2015 · ᠮᠠᠨ ᠤ ᠤᠷᠤᠨ ᠤ ᠶᠡᠭᠡ ᠲᠡᠬᠡᠳᠦ ᠰᠤᠷᠭᠠᠭᠤᠯᠢ ᠳᠤ ᠰᠢᠯᠭᠠᠭᠤᠯᠤᠬᠰᠠᠳ ᠤᠨ ᠰᠢᠯᠭᠠᠯᠳᠠ ᠶᠢᠨ ᠦᠷ᠎ᠠ ᠪᠦ᠋ᠳᠦᠮᠵᠢ ᠪᠠ ᠬᠠᠮᠤᠭ ᠲᠤᠤᠷ᠎ᠠ ᠬᠢᠵᠠᠭᠠᠷᠯᠠᠬᠤ ᠬᠤᠪᠢ ᠶᠢᠨ ᠪᠠᠷᠢᠮᠵᠢᠶ᠎ᠠ ᠶᠢ ᠨᠠᠶᠢᠳᠠᠯᠠᠪᠠ
ᠨᠡᠶᠢᠲᠡᠯᠡᠭᠰᠡᠨ ᠴᠠᠭ᠄
2015/6/23
         ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠬᠴᠢ ᠡᠯᠰᠡᠬᠦ ᠰᠢᠯᠭᠠᠯᠳᠠ ᠶᠢᠨ ᠲᠦᠪ ᠤᠨ  ᠰᠤᠷᠠᠭ ᠵᠠᠩᠬᠢ ᠶᠢᠨ ᠰᠦᠯᠵᠢᠶᠠᠨ ᠠᠴᠠ ᠤᠢᠢᠯᠠᠭᠠᠬᠰᠠᠨ ᠢᠶᠠᠷ᠂ ᠡᠨᠡ ᠵᠢᠯ ᠤᠨ ᠮᠠᠨ ᠤ ᠤᠷᠤᠨ ᠤ ᠶᠡᠭᠡ ᠲᠡᠬᠡᠳᠦ  ᠰᠤᠷᠭᠠᠭᠤᠯᠢ ᠳᠤ ᠰᠢᠯᠭᠠᠭᠤᠯᠤᠬᠰᠠᠳ ᠤᠨ ᠰᠢᠯᠭᠠᠯᠳᠠ ᠶᠢᠨ ᠦᠷ᠎ᠠ ᠪᠦᠳᠦᠮᠵᠢ ᠶᠢ 22 ᠤ ᠡᠳᠦᠷ ᠤᠨ 24 ᠴᠠᠭ ᠲᠤ  ᠨᠠᠶᠢᠳᠡᠯᠡᠭᠰᠡᠨ ᠪᠠᠶᠢᠨ᠎ᠠ᠃ ᠡᠬᠦᠨ ᠤ ᠲᠠᠭᠠᠤ ᠰᠤᠷᠤᠬᠴᠢ ᠡᠯᠰᠡᠬᠦ ᠬᠠᠮᠤᠭ ᠲᠤᠤᠷ᠎ᠠ ᠬᠢᠵᠠᠭᠠᠷᠯᠠᠬᠤ ᠬᠤᠪᠢ ᠶᠢᠨ  ᠪᠠᠷᠢᠮᠵᠢᠶ᠎ᠠ ᠶᠢ ᠴᠤ ᠨᠠᠶᠢᠳᠠᠯᠠᠵᠤ᠂ ᠡᠩ ᠤᠨ ᠶᠡᠭᠡ ᠲᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠳᠤ ᠡᠯᠰᠡᠬᠦ ᠬᠢᠳᠠᠳ  ᠬᠡᠯᠡᠨ ᠤ ᠨᠢᠬᠡᠳᠦᠬᠡᠷ ᠪᠦᠯᠦᠭ ᠬᠡᠯᠡᠨ ᠤ ᠲᠦᠷᠦᠯ  ᠤᠨ ᠬᠠᠮᠤᠭ ᠲᠤᠤᠷ᠎ᠠ ᠬᠢᠵᠠᠭᠠᠷᠯᠠᠬᠤ ᠪᠠᠷᠢᠮᠵᠢᠶ᠎ᠠ 487 ᠬᠤᠪᠢ᠂  ᠬᠢᠳᠠᠳ ᠬᠡᠯᠡᠨ ᠤ ᠬᠤᠶᠠᠳᠤᠭᠠᠷ ᠪᠦᠯᠦᠭ ᠬᠡᠯᠡᠨ ᠤ ᠲᠦᠷᠦᠯ  ᠤᠨ ᠬᠠᠮᠤᠭ ᠲᠤᠤᠷ᠎ᠠ ᠬᠢᠵᠠᠭᠠᠷᠯᠠᠬᠤ ᠪᠠᠷᠢᠮᠵᠢᠶ᠎ᠠ  385 ᠬᠤᠪᠢ᠂ ᠬᠢᠳᠠᠳ ᠬᠡᠯᠡᠨ ᠤ ᠨᠢᠬᠡᠳᠦᠬᠡᠷ ᠪᠦᠯᠦᠭ ᠲᠤᠭᠠᠨ ᠤ ᠲᠦᠷᠦᠯ  ᠤᠨ ᠬᠠᠮᠤᠭ ᠲᠤᠤᠷ᠎ᠠ ᠬᠢᠵᠠᠭᠠᠷᠯᠠᠬᠤ  ᠪᠠᠷᠢᠮᠵᠢᠶ᠎ᠠ 464 ᠬᠤᠪᠢ᠂ ᠬᠢᠳᠠᠳ ᠬᠡᠯᠡᠨ ᠤ ᠬᠤᠶᠠᠳᠤᠭᠠᠷ ᠪᠦᠯᠦᠭ ᠲᠤᠭᠠᠨ ᠤ ᠲᠦᠷᠦᠯ  ᠤᠨ ᠬᠠᠮᠤᠭ ᠲᠤᠤᠷ᠎ᠠ  ᠬᠢᠵᠠᠭᠠᠷᠯᠠᠬᠤ ᠪᠠᠷᠢᠮᠵᠢᠶ᠎ᠠ 336 ᠬᠤᠪᠢ᠂ ᠮᠤᠩᠭᠤᠯ ᠬᠡᠯᠡᠨ ᠤ ᠨᠢᠬᠡᠳᠦᠭᠡᠷ ᠪᠦᠯᠦᠭ ᠡᠯᠰᠡᠬᠦ ᠬᠡᠯᠡᠨ ᠤ ᠲᠦᠷᠦᠯ  ᠤᠨ  ᠬᠠᠮᠤᠭ ᠤᠨ ᠲᠤᠤᠷ᠎ᠠ ᠬᠢᠵᠠᠭᠠᠷᠯᠠᠬᠤ ᠪᠠᠷᠢᠮᠵᠢᠶ᠎ᠠ 337 ᠬᠤᠪᠢ᠂ ᠮᠤᠩᠭᠤᠯ ᠬᠡᠯᠡᠨ ᠤ ᠬᠤᠶᠠᠳᠤᠭᠠᠷ ᠪᠦᠯᠦᠭ ᠡᠯᠰᠡᠬᠦ  ᠬᠡᠯᠡᠨ ᠤ ᠲᠦᠷᠦᠯ  ᠤᠨ ᠬᠠᠮᠤᠭ ᠤᠨ ᠲᠤᠤᠷ᠎ᠠ ᠬᠢᠵᠠᠭᠠᠷᠯᠠᠬᠤ ᠪᠠᠷᠢᠮᠵᠢᠶ᠎ᠠ 240 ᠬᠤᠪᠢ᠂ ᠮᠤᠩᠭᠤᠯ ᠬᠡᠯᠡᠨ ᠤ  ᠨᠢᠬᠡᠳᠦᠭᠡᠷ ᠪᠦᠯᠦᠭ ᠡᠯᠰᠡᠬᠦ ᠲᠤᠭᠠᠨ ᠤ ᠲᠦᠷᠦᠯ  ᠤᠨ ᠬᠠᠮᠤᠭ ᠤᠨ ᠲᠤᠤᠷ᠎ᠠ ᠬᠢᠵᠠᠭᠠᠷᠯᠠᠬᠤ ᠪᠠᠷᠢᠮᠵᠢᠶ᠎ᠠ 293  ᠬᠤᠪᠢ᠂ ᠮᠤᠩᠭᠤᠯ ᠬᠡᠯᠡᠨ ᠤ ᠬᠤᠶᠠᠳᠤᠭᠠᠷ ᠪᠦᠯᠦᠭ ᠡᠯᠰᠡᠬᠦ ᠲᠤᠭᠠᠨ ᠤ ᠲᠦᠷᠦᠯ  ᠤᠨ ᠬᠠᠮᠤᠭ ᠤᠨ ᠲᠤᠤᠷ᠎ᠠ  ᠬᠢᠵᠠᠭᠠᠷᠯᠠᠬᠤ ᠪᠠᠷᠢᠮᠵᠢᠶ᠎ᠠ 201 ᠬᠤᠪᠢ ᠪᠤᠯᠬᠤ ᠶᠢ ᠨᠠᠶᠢᠳᠡᠯᠡᠭᠰᠡᠨ ᠪᠠᠶᠢᠨ᠎ᠠ᠃       ᠤᠢᠢᠯᠠᠭᠠᠬᠰᠠᠨ ᠢᠶᠠᠷ᠂ ᠮᠠᠨ  ᠤ ᠤᠷᠤᠨ ᠠᠴᠠ ᠡᠨᠡ ᠵᠢᠯ ᠶᠡᠭᠡ ᠲᠡᠭᠡᠳᠦ ᠰᠤᠷᠭᠠᠭᠤᠯᠢ ᠳᠤ ᠰᠢᠯᠭᠠᠬᠰᠠᠨ  189647 ᠰᠢᠯᠭᠠᠭᠤᠯᠤᠬᠰᠠᠳ 6 ᠰᠠᠷ᠎ᠠ ᠶᠢᠨ 24  ᠤ ᠡᠳᠦᠷ ᠤᠨ 8 ᠴᠠᠭ ᠠᠴᠠ 12 ᠴᠠᠭ ᠤᠨ ᠬᠤᠭᠤᠷᠤᠨᠳᠦ  ᠰᠦᠯᠵᠢᠶᠠᠨ ᠲᠡᠭᠡᠷ᠎ᠠ ᠡᠷᠡᠮᠡᠯᠵᠠᠯ ᠲᠠᠬᠯᠠᠬᠤ ᠪᠤᠯᠪᠠᠰᠤᠷᠠᠯ ᠬᠢᠬᠦ ᠪᠤᠯᠤᠨ᠎ᠠ᠃ ᠤᠷᠠᠯᠢᠭ᠂ ᠲᠠᠮᠢᠷ ᠤᠨ ᠲᠦᠷᠦᠯ ᠢᠶᠠᠷ  ᠰᠢᠯᠭᠠᠭᠤᠯᠤᠬᠰᠠᠳ ᠲᠤ 24 ᠤ ᠦᠳᠠ ᠶᠢᠨ ᠬᠤᠶᠢᠨᠡᠬᠢ 3 ᠴᠠᠭ ᠠᠴᠠ 5 ᠴᠠᠭ ᠤᠨ ᠬᠤᠭᠤᠷᠤᠨᠳᠦ  ᠡᠷᠡᠮᠵᠠᠯᠠᠯ ᠢᠶᠠᠨ ᠲᠠᠬᠯᠠᠬᠤ ᠪᠤᠯᠪᠠᠰᠤᠷᠠᠯ ᠬᠢᠬᠦ ᠪᠤᠯᠤᠨ᠎ᠠ᠃ ᠨᠢᠬᠡᠳᠦᠭᠡᠷ ᠪᠦᠯᠦᠭ  ᠵᠢᠩᠬᠢᠨᠢ  ᠠᠩᠬᠢ ᠳᠤ ᠡᠯᠰᠡᠬᠦ  ᠡᠷᠡᠮᠡᠯᠵᠠᠯ 7 ᠰᠠᠷ᠎ᠠ ᠶᠢᠨ 13 ᠤ ᠡᠳᠦᠷ ᠡᠬᠢᠯᠠᠨ ᠶᠠᠪᠤᠬᠳᠠᠵᠤ᠂ ᠬᠤᠶᠠᠳᠤᠭᠠᠷ ᠪᠦᠯᠦᠭ ᠵᠢᠩᠬᠢᠨᠢ ᠠᠩᠬᠢ ᠳᠤ ᠡᠯᠰᠡᠬᠦ  ᠡᠷᠡᠮᠠᠯᠵᠠᠯ 7 ᠰᠠᠷ᠎ᠠ ᠶᠢᠨ 19 ᠤ ᠡᠳᠦᠷ ᠠᠴᠠ ᠡᠬᠢᠯᠠᠵᠤ᠂ ᠲᠡᠭᠡᠳᠦ ᠲᠤᠰᠬᠠᠢ ᠮᠡᠷᠬᠡᠵᠢᠯ ᠳᠤ ᠡᠷᠡᠮᠡᠯᠵᠡᠬᠰᠡᠳ 7  ᠰᠠᠷ᠎ᠠ ᠶᠢᠨ 27 ᠤ ᠡᠳᠦᠷ ᠠᠴᠠ ᠡᠬᠢᠯᠡᠬᠦ ᠪᠤᠯᠤᠨ᠎ᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号