ᠲᠤᠰᠬᠠᠢ ᠮᠡᠷᠭᠡᠵᠢᠯᠳᠠᠨ ᠠᠴᠠ ᠶᠡᠭᠡ ᠳᠡᠭᠡᠲᠦ ᠰᠤᠷᠭᠠᠭᠤᠯᠢ ᠳᠤ ᠤᠷᠤᠬᠤ ᠡᠷᠡᠮᠡᠯᠵᠡᠯ ᠳᠠᠭᠯᠠᠬᠤ ᠲᠤᠬᠠᠢ  ᠰᠠᠨᠠᠭᠤᠯᠭ᠎ᠠ ᠦᠭᠴᠠᠢ
ᠨᠡᠶᠢᠲᠡᠯᠡᠭᠰᠡᠨ ᠴᠠᠭ᠄
2015/6/17
     13  ᠤ ᠡᠳᠦᠷ᠂ 《 ᠬᠢᠷᠢᠨ ᠶᠡᠭᠡ ᠰᠤᠷᠭᠠᠭᠤᠯᠢ ᠶᠢᠨ 2015 ᠤᠨ ᠤ ᠶᠡᠭᠡ ᠲᠡᠭᠡᠳᠤ ᠰᠤᠷᠭᠠᠭᠤᠯᠢ ᠶᠢᠨ  ᠰᠢᠯᠭᠠᠯᠳᠠ ᠶᠢᠨ ᠰᠤᠷᠤᠭᠴᠢ ᠡᠯᠰᠡᠬᠦ ᠵᠦᠪᠯᠡᠭᠡ ᠦᠭᠬᠦ ᠬᠤᠷᠠᠯ 》 ᠳᠡᠭᠡᠷ᠎ᠠ᠂ ᠰᠢᠯᠭᠠᠭᠤᠯᠤᠭᠰᠠᠳ ᠵᠢᠴᠢ ᠭᠡᠷ  ᠤᠨ  ᠠᠬᠠᠮᠠᠳ  ᠤᠨ ᠡᠷᠡᠮᠡᠯᠵᠡᠯ ᠢᠶᠠᠨ ᠲᠠᠬᠯᠠᠬᠤ ᠲᠤᠬᠠᠢ ᠠᠰᠠᠭᠤᠯᠳᠠ ᠳᠤ ᠴᠢᠭᠯᠡᠬᠦᠯᠵᠦ᠂ ᠬᠢᠷᠢᠨ ᠶᠡᠭᠡ ᠰᠤᠷᠭᠠᠭᠤᠯᠢ ᠶᠢᠨ  ᠰᠤᠷᠤᠭᠴᠢ ᠡᠯᠰᠡᠬᠦ ᠠᠯᠪᠡᠨ ᠭᠡᠷ ᠤᠨ ᠡᠷᠬᠢᠯᠡᠭᠴᠢ ᠯᠢᠦ ᠡᠾᠧ ᠲᠦᠷᠪᠡᠨ ᠲᠠᠯ᠎ᠠ ᠶᠢᠨ ᠰᠠᠨᠠᠭᠤᠯᠭ᠎ᠠ ᠲᠤᠷᠠᠳᠪᠠ᠃     ᠨᠢᠭᠡ ᠳᠤ᠂ ᠡᠷᠡᠮᠡᠯᠵᠡᠭᠰᠡᠠ ᠶᠡᠭᠡ ᠳᠡᠭᠡᠳᠦ ᠰᠤᠷᠭᠠᠭᠤᠯᠢ ᠪᠠ ᠲᠤᠰᠬᠠᠢ ᠮᠡᠷᠭᠡᠵᠢᠯ ᠤᠨ ᠬᠤᠯᠪᠤᠭᠳᠠᠯ ᠪᠦᠬᠦᠢ  ᠮᠡᠳᠡᠭᠡ ᠵᠠᠩᠬᠢ ᠶᠢ ᠬᠦᠢᠴᠡᠳ ᠤᠢᠢᠯᠠᠭᠠᠬᠤ ᠭᠡᠷᠡᠭᠲᠡᠢ᠃ ᠯᠢᠦ  ᠡᠾᠧ ᠶᠢᠨ ᠦᠵᠡᠬᠦ ᠪᠠᠷ᠂ ᠡᠷᠡᠮᠡᠯᠵᠡᠭᠰᠡᠠ ᠲᠤᠰᠬᠠᠢ  ᠮᠡᠷᠭᠡᠵᠢᠯ ᠤᠨ ᠬᠦᠭᠵᠢᠯᠳᠠ ᠶᠢᠨ ᠲᠦᠪᠰᠢᠨ᠂ ᠤᠯᠤᠰ ᠤᠨ ᠳᠤᠳᠤᠭᠠᠳᠦ ᠳᠠᠬᠢ ᠲᠤᠰᠬᠠᠢ ᠮᠡᠷᠭᠡᠵᠢᠯ ᠤᠨ ᠵᠢᠭᠰᠠᠭᠠᠯ᠂  ᠪᠠᠭᠰᠢ ᠶᠢᠨ ᠡᠬᠢ ᠪᠡᠶᠠᠯᠢᠭ ᠤᠨ ᠬᠦᠴᠦᠨ᠂ ᠬᠦᠭᠵᠢᠯᠳᠠ ᠵᠢᠴᠢ ᠡᠷᠳᠡᠮ ᠰᠢᠨᠵᠢᠯᠡᠭᠡᠨ ᠤ ᠴᠢᠭᠯᠡᠯ ᠵᠡᠷᠭᠡ ᠨᠢ ᠴᠦᠮ  ᠴᠢᠬᠤᠯᠠ ᠯᠠᠪᠯᠠᠯᠳᠠ ᠪᠤᠯᠭᠠᠬᠤ ᠡᠯᠧᠮᠧᠨ᠋ᠲ ᠮᠦᠨ᠃     ᠬᠤᠶᠠᠷ ᠲᠤ᠂ ᠦᠪᠡᠷ ᠤᠨ ᠪᠡᠶ᠎ᠠ ᠳᠡᠭᠡᠨ ᠤᠨᠤᠪᠴᠢᠳᠠᠢ ᠪᠠᠶᠢᠷᠢ ᠲᠤᠭᠳᠠᠭᠠᠯᠳᠠ ᠪᠠᠶᠢᠬᠤ ᠭᠡᠷᠡᠭᠲᠡᠢ᠃ 《  ᠰᠤᠷᠭᠠᠭᠤᠯᠢ ᠪᠠᠨ ᠳᠡᠬᠦᠰᠦᠭᠰᠡᠨ ᠤ ᠬᠤᠶᠢᠨ᠎ᠠ ᠠᠵᠢᠯᠯᠠᠬᠤ ᠡᠰᠡᠬᠦᠯ᠎ᠠ ᠡᠷᠳᠡᠮ ᠰᠢᠨᠵᠢᠯᠡᠭᠡᠨ ᠬᠢᠬᠦ᠂ ᠦᠷᠬᠦᠯᠵᠢᠯᠡᠨ  ᠰᠤᠷᠤᠯᠴᠠᠬᠤ ᠵᠡᠷᠭᠡ ᠲᠠᠯ᠎ᠠ ᠪᠠᠷ ᠢᠷᠡᠭᠡᠳᠦᠢ ᠶᠢᠨ ᠬᠦᠭᠵᠢᠯᠳᠠ ᠳᠡᠭᠡᠨ ᠦᠨᠳᠦᠰᠦᠨ ᠲᠦᠯᠤᠪᠵᠢᠬᠦᠯᠭᠡ ᠲᠠᠢ ᠪᠠᠶᠢᠪᠠᠯ  ᠰᠠᠶ᠋ᠢ ᠰᠠᠭᠤᠷᠢ ᠬᠢᠴᠢᠶᠡᠯ ᠪᠤᠯᠪᠠᠰᠤᠷᠠᠯ ᠤᠨ ᠲᠤᠰᠬᠠᠢ ᠮᠡᠷᠭᠡᠵᠢᠯ ᠢ ᠰᠤᠷᠤᠯᠴᠠᠬᠤ ᠪᠤᠶᠤ ᠭᠡᠷᠡᠭᠯᠡᠭᠡᠨ ᠤ ᠬᠢᠴᠢᠶᠡᠯ  ᠪᠤᠯᠪᠠᠰᠤᠷᠠᠯ ᠤᠨ ᠲᠤᠰᠬᠠᠢ ᠮᠡᠷᠭᠡᠵᠢᠯ ᠢ ᠰᠤᠷᠤᠯᠴᠠᠬᠤ ᠪᠠᠨ ᠤᠨᠤᠪᠴᠢᠳᠠᠢ ᠤᠯᠵᠥ ᠴᠢᠳᠠᠨ᠎ᠠ 》 ᠭᠡᠵᠦ ᠯᠢᠦ  ᠡᠾᠧ  ᠬᠡᠯᠡᠯ᠎ᠠ᠃     ᠭᠤᠷᠪᠠ ᠳᠤ᠂ ᠬᠠᠯᠠᠮᠰᠢᠯ ᠪᠤᠰᠤ ᠲᠤᠰᠬᠠᠢ ᠮᠡᠷᠭᠡᠵᠢᠯ ᠪᠤᠶᠤ ᠬᠠᠯᠠᠮᠰᠢᠯ ᠲᠤᠰᠬᠠᠢ ᠮᠡᠷᠭᠡᠵᠢᠯ ᠢ ᠬᠤᠪᠢᠰᠤᠩᠭᠤᠢ   ᠪᠠᠷ ᠦᠵᠡᠬᠦ ᠭᠡᠷᠡᠭᠲᠡᠢ᠃ ᠯᠢᠦ ᠾᠸ ᠶᠢᠨ ᠦᠵᠡᠬᠦ ᠪᠠᠷ᠂ ᠲᠤᠰᠬᠠᠢ ᠮᠡᠷᠭᠡᠵᠢᠯ ᠳᠤ ᠡᠬᠦᠷᠢᠳᠠ  ᠶᠢᠨ ᠬᠠᠯᠠᠮᠰᠢᠯ ᠪᠤᠶᠤ  ᠬᠠᠯᠠᠮᠰᠢᠯ ᠪᠤᠰᠤ ᠲᠤᠰᠬᠠᠢ ᠮᠡᠷᠭᠡᠵᠢᠯ ᠭᠡᠵᠦ ᠪᠠᠶᠢᠬᠤ ᠦᠭᠡᠢ᠂ ᠬᠠᠯᠠᠮᠰᠢᠯ ᠲᠠᠢ ᠡᠰᠡᠬᠦ ᠳᠤ ᠬᠡᠳᠦᠷᠭᠡᠢ ᠠᠩᠬᠠᠷᠤᠯ  ᠲᠠᠯᠪᠢᠬᠤ ᠬᠡᠷᠡᠭ ᠦᠭᠡᠢ᠃     ᠲᠦᠷᠪᠡ ᠳᠤ᠂ ᠬᠠᠷᠠᠴᠠ ᠪᠠᠨ ᠬᠤᠯᠠ ᠲᠠᠯᠪᠢᠵᠦ᠂ ᠠᠯᠤᠰ ᠭᠡᠳᠦ ᠶᠢᠨ ᠲᠦᠯᠦᠪᠵᠢᠬᠦᠯᠭᠡ ᠲᠤᠭᠳᠠᠭᠠᠬᠤ  ᠭᠡᠷᠡᠭᠲᠡᠢ᠃ ᠯᠢᠦ ᠡᠾᠧ᠂ ᠶᠡᠭᠡ ᠰᠤᠷᠭᠠᠭᠤᠯᠢ ᠨᠢ ᠰᠤᠷᠤᠭᠴᠢᠳ ᠲᠤ ᠨᠡᠩ ᠤᠯᠠᠨ ᠬᠦᠭᠵᠢᠯᠳᠠ ᠶᠢᠨ ᠠᠵᠠ  ᠲᠤᠬᠢᠶᠠᠯ ᠬᠠᠩᠭᠠᠬᠤ ᠪᠠᠷ ᠬᠠᠷᠠᠯᠳᠠ ᠪᠠᠨ ᠪᠤᠯᠭᠠᠳᠠᠭ᠂ ᠨᠢᠭᠡ ᠤᠳᠠᠭ᠎ᠠ ᠶᠢᠨ ᠰᠢᠯᠭᠠᠯᠳᠠ ᠪᠠᠷ ᠨᠠᠰᠤᠨ  ᠤ ᠶᠠᠪᠤᠳᠠᠯ ᠢ  ᠲᠤᠭᠳᠠᠭᠠᠬᠤ ᠪᠢᠰᠢ᠂ ᠠᠰᠫᠢᠷᠠᠨᠲ ᠢᠶᠠᠷ ᠰᠤᠷᠤᠯᠴᠠᠬᠤ᠂ ᠳ᠋ᠤᠺᠲ᠋ᠤᠷᠠᠨᠲ ᠢᠶᠠᠷ ᠰᠤᠷᠤᠯᠴᠠᠬᠤ ᠵᠡᠷᠭᠡ ᠮᠠᠰᠢ ᠤᠯᠠᠨ  ᠰᠤᠩᠭᠤᠯᠳᠠ ᠶᠢᠨ ᠤᠷᠤᠨ ᠵᠠᠢ ᠲᠠᠢ ᠪᠠᠶᠢᠭ᠎ᠠ ᠶᠤᠮ᠂ ᠬᠠᠷᠠᠯᠳᠠ ᠪᠠᠨ ᠬᠤᠯᠠ ᠰᠢᠬ ᠪᠠᠶᠢᠯᠭᠠᠪᠠᠯ ᠰᠡᠳᠬᠢᠬᠦᠢ ᠴᠢᠨᠢ  ᠨᠡᠩ ᠰᠠᠷᠠᠭᠤᠯ ᠪᠤᠯᠬᠤ ᠶᠤᠮ ᠭᠡᠵᠦ ᠵᠢᠭᠠᠵᠦ ᠭᠠᠷᠭᠠᠪᠠ᠃    
 
ᠢᠷᠡᠯᠲᠡ᠄ ᠲᠤᠳᠤᠷᠬᠠᠢ ᠦᠬᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号