᠲᠤᠰᠬᠤᠨ ᠢᠶᠠᠨ ᠵᠠᠰᠠᠬᠤ « ᠲᠠᠪᠤᠨ ᠰᠢᠨ᠎ᠡ ᠢᠨᠵᠧᠨᠧᠷᠢᠩ » ᠱᠠᠳᠤᠴᠢ ᠴᠢᠨᠠᠷᠳᠡᠢ ᠠᠮᠵᠢᠯᠲᠠ | ᠶᠢ ᠤᠯᠪᠠ᠃ ᠵᠦᠷᠢᠴᠡᠯ ᠵᠢᠭᠤᠷᠠᠯᠳᠤᠭᠠᠨ ᠢ ᠶᠡᠭᠡᠪᠡᠷ ᠡᠶᠡᠳᠡᠭᠦᠯᠭᠦ ᠲᠤᠰᠬᠠᠢ ᠠᠵᠢᠯᠯᠠᠭ᠎ᠠ ᠶᠢ ᠢᠳᠠᠪᠬᠢᠳᠠᠢ | ᠦᠷᠨᠢᠬᠦᠯᠦᠨ᠂ ᠡᠯ᠎ᠡ ᠲᠦᠷᠦᠯ ᠤᠨ 4369 ᠵᠢᠭᠤᠷᠠᠯᠳᠤᠭᠠᠨ ᠢ ᠡᠶᠡᠳᠡᠭᠦᠯᠪᠡ᠃ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠢ ᠴᠢᠩᠭᠠᠳᠬᠠᠨ ᠰᠠᠶᠢᠵᠢᠷᠠᠭᠤᠯᠵᠦ᠂ ᠤᠳᠤᠷᠢᠳᠤᠯᠭ᠎ᠠ ᠺᠠᠳ᠋ᠷ « ᠰᠤᠷᠪᠤᠯᠵᠢᠯᠠᠭ᠎ᠠ ᠶᠢ ᠶᠡᠭᠡᠪᠡᠷ ᠬᠦᠯᠢᠶᠡᠨ | ᠠᠪᠬᠤ » ᠪᠤᠯᠤᠨ ᠰᠠᠯᠠᠭ᠎ᠠ ᠮᠥᠴᠢᠷ ᠬᠤᠯᠪᠤᠭᠠᠯᠠᠨ ᠰᠤᠷᠪᠤᠯᠵᠢᠯᠠᠭ᠎ᠠ ᠶᠢ ᠬᠦᠯᠢᠶᠡᠨ ᠠᠪᠬᠤ ᠶᠢ ᠭᠡᠷᠩᠵᠢᠬᠦᠯᠪᠡ᠃ | ᠡᠳ᠋ ᠤᠨ ᠵᠠᠰᠠᠭ ᠤᠨ ᠪᠡᠯᠡ ᠮᠥᠩᠭᠦ ᠶᠢ 1368 ᠲᠥᠮᠡᠨ ᠲᠦᠬᠦᠷᠢᠭ ᠪᠡᠯᠡ ᠤᠷᠤᠭᠤᠯᠤᠨ᠂ ᠵᠠᠬᠢᠳᠠᠯ | ᠰᠤᠷᠪᠤᠯᠵᠢᠯᠠᠭ᠎ᠠ ᠶᠢᠨ 236 ᠲᠡᠷᠤᠬᠳᠠᠮᠠᠯ ᠭᠡᠷᠩ ᠢ ᠰᠡᠢᠳᠪᠤᠷᠢᠯᠡᠪᠡ᠃ ᠠᠮᠤᠷ ᠠᠮᠣᠭᠤᠯᠠᠩ ᠨᠢᠩᠴᠧᠩ ᠢ | ᠪᠦᠳᠦᠭᠡᠨ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠤᠨ᠂ 18 ᠲᠦᠷᠢᠮᠵᠢᠭᠰᠡᠨ ᠶᠡᠷᠤᠩᠬᠡᠶᠢᠯᠡᠨ ᠵᠠᠰᠠᠬᠤ | ᠠᠵᠢᠯ ᠤᠨ ᠲᠦᠪ᠂ 52 ᠶᠡᠷᠤᠩᠬᠡᠶᠢᠯᠡᠨ ᠵᠠᠰᠠᠬᠤ ᠠᠵᠢᠯ ᠤᠨ ᠦᠷᠳᠡᠭᠡ ᠶᠢ ᠰᠢᠨ᠎ᠡ ᠪᠠᠷ ᠪᠠᠶᠢᠭᠤᠯᠬᠤ ᠪᠤᠶᠤ | ᠦᠭᠡᠷᠡᠴᠢᠯᠡᠨ ᠪᠠᠶᠢᠭᠤᠯᠪᠠ᠃ ᠲᠤᠶᠢᠯ ᠤᠨ ᠲᠤᠳᠤ ᠬᠠᠷᠠᠭᠠᠨ ᠲᠡᠪᠳᠡᠮᠵᠢ ᠶᠢᠨ ᠡᠵᠡᠮᠰᠢᠯᠲᠡ ᠶᠢᠨ ᠴᠡᠭ ᠢ 415᠂ | ᠬᠠᠷᠠᠭᠠᠨ ᠲᠡᠪᠳᠡᠮᠵᠢ ᠶᠢᠨ ᠲᠤᠯᠤᠭᠠᠢ ᠶᠢ 4020 ᠶᠢ ᠰᠢᠨ᠎ᠡ ᠪᠠᠷ ᠨᠡᠮᠡᠭᠳᠡᠭᠦᠯᠪᠡ᠃ ᠵᠠᠮ ᠬᠠᠷᠢᠯᠴᠠᠭᠠᠨ ᠤ | ᠰᠡᠷᠡᠮᠵᠢᠯᠡᠬᠦ ᠰᠤᠷᠭᠠᠨ ᠬᠦᠮᠦᠵᠢᠯ ᠤᠨ ᠰᠠᠭᠤᠷᠢᠨ ᠭᠠᠵᠠᠷ ᠢ ᠪᠠᠶᠢᠭᠤᠯᠤᠨ ᠨᠢᠭᠡᠨᠲᠡ ᠬᠡᠷᠩᠯᠡᠯᠲᠡ ᠳᠤ ᠤᠷᠤᠪᠠ᠃ | ᠠᠮᠢ ᠠᠬᠤᠢ ᠶᠢᠨ ᠬᠠᠮᠭᠠᠯᠠᠯᠲᠠ ᠶᠢ ᠴᠢᠩᠭᠠᠳᠬᠠᠪᠠ᠃ ᠤᠰᠤ ᠰᠢᠷᠤᠢ ᠶᠢ ᠪᠠᠳᠤᠯᠠᠬᠤ ᠴᠡᠭᠴᠡᠯᠡᠨ ᠵᠠᠰᠠᠬᠤ | ᠲᠠᠯᠠᠪᠠᠢ ᠶᠢ 6.2 ᠲᠥᠮᠡᠨ ᠮᠤ᠋᠂ ᠡᠯᠡᠰᠤᠨ ᠤ ᠡᠬᠢ ᠶᠢᠨ ᠢᠨᠵᠧᠨᠧᠷᠢᠩ ᠢ ᠤᠶᠢᠵᠢᠭᠤᠯᠬᠤ 2.7 ᠲᠥᠮᠡᠨ ᠮᠤ᠋᠂ | ᠭᠤᠤᠯᠳᠠᠯᠭ᠎ᠠ ᠲᠠᠢ ᠤᠷᠤᠨ ᠪᠦᠰᠡ ᠢ ᠨᠤᠭᠤᠭᠠᠷᠠᠭᠤᠯᠬᠤ 1.9 ᠲᠥᠮᠡᠨ ᠮᠤ᠋ ᠶᠢ ᠰᠢᠨ᠎ᠡ ᠪᠠᠷ ᠨᠡᠮᠡᠭᠳᠡᠬᠦᠯᠪᠡ᠃ | ᠬᠠᠤᠯᠢ ᠪᠤᠰᠤ 13 ᠠᠭᠤᠷᠬᠠᠶ ︵ᠲᠡᠭᠦᠵᠦ ᠴᠡᠭ︶᠂ 8 ᠲᠣᠭᠤᠰᠬ᠎ᠠ ᠶᠢᠨ ᠦᠢᠯᠡᠳᠪᠦᠷᠢ ᠶᠢ ᠬᠠᠭᠠᠵᠦ᠂ ᠭᠠᠵᠠᠷ | ᠰᠢᠨᠵᠢᠯᠡᠭᠡᠨ ᠤ ᠣᠷᠴᠢᠨ ᠲᠣᠭᠤᠷᠢᠨ ᠢ 3081 ᠮᠦ ᠰᠡᠷᠭᠦᠭᠡᠨ ᠵᠠᠰᠠᠵᠦ᠂ ᠦᠢᠯᠡᠳᠪᠦᠷᠢ ᠠᠭᠤᠷᠬᠠᠶ ᠶᠢᠨ | ᠬᠠᠶᠠᠭᠳᠠᠮᠠᠯ ᠭᠠᠵᠠᠷ ᠪᠠ ᠰᠠᠭᠤᠭᠠᠯᠢ ᠠᠷᠠᠳ ᠤᠨ ᠬᠠᠶᠠᠭᠳᠠᠮᠠᠯ ᠴᠡᠭ ᠢ 2922 ᠮᠦ ᠳᠠᠬᠢᠨ ᠬᠠᠭᠠᠯᠪᠤᠷᠢᠯᠠᠪᠠ᠃ | ᠲᠢᠶᠠᠨ ᠢ ᠵᠡᠭᠡᠯᠢ ᠳᠠᠬᠢ ᠨᠡᠭᠦᠷᠡᠰᠦ ᠰᠢᠳᠠᠭᠠᠬᠤ 39 ᠵᠢᠵᠢᠭ ᠵᠤᠤᠬ᠎ᠠ ᠶᠢ ᠨᠤᠷᠠᠭᠠᠨ᠂ ᠢᠳᠡᠭᠡᠨ ᠤᠮᠳᠠᠭᠠᠨ ᠤ 82 | ᠡᠷᠤᠭᠡ ᠶᠢ ᠲᠤᠰᠤ ᠤᠳᠤᠭ᠎ᠠ ᠴᠡᠪᠡᠷᠰᠢᠭᠦᠯᠭᠦ ᠲᠦᠭᠦᠭᠡᠷᠤᠮᠵᠢ ᠶᠢ ᠤᠬᠰᠠᠷᠠᠭᠤᠯᠪᠠ᠃APEC ᠬᠤᠷᠠᠯᠳᠤᠭᠠᠨ ᠤ | ᠠᠭᠠᠷ ᠤᠨ ᠶᠠᠰᠤ ᠴᠢᠨᠠᠷ ᠢ ᠪᠠᠳᠤᠯᠠᠬᠤ ᠡᠭᠦᠷᠭᠡ ᠶᠢ ᠠᠮᠵᠢᠯᠲᠠᠳᠠᠢ ᠪᠠᠶᠡᠯᠡᠬᠦᠯᠪᠡ᠃ | ᠡᠨᠡ ᠨᠢᠭᠡᠨ ᠵᠢᠯ ᠳᠤ᠂ ᠰᠢᠶᠠᠨ ᠤ ᠵᠠᠰᠠᠭ ᠤᠨ ᠤᠷᠳᠤᠨ ᠨᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶᠠᠨ ᠤ ᠲᠤᠬᠳᠠᠭᠠᠯ ᠰᠢᠢᠳᠪᠤᠷᠢ ᠶᠢ ᠬᠢᠨᠠᠮᠭᠠᠢ ᠬᠡᠷᠩᠵᠢᠬᠦᠯᠦᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠲᠠ᠂ ᠠᠵᠢᠯ ᠤᠨ ᠬᠢᠨᠠᠯᠲᠠ ᠪᠤᠯᠤᠨ | ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠡᠯ ᠬᠢᠨᠠᠯᠲᠠ ᠶᠢ ᠤᠬᠠᠮᠰᠠᠷ ᠠᠴᠠ ᠪᠠᠨ ᠬᠦᠯᠢᠶᠠᠨ ᠠᠪᠴᠦ᠂ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠦᠪᠯᠡᠯᠭᠡ ᠪᠤᠯᠤᠨᠤᠯᠤᠰ ᠲᠦᠷᠦ ᠶᠢᠨ | ᠵᠦᠪᠯᠡᠯᠭᠡᠨ ᠤ ᠬᠡᠰᠢᠬᠦᠳ ᠤᠨ ᠲᠤᠷᠠᠳᠤᠯᠠᠭᠠ ᠶᠢ 220 ᠵᠤᠶᠢᠯᠡᠰ ᠢ ᠬᠦᠢᠴᠡᠳᠭᠡᠪᠡ᠃ ᠬᠦᠢᠴᠡᠳᠭᠡᠭᠰᠡᠨ ᠨᠤᠷᠮ᠎ᠠ | ᠨᠢ 100 %᠃ ᠨᠡᠮ ᠤᠨ ᠤᠯᠠᠨ ᠲᠥᠮᠡᠨᠴᠢ ᠱᠤᠭᠤᠮ ᠤᠨ ᠬᠦᠮᠦᠵᠢᠯ ᠤᠶᠢᠯᠡᠳᠤᠯᠭᠡ ᠶᠢᠨ ᠠᠵᠢᠯᠯᠠᠭ᠎ᠠ ᠶᠢ | ᠬᠦᠨᠵᠡᠬᠡᠢ ᠦᠷᠨᠢᠬᠦᠯᠦᠨ᠂《 ᠲᠦᠷᠪᠡᠨ ᠰᠤᠷᠳᠠᠯ 》 ᠤᠨ ᠠᠰᠠᠭᠤᠲᠠᠯ ᠢ ᠪᠦᠳᠦᠮᠵᠢᠳᠡᠢ ᠬᠢᠵᠠᠭᠠᠷᠯᠠᠪᠠ᠃ ᠠᠯᠪᠠᠨ | ᠳᠤ ᠬᠡᠷᠩᠯᠡᠬᠦ ᠲᠡᠷᠭᠡ᠂ ᠬᠦᠯᠢᠶᠡᠨ ᠠᠪᠤᠯᠲᠠ᠂ ᠠᠯᠪᠠᠨ ᠵᠠᠷᠤᠳᠠᠯ ᠵᠡᠷᠭᠡ ᠶᠢᠨ ᠬᠠᠮᠢᠶᠠᠷᠤᠯᠲᠠ ᠶᠢᠨ ᠲᠦᠷᠢᠮ ᠢ | ᠲᠡᠬᠦᠯᠳᠡᠷᠵᠢᠬᠦᠯᠦᠨ᠂《 ᠠᠯᠪᠠᠨ ᠤ ᠭᠤᠷᠪᠠᠨ ᠵᠤᠶᠢᠯ ᠤᠨ ᠵᠠᠷᠤᠳᠠᠯ 》 ᠤᠨ ᠵᠠᠷᠤᠯᠭ᠎ᠠ ᠨᠢ 24.8% ᠪᠠᠷ | ᠪᠠᠭᠤᠷᠠᠵᠦ᠂ ᠬᠤᠷᠠᠯ ᠤᠨ ᠵᠠᠷᠤᠳᠠᠯ ᠨᠢ 52.4% ᠪᠠᠷ ᠪᠠᠭᠤᠷᠠᠪᠠ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ᠂ | ᠬᠢᠨᠠᠨ ᠪᠤᠳᠤᠯᠲᠠ ᠶᠢᠨ ᠬᠢᠨᠡᠯᠲᠠ ᠲᠠᠯᠪᠢᠬᠤ ᠪᠦᠳᠦᠮᠵᠢ ᠢᠯᠡᠷᠭᠡᠢ᠃ ᠠᠷᠢᠭᠤᠨ ᠴᠢᠭᠡᠴᠢ ᠵᠠᠰᠠᠭ ᠤᠨ ᠪᠦᠳᠦᠭᠡᠨ | ᠪᠠᠶᠢᠭᠤᠯᠤᠯᠲᠠ ᠪᠤᠯᠤᠨ ᠢᠯᠵᠢᠷᠠᠯ ᠢ ᠡᠰᠡᠷᠬᠦᠴᠡᠬᠦ ᠠᠵᠢᠯ ᠢ ᠲᠠᠰᠤᠷᠠᠯᠲᠠ ᠦᠬᠡᠢ ᠴᠢᠩᠭᠠᠳᠬᠠᠨ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ᠂ ᠵᠠᠰᠠᠭ ᠵᠠᠬᠢᠷᠭᠠᠨ ᠤ ᠲᠡᠬᠢᠨ ᠵᠦᠪᠯᠡᠬᠦ ᠪᠤᠯᠤᠨ ᠵᠠᠰᠠᠭ ᠤᠨ ᠶᠠᠪᠤᠳᠠᠯ ᠢ ᠢᠯᠡ | ᠪᠤᠯᠭᠠᠬᠤ ᠵᠡᠷᠭᠡ ᠠᠵᠢᠯ ᠢ ᠯᠠᠪᠳᠠᠭᠤᠨ ᠢᠶᠠᠷ ᠠᠬᠢᠭᠤᠯᠪᠠ᠃ ᠭᠤᠷᠪᠠᠳᠤᠭᠠᠷ ᠤᠳᠠᠭᠠᠨ ᠤ ᠠᠵᠤ ᠠᠬᠤᠢ ᠶᠢᠨ | ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠪᠡ᠃ ᠲᠤᠭ᠎ᠠ ᠪᠦᠷᠢᠳᠭᠡᠯ ᠤᠨ ᠠᠵᠢᠯ ᠨᠢ ᠦᠪᠡᠷᠳᠡᠭᠡᠨ ᠵᠠᠰᠠᠬᠤ ᠤᠷᠤᠨ ᠤ | ᠲᠠᠪᠤᠨ ᠤᠳᠤᠨ ᠲᠡᠰ ᠤᠨ ᠬᠦᠯᠢᠶᠡᠨ ᠠᠪᠤᠯᠲᠠ ᠶᠢ ᠦᠩᠭᠡᠷᠡᠪᠡ᠃ ᠠᠮᠤᠷ ᠲᠦᠪᠰᠢᠨ ᠤ ᠲᠡᠯᠲᠠ ᠭᠡᠮ ᠢ | ᠪᠠᠶᠢᠴᠠᠭᠠᠨ ᠴᠡᠭᠴᠡᠯᠡᠭᠦ ᠶᠢ ᠬᠦᠨᠵᠡᠭᠡᠢ ᠦᠷᠨᠢᠭᠦᠯᠦᠨ᠂ ᠪᠦᠬᠦ ᠵᠢᠯ ᠳᠤ ᠬᠦᠨᠳᠦ ᠶᠡᠭᠡ ᠦᠬᠦᠯ ᠰᠢᠷᠬᠠᠳᠤᠯ ᠤᠨ | ᠭᠡᠨᠡᠳᠡᠯ ᠭᠠᠷᠤᠬᠰᠠᠨ ᠦᠬᠡᠢ᠃ ᠢᠳᠡᠭᠡᠨ ᠤ ᠵᠤᠶᠢᠯ ᠡᠮ ᠤᠨ ᠵᠤᠶᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠨ᠂ ᠬᠢᠨᠠᠨ ᠬᠠᠮᠢᠶᠠᠷᠤᠯᠲᠠ ᠶᠢᠨ ᠴᠢᠳᠠᠪᠬᠢ ᠶᠢᠨ ᠰᠢᠯᠵᠢᠯᠲᠠ ᠶᠢᠨ ᠴᠢᠨᠠᠷᠳᠡᠢ ᠬᠤᠪᠢᠶᠠᠷᠢᠯᠡᠨ ᠰᠢᠯᠵᠢᠬᠦᠯᠬᠦ | ᠶᠢ ᠪᠡᠶᠡᠯᠡᠬᠦᠯᠪᠡ᠃ ᠦᠨᠳᠤᠰᠤᠲᠠᠨ ᠱᠠᠰᠢᠨ ᠰᠤᠷᠳᠠᠬᠤᠨ ᠤ ᠬᠡᠷᠩ ᠡᠷᠬᠢᠯᠡᠬᠦ ᠬᠠᠮᠢᠶᠠᠷᠤᠯᠲᠠ ᠶᠢ ᠴᠢᠩᠭᠠᠳᠬᠠᠨ᠂ | ᠦᠨᠳᠤᠰᠤᠳᠡᠨ ᠨᠦᠭᠦᠳ ᠡᠪ ᠨᠡᠶᠢᠷᠡᠮᠳᠠᠭᠤ ᠪᠦᠯᠭᠦᠮᠳᠡᠭᠰᠡᠨ ᠲᠤᠩ ᠰᠠᠶᠢᠨ ᠪᠠᠶᠢᠳᠠᠯ ᠢ ᠪᠠᠳᠤᠳᠬᠠᠪᠠ᠃ ᠵᠡᠪᠰᠡᠭᠳᠤ | ᠬᠦᠴᠦᠨ ᠤ ᠬᠡᠯᠳᠡᠰ ᠤᠨ ᠠᠵᠢᠯ ᠢ ᠯᠠᠪᠳᠠᠭᠤᠨ ᠢᠶᠠᠷ ᠠᠬᠢᠭᠤᠯᠤᠨ᠂ ᠤᠯᠤᠰ ᠤᠨ ᠬᠠᠮᠭᠠᠯᠠᠯᠲᠠ ᠶᠢᠨ ᠰᠤᠷᠭᠠᠨ | ᠬᠦᠮᠦᠵᠢᠯ᠂ ᠬᠤᠶᠠᠷ ᠢ ᠬᠦᠷᠢᠶᠡᠯᠡᠬᠦ᠂ ᠡᠷᠤᠭᠡ ᠤᠨ ᠴᠡᠷᠢᠭ ᠤᠨ ᠪᠡᠯᠡᠳᠭᠡᠯ ᠠᠯᠪᠠ᠂ ᠠᠷᠠᠳ ᠤᠨ ᠠᠭᠠᠷ ᠤᠨ | ᠰᠡᠷᠭᠡᠶᠢᠯᠡᠯᠲᠠ ᠶᠢᠨ ᠠᠵᠢᠯ ᠨᠢ ᠰᠢᠨ᠎ᠡ ᠲᠡᠭᠡᠭᠰᠢᠯᠡᠯᠲᠠ ᠶᠢ ᠤᠯᠪᠠ᠃ ᠠᠵᠢᠯᠲᠠᠨ ᠴᠢᠳᠠᠪᠤᠷᠢᠳᠠᠨ᠂ ᠲᠠᠩᠰᠠ ᠡᠪᠭᠡᠮᠡᠯ᠂ | ᠰᠢᠶᠠᠨ ᠤ ᠤᠶᠢᠯᠠᠯᠭ᠎ᠠ ᠶᠢ ᠦᠷᠬᠦᠯᠵᠢᠯᠡᠨ ᠵᠠᠰᠠᠬᠤ ᠵᠡᠷᠭᠡ ᠠᠵᠢᠯ ᠨᠢ ᠰᠢᠨ᠎ᠡ ᠠᠮᠵᠢᠯᠲᠠ ᠶᠢ ᠤᠯᠪᠠ᠃ | ᠲᠥᠯᠥᠭᠡᠯᠡᠭᠴᠢᠳ ᠡ ᠂ ᠡᠳᠡᠭᠡᠷ ᠠᠮᠵᠢᠯᠲᠠ ᠶᠢ ᠤᠯᠤᠬᠰᠠᠨ ᠨᠢ ᠰᠢᠶᠠᠨ ᠤ ᠨᠠᠮ ᠤᠨ ᠬᠤᠷᠢᠶᠠᠨ ᠤ | ᠵᠦᠪ ᠤᠨᠤᠪᠴᠢᠳᠡᠢ ᠤᠳᠤᠷᠢᠳᠤᠯᠭ᠎ᠠ ᠶᠢᠨ ᠦᠷ᠎ᠡ ᠳ᠋ᠥᠩ ᠮᠥᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠲᠡᠮᠵᠢᠯᠭᠡ ᠶᠢᠨ ᠥᠷ᠎ᠡ ᠳ᠋ᠥᠩ ᠮᠥᠨ᠂ | ᠪᠦᠬᠦ ᠰᠢᠶᠠᠨ ᠤ ᠺᠠᠳ᠋ᠷ ᠤᠯᠠᠨ ᠲᠥᠮᠡᠨ ᠤ ᠰᠡᠳᠬᠢᠯ ᠨᠢᠭᠡᠳᠤᠨ ᠬᠦᠴᠦᠨ ᠢᠶᠠᠨ ᠬᠠᠮᠳᠤᠤᠬᠠᠨ ᠰᠢᠷᠭᠠᠭᠤ ᠲᠡᠮᠡᠴᠡᠭᠰᠡᠨ | ᠤ ᠦᠷ᠎ᠡ ᠳ᠋ᠦᠩ ᠮᠥᠨ᠃ ᠠᠳᠡ᠂ ᠪᠢ ᠰᠢᠶᠠᠨ ᠤ ᠵᠠᠰᠠᠭ ᠤᠨ ᠤᠷᠳᠤᠨ ᠢ ᠲᠥᠯᠥᠭᠡᠯᠡᠨ᠂ ᠵᠠᠰᠠᠭ ᠤᠨ ᠤᠷᠳᠤᠨ | ᠤ ᠠᠵᠢᠯ ᠢ ᠶᠡᠭᠡᠪᠡᠷ ᠲᠡᠮᠵᠢᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ | ᠪᠤᠯᠤᠨᠤᠯᠤᠰ ᠲᠦᠷᠦ ᠶᠢᠨ ᠵᠥᠪᠯᠡᠯᠭᠡᠨ ᠤ ᠭᠡᠰᠢᠬᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠭᠦᠯᠵᠦ | ᠪᠠᠶᠢᠨ᠎ᠠ᠃ ᠨᠢᠩᠴᠧᠩ ᠰᠢᠶᠠᠨ ᠤ ᠬᠦᠭᠵᠢᠯᠲᠠ ᠳᠤ ᠤᠷᠤᠯᠴᠠᠵᠤ᠂ ᠬᠠᠯᠠᠮᠵᠢᠯᠠᠵᠦ᠂ ᠲᠡᠮᠵᠢᠭᠰᠡᠨ ᠨᠡᠶᠢᠭᠡᠮ ᠤᠨ ᠡᠯ᠎ᠡ | ᠡᠳᠡᠭᠡᠳ ᠲᠤ ᠡᠷᠬᠢᠮ ᠬᠦᠨᠳᠦᠳᠭᠡᠯ ᠪᠤᠯᠤᠨ ᠬᠦᠨ ᠵᠤᠵᠠᠭᠠᠨ ᠲᠠᠯᠠᠷᠬᠠᠯ ᠢᠶᠠᠨ ᠲᠡᠪᠰᠢᠭᠦᠯᠵᠦ ᠪᠠᠶᠢᠨ᠎ᠠ ︕ | ᠠᠮᠵᠢᠯᠲᠠ ᠪᠠᠨ ᠤᠯᠵᠦ ᠬᠠᠷᠠᠬᠰᠠᠨ ᠤ ᠲᠠᠭᠤ ᠪᠢᠳᠠ ᠪᠠᠰᠠ ᠮᠡᠨ ᠤ ᠰᠢᠶᠠᠨ ᠤ ᠠᠵᠦ ᠠᠬᠤᠢ ᠨᠡᠶᠢᠭᠡᠮ ᠤᠨ | ᠬᠦᠭᠵᠢᠯᠲᠠ ᠳᠤ ᠪᠠᠰᠠ ᠪᠠᠭ᠎ᠠ ᠪᠤᠰᠤ ᠬᠦᠴᠢᠷᠳᠡᠯ ᠪᠤᠯᠤᠨ ᠠᠰᠠᠭᠤᠳᠠᠯ ᠤᠷᠤᠰᠢᠵᠦ ᠪᠠᠶᠢᠨ᠎ᠠ ᠭᠡᠳᠡᠭ ᠢ ᠰᠡᠷᠭᠡᠭ ᠢᠶᠠᠷ | ᠤᠯᠵᠦ ᠲᠠᠨᠢᠪᠠ᠃ ᠭᠤᠤᠯ ᠪᠤᠯᠬᠤ ᠢᠯᠡᠷᠡᠯ᠄ ᠨᠢᠭᠡ᠂ ᠤᠯᠠᠮᠵᠢᠯᠡᠯᠳᠤ ᠤᠶᠢᠯᠡᠳᠪᠤᠷᠢᠯᠡᠯ ᠤᠨ ᠦᠷᠢᠰᠦᠯᠳᠦᠭᠡᠨ ᠤ | ᠬᠦᠴᠦᠨ ᠪᠠᠭᠤᠷᠠᠢ᠂ ᠰᠢᠨ᠎ᠡ ᠤᠶᠢᠯᠡᠳᠪᠤᠷᠢᠯᠡᠯ᠂ ᠰᠢᠨ᠎ᠡ ᠠᠵᠤ ᠠᠬᠤᠢ ᠶᠢᠨ ᠦᠰᠦᠯᠲᠡ ᠶᠢᠨ ᠴᠡᠭ ᠬᠠᠷᠬᠠᠨ | ᠪᠦᠷᠢᠯᠳᠤᠭᠡᠳᠤᠢ᠃ ᠠᠵᠤ ᠠᠬᠤᠢ ᠶᠢᠨ ᠭᠦᠭᠵᠢᠯᠲᠠ ᠰᠢᠨ᠎ᠡ ᠬᠠᠭᠤᠴᠢᠨ ᠵᠤᠯᠭᠠᠭᠠᠳᠤᠢ ᠦᠶ᠎ᠡ᠂ ᠵᠠᠷᠢᠮ ᠠᠵᠤ | ᠠᠬᠤᠢ ᠶᠢᠨ ᠭᠦᠢᠴᠡᠳᠭᠡᠯ ᠲᠤᠭ᠎ᠠ ᠨᠢ ᠵᠢᠱᠢᠯᠲᠠ ᠳᠤ ᠪᠠᠨ ᠭᠦᠷᠴᠦ ᠲᠡᠶᠢᠯᠥᠭᠰᠡᠨ ᠦᠬᠡᠢ᠃ ᠬᠤᠶᠠᠷ᠂ ᠵᠠᠷᠢᠮ | ᠠᠵᠢᠯ ᠲᠦᠷᠦᠯ ᠪᠤᠯᠤᠨ ᠠᠵᠦ ᠠᠬᠤᠶᠢᠯᠡᠯ ᠨᠢ ᠤᠯᠤᠰ ᠤᠨ ᠬᠤᠴᠤᠷᠠᠩᠭᠤᠢ ᠤᠶᠢᠯᠡᠪᠤᠷᠢᠯᠡᠯ ᠢ ᠰᠢᠭᠰᠢᠬᠦ ᠪᠤᠯᠤᠨ | ᠪᠦᠳᠦᠴᠡ ᠪᠠᠨ ᠲᠤᠬᠢᠷᠠᠭᠤᠯᠬᠤ ᠠᠴᠠ ᠪᠤᠯᠤᠬᠰᠠᠨ《 ᠬᠡᠰᠡᠭ ᠡᠪᠡᠳᠭᠦ 》 ᠶᠢ ᠬᠦᠯᠢᠶᠡᠵᠦ ᠪᠤᠢ᠃ ᠵᠠᠷᠢᠮ ᠲᠡᠯᠲᠠ | ᠲᠦᠭᠰᠢᠬᠦᠷᠢ ᠶᠢᠨ ᠮᠦᠨ ᠲᠦᠷᠢ ᠨᠢ ᠢᠯᠡᠷᠡᠪᠡ᠃ ᠭᠤᠷᠪᠠ᠂ ᠡᠳ᠋ ᠤᠨ ᠵᠠᠰᠠᠭ ᠤᠨ ᠦᠪᠡᠷ ᠢ ᠪᠠᠨ ᠬᠠᠩᠭᠠᠬᠤ | ᠲᠦᠪᠰᠢᠨ ᠲᠤᠤᠷ᠎ᠠ᠂ ᠵᠠᠰᠠᠭ ᠤᠨ ᠤᠷᠳᠤᠨ ᠤ ᠴᠢᠨᠠᠷᠳᠡᠢ ᠦᠷᠢ ᠦᠭᠴᠡᠭᠡ ᠨᠢ ᠦᠭᠴᠡᠭᠡ ᠪᠠᠨ ᠪᠤᠴᠠᠭᠠᠬᠤ ᠤᠷᠬᠢᠯ | ᠳᠤ ᠤᠷᠤᠵᠦ᠂ ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠶᠢᠯ ᠤᠨ ᠲᠤᠪᠤᠶᠢᠮ᠎ᠡ᠃ ᠲᠦᠷᠪᠡ᠂ ᠤᠯᠠᠨ ᠨᠡᠶᠢᠲᠡ ᠶᠢᠨ | ᠠᠩᠬᠠᠷᠴᠦ ᠪᠠᠶᠢᠭ᠎ᠠ ᠠᠵᠢᠯ ᠤᠯᠭᠤᠯᠲᠠ᠂ ᠰᠤᠷᠭᠠᠨ ᠬᠦᠮᠦᠵᠢᠯ᠂ ᠡᠮ ᠡᠮᠨᠡᠯᠭᠡ᠂ ᠤᠷᠴᠢᠨ ᠲᠤᠭᠤᠷᠢᠨ ᠤ | ᠬᠠᠮᠭᠠᠯᠠᠯᠲᠠ ᠵᠡᠷᠭᠡ ᠲᠠᠯ᠎ᠠ ᠪᠠᠷ ᠲᠤᠷᠤᠢ ᠪᠠᠭᠤᠷᠠᠢ ᠲᠠᠯ᠎ᠠ ᠤᠷᠤᠰᠢᠵᠦ᠂ ᠭᠠᠵᠠᠷ ᠲᠠᠳᠠᠪᠤᠷᠢᠯᠠᠨ ᠨᠤᠷᠠᠭᠠᠨ ᠨᠡᠭᠦᠯᠭᠡᠭᠦ᠂ | ᠬᠦᠴᠦᠨ ᠤ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠦᠭᠴᠦ ᠲᠡᠶᠢᠯᠬᠦ ᠦᠬᠡᠢ ᠵᠡᠷᠭᠡ ᠵᠦᠷᠢᠴᠡᠯ | ᠵᠢᠭᠤᠷᠠᠯᠳᠤᠭᠠᠨ ᠢ ᠡᠭᠦᠰᠭᠡᠭᠦ ᠵᠤᠶᠢᠯ ᠤᠯᠠᠰᠢᠷᠠᠪᠠ᠃ ᠲᠠᠪᠤ᠂ ᠵᠠᠷᠢᠮ ᠺᠠᠳ᠋ᠷ ᠬᠠᠷᠢᠭᠤᠴᠠᠯᠭᠠᠳᠤ ᠲᠡᠨᠢᠯᠲᠠ ᠴᠢᠩᠭ᠎ᠠ | ᠦᠬᠡᠢ᠂ ᠠᠵᠢᠯ ᠬᠢᠬᠦ ᠦᠬᠡᠢ᠂ ᠠᠵᠢᠯ ᠢ ᠤᠳᠠᠭᠠᠰᠢᠷᠠᠭᠤᠯᠬᠤ᠂ ᠠᠷᠠᠳ ᠲᠦᠮᠡᠨ ᠶᠠᠪᠤᠳᠠᠯ ᠭᠦᠢᠴᠡᠳᠭᠡᠬᠦ ᠳᠤ | ᠬᠦᠴᠢᠷ ᠵᠡᠷᠭᠡ ᠠᠰᠠᠭᠤᠳᠠᠯ ᠮᠦᠨ ᠤᠷᠤᠰᠢᠵᠦ ᠪᠤᠢ᠃ ᠡᠳᠡᠭᠡᠷ ᠠᠰᠠᠭᠤᠲᠠᠯ ᠳᠤ᠂ ᠪᠢᠲᠠ ᠤᠯᠡᠮ ᠨᠢᠭᠡ ᠠᠯᠬᠤᠮ | ᠤᠨ ᠪᠦᠳᠦᠮᠵᠢᠳᠠᠢ ᠠᠷᠭ᠎ᠠ ᠬᠡᠮᠵᠢᠶ᠎ᠡ ᠶᠢ ᠠᠪᠴᠦ᠂ ᠦᠨᠡᠨᠬᠦ ᠴᠢᠩᠭ᠎ᠠ ᠰᠢᠢᠳᠪᠤᠷᠢᠯᠡᠨ᠎ᠡ᠃ | ᠬᠤᠶᠠᠷ᠂ 2015 ᠤᠨ ᠤ ᠭᠤᠤᠯ ᠪᠤᠯᠬᠤ ᠠᠵᠢᠯ | 2015 ᠤᠨ ᠨᠢ ᠥᠬᠡᠷᠡᠴᠢᠯᠡᠯᠲᠠ ᠶᠢ ᠪᠦᠬᠦ ᠲᠠᠯ᠎ᠠ ᠪᠠᠷ ᠬᠥᠨᠵᠡᠭᠡᠶᠢᠷᠡᠭᠦᠯᠭᠦ ᠵᠠᠩᠬᠢᠯᠠᠭ᠎ᠠ ᠶᠢᠨ ᠵᠢᠯ᠂ ᠮᠦᠨᠴᠦ | « ᠠᠷᠪᠠᠨ ᠬᠤᠶᠠᠳᠤᠭᠠᠷ ᠲᠠᠪᠤᠨ ᠵᠢᠯ » ᠤᠨ ᠲᠥᠯᠥᠪᠵᠢᠭᠦᠯᠭᠡ ᠶᠢᠨ ᠵᠠᠩᠬᠢᠯᠠᠭ᠎ᠠ ᠶᠢᠨ ᠤᠨ ᠪᠤᠯᠤᠨ᠎ᠠ᠃ | ᠣᠳᠣᠬᠠᠨ ᠳᠤ᠂ ᠠᠵᠤ ᠠᠬᠤᠶ ᠶᠢᠨ ᠪᠠᠶᠢᠳᠠᠯ ᠲᠣᠭᠲᠠᠪᠤᠷᠢ ᠦᠭᠡᠶ᠂ ᠲᠣᠭᠲᠠᠭᠤᠨ ᠪᠤᠰᠤ ᠬᠦᠴᠦᠨ ᠵᠦᠢᠯ ᠮᠥᠨ | ᠨᠡᠯᠢᠶᠡᠳ ᠤᠯᠠᠨ᠂ ᠤᠯᠤᠰ ᠠᠴᠠ ᠣᠷᠣᠨ ᠨᠤᠲᠤᠭ ᠤᠨ ᠥᠪᠡᠰᠦᠪᠡᠨ ᠨᠡᠶᠢᠲᠡᠯᠡᠨ ᠬᠡᠷᠡᠭᠵᠢᠭᠦᠯᠦᠭᠰᠡᠨ ᠪᠤᠢ ᠪᠦᠬᠦᠢ | ᠭᠠᠶᠢᠯᠢ ᠰᠦᠢᠳᠬᠡᠯ ᠤᠨ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢ ᠦᠭᠡᠶᠢᠰᠭᠡᠵᠦ᠂ ᠣᠷᠣᠨ | ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠠᠪᠬᠤ ᠶᠢ ᠴᠢᠩᠭ᠎ᠠ ᠬᠢᠵᠠᠭᠠᠷᠯᠠᠵᠤ᠂ ᠣᠷᠴᠢᠨ ᠲᠣᠭᠤᠷᠢᠨ ᠤ | ᠬᠠᠮᠠᠭᠠᠯᠠᠯᠲᠠ ᠶᠢ ᠤᠷᠢᠳᠤ ᠡᠮᠦᠨ᠎ᠡ ᠭᠠᠷᠤᠭ᠎ᠠ ᠤᠢᠭᠡᠢ ᠬᠡᠮᠵᠢᠶ᠎ᠠ ᠪᠠᠷ ᠴᠢᠬᠤᠯᠠᠴᠢᠯᠠᠵᠦ᠂ ᠮᠠᠨ ᠤ ᠲᠦᠷᠭᠡᠪᠴᠢᠯᠡᠨ | ᠬᠥᠭᠵᠢᠬᠦ ᠳᠤ ᠰᠢᠨ᠎ᠡ ᠰᠢᠯᠭᠠᠯᠲᠠ ᠶᠢ ᠪᠥᠷᠢᠯᠳᠥᠭᠦᠯᠵᠠᠢ᠃ ᠤᠯᠤᠰ ᠠᠴᠠ ᠪᠡᠶᠡᠴᠢ ᠴᠣᠭᠴᠠ ᠶᠢᠨ ᠴᠢᠳᠠᠮᠵᠢᠳᠤ | ᠣᠷᠣᠨ ᠤ ᠲᠥᠯᠥᠪᠵᠢᠭᠦᠯᠭᠡ ᠶᠢ ᠭᠤᠶᠢᠪᠢᠰᠢ ᠦᠭᠡᠢ ᠪᠠᠷ ᠬᠡᠷᠡᠭᠵᠢᠭᠦᠯᠵᠦ᠂ ᠵᠡᠭᠦᠨ ᠬᠤᠶᠢᠲᠤ ᠣᠷᠣᠨ ᠤ ᠬᠥᠭᠵᠢᠯ | ᠮᠠᠨᠳᠤᠯ᠂ ᠪᠠᠷᠠᠭᠤᠨ ᠬᠡᠰᠡᠭ ᠤᠨ ᠭᠠᠵᠠᠷ ᠣᠷᠣᠨ ᠢ ᠨᠡᠭᠡᠭᠡᠨ ᠬᠥᠭᠵᠢᠭᠦᠯᠬᠦ ᠵᠡᠷᠭᠡ ᠪᠠᠶᠢᠯᠳᠤᠬᠤ ᠪᠣᠳᠣᠯᠭ᠎ᠠ ᠶᠢᠨ | ᠰᠠᠭᠤᠷᠢᠨ ᠳᠡᠭᠡᠷ᠎ᠡ᠂ ᠪᠡᠭᠡᠵᠢᠩ ᠲᠢᠶᠠᠨᠵᠢᠨ ᠾᠧᠪᠸᠢ ᠶᠢ ᠬᠠᠮᠵᠢᠯᠴᠠᠨ ᠬᠥᠭᠵᠢᠭᠦᠯᠬᠦ ᠵᠡᠷᠭᠡ ᠪᠠᠶᠢᠯᠳᠤᠬᠤ ᠪᠣᠳᠣᠯᠭ᠎ᠠ | ᠶᠢ ᠡᠬᠢᠯᠡᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠢ ᠪᠤᠶᠢᠵᠢᠭᠤᠯᠬᠤ ᠪᠠ ᠠᠷᠠᠳ ᠤᠨ | ᠠᠮᠢᠳᠤᠷᠠᠯ ᠤᠨ ᠣᠷᠣᠭᠤᠯᠤᠯᠲᠠ ᠶᠢ ᠵᠡᠭᠦᠨ ᠬᠡᠰᠡᠭ ᠤᠨ ᠲᠡᠰᠢ ᠬᠡᠯᠪᠠᠶᠢᠯᠭᠡᠵᠦ᠂ ᠮᠠᠨ ᠤ ᠰᠢᠶᠠᠨ ᠠᠩᠬᠠᠨ ᠤ ᠪᠦᠯᠦᠭ | ᠡᠷᠬᠡ ᠶᠢ ᠥᠷᠭᠡᠳᠬᠡᠵᠦ ᠰᠢᠶᠠᠨ ᠢ ᠬᠦᠴᠦᠷᠬᠡᠭᠵᠢᠭᠦᠯᠬᠦ ᠲᠤᠷᠰᠢᠯᠲᠠ ᠶᠢᠨ ᠰᠢᠶᠠᠨ ᠢᠶᠠᠷ ᠲᠤᠬᠳᠠᠭᠠᠬᠳᠠᠵᠦ᠂ ᠪᠢᠳᠠ | ᠳᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠬᠥᠨᠵᠡᠭᠡᠶᠢᠷᠡᠭᠦᠯᠦᠨ᠂ ᠴᠢᠯᠥᠭᠡᠲᠡᠶ ᠶᠠᠪᠤᠯᠴᠠᠬᠤ ᠶᠢ ᠥᠷᠭᠡᠳᠬᠡᠬᠦ᠂ | ᠬᠥᠭᠵᠢᠯᠲᠡ ᠶᠢ ᠲᠦᠷᠭᠡᠳᠬᠡᠬᠦ ᠳᠤ ᠰᠢᠨ᠎ᠡ ᠠᠵᠠ ᠲᠣᠬᠢᠶᠠᠯ ᠢ ᠣᠯᠭᠤᠭᠰᠠᠨ ᠪᠠᠶᠢᠨ᠎ᠠ᠃ ᠤᠯᠠᠨ ᠵᠢᠯ ᠤᠨ | ᠴᠢᠷᠮᠠᠶᠢᠯᠭ᠎ᠠ ᠪᠠᠷ ᠳᠠᠮᠵᠢᠭᠠᠳ᠂ ᠮᠠᠨ ᠤ ᠰᠢᠶᠠᠨ ᠤ ᠬᠥᠭᠵᠢᠯᠲᠡ ᠶᠢᠨ ᠬᠠᠷᠠᠯᠲᠠ ᠤᠯᠠᠮ ᠲᠣᠳᠣᠷᠬᠠᠶ᠂ | ᠬᠥᠭᠵᠢᠯᠲᠡ ᠶᠢᠨ ᠰᠡᠳᠬᠢᠴᠡ ᠨᠡᠩ ᠲᠣᠳᠣᠷᠬᠠᠶ᠂ ᠬᠥᠭᠵᠢᠯᠲᠡ ᠶᠢᠨ ᠲᠥᠯᠥᠪᠵᠢᠭᠦᠯᠭᠡ ᠨᠡᠩ ᠲᠡᠭᠦᠯᠳᠡᠷᠵᠢᠭᠦᠯᠵᠦ᠂ | ᠬᠥᠭᠵᠢᠯᠲᠡ ᠶᠢᠨ ᠰᠠᠭᠤᠷᠢ ᠨᠡᠩ ᠪᠠᠲᠤ ᠪᠠᠬᠢᠵᠢᠵᠦ᠂ ᠪᠢᠳᠡ ᠰᠢᠨ᠎ᠡ ᠬᠡᠪ ᠤᠨ ᠪᠠᠶᠢᠳᠠᠯ ᠢ ᠭᠦᠨᠵᠡᠭᠡᠶ ᠲᠠᠨᠢᠵᠤ᠂ | ᠰᠢᠨ᠎ᠡ ᠬᠡᠪ ᠤᠨ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠢᠳᠡᠪᠬᠢᠲᠡᠶ ᠪᠠᠷ ᠰᠢᠨ᠎ᠡ ᠬᠡᠪ ᠪᠠᠶᠢᠳᠠᠯ ᠢ | ᠲᠠᠭᠠᠭᠤᠯᠤᠨ᠂ ᠬᠥᠭᠵᠢᠯᠲᠡ ᠶᠢ ᠰᠤᠯᠠᠷᠠᠭᠤᠯᠤᠯ ᠦᠭᠡᠶ ᠠᠳᠬᠤᠵᠤ᠂ ᠥᠷᠢᠰᠥᠯᠳᠦᠭᠡᠨ ᠢ ᠤᠭᠲᠤᠨ᠂ ᠠᠵᠠ | ᠲᠣᠬᠢᠶᠠᠯ ᠢ ᠠᠳᠬᠤᠵᠤ᠂ ᠪᠦᠬᠦ ᠬᠦᠴᠦ ᠪᠠᠷ ᠢᠶᠠᠨ ᠨᠡᠮᠡᠭᠳᠡᠯ ᠢ ᠲᠤᠬᠳᠠᠪᠤᠷᠢᠵᠢᠭᠤᠯᠵᠦ᠂ ᠪᠦᠲᠦᠴᠡ ᠪᠠᠨ | ᠳᠣᠬᠢᠷᠠᠭᠤᠯᠤᠨ᠂ ᠥᠭᠡᠷᠡᠴᠢᠯᠡᠯᠲᠡ ᠶᠢ ᠠᠬᠢᠭᠤᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ | ᠪᠠᠷᠢᠮᠳᠠᠯᠠᠪᠠᠯ᠂ ᠨᠢᠩᠴᠧᠩ ᠤᠨ ᠠᠵᠤ ᠦᠢᠯᠡᠰ ᠨᠡᠩ ᠰᠡᠶᠢᠠ ᠭᠥᠭᠵᠢᠭᠦ ᠨᠢ ᠯᠠᠪᠳᠠᠢ᠃ | ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠤᠩᠬᠡᠢ ᠱᠠᠭᠠᠷᠳᠠᠯᠭ᠎ᠠ : ᠰᠢᠶᠠᠨ ᠤ ᠨᠠᠮ ᠤᠨ | ᠬᠤᠷᠢᠶᠠᠨ ᠤ ᠠᠷᠪᠠᠨ ᠲᠥᠷᠪᠡᠳᠥᠭᠡᠷ ᠬᠤᠭᠤᠴᠠᠭᠠᠨ ᠤ ᠶᠢᠰᠤᠳᠤᠭᠡᠷ ᠤᠳᠠᠭᠠᠨ ᠤ ᠪᠦᠬᠦ ᠬᠡᠰᠢᠭᠦᠨ ᠤ ᠬᠤᠷᠠᠯᠳᠤᠭᠠᠨ | ᠵᠢᠴᠢ ᠠᠵᠦ ᠠᠬᠤᠢ ᠶᠢᠨ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠡᠶᠢᠳᠠᠪᠤᠷᠢᠵᠢᠭᠤᠯᠤᠨ | ᠂ ᠠᠷᠠᠳ ᠢᠶᠠᠨ ᠪᠠᠶᠠᠯᠢᠭᠵᠢᠭᠤᠯᠤᠨ ᠰᠢᠶᠠᠨ ᠢᠶᠠᠨ ᠬᠦᠴᠦᠷᠭᠡᠭᠵᠢᠭᠦᠯᠭᠦ ᠪᠠᠷ ᠬᠠᠷᠠᠯᠲᠠ ᠪᠠᠨ ᠪᠤᠯᠭᠠᠨ᠂ ᠠᠵᠤ ᠠᠬᠤᠢ | ᠶᠢᠨ ᠭᠦᠭᠵᠢᠯᠲᠠ ᠶᠢᠨ ᠶᠠᠰᠤ ᠴᠢᠨᠠᠷ ᠪᠤᠯᠤᠨ ᠦᠷ᠎ᠡ ᠠᠰᠢᠭ ᠢ ᠲᠡᠭᠡᠭᠰᠢᠯᠡᠭᠦᠯᠭᠦ ᠪᠠᠷ ᠭᠤᠤᠯ ᠪᠤᠯᠭᠠᠨ᠂ ᠯᠠᠪᠳᠠᠭᠤᠨ | ᠢᠶᠠᠷ ᠤᠷᠤᠬᠰᠢ ᠲᠠᠪᠰᠢᠭᠤᠯᠬᠤ ᠠᠵᠢᠯ ᠤᠨ ᠶᠡᠷᠤᠩᠬᠡᠢ ᠦᠨᠳᠤᠰᠤᠨ ᠰᠠᠨᠠᠭ᠎ᠠ ᠶᠢ ᠪᠠᠷᠢᠮᠳᠠᠯᠠᠨ᠂ ᠠᠵᠤ ᠠᠬᠤᠢ ᠶᠢᠨ | ᠬᠥᠭᠵᠢᠯᠲᠠ ᠶᠢᠨ ᠰᠢᠨ᠎ᠡ ᠪᠠᠶᠢᠳᠠᠯ ᠳᠤ ᠰᠠᠨᠠᠭᠠᠴᠢᠯᠭ᠎ᠠ ᠠᠴᠠ ᠪᠠᠨ ᠵᠤᠭᠢᠴᠠᠵᠦ᠂ ᠥᠬᠡᠷᠡᠴᠢᠯᠡᠯᠲᠠ ᠬᠢᠵᠦ ᠰᠢᠨ᠎ᠡ ᠶᠢ | ᠡᠭᠦᠳᠬᠦ ᠭᠤᠤᠯ ᠠᠶᠢᠵᠠᠮ ᠢ ᠲᠤᠪᠤᠶᠢᠯᠭᠠᠨ᠂ ᠲᠤᠬᠳᠠᠭᠤᠨ ᠨᠡᠮᠡᠭᠳᠡᠯ ᠪᠤᠯᠤᠨ ᠪᠦᠳᠦᠴᠡ ᠪᠠᠨ ᠲᠤᠬᠢᠷᠠᠭᠤᠯᠬᠤ ᠶᠢᠨ | ᠲᠡᠩᠴᠡᠭᠦᠷᠢ ᠶᠢᠨ ᠴᠡᠭ ᠢ ᠤᠨᠤᠪᠴᠢᠳᠠᠢ ᠡᠷᠢᠨ᠂ ᠠᠵᠦ ᠤᠶᠢᠯᠡᠳᠪᠤᠷᠢᠵᠢᠯᠲᠠ᠂ ᠮᠡᠳᠡᠭᠡ ᠵᠠᠩᠬᠢᠵᠢᠯᠲᠠ᠂ ᠬᠤᠲᠠ | ᠪᠠᠯᠭᠠᠰᠤᠵᠢᠯᠲᠠ ᠶᠢ ᠤᠶᠠᠯᠳᠤᠭᠤᠯᠤᠨ᠂ ᠠᠵᠤ ᠤᠶᠢᠯᠡᠳᠪᠤᠷᠢ ᠶᠢ ᠲᠡᠷᠢᠭᠦᠨ ᠳᠤ ᠲᠠᠯᠪᠢᠨ᠂ ᠪᠦᠳᠦᠴᠡ ᠪᠠᠨ | ᠲᠤᠬᠢᠷᠠᠭᠤᠯᠬᠤ ᠪᠤᠯᠤᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠨᠡᠩ ᠴᠢᠬᠤᠯᠠᠴᠢᠯᠡᠨ᠂ ᠰᠠᠭᠤᠷᠢ ᠪᠡᠯᠡᠳᠭᠡᠮᠵᠢ ᠶᠢ | ᠪᠠᠬᠢᠵᠢᠬᠦᠯᠬᠦ ᠪᠤᠯᠤᠨ ᠬᠤᠲᠠ ᠬᠦᠳᠡᠭᠡ ᠶᠢ ᠨᠢᠭᠡᠳᠤᠯᠲᠠᠢ ᠲᠦᠯᠤᠪᠯᠡᠭᠦ ᠶᠢ ᠨᠡᠩ ᠴᠢᠬᠤᠯᠠᠴᠢᠯᠠᠨ᠂ ᠠᠮᠢ ᠠᠬᠤᠢ ᠶᠢᠨ | ᠪᠦᠳᠦᠭᠡᠨ ᠪᠠᠶᠢᠭᠤᠯᠤᠯᠲᠠ ᠪᠤᠯᠤᠨ ᠤᠷᠴᠢᠨ ᠲᠤᠭᠤᠷᠢᠨ ᠤ ᠬᠠᠮᠠᠭᠠᠯᠠᠯᠲᠠ ᠶᠢ ᠨᠡᠩ ᠴᠢᠬᠤᠯᠠᠴᠢᠯᠡᠨ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠪᠤᠯᠤᠨ ᠨᠡᠶᠢᠭᠡᠮ ᠤᠨ ᠴᠡᠭᠴᠡᠯᠡᠨ ᠬᠠᠮᠢᠶᠠᠷᠤᠯᠲᠠ ᠶᠢ ᠨᠡᠩ ᠴᠢᠬᠤᠯᠠᠴᠢᠯᠠᠨ᠂ « | ᠠᠷᠪᠠᠨ ᠬᠤᠶᠠᠳᠤᠭᠠᠷ ᠲᠠᠪᠤᠨ ᠵᠢᠯ » ᠢᠶᠠᠨ ᠠᠮᠵᠢᠯᠳᠠᠳᠠᠢ ᠪᠡᠶᠡᠯᠡᠭᠦᠯᠦᠨ « ᠠᠷᠪᠠᠨ ᠭᠤᠷᠪᠠᠳᠤᠭᠠᠷ ᠲᠠᠪᠤᠨ | ᠵᠢᠯ» ᠤᠨ ᠰᠠᠶᠢᠨ ᠡᠬᠢᠯᠡᠯᠲᠠ ᠶᠢ ᠴᠢᠷᠮᠡᠶᠢᠨ ᠪᠡᠶᠡᠯᠡᠭᠦᠯᠦᠨ᠎ᠡ᠃ | ᠭᠤᠤᠯ ᠪᠤᠯᠬᠤ ᠵᠢᠱᠢᠭᠰᠡᠨ ᠬᠠᠷᠠᠯᠲᠠ ᠪᠤᠯ : ᠤᠷᠤᠨ ᠨᠤᠳᠤᠭ ᠤᠨ ᠤᠶᠢᠯᠡᠳᠪᠤᠷᠢᠯᠡᠯ ᠤᠨ ᠶᠡᠷᠤᠩᠬᠡᠢ ᠦᠷᠳᠡᠭ ᠢ | 8 % ᠤᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠤᠷᠤᠯᠭ᠎ᠠ ᠶᠢ 8% ᠤᠷᠴᠢᠮ | ᠨᠡᠮᠡᠭᠳᠡᠭᠦᠯᠵᠦ᠂ ᠪᠦᠬᠦ ᠨᠡᠶᠢᠭᠡᠮ ᠤᠨ ᠲᠤᠬᠳᠠᠮᠠᠯ ᠬᠥᠷᠥᠩᠭᠡ ᠶᠢᠨ ᠪᠡᠯᠡ ᠤᠷᠤᠭᠤᠯᠤᠯᠲᠠ ᠶᠢ 12 % ᠤᠷᠴᠢᠮ | ᠨᠡᠮᠡᠭᠳᠡᠭᠦᠯᠵᠦ᠂ ᠨᠡᠶᠢᠭᠡᠮ ᠤᠨ ᠭᠡᠷᠩᠯᠡᠭᠡᠨ ᠤ ᠵᠤᠶᠢᠯ ᠢ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 12% ᠤᠷᠴᠢᠮ | ᠨᠡᠮᠡᠭᠳᠡᠭᠦᠯᠵᠦ᠂ ᠬᠤᠲᠠ ᠪᠠᠯᠭᠠᠰᠤ᠂ ᠭᠦᠳᠡᠭᠡ ᠲᠤᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ | ᠪᠦᠷᠢ ᠶᠢᠨ ᠡᠵᠡᠮᠳᠡᠵᠦ ᠪᠤᠯᠬᠤ ᠲᠤᠮᠳᠠᠴᠢ ᠤᠷᠤᠯᠭ᠎ᠠ ᠶᠢ 11% ᠪᠤᠯᠤᠨ 13% ᠤᠷᠴᠢᠮ ᠨᠡᠮᠡᠭᠳᠡᠭᠦᠯᠦᠨ᠎ᠡ᠃ | ᠲᠤᠤᠷᠠᠬᠢ ᠲᠤᠯᠤᠭᠠᠨ ᠲᠠᠯ᠎ᠠ ᠶᠢᠨ ᠠᠵᠢᠯ ᠢ ᠭᠤᠤᠯᠯᠠᠨ ᠬᠦᠢᠴᠡᠳᠭᠡᠨ᠎ᠡ᠃ | ( ᠨᠢᠭᠡ ) ᠤᠶᠢᠯᠡᠴᠢᠯᠡᠭᠡ ᠪᠤᠯᠤᠨ ᠪᠠᠳᠤᠯᠠᠬᠤ ᠡᠷᠴᠢᠮ ᠢᠶᠠᠨ ᠶᠡᠭᠡᠪᠡᠷ ᠲᠤᠭᠢᠷᠠᠭᠤᠯᠣᠨ᠂ ᠠᠵᠤ ᠠᠬᠤᠢ ᠶᠢᠨ | ᠲᠤᠬᠳᠠᠭᠤᠨ ᠨᠡᠮᠡᠭᠳᠡᠯ ᠢ ᠠᠬᠢᠭᠤᠯᠤᠨ᠎ᠠ᠃ | ᠠᠵᠤ ᠠᠬᠤᠶᠢᠯᠠᠯ ᠤᠨ ᠤᠶᠢᠯᠡᠳᠪᠤᠷᠢᠯᠠᠯ ᠡᠵᠡᠩᠨᠡᠯᠲᠠ ᠶᠢ ᠲᠤᠬᠳᠠᠪᠤᠷᠢᠵᠢᠭᠤᠯᠤᠨ᠎ᠠ᠃ ᠰᠢᠶᠠᠨ ᠤ | ᠭᠠᠵᠠᠷ ᠤᠨ ᠲᠡᠰ ᠤᠨ ᠤᠳᠤᠷᠢᠳᠤᠯᠭ᠎ᠠ ᠠᠵᠦ ᠠᠬᠤᠶᠢᠯᠡᠯ ᠢ ᠲᠠᠭᠠᠭᠠᠴᠢᠯᠠᠨ ᠲᠡᠳᠭᠦᠭᠦ ᠲᠦᠷᠢᠮ ᠢ ᠦᠷᠭᠦᠯᠵᠢᠯᠡᠨ | ᠭᠡᠷᠩᠵᠢᠭᠦᠯᠦᠨ᠂ ᠲᠡᠭᠡᠷ᠎ᠡ ᠱᠠᠳᠤᠨ ᠤ ᠠᠵᠤ ᠠᠬᠤᠶᠢᠯᠠᠯ ᠤᠨ ᠲᠠᠷᠤᠭᠠᠰᠤ ᠶᠢ ᠬᠥᠩᠭᠡᠯᠡᠨ᠂ ᠴᠠᠭᠢᠯᠭᠠᠨ ᠤ ᠦᠨ᠎ᠡ | ᠶᠢᠨ ᠨᠥᠬᠦᠪᠦᠷᠢ᠂ ᠭᠤᠤᠯᠳᠠᠯᠭᠠᠳᠤ ᠤᠶᠢᠯᠡᠰ ᠤᠨ ᠭᠦᠭᠵᠢᠯᠲᠠ ᠶᠢ ᠲᠡᠮᠵᠢᠬᠦ ᠵᠡᠷᠭᠡ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠂ ᠵᠠᠬ᠎ᠠ ᠲᠡᠯᠭᠡᠭᠦᠷ ᠤᠨ ᠵᠠᠳᠠᠯᠤᠯᠲᠠ ᠪᠤᠯᠤᠨ ᠠᠵᠦ ᠠᠬᠤᠶᠢᠯᠠᠯ ᠤᠨ ᠠᠵᠢᠯᠯᠠᠭᠠᠨ ᠤ | ᠲᠤᠬᠢᠷᠠᠭᠤᠯᠤᠯᠲᠠ ᠶᠢ ᠴᠢᠩᠭᠠᠳᠬᠠᠨ᠂ ᠨᠡᠭᠦᠷᠡᠰᠤ ᠴᠠᠬᠢᠯᠭᠠᠨ ᠲᠤᠰᠤ ᠲᠡᠭᠡᠭᠡᠪᠤᠷᠢ ᠬᠡᠢ ᠵᠡᠷᠭᠡ ᠤᠶᠢᠯᠡᠳᠪᠤᠷᠢᠯᠡᠯ ᠤᠨ | ᠡᠯᠧᠮᠧᠨ᠋ᠲ ᠢ ᠬᠠᠩᠭᠠᠬᠤ ᠶᠢ ᠴᠢᠩᠭᠠᠳᠬᠠᠨ᠂ ᠠᠵᠦ ᠠᠬᠤᠶᠢᠯᠠᠯ ᠤᠨ ᠤᠶᠢᠯᠡᠳᠪᠤᠷᠢᠯᠡᠯ ᠡᠵᠡᠩᠨᠡᠯᠲᠡ ᠲᠤᠮᠲᠠ | ᠤᠷᠤᠰᠢᠵᠦ ᠪᠠᠶᠢᠭ᠎ᠠ ᠠᠰᠠᠭᠤᠲᠠᠯ ᠢ ᠴᠠᠭ ᠲᠤᠬᠠᠢ ᠳᠤᠨᠢ ᠰᠢᠢᠳᠪᠤᠷᠢᠯᠡᠨ᠂ ᠭᠤᠤᠯ ᠪᠤᠯᠬᠤ ᠠᠵᠦ ᠠᠬᠤᠶᠢᠯᠡᠯ ᠤᠨ | ᠲᠤᠬᠳᠠᠭᠤᠨ ᠤᠶᠢᠯᠡᠳᠪᠤᠷᠢᠯᠡᠯ᠂ ᠤᠶᠢᠯᠡᠳᠪᠤᠷᠢᠯᠡᠬᠦ ᠪᠠᠨ ᠵᠤᠬᠰᠤᠬᠰᠠᠨ ᠠᠵᠦ ᠠᠬᠤᠶᠢᠯᠡᠯ ᠢ ᠰᠡᠷᠭᠦᠭᠡᠨ | ᠤᠶᠢᠯᠡᠳᠪᠤᠷᠢᠯᠡᠬᠦ ᠶᠢ ᠠᠬᠢᠭᠤᠯᠤᠨ᠎ᠠ᠃ ᠤᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠠᠵᠤ | ᠦᠢᠯᠡᠳᠪᠦᠷᠢ ᠶᠢᠨ ᠲᠣᠭᠤᠷᠢᠭ ᠤᠨ ᠵᠠᠮ᠂ ᠤᠰᠤ ᠭᠠᠳᠠᠬᠰᠢᠯᠠᠭᠤᠯᠬᠤ᠂ ᠴᠠᠬᠢᠯᠭᠠᠨ ᠬᠦᠴᠦᠨ ᠵᠡᠷᠭᠡ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠯᠢᠦᠶ ᠶᠤᠸᠠᠨ ᠪᠣᠬᠢᠷ ᠤᠰᠤ ᠰᠢᠶ᠋ᠳᠪᠦᠷᠢᠯᠡᠬᠦ | ᠦᠢᠯᠡᠳᠪᠦᠷᠢ ᠶᠢ ᠪᠠᠶᠢᠭᠤᠯᠵᠤ᠂ ᠢᠵᠢ ᠪᠦᠷᠢᠳᠦᠭᠰᠡᠨ ᠦᠢᠯᠡᠴᠢᠯᠡᠭᠡ ᠪᠠ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠲᠦᠷᠦᠯ ᠵᠤᠶᠢᠯ ᠢ ᠠᠬᠢᠭᠤᠯᠬᠤ ᠡᠷᠴᠢᠮ ᠢᠶᠠᠨ ᠴᠢᠩᠭᠠᠳᠬᠠᠨ᠎ᠠ᠃ ᠪᠡᠯᠡ ᠤᠷᠤᠭᠤᠯᠤᠯᠲᠠ ᠶᠢᠨ | ᠲᠤᠬᠳᠠᠭᠤᠨ ᠦᠰᠦᠯᠲᠡ ᠳᠠᠬᠢ ᠵᠠᠩᠬᠢᠯᠠᠭ᠎ᠠ ᠶᠢᠨ ᠤᠶᠢᠯᠡᠳᠤᠯ ᠢ ᠬᠦᠢᠴᠡᠳ ᠪᠠᠳᠠᠷᠠᠭᠤᠯᠤᠨ᠂《 ᠲᠡᠪᠤᠨ ᠨᠢᠭᠡ | 》 ᠶᠢᠨ ᠲᠤᠰᠬᠠᠢ ᠲᠦᠷᠦᠯ ᠢ ᠠᠬᠢᠭᠤᠯᠬᠤ ᠪᠤᠯᠤᠨ ᠲᠠᠭᠠᠭᠠᠴᠢᠯᠠᠨ ᠪᠠᠳᠤᠯᠠᠬᠤ ᠬᠠᠷᠢᠭᠤᠴᠠᠯᠭᠠᠳᠤ ᠲᠦᠷᠢᠮ ᠢ | ᠦᠷᠬᠦᠯᠵᠢᠯᠡᠨ ᠬᠡᠷᠩᠵᠢᠬᠦᠯᠦᠨ᠂ ᠲᠦᠷᠦᠯ ᠵᠤᠶᠢᠯ ᠤᠨ ᠬᠢᠨᠠᠨ ᠵᠥᠪᠰᠢᠶᠡᠷᠡᠯ᠂ ᠡᠯᠧᠮᠧᠨ᠋ᠲ ᠤᠨ ᠪᠠᠳᠤᠯᠠᠭ᠎ᠠ᠂ ᠪᠡᠯᠡ | ᠮᠥᠩᠬᠦ ᠶᠢ ᠨᠠᠶᠢᠳᠠᠪᠤᠷᠢᠵᠢᠭᠤᠯᠬᠤ ᠵᠡᠷᠭᠡ ᠡᠮᠤᠨ᠎ᠡ ᠬᠤᠭᠤᠴᠠᠭᠠᠨ ᠤ ᠨᠦᠬᠦᠴᠡᠯ ᠢ ᠴᠢᠩᠭ᠎ᠠ ᠠᠩᠬᠠᠷᠤᠨ᠂ | ᠲᠤᠬᠢᠷᠠᠭᠤᠯᠤᠯᠲᠠ ᠪᠤᠯᠤᠨ ᠤᠶᠢᠯᠡᠴᠢᠯᠡᠭᠡ ᠶᠢ ᠴᠢᠩᠭᠠᠳᠬᠠᠨ᠂ ᠰᠢᠨ᠎ᠡ ᠲᠦᠷᠦᠯ ᠵᠤᠶᠢᠯ ᠢ ᠡᠷᠳᠡᠭᠡᠨ ᠪᠠᠶᠢᠭᠤᠯᠤᠨ᠂ | ᠪᠠᠶᠢᠭᠤᠯᠵᠦ ᠪᠠᠶᠢᠭ᠎ᠠ ᠲᠦᠷᠦᠯ ᠵᠤᠶᠢᠯ ᠢ ᠡᠷᠳᠡᠭᠡᠨ ᠠᠰᠢᠭᠯᠠᠯᠲᠠ ᠳᠤ ᠤᠷᠤᠭᠤᠯᠬᠤ᠂ ᠪᠠᠶᠢᠭᠤᠯᠤᠬᠰᠠᠨ ᠲᠦᠷᠦᠯ | ᠵᠤᠶᠢᠯ ᠢ ᠡᠷᠳᠡᠭᠡᠨ ᠦᠷ᠎ᠡ ᠪᠦᠳᠦᠮᠵᠢ ᠲᠠᠢ ᠪᠤᠯᠭᠠᠬᠤ ᠶᠢ ᠠᠬᠢᠭᠤᠯᠤᠨ᠎ᠠ᠃ ᠲᠣᠭᠲᠠᠴᠠ ᠶᠢᠨ ᠲᠠᠯ᠎ᠠ ᠪᠠᠷ ᠰᠢᠨ᠎ᠡ ᠶᠢ | ᠡᠭᠦᠳᠴᠦ᠂ ᠤᠯᠠᠨ ᠠᠷᠭ᠎ᠠ ᠵᠠᠮ ᠢᠶᠠᠷ ᠲᠥᠷᠥᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠪᠡᠯᠡ ᠮᠥᠩᠭᠦ ᠶᠢ | ᠴᠤᠭᠯᠠᠭᠤᠯᠤᠨ᠎ᠠ᠃ ᠨᠡᠶᠢᠭᠡᠮ ᠤᠨ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠵᠢᠯᠣᠭᠤᠳᠬᠤ ᠰᠠᠨᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠪᠡᠯᠡ | ᠮᠥᠩᠭᠦ ᠶᠢᠨ ᠬᠥᠲᠥᠯᠥᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠨᠴᠠ ᠵᠥᠪᠰᠢᠶᠡᠷᠡᠯ ᠤᠨ | ᠡᠵᠡᠩᠨᠡᠯᠲᠡ᠂ BT᠂ PPP ᠵᠡᠷᠭᠡ ᠤᠯᠠᠨ ᠵᠦᠢᠯ ᠤᠨ ᠠᠷᠭ᠎ᠠ ᠶᠢ ᠠᠪᠴᠦ᠂ ᠠᠷᠭ᠎ᠠ ᠪᠦᠬᠦᠨ ᠢ | ᠰᠦᠪᠡᠭᠴᠢᠯᠡᠵᠦ ᠪᠠᠶᠢᠭᠠᠳ ᠨᠡᠶᠢᠭᠡᠮ ᠤᠨ ᠬᠥᠷᠥᠩᠭᠡ ᠶᠢ ᠳᠠᠶᠢᠴᠢᠯᠠᠵᠤ ᠤᠯᠤᠰ ᠠᠴᠠ ᠵᠥᠪᠰᠢᠶᠡᠷᠡᠭᠰᠡᠨ ᠡᠯ᠎ᠡ | ᠵᠤᠶᠢᠯ ᠤᠨ ᠲᠥᠷᠥᠯ ᠵᠤᠶᠢᠯ ᠳᠤ ᠪᠡᠯᠡ ᠤᠷᠤᠭᠤᠯᠤᠨ᠎ᠠ᠃ ᠪᠠᠩᠬᠢ ᠪᠤᠯᠤᠨ ᠠᠵᠦ ᠠᠬᠤᠶᠢᠯᠠᠯ ᠤᠨ ᠵᠣᠯᠭᠠᠯᠲᠠ ᠶᠢ | ᠴᠢᠩᠭᠠᠳᠬᠠᠵᠤ᠂ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠳᠤ ᠵᠠᠭᠤᠴᠢ ᠶᠢᠨ ᠤᠶᠢᠯᠡᠳᠤᠯ ᠥᠵᠡᠬᠦᠯᠦᠨᠡ᠃ | ︽ᠠᠷᠪᠠᠨ ᠭᠤᠷᠪᠠᠳᠤᠭᠠᠷ ᠲᠠᠪᠤᠨ 》ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠡᠬᠢᠯᠡᠭᠦᠯᠵᠦ᠂ | ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠡᠯᠡ ᠮᠥᠩᠭᠦ ᠶᠢᠨ ᠤᠷᠤᠭᠤᠯᠤᠯᠲᠠ ᠶᠢᠨ ᠴᠢᠭᠯᠡᠯ ᠢ | ᠤᠨᠢᠯᠠᠵᠦ᠂ ᠨᠢᠭᠡ ᠪᠦᠯᠦᠭ ᠲᠤᠮᠤ ᠲᠦᠷᠦᠯ ᠵᠤᠶᠢᠯ᠂ ᠰᠠᠶᠢᠨ ᠲᠦᠷᠦᠯ ᠵᠦᠢᠯ ᠢ ᠬᠠᠳᠠᠭᠠᠯᠠᠨ᠂ ᠨᠡᠩ ᠤᠯᠠᠨ | ᠲᠥᠷᠥᠯ ᠵᠤᠶᠢᠯ ᠢ ᠬᠤᠳᠠ᠂ ᠥᠪᠡᠷᠲᠡᠭᠡᠨ ᠵᠠᠰᠠᠬᠤ ᠣᠷᠣᠨ ᠪᠠ ᠤᠯᠤᠰ ᠤᠨ ᠬᠡᠪᠴᠢᠶᠡᠨ ᠳᠤ ᠤᠷᠤᠭᠤᠯᠬᠤ ᠪᠠᠷ | ᠲᠡᠮᠡᠴᠡᠨ᠎ᠡ᠃ | ᠨᠡᠶᠢᠲᠡ ᠶᠢᠨ ᠪᠣᠰᠤ ᠦᠮᠴᠢᠯᠡᠯᠲᠤ ᠠᠵᠦ ᠠᠬᠤᠢ ᠶᠢ ᠶᠡᠭᠡᠪᠡᠷ ᠬᠦᠭᠵᠢᠭᠦᠯᠦᠨ᠎ᠡ᠃ | ᠪᠠᠶᠢᠭᠤᠯᠤᠯ ᠲᠤᠬᠳᠠᠯᠴᠠᠭ᠎ᠠ ᠶᠢᠨ ᠰᠠᠭᠠᠳ ᠢ ᠬᠦᠴᠦᠯᠡᠨ ᠠᠷᠢᠯᠭᠠᠨ᠂ ᠠᠷᠠᠳ ᠤᠨ ᠲᠤᠮᠲᠠᠬᠢ ᠪᠡᠯᠡ ᠮᠥᠩᠬᠦ ᠶᠢᠨ | ᠬᠦᠢᠴᠡᠳ ᠤᠨᠳᠤᠷᠬᠤ ᠳᠤ ᠠᠰᠢᠭᠳᠡᠢ ᠤᠷᠴᠢᠨ ᠲᠤᠭᠤᠷᠢᠨ ᠢ ᠡᠬᠦᠳᠦᠨ᠎ᠡ᠃ ᠨᠡᠩ ᠤᠯᠠᠨ ᠠᠷᠠᠳ ᠤᠨ ᠲᠤᠮᠳᠠᠬᠢ | ᠬᠦᠷᠦᠩᠭᠡ ᠶᠢ ᠵᠤᠷᠢᠬᠵᠢᠭᠤᠯᠤᠨ᠂ ᠬᠥᠲᠥᠯᠥᠨ ᠵᠢᠯᠣᠭᠤᠳᠤᠨ᠂ ᠤᠯᠠᠨ ᠨᠡᠶᠢᠲᠡ ᠶᠢᠨ ᠦᠢᠯᠡᠴᠢᠯᠡᠭᠡ᠂ ᠬᠤᠳᠠ ᠶᠢᠨ | ᠶᠠᠪᠤᠳᠠᠯ ᠤᠨ ᠢᠨᠵᠧᠨᠧᠷᠢᠩ ᠵᠡᠷᠭᠡ ᠬᠥᠷᠢᠶ᠎ᠡ ᠵᠢᠴᠢ ᠰᠢᠨ᠎ᠡ ᠡᠨᠧᠷᠭᠢ ᠶᠢᠨ ᠰᠤᠷᠪᠤᠯᠵᠢ᠂ ᠡᠨᠧᠷᠭᠢ ᠠᠷᠪᠢᠯᠠᠵᠤ | ᠣᠷᠴᠢᠨ ᠠᠬᠤᠶ ᠶᠢ ᠬᠠᠮᠠᠭᠠᠯᠠᠬᠤ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠳᠤ ᠪᠡᠯᠡ ᠤᠷᠤᠭᠤᠯᠤᠨ᠂ | ᠠᠷᠠᠳ ᠤᠨ ᠲᠤᠮᠳᠠᠬᠢ ᠬᠦᠷᠦᠩᠭᠡ ᠪᠠᠷ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠰᠣᠶᠣᠯ ᠪᠡᠶ᠎ᠡ ᠴᠢᠭᠢᠷᠠᠭᠵᠢᠭᠤᠯᠬᠤ | ᠵᠡᠷᠭᠡ ᠨᠡᠶᠢᠭᠡᠮ ᠤᠨ ᠠᠵᠢᠯ ᠦᠢᠯᠡᠰ ᠪᠠᠶᠢᠭᠤᠯᠬᠤ ᠶᠢ ᠲᠡᠮᠵᠢᠨ᠎ᠠ᠃ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠂ | ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠲᠤᠯᠭᠠᠭᠤᠷᠢᠯᠠᠬᠤ ᠤᠳᠠᠭᠠᠨ ᠳᠠᠭᠠᠭᠠᠮᠠᠭᠠᠶ ᠬᠥᠳᠡᠯᠭᠡᠭᠴᠢ ᠬᠦᠴᠦᠨ ᠢ | ᠪᠥᠷᠢᠯᠳᠦᠬᠦᠯᠥᠨᠠ᠃ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠬᠤ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢ ᠶᠡᠬᠡᠪᠡᠷ ᠬᠥᠭᠵᠢᠭᠦᠯᠦᠨ᠎ᠡ᠃ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ | ᠬᠦᠷᠢᠶᠡᠯᠡᠩ ᠤᠨ ᠪᠦᠳᠦᠬᠡᠨ ᠪᠠᠶᠢᠭᠤᠯᠤᠯᠲᠠ ᠶᠢ ᠲᠦᠷᠭᠡᠳᠬᠡᠵᠦ᠂ ᠵᠤᠤᠶᠠᠩ ᠣᠷᠴᠢᠨ ᠠᠬᠤᠶ ᠶᠢᠨ | ᠬᠠᠮᠠᠭᠠᠯᠠᠯᠲᠠ ᠶᠢᠨ ᠮᠠᠲ᠋ᠧᠷᠢᠶᠠᠯ᠂ ᠰᠢᠨ ᠱᠠᠨ ᠤᠮᠳᠠᠭᠠᠨ᠂ ᠷᠧᠨ ᠲᠦᠩ ᠢᠯᠵᠢᠷᠠᠬᠤ ᠶᠢ ᠰᠡᠷᠭᠡᠶᠢᠯᠡᠬᠦ ᠳᠤᠯᠠᠭᠠᠯᠠᠬᠤ | ᠮᠠᠲ᠋ᠧᠷᠢᠶᠠᠯ ᠵᠡᠷᠭᠡ ᠵᠢᠵᠢᠭ ᠪᠢᠴᠢᠯ ᠠᠵᠤ ᠠᠬᠤᠶᠢᠯᠠᠯ ᠤᠨ ᠠᠰᠢᠭᠯᠠᠯᠲᠠ ᠳᠤ ᠤᠷᠤᠬᠤ ᠶᠢ ᠲᠦᠯᠬᠢᠨ ᠠᠬᠢᠭᠤᠯᠵᠤ᠂ | ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠲᠤᠮᠤ ᠠᠵᠤ ᠠᠬᠤᠶᠢᠯᠠᠯ᠂ ᠲᠤᠮᠤ ᠲᠥᠷᠥᠯ ᠵᠦᠢᠯ ᠲᠠᠢ ᠤᠶᠠᠯᠳᠤᠨ | ᠢᠵᠢ ᠲᠥᠬᠦᠷᠵᠢᠭᠦᠯᠦᠨ᠂ ᠠᠵᠤ ᠦᠢᠯᠡᠰ ᠤᠨ ᠬᠡᠯᠬᠢᠶ᠎ᠡ ᠪᠠᠨ ᠤᠷᠳᠤᠳᠬᠠᠨ᠂ ᠠᠵᠤ ᠦᠢᠯᠡᠰ ᠤᠨ ᠪᠦᠯᠦᠭᠯᠡᠯ ᠢᠶᠠᠨ | ᠪᠤᠵᠠᠭᠠᠶᠢᠷᠠᠭᠤᠯᠵᠤ ᠶᠢ ᠵᠤᠷᠢᠭᠵᠢᠭᠤᠯᠤᠨ᠎ᠠ᠃ | ( ᠬᠤᠶᠠᠷ ) ᠠᠵᠦ ᠠᠬᠤᠢ ᠶᠢᠨ ᠬᠦᠭᠵᠢᠯᠲᠠ ᠶᠢᠨ ᠰᠢᠨ᠎ᠡ ᠭᠡᠪ ᠪᠠᠶᠢᠳᠠᠯ ᠳᠤ ᠵᠤᠬᠢᠴᠠᠨ᠂ ᠠᠵᠤ ᠤᠶᠢᠯᠡᠰ ᠤᠨ | ᠪᠦᠳᠦᠴᠡ ᠪᠠᠨ ᠬᠤᠪᠢᠷᠠᠭᠤᠯᠤᠨ ᠲᠡᠰ ᠲᠡᠪᠰᠢᠭᠦ ᠶᠢ ᠠᠬᠢᠭᠤᠯᠤᠨ᠎ᠠ᠃ | ᠰᠢᠨ᠎ᠡ ᠬᠡᠯᠪᠡᠷᠢ ᠶᠢᠨ ᠠᠵᠤ ᠤᠶᠢᠯᠡᠳᠪᠤᠷᠢ ᠶᠢ ᠲᠦᠷᠭᠡᠨ ᠬᠦᠭᠵᠢᠭᠦᠯᠦᠨ᠎ᠡ᠃ | ᠰᠠᠢ ᠹᠧᠢ ᠶᠠ᠂ ᠳ᠋ᠦᠩ ᠹᠠᠩ ᠸᠠᠨ ᠴᠢ᠂ ᠨᠢᠩᠴᠧᠩ ᠤᠨ ᠬᠠᠭᠤᠴᠢᠨ ᠵᠤᠭᠤᠷᠢᠳᠦ ᠠᠷᠢᠬᠢ᠂ ᠵᠢᠩ ᠳ᠋ᠦ᠋ | ᠴᠠᠷᠳᠠᠭᠤᠯ ᠵᠡᠷᠭᠡ ᠠᠵᠦ ᠠᠬᠤᠶᠢᠯᠠᠯ ᠤᠨ ᠥᠯᠡᠭᠦᠳᠡᠭᠰᠡᠨ ᠪᠦᠳᠦᠭᠡᠭᠳᠡᠬᠦᠨ ᠢ ᠰᠤᠯᠠᠯᠠᠨ᠂ ᠬᠦᠭᠵᠢᠯᠲᠠ ᠶᠢ | ᠲᠦᠷᠭᠡᠳᠭᠡᠨ᠋᠂ ᠶᠠᠨ ᠵᠢᠩ( ᠵᠦᠩ ᠵᠢᠩ)ᠫᠢᠸᠤ᠋ ᠠᠷᠢᠬᠢᠨ ᠤ 20 ᠲᠦᠮᠡᠨ ᠲᠤᠨ ᠢ ᠨᠡᠬᠦᠯᠭᠡᠨ ᠦᠷᠭᠡᠳᠭᠡᠬᠦ | ᠬᠤᠶᠠᠳᠤᠭᠠᠷ ᠬᠤᠭᠤᠴᠠᠭ᠎ᠠ᠂ ᠺᠠᠩ ᠵᠢᠶᠠᠨ 50 ᠲᠥᠮᠡᠨ ᠲᠤᠯᠤᠭᠠᠢ ᠠᠯᠠᠰᠢᠨ ᠭᠠᠭ᠋ᠠᠢ ᠶᠢ ᠨᠢᠳᠤᠯᠬᠤ᠂ ᠯᠠᠨ ᠳ᠋ᠠ | ᠢᠳᠡᠭᠡᠨ ᠤ ᠬᠤᠶᠠᠳᠤᠭᠠᠷ ᠬᠤᠭᠤᠴᠠᠭ᠎ᠠ ᠵᠡᠷᠭᠡ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ᠪᠤᠷᠬᠠᠨᠲᠤ ᠶᠢᠨ ᠠᠷᠢᠬᠢᠨ ᠤ ᠤᠶᠢᠯᠡᠰ᠂ ᠱᠧᠨ ᠵᠢᠦ ᠲᠠᠷᠢᠶᠠᠯᠠᠩ᠂ ᠶᠤᠸᠠᠨ ᠯᠢ ᠠᠷᠢᠬᠢᠨ ᠤ ᠤᠶᠢᠯᠡᠰ ᠵᠡᠷᠭᠡ | ᠠᠵᠤ ᠠᠬᠤᠶᠢᠯᠠᠯ ᠤᠨ ᠰᠢᠨ᠎ᠡ ᠦᠢᠯᠡᠳᠬᠦᠨ ᠢ ᠤᠳᠤᠷᠢᠳᠤᠨ᠂ ᠢᠳᠡᠭᠡᠨ ᠤᠮᠳᠠᠭᠠᠨ ᠤ ᠠᠵᠤ ᠦᠢᠯᠡᠳᠪᠦᠷᠢ ᠶᠢᠨ | ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠢᠶᠠᠨ ᡁᠢ ᠶᠢᠨ ᠭᠤᠷᠪᠠᠳᠤᠭᠠᠷ ᠬᠤᠭᠤᠴᠠᠭᠠᠨ ᠤ | ᠥᠷᠭᠡᠳᠬᠡᠨ ᠪᠠᠶᠢᠭᠤᠯᠬᠤ ᠲᠦᠯᠬᠢᠨ ᠠᠬᠢᠭᠤᠯᠵᠤ᠂ ᠱᠢ ᠱᠥᠸᠧ᠂ ᠷᠦᠨ ᠼᠠᠩ ᠵᠡᠷᠭᠡ ᠬᠠᠲᠠᠭᠤ ᠪᠡᠶᠡᠲᠦ | ᠬᠠᠶᠠᠭᠳᠠᠮᠠᠯ ᠪᠣᠳᠠᠰ ᠠᠴᠠ ᠦᠨᠡᠲᠦ ᠲᠡᠮᠦᠷᠯᠢᠭ ᠭᠠᠷᠭᠠᠵᠤ ᠠᠪᠬᠤ ᠠᠵᠤ ᠠᠬᠤᠶᠢᠯᠠᠯ ᠢ ᠵᠢᠷᠤᠮᠵᠢᠭᠤᠯᠤᠨ | ᠬᠥᠭᠵᠢᠭᠦᠯᠵᠦ᠂ ᠾᠧᠪᠸᠢ ᠶᠢᠨ ᠡᠳ᠋ ᠪᠠᠷᠠᠭᠠᠨ ᠤ ᠭᠦᠢᠯᠭᠡᠭᠡᠨ ᠤ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ | ᠵᠠᠳᠠᠯᠤᠨ ᠰᠢᠢᠳᠪᠤᠷᠢᠯᠡᠬᠦ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠡᠮᠤᠷ | ᠮᠠᠯᠲᠠᠵᠤ ᠰᠣᠩᠭᠤᠬᠤ ᠠᠵᠤ ᠠᠬᠤᠶᠢᠯᠠᠯ ᠢ ᠴᠡᠭᠴᠡᠯᠡᠨ᠂ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠶᠢᠨ | ᠬᠥᠭᠵᠢᠯᠲᠡ ᠶᠢᠨ ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠎ᠡ᠃ ᠲᠢᠶᠠᠨ ᠢᠦᠢ᠂ ᠿᠢ ᠶᠤᠸᠠᠢ ᠰᠢᠩ᠂ ᠲᠢᠶᠠᠨ ᠬᠤᠩ | ᠵᠡᠷᠭᠡ ᠬᠥᠪᠰᠥᠭᠡᠷ ᠰᠢᠷᠣᠶ ᠪᠣᠯᠪᠠᠰᠤᠷᠠᠭᠤᠯᠬᠤ ᠠᠵᠤ ᠠᠬᠤᠶᠢᠯᠠᠯ ᠤᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢᠨ | ᠥᠷᠭᠡᠳᠬᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠱᠤᠸᠠᠩ ᠶᠢᠩ ᠬᠢᠮᠢ ᠶᠢᠨ ᠠᠵᠤ ᠦᠢᠯᠡᠳᠪᠦᠷᠢ ᠶᠢᠨ ︽ | ᠬᠤᠲᠠ ᠠᠴᠠ ᠭᠠᠷᠭᠠᠵᠤ ᠬᠦᠷᠢᠶᠡᠯᠡᠩ ᠲᠤ ᠣᠷᠣᠭᠤᠯᠬᠤ︾ ᠶᠢ ᠲᠥᠯᠬᠢᠨ ᠠᠬᠢᠭᠤᠯᠤᠨ᠂ ᠬᠢᠮᠢ ᠶᠢᠨ ᠠᠵᠤ | ᠦᠢᠯᠡᠳᠪᠦᠷᠢ ᠶᠢ ᠤᠷᠲᠤᠳᠬᠠᠨ ᠲᠡᠰ ᠳᠡᠪᠰᠢᠭᠦᠯᠬᠦ ᠶᠢ ᠲᠥᠷᠭᠡᠳᠭᠡᠨ᠎ᠡ᠃ ᠰᠢᠨ᠎ᠡ ᠡᠨᠧᠷᠭᠢ ᠶᠢᠨ ᠰᠤᠷᠪᠤᠯᠵᠢ ᠶᠢᠨ | ᠠᠵᠤ ᠦᠢᠯᠡᠰ ᠤᠨ ᠭᠡᠪᠴᠢᠶᠠᠵᠢᠯ ᠢ ᠲᠥᠷᠭᠡᠨ ᠪᠥᠷᠢᠯᠳᠥᠭᠦᠯᠬᠦ ᠶᠢ ᠠᠬᠢᠭᠤᠯᠤᠨ᠎ᠠ᠃ ᠮᠠᠰᠢᠨ ᠦᠢᠯᠡᠳᠬᠦ᠂ | ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠪᠧᠢ ᠯᠥᠩ ᠵᠤᠭᠠᠩ ᠢ | ᠥᠷᠭᠡᠳᠬᠡᠨ ᠪᠠᠶᠢᠭᠤᠯᠬᠤ᠂ ᠴᠠᠩ ᠮᠢᠩ ᠮᠧᠬᠠᠨᠢᠭ ᠤᠨ ᠬᠤᠶᠠᠷ ᠬᠤᠭᠤᠴᠠᠭ᠎ᠠ ᠪᠣᠯᠤᠨ ᠮᠧᠩ ᠺᠧ ᠲᠣᠭᠠᠨ ᠤ | ᠡᠵᠡᠮᠰᠢᠯᠳᠤ ᠮᠠᠰᠢᠨ ᠪᠣᠯᠪᠠᠰᠤᠷᠠᠭᠤᠯᠬᠤ ᠵᠡᠷᠭᠡ ᠳᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠥᠯᠬᠢᠨ | ᠠᠬᠢᠭᠤᠯᠵᠤ᠂ ᠤᠯᠠᠨ ᠡᠰᠢᠲᠦ ᠲᠤᠯᠭᠠᠭᠤᠷᠢ ᠪᠣᠯᠭᠠᠭᠰᠠᠨ ᠠᠵᠤ ᠦᠢᠯᠡᠳᠪᠦᠷᠢ ᠶᠢᠨ ᠬᠥᠭᠵᠢᠯᠲᠡ ᠶᠢᠨ ᠰᠢᠨ᠎ᠡ | ᠪᠠᠶᠢᠷᠢᠰᠢᠯ ᠢ ᠪᠠᠶᠢᠭᠤᠯᠤᠨ᠎ᠠ᠃ | ᠤᠳᠤᠬᠢᠴᠢᠯᠠᠬᠰᠠᠨ ᠲᠡᠷᠢᠶᠠᠯᠠᠩ ᠮᠠᠯ ᠠᠵᠦ ᠠᠬᠤᠢ ᠶᠢᠨ ᠤᠶᠢᠯᠡᠰ ᠢ ᠲᠦᠷᠭᠡᠨ ᠬᠥᠭᠵᠢᠭᠦᠯᠦᠨ᠎ᠡ᠃ ᠤᠰᠤ | ᠠᠷᠪᠢᠯᠠᠬᠤ ᠤᠰᠤᠯᠠᠯᠲᠠ᠂ ᠪᠦᠬᠦᠨ ᠢ ᠰᠥᠯᠢᠶᠤᠤ ᠪᠠᠷ ᠪᠦᠷᠭᠦᠭᠦᠯᠬᠦ᠂ ᠬᠦᠷᠦᠰᠦ ᠶᠢ ᠬᠡᠮᠵᠢᠶᠡᠨ ᠪᠤᠷᠳᠤᠭᠤᠷ | ᠲᠤᠬᠢᠷᠠᠭᠤᠯᠬᠤ ᠵᠡᠷᠭᠡ ᠲᠤᠬᠢᠷᠡᠮᠵᠢᠳᠡᠢ ᠮᠡᠷᠭᠡᠵᠢᠯ ᠢ ᠶᠡᠭᠡᠪᠡᠷ ᠲᠡᠯᠭᠡᠷᠡᠭᠦᠯᠦᠨ᠂ ᠡᠷᠳᠡᠨᠢ ᠰᠢᠰᠢ ᠶᠢ ᠰᠥᠯᠢᠶᠤᠤ | ᠪᠦᠷᠭᠦᠪᠴᠢᠨ ᠲᠤᠤᠷ᠎ᠠ ᠲᠤᠰᠤᠯᠭᠠᠨ ᠤᠰᠤᠯᠠᠬᠤ ᠶᠢ 11 ᠲᠦᠮᠡᠨ ᠮᠣ᠋ ᠰᠢᠨ᠎ᠡ ᠪᠠᠷ ᠨᠡᠮᠡᠭᠳᠡᠬᠦᠯᠦᠨ᠂ ᠦᠨᠳᠤᠷ | ᠪᠠᠷᠢᠮᠵᠢᠶᠠᠳᠤ ᠦᠨᠳᠤᠰᠤᠨ ᠲᠡᠷᠢᠶᠠᠨ ᠭᠠᠵᠠᠷ ᠢ 1.5 ᠲᠦᠮᠡᠨ ᠮᠤ᠋ ᠪᠠᠶᠢᠭᠤᠯᠤᠨ᠎ᠠ᠃ ᠬᠠᠮᠠᠭᠠᠯᠠᠯᠲᠠ ᠶᠢᠨ ᠴᠢᠨᠠᠷᠲᠠᠶ | ᠲᠡᠷᠢᠶᠠᠯᠠᠩ ᠢ 50 ᠲᠦᠮᠡᠨ ᠮᠦ ᠲᠡᠯᠭᠡᠷᠡᠭᠦᠯᠵᠦ᠂ 80 ᠲᠦᠮᠡᠨ ᠮᠦ ᠤᠯᠤᠰ ᠤᠨ ᠨᠣᠭᠤᠭᠠᠨ ᠢᠳᠡᠭᠡᠨ ᠤ ᠲᠦᠭᠦᠬᠡᠶ | ᠡᠳ᠋ ︵ᠡᠷᠳᠡᠨᠢ ᠰᠢᠰᠢ︶ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠳᠥᠯᠭᠢᠨ | ᠠᠬᠢᠭᠤᠯᠵᠤ᠂ ᠠᠮᠤ ᠪᠤᠳᠠᠭᠠᠨ ᠤ ᠭᠠᠷᠤᠯᠲᠠ ᠶᠢ 15 ᠳ᠋ᠥᠩᠰᠢᠭᠤᠷ ᠵᠢᠩ ᠣᠷᠴᠢᠮ ᠲᠣᠭᠲᠠᠭᠤᠨ ᠪᠠᠶᠢᠯᠭᠠᠨ᠎ᠠ᠃ | ᠢᠳᠡᠪᠬᠢᠲᠡᠶ ᠬᠥᠲᠥᠯᠥᠨ ᠵᠢᠯᠣᠭᠤᠳᠴᠤ᠂ ᠰᠢᠨᠵᠢᠯᠡᠬᠦ ᠤᠬᠠᠭᠠᠨᠴᠢ ᠪᠠᠷ ᠲᠡᠳᠬᠦᠨ ᠳᠡᠮᠵᠢᠨ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ᠂ ᠲᠠᠷᠢᠵᠤ ᠲᠡᠵᠢᠭᠡᠬᠦ ᠪᠦᠲᠦᠴᠡ ᠪᠠᠨᠲ᠋ᠣᠬᠢᠷᠠᠭᠤᠯᠤᠨᠰᠢᠯᠢᠳᠡᠭᠵᠢᠭᠦᠯᠵᠦ᠂ | ᠲᠠᠷᠢᠶᠠᠯᠠᠩ ᠤᠨ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠲᠥᠯᠬᠢᠨ ᠠᠬᠢᠭᠤᠯᠵᠤ᠂ | ᠪᠡᠯᠡᠳᠭᠡᠮᠵᠢᠳᠤ ᠲᠠᠷᠢᠶᠠᠯᠠᠩ ᠢ 2.8 ᠲᠦᠮᠡᠨ ᠮᠤ᠋ ᠂ ᠵᠢᠮᠢᠰ ᠤᠨ ᠮᠣᠳᠣ ᠠᠵᠤ ᠠᠬᠤᠶ ᠶᠢᠨ ᠤᠢ ᠶᠢ 2 ᠲᠦᠮᠡᠨ ᠮᠤ᠋ | ᠂ ᠭᠡᠷ ᠤᠨ ᠲᠡᠵᠢᠭᠡᠪᠦᠷᠢ ᠲᠡᠵᠢᠭᠡᠵᠦ ᠪᠠᠶᠢᠭ᠎ᠠ ᠮᠡᠯ ᠢ 17 ᠲᠥᠮᠡᠨ ᠲᠤᠯᠤᠭᠠᠢ ᠰᠢᠨ᠎ᠡ ᠪᠠᠷ ᠨᠡᠮᠡᠭᠳᠡᠭᠦᠯᠦᠨ᠎ᠡ᠃ | ᠮᠢᠩᠭᠠᠨ ᠮᠦ ᠠᠴᠠ ᠳᠡᠭᠡᠭᠰᠢ ᠨᠡᠷᠡᠨ ᠤ ᠭᠡᠷᠡᠯ ᠤᠨ ᠬᠦᠯᠡᠮᠵᠢ ᠶᠢᠨ ᠬᠦᠷᠢᠶᠡᠯᠡᠩ ᠲᠣᠭᠤᠷᠢᠭ 2᠂ ᠮᠢᠩᠭᠠᠨ ᠮᠦ ᠠᠴᠠ | ᠳᠡᠭᠡᠭᠰᠢᠬᠢ ᠤᠢ ᠮᠣᠳᠣ ᠵᠢᠮᠢᠰ ᠤᠨ ᠰᠠᠭᠤᠷᠢᠨ ᠭᠠᠵᠠᠷ 2᠂ ᠵᠤᠭᠠᠴᠠᠨ ᠵᠢᠮᠢᠰ ᠲᠡᠭᠦᠭᠦ ᠬᠦᠷᠢᠶᠡᠯᠡᠩ ᠪᠠ ᠰᠣᠳᠣᠨ | ᠵᠢᠱᠢᠶ᠎ᠡ ᠦᠵᠡᠭᠦᠯᠬᠦ ᠬᠦᠷᠢᠶᠡᠯᠡᠩ 6 ᠭᠠᠵᠠᠷ ᠢ ᠰᠢᠨ᠎ᠡ ᠪᠠᠷ ᠪᠠᠶᠢᠭᠤᠯᠤᠨ᠎ᠠ᠃ ᠪᠠᠷᠢᠮᠵᠢᠶᠠᠵᠢᠭᠤᠯᠤᠭᠰᠠᠨ ᠠᠯᠠᠰᠢᠨ | ᠦᠬᠡᠷ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠠᠯᠠᠪᠠᠢ 20 ᠶᠢ ᠪᠠᠶᠢᠭᠤᠯᠤᠨ᠂ ᠾᠥᠸᠧ ᠯᠥᠩ ᠭᠥᠸᠧ ᠵᠢᠮᠢᠰ | ᠂ ᠯᠣᠣ ᠶᠢᠨ ᠰᠠᠬᠠᠯ᠂ ᠰᠢᠨᠵᠢᠶᠠᠩ ᠲᠤᠭᠤᠷ ᠵᠡᠷᠭᠡ ᠥᠪᠡᠷᠮᠢᠴᠡ ᠣᠨᠴᠠᠯᠢᠭ ᠲᠠᠢ ᠲᠡᠷᠢᠮᠠᠯ ᠤᠨ ᠲᠠᠯᠠᠪᠠᠢ ᠶᠢ | ᠦᠷᠭᠡᠳᠭᠡᠨ᠎ᠡ᠃ ᠲᠠᠷᠢᠶᠠᠯᠠᠩ ᠮᠠᠯ ᠠᠵᠦ ᠠᠬᠤᠢ ᠶᠢᠨ ᠠᠵᠤ ᠣᠶᠢᠯᠡᠰᠴᠢᠯᠡᠯᠲᠡ ᠶᠢ ᠶᠡᠬᠡᠪᠡᠷ ᠲᠦᠯᠬᠢᠨ ᠠᠬᠢᠭᠤᠯᠵᠤ | ᠂ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠡᠮᠬᠢ ᠵᠢᠷᠤᠮ ᠲᠠᠢ ᠪᠠᠷ ᠡᠷᠭᠢᠯᠲᠡ ᠳᠤ ᠣᠷᠣᠭᠤᠯᠬᠤ ᠶᠢ | ᠬᠥᠲᠥᠯᠥᠨ ᠵᠢᠯᠣᠭᠤᠳᠴᠤ ᠵᠢᠷᠤᠮᠵᠢᠭᠤᠯᠤᠨ᠎ᠠ᠃ ᠸᠧᠨ ᠤᠪᠤᠬᠲᠤ ᠶᠢᠨ ᠪᠥᠯᠥᠭᠯᠡᠯ᠂ ᠯᠢᠦᠢ ᠠᠨ ᠵᠢᠶᠠ ᠤᠰᠤ | ᠥᠬᠡᠶᠢᠳᠡᠭᠦᠯᠦᠭᠰᠡᠨ ᠢᠳᠡᠰᠢᠨ ᠨᠣᠭᠤᠭ᠎ᠠ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠤᠨ ᠬᠥᠭᠵᠢᠯᠲᠡ ᠶᠢ | ᠲᠦᠷᠭᠡᠳᠭᠡᠭᠦ ᠶᠢ ᠠᠬᠢᠭᠤᠯᠵᠦ᠂ ᠨᠢᠭᠡ ᠪᠦᠯᠦᠭ ᠵᠢᠱᠢᠶ᠎ᠡ ᠦᠵᠡᠬᠦᠯᠥᠨ ᠲᠤᠯᠭᠠᠭᠤᠷᠢᠯᠠᠨ ᠬᠥᠲᠥᠯᠬᠦ ᠦᠢᠯᠡᠳᠦᠯ | ᠢᠯᠡᠷᠬᠡᠶ ᠲᠠᠷᠢᠶᠠᠴᠢᠨ ᠤ ᠲᠤᠰᠬᠠᠶ ᠬᠤᠷᠰᠢᠶ᠎ᠠ ᠶᠢ ᠡᠭᠦᠳᠥᠨ᠂ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ | ᠪᠣᠷᠣᠯᠠᠭᠤᠯᠬᠤ ᠪᠦᠲᠦᠮᠵᠢᠲᠡᠶ ᠵᠤᠯᠭᠠᠭᠤᠯᠲᠠ ᠶᠢ ᠪᠡᠶᠡᠯᠡᠬᠦᠯᠥᠨ᠎ᠡ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠶᠤᠯᠭᠦᠶ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠢᠭᠡ ᠪᠦᠯᠦᠭ ᠭᠠᠵᠠᠷ ᠵᠦᠢ ᠶᠢᠨ | ᠲᠡᠮᠳᠡᠭᠳᠡᠢ ᠲᠠᠸᠠᠷ ᠤᠨ ᠲᠡᠮᠳᠡᠭ ᠪᠣᠯᠤᠨ ᠪᠣᠬᠢᠷᠲᠤᠯ ᠥᠭᠡᠢ ᠣᠷᠭᠠᠨᠢᠭ ᠭᠡᠷᠡᠴᠢᠯᠡᠯ ᠢ ᠲᠡᠮᠡᠴᠡᠨ ᠪᠡᠶᠡᠯᠡᠬᠦᠯᠥᠨ᠂ | ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠲᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ | ᠭᠠᠮᠰᠢᠭ ᠤᠨ ᠰᠡᠷᠡᠮᠵᠢ ᠶᠢᠨ ᠲᠤᠭᠢᠶ᠎ᠠ ᠲᠦᠷᠢᠮ ᠢ ᠲᠡᠭᠦᠯᠳᠡᠷᠵᠢᠭᠦᠯᠵᠦ᠂ ᠡᠪᠡᠳᠴᠢᠨ ᠬᠤᠷᠣᠬᠠᠶ ᠶᠢᠨ ᠬᠥᠨᠥᠭᠡᠯ ᠢ | ᠰᠡᠷᠭᠡᠶᠢᠯᠡᠨ ᠵᠠᠰᠠᠬᠤ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠴᠢᠳᠠᠪᠤᠷᠢ ᠪᠠᠨ ᠲᠡᠭᠡᠭᠰᠢᠯᠡᠭᠦᠯᠦᠨ᠎ᠡ᠃ | ᠭᠤᠷᠪᠠᠳᠤᠭᠠᠷ ᠠᠵᠦ ᠤᠶᠢᠯᠡᠰ ᠢ ᠲᠦᠷᠭᠡᠨ ᠬᠥᠭᠵᠢᠭᠦᠯᠦᠨ᠎ᠡ᠃ | ᠵᠤᠭᠠᠴᠠᠯ ᠤᠨ ᠤᠶᠢᠯᠡᠰ ᠢ ᠲᠤᠪᠤᠶᠢᠯᠭᠠᠨ ᠬᠦᠭᠵᠢᠭᠦᠯᠦᠨ᠎ᠡ᠃ ᠳ᠋ᠣᠣ ᠰᠢᠦᠢ ᠭᠧᠦ᠂ ᠽᠢ ᠮᠧᠩ ᠬᠤ᠋ ᠨᠠᠭᠤᠷ᠂ | ᠽᠠᠩ ᠯᠥᠩ ᠭᠦ᠋ ᠵᠡᠷᠭᠡ ᠦᠵᠡᠮᠵᠢ ᠶᠢᠨ ᠤᠷᠤᠨ ᠤ ᠵᠤᠭᠠᠴᠠᠯ ᠤᠨ ᠪᠡᠯᠡᠳᠭᠡᠮᠵᠢ ᠶᠢ ᠲᠡᠭᠦᠯᠳᠡᠷᠵᠢᠬᠦᠯᠬᠦ ᠶᠢ | ᠠᠬᠢᠭᠤᠯᠤᠨ᠂ ᠴᠢᠯᠠᠭᠤᠲᠤ ᠠᠭᠤᠯᠠ᠂ ᠷᠠᠰᠢᠶᠠᠨ᠂ ᠯᠥᠩ ᠲᠠᠨ ᠬᠠᠪᠴᠢᠯ᠂ ᠹᠦ᠋ ᠹᠧᠩ ᠱᠠᠨ ᠵᠡᠷᠭᠡ ᠦᠵᠡᠮᠵᠢ ᠶᠢᠨ | ᠤᠷᠤᠨ ᠶᠢᠨ ᠨᠡᠭᠡᠭᠡᠬᠦ ᠶᠢ ᠲᠦᠷᠭᠡᠳᠭᠡᠨ᠎ᠡ᠃ ︽ᠲᠠᠷᠢᠶᠠᠴᠢᠨ ᠠᠶᠢᠯ ᠤᠨ ᠪᠠᠶᠠᠰᠤᠯ︾ ᠳᠤ ᠣᠳᠣ ᠦᠨᠡᠨᠯᠡᠭᠦᠯᠥᠨ | ᠲᠡᠰ ᠲᠣᠭᠲᠠᠭᠠᠬᠤ ᠠᠵᠢᠯᠯᠠᠭ᠎ᠠ ᠶᠢ ᠥᠷᠨᠢᠭᠦᠯᠵᠦ᠂ ᠵᠢᠭᠤᠯᠴᠢᠯᠠᠯ ᠤᠨ ᠦᠢᠯᠡᠰ ᠤᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠢᠭᠤᠯᠴᠢᠯᠠᠯ ᠤᠨ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠨᠡᠮᠡᠭᠳᠡᠭᠦᠯᠵᠦ᠂ | ᠵᠢᠭᠤᠯᠴᠢᠯᠠᠯ ᠤᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ︽ ᠴᠧᠩᠳᠧ᠂ ᠴᠢᠨ ᠬᠤᠸᠠᠩ | ᠳ᠋ᠣᠣ᠂ ᠲᠠᠩᠱᠠᠨ ᠤ ᠵᠢᠭᠤᠯᠴᠢᠯᠠᠯ ᠤᠨ ᠬᠤᠯᠪᠣᠭ᠎ᠠ︾ ᠳᠤ ᠪᠦᠬᠦ ᠲᠠᠯ᠎ᠠ ᠪᠠᠷ ᠠᠭᠤᠰᠤᠨ ᠤᠷᠤᠵᠦ᠂ ᠬᠠᠷᠰᠢ | ᠰᠠᠭᠠᠳ ᠦᠭᠡᠢ ᠵᠢᠭᠤᠯᠴᠢᠯᠠᠯ ᠤᠨ ᠲᠣᠭᠤᠷᠢᠭ ᠢ ᠬᠠᠮᠲᠤᠪᠠᠷ ᠪᠠᠶᠢᠭᠤᠯᠤᠨ᠂ ᠪᠦᠬᠦ ᠵᠢᠯ ᠳᠤ 135 ᠲᠦᠮᠡᠨ ᠬᠥᠮᠦᠨ | ᠤᠳᠠᠭ᠎ᠠ ᠠᠴᠠ ᠳᠡᠭᠡᠭᠰᠢ ᠵᠢᠭᠤᠯᠴᠢᠯᠠᠭᠴᠢᠳ ᠢ ᠤᠭᠲᠤᠵᠤ ᠠᠪᠬᠤ ᠪᠠᠷ ᠴᠢᠷᠮᠠᠶᠢᠨ᠎ᠠ᠃ ᠠᠷᠠᠯᠵᠢᠶ᠎ᠠ ᠬᠤᠳᠠᠯᠳᠤᠭᠠᠨ ᠤ | ᠭᠦᠢᠯᠭᠡᠭᠡᠨ ᠤ ᠦᠢᠯᠡᠰ ᠢ ᠢᠳᠡᠪᠬᠢᠲᠡᠶ ᠬᠥᠭᠵᠢᠭᠦᠯᠦᠨ᠎ᠡ᠃ ᠵᠧᠩ ᠵᠢᠢ ᠰᠢᠨ᠎ᠡ ᠡᠷᠡᠨ ᠲᠠᠯᠠᠪᠠᠢ᠂ ᠱᠦᠢ ᠰᠢᠩ | ᠬᠤᠳᠠᠯᠳᠤᠭᠠᠨ ᠤ ᠬᠤᠲᠠ ᠵᠡᠷᠭᠡ ᠲᠥᠷᠥᠯ ᠵᠦᠢᠯ ᠢ ᠪᠠᠶᠢᠭᠤᠯᠤᠨ ᠠᠵᠢᠯᠯᠠᠭᠤᠯᠬᠤ ᠶᠢ ᠠᠬᠢᠭᠤᠯᠤᠨ᠂ ᠲᠠᠷᠢᠶᠠᠯᠠᠩ ᠤᠨ | ᠠᠷᠠᠯᠵᠢᠶᠠᠨ ᠤ ᠵᠠᠬ᠎ᠠ ᠲᠡᠯᠭᠡᠭᠦᠷ ᠢ ᠪᠠᠷᠢᠮᠵᠢᠶᠠᠵᠢᠭᠤᠯᠬᠤ ᠦᠭᠡᠷᠡᠴᠢᠯᠡᠯᠲᠡ ᠶᠢ ᠬᠡᠷᠡᠭᠵᠢᠭᠦᠯᠵᠦ᠂ ᠲᠤᠰᠬᠠᠶ ᠵᠠᠬ᠎ᠠ | ᠳᠡᠯᠭᠡᠭᠦᠷ ᠢ ᠳᠡᠰ ᠲᠡᠪᠰᠢᠭᠦᠯᠥᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ | ᠶᠢ ᠰᠡᠷᠭᠦᠭᠡᠨ ᠲᠠᠬᠢᠨ ᠪᠥᠳᠥᠭᠡᠨ ᠪᠠᠶᠢᠭᠤᠯᠬᠤ ᠶᠢ ᠲᠦᠯᠬᠢᠨ ᠠᠬᠢᠭᠤᠯᠥᠨ᠎ᠠ᠃ ᠤᠳᠤᠭᠢᠴᠢᠯᠠᠬᠰᠠᠨ ᠦᠢᠯᠡᠴᠢᠯᠡᠭᠡᠨ | ᠤ ᠦᠢᠯᠡᠰ ᠢ ᠲᠦᠷᠭᠡᠪᠴᠢᠯᠡᠨ ᠬᠥᠭᠵᠢᠭᠦᠯᠦᠨ᠎ᠡ᠃ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ | ᠪᠥᠳᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠢ ᠴᠢ ᠳ᠋ᠠ ᠵᠦᠩ 4S ᠳᠡᠯᠭᠡᠭᠦᠷ᠂ ᠱᠧᠩ | ᠵᠢᠶ ᠪᠠᠷᠠᠭᠠᠨ ᠤ ᠭᠦᠢᠯᠭᠡᠭᠡᠨ ᠤ ᠠᠵᠢᠯ ᠢ ᠡᠬᠢᠯᠡᠭᠦᠯᠥᠨ ᠡᠵᠡᠩᠨᠡᠬᠦ ᠶᠢ ᠠᠬᠢᠭᠤᠯᠤᠨ᠂ ᠸᠠᠩ ᠵᠢᠶᠧ ᠮᠠᠰᠢᠨ ᠲᠡᠷᠭᠡᠨ ᠤ | ᠠᠷᠠᠯᠵᠢᠶᠠᠨ ᠤ ᠵᠦᠢᠯᠡᠰ ᠢ ᠠᠵᠢᠯ ᠡᠬᠢᠯᠡᠭᠦᠯᠦᠨ ᠪᠥᠳᠥᠭᠡᠨ ᠪᠠᠶᠢᠭᠤᠯᠤᠨ᠂ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠢᠳᠡᠪᠬᠢᠲᠡᠢ ᠬᠥᠳᠥᠯᠥᠨ ᠬᠥᠭᠵᠢᠭᠦᠯᠦᠨ᠎ᠡ᠃ ᠨᠠᠰᠤᠵᠢᠯ ᠤᠨ ᠠᠰᠠᠷᠠᠮᠵᠢ᠂ ᠡᠯᠧᠺᠲᠷᠣᠨ ᠬᠤᠳᠠᠯᠳᠤᠭᠠᠨ ᠤ | ᠶᠠᠪᠤᠳᠠᠯ᠂ ᠮᠡᠳᠡᠭᠡ ᠵᠠᠩᠭᠢ ᠶᠢᠨ ᠯᠠᠪᠯᠠᠯᠭ᠎ᠠ᠂ ᠰᠣᠶᠣᠯ ᠤᠨ ᠰᠡᠯᠡᠭᠦᠴᠡᠯ᠂ ᠪᠠᠭᠯᠠᠭ᠎ᠠ ᠪᠣᠭᠤᠳᠠᠯ ᠤᠨ ᠵᠢᠷᠤᠭ | ᠲᠥᠯᠥᠪᠯᠡᠭᠡ᠂ ᠮᠠᠰᠢᠨ ᠲᠡᠷᠭᠡ ᠵᠠᠰᠠᠬᠤ ᠪᠣᠷᠣᠯᠠᠭᠤᠯᠬᠤ ᠵᠢᠴᠢ ᠴᠢᠮᠡᠭᠯᠡᠨ ᠭᠤᠶᠣᠯᠠᠬᠤ ᠵᠡᠷᠭᠡ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠢ ᠶᠡᠭᠡᠪᠡᠷ ᠬᠥᠭᠵᠢᠭᠦᠯᠦᠨ᠎ᠡ᠃ | ( ᠭᠤᠷᠪᠠ ) ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠴᠢᠬᠤᠯᠠᠴᠢᠯᠠᠨ ᠪᠦᠳᠦᠭᠡᠨ ᠪᠠᠶᠢᠭᠤᠯᠵᠦ᠂ ᠬᠤᠲᠠ | ᠬᠦᠳᠡᠭᠡ ᠶᠢ ᠨᠢᠭᠡᠳᠤᠯᠳᠡᠢ ᠬᠦᠭᠵᠢᠭᠦᠯᠭᠦ ᠶᠢ ᠠᠬᠢᠭᠤᠯᠤᠨ᠎ᠠ᠃ | ᠲᠢᠶᠠᠨ ᠢ ᠬᠤᠲᠠ ᠲᠤᠭᠤᠷᠢᠭ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠬᠤᠲᠠ ᠵᠡᠭᠡᠯᠢ ᠶᠢᠨ ᠶᠡᠷᠤᠩᠬᠡᠢ ᠲᠦᠯᠦᠪᠵᠢᠬᠦᠯᠭᠡ᠂ ᠬᠢᠵᠠᠭᠠᠷᠯᠠᠬᠤ ᠴᠢᠨᠠᠷᠳᠡᠢ ᠨᠡᠷᠢᠨ ᠲᠦᠯᠦᠪᠵᠢᠬᠦᠯᠭᠡ ᠶᠢ | ᠲᠡᠭᠦᠯᠳᠡᠷᠵᠢᠭᠦᠯᠦᠨ᠂ ᠭᠡᠷ ᠤᠨ ᠭᠠᠳᠠᠨᠠᠬᠢ ᠵᠡᠷ ᠮᠡᠳᠡᠭᠡ᠂ ᠤᠰᠤ ᠶᠢ ᠭᠠᠳᠠᠬᠰᠢᠯᠠᠭᠤᠯᠬᠤ᠂ ᠲᠤᠯᠠᠭᠠᠯᠭ᠎ᠠ ᠬᠠᠩᠭᠠᠬᠤ᠂ | ᠴᠠᠬᠢᠯᠭᠠᠨ ᠬᠠᠩᠭᠠᠬᠤ ᠵᠡᠷᠭᠡ ᠲᠤᠰᠬᠠᠢ ᠲᠦᠷᠦᠯ ᠤᠨ ᠲᠦᠯᠦᠪᠵᠢᠭᠦᠯᠭᠡ ᠶᠢ ᠨᠠᠶᠢᠷᠠᠭᠤᠯᠬᠤ ᠠᠵᠢᠯ ᠢ ᠡᠬᠢᠯᠡᠭᠦᠯᠪᠡ᠃ | ᠵᠠᠮ ᠢ ᠰᠠᠭᠠᠳ ᠦᠭᠡᠢ ᠨᠡᠪᠲᠡᠷᠡᠭᠦᠯᠬᠦ ᠢᠨᠵᠧᠨᠧᠷᠢᠩ ᠢ ᠭᠡᠷᠩᠵᠢᠬᠦᠯᠵᠦ᠂ ᠲᠢᠶᠠᠨ ᠱᠦᠨ ᠵᠠᠮ ᠢ ᠰᠢᠨ᠎ᠡ ᠪᠠᠷ | ᠪᠠᠶᠢᠭᠤᠯᠤᠨ᠂ ᠳ᠋ᠠ ᠮᠢᠩ ᠵᠡᠭᠡᠯᠢ᠂ ᠯᠤᠤᠬ᠎ᠠ ᠶᠢᠨ ᠭᠤᠤᠯ ᠵᠡᠭᠡᠯᠢ᠂ ᠱᠤᠸᠠᠩ ᠶᠢᠩ ᠵᠡᠭᠡᠯᠢ᠂ ᠬᠥᠨᠳᠡᠯᠡᠨ ᠵᠡᠭᠡᠯᠢ | 4 ᠰᠠᠤᠷᠢ ᠵᠦᠷᠢᠯᠢᠭ ᠬᠥᠭᠦᠷᠭᠡ ᠪᠠ ᠵᠠᠮᠴᠢ ᠪᠠ ᠬᠠᠪᠰᠤᠷᠤᠭ᠎ᠠ ᠵᠠᠮ ᠠᠵᠢᠯ ᠡᠬᠢᠯᠡᠭᠦᠯᠦᠨ ᠪᠥᠳᠥᠭᠡᠨ ᠪᠠᠶᠢᠭᠤᠯᠬᠤ ᠶᠢ | ᠬᠦᠴᠦᠯᠡᠨ ᠠᠬᠢᠭᠤᠯᠵᠦ᠂ ᠵᠠᠮ ᠬᠠᠷᠢᠯᠴᠠᠭᠠᠨ ᠤ ᠪᠥᠭᠯᠡᠷᠡᠯ ᠤᠨ ᠠᠰᠠᠭᠤᠳᠠᠯ ᠢ ᠰᠢᠢᠳᠪᠤᠷᠢᠯᠡᠨ᠎ᠡ᠃ ᠴᠢᠳᠠᠮᠵᠢ ᠢᠵᠢ | ᠪᠥᠷᠢᠳᠥᠭᠦᠯᠥᠭᠰᠡᠨ ᠪᠠᠷᠢᠯᠭ᠎ᠠ ᠶᠢ ᠭᠡᠷᠩᠵᠢᠭᠦᠯᠵᠦ᠂ ᠰᠢᠨ᠎ᠡ ᠤᠰᠤᠨ ᠰᠤᠷᠪᠤᠯᠵᠢ ᠶᠢᠨ ᠭᠠᠵᠠᠷ ᠤᠨ ᠪᠠᠶᠢᠭᠤᠯᠤᠯᠲᠠ ᠶᠢ | ᠲᠥᠯᠬᠢᠨ ᠠᠬᠢᠭᠤᠯᠵᠦ᠂ ᠬᠤᠲᠠ ᠲᠣᠭᠤᠷᠢᠭ ᠤᠨ ᠤᠰᠤ ᠬᠠᠩᠭᠠᠬᠤ ᠳᠠᠷᠤᠯᠲᠠ ᠶᠢ ᠨᠠᠮᠳᠠᠭᠤᠯᠤᠨ᠎ᠠ᠃ ᠳ᠋ᠠ ᠮᠢᠩ | ᠵᠡᠭᠡᠯᠢ ᠶᠢᠨ ᠪᠣᠷᠣᠭᠠᠨ ᠤ ᠤᠰᠤ ᠪᠣᠬᠢᠷ ᠤᠰᠤ ᠲᠠᠲᠠᠬᠤ ᠭᠦᠭᠡᠷᠭᠡ ᠶᠢᠨ ᠦᠷᠲᠡᠭᠡ ᠬᠢᠭᠡᠳ ᠢᠵᠢ ᠪᠥᠷᠢᠳᠥᠭᠰᠡᠨ | ᠬᠤᠭᠤᠯᠠᠶ ᠶᠢᠨ ᠲᠣᠣᠷ ᠢ ᠰᠢᠨ᠎ᠡ ᠪᠠᠷ ᠪᠠᠶᠢᠭᠤᠯᠤᠨ᠂ ᠲᠡᠮᠤᠷ ᠵᠠᠮ ᠤᠨ ᠪᠠᠷᠠᠭᠤᠨᠲᠡᠬᠢ ᠤᠰᠤ ᠭᠠᠳᠠᠬᠰᠢᠯᠠᠭᠤᠯᠬᠤ | ᠮᠠᠭᠤᠲᠠᠶ ᠪᠠᠶᠢᠳᠠᠭ ᠠᠰᠠᠭᠤᠳᠠᠯ ᠢ ᠰᠢᠢᠳᠪᠤᠷᠢᠯᠡᠨ᠎ᠡ︔ ᠬᠠᠭᠤᠴᠢᠨ ᠲᠣᠭᠤᠷᠢᠭ ᠤᠨ ᠢᠯᠴᠢ ᠬᠠᠩᠭᠠᠬᠤ | ᠬᠤᠭᠤᠯᠠᠶ ᠶᠢᠨ ᠲᠣᠣᠷ ᠢ 15.9 ᠺᠢᠯᠣᠮᠧᠲᠷ ᠦᠭᠡᠷᠡᠴᠢᠯᠡᠨ᠂ ᠢᠯᠴᠢ ᠬᠠᠩᠭᠠᠬᠤ ᠶᠠᠰᠤ ᠴᠢᠨᠠᠷ ᠢ | ᠲᠡᠭᠡᠭᠰᠢᠯᠡᠭᠦᠯᠦᠨ᠎ᠡ︔ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢᠨ | ᠭᠡᠷᠩᠯᠡᠯᠲᠡ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ ᠪᠠᠶᠢᠭᠤᠯᠤᠨ᠂ ᠢᠯᠴᠢ ᠬᠠᠩᠭᠠᠬᠤ ᠴᠢᠳᠠᠪᠤᠷᠢ ᠶᠢ 25 | ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠦᠨ᠎ᠡ︔ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ | ᠶᠢ 9 ᠲᠦᠮᠡᠨ ᠲᠡᠭᠰᠢ ᠳᠥᠷᠪᠡᠯᠵᠢᠨ ᠮᠧᠲᠷ ᠭᠡᠷᠩᠵᠢᠬᠦᠯᠦᠨ᠂ ᠬᠤᠳᠠ ᠶᠢᠨ ᠳᠦᠷᠢ ᠲᠥᠷᠬᠦ ᠶᠢ ᠲᠡᠭᠡᠭᠰᠢᠯᠡᠬᠦᠯᠥᠨ᠎ᠡ | ᠃ ᠪᠠᠲᠤᠯᠠᠭ᠎ᠠ ᠶᠢᠨ ᠴᠢᠨᠠᠷᠲᠠᠶ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠢ ᠭᠡᠷᠩᠵᠢᠭᠦᠯᠦᠨ᠂ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ 262 ᠢᠵᠢ᠂ 2.7 ᠲᠦᠮᠡᠨ ᠲᠡᠭᠰᠢ ᠳᠥᠷᠪᠡᠯᠵᠢᠨ ᠮᠧᠲᠷ | ᠪᠠᠶᠢᠭᠤᠯᠤᠨ᠂ 37 ᠡᠷᠦᠬᠡ ᠶᠢᠨ ᠳᠥᠭᠦᠮ ᠪᠦᠳᠦᠴᠡᠳᠦ ᠣᠷᠣᠨ ᠰᠠᠭᠤᠴᠠ ᠢ ᠦᠭᠡᠷᠡᠴᠢᠯᠡᠨ᠎ᠡ᠃ ᠬᠠᠤᠯᠢ | ᠬᠡᠷᠡᠭᠵᠢᠭᠦᠯᠬᠦ ᠪᠠ ᠬᠤᠳᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠬᠠᠮᠢᠶᠠᠷᠬᠤ ᠶᠢ ᠴᠢᠩᠭ᠎ᠠ ᠲᠥᠯᠥᠪᠵᠢᠬᠦᠯᠦᠨ᠂ | ᠳᠤᠷ᠎ᠠ ᠪᠠᠷ ᠢᠶᠠᠨ ᠪᠠᠷᠢᠯᠭ᠎ᠠ ᠪᠠᠷᠢᠭᠰᠠᠨ᠂ ᠴᠣᠩᠬᠤ ᠡᠭᠦᠳᠡ ᠥᠭᠡᠷᠡᠴᠢᠯᠡᠭᠰᠡᠨ ᠵᠡᠷᠭᠡ ᠬᠠᠤᠯᠢ ᠠᠴᠠ ᠵᠥᠷᠢᠴᠡᠭᠰᠡᠨ | ᠥᠢᠯᠡ ᠠᠵᠢᠯᠯᠠᠭ᠎ᠠ ᠳᠤ ᠡᠷᠡᠰ ᠴᠤᠬᠢᠯᠲᠠ ᠥᠭᠴᠥ᠂ ᠵᠠᠮ ᠡᠵᠡᠯᠡᠵᠦ ᠡᠵᠡᠩᠨᠡᠭᠰᠡᠨ᠂ ᠲᠡᠷᠭᠡ ᠬᠥᠰᠬᠡ | ᠳᠤᠷ᠎ᠠ ᠪᠠᠷ ᠢᠶᠠᠨ ᠵᠣᠭᠰᠣᠬᠤ᠂ ᠪᠣᠬᠢᠷ ᠤᠰᠤ ᠶᠢ ᠬᠠᠮᠢᠶ᠎ᠠ ᠨᠠᠮᠢᠶ᠎ᠠ ᠦᠭᠡᠶ ᠰᠠᠴᠤᠬᠤ᠂ ᠬᠤᠭ ᠨᠣᠪᠰᠢ ᠶᠢ ᠲᠤᠷᠠᠪᠠᠷ | ᠬᠠᠶᠠᠬᠤ᠂ ᠵᠠᠷ ᠳᠤᠷ᠎ᠠ ᠪᠠᠷ ᠢᠶᠠᠨ ᠨᠠᠭᠠᠬᠤ ᠵᠡᠷᠭᠡ ᠪᠣᠯᠪᠠᠰᠤᠨ ᠪᠤᠰᠤ ᠠᠵᠢᠯᠯᠠᠭ᠎ᠠ ᠶᠢ ᠴᠡᠭᠴᠡᠯᠡᠨ᠂ ᠬᠤᠲᠠ | ᠲᠣᠭᠤᠷᠢᠭ ᠤᠨ ᠳᠠᠭᠤ ᠱᠤᠤᠭᠢᠶᠠᠨ ᠤ ᠪᠣᠬᠢᠷᠲᠤᠯ ᠢ ᠴᠢᠩᠭ᠎ᠠ ᠬᠢᠵᠠᠭᠠᠷᠯᠠᠨ᠎ᠠ᠃ ᠥᠪᠡᠷᠲᠡᠭᠡᠨ ᠵᠠᠰᠠᠬᠤ ᠣᠷᠣᠨ ᠤ | ᠪᠣᠯᠪᠠᠰᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠶᠢᠨ | ᠬᠥᠷᠢᠶ᠎ᠡ᠂ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠠᠵᠢᠯᠯᠠᠭ᠎ᠠ ᠶᠢᠨ ᠲᠥᠪ ᠵᠡᠷᠭᠡ ᠵᠢᠭᠰᠠᠭᠠᠯ ᠤᠨ ᠭᠠᠵᠠᠷ ᠢ | ᠬᠥᠢᠴᠡᠳ ᠠᠰᠢᠭᠯᠠᠵᠤ᠂ ᠬᠤᠳᠠ ᠶᠢᠨ ᠠᠷᠠᠳ ᠤᠨ ᠬᠡᠪ ᠴᠢᠨᠠᠷ ᠤᠨ ᠰᠤᠷᠭᠠᠨ ᠬᠥᠮᠦᠵᠢᠯ ᠢ ᠴᠢᠩᠭᠠᠳᠬᠠᠵᠤ᠂ | ᠬᠤᠳᠠ ᠶᠢᠨ ᠠᠷᠠᠳ ᠤᠨ ᠪᠣᠯᠪᠠᠰᠤᠨ ᠤ ᠦᠵᠡᠯ ᠤᠬᠠᠮᠰᠠᠷ ᠢ ᠲᠡᠭᠡᠭᠰᠢᠯᠬᠦᠯᠥᠨ᠂ ᠥᠪᠡᠷᠲᠡᠭᠡᠨ ᠵᠠᠰᠠᠬᠤ ᠣᠷᠣᠨ ᠤ | ᠪᠣᠯᠪᠠᠰᠤᠨ ᠰᠢᠶᠠᠨ ᠤ ᠡᠩᠨᠡᠭᠡᠨ ᠳᠤ ᠤᠷᠤᠬᠤ ᠪᠠᠷ ᠴᠢᠷᠮᠠᠶᠢᠨ᠎ᠠ᠃ | ᠵᠢᠵᠢᠭ ᠬᠤᠲᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠡᠯ᠎ᠡ ᠪᠠᠯᠭᠠᠰᠤ ᠰᠢᠶᠠᠩ ᠤᠨ ᠶᠡᠷᠤᠩᠬᠡᠢ ᠲᠦᠯᠦᠪᠵᠢᠬᠦᠯᠭᠡ᠂ ᠬᠢᠵᠠᠭᠠᠷᠯᠠᠬᠤ ᠴᠢᠨᠠᠷᠳᠡᠢ ᠨᠡᠷᠢᠨ ᠲᠦᠯᠦᠪᠵᠢᠬᠦᠯᠭᠡ | ᠪᠤᠯᠤᠨ ᠲᠤᠰᠬᠠᠢ ᠲᠦᠷᠦᠯ ᠤᠨ ᠲᠦᠯᠦᠪᠵᠢᠭᠦᠯᠭᠡ ᠶᠢ ᠨᠠᠶᠢᠷᠠᠭᠤᠯᠬᠤ ᠶᠢ ᠲᠡᠭᠦᠯᠳᠡᠷᠵᠢᠬᠦᠯᠦᠨ᠂ ᠵᠢᠵᠢᠭ ᠬᠤᠲᠠ | ᠪᠠᠯᠭᠠᠰᠤᠨ ᠤ ᠲᠦᠯᠦᠪᠵᠢᠭᠦᠯᠭᠡ ᠶᠢ ᠪᠠᠶᠢᠭᠤᠯᠬᠤ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ | ᠪᠤᠷᠬᠠᠨᠲᠤ ᠪᠠᠯᠭᠠᠰᠤ ᠶᠢᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠵᠢᠱᠢᠶ᠎ᠡ ᠦᠵᠡᠭᠦᠯᠬᠦ ᠲᠤᠷᠰᠢᠯᠲᠠ ᠶᠢᠨ | ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠷᠠᠭᠤᠨ ᠬᠡᠰᠡᠭ ᠤᠨ | ᠭᠠᠵᠠᠷ ᠣᠷᠣᠨ ᠤ ᠲᠥᠪ ᠪᠠᠯᠭᠠᠰᠤ ᠶᠢ ᠡᠭᠦᠳᠥᠨ᠎ᠡ᠃ ᠪᠤᠰᠤᠳ ᠪᠠᠯᠭᠠᠰᠤ ᠰᠢᠶᠠᠩ ᠵᠡᠭᠡᠯᠢ ᠲᠤᠰ ᠪᠡᠶ᠎ᠡ ᠶᠢᠨ | ᠣᠨᠴᠠᠯᠢᠭ ᠪᠣᠯᠤᠨ ᠴᠢᠳᠠᠮᠵᠢ ᠣᠷᠣᠨ ᠪᠠᠶᠢᠷᠢ ᠲᠠᠢ ᠪᠠᠨ ᠤᠶᠠᠯᠳᠣᠭᠤᠯᠣᠨ᠂ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠬᠦᠯᠦᠨ᠂ ᠢᠵᠢ ᠪᠦᠷᠢᠳᠦᠭᠰᠡᠨ ᠠᠵᠤ ᠦᠢᠯᠡᠰ ᠢ ᠬᠥᠭᠵᠢᠭᠦᠯᠵᠦ᠂ ᠵᠢᠵᠢᠭ ᠬᠤᠲᠠ ᠪᠠᠯᠭᠠᠰᠤ ᠶᠢᠨ | ᠲᠥᠯᠥᠪᠵᠢᠭᠦᠯᠭᠡ᠂ ᠪᠦᠳᠦᠬᠡᠨ ᠪᠠᠶᠢᠭᠤᠯᠤᠯᠲᠠ᠂ ᠬᠠᠮᠢᠶᠠᠷᠤᠯᠲᠠ ᠪᠣᠯᠤᠨ ᠲᠢᠶᠠᠨ ᠢ ᠬᠤᠲᠠ ᠲᠣᠭᠤᠷᠢᠭ ᠤᠨ | ᠵᠡᠷᠭᠡ ᠪᠠᠷ ᠬᠢᠬᠦ ᠶᠢ ᠠᠬᠢᠭᠤᠯᠬᠤ ᠶᠢ ᠲᠡᠮᠵᠢᠨ᠎ᠡ᠃ ᠬᠥᠳᠡᠭᠡ ᠲᠣᠰᠬᠤᠨ ᠤ ᠬᠥᠮᠦᠨ ᠠᠮᠠ ᠶᠢ ᠬᠤᠲᠠ ᠪᠠᠯᠭᠠᠰᠤ | ᠵᠦᠭ ᠰᠢᠯᠵᠢᠭᠦᠯᠬᠦ ᠶᠢ ᠲᠦᠷᠭᠡᠳᠬᠡᠵᠦ᠂ ᠭᠤᠣᠯᠳᠠᠯᠭᠠᠲᠤ ᠵᠢᠵᠢᠭ ᠬᠤᠳᠠ ᠪᠠᠯᠭᠠᠰᠤᠨ ᠤ 2 ᠲᠦᠮᠡᠨ ᠬᠥᠮᠦᠨ ᠠᠮᠠ | ᠤᠷᠤᠭᠤ ᠬᠠᠷᠠᠯᠲᠠ ᠲᠡᠰᠢ ᠤᠷᠤᠬᠰᠢᠯᠡᠬᠤ ᠶᠢ ᠠᠬᠢᠭᠤᠯᠤᠨ᠂ ᠪᠦᠬᠦ ᠰᠢᠶᠠᠨ ᠤ ᠬᠤᠲᠠ ᠪᠠᠯᠭᠠᠰᠤᠵᠢᠯᠲᠠ ᠶᠢᠨ | ᠨᠤᠷᠮ᠎ᠠ ᠶᠢ ᠵᠠᠭᠤᠨ ᠤ ᠬᠠᠷᠢᠴᠠᠯ ᠢᠶᠠᠷ 2 ᠬᠤᠪᠢ ᠲᠡᠭᠡᠭᠰᠢᠯᠡᠭᠦᠯᠤᠨ᠎ᠡ᠃ ᠤᠯᠠᠨ ᠵᠦᠢᠯ ᠤᠨ ᠬᠡᠯᠪᠡᠷᠢ ᠪᠠᠷ ᠪᠡᠯᠡ | ᠴᠤᠭᠯᠠᠭᠤᠯᠬᠤ᠂ ᠵᠢᠵᠢᠭ ᠬᠤᠲᠠ ᠪᠠᠯᠭᠠᠰᠤ ᠶᠢᠨ ᠤᠰᠤ ᠬᠠᠩᠭᠠᠬᠤ ᠤᠰᠤ ᠵᠠᠯᠠᠬᠤ᠂ ᠢᠯᠴᠢ ᠬᠠᠩᠭᠠᠬᠤ᠂ ᠪᠣᠬᠢᠷ | ᠤᠰᠤ ᠪᠠ ᠬᠤᠭ ᠨᠣᠪᠰᠢ ᠶᠢ ᠰᠢᠶ᠋ᠳᠪᠦᠷᠢᠯᠡᠬᠦ ᠵᠡᠷᠭᠡ ᠢᠵᠢ ᠪᠦᠷᠢᠳᠦᠭᠰᠡᠨ ᠪᠡᠯᠡᠳᠬᠡᠮᠵᠢ ᠶᠢᠨ ᠪᠥᠳᠥᠭᠡᠨ | ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠬᠦᠯᠦᠨ᠎ᠡ᠃ ᠵᠢᠵᠢᠭ ᠬᠤᠲᠠ ᠪᠠᠯᠭᠠᠰᠤ ᠶᠢᠨ ᠬᠠᠮᠢᠶᠠᠷᠤᠯᠲᠠ ᠪᠠ | ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠬᠤ ᠶᠢ ᠴᠢᠩᠭᠠᠳᠬᠠᠨ᠂ ᠪᠠᠯᠭᠠᠰᠤ ᠶᠢᠨ ᠲᠥᠷᠢ ᠲᠥᠷᠬᠦ ᠳᠦᠷᠰᠦ ᠪᠠᠶᠢᠳᠠᠯ ᠢ | ᠲᠠᠰᠤᠷᠠᠯᠲᠠ ᠦᠭᠡᠢ ᠰᠠᠶᠢᠵᠢᠷᠠᠭᠤᠯᠬᠤ ᠶᠢ ᠲᠦᠯᠬᠢᠨ ᠠᠬᠢᠭᠤᠯᠤᠨ᠎ᠠ᠃ | ᠰᠢᠨ᠎ᠡ ᠬᠥᠳᠡᠭᠡ ᠲᠤᠰᠬᠤᠨ ᠪᠤᠯᠤᠨ ᠨᠡᠶᠢᠭᠡᠮ ᠲᠤᠭᠤᠷᠢᠭ ᠤᠨ ᠪᠥᠳᠥᠭᠡᠨ ᠪᠠᠶᠢᠭᠤᠯᠤᠯᠳᠠ ᠶᠢ ᠴᠢᠩᠭᠠᠳᠬᠠᠨ᠎ᠠ᠃ | ᠠᠵᠦ ᠤᠶᠢᠯᠡᠰ ᠢ ᠬᠠᠪᠰᠤᠷᠤᠨ ᠲᠡᠮᠵᠢᠭᠦ᠂ ᠮᠡᠷᠭᠡᠵᠢᠯ ᠤᠨ ᠪᠤᠯᠪᠠᠰᠤᠷᠠᠯ᠂ ᠪᠤᠯᠪᠠᠰᠤᠨ ᠰᠤᠷᠭᠠᠨ ᠬᠦᠮᠦᠵᠢᠯ᠂ | ᠤᠷᠴᠢᠨ ᠲᠤᠭᠤᠷᠢᠨ ᠤ ᠴᠡᠭᠴᠡᠯᠡᠯᠲᠠ ᠶᠢᠨ ᠬᠦᠴᠦᠯᠡᠴᠡ ᠶᠢ ᠴᠢᠩᠭᠠᠳᠬᠠᠨ᠂ ᠰᠢᠨ᠎ᠡ ᠬᠦᠳᠡᠭᠡ ᠲᠤᠰᠬᠤᠨ ᠤ | ᠵᠢᠱᠢᠶ᠎ᠠ ᠦᠵᠡᠭᠦᠯᠭᠦ ᠲᠤᠰᠬᠤᠨ ᠢ 33 ᠪᠠᠶᠢᠭᠤᠯᠤᠨ᠎ᠠ᠃ ᠠᠮᠢ ᠠᠬᠤᠶ ᠬᠡᠪᠡᠷᠡᠭ ᠣᠷᠣᠨ᠂ ᠤᠰᠤᠨ ᠤ ᠰᠤᠷᠪᠤᠯᠵᠢ | ᠳᠤᠲᠠᠭᠳᠠᠵᠤ ᠪᠠᠶᠢᠬᠤ ᠣᠷᠣᠨ᠂ ᠶᠠᠳᠠᠭᠤ ᠬᠦᠴᠢᠷᠲᠡᠶ ᠠᠭᠤᠯᠠᠷᠬᠠᠭ ᠣᠷᠣᠨ ᠪᠠ ︽ᠬᠤᠭᠤᠰᠤᠨ ᠬᠤᠴᠤᠷᠤᠬᠰᠠᠨ︾ | ᠭᠠᠴᠠᠭᠠᠨ ᠤ ᠬᠥᠮᠦᠨ ᠠᠮᠠ ᠶᠢ ᠵᠢᠵᠢᠭ ᠬᠤᠲᠠ ᠪᠠᠯᠭᠠᠰᠤ᠂ ᠭᠤᠣᠯ ᠲᠣᠰᠬᠤᠨ ᠤᠷᠤᠭᠤ ᠰᠢᠯᠵᠢᠬᠦᠯᠦᠨ᠂ | ᠪᠠᠶᠢᠷᠢᠰᠢᠭᠤᠯᠤᠯ ᠨᠢ ᠵᠦᠢ ᠵᠣᠬᠢᠰᠲᠠᠶ᠂ ᠦᠷᠭᠦᠯᠵᠢᠯᠡᠨ ᠤᠶᠢᠯᠡᠳᠪᠤᠷᠢᠯᠡᠨ ᠠᠮᠢᠳᠤᠷᠠᠬᠤ ᠲᠥᠪᠯᠡᠷᠡᠭᠰᠡᠨ ᠣᠷᠣᠨ ᠢ | ᠪᠥᠷᠢᠯᠳᠥᠬᠦᠯᠥᠨ᠂ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤᠪᠠᠷ ᠡᠳ᠋ᠯᠡᠬᠦ ᠶᠢ | ᠪᠡᠶᠡᠯᠡᠭᠦᠯᠦᠨ᠎ᠡ᠃ ᠰᠣᠩᠭᠢᠨ᠎ᠠ ᠶᠢᠨ ᠭᠤᠤ ᠠᠮᠢ ᠠᠬᠤᠶ ᠶᠢᠨ ᠠᠷᠠᠳ ᠢ ᠨᠡᠭᠦᠯᠭᠡᠬᠦ ᠲᠦᠷᠦᠯ ᠵᠦᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠵᠤ᠂ 1124 ᠲᠥᠮᠡᠨ ᠲᠥᠭᠦᠷᠢᠭ ᠢ ᠪᠡᠯᠡ ᠤᠷᠤᠭᠤᠯᠤᠨ᠂ 72 ᠡᠷᠦᠬᠡ᠂ | 410 ᠨᠡᠭᠦᠳᠡᠯ ᠠᠷᠠᠳ ᠢ ᠲᠥᠪᠬᠢᠨᠡᠭᠦᠯᠦᠨ᠎ᠡ᠃ ︽ᠠᠷᠪᠠ ᠶᠢ ᠪᠥᠷᠬᠦᠬᠦᠯᠬᠦ︾ ᠢᠨᠵᠧᠨᠧᠷᠢᠩ ᠢ ᠦᠷᠭᠦᠯᠵᠢᠯᠡᠨ | ᠲᠦᠯᠬᠢᠨ ᠠᠬᠢᠭᠤᠯᠵᠤ᠂ 3.8 ᠳ᠋ᠥᠩᠰᠢᠭᠤᠷ ᠲᠥᠭᠦᠷᠢᠭ ᠢ ᠪᠡᠯᠡ ᠤᠷᠤᠭᠤᠯᠤᠨ᠂121 ᠭᠠᠴᠠᠭᠠᠨ ᠤ ︽ᠠᠷᠪᠠ ᠶᠢ | ᠪᠥᠷᠬᠦᠬᠦᠯᠬᠦ︾ ᠶᠢ ᠪᠡᠶᠡᠯᠡᠭᠦᠯᠦᠨ᠂ ᠬᠥᠳᠡᠭᠡ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠪᠠ | ᠨᠡᠶᠢᠭᠡᠮ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠨᠡᠶᠢᠭᠡᠮ | ᠲᠣᠭᠤᠷᠢᠭ ᠤᠨ ᠬᠠᠮᠢᠶᠠᠷᠤᠯᠲᠠ ᠶᠢᠨ ᠰᠢᠨ᠎ᠡ ᠬᠡᠪ ᠵᠠᠭᠪᠤᠷ ᠢ ᠬᠠᠶᠢᠨ ᠰᠥᠪᠡᠭᠴᠢᠯᠡᠨ᠂ ᠨᠡᠶᠢᠭᠡᠮ ᠲᠣᠭᠤᠷᠢᠭ ᠤᠨ | ᠵᠥᠭᠡᠯᠡᠨ ᠬᠠᠲᠠᠭᠤ ᠲᠤᠨᠤᠭ ᠤᠨ ᠪᠠᠶᠢᠭᠤᠯᠤᠯᠲᠠ ᠶᠢ ᠴᠢᠩᠭᠠᠳᠬᠠᠵᠤ᠂ ᠠᠳᠠᠯ ᠠᠬᠤᠶᠶᠢᠨ ᠬᠠᠮᠢᠶᠠᠷᠤᠯᠲᠠ ᠶᠢ | ᠵᠢᠷᠤᠮᠵᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠣᠯᠪᠠᠰᠤᠨ᠂ ᠡᠶ᠎ᠡ | ᠵᠣᠬᠢᠴᠠᠯ ᠲᠠᠢ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠪᠠᠶᠢᠭᠤᠯᠤᠨ᠎ᠠ᠃ | ᠵᠠᠮ ᠬᠠᠷᠢᠯᠴᠠᠭ᠎ᠠ ᠴᠠᠬᠢᠯᠭᠠᠨ ᠬᠦᠴᠦᠨ ᠤᠰᠤᠨ ᠠᠰᠢᠭᠯᠠᠯᠲᠠ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ | | ᠤᠯᠤᠰ ᠤᠨ ᠵᠠᠮ ᠤᠨ 508 ᠱᠤᠭᠤᠮ᠂ ᠮᠤᠵᠢ ᠶᠢᠨ ᠵᠠᠮ ᠤᠨ 505 ᠱᠤᠭᠤᠮ ᠤᠨ ᠲᠡᠰ ᠲᠡᠪᠰᠢᠭᠦᠯᠦᠨ | ᠦᠭᠡᠷᠡᠴᠢᠯᠡᠬᠦ ᠲᠦᠷᠦᠯ ᠵᠤᠶᠢᠯ ᠤᠨ ᠡᠮᠤᠨᠡᠬᠢ ᠬᠤᠭᠤᠴᠠᠭᠠᠨ ᠤ ᠠᠵᠢᠯ ᠢ ᠲᠦᠷᠭᠡᠨ ᠠᠬᠢᠭᠤᠯᠤᠨ᠂ ᠤᠯᠤᠰ ᠤᠨ | ᠵᠠᠮ ᠤᠨ 306 ᠱᠤᠭᠤᠮ ᠤᠨ ᠪᠠᠭ᠎ᠠ ᠵᠥᠩ ᠠᠴᠠ ᠰᠢᠶᠤᠤ ᠴᠧᠩᠽᠢ ᠬᠦᠷᠬᠦ ᠵᠠᠮ ᠤᠨ ᠭᠠᠳᠠᠷᠭᠤ ᠶᠢ ᠲᠡᠬᠢᠨ | ᠵᠠᠰᠠᠬᠤ ᠢᠨᠵᠧᠨᠧᠷᠢᠩ ᠢ ᠴᠢᠷᠮᠡᠶᠢᠨ ᠭᠡᠷᠩᠵᠢᠬᠦᠯᠦᠨ᠂ ᠲᠤᠰᠬᠤᠨ ᠳᠤ ᠨᠡᠪᠳᠡᠷᠡᠭᠦ ᠲᠤᠰᠤᠨ ᠵᠠᠮ ᠢ 120 ᠺᠢᠯᠤᠮᠧᠲᠷ | ᠰᠢᠨ᠎ᠡ ᠪᠠᠷ ᠵᠠᠰᠠᠨ᠂ ᠲᠤᠰᠤᠨ ᠵᠠᠮ ᠨᠡᠪᠳᠡᠷᠡᠭᠰᠡᠨ ᠲᠤᠰᠬᠤᠨ ᠢ 31 ᠰᠢᠨ᠎ᠡ ᠪᠠᠷ ᠨᠡᠮᠡᠭᠳᠡᠬᠦᠯᠦᠨ᠂ ᠨᠤᠷᠠᠬᠤ | ᠠᠶᠤᠯᠳᠠᠢ 7 ᠰᠠᠤᠷᠢ ᠬᠦᠬᠦᠷᠭᠡ ᠶᠢ ᠦᠭᠡᠷᠡᠴᠢᠯᠡᠨ ᠵᠠᠰᠠᠨ᠎ᠠ᠃ ᠤᠯᠠᠭᠠᠨᠬᠠᠲᠠ ᠠᠴᠠ ᠪᠡᠭᠡᠵᠢᠩ ᠮᠦᠭᠳᠡᠨ ᠬᠦᠷᠬᠦ | ᠠᠶᠠᠨᠴᠢᠳ ᠤᠨ ᠲᠤᠰᠬᠠᠶ ᠵᠠᠯᠭᠠᠯᠲᠠ ᠱᠤᠭᠤᠮ ᠪᠤᠯᠤᠨ ᠶᠧ ᠪᠡᠢ ᠱᠧᠦ ᠤᠯᠠᠭᠠᠨᠬᠠᠲᠠ ᠬᠥᠷᠬᠦ ᠱᠤᠭᠤᠮ ᠤᠨ | ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠡᠷᠲᠡᠬᠡᠨ ᠡᠬᠢᠯᠡᠭᠦᠯᠭᠦ ᠪᠠᠷ | ᠬᠦᠴᠦᠯᠡᠨ ᠴᠢᠷᠮᠠᠶᠢᠬᠤ ᠬᠡᠷᠡᠭᠲᠡᠶ᠃ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠶᠢ ᠪᠡᠶᠡᠯᠡᠭᠦᠯᠦᠨ᠎ᠡ᠃ ᠪᠠᠶᠢᠷᠢᠨ ᠤ ᠬᠤᠪᠢᠰᠬᠠᠭᠤᠷ ᠤᠨ ᠣᠢᠷᠲᠡᠭᠡ ᠪᠠ ᠨᠢᠩᠴᠧᠩ ᠤᠨ ᠬᠤᠪᠢᠰᠬᠠᠭᠤᠷ | ᠤᠨ ᠣᠢᠷᠲᠡᠭᠡ ᠶᠢ ᠨᠡᠭᠦᠯᠭᠡᠨ ᠪᠠᠶᠢᠭᠤᠯᠬᠤ ᠢᠨᠵᠧᠨᠧᠷᠢᠩ ᠲᠦᠯᠬᠢᠨ ᠠᠬᠢᠭᠤᠯᠵᠤ᠂ ᠵᠢᠶ ᠵᠢᠶᠠ ᠳ᠋ᠢᠶᠠᠨ᠂ ᠨᠢᠩ ᠯᠢᠶᠠᠨ | ᠱᠤᠭᠤᠮ ᠤᠨ ᠬᠦᠴᠦᠳᠡᠯ ᠥᠭᠡᠷᠡᠴᠢᠯᠡᠬᠦ ᠴᠠᠬᠢᠯᠭᠠᠨ ᠬᠦᠷᠭᠡᠬᠦ ᠱᠤᠭᠤᠮ ᠤᠨ 66 ᠺᠢᠯᠣᠸᠠᠲ ᠢ ᠦᠭᠡᠷᠡᠴᠢᠯᠡᠨ᠂ | ᠴᠠᠬᠢᠯᠭᠠᠨ ᠬᠠᠩᠭᠠᠬᠤ ᠪᠠᠲᠤᠯᠠᠪᠤᠷᠢ ᠶᠢᠨ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠦᠨ᠎ᠡ᠃ ᠪᠡᠯᠡ | ᠮᠥᠩᠭᠦ ᠶᠢ ᠢᠳᠡᠪᠬᠢᠲᠡᠶ ᠴᠤᠭᠯᠠᠭᠤᠯᠵᠤ᠂ ᠯᠤᠤᠬ᠎ᠠ ᠶᠢᠨ ᠭᠤᠤᠯ ᠤᠨ ᠰᠠᠪᠠ ᠭᠠᠵᠠᠷ ᠢ ᠵᠠᠰᠠᠬᠤ ᠢᠨᠵᠧᠨᠧᠷᠢᠩ ᠢ | ᠡᠬᠢᠯᠡᠭᠦᠯᠵᠦ᠂ ᠳ᠋ᠦᠩ ᠰᠢᠶᠣᠣ ᠾᠧ ᠭᠤᠣᠯ ᠤᠨ ᠦᠶᠡᠷ ᠢ ᠰᠡᠷᠭᠡᠶᠢᠯᠡᠨ ᠵᠠᠰᠠᠬᠤ ᠢᠨᠵᠧᠨᠧᠷᠢᠩ ᠰᠡᠭᠦᠯ ᠰᠢᠪᠳᠤᠷᠬᠤ | ᠶᠢ ᠪᠡᠶᠡᠯᠡᠭᠦᠯᠦᠨ᠎ᠡ᠃ ᠬᠠᠯᠠᠭᠤᠨ ᠤᠰᠤᠨ ᠤ ᠵᠢᠭᠠᠰᠤᠨ ᠤ ᠡᠭᠦᠯᠳᠡᠷ ᠤᠨ ᠲᠠᠯᠠᠪᠤᠷ ᠪᠠ ᠳ᠋ᠠ ᠬᠡᠦ ᠱᠢ ᠤᠰᠤᠨ | ᠴᠥᠭᠦᠷᠥᠮ ᠤᠨ ᠤᠰᠤ ᠬᠠᠩᠭᠠᠬᠤ ᠪᠠᠷᠢᠯᠭ᠎ᠠ ᠶᠢ ᠡᠬᠢᠯᠡᠭᠦᠯᠦᠨ ᠪᠥᠳᠥᠭᠡᠨ ᠪᠠᠶᠢᠭᠤᠯᠬᠤ ᠪᠠᠷ ᠴᠢᠷᠮᠠᠶᠢᠵᠤ᠂ ᠬᠥᠮᠦᠨ | ᠮᠠᠯ ᠤᠨ ᠠᠶᠤᠯᠭᠦᠶ ᠤᠰᠤ ᠤᠮᠳᠠ ᠶᠢᠨ ᠤᠨ ᠢᠨᠵᠧᠨᠧᠷᠢᠩ ᠢ 54 ᠪᠠᠶᠢᠭᠤᠯᠤᠨ᠂ 3.9 ᠲᠥᠮᠡᠨ ᠬᠥᠮᠦᠨ ᠤ ᠤᠰᠤ | ᠤᠮᠳᠠ ᠶᠢᠨ ᠠᠶᠤᠯᠭᠦᠶ ᠶᠢᠨ ᠠᠰᠠᠭᠤᠳᠠᠯ ᠢ ᠰᠢᠢᠳᠪᠤᠷᠢᠯᠡᠨ᠎ᠡ᠃ | ( ᠲᠥᠷᠪᠡ ) ᠥᠭᠡᠷᠡᠴᠢᠯᠡᠯᠲᠡ ᠬᠢᠵᠦ ᠴᠢᠯᠤᠭᠡᠳᠡᠢ ᠶᠠᠪᠤᠯᠴᠠᠬᠤ ᠶᠢ ᠬᠥᠨᠵᠡᠬᠡᠶᠢᠷᠡᠬᠦᠯᠦᠨ᠂ ᠬᠥᠭᠵᠢᠯᠲᠠ ᠶᠢᠨ | ᠬᠦᠳᠡᠯᠭᠡᠭᠦ ᠬᠦᠴᠦᠨ ᠢ ᠬᠤᠪᠢᠷᠠᠭᠤᠯᠬᠤ ᠶᠢ ᠠᠬᠢᠭᠤᠯᠤᠨ᠎ᠠ᠃ | ᠡᠯ᠎ᠡ ᠲᠥᠷᠥᠯ ᠤᠨ ᠥᠭᠡᠷᠡᠴᠢᠯᠡᠯᠳᠡ ᠶᠢ ᠲᠤᠬᠳᠠᠭᠤᠨ ᠢᠶᠠᠷ ᠠᠬᠢᠭᠤᠯᠤᠨ᠎ᠠ᠃ ᠠᠵᠦ ᠠᠬᠤᠢ ᠶᠢᠨ ᠪᠠᠶᠢᠭᠤᠯᠤᠯ ᠤᠨ | ᠦᠭᠡᠷᠡᠴᠢᠯᠡᠯᠳᠡ ᠶᠢ ᠦᠷᠬᠦᠯᠵᠢᠯᠡᠨ ᠠᠬᠢᠭᠤᠯᠤᠨ᠂ ᠠᠵᠦ ᠠᠬᠤᠢ ᠶᠢᠨ ᠬᠦᠭᠵᠢᠯᠲᠠ ᠶᠢᠨ ᠤᠷᠴᠢᠨ ᠲᠤᠭᠤᠷᠢᠨ ᠢ | ᠲᠡᠭᠦᠯᠳᠡᠷᠵᠢᠬᠦᠯᠦᠨ᠎ᠡ᠃ ᠡᠳ᠋ ᠤᠨ ᠵᠠᠰᠠᠭ ᠭᠠᠶᠢᠯᠢ ᠮᠥᠩᠬᠦᠨ ᠬᠦᠢᠯᠭᠡᠭᠡᠨ ᠤ ᠪᠠᠶᠢᠭᠤᠯᠤᠯ ᠤᠨ ᠦᠭᠡᠷᠡᠴᠢᠯᠡᠯᠳᠡ ᠶᠢ | ᠲᠦᠷᠭᠡᠳᠭᠡᠨ᠎ᠡ᠃ ᠪᠦᠬᠦ ᠲᠠᠯ᠎ᠠ ᠪᠠᠷ ᠲᠦᠷᠢᠮᠵᠢᠭᠰᠡᠨ᠂ ᠢᠯᠡ ᠪᠤᠯᠭᠠᠬᠰᠠᠨ ᠲᠤᠳᠤᠷᠬᠠᠢ ᠵᠢᠱᠢᠯᠲᠠ ᠶᠢᠨ | ᠬᠠᠮᠢᠶᠠᠷᠤᠯᠲᠠ ᠶᠢᠨ ᠲᠦᠷᠢᠮ ᠢ ᠭᠡᠷᠩᠵᠢᠭᠦᠯᠦᠨ᠎ᠡ᠃ ᠠᠮᠵᠢᠯᠲᠠ ᠪᠦᠲᠦᠮᠵᠢ ᠪᠠᠷ ᠥᠨᠡᠯᠡᠬᠦ ᠲᠥᠰᠦᠪ ᠤᠨ | ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠦᠪ ᠤᠨ ᠲᠥᠪ ᠴᠢᠩᠭ᠎ᠠ ᠴᠢᠨᠠᠷ ᠪᠣᠯᠤᠨ ᠦᠷ᠎ᠡ | ᠪᠥᠳᠥᠮᠵᠢᠳᠤ ᠴᠢᠨᠠᠷ ᠢ ᠲᠡᠭᠡᠭᠰᠢᠯᠡᠭᠦᠯᠦᠨ᠎ᠡ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢ ᠭᠡᠷᠩᠵᠢᠬᠦᠯᠵᠦ᠂ ᠨᠠᠮ ᠵᠠᠰᠠᠭ ᠤᠨ ᠪᠠᠶᠢᠭᠤᠯᠭ᠎ᠠ᠂ | ᠠᠵᠢᠯ ᠦᠢᠯᠡᠰ ᠤᠨ ᠨᠢᠭᠡᠴᠢ ᠪᠣᠯᠤᠨ ᠠᠵᠤ ᠠᠬᠤᠶᠢᠯᠠᠯ ᠤᠨ ᠠᠳᠠᠯᠢᠬᠠᠨ ᠦᠨᠳᠦᠰᠦᠨ ᠨᠠᠰᠤᠵᠢᠯ ᠤᠨ | ᠳᠠᠭᠠᠳᠬᠠᠯ ᠤᠨ ᠳᠦᠷᠢᠮ ᠢ ᠪᠠᠶᠢᠭᠤᠯᠤᠨ᠎ᠠ᠃ ᠥᠯᠥ ᠬᠥᠳᠡᠯᠬᠦ ᠬᠦᠷᠦᠩᠭᠡ ᠶᠢᠨ ᠳᠡᠩᠰᠡᠯᠡᠯᠲᠡ ᠶᠢᠨ ᠠᠵᠢᠯ ᠢ | ᠡᠬᠢᠯᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠶ᠂ ᠣᠷᠣᠨ ᠰᠠᠭᠤᠴᠠ ᠶᠢᠨ ᠭᠠᠵᠠᠷ ᠬᠢᠭᠡᠳ | ᠬᠠᠮᠲᠤ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠥᠮᠴᠢᠯᠡᠬᠦ ᠡᠷᠬᠡ ᠶᠢ ᠨᠤᠲᠠᠯᠠᠨ ᠵᠥᠪᠰᠢᠶᠡᠷᠡᠵᠦ | ᠦᠨᠡᠮᠯᠡᠯ ᠣᠯᠭᠤᠬᠤ ᠶᠢ ᠪᠡᠶᠡᠯᠡᠭᠦᠯᠥᠨ᠎ᠡ᠃ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠡᠮ ᠤᠨ ᠵᠦᠢᠯ ᠤᠨ ᠦᠨ᠎ᠡ ᠶᠢ | ᠪᠦᠲᠦᠮᠵᠢᠲᠡᠶ ᠪᠠᠭᠤᠷᠠᠭᠤᠯᠤᠨ᠎ᠠ᠃ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ᠂ | ᠲᠥᠯᠥᠪᠯᠡᠭᠡ ᠲᠠᠢ ᠪᠠᠷ ᠬᠡᠦᠬᠡᠳ ᠠᠪᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠦᠢᠯᠡᠳᠪᠦᠷᠢ | ᠬᠤᠳᠠᠯᠳᠤᠭᠠᠨ ᠤ ᠬᠠᠮᠢᠶᠠᠷᠤᠯᠲᠠ ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠢᠳᠡᠭᠡᠨ ᠪᠠ ᠡᠮ ᠤᠨ ᠵᠦᠢᠯ ᠢ ᠬᠢᠨᠠᠨ | ᠬᠠᠮᠢᠶᠠᠷᠬᠤ ᠡᠭᠦᠷᠭᠡ ᠴᠢᠳᠠᠪᠤᠷᠢ ᠶᠢ ᠡᠮᠬᠢ ᠴᠡᠭᠴᠡᠳᠡᠢ ᠪᠣᠯᠭᠠᠨ᠂ ᠡᠷᠬᠡ ᠬᠠᠷᠢᠭᠤᠴᠠᠯᠭ᠎ᠠ ᠨᠢᠭᠡᠳᠦᠯᠲᠡᠶ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠬᠤ ᠪᠠᠶᠢᠭᠤᠯᠤᠮᠵᠢ ᠶᠢ ᠪᠠᠶᠢᠭᠤᠯᠤᠨ᠎ᠠ᠃ ᠠᠯᠪᠠᠨ ᠶᠠᠪᠤᠳᠠᠯ ᠳᠤ ᠬᠡᠷᠡᠭᠯᠡᠬᠦ ᠮᠠᠰᠢᠨ | ᠲᠡᠷᠭᠡ ᠶᠢᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃ | ᠭᠠᠳᠠᠭᠠᠳᠤ ᠲᠠᠢ ᠴᠢᠯᠦᠭᠡᠳᠡᠢ ᠶᠠᠪᠤᠯᠴᠠᠬᠤ ᠶᠢ ᠴᠢᠷᠮᠡᠶᠢᠨ ᠦᠷᠭᠡᠳᠭᠡᠨ᠎ᠡ᠃ | ᠤᠯᠤᠰ ᠠᠴᠠ ᠪᠡᠭᠡᠵᠢᠩ ᠲᠢᠶᠠᠨᠵᠢᠨ ᠡᠾᠧᠪᠸᠢ ᠶᠢ ᠵᠤᠬᠢᠴᠠᠭᠤᠯᠤᠨ ᠬᠦᠭᠵᠢᠬᠦᠯᠬᠦ ᠵᠡᠷᠭᠡ ᠪᠠᠶᠢᠯᠳᠤᠬᠤ ᠪᠤᠳᠤᠯᠭ᠎ᠠ | ᠶᠢ ᠭᠡᠷᠩᠵᠢᠬᠦᠯᠵᠦ ᠪᠤᠢ ᠪᠤᠯᠤᠬᠰᠠᠨ ᠰᠠᠶᠢᠨ ᠲᠤᠬᠢᠶᠠᠯ ᠢ ᠰᠠᠶᠢᠳᠤᠷ ᠠᠳᠬᠤᠨ᠂ ᠠᠵᠤ ᠤᠶᠢᠯᠡᠰ ᠤᠨ ᠰᠢᠯᠵᠢᠯᠲᠡ | ᠶᠢ ᠵᠠᠯᠭᠠᠨ ᠲᠤᠰᠬᠤ ᠰᠠᠭᠤᠷᠢᠨ ᠭᠠᠵᠠᠷ ᠢ ᠲᠦᠷᠭᠡᠨ ᠡᠬᠦᠳᠦᠨ᠎ᠡ᠃ ᠬᠤᠳᠠᠯᠳᠤᠭᠠᠴᠢᠨ ᠰᠣᠩᠭᠤᠬᠤ | ᠣᠶᠢᠯᠠᠭᠠᠭᠳᠠᠬᠤᠨ ᠢ ᠪᠤᠢ ᠪᠣᠯᠭᠠᠵᠦ᠂ ᠤᠷᠤᠨ ᠪᠠᠶᠢᠷᠢ ᠂ ᠡᠬᠢ ᠪᠠᠶᠠᠯᠢᠭ᠂ ᠠᠵᠤ ᠦᠢᠯᠡᠰ᠂ ᠬᠥᠭᠵᠢᠯᠲᠡ ᠶᠢᠨ | ᠣᠷᠴᠢᠨ ᠲᠣᠭᠤᠷᠢᠨ ᠵᠡᠷᠭᠡ ᠳᠠᠪᠠᠭᠤᠯᠢᠭ ᠢᠶᠠᠨ ᠪᠠᠳᠠᠷᠠᠭᠤᠯᠤᠨ᠂ ᠠᠷᠠᠯᠵᠢᠶᠠᠴᠢᠨ ᠤᠷᠢᠬᠤ ᠠᠷᠭ᠎ᠠ ᠮᠠᠶ᠋ᠢᠭ ᠢᠶᠠᠨ | ᠰᠢᠨᠡᠳᠭᠡᠨ᠂ ᠲᠤᠪᠤᠶᠢᠯᠭᠠᠨ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠠᠵᠢᠯ ᠢ ᠲᠤᠪᠤᠶᠢᠯᠠᠭᠠᠨ᠂ ᠨᠠᠶᠢᠳᠠᠵᠤ | ᠣᠷᠣᠯᠠᠨ ᠭᠦᠢᠴᠡᠳᠬᠡᠬᠦ᠂ ᠰᠦᠯᠵᠢᠶᠡᠨ ᠤ ᠬᠤᠳᠠᠯᠳᠤᠭᠠᠴᠢᠨ ᠤᠷᠢᠬᠤ ᠵᠡᠷᠭᠡ ᠰᠢᠨ᠎ᠡ ᠠᠷᠠᠯᠵᠢᠶᠠᠴᠢᠨ ᠤᠷᠢᠬᠤ | ᠬᠡᠯᠪᠡᠷᠢ ᠶᠢ ᠰᠥᠪᠡᠭᠴᠢᠯᠡᠨ᠂ ᠭᠤᠣᠯᠳᠠᠯᠭ᠎ᠠ ᠲᠠᠢ ᠭᠠᠵᠠᠷ ᠣᠷᠣᠨ ᠢ ᠤᠨᠢᠯᠡᠨ᠂ ᠬᠠᠨᠳᠤᠯᠭᠠᠲᠤ ᠴᠢᠨᠠᠷ ᠲᠠᠢ ᠪᠠᠷ | ᠠᠷᠠᠯᠵᠢᠶᠠᠴᠢᠨ ᠤᠷᠢᠬᠤ ᠶᠢ ᠦᠷᠨᠢᠭᠦᠯᠦᠨ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠠᠵᠤ ᠠᠬᠤᠶ ᠶᠢᠨ | ᠦᠷ᠎ᠡ ᠠᠰᠢᠭ ᠰᠠᠶᠢᠲᠠᠶ᠂ ᠳᠠᠶᠢᠴᠢᠯᠠᠬᠤ ᠦᠢᠯᠡᠳᠦᠯ ᠢᠶᠠᠷ ᠴᠢᠩᠭ᠎ᠠ᠂ ᠡᠨᠧᠷᠭᠢ ᠠᠷᠪᠢᠯᠠᠵᠤ ᠣᠷᠴᠢᠨ ᠠᠬᠤᠶ ᠶᠢ | ᠬᠠᠮᠠᠭᠠᠯᠠᠬᠤ᠂ ᠬᠥᠭᠵᠢᠯ ᠤᠨ ᠢᠷᠡᠭᠡᠳᠦᠶ ᠲᠠᠢ ᠴᠢᠬᠤᠯᠠ ᠶᠡᠭᠡ ᠲᠥᠷᠥᠯ ᠵᠦᠢᠯ ᠢ ᠤᠷᠤᠭᠤᠯᠤᠨ᠎ᠠ᠃ ᠪᠡᠯᠡ | ᠮᠥᠩᠭᠦ ᠶᠢ 112 ᠳ᠋ᠦᠩᠰᠢᠭᠤᠷ ᠲᠥᠭᠦᠷᠢᠭ ᠣᠷᠣᠭᠤᠯᠵᠤ ᠢᠷᠡᠬᠦ ᠪᠠᠷ ᠴᠢᠷᠮᠠᠶᠢᠵᠤ᠂ 15 % ᠪᠠᠷ ᠨᠡᠮᠡᠭᠳᠡᠭᠦᠯᠦᠨ᠎ᠡ | ᠃ ᠪᠡᠭᠡᠵᠢᠩ ᠥᠪᠥᠷ ᠮᠣᠩᠭᠤᠯ ᠤᠨ ᠬᠠᠮᠲᠤᠷᠠᠨ ᠠᠵᠢᠯᠯᠠᠬᠤ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠰᠢᠨ᠎ᠡ ᠨᠢᠭᠡᠨ ᠡᠭᠡᠯᠵᠢ ᠶᠢᠨ ᠬᠤᠷᠰᠢᠯᠴᠠᠵᠤ ᠬᠠᠪᠰᠤᠷᠤᠨ ᠲᠡᠳᠬᠦᠬᠦ ᠭᠤᠣᠯᠳᠠᠯᠭ᠎ᠠ ᠶᠢ | ᠰᠤᠳᠤᠯᠤᠨ᠂ ᠨᠡᠩ ᠤᠯᠠᠨ ᠬᠦᠷᠢᠶᠡᠨ ᠳᠤ ᠰᠢᠨ᠎ᠡ ᠠᠬᠢᠴᠠ ᠲᠠᠢ ᠪᠣᠯᠬᠤ ᠶᠢ ᠲᠡᠮᠡᠴᠡᠨ᠎ᠡ᠃ | ( ᠲᠠᠪᠤ ) ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠨ᠂ ᠪᠤᠬᠢᠷᠳᠤᠯ ᠦᠬᠡᠢ | ᠲᠤᠤᠷ᠎ᠠ ᠨᠡᠭᠦᠷᠡᠰᠤᠳᠦᠷᠦᠭᠴᠢᠲᠤ ᠬᠦᠭᠵᠢᠯᠲᠠ ᠶᠢ ᠠᠬᠢᠭᠤᠯᠤᠨ᠎ᠠ᠃ | ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠡᠷᠢᠶᠠᠯᠠᠬᠤ ᠪᠠᠨ ᠪᠤᠯᠢᠵᠦ ᠤᠶᠢᠵᠢᠭᠤᠯᠬᠤ᠂ | ᠪᠡᠭᠡᠵᠢᠩ ᠲᠢᠶᠠᠨᠵᠢᠨ ᠤ ᠰᠠᠯᠬᠢ ᠡᠯᠡᠰᠤᠨ ᠤ ᠡᠬᠢ ᠶᠢ ᠵᠠᠰᠠᠬᠤ ᠵᠡᠷᠬᠡ ᠭᠤᠤᠯ ᠪᠤᠯᠬᠤ ᠠᠮᠢ ᠠᠬᠤᠢ ᠶᠢᠨ | ᠢᠨᠵᠧᠨᠧᠷᠢᠩ ᠢ ᠦᠷᠭᠦᠯᠵᠢᠯᠡᠨ ᠭᠡᠷᠩᠵᠢᠬᠦᠯᠦᠨ᠂ ᠤᠰᠤ ᠰᠢᠷᠤᠢ ᠶᠢ ᠪᠠᠳᠤᠯᠠᠨ ᠵᠠᠰᠠᠬᠤ ᠶᠢ 5 ᠲᠦᠮᠡᠨ ᠮᠣ᠋᠂ ᠤᠢ | ᠶᠢ ᠡᠵᠡᠩᠨᠡᠨ ᠤᠶᠢᠵᠢᠭᠤᠯᠬᠤ 4 ᠲᠦᠮᠡᠨ ᠮᠣ᠋ ᠶᠢ ᠰᠢᠨ᠎ᠡ ᠪᠠᠷ ᠨᠡᠮᠡᠭᠳᠡᠬᠦᠯᠦᠨ᠎ᠡ᠃ ᠭᠤᠤᠯ ᠪᠤᠯᠬᠤ ᠤᠷᠤᠨ ᠪᠦᠰᠡ | ᠶᠢ ᠨᠤᠭᠤᠭᠠᠷᠠᠭᠤᠯᠬᠤ ᠶᠢ ᠲᠦᠷᠭᠡᠨ ᠠᠬᠢᠭᠤᠯᠤᠨ᠂ ᠲᠢᠶᠠᠨ ᠢ ᠬᠤᠲᠠ ᠲᠤᠭᠤᠷᠢᠭ᠂ ᠵᠦᠩ ᠵᠢᠩ ᠠᠵᠦ | ᠤᠶᠢᠯᠡᠳᠪᠤᠷᠢ ᠶᠢᠨ ᠬᠦᠷᠢᠶᠡᠯᠡᠩ ᠵᠡᠷᠭᠡ 1 ᠲᠥᠮᠡᠨ ᠮᠤ᠋ ᠶᠢᠨ ᠨᠤᠭᠤᠭᠠᠷᠠᠭᠤᠯᠤᠯᠲᠠ ᠶᠢ ᠪᠡᠶᠡᠯᠡᠬᠦᠯᠦᠨ᠎ᠡ᠃ | ᠪᠢᠳᠡᠭᠦᠮᠵᠢᠯᠡᠨ ᠲᠡᠵᠢᠭᠡᠨ ᠮᠠᠯᠵᠢᠬᠤ ᠶᠢ ᠵᠤᠬᠰᠤᠭᠠᠨ᠂ ᠠᠮᠢ ᠠᠬᠤᠢ ᠶᠢᠨ ᠱᠠᠩᠨᠠᠯ ᠲᠤᠷᠭᠠᠭᠤᠯᠢ ᠶᠢᠨ ᠲᠦᠷᠦ ᠶᠢᠨ | ᠪᠤᠳᠤᠯᠭ᠎ᠠ ᠶᠢ ᠨᠡᠶᠢᠳᠡᠪᠤᠷᠢᠵᠢᠭᠤᠯᠤᠨ᠂ ᠤᠢ ᠰᠢᠭᠤᠢ ᠬᠠᠳᠤᠯᠠᠩ ᠤᠨ ᠭᠠᠯ ᠢ ᠰᠡᠷᠭᠡᠶᠢᠯᠡᠬᠦ ᠠᠵᠢᠯ ᠢ ᠴᠢᠩᠭᠠᠳᠬᠠᠨ᠂ | ᠠᠮᠢ ᠠᠬᠤᠢ ᠶᠢᠨ ᠠᠮᠤᠷ ᠲᠦᠪᠰᠢᠨ ᠢ ᠦᠨᠡᠨᠬᠦ ᠪᠠᠳᠤᠯᠠᠨ᠎ᠠ᠃ ᠭᠤᠣᠯᠳᠠᠯᠭ᠎ᠠ ᠲᠠᠢ ᠣᠷᠣᠨ ᠪᠦᠰᠡ ᠶᠢᠨ ᠭᠠᠵᠠᠷ | ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠡᠮᠬᠢ ᠵᠢᠷᠤᠮ ᠢ ᠴᠡᠭᠴᠡᠯᠡᠬᠦ ᠠᠵᠢᠯ ᠢ ᠭᠦᠨᠵᠡᠭᠡᠶ ᠥᠷᠨᠢᠭᠦᠯᠵᠦ᠂ ᠳᠠᠯᠳᠠᠭᠤᠷ | ᠳᠤᠷ᠎ᠠ ᠪᠠᠷ ᠢᠶᠠᠨ ᠮᠠᠯᠳᠠᠬᠤ᠂ ᠠᠮᠢ ᠠᠬᠤᠶ ᠶᠢ ᠡᠪᠳᠡᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠲᠦᠷᠭᠡᠪᠴᠢᠯᠡᠨ ᠠᠬᠢᠭᠤᠯᠵᠤ᠂ ᠨᠢᠭᠡ | ᠪᠦᠯᠦᠭ ᠪᠣᠬᠢᠷᠳᠤᠯ ᠦᠭᠡᠢ ᠡᠶ᠎ᠡ ᠵᠣᠬᠢᠴᠠᠯ ᠲᠠᠢ ᠠᠭᠤᠷᠬᠠᠶ ᠶᠢ ᠪᠠᠶᠢᠭᠤᠯᠤᠨ᠎ᠠ᠃ ᠬᠤᠷᠬᠤᠭ ᠭᠤᠣᠯ ᠂ ᠽᠢ ᠮᠧᠩ | ᠬᠡᠦ ᠨᠠᠭᠤᠷ᠂ ᠯᠤᠤᠬ᠎ᠠ ᠶᠢᠨ ᠭᠤᠣᠯ ᠵᠡᠷᠭᠡ ᠭᠤᠣᠯᠳᠠᠯᠭ᠎ᠠ ᠲᠠᠢ ᠠᠮᠢ ᠠᠬᠤᠶ ᠬᠠᠮᠠᠭᠠᠯᠠᠯᠲᠠ ᠶᠢᠨ ᠣᠷᠣᠨ ᠪᠠ | ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠣᠷᠣᠨ ᠤ ᠬᠠᠮᠢᠶᠠᠷᠴᠤ ᠬᠠᠮᠠᠭᠠᠯᠠᠬᠤ ᠪᠠᠨ ᠤᠯᠠᠮ ᠨᠢᠭᠡ ᠠᠯᠬᠤᠮ | ᠴᠢᠩᠭᠠᠳᠬᠠᠨ᠂ ᠠᠮᠢ ᠠᠬᠤᠶ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠢ ᠠᠬᠤᠶ ᠶᠢᠨ ᠠᠶᠤᠯᠭᠦᠶ ᠶᠢᠨ | ᠬᠠᠯᠬᠠᠪᠴᠢ ᠶᠢ ᠪᠠᠶᠢᠭᠤᠯᠤᠨ᠎ᠠ᠃ | ᠡᠨᠧᠷᠬᠢ ᠶᠢ ᠠᠷᠪᠢᠯᠠᠨ ᠪᠤᠬᠢᠷᠳᠤᠯ ᠢ ᠭᠠᠳᠠᠬᠰᠢᠯᠠᠭᠤᠯᠬᠤ ᠶᠢ ᠪᠠᠭᠠᠰᠠᠬᠠᠬᠤ ᠶᠢ ᠴᠢᠩᠭᠠᠳᠬᠠᠨ᠎ᠠ᠃ ᠭᠤᠣᠯ ᠪᠣᠯᠬᠤ | ᠪᠣᠬᠢᠷᠲᠤᠯ ᠪᠣᠳᠠᠰ ᠤᠨ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠰᠠᠶᠢᠲᠤᠷ ᠠᠳᠬᠤᠵᠤ᠂ ᠬᠤᠲᠠ ᠶᠢᠨ | ᠲᠣᠭᠤᠷᠢᠭ ᠤᠨ ᠭᠤᠷᠪᠠᠨ ᠢᠯᠴᠢ ᠶᠢᠨ ᠬᠦᠴᠦᠨ ᠤ ᠺᠣᠮᠫᠠᠨᠢ ᠲᠣᠭᠤᠰᠣ ᠠᠷᠢᠯᠭᠠᠬᠤ ᠬᠦᠬᠦᠷ ᠥᠬᠡᠶᠢᠳᠡᠭᠦᠯᠬᠦ | ᠪᠠᠷᠢᠮᠵᠢᠶ᠎ᠠ ᠶᠢ ᠥᠭᠡᠷᠡᠴᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠲᠢᠶᠠᠨ ᠢ ᠬᠤᠲᠠ ᠲᠣᠭᠤᠷᠢᠭ ᠤᠨ ᠪᠣᠬᠢᠷ | ᠤᠰᠤ ᠰᠢᠶ᠋ᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠤ ᠴᠢᠨᠠᠷ ᠢ ᠳᠡᠭᠡᠭᠰᠢᠯᠡᠭᠦᠯᠵᠦ᠂ ᠲᠠᠷᠢᠶᠠᠯᠠᠩ ᠤᠨ ᠡᠬᠢ | ᠡᠭᠦᠰᠦᠯ ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠯᠠᠪᠳᠠᠭᠤᠨ ᠪᠠᠲᠤᠲᠠᠶ ᠲᠦᠯᠬᠢᠨ | ᠠᠬᠢᠭᠤᠯᠵᠤ᠂ 《ᠠᠷᠪᠠᠨ ᠬᠤᠶᠠᠳᠤᠭᠠᠷ ᠲᠠᠪᠤᠨ》 ᠵᠢᠯ ᠤᠨ ᠲᠥᠯᠥᠪᠵᠢᠭᠦᠯᠭᠡ ᠶᠢᠨ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠳᠤᠯᠠᠨ᠎ᠠ᠃ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠦᠴᠦᠲᠡᠶ ᠳᠥᠯᠭᠢᠨ ᠠᠬᠢᠭᠤᠯᠵᠤ᠂ ᠬᠤᠲᠠ ᠶᠢᠨ | ᠠᠮᠢᠳᠤᠷᠠᠯ ᠤᠨ ᠪᠣᠬᠢᠷᠲᠤᠯ ᠡᠭᠦᠰᠭᠡᠭᠴᠢ ᠶᠢ ᠵᠠᠰᠠᠬᠤ ᠶᠢ ᠴᠢᠩᠭᠠᠳᠬᠠᠵᠦ᠂ ᠬᠤᠲᠠ ᠶᠢᠨ ᠲᠣᠭᠤᠷᠢᠭ ᠤᠨ 10 ᠲᠣᠨ | ᠵᠢᠴᠢ ᠲᠡᠭᠦᠨ ᠠᠴᠠ ᠳᠣᠷᠣᠭᠰᠢᠬᠢ ᠠᠵᠤ ᠦᠢᠯᠡᠳᠪᠦᠷᠢ ᠶᠢᠨ ᠨᠡᠭᠦᠷᠡᠰᠦ ᠰᠢᠲᠠᠭᠠᠬᠤ ᠭᠥᠸᠧᠯᠦ ᠶᠢ ᠰᠢᠭᠰᠢᠵᠦ᠂ | 20% ᠪᠣᠬᠢᠷᠲᠤᠯ ᠶᠡᠬᠡᠲᠡᠶ ᠲᠦᠯᠡᠰᠢ ᠰᠢᠲᠠᠬᠤ ᠶᠢ ᠴᠠᠭᠠᠵᠠᠯᠠᠭᠰᠠᠨ ᠣᠷᠣᠨ ᠳᠤ ᠵᠤᠤᠬ᠎ᠠ ᠶᠢ ᠥᠭᠡᠷᠡᠴᠢᠯᠡᠵᠦ᠂ | 60% ᠬᠤᠭᠤᠯᠠ ᠤᠮᠳᠠᠭᠠᠨ ᠤ ᠦᠢᠯᠡᠴᠢᠯᠡᠭᠡᠨ ᠤ ᠡᠵᠡᠩᠨᠡᠯᠲᠡ ᠶᠢᠨ ᠭᠠᠵᠠᠷ ᠲᠠᠯᠠᠪᠤᠷ᠂ ᠪᠠᠶᠢᠭᠤᠯᠭ᠎ᠠ ᠨᠢᠭᠡᠴᠢ ᠶᠢᠨ | ᠬᠤᠭᠤᠯᠠᠨ ᠭᠡᠷ ᠤᠨ ᠤᠲᠤᠭ᠎ᠠ ᠴᠡᠪᠡᠷᠰᠢᠭᠦᠯᠬᠦ ᠲᠥᠬᠦᠭᠡᠷᠦᠮᠵᠢ ᠤᠭᠰᠠᠷᠠᠵᠤ ᠶᠢ ᠪᠡᠶᠡᠯᠡᠭᠦᠯᠵᠦ᠂ ᠪᠠᠷᠢᠯᠭ᠎ᠠ ᠶᠢᠨ | ᠭᠠᠵᠠᠷ ᠤᠨ ᠳᠡᠭᠳᠡᠮᠡᠯ ᠲᠣᠭᠤᠰᠣᠨ ᠤ ᠬᠢᠨᠠᠨ ᠬᠠᠮᠢᠶᠠᠷᠬᠤ ᠶᠢ ᠴᠢᠩᠭᠠᠳᠬᠠᠵᠤ᠂ ᠬᠤᠲᠠ ᠶᠢᠨ ᠵᠠᠮ ᠢ ᠮᠠᠰᠢᠨ ᠢᠶᠠᠷ | ᠴᠡᠪᠡᠷᠯᠡᠨ ᠱᠦᠭᠦᠷᠳᠡᠬᠦ ᠨᠤᠷᠮ᠎ᠠ ᠪᠠ ᠨᠤᠭᠤᠭᠠᠷᠠᠭᠤᠯᠬᠤ ᠨᠤᠷᠮ᠎ᠠ ᠶᠢ ᠠᠯᠬᠤᠮ ᠠᠯᠬᠤᠮ ᠢᠶᠠᠷ ᠲᠡᠭᠡᠭᠰᠢᠯᠡᠬᠦᠯᠥᠨ᠂ | ᠪᠤᠬᠢᠷᠳᠤᠯ ᠶᠡᠭᠡᠳᠡᠢ ᠲᠡᠷᠭᠡ ᠪᠠ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠨ᠎ᠡ᠃ | ( ᠵᠢᠷᠭᠤᠭ᠎ᠠ ) ᠨᠡᠶᠢᠭᠡᠮ ᠤᠨ ᠤᠶᠢᠯᠡᠰ ᠢ ᠪᠦᠭᠦ ᠲᠠᠯ᠎ᠠ ᠪᠠᠷ ᠬᠦᠭᠵᠢᠭᠦᠯᠭᠦ ᠶᠢ ᠠᠬᠢᠭᠤᠯᠤᠨ᠂ ᠠᠷᠠᠳ ᠤᠨ | ᠠᠮᠢᠳᠤᠷᠠᠯ ᠢ ᠦᠷᠬᠦᠯᠵᠢᠯᠡᠨ ᠰᠠᠶᠢᠵᠢᠷᠠᠭᠤᠯᠬᠤ ᠶᠢ ᠲᠥᠯᠬᠢᠨ ᠠᠬᠢᠭᠤᠯᠤᠨ᠎ᠠ᠃ | ᠰᠢᠨᠵᠢᠯᠡᠬᠦ ᠤᠬᠠᠭᠠᠨ ᠲᠧᠭᠨᠢᠭ ᠮᠠᠷᠭᠡᠵᠢᠯ ᠰᠤᠷᠭᠠᠨ ᠬᠥᠮᠥᠵᠢᠯ ᠰᠤᠶᠤᠯ ᠡᠷᠡᠬᠦᠯ ᠬᠠᠮᠠᠭᠠᠯᠠᠯ ᠤᠨ ᠤᠶᠢᠯᠡᠰ ᠢ | ᠵᠤᠬᠢᠴᠠᠩᠭᠤᠢ ᠬᠥᠭᠵᠢᠭᠦᠯᠥᠨ᠎ᠡ᠃ ᠤᠯᠤᠰ ᠤᠨ ᠲᠡᠰ ᠤᠨ ᠦᠷᠭᠦᠯᠵᠢᠯᠡᠬᠦᠯᠦᠨ ᠬᠦᠭᠵᠢᠭᠦᠯᠬᠦ ᠲᠤᠷᠰᠢᠯᠲᠡ ᠶᠢᠨ | ᠤᠷᠤᠨ ᠢ ᠢᠳᠡᠪᠬᠢᠳᠡᠢ ᠴᠤᠬᠴᠠᠯᠠᠨ᠂ ᠰᠢᠨᠵᠢᠯᠡᠬᠦ ᠤᠬᠠᠭᠠᠨ ᠲᠧᠭᠨᠢᠭ ᠮᠠᠷᠭᠡᠵᠢᠯ ᠤᠨ ᠦᠷ᠎ᠡ ᠪᠦᠳᠦᠮᠵᠢ ᠶᠢ | ᠭᠡᠷᠩᠯᠡᠯᠲᠡ ᠦᠭᠡᠲᠡ ᠬᠤᠪᠢᠷᠠᠭᠤᠯᠬᠤ ᠶᠢ ᠰᠡᠶᠢᠲᠤᠷ ᠬᠢᠨ᠎ᠡ᠃ ᠰᠤᠷᠭᠠᠭᠤᠯᠢ ᠶᠢᠨ ᠪᠠᠷᠢᠮᠵᠢᠶᠠᠵᠢᠭᠤᠯᠤᠬᠰᠠᠨ | ᠪᠦᠳᠦᠭᠡᠨ ᠪᠠᠶᠢᠭᠤᠯᠤᠯᠲᠠ ᠪᠤᠯᠤᠨ ᠪᠠᠭᠤᠷᠠᠢ ᠰᠤᠷᠭᠠᠭᠤᠯᠢ ᠶᠢ ᠦᠬᠡᠷᠡᠴᠢᠯᠡᠬᠦ ᠶᠢ ᠲᠦᠷᠭᠡᠳᠭᠡᠨ᠂ ᠨᠡᠷᠡᠲᠤ ᠦᠨᠳᠤᠷ | ᠲᠤᠮᠳᠠᠳᠤ ᠶᠢ ᠪᠠᠶᠢᠭᠤᠯᠬᠤ ᠶᠢ ᠴᠢᠩᠭᠠᠳᠬᠠᠨ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠳᠤᠯᠠᠬᠤ ᠮᠦᠷᠳᠡᠭᠡᠨ | ᠰᠠᠶᠢᠵᠢᠷᠠᠭᠤᠯᠤᠨ᠎ᠠ᠃ ᠠᠵᠢᠯ ᠮᠠᠷᠭᠡᠵᠢᠯ ᠤᠨ ᠵᠢᠭᠠᠨ ᠰᠤᠷᠭᠠᠯᠲᠠ ᠶᠢᠨ ᠲᠦᠪ ᠢ ᠠᠬᠢᠭᠤᠯᠤᠨ ᠣᠯᠣᠰ ᠤᠨ ᠲᠡᠰ ᠤᠨ | ᠵᠢᠱᠢᠶ᠎ᠡ ᠦᠵᠡᠬᠦᠯᠬᠦ ᠰᠤᠷᠭᠠᠭᠤᠯᠢ ᠶᠢᠨ ᠡᠩᠨᠡᠭᠡᠨ ᠳᠤ ᠤᠷᠤᠭᠤᠯᠤᠨ᠎ᠡ᠃ ᠦᠨᠳᠦᠰᠦᠲᠡᠨ ᠤ ᠰᠤᠷᠭᠠᠨ ᠬᠦᠮᠦᠨᠵᠢᠯ᠂ | ᠤᠨᠴᠠᠭᠠᠢ ᠰᠤᠷᠭᠠᠨ ᠬᠦᠮᠦᠵᠢᠯ ᠢ ᠴᠢᠬᠤᠯᠠᠴᠢᠯᠡᠨ ᠦᠵᠡᠵᠦ᠂ ᠨᠢᠭᠡ ᠪᠦᠯᠦᠭ ᠦᠨᠳᠤᠰᠤᠲᠡᠨ ᠤ ᠤᠨᠴᠠᠯᠢᠭᠲᠤ | ᠰᠤᠷᠭᠠᠭᠤᠯᠢ ᠶᠢ ᠪᠠᠶᠢᠭᠤᠯᠤᠨ᠎ᠠ᠃ ᠪᠠᠭᠰᠢ ᠶᠢᠨ ᠮᠤᠷᠠᠯ ᠪᠠᠭᠰᠢ ᠶᠢᠨ ᠰᠤᠷᠳᠠᠯ ᠪᠤᠯᠤᠨ ᠰᠤᠷᠭᠠᠭᠤᠯᠢ ᠶᠢᠨ ᠵᠠᠬᠢᠷᠤᠯ | ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠴᠢᠩᠭ᠎ᠠ | ᠲᠦᠷᠢᠮᠵᠢᠬᠦᠯᠦᠨ᠎ᠡ᠃ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠶᠠᠰᠦ ᠴᠢᠨᠠᠷ ᠢ ᠪᠦᠬᠦ ᠲᠠᠯ᠎ᠠ ᠪᠠᠷ | ᠲᠡᠭᠡᠭᠰᠢᠯᠡᠬᠦᠯᠦᠨ᠂ ᠲᠡᠭᠡᠲᠤ ᠰᠣᠷᠭᠠᠭᠤᠯᠢ ᠶᠢᠨ ᠰᠢᠯᠭᠠᠯᠲᠠ ᠶᠢᠨ ᠨᠢᠭᠡᠳᠤᠭᠡᠷ ᠱᠣᠭᠤᠮ ᠳᠤ ᠬᠦᠷᠦᠭᠰᠡᠨ ᠰᠤᠷᠤᠬᠴᠢ | ᠶᠢᠨ ᠲᠤᠭ᠎ᠠ700 ᠶᠢ ᠲᠡᠪᠠᠭ᠋ᠤ ᠶᠢ ᠲᠡᠮᠡᠴᠡᠨ᠂ ᠲᠡᠤᠭᠡ ᠤᠨ ᠬᠠᠮᠤᠭ ᠦᠨᠳᠤᠷ ᠲᠦᠪᠰᠢᠨ ᠢ ᠲᠠᠪᠠᠭᠤᠯᠤᠨ᠎ᠠ᠃ | ᠰᠤᠶᠤᠯ ᠤᠨ ᠰᠠᠭᠤᠷᠢ ᠪᠠᠯᠡᠳᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠰᠤᠶᠤᠯ ᠤᠨ ᠲᠦᠪ ᠤᠨ | ᠶᠡᠷᠤᠩᠬᠡᠶᠢᠯᠡᠭᠰᠡᠨ ᠠᠰᠠᠷ ᠢ ᠪᠠᠷᠢᠬᠤ ᠠᠰᠠᠭᠤᠳᠠᠯ ᠢ ᠰᠢᠢᠳᠪᠤᠷᠢᠯᠡᠨ᠂ ᠺᠢᠨᠣ᠋ ᠶᠢᠨ ᠲᠤᠮᠤ ᠠᠰᠠᠷ ᠢ ᠠᠰᠢᠭᠯᠠᠯᠲᠠ ᠳᠤ | ᠤᠷᠤᠭᠤᠯᠤᠨ ᠡᠵᠨᠩᠨᠡᠬᠦ ᠶᠢ ᠠᠬᠢᠭᠤᠯᠤᠨ᠎ᠠ᠃ ᠰᠤᠶᠤᠯ ᠤᠨ ᠡᠬᠢ ᠶᠢ ᠠᠭᠤᠳᠠᠯᠤᠨ᠂ ᠡᠮᠬᠢᠯᠡᠬᠦ ᠪᠤᠯᠤᠨ ᠬᠠᠮᠭᠠᠯᠠᠬᠤ | ᠶᠢ ᠴᠢᠩᠭᠠᠳᠬᠠᠨ᠂ ᠯᠢᠶᠤᠤ ᠶᠢᠨ ᠲᠤᠮᠳᠠᠳᠤ ᠨᠡᠶᠢᠰᠯᠡᠯ ᠤᠨ ᠪᠠᠭᠤᠷᠢ ᠶᠢ ᠬᠠᠮᠠᠭᠠᠯᠠᠬᠤ ᠪᠠᠶᠢᠭᠤᠯᠤᠯᠲᠠ ᠶᠢᠨ ᠲᠦᠷᠦᠯ | ᠵᠤᠶᠢᠯ ᠢ ᠪᠡᠶᠡᠯᠡᠬᠦᠯᠦᠨ᠎ᠡ᠃ ᠨᠡᠩ ᠤᠯᠠᠨ ᠪᠤᠳᠠᠰ ᠤᠨ ᠪᠤᠰᠤ ᠰᠤᠶᠤᠯ ᠤᠨ ᠥᠪ ᠢ ᠤᠯᠤᠰ ᠤᠨ ᠠᠯᠳᠠᠷᠳᠡᠨ ᠤ | ᠴᠠᠳᠢᠭ ᠲᠤ ᠤᠷᠤᠭᠤᠯᠬᠤ ᠪᠠᠷ ᠴᠢᠷᠮᠡᠶᠢᠨ᠎ᠡ᠃ ᠪᠦᠬᠦ ᠠᠷᠠᠳ ᠤᠨ ᠪᠡᠶ᠎ᠡ ᠪᠠᠨ ᠴᠢᠬᠢᠷᠠᠭᠵᠢᠭᠤᠯᠬᠤ ᠬᠦᠳᠡᠯᠭᠡᠭᠡᠨ ᠢ | ᠶᠡᠭᠡᠪᠡᠷ ᠦᠷᠨᠢᠬᠦᠯᠦᠨ᠂ ᠤᠯᠠᠭᠠᠨᠬᠠᠲᠠ ᠶᠢᠨ ᠬᠦᠯ ᠪᠥᠮᠪᠦᠭᠡᠨ ᠰᠤᠷᠭᠠᠭᠤᠯᠢ ᠶᠢ ᠪᠠᠶᠢᠭᠤᠯᠬᠤ ᠶᠢ ᠤᠯᠬᠤ ᠪᠠᠷ | ᠴᠢᠷᠮᠡᠶᠢᠨ᠎ᠡ᠃ ᠱᠠᠨ ᠲᠧᠦ᠂ ᠷᠠᠰᠢᠶᠠᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠲᠤᠬᠠᠶᠢᠯᠠᠭᠰᠠᠨ ᠠᠵᠢᠯ ᠳᠤ | ᠬᠡᠷᠡᠭᠯᠡᠬᠦ ᠭᠡᠷ ᠢ ᠪᠠᠶᠢᠭᠤᠯᠤᠨ᠂ ᠤᠯᠤᠰ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ 2 ᠢᠳᠡᠪᠬᠢᠲᠡᠶ | ᠲᠡᠮᠡᠴᠡᠨ ᠤᠯᠤᠨ᠎ᠠ᠃ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠬᠥᠮᠦᠨ ᠤ ᠲᠤᠭ᠎ᠠ ᠶᠢᠨ | ᠲᠣᠭᠲᠠᠭᠤᠨ ᠪᠠᠶᠢᠳᠠᠯ ᠢ ᠪᠠᠳᠤᠯᠠᠨ᠂ ᠲᠥᠷᠥ ᠶᠢᠨ ᠪᠤᠳᠤᠯᠭ᠎ᠠ ᠶᠢᠨ ᠬᠡᠪᠴᠢᠶᠡᠨ ᠲᠠᠬᠢ ᠲᠠᠩᠰᠠ ᠲᠠᠶᠢᠯᠬᠤ ᠬᠠᠷᠢᠴᠠᠯ ᠢ | ᠳᠡᠭᠡᠭᠰᠢᠯᠡᠭᠦᠯᠦᠨ᠎ᠡ᠃ ᠪᠡᠭᠡᠵᠢᠩ ᠤᠨ ᠡᠯ᠎ᠡ ᠶᠡᠭᠡ ᠡᠮᠨᠡᠯᠭᠡ ᠶᠢᠨ ᠬᠤᠷᠢᠶ᠎ᠠ ᠲᠠᠢ ᠰᠤᠯᠢᠯᠴᠡᠨ ᠬᠠᠮᠳᠤᠷᠠᠯᠴᠠᠬᠤ ᠪᠠᠨ | ᠬᠥᠨᠵᠡᠬᠡᠶᠢᠷᠡᠬᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ᠂ ᠴᠢᠬᠤᠯᠠ ᠶᠡᠭᠡ ᠬᠠᠯᠳᠠᠪᠤᠷᠢᠲᠤ | ᠡᠪᠡᠳᠴᠢᠨ ᠡᠭᠦᠰᠬᠦ ᠶᠢ ᠴᠢᠩᠭ᠎ᠠ ᠬᠤᠷᠢᠬᠠᠯᠠᠨᠠ᠃ ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠡ ᠶᠢ ᠤᠯᠤᠰ ᠤᠨ ᠭᠤᠷᠪᠠᠳᠤᠭᠠᠷ ᠳᠡᠰ ᠤᠨ ᠬᠦᠭᠡ | ᠲᠡᠰ ᠤᠨ ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠤᠯᠭᠠᠨ ᠲᠡᠪᠰᠢᠭᠦᠯᠬᠦ | ᠶᠢ ᠬᠥᠴᠥᠯᠡᠨ ᠠᠬᠢᠭᠤᠯᠤᠨ᠎ᠠ᠃ ᠵᠢᠷᠮᠦᠰᠦᠯᠡᠬᠦ ᠠᠴᠠ ᠤᠷᠢᠳᠠᠬᠢ ᠰᠦᠢᠳᠬᠡᠯ ᠥᠯᠥ ᠬᠤᠷᠢᠶᠠᠬᠤ ᠡᠷᠡᠭᠦᠯ ᠮᠡᠨᠳᠦ ᠶᠢᠨ | ᠪᠠᠶᠢᠴᠠᠭᠠᠯᠲᠠ ᠶᠢ ᠦᠷᠭᠦᠯᠵᠢᠯᠡᠨ ᠬᠡᠷᠡᠭᠵᠢᠭᠦᠯᠵᠦ᠂ ᠬᠥᠮᠦᠨ ᠠᠮᠠ ᠶᠢᠨ ᠥᠰᠥᠯᠲᠡ ᠶᠢᠨ ᠬᠡᠮᠵᠢᠶ᠎ᠡ ᠨᠢ 12.5 | ‰ ᠶᠢᠨ ᠳᠣᠲᠣᠷ᠎ᠠ ᠬᠢᠵᠠᠭᠠᠷᠯᠠᠨ᠂ ᠠᠶᠠᠨᠳᠠᠭᠠᠨ ᠨᠡᠮᠡᠭᠳᠡᠬᠦ ᠨᠤᠷᠮ᠎ᠠ ᠶᠢ 7 ‰ ᠶᠢᠨ ᠳᠣᠲᠣᠷ᠎ᠠ ᠬᠢᠵᠠᠭᠠᠷᠯᠠᠨ᠂ | ᠲᠦᠷᠦᠵᠦ ᠮᠡᠨᠳᠦᠯᠡᠬᠦ ᠬᠥᠮᠦᠨ ᠠᠮᠠ ᠶᠢᠨ ᠬᠦᠦ ᠬᠡᠦᠬᠡᠨ ᠤ ᠬᠠᠷᠢᠴᠠᠯ ᠢ ᠦᠷᠭᠦᠯᠵᠢᠯᠡᠨ ᠲᠤᠷᠤᠬᠰᠢᠯᠠᠭᠤᠯᠤᠨᠠ᠃ | ᠠᠷᠠᠳ ᠤᠨ ᠠᠮᠢᠳᠤᠷᠠᠯ ᠢ ᠦᠷᠬᠦᠯᠵᠢᠯᠡᠨ ᠰᠠᠶᠢᠵᠢᠷᠠᠭᠤᠯᠤᠨ ᠪᠠᠳᠤᠯᠠᠨ᠎ᠠ᠃ ᠠᠵᠢᠯ ᠤᠯᠭᠤᠬᠤ ᠢᠳᠡᠪᠬᠢᠳᠡᠢ ᠲᠦᠷᠦ | ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠠᠷᠭ᠎ᠠ ᠪᠦᠬᠦᠨ ᠢ ᠰᠦᠪᠡᠭᠴᠢᠯᠡᠨ ᠠᠵᠢᠯ ᠤᠯᠭᠤᠬᠤ ᠵᠠᠮ ᠢ | ᠦᠷᠭᠡᠳᠭᠡᠨ᠂ ᠴᠡᠷᠢᠭ ᠠᠴᠠ ᠬᠠᠯᠠᠬᠳᠠᠬᠰᠠᠳ ᠢ ᠲᠦᠪᠬᠢᠨᠡᠭᠦᠯᠭᠦ᠂ ᠤᠶᠤᠳᠠᠨ ᠪᠤᠯᠤᠨ《 ᠨᠢᠭᠡᠴᠦ ᠠᠵᠢᠯ | ᠤᠯᠤᠭᠠᠳᠤᠢ》ᠭᠡᠷ ᠪᠦᠯᠢ ᠶᠢᠨ ᠠᠵᠢᠯ ᠤᠯᠭᠤᠯᠲᠠ ᠶᠢ ᠰᠠᠶᠢᠳᠤᠷ ᠬᠢᠨ᠂ ᠬᠤᠲᠠ ᠪᠠᠯᠭᠠᠰᠤᠨ ᠤ ᠠᠵᠢᠯ ᠤᠯᠭᠤᠯᠲᠠ | ᠶᠢ 2300 ᠬᠦᠮᠦᠨ᠂ ᠨᠡᠭᠡᠭᠡᠯᠲᠠ ᠶᠢᠨ ᠠᠰᠠᠷᠠᠮᠵᠢ ᠶᠢᠨ ᠴᠢᠨᠠᠷᠳᠡᠢ ᠠᠵᠢᠯ ᠤᠨ ᠪᠠᠶᠢᠷᠢ ᠶᠢ 350 ᠶᠢ ᠰᠢᠨ᠎ᠡ ᠪᠠᠷ | ᠨᠡᠮᠡᠭᠳᠡᠭᠦᠯᠦᠨ᠎ᠡ᠃ ᠬᠤᠲᠠ ᠪᠠᠯᠭᠠᠰᠤᠨ ᠤ ᠲᠡᠩᠰᠠᠯᠠᠭᠤᠯᠤᠬᠰᠠᠨ ᠠᠵᠢᠯ ᠠᠯᠳᠠᠬᠰᠠᠳ ᠤᠨ ᠨᠤᠷᠮ᠎ᠠ ᠶᠢ 4.1% | ᠲᠤᠳᠤᠷ᠎ᠠ ᠬᠢᠵᠠᠭᠠᠷᠯᠠᠨ᠎ᠠ᠃ ᠬᠦᠳᠡᠭᠡ ᠲᠤᠰᠬᠤᠨ ᠤ ᠬᠦᠳᠡᠯᠮᠤᠷᠢ ᠬᠦᠴᠦᠨ ᠢ 10.4 ᠲᠦᠮᠡᠨ ᠬᠦᠮᠦᠨ ᠢ | ᠰᠢᠯᠵᠢᠬᠦᠯᠦᠨ᠂15 ᠳ᠋ᠥᠩᠰᠢᠭᠤᠷ ᠲᠦᠬᠦᠷᠢᠭ ᠤᠨ ᠬᠦᠳᠡᠯᠮᠤᠷᠢ ᠬᠦᠴᠦᠨ ᠤ ᠤᠷᠤᠯᠭ᠎ᠠ ᠶᠢ ᠪᠡᠶᠡᠯᠡᠬᠦᠯᠦᠨ᠎ᠡ᠃ ︽ | ᠭᠤᠷᠪᠠ ᠶᠢ ᠲᠣᠰᠬᠤᠨ ᠬᠢᠭᠡᠳ ᠡᠷᠦᠬᠡ ᠳᠤ ᠭᠦᠷᠭᠡᠭᠦ︾ ᠨᠠᠷᠢᠯᠢᠭ ᠣᠨᠣᠴᠢᠲᠠᠶ ᠪᠠᠷ ᠶᠠᠳᠠᠭᠤ ᠶᠢ ᠲᠡᠳᠬᠦᠬᠦ | ᠢᠨᠵᠧᠨᠧᠷᠢᠩ ᠪᠠ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠢ | ᠭᠦᠨᠵᠡᠭᠡᠶ ᠬᠡᠷᠡᠭᠵᠢᠭᠦᠯᠵᠦ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠤᠳᠤᠷᠢᠳᠤᠮᠵᠢ ᠶᠢᠨ ᠮᠥᠩᠭᠦ ᠶᠢ 4900 | ᠲᠥᠮᠡᠨ ᠲᠥᠭᠦᠷᠢᠭ ᠲᠡᠮᠡᠴᠡᠨ ᠤᠯᠬᠤ ᠪᠠᠷ ᠴᠢᠷᠮᠡᠶᠢᠨ᠂ ᠮᠥᠩᠭᠦᠨ ᠭᠦᠢᠯᠭᠡᠭᠡᠨ ᠤ ᠶᠠᠳᠠᠭᠤ ᠶᠢ ᠲᠡᠳᠬᠦᠬᠦ | ᠵᠢᠭᠡᠯᠡᠯᠭᠡ ᠶᠢᠨ ᠮᠥᠩᠭᠦ ᠶᠢ 1 ᠳ᠋ᠦᠩᠰᠢᠭᠤᠷ ᠲᠥᠭᠦᠷᠢᠭ ᠨᠡᠮᠡᠵᠦ᠂ 98 ᠲᠥᠷᠥᠯ ᠵᠤᠶᠢᠯ ᠤᠨ ᠭᠠᠴᠠᠭᠠᠨ ᠤ | ᠶᠠᠳᠠᠭᠤ ᠬᠦᠴᠢᠷᠳᠡᠯ ᠲᠠᠢ ᠤᠯᠠᠨ ᠲᠦᠮᠡᠨ ᠢ ᠡᠷᠦᠬᠡ ᠳᠠᠷᠠᠭᠠᠯᠠᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ᠂ 1.7 ᠲᠦᠮᠡᠨ ᠶᠠᠳᠠᠭᠤ ᠬᠦᠴᠢᠷᠳᠡᠯᠲᠡᠶ ᠤᠯᠠᠨ ᠲᠦᠮᠡᠨ ᠢ ᠲᠤᠬᠳᠠᠭᠤᠨ ᠢᠶᠠᠷ ᠶᠠᠳᠠᠭᠤ ᠠᠴᠠ | ᠠᠩᠬᠢᠵᠢᠷᠠᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠬᠦᠴᠦ ᠪᠠᠷ ᠢᠶᠠᠨ | ᠲᠦᠯᠬᠢᠠ ᠤᠷᠤᠭᠰᠢᠯᠠᠭᠤᠯᠵᠤ᠂ ᠨᠡᠶᠢᠭᠡᠮ ᠤᠨ ᠳᠠᠭᠠᠳᠬᠠᠯ ᠬᠤᠷᠢᠶᠠᠬᠤ ᠬᠡᠪᠴᠢᠶ᠎ᠡ ᠶᠢ ᠥᠷᠭᠡᠳᠬᠡᠬᠦ ᠪᠠ | ᠬᠠᠷᠠᠭᠠᠯᠵᠠᠯ ᠢ ᠣᠯᠭᠤᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠲᠢᠶᠠᠨ ᠢ ᠬᠤᠲᠠ ᠶᠢᠨ ᠲᠣᠭᠤᠷᠢᠭ ᠤᠨ | ᠰᠠᠭᠤᠭᠠᠯᠢ ᠠᠷᠠᠳ ᠤᠨ ᠨᠢᠭᠡᠳᠤᠯᠳᠡᠢ ᠦᠨᠳᠦᠰᠦᠨ ᠡᠮᠨᠡᠯᠭᠡ ᠶᠢᠨ ᠳᠠᠭᠠᠳᠬᠠᠯ ᠤᠨ ᠲᠥᠷᠢᠮ ᠢ ᠲᠡᠷᠢᠭᠦᠯᠡᠨ | ᠪᠠᠶᠢᠭᠤᠯᠤᠨ ᠬᠡᠷᠡᠭᠵᠢᠭᠦᠯᠵᠦ᠂ ᠬᠤᠳᠠ ᠬᠥᠳᠡᠭᠡ ᠶᠢ ᠨᠢᠭᠡᠳᠦᠯᠲᠡᠶ ᠲᠥᠯᠥᠪᠯᠡᠬᠦ᠂ ᠲᠥᠪ ᠭᠤᠣᠯᠴᠢ ᠨᠡᠩ ᠲᠦᠭᠡᠮᠡᠯ | ᠠᠰᠢᠭ ᠬᠦᠷᠲᠡᠭᠡᠬᠦ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠤᠢ ᠪᠣᠯᠭᠠᠵᠤ | ᠪᠥᠷᠢᠯᠳᠥᠭᠦᠯᠥᠨ᠎ᠡ᠃ ᠨᠡᠶᠢᠭᠡᠮ ᠤᠨ ᠠᠪᠤᠷᠠᠨ ᠲᠡᠳᠭᠦᠭᠦ ᠬᠠᠮᠢᠶᠠᠷᠤᠯᠲᠠ ᠶᠢᠨ ᠠᠷᠭ᠎ᠠ ᠶᠢ ᠨᠡᠶᠢᠳᠡᠯᠡᠨ᠂ ᠲᠦᠷ | ᠴᠠᠭ ᠤᠨ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ | ᠲᠠᠪᠤᠨ ᠪᠠᠳᠤᠯᠠᠭᠠᠳᠤ ᠶᠢᠨ ᠨᠥᠬᠦᠪᠥᠷᠢ ᠥᠭᠬᠦ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠨᠢᠭᠦᠯᠡᠰᠦᠩᠭᠦᠶ ᠶᠢᠨ | ᠦᠢᠯᠡᠰ ᠤᠨ ᠶᠡᠷᠦᠩᠬᠡᠶ ᠡᠪᠯᠡᠯ ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ | ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠭ᠎ᠠ ᠪᠦᠬᠦᠨ ᠢ | ᠰᠦᠪᠡᠭᠴᠢᠯᠡᠨ ᠬᠦᠴᠢᠷᠳᠡᠯ ᠲᠠᠢ ᠤᠯᠠᠨ ᠨᠡᠶᠢᠲᠡ ᠶᠢ ᠠᠪᠤᠷᠠᠨ ᠲᠡᠳᠭᠦᠨ᠎ᠡ᠃ ᠨᠠᠭᠠᠳᠤ ᠵᠠᠬ᠎ᠠ ᠶᠢᠨ ᠪᠠᠳᠤᠯᠠᠭᠠᠳᠤ ᠭᠡᠷ | ᠪᠦᠯᠢ ᠶᠢᠨ ᠤᠶᠤᠳᠠᠨ ᠤ ᠰᠤᠷᠭᠠᠭᠤᠯᠢ ᠳᠤ ᠣᠷᠣᠬᠤ ᠵᠣᠭᠤᠰ ᠮᠥᠩᠭᠦᠨ ᠤ ᠲᠤᠰᠠᠯᠠᠮᠵᠢ ᠪᠠ ᠬᠥᠳᠡᠭᠡ ᠲᠣᠰᠬᠤᠨ ᠤ | ᠣᠷᠣᠯᠭ᠎ᠠ ᠪᠠᠭᠠᠲᠠᠶ ᠭᠡᠷ ᠪᠦᠯᠢ ᠶᠢᠨ ᠡᠪᠦᠯ ᠤᠨ ᠨᠡᠭᠦᠷᠡᠰᠦᠨ ᠤ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ | ᠦᠷᠭᠦᠯᠵᠢᠯᠡᠨ ᠨᠡᠶᠢᠳᠡᠪᠤᠷᠢᠵᠢᠭᠤᠯᠤᠨ᠎ᠠ᠃ | ᠨᠡᠶᠢᠭᠡᠮ ᠤᠨ ᠲᠤᠬᠳᠠᠭᠤᠨ ᠢ ᠴᠢᠷᠮᠡᠶᠢᠨ ᠬᠠᠮᠠᠭᠠᠯᠠᠨ᠎ᠠ ᠃ ᠬᠠᠤᠯᠢ ᠪᠠᠷ ᠨᠢᠩᠴᠧᠩ ᠢᠶᠠᠨ ᠵᠠᠰᠠᠬᠤ ᠪᠠᠶᠢᠭᠤᠯᠤᠯᠲᠠ ᠶᠢ | ᠦᠷᠭᠦᠯᠵᠢᠯᠡᠨ ᠥᠷᠨᠢᠭᠦᠯᠵᠦ᠂《ᠵᠢᠷᠭᠤᠳᠤᠭᠠᠷ ᠲᠠᠪᠤᠨ 》ᠵᠢᠯ ᠤᠨ ᠬᠠᠤᠯᠢ ᠲᠦᠭᠡᠮᠡᠯᠵᠢᠭᠦᠯᠬᠦ ᠪᠠ ᠬᠠᠤᠯᠢ | ᠶᠣᠰᠣᠭᠠᠷ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠨᠡᠶᠢᠭᠡᠮ ᠳᠠᠶᠠᠭᠠᠷ ᠲᠤ ᠬᠠᠤᠯᠢ ᠪᠠᠷ ᠵᠠᠰᠠᠬᠤ ᠦᠵᠡᠯ ᠤᠬᠠᠮᠰᠠᠷ | ᠪᠠ ᠬᠠᠤᠯᠢ ᠪᠠᠷ ᠵᠠᠰᠠᠬᠤ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠠᠤᠯᠢ ᠶᠣᠰᠣᠭᠠᠷ ᠰᠢᠶᠠᠨ ᠢᠶᠠᠨ | ᠵᠠᠰᠠᠬᠤ ᠶᠢ ᠲᠦᠯᠬᠢᠨ ᠠᠬᠢᠭᠤᠯᠤᠨ᠎ᠠ᠃ ᠠᠮᠤᠷ ᠲᠦᠪᠰᠢᠨ ᠨᠢᠩᠴᠧᠩ ᠢ ᠪᠠᠶᠢᠭᠤᠯᠬᠤ ᠶᠢ ᠦᠷᠭᠦᠯᠵᠢᠯᠡᠨ | ᠥᠷᠨᠢᠭᠦᠯᠵᠦ᠂ ᠶᠡᠷᠦᠩᠬᠡᠶᠢᠯᠡᠨ ᠵᠠᠰᠠᠬᠤ ᠭᠤᠷᠪᠠᠳᠤᠭᠠᠷ ᠳᠡᠰ ᠤᠨ ᠲᠠᠪᠴᠠᠩ ᠢ ᠵᠢᠷᠤᠮᠵᠢᠭᠤᠯᠤᠨ ᠲᠡᠭᠦᠯᠳᠡᠷᠵᠢᠭᠦᠯᠵᠦ᠂ | ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠪᠠ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠲᠣᠭᠤᠷᠢᠭ ᠤᠨ ᠡᠩ ᠤᠨ ᠴᠢᠨᠠᠷᠲᠠᠶ ᠵᠡᠪᠰᠡᠭᠲᠦ ᠴᠠᠭᠳᠠᠨ | ᠲᠣᠭᠤᠷᠢᠬᠤ᠂ ᠬᠠᠷᠠᠭᠠᠨ ᠳᠠᠪᠲᠠᠮᠵᠢ ᠶᠢᠨ ᠴᠠᠭᠳᠠᠨ ᠲᠣᠭᠤᠷᠢᠬᠤ ᠶᠢ ᠴᠢᠩᠭᠠᠳᠬᠠᠵᠤ᠂ ᠤᠯᠠᠨ ᠨᠡᠶᠢᠲᠡ ᠶᠢᠨ ᠠᠮᠤᠷ | ᠲᠦᠪᠰᠢᠨ ᠢ ᠪᠠᠲᠤᠯᠠᠬᠤ ᠪᠠ ᠭᠡᠨᠡᠳᠲᠡ ᠡᠭᠦᠰᠦᠭᠰᠡᠨ ᠬᠡᠷᠡᠭ ᠢ ᠰᠢᠶ᠋ᠳᠪᠦᠷᠢᠯᠡᠬᠦ ᠴᠢᠳᠠᠪᠤᠷᠢ ᠪᠠᠨ ᠲᠡᠭᠡᠭᠰᠢᠯᠡᠭᠦᠯᠦᠨ᠎ᠡ᠃ | ᠬᠠᠤᠯᠢ ᠶᠢ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ | ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠨ᠎ᠠ᠃ ᠰᠢᠶᠠᠨ ᠤ ᠱᠠᠲᠤᠨ ᠤ | ᠤᠳᠤᠷᠢᠳᠤᠯᠭ᠎ᠠ ︽ ᠶᠡᠭᠡᠪᠡᠷ ᠬᠥᠳᠡᠭᠡ ᠪᠠᠭᠤᠵᠤ᠂ ᠰᠤᠷᠪᠤᠯᠵᠢᠯᠠᠯ ᠢ ᠶᠡᠬᠡᠪᠡᠷ ᠬᠦᠯᠢᠶᠡᠨ ᠠᠪᠬᠤ᠂ ᠶᠡᠬᠡᠪᠡᠷ | ᠠᠶᠢᠯᠴᠢᠯᠠᠨ ᠰᠤᠷᠪᠤᠯᠵᠢᠯᠠᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠵᠦᠢ ᠵᠣᠬᠢᠰᠲᠠᠶ ᠭᠤᠮᠣᠳᠠᠯ ᠱᠠᠭᠠᠷᠳᠠᠯᠭ᠎ᠠ ᠶᠢ ᠲᠤᠰᠬᠠᠬᠤ᠂ ᠨᠢᠭᠡ ᠪᠦᠯᠦᠭ ᠳᠠᠷᠤᠭᠳᠠᠮᠠᠯ | ᠬᠡᠷᠡᠭ᠂ ᠬᠦᠴᠢᠷ ᠲᠦᠪᠡᠭ ᠲᠠᠢ ᠬᠡᠷᠡᠭ ᠢ ᠠᠷᠢᠯᠭᠠᠨ᠎ᠠ᠃ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠬᠥᠲᠥᠯᠥᠨ | ᠵᠢᠯᠣᠭᠤᠳᠬᠤ ᠲᠣᠭᠲᠠᠴᠠ ᠶᠢ ᠲᠡᠭᠦᠯᠳᠡᠷᠵᠢᠭᠦᠯᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ᠂ ᠨᠡᠶᠢᠭᠡᠮ ᠤᠨ ᠪᠠᠶᠢᠳᠠᠯ ᠢ | ᠵᠥᠪ ᠢᠶᠠᠷ ᠬᠥᠲᠥᠯᠥᠨ ᠵᠢᠯᠤᠭᠤᠳᠤᠨ᠎ᠠ᠃ ᠬᠥᠳᠡᠯᠮᠦᠷᠢ ᠶᠢᠨ ᠬᠠᠤᠯᠢ ᠬᠡᠷᠡᠭᠵᠢᠭᠦᠯᠦᠯᠲᠡ ᠬᠢᠨᠠᠨ ᠪᠠᠶᠢᠴᠠᠭᠠᠬᠤ ᠶᠢ | ᠴᠢᠩᠭᠠᠳᠬᠠᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠠᠶᠤᠯᠭᠦᠶ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ | ᠪᠦᠲᠦᠮᠵᠢᠲᠡᠶ ᠬᠤᠷᠢᠭᠯᠠᠨ᠎ᠠ᠃ ᠢᠳᠡᠭᠡᠨ ᠪᠠ ᠡᠮ ᠤᠨ ᠵᠦᠢᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ ᠣᠯᠠᠨ ᠤ ᠢᠳᠡᠭᠡᠨ ᠤ ᠠᠮᠤᠷ ᠲᠦᠪᠰᠢᠨ ᠢ ᠪᠠᠳᠤᠯᠠᠨ᠎ᠠ᠃ | ᠬᠠᠤᠯᠢ ᠶᠣᠰᠣᠭᠠᠷ ᠲᠠᠷᠢᠶᠠᠨ ᠭᠠᠵᠠᠷ ᠢ ᠬᠠᠮᠠᠭᠠᠯᠠᠬᠤ᠂ ᠭᠠᠵᠠᠷ ᠰᠢᠷᠣᠶ ᠶᠢᠨ ᠠᠰᠢᠭᠯᠠᠯᠲᠠ ᠶᠢᠨ ᠨᠤᠷᠮ᠎ᠠ ᠶᠢ | ᠳᠡᠭᠡᠭᠰᠢᠯᠡᠭᠦᠯᠦᠨ᠎ᠡ᠃ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠤᠬᠠᠶ ᠲᠦᠷᠦ ᠶᠢᠨ ᠪᠤᠳᠤᠯᠭ᠎ᠠ ᠶᠢ ᠨᠠᠷᠢᠨ | ᠬᠢᠨᠠᠮᠠᠭᠠᠶ ᠨᠠᠶᠢᠳᠠᠪᠤᠷᠢᠵᠢᠭᠤᠯᠵᠤ᠂ ᠪᠦᠯᠬᠦᠮᠳᠡᠯ ᠲᠠᠢ ᠪᠥᠭᠡᠳ ᠡᠶ᠎ᠡ ᠵᠣᠬᠢᠴᠠᠯ ᠲᠠᠢ᠂ ᠠᠰᠤᠷᠤ ᠰᠠᠶᠢᠨ ᠪᠠᠶᠢᠳᠠᠯ ᠢ | ᠬᠠᠮᠠᠭᠠᠯᠠᠬᠤ ᠬᠡᠷᠡᠭᠲᠡᠶ᠃ ᠨᠠᠰᠤᠲᠠᠳ ᠢᠶᠠᠨ ᠬᠦᠨᠳᠦᠯᠡᠨ᠂ ᠨᠠᠰᠤᠲᠠᠳ ᠢᠶᠠᠨ ᠬᠠᠶᠢᠷᠠᠯᠠᠵᠤ᠂ ᠨᠠᠰᠤᠲᠠᠨ ᠢᠶᠠᠨ | ᠠᠰᠠᠷᠠᠬᠤ᠂ ᠨᠠᠰᠤᠲᠠᠨ ᠢ ᠬᠠᠪᠰᠤᠷᠬᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠶᠡᠬᠡᠪᠡᠷ ᠪᠠᠳᠠᠷᠠᠭᠤᠯᠵᠤ᠂ | ᠨᠠᠰᠤᠲᠠᠶᠢᠴᠤᠳ ᠤᠨ ᠠᠵᠢᠯ ᠢ ᠦᠨᠡᠨ ᠬᠦ ᠰᠠᠶᠢᠲᠤᠷ ᠬᠢᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ | ᠬᠥᠮᠦᠵᠢᠯ ᠢ ᠭᠦᠨᠵᠡᠭᠡᠶ ᠥᠷᠨᠢᠭᠦᠯᠵᠦ ᠂ ᠬᠤᠶᠠᠷ ᠢ ᠬᠦᠷᠢᠶᠡᠯᠡᠬᠦ᠂ ᠵᠡᠪᠰᠡᠭᠲᠦ ᠬᠦᠴᠦᠨ ᠪᠠ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠲᠤᠭ᠎ᠠ ᠪᠥᠷᠢᠳᠭᠡᠯ᠂ ᠳᠠᠩᠰᠠ ᠡᠪᠬᠡᠮᠡᠯ᠂ | ᠰᠢᠶᠠᠨ ᠤ ᠣᠶᠢᠯᠠᠯᠭ᠎ᠠ ᠶᠢ ᠦᠷᠭᠦᠯᠵᠢᠯᠡᠨ ᠵᠠᠰᠠᠬᠤ ᠵᠡᠷᠭᠡ ᠠᠵᠢᠯ ᠢ ᠦᠷᠬᠦᠯᠵᠢᠯᠡᠨ ᠰᠠᠶᠢᠳᠤᠷ ᠬᠢᠨ᠎ᠡ᠃ | ( ᠲᠤᠯᠤᠭ᠎ᠠ ) ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠲᠤᠪᠤᠶᠢᠯᠭᠠᠨ᠂ ᠬᠠᠤᠯᠢ ᠪᠠᠷ ᠵᠠᠰᠠᠬᠤ ᠵᠠᠰᠠᠭ ᠤᠨ | ᠤᠷᠳᠤᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ᠵᠠᠰᠠᠭ ᠤᠨ ᠤᠷᠳᠤᠨ ᠤ ᠴᠢᠳᠠᠪᠬᠢ ᠶᠢ ᠬᠤᠪᠢᠷᠠᠭᠤᠯᠤᠨ᠎ᠠ᠃ ᠤᠯᠡᠮ ᠨᠢᠭᠡ ᠠᠯᠬᠤᠮ ᠵᠠᠰᠠᠭ ᠢ ᠴᠤᠮᠬᠠᠳᠬᠠᠨ ᠡᠷᠭᠡ | ᠶᠢ ᠪᠠᠭᠤᠯᠭᠠᠨ᠂ ᠪᠢᠴᠢᠯ ᠠᠵᠢᠯ ᠤᠨ ᠬᠠᠮᠢᠶᠠᠷᠤᠯᠲᠠ ᠶᠢ ᠪᠠᠭᠠᠰᠬᠠᠨ᠂ ᠵᠠᠬ᠎ᠠ ᠲᠡᠯᠭᠡᠭᠦᠷ ᠤᠨ ᠡᠬᠢ ᠪᠠᠶᠠᠯᠢᠭ ᠢ | ᠲᠤᠬᠢᠷᠠᠭᠤᠯᠬᠤ ᠲᠤᠮᠳᠡᠬᠢ ᠰᠢᠢᠳᠪᠤᠷᠢᠯᠡᠭᠴᠢ ᠴᠢᠨᠠᠷᠳᠡᠢ ᠤᠶᠢᠯᠡᠳᠤᠯ ᠢ ᠬᠦᠢᠴᠡᠳ ᠪᠠᠳᠠᠷᠠᠭᠤᠯᠤᠨ᠂ ᠨᠡᠶᠢᠭᠡᠮ ᠤᠨ | ᠬᠦᠴᠦᠨ ᠢ ᠲᠠᠶᠢᠴᠢᠯᠠᠨ ᠨᠡᠶᠢᠭᠡᠮ ᠤᠨ ᠠᠵᠢᠯ ᠤᠨ ᠬᠠᠮᠢᠶᠠᠷᠤᠯᠲᠠ ᠳᠤ ᠤᠷᠤᠯᠴᠠᠭᠤᠯᠤᠨ᠎ᠠ᠃ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠯ ᠠᠪᠬᠤ ᠵᠦᠢᠯ | ᠠᠷᠪᠢᠳᠤᠭᠰᠠᠨ᠂ ᠭᠡᠷᠡᠴᠢᠯᠡᠭᠡ ᠬᠢᠬᠦ ᠤᠯᠠᠨ᠂ ᠰᠦᠢᠳᠬᠡᠯ ᠠᠷᠪᠢᠨ ᠬᠤᠷᠢᠶᠠᠳᠠᠭ᠂ ᠵᠣᠭᠤᠰ ᠢᠶᠠᠷ ᠲᠣᠷᠭᠠᠬᠤ ᠤᠯᠠᠨ | ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠴᠢᠷᠮᠡᠶᠢᠨ ᠠᠷᠢᠯᠭᠠᠨ᠂ ᠪᠡᠯᠡ ᠣᠷᠣᠭᠤᠯᠤᠯᠲᠠ ᠶᠢᠨ ᠲᠥᠷᠥᠯ | ᠵᠤᠶᠢᠯ ᠤᠨ ᠡᠮᠦᠨᠡᠬᠢ ᠬᠢᠨᠠᠨ ᠵᠥᠪᠰᠢᠶᠡᠷᠡᠯ ᠢ ᠪᠠᠭᠠᠰᠬᠠᠨ᠂ ᠠᠵᠢᠯ ᠶᠠᠪᠤᠳᠠᠯ ᠭᠥᠢᠴᠡᠳᠭᠡᠬᠦ ᠲᠤᠮᠳᠡᠬᠢ ᠪᠠ | ᠰᠡᠬᠦᠯᠴᠢ ᠶᠢᠨ ᠬᠠᠮᠢᠶᠠᠷᠤᠯᠲᠠ ᠶᠢ ᠴᠢᠩᠭᠠᠳᠬᠠᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ︽ᠠᠰᠠᠭᠤᠳᠠᠯ | ᠲᠠᠢ ᠵᠤᠶᠢᠯ︾ ᠢ ᠠᠷᠢᠯᠭᠠᠨ᠂ ᠳᠥᠭᠦᠮ ᠳᠥᠲᠡ᠂ ᠥᠨᠳᠥᠷ ᠦᠷ᠎ᠡ ᠠᠰᠢᠭ ᠲᠠᠢ᠂ ᠢᠯᠡ ᠲᠣᠳᠣ ᠪᠦᠬᠦᠢ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠯ ᠢ ᠭᠡᠷᠩᠯᠡᠨ ᠵᠠᠰᠠᠭ ᠤᠨ ᠣᠷᠳᠣᠨ ᠤ ᠤᠶᠢᠯᠡᠴᠢᠯᠡᠭᠡ ᠶᠢ ᠠᠯᠳᠠᠷᠰᠢᠭᠤᠯᠤᠨ᠎ᠠ᠃ | ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠡᠭᠡᠭᠰᠢᠯᠡᠭᠦᠯᠦᠨ᠎ᠡ᠃ | ᠠᠵᠢᠯ ᠤᠨ ᠰᠤᠷᠳᠠᠯ ᠢᠶᠠᠨ ᠰᠠᠶᠢᠵᠢᠷᠠᠭᠤᠯᠤᠨ᠎ᠠ᠃ ᠨᠡᠮ ᠤᠨ ᠤᠯᠠᠨ ᠲᠥᠮᠡᠨᠴᠢ ᠱᠤᠭᠤᠮ ᠤᠨ ᠬᠦᠮᠦᠵᠢᠯ | ᠤᠶᠢᠯᠡᠳᠤᠯᠭᠡ ᠶᠢᠨ ᠠᠵᠢᠯᠯᠠᠭ᠎ᠠ ᠶᠢᠨ ᠦᠷ᠎ᠡ ᠪᠦᠳᠦᠭᠡᠯ ᠢ ᠪᠠᠳᠤᠳᠬᠠᠵᠦ᠂《 ᠲᠦᠷᠪᠡᠨ ᠰᠤᠷᠳᠠᠯ 》 ᠢ | ᠵᠠᠯᠠᠷᠠᠭᠤᠯᠬᠤ ᠪᠤᠯᠤᠨ ᠰᠢᠨ᠎ᠡ ᠰᠤᠷᠳᠠᠯ ᠢ ᠪᠤᠢ ᠪᠤᠯᠭᠠᠬᠤ ᠶᠢ ᠵᠡᠷᠭᠡᠪᠡᠷ ᠪᠠᠷᠢᠮᠳᠠᠯᠠᠨ᠂ ᠠᠵᠢᠯᠯᠠᠬᠤ ᠦᠬᠡᠢ᠂ ᠠᠵᠢᠯ | ᠠᠴᠠ ᠬᠠᠯᠠᠰᠢᠷᠠᠬᠤ᠂ ᠦᠷ᠎ᠡ ᠪᠦᠳᠦᠮᠵᠢ ᠲᠤᠤᠷ᠎ᠠ᠂ ᠬᠠᠷᠢᠭᠤᠴᠠᠯᠭ᠎ᠠ ᠦᠬᠡᠢ ᠵᠡᠷᠭᠡ ᠮᠤᠵᠢᠭᠤ ᠰᠤᠷᠳᠠᠯ ᠢ | ᠦᠷᠬᠦᠯᠵᠢᠯᠡᠨ ᠴᠡᠭᠴᠡᠯᠡᠨ᠎ᠡ᠃ ᠰᠢᠷᠭᠠᠭᠤ ᠠᠵᠢᠯᠯᠠᠬᠤ ᠶᠢ ᠡᠷᠬᠢᠮᠯᠡᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ | ᠂ ᠨᠠᠶᠢᠳᠠᠪᠤᠷᠢᠵᠢᠭᠤᠯᠬᠤ ᠰᠤᠷᠳᠠᠯ ᠢ ᠬᠦᠴᠦᠲᠡᠶ ᠠᠳᠬᠤᠨ᠂ ᠯᠠᠪᠳᠠᠭᠤᠨ ᠪᠠᠲᠤᠲᠠᠶ ᠠᠵᠢᠯᠯᠠᠵᠤ᠂ ᠬᠤᠭᠤᠰᠣᠨ ᠦᠭᠡ | ᠶᠠᠷᠢᠬᠤ ᠶᠢ ᠴᠢᠩᠭ᠎ᠠ ᠴᠡᠭᠡᠷᠯᠡᠵᠦ᠂ ᠬᠤᠷᠠᠯ ᠪᠠ ᠪᠢᠴᠢᠭ ᠮᠠᠲ᠋ᠧᠷᠢᠶᠠᠯ ᠢ ᠶᠡᠬᠡᠪᠡᠷ ᠴᠥᠭᠡᠳᠬᠡᠵᠦ᠂ ᠨᠡᠩ ᠠᠷᠪᠢᠨ ᠴᠠᠭ | ᠪᠠ ᠤᠶᠤᠨ ᠴᠢᠳᠠᠯ ᠢᠶᠠᠨ ᠭᠠᠷᠭᠠᠨ᠂ ᠣᠯᠠᠨ ᠴᠢᠬ ᠲᠤ ᠰᠠᠭᠤᠵᠤ ᠪᠠᠶᠢᠴᠠᠭᠠᠨ ᠰᠤᠳᠤᠯᠬᠤ᠂ ᠤᠯᠠᠨ ᠳᠣᠷᠣᠭᠰᠢ | ᠪᠠᠭᠤᠵᠤ ᠰᠤᠷᠪᠤᠯᠵᠢᠯᠠᠬᠤ ᠬᠦᠴᠢᠷ ᠠᠰᠠᠭᠤᠳᠠᠯ ᠢ ᠰᠢᠶ᠋ᠳᠪᠦᠷᠢᠯᠡᠵᠦ᠂ ᠤᠯᠠᠨ ᠲᠥᠮᠡᠨ ᠤ ᠲᠤᠮᠲᠡ ᠬᠦᠷᠴᠦ | ᠥᠢᠯᠡᠴᠢᠯᠡᠨ᠂ ᠤᠯᠠᠨ ᠲᠦᠮᠡᠨ ᠪᠠ ᠪᠡᠯᠡ ᠣᠷᠣᠭᠤᠯᠤᠭᠴᠢ ᠶᠢᠨ ᠰᠠᠨᠠᠭ᠎ᠠ ᠠᠮᠤᠷ᠂ ᠠᠶᠠᠲᠠᠶ ᠲᠠᠭᠠᠲᠠᠶ | ᠦᠢᠯᠡᠳᠪᠦᠷᠢᠯᠡᠯ ᠠᠮᠢᠳᠤᠷᠠᠯ ᠤᠨ ᠣᠷᠴᠢᠨ ᠠᠬᠤᠶ ᠶᠢ ᠴᠢᠷᠮᠡᠶᠢᠨ ᠡᠭᠦᠳᠥᠨ᠎ᠡ᠃ ᠬᠠᠷᠢᠯᠴᠠᠨ ᠲᠦᠯᠬᠢᠯᠴᠡᠬᠦ | ᠦᠵᠡᠭᠳᠡᠯ ᠢ ᠴᠢᠩᠭ᠎ᠠ ᠰᠢᠳᠬᠡᠵᠦ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠂ ᠠᠯᠪᠠᠨ | ᠬᠠᠭᠠᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠠᠬᠢᠭᠤᠯᠤᠨ᠂ ᠬᠠᠷᠢᠭᠤᠴᠠᠯᠭ᠎ᠠ ᠪᠠᠨ ᠭᠦᠢᠴᠡᠳᠬᠡᠵᠦ᠂ | ᠪᠠᠶᠢᠭᠤᠯᠭ᠎ᠠ ᠶᠢᠨ ᠠᠵᠢᠯ ᠤᠨ ᠦᠷ᠎ᠡ ᠪᠦᠲᠦᠭᠡᠯ ᠪᠠ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ | ᠬᠠᠤᠯᠢ ᠪᠠᠷ ᠵᠠᠰᠠᠭ ᠶᠠᠪᠤᠭᠤᠯᠬᠤ ᠶᠢ ᠠᠬᠢᠭᠤᠯᠤᠨ᠎ᠠ᠃ ᠬᠠᠤᠯᠢ ᠪᠠᠷ ᠵᠠᠰᠠᠭ ᠶᠠᠪᠤᠭᠤᠯᠬᠤ ᠶᠢ ᠵᠠᠰᠠᠭ ᠤᠨ ᠤᠷᠳᠤᠨ ᠤ | ᠠᠵᠢᠯ ᠤᠨ ᠡᠯ᠎ᠡ ᠭᠤᠬᠴᠤᠭ᠎ᠠ ᠳᠤ ᠲᠤᠤᠱᠠᠯᠠᠭᠤᠯᠤᠨ᠂ ᠬᠠᠤᠯᠢ ᠪᠠᠷ ᠵᠠᠰᠠᠬᠤ ᠲᠡᠨᠢᠯᠲᠠ ᠶᠢ ᠴᠢᠩᠭᠠᠳᠬᠠᠨ᠂ ᠵᠠᠰᠠᠭ | ᠵᠠᠬᠢᠷᠭᠠᠨ ᠤ ᠤᠶᠢᠯᠡ ᠠᠵᠢᠯᠯᠠᠭ᠎ᠠ ᠶᠢ ᠲᠦᠷᠢᠮᠵᠢᠬᠦᠯᠦᠨ᠎ᠡ᠃ ᠬᠠᠤᠯᠢ ᠪᠠᠷ ᠲᠣᠭᠲᠠᠭᠠᠭᠰᠠᠨ ᠲᠤᠰᠢᠶᠠᠯ | ᠬᠠᠷᠢᠭᠤᠴᠠᠯᠭ᠎ᠠ ᠪᠠᠨ ᠡᠷᠬᠡᠪᠰᠢ ᠭᠦᠢᠴᠡᠳᠬᠡᠬᠦ᠂ ᠬᠠᠤᠯᠢ ᠠᠴᠠ ᠡᠷᠬᠡ ᠣᠯᠭᠤᠭᠰᠠᠨ ᠦᠭᠡᠢ ᠪᠠᠶᠢᠪᠠᠯ ᠬᠢᠵᠦ ᠦᠯᠦ | ᠪᠣᠯᠬᠤ ᠵᠠᠷᠴᠢᠮ ᠶᠣᠰᠣᠭᠠᠷ᠂ ᠵᠠᠰᠠᠭ ᠤᠨ ᠣᠷᠳᠣᠨ ᠵᠢᠴᠢ ᠪᠦᠷᠢᠯᠳᠦᠬᠦᠨ ᠪᠣᠯᠬᠤ ᠰᠠᠯᠠᠭ᠎ᠠ ᠮᠥᠴᠢᠷ ᠤᠨ | ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠪᠠ ᠡᠷᠬᠡ ᠶᠢᠨ ᠲᠣᠳᠣᠷᠬᠠᠶ ᠬᠠᠭᠤᠳᠠᠰᠤ ᠶᠢ ᠨᠠᠶᠢᠷᠠᠭᠤᠯᠤᠨ | ᠵᠤᠬᠢᠶᠠᠨ᠎ᠠ᠃ ︽ᠭᠤᠷᠪᠠᠨ ᠴᠢᠬᠤᠯᠠ ᠨᠢᠭᠡ ᠶᠡᠭᠡ︾ ᠶᠢᠨ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ | ᠲᠣᠭᠲᠠᠭᠠᠬᠤ ᠵᠢᠷᠤᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠢᠶ᠋ᠳᠪᠦᠷᠢᠲᠦ ᠪᠤᠳᠤᠯᠭ᠎ᠠ | ᠲᠣᠭᠲᠠᠭᠠᠬᠤ ᠶᠢ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ ᠶᠢ ᠪᠠᠳᠤᠯᠠᠨ᠎ᠠ᠃ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠠᠬᠢᠭᠤᠯᠤᠨ᠂ ᠬᠡᠷᠡᠭᠯᠡᠬᠦ ᠡᠷᠬᠡ ᠶᠢ ᠢᠯᠡ ᠲᠣᠳᠣ ᠪᠤᠯᠭᠠᠨ᠂ ᠬᠠᠤᠯᠢ ᠪᠠᠷ ᠵᠠᠰᠠᠬᠤ ︽ᠬᠠᠰᠢᠶ᠎ᠠ︾ ᠶᠢ | ᠪᠠᠲᠤ ᠪᠣᠯᠭᠠᠨ᠂ ᠡᠷᠬᠡ ᠶᠢᠨ ︽ᠱᠤᠭᠤᠮ ᠠᠴᠠ ᠭᠡᠳᠤᠷᠡᠬᠦ︾ ᠶᠢ ᠰᠡᠷᠭᠡᠶᠢᠯᠡᠨ᠎ᠡ᠃ ᠰᠢᠶᠠᠨ ᠤ ᠨᠠᠮ ᠤᠨ | ᠬᠤᠷᠢᠶ᠎ᠠ ᠶᠢᠨ ᠤᠳᠤᠷᠢᠳᠤᠯᠭ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ | ᠬᠢᠨᠠᠯᠲᠠ ᠲᠠᠯᠪᠢᠬᠤ ᠪᠠ ᠠᠵᠢᠯ ᠤᠨ ᠬᠢᠨᠠᠯᠲᠠ ᠲᠠᠯᠪᠢᠬᠤ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠪᠦᠯᠬᠦᠮ ᠪᠠ ᠡᠯ᠎ᠡ ᠡᠲᠡᠭᠡᠳ ᠤᠨ ᠬᠥᠮᠦᠰ ᠤᠨ ᠰᠠᠨᠠᠯ | ᠪᠠ ᠰᠠᠨᠠᠭᠤᠯᠭ᠎ᠠ ᠶᠢ ᠨᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠴᠢᠬᠤᠯᠠᠴᠢᠯᠠᠨ ᠦᠵᠡᠵᠦ᠂ ᠤᠯᠠᠨ ᠲᠦᠮᠡᠨ ᠤ ᠬᠢᠨᠠᠯᠲᠠ ᠶᠢ ᠬᠦᠯᠢᠶᠡᠨ᠎ᠡ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠠᠬᠢᠭᠤᠯᠤᠨ᠎ᠠ᠃ ᠲᠦᠪ ᠬᠤᠷᠢᠶᠠᠨ ᠤ ᠨᠡᠢᠮᠠᠨ ᠵᠤᠶᠢᠯ ᠤᠨ ᠲᠤᠬᠳᠠᠭᠠᠯ | ᠢ ᠴᠢᠩᠭ᠎ᠠ ᠬᠡᠷᠩᠵᠢᠬᠦᠯᠦᠨ᠂ ᠠᠯᠪᠠᠨ ᠤ ᠬᠦᠯᠢᠶᠡᠨ ᠠᠪᠬᠤ ᠲᠦᠷᠢᠮᠵᠢᠭᠰᠡᠨ ᠬᠠᠮᠢᠶᠠᠷᠤᠯᠲᠠ ᠶᠢ ᠴᠢᠩᠭᠠᠳᠬᠠᠨ᠂《 | ᠠᠯᠪᠠᠨ ᠤ ᠭᠤᠷᠪᠠᠨ ᠵᠤᠶᠢᠯ ᠤᠨ ᠵᠠᠷᠤᠳᠠᠯ 》 ᠢ ᠴᠢᠩᠭ᠎ᠠ ᠬᠢᠵᠠᠭᠠᠷᠯᠠᠨ᠂ ᠵᠠᠰᠠᠭ ᠤᠨ ᠪᠠᠶᠢᠭᠤᠯᠤᠮᠵᠢ ᠠᠵᠢᠯ | ᠤᠶᠢᠯᠡᠰ ᠤᠨ ᠨᠢᠭᠡᠴᠡ ᠳᠠᠬᠢ《 ᠠᠵᠢᠯᠯᠠᠬᠤ ᠦᠬᠡᠢ ᠪᠠᠷ ᠴᠠᠯᠢᠩ ᠠᠪᠬᠤ 》ᠠᠰᠠᠭᠤᠳᠠᠯ ᠢ ᠲᠥᠪᠯᠡᠷᠡᠭᠦᠯᠦᠨ | ᠠᠷᠢᠯᠭᠠᠨ᠎ᠠ᠃ ᠪᠦᠬᠦ ᠵᠢᠯ ᠤᠨ ᠡᠳ᠋ ᠤᠨ ᠵᠠᠰᠠᠭ ᠤᠨ ᠲᠡᠵᠢᠬᠡᠵᠦ ᠪᠦᠬᠦᠢ ᠬᠦᠮᠦᠨ ᠪᠠᠭᠠᠰᠬᠤ ᠠᠴᠠ ᠪᠢᠰᠢ ᠨᠡᠮᠡᠭᠳᠡᠬᠦ | ᠦᠬᠡᠢ ᠶᠢ ᠪᠠᠳᠤᠯᠠᠨ᠂ ᠵᠠᠰᠠᠭ ᠵᠠᠬᠢᠷᠭᠠᠨ ᠤ ᠦᠷᠳᠡᠭ ᠢ ᠬᠠᠮᠤᠭ ᠤᠨ ᠲᠤᠤᠷ᠎ᠠ ᠬᠡᠮᠵᠢᠶᠠᠨ ᠳᠤ ᠪᠠᠭᠤᠷᠠᠭᠤᠯᠤᠨ᠂ | ᠨᠡᠩ ᠤᠯᠠᠨ ᠡᠳ᠋ ᠤᠨ ᠬᠦᠴᠦᠨ ᠢ ᠠᠷᠠᠳ ᠤᠨ ᠠᠮᠢᠳᠤᠷᠠᠯ ᠢ ᠪᠠᠳᠤᠯᠠᠬᠤ ᠪᠤᠯᠤᠨ ᠰᠠᠶᠢᠵᠢᠷᠠᠭᠤᠯᠬᠤ ᠲᠡᠭᠡᠷ᠎ᠡ | ᠲᠡᠯᠪᠢᠨ᠎ᠡ᠃ ᠵᠠᠰᠠᠭ ᠤᠨ ᠣᠷᠳᠣᠨ ᠤ ᠰᠢᠶ᠋ᠳᠪᠦᠷᠢᠲᠦ ᠪᠤᠳᠤᠯᠭ᠎ᠠ ᠲᠣᠭᠲᠠᠭᠠᠬᠤ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ᠂ ᠭᠠᠵᠠᠷ ᠰᠢᠷᠣᠶ ᠶᠢ ᠰᠢᠯᠵᠢᠭᠦᠯᠦᠨ ᠥᠭᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠤᠯᠠᠨ | ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ᠂ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢ | ᠲᠡᠷᠬᠠᠭᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ | ᠦᠨᠡᠨ ᠬᠦ ᠴᠢᠩᠭᠠᠳᠬᠠᠨ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ | ᠶᠢ ᠴᠢᠩᠭᠠᠳᠬᠠᠨ᠂ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠶ᠋ᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠲᠦᠷᠢᠮ ᠢᠶᠠᠷ ᠡᠷᠬᠡ ᠶᠢ ᠬᠠᠮᠢᠶᠠᠷᠬᠤ᠂ ᠬᠡᠷᠡᠭ ᠤᠴᠢᠷ ᠢ | ᠬᠠᠮᠢᠶᠠᠷᠬᠤ ᠠᠵᠢᠯᠳᠠᠨ ᠢ ᠬᠠᠮᠢᠶᠠᠷᠬᠤ ᠶᠢ ᠴᠢᠩᠭᠠᠳᠬᠠᠨ᠂ ᠢᠯᠵᠠᠷᠠᠯ ᠢ ᠡᠬᠢ ᠰᠤᠷᠪᠤᠯᠵᠢ ᠠᠴᠠ ᠨᠢ ᠤᠷᠢᠳᠴᠢᠯᠠᠨ | ᠰᠡᠷᠭᠡᠶᠢᠯᠡᠬᠦ ᠪᠠ ᠵᠠᠰᠠᠨ᠎ᠠ᠃ | ᠲᠥᠯᠥᠭᠡᠯᠡᠭᠴᠢᠳ ᠡ ᠂ ᠰᠢᠨ᠎ᠡ ᠨᠢᠭᠡᠨ ᠵᠢᠯ ᠰᠢᠨ᠎ᠡ ᠨᠢᠭᠡᠨ ᠬᠦᠰᠡᠯ ᠤᠨ ᠡᠬᠢᠯᠡᠯᠲᠡ᠂ ᠰᠢᠨ᠎ᠡ ᠠᠶᠠᠨ ᠵᠠᠮ | ᠳᠠᠭᠠᠨ ᠰᠢᠨ᠎ᠡ ᠬᠦᠰᠡᠯᠡᠩ ᠢ ᠠᠴᠢᠶᠠᠯᠠᠨ᠂ ᠰᠢᠨ᠎ᠡ ᠭᠡᠪ ᠪᠠᠶᠢᠳᠠᠯ ᠤᠨ ᠲᠤᠤᠷ᠎ᠠ᠂ ᠰᠢᠨ᠎ᠡ ᠬᠦᠴᠦᠨ ᠢ | ᠬᠦᠭᠵᠢᠬᠦᠯᠦᠨ᠎ᠡ᠃ ᠰᠢᠶᠠᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠰᠢᠶᠠᠨ | ᠤ ᠡᠯ᠎ᠡ ᠦᠨᠳᠤᠰᠦᠳᠡᠨ ᠤ ᠠᠷᠠᠳ ᠲᠥᠮᠡᠨ ᠲᠠᠢ ᠨᠢᠬᠳᠠᠷᠠᠨ ᠪᠥᠯᠬᠦᠮᠳᠡᠵᠦ᠂ ᠢᠳᠡᠭᠡᠯ ᠵᠤᠷᠢᠭ ᠢᠶᠠᠨ ᠪᠠᠳᠤᠳᠬᠠᠨ᠂ | ᠢᠳᠡᠪᠬᠢᠳᠡᠢ ᠠᠵᠢᠯᠯᠠᠨ᠂ ᠠᠵᠤ ᠲᠤᠬᠢᠶᠠᠯ ᠢ ᠠᠳᠬᠤᠨ᠂ ᠠᠰᠢᠭᠳᠡᠢ ᠪᠠᠶᠢᠳᠠᠯ ᠢ ᠠᠰᠢᠭᠯᠠᠨ᠂ ᠪᠠᠶᠠᠨ ᠴᠢᠨᠡᠭᠡᠯᠢᠭ᠂ | ᠪᠤᠯᠪᠠᠰᠤᠨ᠂ ᠠᠮᠢ ᠠᠬᠤᠢ᠂ ᠡᠪ ᠨᠡᠶᠢᠷᠡᠮᠳᠠᠭᠤ ᠦᠵᠡᠰᠬᠦᠯᠡᠩ ᠰᠠᠶᠢᠬᠠᠨ ᠰᠢᠨ᠎ᠡ ᠨᠢᠩᠴᠧᠩ ᠢ ᠪᠦᠳᠦᠭᠡᠨ | ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ ︕ |