| ᠨᠢᠩᠴᠧᠩ ᠰᠢᠶᠠᠨ ᠤ ᠦᠨᠳᠦᠰᠦᠳᠡᠨ ᠤ ᠲᠤᠮᠳᠠᠳᠤ ᠪᠠᠭ᠎ᠠ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ | ᠬᠦᠮᠦᠵᠢᠯ ᠪᠤᠯᠤᠨ ᠤᠨᠴᠠᠯᠢᠭᠳᠤ ᠲᠦᠷᠦᠯ ᠵᠦᠢᠯ ᠤᠨ ᠰᠤᠷᠭᠠᠭᠤᠯᠢ ᠶᠢᠨ ᠪᠦᠳᠦᠬᠡᠨ ᠪᠠᠶᠢᠭᠤᠯᠤᠯᠳᠠ ᠶᠢ ᠤᠯᠠᠮ | ᠴᠢᠨᠠᠭᠰᠢᠳᠠ ᠠᠬᠢᠭᠤᠯᠵᠤ᠂ ᠦᠨᠳᠦᠰᠦᠳᠡᠨ ᠤ ᠰᠢᠯᠢᠳᠡᠭ ᠰᠤᠶᠤᠯ ᠢᠶᠠᠨ ᠤᠯᠠᠮᠵᠢᠯᠠᠨ ᠬᠦᠭᠵᠢᠬᠦᠯᠵᠦ᠂ | ᠰᠤᠷᠤᠭᠴᠢᠳ ᠤᠨ ᠰᠢᠨ᠎ᠠ ᠶᠢ ᠡᠬᠦᠳᠬᠦ ᠵᠤᠷᠢᠭ ᠰᠠᠨᠠᠭ᠎ᠠ ᠪᠤᠯᠤᠨ ᠦᠢᠯᠡᠳᠦᠯᠬᠡ ᠳᠤ ᠤᠷᠤᠯᠴᠠᠬᠤ ᠴᠢᠳᠠᠪᠤᠷᠢ ᠶᠢ | ᠬᠦᠮᠦᠵᠢᠬᠦᠯᠦᠨ᠂ ᠰᠤᠷᠤᠭᠴᠢᠳ ᠲᠤ ᠦᠪᠡᠷ ᠢ ᠪᠠᠨ ᠢᠯᠡᠷᠡᠬᠦᠯᠬᠦ ᠲᠠᠪᠴᠠᠩ ᠬᠠᠩᠭᠠᠬᠤ ᠶᠢᠨ ᠲᠤᠰᠠᠳᠠ᠂ ᠨᠢᠩᠴᠧᠩ | ᠰᠢᠶᠠᠨ ᠤ ᠰᠤᠷᠭᠠᠨ ᠬᠦᠮᠦᠵᠢᠯ ᠤᠨ ᠲᠤᠪᠴᠢᠶ᠎ᠠ᠂ ᠨᠢᠩᠴᠧᠩ ᠰᠢᠶᠠᠨ ᠤ ᠦᠨᠳᠦᠰᠦᠳᠡᠨ ᠱᠠᠰᠢᠨ ᠰᠤᠷᠳᠠᠬᠤᠨ ᠤ | ᠶᠠᠪᠤᠳᠠᠯ ᠤᠨ ᠲᠤᠪᠴᠢᠶ᠎ᠠ ᠪᠤᠯᠤᠨ ᠦᠪᠦᠷ ᠮᠤᠩᠭᠤᠯ ᠤᠨ ᠴᠡᠩᠬᠡᠯᠳᠡᠢ ᠮᠤᠩᠭᠤᠯ ᠬᠡᠯᠡ ᠰᠤᠶᠤᠯ ᠤᠨ ᠰᠠᠭᠤᠷᠢ | ᠮᠦᠩᠬᠦᠨ ᠤ ᠨᠡᠶᠢᠬᠡᠮᠯᠢᠭ ᠠᠴᠠ ᠬᠠᠮᠳᠤᠷᠠᠨ ᠡᠷᠬᠢᠯᠡᠵᠦ᠂ ᠪᠤᠷᠬᠠᠨᠳᠤ ᠲᠤᠮᠳᠠᠳᠤ ᠰᠤᠷᠭᠠᠭᠤᠯᠢ ᠠᠴᠠ ᠬᠠᠮᠵᠢᠨ | ᠡᠷᠬᠢᠯᠡᠭᠰᠡᠨ ︽ᠨᠢᠩᠴᠧᠩ ᠰᠢᠶᠠᠨ ᠤ ᠨᠠᠢᠮᠠᠳᠤᠭᠠᠷ ᠬᠤᠭᠤᠴᠠᠭᠠᠨ ᠤ ᠦᠨᠳᠦᠰᠦᠳᠡᠨ ᠤ ᠲᠤᠮᠳᠠᠳᠤ ᠪᠠᠭ᠎ᠠ | ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠦᠮᠦᠵᠢᠯ ᠤᠨ ᠦᠵᠡᠬᠦᠯᠦᠯᠬᠡ ︾ 2015 ᠤᠨ ᠤ 6 ᠰᠠᠷ᠎ᠠ ᠶᠢᠨ | 16 ᠤ ᠡᠳᠦᠷ ᠨᠢᠩᠴᠧᠩ ᠰᠢᠶᠠᠨ ᠤ ᠪᠤᠷᠬᠠᠨᠳᠤ ᠲᠤᠮᠳᠠᠳᠤ ᠰᠤᠷᠭᠠᠭᠤᠯᠢ ᠳᠤ ᠠᠮᠵᠢᠯᠳᠠᠳᠠᠢ ᠶᠠᠪᠤᠭᠳᠠᠪᠠ᠃ | ᠲᠤᠰ ᠤᠳᠠᠭᠠᠨ ᠤ ᠦᠵᠡᠬᠦᠯᠦᠯᠬᠡ ᠨᠢ ᠨᠢᠩᠴᠧᠩ ᠰᠢᠶᠠᠨ ᠤ ᠮᠤᠩᠭᠤᠯ ᠦᠨᠳᠦᠰᠦᠳᠡᠨ ᠤ ᠪᠠᠭ᠎ᠠ | ᠰᠤᠷᠭᠠᠭᠤᠯᠢ᠂ ᠠᠩᠬ᠎ᠠ ᠲᠤᠮᠳᠠᠳᠤ ᠪᠤᠯᠤᠨ ᠲᠡᠭᠡᠳᠦ ᠲᠤᠮᠳᠠᠳᠤ ᠶᠢᠨ ᠰᠤᠷᠤᠭᠴᠢᠳ ᠤᠨ ︽ᠭᠤᠷᠪᠠᠨ ᠬᠡᠯᠡᠨ ᠤ | ᠶᠠᠷᠢᠶᠠᠨ ᠤ ᠤᠷᠤᠯᠳᠤᠭᠠᠨ︾᠂ ︽ᠤᠷᠠᠯᠢᠭ ᠤᠨ ᠲᠤᠭᠯᠠᠯᠳᠠ︾ ᠪᠤᠯᠤᠨ ᠠᠩᠬ᠎ᠠ ᠲᠤᠮᠳᠠᠳᠤ᠂ ᠲᠡᠬᠡᠳᠦ | ᠲᠤᠮᠳᠠᠳᠤ ᠶᠢᠨ ᠰᠤᠷᠤᠭᠴᠢᠳ ᠤᠨ ᠪᠦᠬᠡ ᠶᠢᠨ ᠪᠠᠷᠢᠯᠳᠤᠭᠠᠨ᠂ ᠤᠷᠠᠨ ᠵᠢᠷᠤᠭ ᠪᠤᠯᠤᠨ ᠰᠢᠨᠵᠢᠯᠡᠬᠦ ᠤᠬᠠᠭᠠᠨ | ᠮᠡᠷᠬᠡᠵᠢᠯ ᠤᠨ ᠵᠢᠵᠢᠭ ᠡᠬᠦᠳᠦᠯᠳᠡ ᠵᠡᠷᠬᠡ ᠠᠭᠤᠯᠭ᠎ᠠ ᠪᠠᠷ ᠶᠠᠪᠤᠭᠳᠠᠵᠤ᠂ ᠦᠨᠳᠦᠰᠦᠳᠡᠨ ᠤ ᠰᠤᠷᠭᠠᠭᠤᠯᠢ ᠤᠳ ᠤᠨ | ᠠᠩᠬᠠᠨ ᠤ ᠤᠷᠤᠯᠳᠤᠭᠠᠨ᠂ ᠨᠢᠩᠴᠧᠩ ᠰᠢᠶᠠᠨ ᠤ ᠰᠤᠷᠭᠠᠨ ᠬᠦᠮᠦᠵᠢᠯ ᠤᠨ ᠲᠤᠪᠴᠢᠶᠠᠨ ᠤ ᠠᠩᠬᠠᠨ ᠤ | ᠰᠢᠯᠭᠠᠷᠠᠭᠤᠯᠤᠯᠳᠠ ᠵᠡᠷᠬᠡ ᠲᠠᠪᠬᠤᠷ ᠲᠠᠪᠬᠤᠷ ᠰᠢᠯᠢᠯᠳᠡ ᠶᠢᠨ ᠰᠠᠭᠤᠷᠢᠨ ᠲᠡᠭᠡᠷ᠎ᠡ ᠶᠠᠪᠤᠭᠳᠠᠭᠰᠠᠨ ᠶᠤᠮ᠃ ︽ | ᠭᠤᠷᠪᠠᠨ ᠬᠡᠯᠡᠨ ᠤ ᠶᠠᠷᠢᠶ᠎ᠠ ᠢᠯᠡᠳᠬᠡᠯ ᠤᠨ ᠤᠷᠤᠯᠳᠤᠭᠠᠨ︾ ᠳᠤ 36 ᠰᠤᠷᠤᠭᠴᠢ ᠤᠷᠤᠯᠴᠠᠵᠤ᠂ 19 | ᠤᠷᠠᠯᠢᠭ ᠤᠨ ᠲᠤᠭᠯᠠᠯᠳᠠ ᠰᠢᠢᠳᠪᠦᠷᠢᠳᠦ ᠤᠷᠤᠯᠳᠤᠭᠠᠨ ᠳᠤ ᠤᠷᠤᠯᠴᠠᠵᠠᠢ᠃ | ᠤᠷᠤᠯᠳᠤᠭᠠᠨ ᠳᠤ ᠳ᠋ᠦᠩ ᠳᠤ᠂ ᠬᠡᠷᠡᠯᠳᠦ ᠮᠤᠩᠭᠤᠯ ᠲᠤᠮᠳᠠᠳᠤ ᠰᠤᠷᠭᠠᠭᠤᠯᠢ ᠶᠢᠨ ᠵᠤᠤ ᠵᠢᠩ ᠷᠦ᠂ ᠮᠠᠰᠢ | ᠵᠤᠵᠠᠭᠠᠨ ᠬᠤᠷᠤᠭ᠎ᠠ ᠮᠤᠩᠭᠤᠯ ᠲᠤᠮᠳᠠᠳᠤ ᠰᠤᠷᠭᠠᠭᠤᠯᠢ ᠶᠢᠨ ᠵᠤᠤ ᠶᠠᠨ ᠹᠧᠩ᠂ ᠨᠢᠩᠴᠧᠩ ᠮᠤᠩᠭᠤᠯ ᠲᠤᠮᠳᠠᠳᠤ | ᠰᠤᠷᠭᠠᠭᠤᠯᠢ ᠶᠢᠨ ᠾᠧ ᠳ᠋ᠦᠩ ᠵᠢᠶ᠋ᠸ ᠲᠤᠰ ᠪᠦᠷᠢ ᠬᠦᠬᠡ ᠬᠡᠯᠪᠡᠷᠢ ᠶᠢᠨ ᠮᠤᠩᠭᠤᠯ ᠢᠶᠠᠷ ᠬᠢᠴᠢᠶᠡᠯᠯᠡᠬᠦ ᠪᠠᠭ᠎ᠠ | ᠰᠤᠷᠭᠠᠭᠤᠯᠢ᠂ ᠠᠩᠬ᠎ᠠ ᠲᠤᠮᠳᠠᠳᠤ ᠪᠤᠯᠤᠨ ᠲᠡᠬᠡᠳᠦ ᠲᠤᠮᠳᠠᠳᠤ ᠶᠢᠨ ᠲᠤᠭᠤᠢᠢᠯᠠᠩ ᠤᠨ ᠭᠤᠷᠪᠠᠨ ᠬᠡᠯᠡᠨ ᠤ ᠶᠠᠷᠢᠶ᠎ᠠ | ᠢᠯᠡᠳᠬᠡᠯ ᠤᠨ ᠤᠷᠤᠯᠳᠤᠭᠠᠨ ᠳᠤ ᠲᠡᠷᠢᠭᠦᠯᠡᠵᠦ᠂ ᠰᠦᠮ᠎ᠠ ᠶᠢᠨ ᠭᠤᠤᠯ ᠤᠨ ᠪᠠᠭ᠎ᠠ ᠰᠤᠷᠭᠠᠭᠤᠯᠢ ᠶᠢᠨ ᠵᠠᠩ ᠨᠠᠢ | ᠰᠢᠨ᠂ ᠭᠠᠢ ᠲᠢᠶᠠᠨ ᠶᠤᠸᠠᠢ᠂ ᠬᠤᠸᠠᠩ ᠴᠧᠨ ᠰᠢᠤᠢ ᠶᠢᠨ ᠬᠠᠮᠳᠤᠯᠢᠭ᠂ ᠮᠠᠷᠠᠳᠤ ᠮᠤᠩᠭᠤᠯ ᠲᠤᠮᠳᠠᠳᠤ | ᠰᠤᠷᠭᠠᠭᠤᠯᠢ ᠶᠢᠨ ᠬᠤᠸᠠᠩ ᠢᠦᠢ ᠵᠢᠶ᠋ᠸ᠂ ᠽᠢ ᠮᠧᠩ ᠲᠤᠮᠳᠠᠳᠤ ᠰᠤᠷᠭᠠᠭᠤᠯᠢ ᠶᠢᠨ ᠬᠦᠩ ᠺᠠᠢ ᠶᠤᠸᠠᠢ᠂ ᠨᠢᠩᠴᠧᠩ | ᠮᠤᠩᠭᠤᠯ ᠲᠤᠮᠳᠠᠳᠤ ᠰᠤᠷᠭᠠᠭᠤᠯᠢ ᠶᠢᠨ ᠹᠦ᠋ ᠶᠠᠨ ᠶᠠᠨ ᠲᠤᠰ ᠪᠦᠷᠢ ᠬᠦᠬᠡᠭᠴᠢᠨ ᠬᠡᠯᠪᠡᠷᠢ ᠶᠢᠨ ᠮᠤᠩᠭᠤᠯ ᠢᠶᠠᠷ | ᠬᠢᠴᠢᠶᠡᠯᠯᠡᠬᠦ ᠪᠠᠭ᠎ᠠ ᠰᠤᠷᠭᠠᠭᠤᠯᠢ᠂ ᠠᠩᠬ᠎ᠠ ᠲᠤᠮᠳᠠᠳᠤ ᠪᠤᠯᠤᠨ ᠲᠡᠬᠡᠳᠦ ᠲᠤᠮᠳᠠᠳᠤ ᠶᠢᠨ ᠲᠤᠭᠤᠢᠢᠯᠠᠩ ᠳᠤ | ᠲᠡᠷᠢᠬᠦᠯᠡᠨ᠂ ᠰᠦᠮ᠎ᠠ ᠶᠢᠨ ᠭᠤᠤᠯ ᠤᠨ ᠪᠠᠭ᠎ᠠ ᠰᠤᠷᠭᠠᠭᠤᠯᠢ ᠶᠢᠨ ᠨᠠᠶᠢᠷᠠᠯ ᠲᠠᠭᠤᠤ ︽ᠠᠯᠤᠰ ᠲᠤ ᠰᠠᠭᠤᠭ᠎ᠠ ᠡᠵᠢ᠂ | ᠪᠠᠶᠠᠰᠬᠤᠯᠠᠩᠳᠤ ᠨᠠᠭᠠᠳᠤᠮ︾᠂ ᠨᠢᠩᠴᠧᠩ ᠲᠦᠷᠪᠡᠳᠦᠬᠡᠷ ᠲᠤᠮᠳᠠᠳᠤ ᠰᠤᠷᠭᠠᠭᠤᠯᠢ ᠶᠢᠨ ᠨᠠᠶᠢᠷᠠᠯ ᠲᠠᠭᠤᠤ ︽ | ᠬᠤᠨ ᠭᠠᠯᠠᠭᠤ︾ ᠲᠤᠰ ᠪᠦᠷᠢ ᠪᠠᠭ᠎ᠠ ᠰᠤᠷᠭᠠᠭᠤᠯᠢ᠂ ᠠᠩᠬ᠎ᠠ ᠲᠤᠮᠳᠠᠳᠤ ᠶᠢᠨ ᠲᠠᠭᠤᠤ ᠶᠢᠨ ᠤᠷᠤᠯᠳᠤᠭᠠᠨ ᠳᠤ | ᠲᠡᠷᠢᠬᠦᠯᠡᠨ᠂ ᠮᠢᠩ ᠳ᠋ᠧ ᠰᠤᠷᠭᠠᠭᠤᠯᠢ ᠶᠢᠨ ᠮᠤᠷᠢᠨ ᠬᠤᠭᠤᠷ ᠤᠨ ᠬᠦᠭᠵᠢᠮ ︽ᠭᠠᠩᠭᠠᠩ ᠬᠠᠷ᠎ᠠ︾᠂ ᠨᠢᠩᠴᠧᠩ | ᠲᠦᠷᠪᠡᠳᠦᠬᠡᠷ ᠲᠤᠮᠳᠠᠳᠤ ᠰᠤᠷᠭᠠᠭᠤᠯᠢ ᠶᠢᠨ ᠮᠤᠷᠢᠨ ᠬᠤᠭᠤᠷ ᠤᠨ ᠭᠤᠴᠤᠯᠠᠯ ᠬᠦᠭᠵᠢᠮ ︽ᠲᠦᠮᠡᠨ ᠠᠭᠳᠠ ᠶᠢᠨ | ᠲᠦᠪᠡᠷᠭᠡᠨ︾᠂ ᠨᠢᠩᠴᠧᠩ ᠮᠤᠩᠭᠤᠯ ᠲᠤᠮᠳᠠᠳᠤ ᠰᠤᠷᠭᠠᠭᠤᠯᠢ ᠶᠢᠨ ᠮᠤᠷᠢᠨ ᠬᠤᠭᠤᠷ ᠤᠨ ᠨᠠᠶᠢᠷᠠᠯ ᠬᠦᠭᠵᠢᠮ ︽ | ᠮᠠᠨᠳᠤᠬᠤ ᠨᠠᠷᠠᠨ︾ ᠲᠤᠰ ᠪᠦᠷᠢ ᠪᠠᠭ᠎ᠠ ᠰᠤᠷᠭᠠᠭᠤᠯᠢ᠂ ᠠᠩᠬ᠎ᠠ ᠲᠤᠮᠳᠠᠳᠤ ᠪᠤᠯᠤᠨ ᠲᠡᠬᠡᠳᠦ ᠲᠤᠮᠳᠠᠳᠤ ᠶᠢᠨ | ᠲᠤᠭᠤᠢᠢᠯᠠᠩ ᠳᠤ ᠲᠡᠷᠢᠭᠦᠨ ᠱᠠᠩᠨᠠᠯ ᠲᠤᠰᠤᠨ᠂ ᠰᠢᠽᠢ ᠱᠤᠤ ᠬᠦᠸᠧ ᠳ᠋ᠢ ᠪᠠᠭ᠎ᠠ ᠰᠤᠷᠭᠠᠭᠤᠯᠢ ᠶᠢᠨ ᠪᠦᠵᠢᠭ ︽ | ᠲᠠᠯ᠎ᠠ ᠶᠢᠨ ᠬᠡᠤᠬᠡᠨ︾ ᠪᠤᠯᠤᠨ ᠮᠢᠩ ᠳ᠋ᠧ ᠪᠠᠭ᠎ᠠ ᠰᠤᠷᠭᠠᠭᠤᠯᠢ ᠶᠢᠨ ︽ᠦᠵᠡᠰᠬᠦᠯᠡᠩᠳᠤ ᠲᠠᠯ᠎ᠠ ᠨᠤᠳᠤᠭ︾᠂ | ᠰᠢᠶᠠᠩ ᠶᠠᠩ ᠲᠤᠮᠳᠠᠳᠤ ᠰᠤᠷᠭᠠᠭᠤᠯᠢ ᠶᠢᠨ ︽ᠨᠠᠷᠠᠨ ᠬᠡᠩᠬᠡᠷᠬᠡ︾᠂ ᠨᠢᠩᠴᠧᠩ ᠮᠤᠩᠭᠤᠯ ᠲᠤᠮᠳᠠᠳᠤ | ᠰᠤᠷᠭᠠᠭᠤᠯᠢ ᠶᠢᠨ ︽ᠤᠷᠳᠤᠰ ᠨᠠᠶᠢᠷ︾ ᠲᠤᠰ ᠪᠦᠷᠢ ᠪᠠᠭ᠎ᠠ ᠰᠤᠷᠭᠠᠭᠤᠯᠢ᠂ ᠠᠩᠬ᠎ᠠ ᠲᠤᠮᠳᠠᠳᠤ ᠪᠤᠯᠤᠨ ᠲᠡᠬᠡᠳᠦ | ᠲᠤᠮᠳᠠᠳᠤ ᠶᠢᠨ ᠪᠦᠵᠢᠭ ᠤᠨ ᠤᠷᠤᠯᠳᠤᠭᠠᠨ ᠳᠤ ᠲᠡᠷᠢᠬᠦᠯᠡᠵᠦ᠂ ᠨᠢᠩᠴᠧᠩ ᠲᠦᠷᠪᠡᠳᠦᠬᠡᠷ ᠲᠤᠮᠳᠠᠳᠤ | ᠰᠤᠷᠭᠠᠭᠤᠯᠢ ᠶᠢᠨ ᠵᠢᠶᠠᠩ ᠢᠦᠢ᠂ ᠨᠢᠩᠴᠧᠩ ᠮᠤᠩᠭᠤᠯ ᠲᠤᠮᠳᠠᠳᠤ ᠰᠤᠷᠭᠠᠭᠤᠯᠢ ᠶᠢᠨ ᠲᠡᠭᠰᠢᠪᠠᠶᠠᠷ ᠲᠤᠰ ᠪᠦᠷᠢ | ᠠᠩᠬ᠎ᠠ ᠲᠤᠮᠳᠠᠳᠤ᠂ ᠲᠡᠭᠡᠳᠦ ᠲᠤᠮᠳᠠᠳᠤ ᠶᠢᠨ ᠲᠤᠭᠤᠢᠢᠯᠠᠩ ᠤᠨ ᠪᠦᠬᠡ ᠶᠢᠨ ᠪᠠᠷᠢᠯᠳᠤᠭᠠᠨ ᠳᠤ ᠲᠡᠷᠢᠬᠦᠨ ᠳᠤ | ᠲᠤᠳᠤᠷᠠᠵᠠᠢ᠃ | ᠲᠤᠰ ᠤᠳᠠᠭᠠᠨ ᠤ ᠦᠵᠡᠬᠦᠯᠦᠯᠬᠡ ᠨᠢ ᠨᠢᠩᠴᠧᠩ ᠰᠢᠶᠠᠨ ᠤ ᠦᠨᠳᠦᠰᠦᠳᠡᠨ ᠤ ᠲᠤᠮᠳᠠᠳᠤ ᠪᠠᠭ᠎ᠠ | ᠰᠤᠷᠭᠠᠭᠤᠯᠢ ᠶᠢᠨ ᠭᠤᠷᠪᠠᠨ ᠬᠡᠯᠡᠨ ᠤ ᠵᠢᠭᠠᠨ ᠰᠤᠷᠭᠠᠯᠳᠠ ᠪᠤᠯᠤᠨ ᠲᠠᠮᠢᠷ ᠤᠷᠠᠯᠢᠭ ᠤᠨ ᠵᠢᠭᠠᠨ ᠰᠤᠷᠭᠠᠯᠳᠠ ᠶᠢᠨ | ᠦᠵᠡᠬᠦᠯᠦᠯᠬᠡ ᠪᠤᠯᠬᠤ ᠪᠠᠷ ᠪᠠᠷᠠᠬᠤ ᠦᠬᠡᠢ ᠮᠦᠨᠴᠦ ᠨᠢᠩᠴᠧᠩ ᠰᠢᠶᠠᠨ ᠤ ᠦᠨᠳᠦᠰᠦᠳᠡᠨ ᠤ ᠲᠤᠮᠳᠠᠳᠤ ᠪᠠᠭ᠎ᠠ | ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ ᠲᠦᠪᠰᠢᠨ ᠪᠤᠯᠤᠨ ᠦᠷ᠎ᠠ ᠪᠦᠳᠦᠮᠵᠢ ᠶᠢᠨ ᠰᠢᠯᠭᠠᠯᠳᠠ ᠪᠤᠯᠬᠤ ᠶᠤᠮ | ᠃ | | |