| ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠮᠣᠩᠭᠤᠯ ᠦᠭᠡ ᠬᠡᠯᠡ ᠦᠰᠦᠭ ᠪᠢᠴᠢᠭ ᠤᠨ | ᠠᠵᠢᠯ ᠤᠨ ᠳᠦᠷᠢᠮ | | ︵2004 ᠣᠨ ᠤ 11 ᠳ᠋ᠤᠭᠡᠷ ᠰᠠᠷ᠎ᠠ ᠶᠢᠨ 26 ᠤ ᠡᠳᠦᠷ ᠥᠪᠤᠷ ᠮᠤᠩᠭᠤᠯ ᠤᠨ ᠥᠪᠡᠷᠳᠡᠭᠡᠨ | ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯᠳᠤᠭᠠᠨ ᠢᠶᠠᠷ ᠪᠠᠲᠤᠯᠠᠪᠠ︶ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ | 19 ᠳ᠋ᠦ᠋ᠭᠡᠷ | ᠳᠤᠭᠠᠳᠤ | 2004 ᠣᠨ ᠤ 11 ᠳ᠋ᠤᠭᠡᠷ ᠰᠠᠷ᠎ᠠ ᠶᠢᠨ 26 ᠤ ᠡᠳᠦᠷ ᠥᠪᠤᠷ ᠮᠤᠩᠭᠤᠯ ᠤᠨ ᠥᠪᠡᠷᠳᠡᠭᠡᠨ | ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯᠳᠤᠭᠠᠨ ᠢᠶᠠᠷ ︽ᠥᠪᠤᠷ ᠮᠤᠩᠭᠤᠯ ᠤᠨ ᠥᠪᠡᠷᠳᠡᠭᠡᠨ | ᠵᠠᠰᠠᠬᠤ ᠤᠷᠤᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ᠢ ᠪᠠᠲᠤᠯᠠᠪᠠ᠂ ᠣᠳᠣ | ᠨᠡᠶᠢᠲᠡᠯᠡᠶ᠎ᠡ᠂ 2005 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠳᠤᠬᠡᠢ᠃ | 2004 ᠣᠨ ᠤ | 11 ᠰᠠᠷ᠎ᠠ ᠶᠢᠨ 26 ᠤ ᠡᠳᠦᠷ | ᠭᠠᠷᠴᠠᠭ | ᠨᠢᠭᠡᠳᠦᠭᠡᠷ ᠪᠦᠯᠦᠭ ᠶᠡᠷᠦᠩᠬᠡᠢ ᠳᠦᠷᠢᠮ | ᠬᠤᠶᠠᠳᠤᠭᠠᠷ ᠪᠦᠯᠦᠭ ᠰᠤᠷᠤᠯᠴᠠᠭ᠎ᠠ ᠪᠠ ᠰᠤᠷᠭᠠᠨ ᠬᠥᠮᠥᠵᠢᠯ | ᠭᠤᠷᠪᠠᠳᠤᠭᠠᠷ ᠪᠦᠯᠦᠭ ᠬᠡᠷᠡᠭᠯᠡᠯᠲᠡ ᠪᠠ ᠬᠠᠮᠢᠶᠠᠷᠤᠯᠲᠠ | ᠳᠥᠷᠪᠡᠳᠦᠭᠡᠷ ᠪᠦᠯᠦᠭ ᠰᠢᠨᠵᠢᠯᠡᠬᠦ ᠤᠬᠠᠭᠠᠨ ᠤ ᠰᠤᠳᠤᠯᠤᠯᠲᠠ ᠪᠠ ᠳᠦᠷᠢᠮᠵᠢᠯ᠂ ᠪᠠᠷᠢᠮᠵᠢᠶᠠᠵᠢᠯ | ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠮᠣᠩᠭᠤᠯ ᠦᠭᠡ ᠬᠡᠯᠡ ᠦᠰᠦᠭ ᠪᠢᠴᠢᠭ ᠤᠨ ᠳᠦᠷᠢᠮᠵᠢᠯ᠂ ᠪᠠᠷᠢᠮᠵᠢᠶᠠᠵᠢᠯ᠂ | ᠰᠤᠷᠤᠯᠴᠠᠯᠭ᠎ᠠ ᠬᠡᠷᠡᠭᠯᠡᠭᠡᠨ ᠤ ᠵᠢᠷᠣᠮᠵᠢᠯᠲᠡ ᠪᠣᠯᠣᠨ ᠮᠣᠩᠭᠤᠯ ᠦᠭᠡ ᠬᠡᠯᠡ ᠦᠰᠦᠭ ᠪᠢᠴᠢᠭ ᠤᠨ ᠴᠡᠴᠡᠭᠯᠡᠯ | ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠠᠮᠢᠳᠤᠷᠠᠯ ᠢ ᠭᠠᠷᠭᠠᠬᠤ ᠦᠢᠯᠡᠳᠦᠯ ᠢ ᠨᠢ ᠤᠯᠠᠮ ᠰᠠᠶᠢᠨ | ᠪᠠᠳᠠᠷᠠᠭᠤᠯᠬᠤ ᠶᠢᠨ ᠲᠥᠯᠥᠭᠡ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ | ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ ᠬᠠᠤᠯᠢ︾ ᠬᠢᠭᠡᠳ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ | ᠦᠨᠳᠦᠰᠦᠯᠡᠨᠥᠪᠡᠷᠲᠡᠭᠡᠨ ᠵᠠᠰᠠᠬᠤ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ ᠲᠤᠰ ᠳᠦᠷᠢᠮ ᠢ | ᠲᠣᠭᠲᠠᠭᠠᠪᠠ᠃ | ᠬᠤᠶᠠᠳᠤᠭᠠᠷ ᠵᠦᠢᠯ ᠮᠣᠩᠭᠤᠯ ᠦᠭᠡ ᠬᠡᠯᠡ ᠦᠰᠦᠭ ᠪᠢᠴᠢᠭ ᠪᠣᠯ ᠥᠪᠡᠷᠳᠡᠭᠡᠨ ᠵᠠᠰᠠᠬᠤ | ᠤᠷᠤᠨ ᠤ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠮᠥᠨ ᠪᠥᠭᠡᠳ ᠥᠪᠡᠷᠲᠡᠭᠡᠨ ᠵᠠᠰᠠᠬᠤ ᠡᠷᠬᠡ ᠪᠠᠨ | ᠬᠡᠷᠡᠭᠵᠢᠭᠦᠯᠬᠦ ᠴᠢᠬᠤᠯᠠ ᠪᠠᠭᠠᠵᠢ ᠮᠥᠨ᠃ | ᠥᠪᠡᠷᠳᠡᠭᠡᠨ ᠵᠠᠰᠠᠬᠤ ᠤᠷᠤᠨ ᠤ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ ᠡᠷᠬᠡ ᠲᠤᠰᠢᠶᠠᠯ ᠢᠶᠠᠨ | ᠭᠦᠢᠴᠡᠳᠬᠡᠬᠦ ᠦᠶᠡᠰ ᠮᠣᠩᠭᠤᠯ ᠬᠢᠲᠠᠳ ᠬᠤᠶᠠᠷ ᠲᠥᠷᠥᠯ ᠤᠨ ᠦᠭᠡ ᠬᠡᠯᠡ ᠦᠰᠦᠭ ᠪᠢᠴᠢᠭ ᠢ ᠵᠡᠷᠭᠡ ᠪᠠᠷ | ᠬᠡᠷᠡᠭᠯᠡᠬᠦ ᠳᠡᠭᠡᠨ ᠮᠣᠩᠭᠤᠯ ᠦᠭᠡ ᠬᠡᠯᠡ ᠦᠰᠦᠭ ᠪᠢᠴᠢᠭ ᠢᠶᠠᠷ ᠭᠤᠣᠯ ᠪᠣᠯᠭᠠᠵᠤ ᠪᠣᠯᠣᠨ᠎ᠠ᠃ | ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠬᠡᠯᠡᠨ ᠤ | ᠪᠠᠷᠢᠮᠵᠢᠶ᠎ᠠ ᠠᠪᠢᠶ᠎ᠠ ᠪᠣᠯᠣᠨ ᠮᠣᠩᠭᠤᠯ ᠦᠭᠡ ᠶᠢᠨ ᠲᠥᠷᠥᠯᠵᠢᠭᠦᠯᠦᠭᠰᠡᠨ ᠪᠢᠴᠢᠯᠭᠡ ᠶᠢ ᠲᠦᠭᠡᠭᠡᠨ ᠳᠡᠯᠭᠡᠷᠡᠭᠦᠯᠬᠦ | ᠬᠡᠷᠡᠭᠲᠡᠢ᠂ ᠥᠪᠡᠷᠳᠡᠭᠡᠨ ᠵᠠᠰᠠᠬᠤ ᠤᠷᠤᠨ ᠳᠤ ᠰᠢᠯᠤᠭᠤᠨ ᠬᠥᠬᠡ ᠬᠤᠰᠢᠭᠤ ᠪᠠᠷ ᠲᠥᠯᠥᠭᠡᠯᠡᠭᠦᠯᠦᠭᠰᠡᠨ ᠴᠠᠬᠠᠷ | ᠠᠮᠠᠨ ᠠᠶᠠᠯᠭᠤ ᠪᠠᠷ ᠮᠣᠩᠭᠤᠯ ᠬᠡᠯᠡᠨ ᠤ ᠪᠠᠷᠢᠮᠵᠢᠶ᠎ᠠ ᠠᠪᠢᠶ᠎ᠠ ᠪᠣᠯᠭᠠᠨ᠎ᠠ᠃ | ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ | ᠦᠨᠳᠦᠰᠦᠲᠡᠨ ᠤ ᠠᠷᠠᠳ ᠢᠷᠭᠡᠳ ᠤᠨ ᠮᠣᠩᠭᠤᠯ ᠦᠭᠡ ᠬᠡᠯᠡ ᠦᠰᠦᠭ ᠪᠢᠴᠢᠭ ᠢᠶᠠᠨ ᠰᠤᠷᠴᠤ ᠬᠡᠷᠡᠭᠯᠡᠬᠦ᠂ | ᠰᠤᠳᠤᠯᠵᠤ ᠬᠥᠭᠵᠢᠭᠦᠯᠬᠦ ᠡᠷᠬᠡ ᠴᠢᠯᠦᠭᠡ ᠶᠢ ᠪᠠᠲᠤᠯᠠᠬᠤ ᠬᠡᠷᠡᠭᠲᠡᠢ ᠪᠥᠭᠡᠳ ᠦᠨᠳᠦᠰᠦᠲᠡᠨ ᠨᠦᠭᠦᠳ ᠤᠨ ᠠᠷᠠᠳ | ᠢᠷᠭᠡᠳ ᠤᠨ ᠮᠣᠩᠭᠤᠯ ᠦᠭᠡ ᠬᠡᠯᠡ ᠦᠰᠦᠭ ᠪᠢᠴᠢᠭ ᠰᠤᠷᠬᠤ᠂ ᠬᠡᠷᠡᠭᠯᠡᠬᠦ᠂ ᠰᠤᠳᠤᠯᠬᠤ ᠶᠢ ᠵᠣᠷᠢᠭᠵᠢᠭᠤᠯᠤᠨ | ᠳᠡᠮᠵᠢᠬᠦ ᠬᠡᠷᠡᠭᠲᠡᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠮᠣᠩᠭᠤᠯ ᠬᠡᠯᠡ ᠪᠢᠴᠢᠭ ᠤᠨ ᠠᠵᠢᠯ ᠤᠨ ᠵᠠᠷᠤᠳᠠᠯ ᠢ ᠲᠤᠰ ᠱᠠᠲᠤᠨ ᠤ ᠪᠠᠨ ᠡᠳ᠋ ᠤᠨ ᠵᠠᠰᠠᠭ ᠤᠨ | ᠲᠥᠰᠥᠪ ᠲᠤ ᠣᠷᠣᠭᠤᠯᠬᠤ ᠬᠡᠷᠡᠭᠲᠡᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠪᠠᠶᠢᠭᠤᠯᠤᠮᠵᠢ ᠨᠢ ᠲᠤᠰ ᠵᠠᠰᠠᠭ | ᠵᠠᠬᠢᠷᠭᠠᠨ ᠤ ᠣᠷᠣᠨ ᠤ ᠬᠡᠪᠴᠢᠶᠡᠨ ᠳᠠᠬᠢ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠢ | ᠲᠥᠯᠥᠪᠵᠢᠭᠦᠯᠬᠦ᠂ ᠵᠢᠯᠣᠭᠤᠳᠬᠤ ᠪᠠ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠥᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠷ ᠢᠶᠠᠨ ᠮᠣᠩᠭᠤᠯ ᠦᠭᠡ ᠬᠡᠯᠡ | ᠦᠰᠦᠭ ᠪᠢᠴᠢᠭ ᠤᠨ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃ | ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠦᠭᠡ ᠬᠡᠯᠡ | ᠦᠰᠦᠭ ᠪᠢᠴᠢᠭ ᠰᠤᠷᠴᠤ ᠬᠡᠷᠡᠭᠯᠡᠭᠡᠳ ᠲᠣᠪᠣᠶᠢᠮ᠎ᠠ ᠪᠦᠲᠦᠮᠵᠢ ᠭᠠᠷᠭᠠᠭᠰᠠᠨ ᠨᠢᠭᠡᠴᠡ ᠪᠣᠯᠣᠨ ᠬᠤᠪᠢ ᠬᠥᠮᠥᠨ ᠢ | ᠱᠠᠩᠨᠠᠵᠤ ᠬᠥᠬᠢᠭᠦᠯᠦᠨ᠎ᠡ᠃ | ᠬᠤᠶᠠᠳᠤᠭᠠᠷ ᠪᠦᠯᠦᠭ ᠰᠤᠷᠤᠯᠴᠠᠯᠭ᠎ᠠ ᠪᠠ ᠰᠤᠷᠭᠠᠨ ᠬᠥᠮᠥᠵᠢᠯ | ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠢᠶᠠᠷ | ᠬᠢᠴᠢᠶᠡᠯᠯᠡᠬᠦ ᠪᠠᠷ ᠭᠤᠣᠯᠯᠠᠭᠤᠯᠤᠭᠰᠠᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠥᠵᠢᠯ ᠢ | ᠤᠷᠢᠳᠴᠢᠯᠠᠨ ᠬᠥᠭᠵᠢᠭᠦᠯᠵᠦ᠂ ᠭᠤᠣᠯᠳᠠᠯᠭ᠎ᠠ ᠲᠠᠢ ᠲᠡᠳᠬᠦᠵᠦ᠂ ᠮᠣᠩᠭᠤᠯ ᠬᠢᠲᠠᠳ ᠬᠤᠶᠠᠷ ᠲᠥᠷᠥᠯ ᠤᠨ | ᠦᠭᠡ ᠬᠡᠯᠡ ᠦᠰᠦᠭ ᠪᠢᠴᠢᠭ ᠢ ᠵᠡᠷᠭᠡ ᠪᠠᠷ ᠡᠵᠡᠮᠰᠢᠭᠰᠡᠨ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ | ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ᠃ | ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠮᠣᠩᠭᠤᠯ ᠢᠶᠠᠷ ᠬᠢᠴᠢᠶᠡᠯᠯᠡᠬᠦ ᠰᠤᠷᠭᠠᠨ ᠬᠥᠮᠥᠵᠢᠯ ᠤᠨ ᠪᠡᠯᠡ ᠣᠷᠤᠭᠤᠯᠤᠯᠲᠠ ᠪᠠᠨ ᠵᠢᠯ ᠳᠠᠷᠠᠭᠠᠯᠠᠨ ᠨᠡᠮᠡᠭᠳᠡᠭᠦᠯᠬᠦ | ᠬᠡᠷᠡᠭᠲᠡᠢ᠃ | ᠠᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠢᠶᠠᠷ | ᠬᠢᠴᠢᠶᠡᠯᠯᠡᠬᠦ ᠰᠤᠷᠭᠠᠭᠤᠯᠢ ᠨᠤᠭᠤᠳ ᠲᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠭᠡᠬᠦ ᠪᠠ ᠪᠡᠯᠡ | ᠮᠥᠩᠭᠦᠨ ᠤ ᠨᠥᠬᠦᠪᠦᠷᠢ ᠥᠭᠴᠦ᠂ ᠮᠣᠩᠭᠤᠯ ᠢᠶᠠᠷ ᠬᠢᠴᠢᠶᠡᠯᠯᠡᠬᠦ ᠰᠤᠷᠤᠭᠴᠢ ᠶᠢᠨ ᠰᠤᠷᠤᠯᠭ᠎ᠠ ᠶᠢᠨ ᠵᠠᠷᠤᠳᠠᠯ᠂ | ᠢᠬᠢᠷ ᠰᠢᠬᠢᠷ ᠵᠠᠷᠤᠳᠠᠯ᠂ ᠰᠤᠷᠬᠤ ᠪᠢᠴᠢᠭ ᠤᠨ ᠵᠠᠷᠤᠳᠠᠯ ᠢ ᠨᠢ ᠬᠥᠩᠭᠡᠯᠡᠬᠦ ᠪᠤᠶᠤ ᠬᠡᠯᠲᠦᠷᠢᠭᠦᠯᠬᠦ ᠬᠡᠷᠡᠭᠲᠡᠢ᠃ | ᠡᠭᠦᠨ ᠤ ᠬᠠᠮᠲᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠰᠤᠷᠤᠯᠭ᠎ᠠ ᠶᠢᠨ ᠰᠤᠷᠤᠯᠭ᠎ᠠ ᠪᠠᠨ ᠲᠡᠭᠦᠰᠬᠡᠬᠦ ᠶᠢ | ᠪᠠᠲᠤᠯᠠᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠬᠢᠲᠠᠳ ᠢᠶᠠᠷ ᠬᠢᠴᠢᠶᠡᠯᠯᠡᠬᠦ ᠮᠣᠩᠭᠤᠯ ᠦᠨᠳᠦᠰᠦᠲᠡᠨ ᠤ ᠳᠤᠮᠳᠠᠳᠤ᠂ | ᠪᠠᠭ᠎ᠠ ᠰᠤᠷᠭᠠᠭᠤᠯᠢ ᠨᠤᠭᠤᠳ ᠲᠤ ᠮᠣᠩᠭᠤᠯ ᠬᠡᠯᠡ ᠪᠢᠴᠢᠭ ᠤᠨ ᠬᠢᠴᠢᠶᠡᠯ ᠲᠣᠬᠢᠷᠠᠭᠤᠯᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠮᠣᠩᠭᠤᠯ ᠬᠥᠮᠥᠨ ᠠᠮᠠ ᠣᠯᠠᠨ ᠲᠠᠢ ᠠᠶᠢᠮᠠᠭ ᠬᠤᠲᠠ ᠮᠣᠩᠭᠤᠯ ᠢᠶᠠᠷ | ᠬᠢᠴᠢᠶᠡᠯᠯᠡᠬᠦ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠡᠷᠬᠢᠯᠡᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠡᠯ᠎ᠡ ᠲᠥᠷᠥᠯ ᠤᠨ ᠳᠡᠭᠡᠳᠦ ᠰᠤᠷᠭᠠᠭᠤᠯᠢ ᠨᠤᠭᠤᠳ | ᠮᠣᠩᠭᠤᠯ ᠢᠶᠠᠷ ᠬᠢᠴᠢᠶᠡᠯᠯᠡᠬᠦ ᠪᠠᠷ ᠭᠤᠣᠯᠯᠠᠭᠤᠯᠤᠭᠰᠠᠨ ᠲᠤᠰᠬᠠᠢ ᠮᠡᠷᠭᠡᠵᠢᠯ ᠢ ᠠᠯᠬᠤᠮ ᠠᠯᠬᠤᠮ ᠢᠶᠠᠷ | ᠴᠢᠩᠭᠠᠳᠬᠠᠬᠤ ᠪᠤᠶᠤ ᠲᠣᠬᠢᠷᠠᠭᠤᠯᠬᠤ ᠶᠢᠨ ᠬᠠᠮᠲᠤ ᠪᠡᠯᠡᠳᠬᠡᠯ ᠠᠩᠭᠢ ᠶᠢᠨ ᠡᠯᠰᠡᠯᠲᠡ ᠶᠢᠨ ᠬᠡᠪᠴᠢᠶ᠎ᠡ ᠪᠠᠨ | ᠥᠷᠭᠡᠳᠬᠡᠵᠦ᠂ ᠪᠡᠯᠡᠳᠬᠡᠯ ᠠᠩᠭᠢ ᠳᠤ ᠮᠣᠩᠭᠤᠯ ᠢᠶᠠᠷ ᠰᠤᠷᠤᠭᠰᠠᠨ ᠰᠤᠷᠤᠭᠴᠢ ᠶᠢ ᠡᠯᠰᠡᠬᠦ ᠬᠡᠷᠡᠭᠲᠡᠢ᠃ ᠡᠯ᠎ᠡ | ᠲᠥᠷᠥᠯ ᠤᠨ ᠳᠡᠭᠡᠳᠦ ᠰᠤᠷᠭᠠᠭᠤᠯᠢ ᠨᠤᠭᠤᠳ ᠮᠣᠩᠭᠤᠯ ᠢᠶᠠᠷ ᠬᠢᠴᠢᠶᠡᠯᠯᠡᠬᠦ ᠲᠤᠰᠬᠠᠢ ᠮᠡᠷᠭᠡᠵᠢᠯ ᠤᠨ ᠰᠤᠷᠤᠭᠴᠢ | ᠡᠯᠰᠯᠲᠡ ᠳᠤ ᠲᠤᠰᠠᠭᠠᠷ ᠲᠥᠯᠥᠪᠯᠡᠭᠡ ᠬᠡᠷᠡᠭᠵᠢᠭᠦᠯᠵᠦ᠂ ᠡᠯᠰᠡᠬᠦ ᠰᠤᠷᠤᠭᠴᠢ ᠶᠢᠨ ᠲᠤᠭ᠎ᠠ ᠪᠠᠨ ᠠᠯᠬᠤᠮ | ᠠᠯᠬᠤᠮ ᠢᠶᠠᠷ ᠨᠡᠮᠡᠭᠳᠡᠭᠦᠯᠬᠦ ᠬᠡᠷᠡᠭᠲᠡᠢ ᠃ | ᠠᠷᠪᠠᠨ ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ | ᠣᠨᠴᠠᠭᠠᠢ ᠲᠥᠷᠥ ᠶᠢᠨ ᠪᠣᠳᠣᠯᠭ᠎ᠠ ᠲᠣᠭᠲᠠᠭᠠᠵᠤ᠂ ᠮᠣᠩᠭᠤᠯ ᠢᠶᠠᠷ ᠬᠢᠴᠢᠶᠡᠯᠯᠡᠬᠦ ᠳᠡᠭᠡᠳᠦ᠂ ᠳᠤᠮᠳᠠ | ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠣᠯᠬᠤ ᠵᠠᠮ ᠢ ᠥᠷᠭᠡᠵᠢᠭᠦᠯᠬᠦ ᠬᠡᠷᠡᠭᠲᠡᠢ | ᠪᠥᠭᠡᠳ ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠨᠦᠭᠦᠳ ᠮᠣᠩᠭᠤᠯ ᠢᠶᠠᠷ ᠬᠢᠴᠢᠶᠡᠯᠯᠡᠬᠦ ᠳᠡᠭᠡᠳᠦ᠂ ᠳᠤᠮᠳᠠ ᠮᠡᠷᠭᠡᠵᠢᠯ ᠤᠨ ᠰᠤᠷᠭᠠᠭᠤᠯᠢ ᠲᠡᠭᠦᠰᠤᠬᠡᠭᠰᠡᠨ | ᠰᠤᠷᠤᠭᠴᠢ ᠶᠢ ᠡᠯᠰᠡᠨ ᠬᠡᠷᠡᠭᠯᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ | ᠮᠣᠩᠭᠤᠯᠴᠤᠳ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠮᠠᠯᠴᠢᠨ ᠲᠠᠷᠢᠶᠠᠴᠢᠨ ᠳᠤ ᠮᠣᠩᠭᠤᠯ ᠢᠶᠠᠷ | ᠬᠢᠴᠢᠶᠡᠯᠯᠡᠬᠦ ᠪᠠᠷ ᠭᠤᠣᠯᠯᠠᠭᠤᠯᠤᠭᠰᠠᠨ ᠬᠡᠷᠡᠭᠯᠡᠭᠡᠨ ᠤ ᠮᠡᠷᠭᠡᠵᠢᠯ ᠤᠨ ᠬᠥᠮᠥᠵᠢᠯ ᠪᠣᠯᠪᠠᠰᠤᠷᠠᠯ ᠬᠦᠷᠲᠡᠭᠡᠵᠦ᠂ | ᠬᠡᠷᠡᠭᠯᠡᠭᠡᠨ ᠤ ᠮᠡᠷᠭᠡᠵᠢᠯ ᠤᠨ ᠬᠥᠮᠥᠵᠢᠯ ᠪᠣᠯᠪᠠᠰᠤᠷᠠᠯ ᠤᠨ ᠢᠵᠢ ᠪᠦᠷᠢᠯᠳᠦᠭᠦᠯᠬᠦ ᠪᠠᠶᠢᠭᠤᠯᠤᠯᠲᠠ ᠪᠠᠨ | ᠴᠢᠩᠭᠠᠳᠬᠠᠬᠤ ᠬᠡᠷᠡᠭᠲᠡᠢ᠃ | ᠭᠤᠷᠪᠠᠳᠤᠭᠠᠷ ᠪᠦᠯᠦᠭ ᠬᠡᠷᠡᠭᠯᠡᠯᠲᠡ ᠪᠠ ᠬᠠᠮᠢᠶᠠᠷᠤᠯᠲᠠ | ᠠᠷᠪᠠᠨ ᠵᠢᠷᠭᠤᠳᠤᠭᠠᠷ ᠵᠦᠢᠯ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠷᠠᠳ ᠤᠨ | ᠪᠦᠯᠬᠦᠮ ᠤᠨ ᠠᠯᠪᠠᠨ ᠪᠢᠴᠢᠭ ᠲᠤ ᠮᠣᠩᠭᠤᠯ ᠬᠢᠲᠠᠳ ᠬᠤᠶᠠᠷ ᠲᠥᠷᠥᠯ ᠤᠨ ᠦᠰᠦᠭ ᠪᠢᠴᠢᠭ ᠢ ᠬᠡᠷᠡᠭᠯᠡᠬᠦ | ᠬᠡᠷᠡᠭᠲᠡᠢ᠃ ᠥᠪᠡᠷᠳᠡᠭᠡᠨ ᠵᠠᠰᠠᠬᠤ ᠤᠷᠤᠨ ᠳᠤ ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠬᠦᠮ ᠤᠳ ᠡᠮᠦᠨᠡᠬᠢ | ᠪᠠᠳᠠᠭ ᠤᠨ ᠲᠣᠭᠲᠠᠭᠠᠯ ᠢ ᠵᠢᠷᠤᠮᠯᠠᠵᠤ ᠬᠡᠷᠡᠭᠵᠢᠭᠦᠯᠦᠨ᠎ᠡ᠃ | ᠠᠷᠪᠠᠨ ᠳᠣᠯᠣᠳᠤᠭᠠᠷ ᠵᠦᠢᠯ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠷᠠᠳ ᠤᠨ | ᠪᠦᠯᠬᠦᠮ ᠪᠣᠯᠣᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠮᠣᠩᠭᠤᠯ ᠬᠢᠲᠠᠳ ᠬᠤᠶᠠᠷ ᠲᠥᠷᠥᠯ ᠤᠨ | ᠦᠭᠡ ᠬᠡᠯᠡ ᠦᠰᠦᠭ ᠪᠢᠴᠢᠭ ᠢᠶᠠᠷ ᠠᠵᠢᠯᠯᠠᠳᠠᠭ ᠮᠥᠷᠲᠡᠭᠡᠨ ᠥᠪᠡᠷᠳᠡᠭᠡᠨ ᠵᠠᠰᠠᠬᠤ ᠤᠷᠤᠨ ᠤ ᠲᠣᠭᠲᠠᠭᠠᠭᠰᠠᠨ | ᠪᠠᠷᠢᠮᠵᠢᠶᠠᠨ ᠳᠤ ᠬᠦᠷᠦᠭᠰᠡᠨ ᠠᠵᠢᠯᠲᠠᠳ ᠲᠤ ᠮᠣᠩᠭᠤᠯ ᠦᠭᠡ ᠬᠡᠯᠡ ᠦᠰᠦᠭ ᠪᠢᠴᠢᠭ ᠤᠨ ᠨᠡᠮᠡᠯᠭᠡ ᠮᠦᠩᠭᠦ | ᠣᠯᠭᠤᠨ᠎ᠠ᠃ ᠪᠣᠳᠠᠲᠠᠢ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠲᠣᠭᠲᠠᠭᠠᠨ᠎ᠠ᠃ | ᠠᠷᠪᠠᠨ ᠨᠠᠢᠮᠠᠳᠤᠭᠠᠷ ᠵᠦᠢᠯ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠷᠠᠳ ᠤᠨ | ᠪᠦᠯᠬᠦᠮ ᠪᠣᠯᠣᠨ ᠠᠵᠢᠯ ᠦᠢᠯᠡᠰ ᠤᠨ ᠨᠢᠭᠡᠴᠢ ᠨᠦᠭᠦᠳ ᠮᠣᠩᠭᠤᠯ ᠬᠡᠯᠡ ᠪᠢᠴᠢᠭ ᠤᠨ ᠣᠷᠴᠢᠭᠤᠯᠭ᠎ᠠ ᠶᠢᠨ | ᠪᠠᠶᠢᠭᠤᠯᠤᠮᠵᠢ ᠪᠣᠯᠣᠨ ᠣᠷᠴᠢᠭᠤᠯᠤᠭᠴᠢ ᠶᠢᠨ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ | ᠣᠷᠴᠢᠭᠤᠯᠤᠭᠴᠢ ᠲᠣᠬᠢᠷᠠᠭᠤᠯᠬᠤ ᠬᠡᠷᠡᠭᠲᠡᠢ᠃ | ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠬᠦᠮ ᠪᠣᠯᠣᠨ ᠠᠵᠢᠯ ᠦᠢᠯᠡᠰ ᠤᠨ | ᠨᠢᠭᠡᠴᠡ ᠶᠢᠨ ᠮᠣᠩᠭᠤᠯ ᠬᠡᠯᠡ ᠪᠢᠴᠢᠭ ᠤᠨ ᠣᠷᠴᠢᠭᠤᠯᠭ᠎ᠠ ᠶᠢᠨ ᠠᠵᠢᠯᠲᠠᠨ ᠮᠣᠩᠭᠤᠯ ᠬᠡᠯᠡ ᠪᠢᠴᠢᠭ ᠤᠨ | ᠣᠷᠴᠢᠭᠤᠯᠭ᠎ᠠ ᠶᠢᠨ ᠠᠵᠢᠯ ᠤᠨ ᠪᠠᠶᠢᠷᠢ ᠶᠢᠨ ᠨᠡᠮᠡᠯᠭᠡ ᠮᠥᠩᠭᠦ ᠬᠦᠷᠲᠡᠨ᠎ᠡ᠃ | ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠬᠦᠮ ᠳᠤ ᠮᠣᠩᠭᠤᠯ ᠬᠡᠯᠡ | ᠪᠢᠴᠢᠭ ᠤᠨ ᠣᠷᠴᠢᠭᠤᠯᠭ᠎ᠠ ᠶᠢᠨ ᠠᠵᠢᠯ ᠬᠢᠵᠦ ᠪᠠᠶᠢᠭ᠎ᠠ ᠬᠥᠮᠥᠰ ᠲᠤᠰᠬᠠᠢ ᠮᠡᠷᠭᠡᠵᠢᠯ ᠤᠨ ᠲᠤᠰᠢᠶᠠᠯ ᠤᠨ ᠴᠣᠯᠠ | ᠣᠯᠪᠠᠯ ᠡᠮᠨᠡᠯᠭᠡ ᠶᠢᠨ ᠳᠠᠭᠠᠳᠬᠠᠯ᠂ ᠣᠷᠣᠨ ᠰᠠᠭᠤᠴᠠ ᠪᠣᠯᠣᠨ ᠵᠠᠮ ᠤᠨ ᠵᠠᠷᠤᠳᠠᠯ ᠵᠡᠷᠭᠡ ᠲᠠᠯ᠎ᠠ ᠪᠠᠷ ᠠᠳᠠᠯᠢ | ᠲᠡᠰ ᠤᠨ ᠲᠤᠰᠬᠠᠢ ᠮᠡᠷᠭᠡᠵᠢᠯ ᠤᠨ ᠲᠤᠰᠢᠶᠠᠯ ᠤᠨ ᠴᠣᠯᠠ ᠪᠦᠬᠦᠢ ᠠᠵᠢᠯᠲᠠᠨ ᠤ ᠣᠯᠭᠤᠮᠵᠢ ᠬᠦᠷᠲᠡᠨ᠎ᠡ᠃ | ᠠᠷᠪᠠ ᠶᠢᠰᠦᠳᠦᠭᠡᠷ ᠵᠦᠢᠯ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠷᠠᠳ ᠤᠨ | ᠪᠦᠯᠬᠦᠮ ᠪᠣᠯᠣᠨ ᠠᠵᠢᠯ ᠦᠢᠯᠡᠰ ᠤᠨ ᠨᠢᠭᠡᠴᠢ ᠨᠦᠭᠦᠳ ᠲᠣᠮᠣ ᠴᠢᠬᠤᠯᠠ ᠴᠤᠭᠯᠠᠭᠠᠨ ᠳᠠᠭᠠᠨ ᠮᠣᠩᠭᠤᠯ ᠬᠢᠲᠠᠳ | ᠬᠤᠶᠠᠷ ᠲᠥᠷᠥᠯ ᠤᠨ ᠦᠭᠡ ᠬᠡᠯᠡ ᠦᠰᠦᠭ ᠪᠢᠴᠢᠭ ᠢ ᠬᠡᠷᠡᠭᠯᠡᠬᠦ ᠬᠡᠷᠡᠭᠲᠡᠢ︔ ᠡᠩ ᠤᠨ ᠬᠤᠷᠠᠯ ᠴᠤᠭᠯᠠᠭᠠᠨ ᠳᠤ | ᠣᠷᠣᠯᠴᠠᠭᠴᠢᠳ ᠤᠨ ᠪᠠᠶᠢᠳᠠᠯ ᠳᠤ ᠦᠨᠳᠦᠰᠦᠯᠡᠵᠦ ᠮᠣᠩᠭᠤᠯ ᠬᠢᠲᠠᠳ ᠬᠤᠶᠠᠷ ᠲᠥᠷᠥᠯ ᠤᠨ ᠦᠭᠡ ᠬᠡᠯᠡ | ᠦᠰᠦᠭ ᠪᠢᠴᠢᠭ ᠢ ᠬᠡᠷᠡᠭᠯᠡᠬᠦ ᠬᠡᠷᠡᠭᠲᠡᠢ᠃ | ᠬᠤᠷᠢᠳᠤᠭᠠᠷ ᠵᠦᠢᠯ ᠡᠯ᠎ᠡ ᠱᠠᠲᠤᠨ ᠤ ᠬᠠᠤᠯᠢ ᠴᠠᠭᠠᠵᠠ ᠶᠢᠨ ᠪᠠᠶᠢᠭᠤᠯᠭ᠎ᠠ ᠨᠤᠭᠤᠳ ᠬᠠᠤᠯᠢ | ᠴᠠᠭᠠᠵᠠ ᠶᠢᠨ ᠠᠵᠢᠯᠯᠠᠭᠠᠨ ᠳᠠᠭᠠᠨ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠮᠣᠩᠭᠤᠯ ᠦᠭᠡ ᠬᠡᠯᠡ | ᠦᠰᠦᠭ ᠪᠢᠴᠢᠭ ᠢᠶᠠᠷ ᠵᠠᠷᠭᠤᠯᠳᠤᠬᠤ ᠡᠷᠬᠡ ᠴᠢᠯᠦᠭᠡ ᠶᠢ ᠪᠠᠲᠤᠯᠠᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠡᠯ᠎ᠡ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ | ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠭᠴᠢ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ ᠮᠣᠩᠭᠤᠯ | ᠬᠢᠲᠠᠳ ᠬᠤᠶᠠᠷ ᠲᠥᠷᠥᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠡᠷᠡᠭᠲᠡᠢ᠃ | ᠬᠤᠷᠢᠨ ᠬᠤᠶᠠᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠣᠷᠣᠨ ᠤ | ᠬᠡᠪᠴᠢᠶᠡᠨ ᠳᠠᠬᠢ ᠨᠡᠶᠢᠭᠡᠮ ᠤᠨ ᠥᠩᠭᠡᠨ ᠬᠡᠷᠡᠭᠯᠡᠭᠡᠨ ᠤ ᠦᠰᠦᠭ ᠪᠢᠴᠢᠭ ᠲᠤ ᠮᠣᠩᠭᠤᠯ ᠬᠢᠲᠠᠳ ᠬᠤᠶᠠᠷ | ᠲᠥᠷᠥᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠡᠷᠡᠭᠲᠡᠢ᠃ ᠨᠡᠶᠢᠭᠡᠮ ᠤᠨ ᠥᠩᠭᠡᠨ ᠬᠡᠷᠡᠭᠯᠡᠭᠡᠨ ᠤ | ᠦᠰᠦᠭ ᠪᠢᠴᠢᠭ ᠤᠨ ᠪᠣᠳᠠᠲᠠᠢ ᠬᠠᠮᠢᠶᠠᠷᠤᠯᠲᠠ ᠶᠢᠨ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠲᠣᠭᠲᠠᠭᠠᠨ᠎ᠠ᠃ | ᠬᠤᠷᠢᠨ ᠭᠤᠷᠪᠠᠳᠤᠭᠠᠷ ᠵᠦᠢᠯ ᠨᠡᠶᠢᠲᠡ ᠶᠢᠨ ᠦᠢᠯᠡᠴᠢᠯᠡᠭᠡᠨ ᠤ ᠠᠵᠢᠯ ᠲᠥᠷᠥᠯ ᠤᠨ ᠬᠢᠨ | ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠭᠴᠢ ᠠᠷᠠᠳ ᠢᠷᠭᠡᠳ ᠲᠤ ᠦᠢᠯᠡᠴᠢᠯᠡᠬᠦ ᠳᠡᠭᠡᠨ ᠮᠣᠩᠭᠤᠯ | ᠦᠭᠡ ᠬᠡᠯᠡ ᠦᠰᠦᠭ ᠪᠢᠴᠢᠭ ᠬᠡᠷᠡᠭᠯᠡᠬᠦ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠷᠠᠳ ᠤᠨ | ᠪᠦᠯᠬᠦᠮ ᠪᠣᠯᠣᠨ ᠠᠵᠢᠯ ᠦᠢᠯᠡᠰ ᠤᠨ ᠨᠢᠭᠡᠴᠡ ᠨᠦᠭᠦᠳ ᠮᠣᠩᠭᠤᠯ ᠬᠢᠲᠠᠳ ᠬᠤᠶᠠᠷ ᠲᠥᠷᠥᠯ ᠤᠨ ᠦᠭᠡ ᠬᠡᠯᠡ | ᠦᠰᠦᠭ ᠪᠢᠴᠢᠭ ᠢ ᠵᠡᠷᠭᠡ ᠪᠠᠷ ᠡᠵᠡᠮᠰᠢᠭᠰᠡᠨ ᠠᠵᠢᠯᠲᠠᠨ ᠢ ᠵᠣᠬᠢᠰᠲᠠᠢ ᠲᠣᠬᠢᠷᠠᠭᠤᠯᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠬᠦᠮ | ᠪᠣᠯᠣᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠲᠥᠷᠥ ᠶᠢᠨ ᠠᠯᠪᠠᠲᠠᠨ ᠡᠯᠰᠡᠬᠦ᠂ ᠰᠢᠯᠢᠵᠦ | ᠳᠡᠪᠰᠢᠭᠦᠯᠬᠦ ᠪᠣᠯᠣᠨ ᠠᠵᠢᠯᠲᠠᠨ ᠤᠷᠢᠵᠤ ᠬᠡᠷᠡᠭᠯᠡᠬᠦ᠂ ᠲᠤᠰᠬᠠᠢ ᠮᠡᠷᠭᠡᠵᠢᠯ ᠤᠨ ᠲᠤᠰᠢᠶᠠᠯ ᠤᠨ ᠴᠣᠯᠠ ᠳᠡᠪᠰᠢᠬᠦ | ᠵᠡᠷᠭᠡ ᠡᠯ᠎ᠡ ᠵᠦᠢᠯ ᠤᠨ ᠰᠢᠯᠭᠠᠯᠲᠠ ᠳᠤ ᠮᠣᠩᠭᠤᠯ ᠢᠶᠠᠷ ᠰᠢᠯᠭᠠᠯᠲᠠ ᠶᠢᠨ ᠰᠡᠳᠦᠪ ᠬᠠᠩᠭᠠᠬᠤ ᠬᠡᠷᠡᠭᠲᠡᠢ ᠪᠥᠭᠡᠳ | ᠰᠢᠯᠭᠠᠭᠤᠯᠤᠭᠴᠢ ᠮᠣᠩᠭᠤᠯ ᠦᠭᠡ ᠬᠡᠯᠡ ᠦᠰᠦᠭ ᠪᠢᠴᠢᠭ ᠢᠶᠠᠷ ᠠᠮᠠᠨ ᠰᠢᠯᠭᠠᠯᠲᠠ ᠪᠣᠯᠣᠨ ᠪᠢᠷ ᠤᠨ ᠰᠢᠯᠭᠠᠯᠲᠠ | ᠥᠭᠴᠦ ᠪᠣᠯᠣᠨ᠎ᠠ᠃ ᠠᠳᠠᠯᠢ ᠨᠥᠬᠦᠴᠡᠯ ᠳᠤ ᠮᠣᠩᠭᠤᠯ ᠬᠢᠲᠠᠳ ᠬᠤᠶᠠᠷ ᠲᠥᠷᠥᠯ ᠤᠨ ᠦᠭᠡ ᠬᠡᠯᠡ ᠦᠰᠦᠭ | ᠪᠢᠴᠢᠭ ᠢ ᠵᠡᠷᠭᠡ ᠪᠠᠷ ᠡᠵᠡᠮᠰᠢᠭᠰᠡᠳ ᠢ ᠬᠠᠷᠠᠭᠠᠯᠵᠠᠨ ᠡᠯᠰᠡᠨ᠎ᠡ᠃ | ᠬᠤᠷᠢᠨ ᠵᠢᠷᠭᠤᠳᠤᠭᠠᠷ ᠵᠦᠢᠯ ᠷᠠᠳᠢᠣ᠋᠂ ᠲᠧᠯᠸᠢᠰ᠂ ᠺᠢᠨᠣ᠋ ᠶᠢᠨ ᠪᠠᠶᠢᠭᠤᠯᠤᠮᠵᠢ ᠨᠤᠭᠤᠳ ᠮᠣᠩᠭᠤᠯ | ᠬᠡᠯᠡ ᠪᠠᠷ ᠠᠵᠢᠯᠯᠠᠬᠤ ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ ᠤ | ᠱᠠᠭᠠᠷᠳᠠᠯᠭ᠎ᠠ ᠶᠢ ᠬᠠᠩᠭᠠᠭᠰᠠᠨ ᠡᠯᠪᠡᠭ ᠪᠠᠶᠠᠯᠢᠭ ᠠᠭᠤᠯᠭ᠎ᠠ ᠪᠦᠬᠦᠢ ᠮᠣᠩᠭᠤᠯ ᠬᠡᠯᠡᠨ ᠤ ᠫᠷᠦᠭᠷᠡᠮ ᠪᠣᠯᠣᠨ ᠺᠢᠨᠣ᠋ | ᠲᠧᠯᠸᠢᠰ ᠪᠦᠲᠦᠭᠡᠯ ᠨᠠᠶᠢᠷᠠᠭᠤᠯᠤᠨ ᠦᠢᠯᠡᠳᠬᠦ ᠬᠡᠷᠡᠭᠲᠡᠢ ᠪᠥᠭᠡᠳ ᠨᠡᠪᠲᠡᠷᠡᠭᠦᠯᠬᠦ ᠴᠠᠭ ᠪᠣᠯᠣᠨ ᠤᠳᠠᠭ᠎ᠠ ᠶᠢ | ᠨᠡᠮᠡᠭᠳᠡᠭᠦᠯᠬᠦ ᠬᠡᠷᠡᠭᠲᠡᠢ᠃ | ᠡᠯ᠎ᠡ ᠱᠠᠲᠤᠨ ᠤ ᠤᠷᠠᠯᠢᠭ ᠤᠨ ᠪᠦᠯᠬᠦᠮ ᠮᠣᠩᠭᠤᠯ ᠬᠡᠯᠡᠨ ᠤ ᠤᠷᠠᠨ ᠰᠠᠶᠢᠬᠠᠨ ᠤ ᠫᠷᠦᠭᠷᠡᠮ ᠢ | ᠨᠡᠮᠡᠭᠳᠡᠭᠦᠯᠬᠦ ᠬᠡᠷᠡᠭᠲᠡᠢ᠃ | ᠬᠤᠷᠢᠨ ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ | ᠵᠢᠭᠠᠬᠤ ᠮᠠᠲ᠋ᠧᠷᠢᠶᠠᠯ᠂ ᠬᠢᠴᠢᠶᠡᠯ ᠤᠨ ᠭᠠᠳᠠᠨᠠᠬᠢ ᠤᠩᠰᠢᠬᠤ ᠪᠢᠴᠢᠭ᠂ ᠲᠠᠭᠤ ᠳᠦᠷᠰᠦ ᠰᠢᠩᠭᠡᠭᠡᠯᠲᠡ ᠶᠢᠨ | ᠦᠢᠯᠡᠳᠬᠦᠨ᠂ ᠮᠣᠩᠭᠤᠯ ᠰᠣᠨᠢᠨ ᠰᠡᠳᠬᠦᠯ ᠬᠡᠪᠯᠡᠭᠦᠯᠦᠨ ᠲᠠᠷᠬᠠᠭᠠᠬᠤ ᠠᠵᠢᠯ ᠪᠣᠯᠣᠨ ᠮᠣᠩᠭᠤᠯ ᠨᠧᠲ | ᠥᠷᠲᠡᠭᠡᠨ ᠤ ᠪᠠᠶᠢᠭᠤᠯᠤᠯᠲᠠ ᠶᠢ ᠲᠡᠳᠬᠦᠨ ᠳᠡᠮᠵᠢᠬᠦ ᠬᠡᠷᠡᠭᠲᠡᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠣᠯᠠᠨ ᠵᠦᠢᠯ ᠤᠨ ᠲᠠᠷᠬᠠᠭᠠᠯᠲᠠ ᠶᠢᠨ ᠵᠠᠮ | ᠨᠡᠭᠡᠭᠡᠵᠦ᠂ ᠬᠤᠳᠠᠯᠳᠤᠭᠠᠨ ᠤ ᠪᠣᠯᠣᠨ ᠬᠠᠩᠭᠠᠨ ᠪᠣᠷᠣᠯᠠᠭᠤᠯᠬᠤ ᠵᠡᠷᠭᠡ ᠪᠠᠶᠢᠭᠤᠯᠤᠮᠵᠢ ᠮᠣᠩᠭᠤᠯ ᠨᠣᠮ ᠪᠢᠴᠢᠭ | ᠣᠷᠣᠯᠠᠨ ᠪᠣᠷᠣᠯᠠᠭᠤᠯᠬᠤ ᠶᠢ ᠬᠥᠬᠢᠭᠦᠯᠦᠨ ᠵᠣᠷᠢᠭᠵᠢᠭᠤᠯᠵᠤ᠂ ᠬᠠᠮᠲᠤ ᠨᠡᠶᠢᠲᠡ ᠪᠣᠯᠣᠨ ᠬᠤᠪᠢ ᠬᠥᠮᠥᠨ | ᠮᠣᠩᠭᠤᠯ ᠨᠣᠮ ᠤᠨ ᠳᠡᠯᠭᠡᠭᠦᠷ ᠡᠷᠬᠢᠯᠡᠬᠦ ᠶᠢ ᠰᠠᠨᠠᠭᠠᠴᠢᠯᠠᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ | ᠬᠠᠷᠠᠭᠠᠯᠵᠠᠯ ᠦᠵᠡᠭᠦᠯᠬᠦ ᠬᠡᠷᠡᠭᠲᠡᠢ ᠃ | ᠡᠯ᠎ᠡ ᠱᠠᠲᠤᠨ ᠤ ᠰᠢᠨᠬᠤᠸᠠ ᠨᠣᠮ ᠤᠨ ᠳᠡᠯᠭᠡᠭᠦᠷ ᠮᠣᠩᠭᠤᠯ ᠨᠣᠮ ᠪᠢᠴᠢᠭ ᠲᠠᠷᠬᠠᠭᠠᠬᠤ ᠠᠵᠢᠯ ᠢ | ᠰᠠᠶᠢᠲᠤᠷ ᠬᠢᠬᠦ ᠬᠡᠷᠡᠭᠲᠡᠢ ᠪᠥᠭᠡᠳ ᠮᠣᠩᠭᠤᠯ ᠨᠣᠮ ᠬᠤᠳᠠᠯᠳᠤᠬᠤ ᠲᠤᠰᠬᠠᠢ ᠯᠠᠩᠭᠦᠢ ᠭᠠᠷᠭᠠᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ | ᠷᠠᠳᠢᠣ᠋᠂ ᠲᠧᠯᠸᠢᠰ᠂ ᠺᠢᠨᠣ᠋᠂ ᠰᠣᠨᠢᠨ ᠰᠡᠳᠬᠦᠯ᠂ ᠨᠣᠮ ᠪᠢᠴᠢᠭ ᠤᠨ ᠬᠡᠪᠯᠡᠯ᠂ ᠨᠧᠲ ᠥᠷᠲᠡᠭᠡᠨ ᠤ ᠪᠡᠯᠡ | ᠣᠷᠤᠭᠤᠯᠤᠯᠲᠠ ᠪᠣᠯᠣᠨ ᠨᠥᠬᠦᠪᠦᠷᠢ ᠮᠥᠩᠭᠦ ᠪᠠᠨ ᠵᠢᠯ ᠳᠠᠷᠠᠭᠠᠯᠠᠨ ᠨᠡᠮᠡᠭᠳᠡᠭᠦᠯᠬᠦ ᠬᠡᠷᠡᠭᠲᠡᠢ᠃ | ᠬᠤᠷᠢ ᠶᠢᠰᠦᠳᠦᠭᠡᠷ ᠵᠦᠢᠯ ᠮᠣᠩᠭᠤᠯᠴᠤᠳ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ | ᠦᠨᠳᠦᠰᠦᠨ ᠱᠠᠲᠤᠨ ᠤ ᠰᠣᠶᠣᠯ ᠤᠨ ᠥᠷᠳᠡᠭᠡ ᠪᠣᠯᠣᠨ ᠨᠣᠮ ᠤᠨ ᠥᠷᠥᠭᠡ ᠮᠣᠩᠭᠤᠯ ᠨᠣᠮ ᠪᠢᠴᠢᠭ᠂ ᠰᠣᠨᠢᠨ | ᠰᠡᠳᠬᠦᠯ ᠬᠠᠩᠭᠠᠵᠤ᠂ ᠮᠣᠩᠭᠤᠯ ᠺᠢᠨᠣ᠋ ᠲᠧᠯᠸᠢᠰ ᠤᠨ ᠪᠦᠲᠦᠭᠡᠯ ᠲᠠᠯᠪᠢᠵᠤ ᠰᠣᠨᠢᠷᠬᠠᠭᠤᠯᠬᠤ ᠬᠡᠷᠡᠭᠲᠡᠢ᠃ | ᠳᠥᠷᠪᠡᠳᠦᠭᠡᠷ ᠪᠦᠯᠦᠭ ᠰᠢᠨᠵᠢᠯᠡᠬᠦ ᠤᠬᠠᠭᠠᠨ ᠤ ᠰᠤᠳᠤᠯᠤᠯᠲᠠ ᠪᠠ ᠳᠦᠷᠢᠮᠵᠢᠯ᠂ | ᠪᠠᠷᠢᠮᠵᠢᠶᠠᠵᠢᠯ | ᠭᠤᠴᠢᠳᠤᠭᠠᠷ ᠵᠦᠢᠯ ᠮᠣᠩᠭᠤᠯ ᠦᠭᠡ ᠬᠡᠯᠡ ᠦᠰᠦᠭ ᠪᠢᠴᠢᠭ ᠤᠨ ᠰᠢᠨᠵᠢᠯᠡᠬᠦ ᠤᠬᠠᠭᠠᠨ ᠤ | ᠰᠤᠳᠤᠯᠤᠯ ᠳᠤ ᠦᠨᠳᠦᠰᠦᠨ ᠣᠨᠣᠯ ᠤᠨ ᠰᠤᠳᠤᠯᠤᠯ ᠪᠣᠯᠣᠨ ᠬᠡᠷᠡᠭᠯᠡᠭᠡᠨ ᠤ ᠣᠨᠣᠯ ᠤᠨ ᠰᠤᠳᠤᠯᠤᠯ ᠢ ᠵᠡᠷᠭᠡ ᠪᠠᠷ | ᠴᠢᠬᠤᠯᠠᠴᠢᠯᠠᠬᠤ ᠵᠠᠷᠴᠢᠮ ᠢ ᠪᠠᠷᠢᠮᠲᠠᠯᠠᠵᠤ᠂ ᠮᠣᠩᠭᠤᠯ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ | ᠬᠡᠷᠡᠭᠯᠡᠭᠡ ᠪᠣᠯᠣᠨ ᠬᠥᠭᠵᠢᠯᠲᠡ ᠶᠢ ᠠᠬᠢᠭᠤᠯᠬᠤ ᠬᠡᠷᠡᠭᠲᠡᠢ᠃ | ᠭᠤᠴᠢᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠬᠡᠯᠡ | ᠪᠢᠴᠢᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ | ᠭᠤᠣᠯᠳᠠᠯᠭ᠎ᠠ ᠲᠠᠢ ᠰᠤᠳᠤᠯᠭᠠᠨ ᠤ ᠲᠥᠷᠥᠯ ᠵᠦᠢᠯ ᠢ ᠨᠢᠭᠡᠳᠦᠯᠲᠡᠢ ᠲᠣᠬᠢᠷᠠᠭᠤᠯᠵᠤ᠂ ᠨᠢᠭᠡᠳᠦᠯᠲᠡᠢ ᠬᠠᠮᠢᠶᠠᠷᠬᠤ | ᠬᠡᠷᠡᠭᠲᠡᠢ ᠪᠥᠭᠡᠳ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ | ᠲᠥᠯᠥᠪᠵᠢᠭᠦᠯᠭᠡ ᠳᠤ ᠣᠷᠣᠭᠤᠯᠵᠤ᠂ ᠲᠤᠰᠬᠠᠢ ᠵᠠᠷᠤᠳᠠᠯ ᠥᠭᠴᠦ ᠳᠡᠮᠵᠢᠬᠦ ᠬᠡᠷᠡᠭᠲᠡᠢ᠃ | ᠮᠣᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡᠨ ᠤ ᠪᠠᠶᠢᠭᠤᠯᠤᠮᠵᠢ ᠪᠣᠯᠣᠨ | ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠨᠤᠭᠤᠳ ᠮᠣᠩᠭᠤᠯ ᠦᠭᠡ ᠬᠡᠯᠡ ᠦᠰᠦᠭ ᠪᠢᠴᠢᠭ ᠤᠨ ᠡᠷᠳᠡᠮ | ᠰᠢᠨᠵᠢᠯᠡᠭᠡᠨ ᠤ ᠠᠵᠢᠯᠲᠠᠨ ᠢ ᠲᠥᠯᠥᠪᠯᠡᠭᠡ ᠲᠠᠢ ᠬᠥᠮᠥᠵᠢᠭᠦᠯᠵᠦ᠂ ᠮᠣᠩᠭᠤᠯ ᠬᠡᠯᠡ ᠪᠢᠴᠢᠭ ᠤᠨ ᠡᠷᠳᠡᠮ | ᠰᠢᠨᠵᠢᠯᠡᠭᠡᠨ ᠤ ᠠᠵᠢᠯᠲᠠᠨ ᠤ ᠡᠩᠨᠡᠭᠡ ᠶᠢ ᠲᠠᠰᠤᠷᠠᠯᠲᠠ ᠦᠭᠡᠢ ᠥᠷᠭᠡᠵᠢᠭᠦᠯᠬᠦ ᠬᠡᠷᠡᠭᠲᠡᠢ᠃ | ᠭᠤᠴᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠪᠠᠶᠢᠭᠤᠯᠤᠮᠵᠢ ᠮᠣᠩᠭᠤᠯ ᠬᠡᠯᠡ | ᠪᠢᠴᠢᠭ ᠤᠨ ᠳᠦᠷᠢᠮᠵᠢᠯ᠂ ᠪᠠᠷᠢᠮᠵᠢᠶᠠᠵᠢᠯ ᠪᠣᠯᠣᠨ ᠮᠡᠳᠡᠭᠡ ᠵᠠᠩᠬᠢᠵᠢᠯᠳᠠ ᠶᠢᠨ ᠠᠵᠢᠯ ᠢ ᠴᠢᠩᠭᠠᠳᠬᠠᠬᠤ ᠬᠡᠷᠡᠭᠲᠡᠢ | ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠦᠭᠡ ᠬᠡᠯᠡ | ᠦᠰᠦᠭ ᠪᠢᠴᠢᠭ ᠤᠨ ᠠᠵᠢᠯ ᠤᠨ ᠪᠠᠶᠢᠭᠤᠯᠤᠮᠵᠢ ᠮᠣᠩᠭᠤᠯ ᠬᠡᠯᠡᠨ ᠤ ᠬᠢᠷᠢ ᠬᠡᠮ ᠤᠨ ᠰᠢᠯᠭᠠᠯᠲᠠ ᠶᠢ ᠵᠣᠬᠢᠶᠠᠨ | ᠪᠠᠶᠢᠭᠤᠯᠵᠤ᠂ ᠮᠣᠩᠭᠤᠯ ᠬᠡᠯᠡ ᠪᠠᠷ ᠠᠵᠢᠯᠯᠠᠳᠠᠭ ᠠᠵᠢᠯᠲᠠᠳ ᠲᠤ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ | ᠪᠣᠯᠪᠠᠰᠤᠷᠠᠯ ᠪᠣᠯᠣᠨ ᠰᠢᠯᠭᠠᠯᠲᠠ ᠬᠢᠬᠦ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ | ᠦᠭᠡ ᠬᠡᠯᠡ ᠦᠰᠦᠭ ᠪᠢᠴᠢᠭ ᠤᠨ ᠰᠣᠶᠣᠯ ᠤᠨ ᠥᠪ ᠢ ᠬᠠᠮᠠᠭᠠᠯᠠᠬᠤ ᠠᠵᠢᠯ ᠢ ᠴᠢᠩᠭᠠᠳᠬᠠᠬᠤ᠂ ᠮᠣᠩᠭᠤᠯ | ᠡᠷᠲᠡᠨ ᠤ ᠨᠣᠮ ᠪᠢᠴᠢᠭ ᠢ ᠠᠪᠤᠷᠠᠬᠤ᠂ ᠴᠤᠭᠯᠠᠭᠤᠯᠬᠤ᠂ ᠡᠮᠬᠢᠯᠡᠬᠦ᠂ ᠬᠡᠪᠯᠡᠭᠦᠯᠬᠦ ᠠᠵᠢᠯ ᠢ ᠰᠠᠶᠢᠲᠤᠷ ᠬᠢᠬᠦ | ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ | ᠦᠭᠡ ᠬᠡᠯᠡ ᠦᠰᠦᠭ ᠪᠢᠴᠢᠭ ᠤᠨ ᠭᠠᠵᠠᠷ ᠣᠷᠣᠨ ᠰᠤᠨᠳᠠᠯᠠᠭᠰᠠᠨ ᠬᠠᠮᠵᠢᠯᠴᠠᠭ᠎ᠠ ᠪᠣᠯᠣᠨ ᠤᠯᠤᠰ | ᠬᠤᠭᠤᠷᠣᠨᠳᠤ ᠶᠢᠨ ᠰᠣᠯᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃ | ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠲᠠᠪᠤᠳᠤᠭᠠᠷ ᠵᠦᠢᠯ ᠲᠤᠰ ᠳᠦᠷᠢᠮ ᠤᠨ ᠠᠷᠪᠠᠨ ᠵᠢᠷᠭᠤᠳᠤᠭᠠᠷ ᠵᠦᠢᠯ ᠤᠨ | ᠲᠣᠭᠲᠠᠭᠠᠯ ᠢ ᠵᠥᠷᠢᠴᠡᠪᠡᠯ ᠪᠦᠬᠦᠢ ᠰᠠᠯᠠᠭ᠎ᠠ ᠮᠥᠴᠢᠷ ᠠᠴᠠ ᠰᠢᠭᠤᠳ ᠬᠠᠷᠢᠭᠤᠴᠠᠯᠭ᠎ᠠ ᠪᠦᠬᠦᠢ ᠭᠤᠣᠯ | ᠬᠠᠮᠢᠶᠠᠷᠤᠭᠴᠢ ᠪᠣᠯᠣᠨ ᠰᠢᠭᠤᠳ ᠬᠠᠷᠢᠭᠤᠴᠠᠯᠭ᠎ᠠ ᠪᠦᠬᠦᠢ ᠪᠤᠰᠤᠳ ᠬᠥᠮᠥᠰ ᠲᠤ ᠬᠠᠤᠯᠢ ᠶᠣᠰᠣ ᠪᠠᠷ ᠵᠠᠰᠠᠭ | ᠵᠠᠬᠢᠷᠭᠠᠨ ᠤ ᠰᠢᠳᠬᠡᠯ ᠣᠯᠭᠤᠨ᠎ᠠ᠃ | ᠭᠤᠴᠢᠨ ᠵᠢᠷᠭᠤᠳᠤᠭᠠᠷ ᠵᠦᠢᠯ ᠲᠤᠰ ᠳᠦᠷᠢᠮ ᠤᠨ ᠬᠤᠷᠢᠨ ᠬᠤᠶᠠᠳᠤᠭᠠᠷ ᠵᠦᠢᠯ ᠤᠨ | ᠨᠢᠭᠡᠳᠦᠭᠡᠷ ᠪᠠᠳᠠᠭ ᠤᠨ ᠲᠣᠭᠲᠠᠭᠠᠯ ᠢ ᠵᠥᠷᠢᠴᠡᠪᠡᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠵᠠᠰᠠᠭ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ | ᠬᠢᠵᠠᠭᠠᠷᠯᠠᠭᠰᠠᠨ ᠬᠤᠭᠤᠴᠠᠭᠠᠨ ᠳᠤ ᠥᠯᠥ ᠵᠠᠯᠠᠷᠠᠭᠤᠯᠤᠭᠴᠢᠳ ᠢ 300 ᠲᠥᠭᠦᠷᠢᠭ ᠠᠴᠠ ᠳᠡᠭᠡᠭᠰᠢ 2000 | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠭᠤᠴᠢᠨ ᠳᠣᠯᠣᠳᠤᠭᠠᠷ ᠵᠦᠢᠯ ᠲᠤᠰ ᠳᠦᠷᠢᠮ ᠤᠨ ᠪᠤᠰᠤᠳ ᠵᠦᠢᠯ ᠪᠠᠳᠠᠭ ᠤᠨ | ᠲᠣᠭᠲᠠᠭᠠᠯ ᠤᠳ ᠢ ᠵᠥᠷᠢᠴᠡᠪᠡᠯ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠵᠠᠷᠯᠢᠭᠳᠠᠨ | ᠵᠠᠯᠠᠷᠠᠭᠤᠯᠤᠨ᠎ᠠ︔ ᠵᠠᠯᠠᠷᠠᠭᠤᠯᠬᠤ ᠶᠢ ᠲᠡᠪᠴᠢᠭᠰᠡᠳ ᠢ ᠡᠷᠬᠡᠪᠰᠢ ᠰᠢᠢᠳᠪᠦᠷᠢᠯᠡᠬᠦ ᠬᠡᠷᠡᠭᠲᠡᠢ᠃ | ᠭᠤᠴᠢᠨ ᠨᠠᠢᠮᠠᠳᠤᠭᠠᠷ ᠵᠦᠢᠯ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠡᠷᠬᠡ ᠲᠤᠰᠢᠶᠠᠯ ᠢᠶᠠᠨ | ᠭᠦᠢᠴᠡᠳᠬᠡᠬᠦ ᠦᠶᠡᠰ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠬᠦ ᠬᠡᠷᠡᠭᠲᠡᠢ ᠪᠠᠶᠢᠲᠠᠯ᠎ᠠ ᠬᠡᠷᠡᠭᠯᠡᠭᠰᠡᠨ | ᠦᠭᠡᠢ ᠪᠤᠶᠤ ᠠᠷᠠᠳ ᠢᠷᠭᠡᠳ ᠤᠨ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠬᠦ ᠶᠢ ᠬᠠᠷᠰᠢᠯᠠᠵᠤ᠂ | ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠠᠰᠠᠭ | ᠵᠠᠬᠢᠷᠭᠠᠨ ᠤ ᠰᠢᠳᠬᠡᠯ ᠣᠯᠭᠤᠨ᠎ᠠ᠃ | ᠭᠤᠴᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠪᠠᠶᠢᠭᠤᠯᠤᠮᠵᠢ ᠶᠢᠨ ᠠᠵᠢᠯᠲᠠᠨ | ᠬᠢᠨᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣ ᠪᠠᠷ ᠭᠦᠢᠴᠡᠳᠬᠡᠬᠦ ᠦᠭᠡᠢ ᠪᠤᠶᠤ ᠬᠠᠤᠯᠢ | ᠪᠤᠰᠤ ᠠᠵᠢᠯᠯᠠᠭ᠎ᠠ ᠶᠢ ᠪᠠᠶᠢᠴᠠᠭᠠᠵᠤ ᠰᠢᠢᠳᠪᠦᠷᠢᠯᠡᠬᠦ ᠦᠭᠡᠢ ᠪᠣᠯ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠰᠢᠭᠤᠳ ᠬᠠᠷᠢᠭᠤᠴᠠᠯᠭ᠎ᠠ ᠪᠦᠬᠦᠢ ᠭᠤᠣᠯ ᠬᠠᠮᠢᠶᠠᠷᠤᠭᠴᠢ ᠪᠣᠯᠣᠨ ᠰᠢᠭᠤᠳ ᠬᠠᠷᠢᠭᠤᠴᠠᠯᠭ᠎ᠠ ᠪᠦᠬᠦᠢ ᠪᠤᠰᠤᠳ | ᠬᠥᠮᠥᠰ ᠲᠤ ᠬᠠᠤᠯᠢ ᠶᠣᠰᠣ ᠪᠠᠷ ᠵᠠᠰᠠᠭ ᠵᠠᠬᠢᠷᠭᠠᠨ ᠤ ᠰᠢᠳᠬᠡᠯ ᠣᠯᠭᠤᠨ᠎ᠠ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠳᠥᠴᠢᠳᠦᠭᠡᠷ ᠵᠦᠢᠯ ᠲᠤᠰ ᠳᠦᠷᠢᠮ ᠢ 2005 ᠣᠨ ᠤ 5 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ |