| ᠤᠢᠢᠷ᠎ᠠ ᠶᠢᠨ ᠬᠤᠭᠤᠴᠠᠭᠠᠨ ᠳᠤ ᠪᠦᠬᠦ ᠤᠯᠤᠰ ᠤᠨ ᠤᠯᠠᠨ ᠭᠠᠵᠠᠷ ᠲᠤ ᠪᠤᠬᠢᠷ ᠮᠠᠨᠠᠨ ᠲᠠᠢ | ᠠᠭᠤᠷ ᠠᠮᠢᠰᠬᠤᠯ ᠦᠷᠬᠦᠯᠵᠢᠯᠡᠵᠦ᠂ ᠬᠠᠷᠰᠢᠬᠤ ᠴᠢᠨᠠᠷ ᠲᠠᠢ ᠬᠠᠮᠠᠷ ᠤᠨ ᠦᠷᠪᠢᠰᠦᠯ᠂ ᠬᠢᠷᠬᠢᠷ᠎ᠠ ᠵᠡᠷᠭᠡ | ᠡᠪᠡᠳᠴᠢᠨ ᠶᠡᠬᠡᠪᠡᠷ ᠳᠡᠯᠭᠡᠷᠡᠬᠦ ᠬᠤᠭᠤᠴᠠᠭᠠᠨ ᠳᠤ ᠤᠷᠤᠪᠠ᠃ ᠰᠤᠷᠪᠤᠯᠵᠢᠯᠠᠭᠴᠢ ᠬᠤᠨᠠᠨ ᠮᠤᠵᠢ ᠶᠢᠨ | ᠬᠡᠤᠬᠡᠳ ᠤᠨ ᠡᠮᠨᠡᠯᠭᠡ᠂ ᠴᠠᠩᠱᠠ ᠬᠤᠲᠠ ᠶᠢᠨ ᠲᠦᠪ ᠡᠮᠨᠡᠯᠭᠡ ᠶᠢᠨ ᠬᠤᠷᠢᠶ᠎ᠠ ᠵᠡᠷᠭᠡ ᠠᠴᠠ ᠤᠢᠢᠯᠠᠭᠠᠭᠰᠠᠨ ᠢᠶᠠᠷ | ᠂ ᠡᠮᠨᠡᠯᠭᠡ ᠶᠢᠨ ᠬᠤᠷᠢᠶ᠎ᠠ ᠶᠢᠨ ᠠᠮᠢᠰᠬᠤᠯ ᠤᠨ ᠲᠤᠲᠤᠷ ᠰᠠᠯᠠᠭ᠎ᠠ᠂ ᠴᠢᠬᠢ ᠬᠠᠮᠠᠷ ᠬᠤᠭᠤᠯᠠᠢ ᠶᠢᠨ ᠰᠠᠯᠠᠭ᠎ᠠ ᠳᠤ | ᠡᠮᠨᠡᠬᠦᠯᠵᠦ ᠪᠠᠶᠢᠭ᠎ᠠ ᠡᠪᠡᠳᠴᠢᠲᠡᠨ ᠮᠡᠳᠡᠭᠳᠡᠮ᠎ᠡ ᠤᠯᠠᠰᠢᠷᠠᠪᠠ᠃ ᠴᠠᠩᠱᠠ ᠶᠢᠨ ᠲᠦᠪ ᠡᠮᠨᠡᠯᠭᠡ ᠶᠢᠨ | ᠬᠤᠷᠢᠶᠡᠨ ᠤ ᠴᠢᠬᠢ ᠬᠠᠮᠠᠷ ᠬᠤᠭᠤᠯᠠᠢ ᠶᠢᠨ ᠰᠠᠯᠠᠭ᠎ᠠ ᠶᠢᠨ ᠭᠤᠤᠯᠯᠠᠭᠴᠢ ᠡᠮᠴᠢ ᠵᠧᠦ ᠳ᠋ᠢᠩ ᠭᠠᠩ ᠤᠨ ᠬᠡᠯᠡᠬᠦ | ᠪᠠᠷ᠂ ᠨᠠᠮᠤᠷ ᠡᠪᠤᠯ ᠤᠨ ᠤᠯᠠᠷᠢᠯ ᠪᠤᠯ ᠠᠮᠢᠰᠬᠤᠯ ᠤᠨ ᠵᠠᠮ ᠤᠨ ᠡᠪᠡᠳᠴᠢᠨ ᠢᠯᠡᠭᠦᠦ ᠳᠡᠯᠭᠡᠷᠡᠳᠡᠭ ᠤᠯᠠᠷᠢᠯ | ᠮᠦᠨ᠂ ᠪᠤᠬᠢᠷᠲᠤᠯ ᠬᠦᠨᠳᠦ ᠨᠤᠴᠢᠲᠠᠢ ᠮᠠᠨᠠᠨ ᠪᠤᠳᠠᠩᠲᠦ ᠠᠭᠤᠷ ᠠᠮᠢᠰᠬᠤᠯ ᠨᠢ ᠠᠮᠢᠰᠬᠤᠯ ᠤᠨ ᠵᠠᠮ ᠤᠨ | ᠡᠪᠡᠳᠴᠢᠨ ᠤ ᠬᠠᠯᠳᠠᠪᠤᠷᠢᠯᠠᠯ ᠢ ᠨᠡᠩ ᠬᠡᠴᠡᠭᠦᠦ ᠪᠤᠯᠭᠠᠭᠰᠠᠨ ᠪᠠᠶᠢᠨ᠎ᠠ᠃ ᠡᠨᠡᠬᠦ ᠤᠯᠠᠷᠢᠯ ᠳᠤ ᠠᠭᠠᠷ | ᠬᠠᠷᠢᠴᠠᠩᠭᠤᠢ ᠪᠠᠷ ᠬᠠᠭᠤᠷᠠᠢ ᠪᠠᠶᠢᠵᠦ᠂ ᠲᠤᠭᠤᠰᠤ ᠪᠤᠯᠤᠨ ᠳᠡᠭᠳᠡᠮᠡᠬᠡᠢ ᠪᠤᠳᠠᠰ ᠵᠡᠷᠭᠡ ᠤᠯᠠᠨ᠂ ᠢᠯᠠᠩᠭᠤᠶ᠎ᠠ | ᠪᠤᠬᠢᠷ ᠮᠠᠨᠠᠨ ᠤ ᠲᠤᠲᠤᠷᠠᠬᠢ pm2.5 ᠶᠢᠨ ᠠᠬᠤᠭᠤᠯᠤᠭᠳᠠᠴᠠ ᠲᠤᠲᠤᠷ᠎ᠠ ᠬᠤᠤᠷ ᠲᠠᠢ ᠬᠢᠮᠢ ᠶᠢᠨ ᠪᠤᠳᠠᠰ᠂ | ᠬᠦᠨᠲᠦ ᠲᠡᠮᠦᠷᠯᠢᠭ ᠤᠨ ᠮᠦᠬᠦᠯᠢᠭ ᠪᠤᠳᠠᠰ᠂ ᠪᠠᠺᠲ᠋ᠧᠷᠢ ᠵᠡᠷᠭᠡ ᠡᠪᠡᠳᠴᠢᠨ ᠡᠬᠦᠰᠬᠡᠭᠴᠢ ᠠᠬᠤᠭᠤᠯᠤᠨ᠂ | ᠠᠮᠢᠰᠬᠤᠯ ᠢᠶᠠᠷ ᠳᠠᠮᠵᠢᠨ ᠬᠦᠮᠦᠨ ᠤ ᠪᠡᠶ᠎ᠡ ᠳᠤ ᠤᠷᠤᠭᠰᠠᠨ ᠤ ᠳᠠᠷᠠᠭ᠎ᠠ ᠨᠢᠭᠡ ᠪᠦᠯᠦᠭ ᠨᠢ ᠠᠭᠤᠰᠬᠢᠨ ᠳᠤ | ᠦᠯᠡᠳᠡᠵᠦ᠂ ᠨᠢᠭᠡ ᠪᠦᠯᠦᠭ ᠨᠢ ᠴᠢᠰᠤ ᠪᠠᠷ ᠳᠠᠮᠵᠢᠨ ᠪᠡᠶ᠎ᠡ ᠶᠢᠨ ᠡᠯ᠎ᠡ ᠡᠷᠬᠡᠲᠡᠨ ᠳᠤ ᠤᠷᠤᠵᠦ᠂ ᠬᠠᠷᠰᠢᠬᠤ | ᠴᠢᠨᠠᠷ ᠲᠠᠢ ᠬᠠᠮᠠᠷ ᠤᠨ ᠦᠷᠪᠢᠰᠦᠯ᠂ ᠬᠢᠷᠬᠢᠷ᠎ᠠ ᠵᠡᠷᠭᠡ ᠡᠪᠡᠳᠴᠢᠨ ᠢ ᠮᠠᠰᠢ ᠬᠢᠪᠠᠷᠬᠠᠨ ᠡᠬᠦᠰᠬᠡᠳᠡᠭ᠃ | ᠲᠤᠰᠬᠠᠢ ᠮᠡᠷᠭᠡᠵᠢᠯᠲᠡᠨ ᠤ ᠵᠢᠭᠠᠵᠦ ᠭᠠᠷᠭᠠᠭᠰᠠᠨ ᠢᠶᠠᠷ᠂ ᠪᠤᠬᠢᠷ ᠮᠠᠨᠠᠨ ᠲᠠᠢ ᠠᠭᠤᠷ ᠠᠮᠢᠰᠬᠤᠯ ᠢᠯᠡᠷᠡᠬᠦ ᠦᠶ᠎ᠡ | ᠳᠤ᠂ ᠡᠩ ᠲᠡᠷᠢᠬᠦᠨ ᠳᠤ ᠪᠦᠯᠢᠶᠡᠨ ᠤᠰᠤ ᠠᠷᠪᠢᠨ ᠤᠤᠭᠤᠬᠤ ᠬᠡᠷᠡᠭᠲᠠᠢ᠂ ᠤᠰᠤ ᠤᠤᠭᠤᠬᠤ ᠨᠢ ᠪᠡᠶ᠎ᠡ ᠳᠠᠬᠢ | ᠰᠢᠨ᠎ᠡ ᠬᠠᠭᠤᠴᠢᠨ ᠤ ᠰᠤᠯᠢᠯᠴᠠᠭ᠎ᠠ ᠶᠢ ᠠᠬᠢᠭᠤᠯᠵᠦ᠂ ᠬᠤᠭᠤᠯᠠᠢ ᠶᠢ ᠨᠤᠷᠭᠠᠨ ᠰᠠᠯᠢᠰᠤᠲᠦ ᠪᠦᠷᠬᠦᠪᠴᠢ ᠶᠢᠨ | ᠪᠦᠷᠢᠯᠳᠦᠬᠦ ᠵᠢᠴᠢ ᠰᠡᠷᠬᠦᠬᠦ ᠳᠤ ᠠᠰᠢᠭᠲᠠᠢ ᠃ ᠳᠠᠷᠠᠭ᠎ᠠ ᠳᠤᠨᠢ ᠰᠡᠲᠡᠯᠲᠡ ᠶᠢᠨ ᠴᠢᠨᠡᠷᠲᠠᠢ ᠢᠳᠡᠭᠡᠨ ᠢ | ᠲᠤᠲᠠᠭᠤ ᠢᠳᠡᠬᠦ ᠬᠡᠷᠡᠭᠲᠠᠢ᠂ ᠵᠢᠱᠢᠶᠡᠯᠡᠪᠡᠯ ᠲᠤᠰᠤᠨ ᠳᠤ ᠪᠤᠴᠠᠯᠭᠠᠭᠰᠠᠨ᠂ ᠬᠦᠢᠲᠡᠨ ᠬᠦᠯᠳᠡᠭᠦᠦ᠂ ᠬᠡᠳᠦ | ᠭᠤᠱᠢᠭᠤᠨ ᠢᠳᠡᠭᠡᠨ ᠨᠢ ᠰᠠᠯᠢᠰᠤᠲᠦ ᠪᠦᠷᠬᠦᠪᠴᠢ ᠪᠤᠯᠤᠨ ᠬᠦᠮᠦᠨ ᠤ ᠪᠡᠶ᠎ᠡ ᠳᠤ ᠬᠡᠳᠦ ᠶᠡᠭᠡ ᠰᠡᠳᠡᠯᠲᠡ | ᠦᠭᠴᠦ᠂ ᠠᠮᠢᠰᠬᠤᠯ ᠤᠨ ᠵᠠᠮ ᠤᠨ ᠡᠪᠡᠳᠴᠢᠨ ᠢ ᠡᠬᠦᠰᠬᠡᠳᠡᠭ᠃ ᠲᠤᠰᠬᠠᠢ ᠮᠡᠷᠭᠡᠵᠢᠯᠲᠡᠨ ᠤ | ᠰᠠᠨᠠᠭᠤᠯᠤᠭᠰᠠᠨ ᠢᠶᠠᠷ᠂ ᠤᠢᠢᠷ᠎ᠠ ᠶᠢᠨ ᠬᠤᠭᠤᠴᠠᠭᠠᠨ ᠳᠤ ᠴᠠᠩᠱᠠ ᠵᠡᠷᠭᠡ ᠤᠷᠤᠨ ᠳᠤ ᠪᠤᠬᠢᠷ ᠮᠠᠨᠠᠨ ᠲᠠᠢ | ᠠᠭᠤᠷ ᠠᠮᠢᠰᠬᠤᠯ ᠦᠷᠬᠦᠯᠵᠢᠯᠡᠵᠦ᠂ ᠬᠤᠲᠠ ᠶᠢᠨ ᠠᠷᠠᠳ ᠭᠠᠳᠠᠭᠰᠢ ᠭᠠᠷᠬᠤ ᠪᠠᠨ ᠠᠯᠢ ᠴᠢᠳᠠᠬᠤ ᠪᠠᠷ | ᠪᠠᠭᠠᠰᠬᠠᠨ᠂ ᠢᠯᠠᠩᠭᠤᠶ᠎ᠠ ᠨᠢᠯᠬ᠎ᠠ ᠬᠡᠤᠬᠡᠳ ᠪᠤᠯᠤᠨ ᠨᠠᠰᠤᠲᠠᠶᠢᠴᠤᠳ᠂ ᠬᠠᠮᠠᠷ ᠤᠨ ᠦᠷᠪᠢᠰᠦᠯ ᠲᠠᠢ ᠪᠤᠶᠤ | ᠬᠢᠷᠬᠢᠷ᠎ᠠ ᠲᠠᠢ ᠬᠦᠮᠦᠰ ᠭᠠᠳᠠᠭᠰᠢ ᠭᠠᠷᠬᠤ ᠳᠠᠭᠠᠨ ᠠᠮᠠᠨ ᠪᠦᠲᠡᠭᠡᠯᠭᠡ ᠵᠡᠬᠦᠵᠦ᠂ ᠭᠠᠳᠠᠨ᠎ᠠ ᠭᠠᠷᠤᠭᠠᠳ ᠪᠤᠴᠡᠵᠦ | ᠢᠷᠡᠭᠰᠡᠨ ᠤ ᠳᠠᠷᠠᠭ᠎ᠠ ᠭᠠᠷ ᠪᠤᠯᠤᠨ ᠨᠢᠭᠤᠷ ᠢᠶᠠᠨ ᠤᠬᠢᠶᠠᠵᠦ᠂ ᠠᠮᠠ ᠪᠠᠨ ᠵᠠᠶᠢᠯᠠᠬᠤ ᠬᠡᠷᠡᠭᠲᠠᠢ ᠃ ᠪᠤᠬᠢᠷ | ᠮᠠᠨᠠᠨ ᠲᠠᠢ ᠡᠳᠦᠷ ᠴᠤᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠬᠦ ᠳᠡᠭᠡᠨ ᠦᠷᠯᠦᠭᠡ ᠦᠳᠡᠰᠢ ᠶᠢ ᠰᠤᠩᠭᠤᠵᠦ | ᠪᠤᠯᠬᠤ ᠦᠭᠡᠢ᠂ ᠬᠠᠷᠢᠨ ᠨᠠᠷᠠ ᠮᠠᠨᠳᠤᠭᠰᠠᠨ ᠤ ᠳᠠᠷᠠᠭ᠎ᠠ ᠴᠤᠩᠬᠤ ᠪᠠᠨ ᠨᠡᠭᠡᠭᠡᠪᠡᠯ ᠵᠤᠬᠢᠨ᠎ᠠ᠃ | |