ᠰᠤᠷᠭᠠᠨ ᠬᠥᠮᠥᠵᠢᠯ ᠤᠨ ᠲᠤᠪᠴᠢᠶ᠎ᠠ
ᠨᠡᠶᠢᠲᠡᠯᠡᠭᠰᠡᠨ ᠴᠠᠭ᠄
2015/7/29
 ᠰᠤᠷᠭᠠᠨ ᠬᠥᠮᠥᠵᠢᠯ ᠤᠨ ᠲᠤᠪᠴᠢᠶ᠎ᠠ  ᠭᠤᠤᠯ ᠡᠭᠦᠷᠭᠡ ᠴᠢᠳᠠᠪᠤᠷᠢ ︵ᠨᠢᠭᠡ︶ ᠨᠠᠮ ᠪᠠ ᠤᠯᠤᠰ ᠤᠨ ᠰᠤᠷᠭᠠᠨ ᠬᠦᠮᠦᠵᠢᠯ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠪᠤᠯᠤᠨ ᠬᠠᠤᠯᠢ ᠴᠠᠭᠠᠵᠠ ᠬᠠᠤᠯᠢ ᠲᠤᠭᠲᠠᠭᠠᠯ ᠢ ᠲᠤᠤᠱᠯᠠᠭᠤᠯᠤᠨ  ᠭᠡᠷᠩᠵᠢᠭᠦᠯᠦᠨ᠎ᠡ᠃  ᠪᠦᠬᠦ ᠰᠢᠶᠠᠨ ᠤ ᠰᠤᠷᠭᠠᠨ ᠬᠦᠮᠦᠵᠢᠯ ᠤᠨ ᠦᠭᠡᠷᠡᠴᠢᠯᠡᠯᠲᠡ ᠬᠦᠭᠵᠢᠯᠲᠠ ᠶᠢᠨ ᠪᠠᠶᠢᠯᠳᠤᠬᠤ ᠪᠤᠳᠤᠯᠭ᠎ᠠ ᠪᠤᠯᠤᠨ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠠ ᠶᠢ ᠰᠤᠳᠤᠯᠤᠨ ᠲᠤᠭᠤᠷᠪᠢᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ᠂ ᠬᠢᠨᠠᠯᠲᠠ ᠲᠠᠯᠪᠢᠵᠤ ᠬᠡᠷᠡᠭᠵᠢᠭᠦᠯᠦᠨ᠎ᠡ  ᠃ ︵ᠬᠤᠶᠠᠷ︶ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢ ᠨᠢᠭᠡᠳᠤᠯᠲᠠᠢ ᠲᠦᠯᠦᠪᠵᠢᠭᠦᠯᠬᠦ ᠪᠠ  ᠵᠤᠬᠢᠴᠠᠭᠤᠯᠤᠨ ᠬᠠᠮᠢᠶᠠᠷᠬᠤ ᠶᠢ ᠬᠠᠷᠢᠭᠤᠴᠠᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠰᠤᠷᠭᠠᠨ  ᠬᠦᠮᠦᠵᠢᠯ ᠤᠨ  ᠦᠭᠡᠷᠡᠴᠢᠯᠡᠯᠲᠡ ᠶᠢ ᠵᠢᠯᠤᠭᠤᠳᠤᠨ᠎ᠠ᠃ ︵ᠭᠤᠷᠪᠠ︶ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠠᠢ ᠬᠦᠭᠵᠢᠬᠦ ᠶᠢ ᠲᠦᠯᠬᠢᠨ ᠠᠬᠢᠭᠤᠯᠬᠤ ᠪᠠ ᠰᠤᠷᠭᠠᠨ ᠬᠦᠮᠦᠵᠢᠯ ᠢ ᠭᠤᠤᠯᠴᠢ ᠪᠠᠶᠢᠯᠭᠠᠬᠤ ᠶᠢ ᠠᠬᠢᠭᠤᠯᠬᠤ ᠶᠢ ᠬᠠᠷᠢᠭᠤᠴᠠᠨ᠎ᠠ᠃ ᠦᠨᠳᠦᠷ ᠬᠢᠷᠢ ᠬᠡᠮᠵᠢᠶ᠎ᠡ ᠪᠠ ᠶᠠᠰᠤ ᠴᠢᠨᠠᠷ ᠰᠠᠶᠢᠲᠠᠢ ᠪᠠᠷ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ  ᠲᠦᠭᠡᠮᠡᠯᠵᠢᠭᠦᠯᠬᠦ ᠠᠵᠢᠯ ᠢ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠡᠩ ᠤᠨ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠰᠤᠷᠭᠠᠨ ᠬᠦᠮᠦᠵᠢᠯ᠂ ᠬᠡᠤᠭᠡᠳ ᠤᠨ ᠰᠤᠷᠭᠠᠨ ᠬᠦᠮᠦᠵᠢᠯ᠂ ᠠᠷᠠᠳ ᠠᠴᠠ ᠡᠷᠬᠢᠯᠡᠭᠰᠡᠨ ᠰᠠᠭᠤᠷᠢ ᠰᠤᠷᠭᠠᠨ ᠬᠦᠮᠦᠵᠢᠯ ᠪᠤᠯᠤᠨ ᠤᠨᠴᠠᠭᠠᠢ ᠰᠤᠷᠭᠠᠨ ᠬᠦᠮᠦᠵᠢᠯ ᠤᠨ ᠠᠵᠢᠯ ᠢ ᠵᠢᠯᠤᠭᠤᠳᠤᠨ᠎ᠠ᠃ ︵ᠲᠥᠷᠪᠡ︶ ᠠᠵᠢᠯ ᠤᠯᠭᠤᠬᠤ ᠪᠠᠷ ᠤᠳᠤᠷᠢᠳᠤᠮᠵᠢ ᠪᠤᠯᠭᠠᠭᠰᠠᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠦᠭᠵᠢᠯᠲᠡ ᠬᠢᠭᠡᠳ ᠦᠭᠡᠷᠡᠴᠢᠯᠡᠯᠲᠡ ᠶᠢ ᠵᠢᠯᠤᠭᠤᠳᠤᠨ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠵᠢᠭᠠᠨ ᠰᠤᠷᠭᠠᠬᠤ ᠵᠢᠯᠤᠭᠤᠳᠤᠯᠭ᠎ᠠ ᠶᠢᠨ ᠪᠢᠴᠢᠭ ᠮᠠᠲ᠋ᠧᠷᠢᠶᠠᠯ ᠪᠠ ᠵᠢᠭᠠᠨ ᠰᠤᠷᠭᠠᠯᠲᠠ ᠶᠢ ᠦᠨᠡᠯᠡᠨ ᠵᠢᠱᠢᠬᠦ ᠪᠠᠷᠢᠮᠵᠢᠶ᠎ᠠ ᠶᠢ ᠬᠡᠷᠡᠭᠵᠢᠭᠦᠯᠦᠨ᠎ᠡ᠃  ᠠᠵᠢᠯ ᠮᠡᠷᠭᠡᠵᠢᠯ ᠤᠨ ᠰᠤᠷᠭᠠᠨ ᠬᠦᠮᠦᠵᠢᠯ᠂  ᠠᠵᠢᠯᠲᠠᠨ ᠠᠵᠢᠯᠴᠢᠨ ᠤ ᠰᠤᠷᠭᠠᠨ ᠬᠦᠮᠦᠵᠢᠯ᠂ ᠲᠠᠷᠢᠶᠠᠴᠢᠨ ᠮᠠᠯᠴᠢᠳ ᠤᠨ ᠰᠤᠷᠭᠠᠨ ᠬᠦᠮᠦᠵᠢᠯ᠂ ᠨᠡᠶᠢᠭᠡᠮ  ᠲᠤᠭᠤᠷᠢᠭ ᠤᠨ ᠰᠤᠷᠭᠠᠨ ᠬᠦᠮᠦᠵᠢᠯ ᠬᠢᠭᠡᠳ ᠡᠯ᠎ᠡ ᠲᠦᠷᠦᠯ ᠤᠨ ᠨᠠᠰᠤᠨ ᠳᠤ ᠬᠦᠷᠦᠭᠰᠡᠳ ᠤᠨ ᠰᠤᠷᠭᠠᠨ  ᠬᠦᠮᠦᠵᠢᠯ ᠢ ᠵᠢᠯᠤᠭᠤᠳᠤᠨ᠎ᠠ᠃ ︵ᠲᠠᠪᠤ︶  ᠪᠦᠭᠦ ᠰᠢᠶᠠᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯ ᠢ ᠨᠢᠭᠡᠳᠤᠯᠲᠠᠢ ᠵᠤᠬᠢᠴᠠᠭᠤᠯᠤᠨ ᠵᠢᠯᠤᠭᠤᠳᠴᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠦᠨᠳᠦᠰᠦᠲᠡᠨ ᠤ ᠰᠤᠷᠭᠠᠨ ᠬᠦᠮᠦᠵᠢᠯ ᠤᠨ ᠵᠢᠭᠠᠨ ᠰᠤᠷᠭᠠᠬᠤ ᠠᠵᠢᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠦᠯᠦᠪᠵᠢᠬᠦᠯᠬᠦ ᠶᠢᠨ ᠬᠠᠮᠲᠤ ᠵᠢᠯᠤᠭᠤᠳᠤᠨ᠎ᠠ᠃ ᠰᠤᠷᠭᠠᠨ ᠬᠦᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠪᠤᠯᠤᠨ ᠴᠦᠭᠡᠨ ᠲᠤᠭᠠᠲᠤ ᠦᠨᠳᠤᠰᠤᠲᠡᠨ ᠤ ᠦᠭᠡ ᠬᠡᠯᠡ ᠦᠰᠦᠭ ᠪᠢᠴᠢᠭ ᠢ ᠵᠢᠷᠤᠮᠵᠢᠭᠤᠯᠬᠤ ᠠᠵᠢᠯ ᠢ ᠵᠢᠯᠤᠭᠤᠳᠤᠨ᠎ᠠ᠃ ︵ ᠵᠢᠷᠭᠤᠭ᠎ᠠ︶ ᠰᠤᠷᠭᠠᠨ ᠬᠥᠮᠥᠵᠢᠯ ᠤᠨ ᠬᠢᠨᠠᠨ ᠵᠢᠯᠤᠭᠤᠳᠬᠤ ᠠᠵᠢᠯ ᠢ ᠵᠢᠯᠤᠭᠤᠳᠤᠨ᠂ ᠥᠨᠳᠤᠰᠤᠨ ᠰᠤᠷᠭᠠᠨ ᠬᠥᠮᠥᠵᠢᠯ ᠤᠨ ᠬᠥᠭᠵᠢᠯᠲᠠ ᠶᠢᠨ ᠲᠥᠪᠰᠢᠨ ᠪᠤᠯᠤᠨ ᠴᠢᠨᠠᠷ ᠤᠨ ᠬᠢᠨᠠᠨ ᠬᠡᠮᠵᠢᠭᠦ ᠠᠵᠢᠯ ᠢ ᠵᠤᠬᠢᠶᠠᠨ ᠪᠠᠶᠢᠭᠤᠯᠬᠤ ᠶᠢᠨ ᠬᠠᠮᠲᠤ ᠬᠡᠷᠩᠵᠢᠭᠦᠯᠥᠨ᠎ᠡ᠃︵ ᠲᠤᠯᠤᠭ᠎ᠠ︶  ᠰᠤᠷᠭᠠᠨ ᠬᠦᠮᠦᠵᠢᠯ ᠤᠨ ᠵᠠᠷᠤᠳᠠᠯ ᠢ ᠨᠢᠭᠡᠳᠤᠯᠲᠠᠢ ᠲᠦᠯᠦᠪᠯᠡᠨ ᠬᠠᠮᠢᠶᠠᠷᠬᠤ  ᠵᠢᠴᠢ ᠰᠤᠷᠭᠠᠨ ᠭᠥᠮᠥᠵᠢᠯ ᠤᠨ ᠮᠠᠷᠭᠡᠵᠢᠯ ᠤᠨ ᠲᠥᠭᠦᠭᠡᠷᠤᠮᠵᠢ ᠪᠤᠯᠤᠨ ᠰᠤᠷᠠᠭ ᠵᠠᠩᠬᠢᠴᠢᠯᠡᠯᠲᠠ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠰᠤᠷᠭᠠᠨ ᠬᠦᠮᠦᠵᠢᠯ ᠤᠨ ᠵᠠᠷᠤᠳᠠᠯ ᠢ ᠬᠡᠷᠡᠭᠯᠡᠵᠤ ᠪᠠᠶᠢᠭ᠎ᠠ ᠪᠠᠶᠢᠳᠠᠯ ᠢ ᠬᠢᠨᠠᠨ ᠬᠡᠮᠵᠢᠨ᠎ᠡ᠃ ᠰᠤᠷᠭᠠᠨ ᠬᠦᠮᠦᠵᠢᠯ ᠤᠨ ᠵᠠᠷᠤᠳᠠᠯ ᠪᠠᠵᠠᠭᠠᠬᠤ᠂ ᠰᠤᠷᠭᠠᠨ ᠬᠦᠮᠦᠵᠢᠯ ᠤᠨ ᠵᠤᠭᠤᠰ ᠰᠠᠯᠭᠠᠨ ᠦᠭᠬᠦ᠂ ᠰᠤᠷᠭᠠᠨ ᠬᠦᠮᠦᠵᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ ᠶᠢᠨ ᠲᠦᠷᠦ ᠶᠢᠨ ᠪᠤᠳᠤᠯᠭ᠎ᠠ ᠳᠤ ᠲᠤᠭᠲᠠᠭᠠᠬᠤ ᠳᠤ ᠤᠷᠤᠯᠴᠠᠨ᠎ᠠ᠃ ᠪᠦᠬᠦ ᠰᠢᠶᠠᠨ ᠤ ᠰᠤᠷᠭᠠᠨ ᠬᠦᠮᠦᠵᠢᠯ ᠤᠨ ᠵᠠᠷᠤᠳᠠᠯ ᠤᠨ  ᠤᠷᠤᠭᠤᠯᠤᠯᠲᠠ ᠶᠢᠨ ᠪᠠᠶᠢᠳᠠᠯ ᠢ ᠬᠠᠷᠢᠭᠤᠴᠠᠨ᠎ᠠ᠃︵ ᠨᠠᠢᠮᠠ︶ ᠰᠤᠷᠭᠠᠨ ᠬᠥᠮᠥᠵᠢᠯ ᠤᠨ ᠰᠢᠰᠲ᠋ᠧᠮ ᠤᠨ ᠨᠠᠮ ᠤᠨ ᠺᠤᠮᠢᠰ ᠤᠨ ᠬᠠᠷᠢᠶ᠎ᠠ   ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠵᠢᠯᠤᠭᠤᠳᠤᠨ᠎ᠠ᠃  ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠶᠤᠰᠤ ᠰᠤᠷᠲᠠᠬᠤᠨ ᠤ ᠬᠦᠮᠦᠵᠢᠯ ᠂ ᠪᠡᠶ᠎ᠡ ᠶᠢᠨ ᠲᠠᠮᠢᠷ ᠡᠷᠡᠬᠦᠯ ᠬᠠᠮᠠᠭᠠᠯᠠᠯ ᠤᠷᠠᠯᠢᠭ ᠤᠨ ᠬᠦᠮᠦᠵᠢᠯ ᠬᠢᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠠᠵᠢᠯ ᠢ ᠵᠢᠯᠤᠭᠤᠳᠤᠨ᠎ᠠ᠃ ︵ᠶᠢᠰᠦ  ︶ ᠪᠦᠬᠦ ᠰᠢᠶᠠᠨ ᠤ ᠪᠠᠭᠰᠢ ᠶᠢᠨ ᠠᠵᠢᠯ ᠢ  ᠭᠤᠤᠯᠯᠠᠨ ᠬᠠᠮᠢᠶᠠᠷᠴᠤ᠂ ᠡᠯ᠎ᠡ ᠱᠠᠲᠤᠨ ᠤ ᠡᠯ᠎ᠡ  ᠲᠦᠷᠦᠯ ᠤᠨ ᠰᠤᠷᠭᠠᠭᠤᠯᠢ ᠶᠢᠨ ᠪᠠᠭᠰᠢ᠂  ᠰᠤᠷᠭᠠᠭᠤᠯᠢ ᠶᠢᠨ ᠵᠠᠬᠢᠷᠤᠯ ᠪᠤᠯᠤᠨ  ᠺᠠᠲᠡᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠵᠢᠯᠤᠭᠤᠳᠤᠨ᠎ᠠ᠃  ᠪᠠᠭᠰᠢ ᠶᠢᠨ ᠬᠢᠷᠢ ᠬᠡᠮ ᠤᠨ ᠳᠦᠷᠢᠮ ᠪᠤᠯᠤᠨ ᠪᠠᠭᠰᠢ ᠡᠯᠰᠡᠬᠦ᠂ ᠴᠤᠯᠠ  ᠥᠨᠡᠨᠯᠬᠦ ᠤᠷᠢᠬᠤ᠂ ᠠᠵᠢᠯ ᠤᠨ ᠥᠷ᠎ᠡ ᠪᠦᠳᠦᠮᠵᠢ ᠶᠢ ᠥᠨᠡᠯᠡᠨ ᠬᠢᠨᠠᠬᠤ᠂ ᠰᠠᠶᠢᠰᠢᠶᠠᠨ ᠬᠦᠬᠢᠭᠦᠯᠭᠦ᠂ ᠲᠤᠬᠢᠷᠠᠭᠤᠯᠬᠤ ᠰᠤᠯᠢᠯᠴᠠᠬᠤ᠂ ᠦᠷᠬᠦᠯᠵᠢᠯᠡᠭᠰᠡᠨ ᠰᠤᠷᠭᠠᠨ ᠬᠦᠮᠦᠵᠢᠯ ᠤᠨ ᠠᠵᠢᠯ ᠢ  ᠵᠢᠯᠤᠭᠤᠳᠬᠤ ᠶᠢᠨ ᠬᠠᠮᠲᠤ ᠵᠤᠬᠢᠶᠠᠨ ᠪᠠᠶᠢᠭᠤᠯᠤᠨ᠎ᠠ᠃ ︵ᠠᠷᠪᠠ︶ ᠪᠠᠭᠰᠢ ᠶᠢᠨ ᠳᠡᠭᠡᠲᠤ ᠰᠤᠷᠭᠠᠭᠤᠯᠢ ᠲᠡᠭᠦᠰᠡᠭᠰᠡᠳ ᠲᠤ ᠠᠵᠢᠯ ᠤᠯᠭᠤᠬᠤ ᠶᠢ ᠵᠢᠯᠤᠭᠤᠳᠬᠤ ᠪᠤᠯᠤᠨ ᠲᠠᠩᠰᠠ ᠡᠪᠭᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ︵ᠠᠷᠪᠠᠨ ᠨᠢᠬᠡ︶ ᠡᠯ᠎ᠡ ᠲᠦᠷᠦᠯ ᠤᠨ ᠳᠡᠭᠡᠲᠤ ᠵᠡᠷᠭᠡ ᠶᠢᠨ ᠰᠤᠷᠣᠯᠭ᠎ᠠ ᠶᠢᠨ ᠨᠠᠮᠲᠡᠷ ᠤᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠢ ᠬᠠᠷᠢᠭᠤᠴᠠᠨ᠎ᠠ᠃   ᠰᠤᠷᠤᠬᠴᠢ ᠶᠢᠨ ᠰᠤᠷᠤᠯᠭ᠎ᠠ ᠶᠢ ᠲᠤᠰᠠᠯᠠᠬᠤ ᠠᠵᠢᠯ ᠢ  ᠵᠢᠯᠤᠭᠤᠳᠬᠤ ᠶᠢᠨ ᠬᠠᠮᠲᠤ ᠵᠤᠬᠢᠶᠠᠨ ᠪᠠᠶᠢᠭᠤᠯᠤᠨ᠎ᠠ  ᠃ ︵ ᠠᠷᠪᠠᠨ ᠬᠤᠶᠠᠷ︶  ᠪᠦᠬᠦ ᠰᠢᠶᠠᠨ   ᠤ ᠨᠠᠶᠢᠭᠡᠮ ᠤᠨ ᠬᠥᠴᠥᠨ ᠢᠶᠠᠷ ᠰᠤᠷᠭᠠᠭᠤᠯᠢ ᠡᠷᠬᠢᠯᠡᠬᠦ ᠪᠤᠯᠤᠨ ᠰᠤᠷᠭᠠᠨ ᠬᠦᠮᠦᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ᠂ ᠬᠢᠨᠠᠨ ᠵᠥᠪᠰᠢᠶᠡᠷᠡᠭᠦ ᠠᠵᠢᠯ ᠢ ᠬᠠᠷᠢᠭᠤᠴᠠᠨ᠎ᠠ᠃ ︵ ᠠᠷᠪᠠᠨ ᠭᠤᠷᠪᠠ︶ ᠪᠦᠬᠦ ᠰᠢᠶᠠᠨ ᠤ ᠰᠤᠷᠭᠠᠨ ᠬᠦᠮᠦᠵᠢᠯ ᠤᠨ ᠰᠢᠰᠲ᠋ᠧᠮ ᠰᠤᠷᠭᠠᠭᠤᠯᠢ ᠶᠢᠨ ᠠᠮᠤᠷ ᠲᠥᠪᠰᠢᠨ ᠤ ᠠᠵᠢᠯ ᠢ ᠬᠠᠷᠢᠭᠤᠴᠠᠨ᠂ ᠰᠤᠷᠭᠠᠭᠤᠯᠢ ᠶᠢᠨ ᠠᠮᠤᠷ ᠢ ᠬᠠᠮᠠᠭᠠᠯᠠᠬᠤ᠂ ᠰᠤᠷᠭᠠᠭᠤᠯᠢ ᠶᠢᠨ ᠪᠠᠶᠢᠷᠢ ᠶᠢᠨ ᠭᠡᠷ ᠤᠨ ᠠᠮᠤᠷ ᠲᠥᠪᠰᠢᠨ ᠪᠤᠯᠤᠨ ᠶᠡᠷᠤᠩᠬᠡᠶᠢᠯᠡᠨ ᠵᠠᠰᠠᠬᠤ ᠠᠵᠢᠯ ᠢ ᠵᠢᠯᠤᠭᠤᠳᠤᠨ᠎ᠠ᠃ ︵ᠠᠷᠪᠠᠨ ᠳᠦᠷᠪᠡ︶ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ  ᠴᠢᠭᠯᠡᠯᠲᠡ᠂ ᠲᠦᠷᠦ ᠶᠢᠨ ᠪᠤᠳᠤᠯᠭ᠎ᠠ ᠶᠢ ᠭᠡᠷᠩᠵᠢᠭᠦᠯᠦᠨ᠎ᠡ᠃  ᠨᠡᠶᠢᠳᠡᠯᠢᠭ ᠬᠡᠯᠡ ᠶᠢ ᠳᠡᠯᠭᠡᠷᠡᠭᠦᠯᠬᠦ ᠠᠵᠢᠯ ᠢ ᠦᠷᠨᠢᠭᠦᠯᠦᠨ᠎ᠡ᠃ ︵ᠠᠷᠪᠠᠨ ᠲᠠᠪᠤ︶  ᠰᠢᠶᠠᠨ ᠤ ᠠᠷᠠᠳ ᠤᠨ  ᠵᠠᠰᠠᠭ ᠤᠨ ᠤᠷᠳᠤᠨ ᠤ ᠲᠤᠰᠢᠶᠠᠭᠰᠠᠨ ᠪᠤᠰᠤᠳ ᠵᠦᠢᠯ ᠤᠨ ᠶᠠᠪᠤᠳᠠᠯ ᠢ ᠳᠠᠭᠠᠭᠠᠨ ᠬᠢᠨ᠎ᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号