| ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ | | ᠭᠤᠤᠯ ᠡᠬᠦᠷᠭᠡ ᠴᠢᠳᠠᠪᠤᠷᠢ᠄ | 1. ᠵᠠᠮ ᠲᠡᠭᠡᠭᠡᠪᠦᠷᠢ ᠶᠢᠨ ᠲᠤᠬᠠᠢ ᠤᠯᠤᠰ ᠪᠠ ᠦᠪᠡᠷᠳᠡᠭᠡᠨ ᠵᠠᠰᠠᠬᠤ ᠤᠷᠤᠨ᠂ ᠬᠤᠲᠠ | ᠶᠢᠨ ᠬᠠᠤᠯᠢ ᠴᠠᠭᠠᠵᠠ ᠬᠠᠤᠯᠢ ᠲᠤᠭᠳᠠᠭᠠᠯ ᠪᠠ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ᠂ ᠪᠠᠷᠢᠮᠵᠢᠶ᠎ᠠ᠂ | ᠲᠦᠯᠦᠪᠵᠢᠬᠦᠯᠭᠡ ᠶᠢ ᠲᠤᠤᠱᠯᠠᠭᠤᠯᠤᠨ ᠬᠡᠷᠡᠭᠵᠢᠬᠦᠯᠦᠨ᠎ᠡ︔ ᠪᠦᠬᠦ ᠰᠢᠶᠠᠨ ᠤ ᠵᠠᠮ ᠬᠠᠷᠢᠯᠴᠠᠭᠠᠨ ᠤ | ᠬᠦᠭᠵᠢᠯᠳᠡ ᠶᠢᠨ ᠲᠦᠯᠦᠪᠵᠢᠬᠦᠯᠭᠡ᠂ ᠲᠦᠯᠦᠪᠯᠡᠭᠡ ᠂ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠪᠠ | ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠲᠤᠭᠤᠷᠪᠢᠨ ᠲᠤᠭᠳᠠᠭᠠᠬᠤ ᠶᠢᠨ ᠬᠠᠮᠳᠤ ᠬᠢᠨᠠᠯᠳᠠ ᠲᠠᠯᠪᠢᠵᠤ | ᠬᠡᠷᠡᠭᠵᠢᠬᠦᠯᠦᠨ᠎ᠡ︔ | 2. ᠪᠦᠬᠦ ᠰᠢᠶᠠᠨ ᠤ ᠶᠡᠷᠦᠩᠭᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠲᠠᠢ ᠬᠤᠯᠪᠤᠭᠳᠠᠬᠤ | ᠲᠦᠯᠤᠪᠵᠢᠭᠦᠯᠭᠡ ᠶᠢ ᠵᠤᠬᠢᠴᠠᠭᠤᠯᠬᠤ ᠠᠵᠢᠯ ᠢ ᠡᠬᠦᠷᠭᠡᠯᠡᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ | ᠬᠠᠮᠳᠤᠷᠠᠨ ᠶᠡᠷᠦᠩᠭᠡᠶᠢᠯᠡᠭᠰᠡᠨ ᠲᠡᠭᠡᠭᠡᠪᠤᠷᠢ ᠶᠢᠨ ᠰᠢᠰᠲ᠋ᠧᠮ ᠤᠨ ᠲᠦᠯᠦᠪᠵᠢᠬᠦᠯᠭᠡ ᠶᠢ ᠵᠤᠬᠢᠶᠠᠵᠤ᠂ ᠵᠠᠮ | ᠬᠠᠷᠢᠯᠴᠠᠭ᠎ᠠ ᠲᠡᠭᠡᠭᠡᠪᠤᠷᠢ ᠶᠢᠨ ᠵᠠᠩᠬᠢᠯᠠᠭ᠎ᠠ ᠶᠢᠨ ᠲᠦᠯᠦᠪᠵᠢᠬᠦᠯᠭᠡ ᠪᠤᠯᠤᠨᠬᠠᠮᠢᠶᠠᠷᠤᠯᠳᠠ ᠶᠢ ᠵᠤᠬᠢᠶᠠᠨ ᠪᠠᠶᠢᠭᠤᠯᠤᠨ᠎ᠠ | ᠃ | 3. ᠪᠦᠬᠦ ᠰᠢᠶᠠᠨ ᠤ ᠵᠠᠮ ᠲᠡᠭᠡᠭᠡᠪᠦᠷᠢ ᠶᠢᠨ ᠵᠠᠬ᠎ᠠ ᠲᠡᠯᠭᠡᠬᠦᠷ ᠤᠨ ᠬᠢᠨᠠᠯᠳᠠ ᠲᠠᠯᠪᠢᠵᠤ ᠬᠠᠮᠢᠶᠠᠷᠬᠤ | ᠬᠠᠷᠢᠭᠤᠴᠠᠯᠭ᠎ᠠ ᠶᠢ ᠡᠬᠦᠷᠭᠡᠯᠡᠵᠤ᠂ ᠵᠠᠰᠠᠮᠠᠯ ᠵᠠᠮ᠂ ᠤᠰᠤᠨ ᠵᠠᠮ ᠤᠨ ᠲᠡᠭᠡᠭᠡᠪᠦᠷᠢ ᠶᠢᠨ ᠬᠤᠯᠪᠤᠭᠳᠠᠯ ᠪᠦᠬᠦᠢ | ᠲᠦᠷᠦ ᠶᠢᠨ ᠪᠤᠳᠤᠯᠭ᠎ᠠ᠂ ᠨᠡᠪᠳᠡᠷᠡᠬᠦ ᠶᠢ ᠵᠦᠪᠰᠢᠶᠡᠷᠡᠬᠦ ᠲᠦᠷᠢᠮ᠂ ᠮᠡᠷᠭᠡᠵᠢᠯ ᠤᠨ ᠪᠠᠷᠢᠮᠵᠢᠶ᠎ᠠ ᠪᠠ ᠲᠡᠭᠡᠬᠡᠪᠤᠷᠢ ᠶᠢ | ᠵᠢᠷᠤᠮᠵᠢᠭᠤᠯᠬᠤ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠤᠨ ᠲᠤᠭᠤᠷᠪᠢᠨ ᠲᠤᠭᠳᠠᠭᠠᠬᠤ ᠶᠢᠨ ᠬᠠᠮᠳᠤ ᠬᠢᠨᠠᠯᠳᠠ | ᠲᠠᠯᠪᠢᠵᠤ ᠬᠡᠷᠡᠭᠵᠢᠬᠦᠯᠦᠨ᠎ᠡ︔ ᠰᠢᠶᠠᠨ ᠤ ᠠᠷᠠᠳ ᠤᠨ ᠵᠠᠰᠠᠭ ᠤᠨ ᠤᠷᠳᠤᠨ ᠤ ᠨᠢᠭᠡᠳᠤᠯᠳᠠᠢ | ᠤᠳᠤᠷᠢᠳᠤᠯᠭ᠎ᠠ ᠲᠤᠤᠷ᠎ᠠ᠂ ᠬᠤᠳᠠ ᠬᠦᠳᠡᠭᠡ ᠶᠢᠨ ᠠᠶᠠᠨᠴᠢᠨ ᠤ ᠲᠡᠭᠡᠭᠡᠪᠦᠷᠢ ︵ᠲᠦᠷᠢᠶᠡᠰᠤᠨ ᠮᠠᠰᠢᠨ ᠢ | ᠪᠠᠭᠳᠠᠭᠠᠨ᠎ᠠ ︶ ᠲᠡᠭᠡᠭᠡᠪᠤᠷᠢᠯᠡᠨ ᠡᠵᠡᠩᠨᠡᠬᠦ ᠶᠢ ᠬᠠᠷᠢᠭᠤᠴᠠᠨ᠎ᠠ᠃ ᠬᠤᠳᠠ ᠬᠦᠳᠡᠭᠡ ᠶᠢᠨ ᠠᠶᠠᠨᠴᠢᠨ ᠤ ᠲᠡᠭᠡᠭᠡᠪᠦᠷᠢ | ︵ᠲᠦᠷᠢᠶᠡᠰᠤᠨ ᠮᠠᠰᠢᠨ ᠢ ᠪᠠᠭᠳᠠᠭᠠᠨ᠎ᠠ ︶ ᠶᠢᠨ ᠬᠠᠮᠢᠶᠠᠷᠤᠯᠲᠠ ᠲᠥᠯᠥᠪᠵᠢᠭᠦᠯᠭᠡ᠂ ᠲᠥᠷᠥ ᠶᠢᠨ ᠪᠤᠳᠤᠯᠭ᠎ᠠ | ᠂ ᠲᠥᠷᠢᠮ ᠲᠤᠬᠳᠠᠭᠠᠯ᠂ ᠪᠠᠷᠢᠮᠵᠢᠶ᠎ᠠ ᠶᠢ ᠲᠤᠭᠤᠷᠪᠢᠨ ᠲᠤᠭᠳᠠᠭᠠᠬᠤ ᠶᠢᠨ ᠬᠠᠮᠳᠤ ᠬᠢᠨᠠᠯᠳᠠ ᠲᠠᠯᠪᠢᠵᠤ | ᠬᠡᠷᠡᠭᠵᠢᠬᠦᠯᠦᠨ᠎ᠡ︔ ᠵᠠᠮ ᠲᠡᠭᠡᠭᠡᠪᠦᠷᠢ ᠶᠢᠨ ᠠᠵᠢᠯ ᠲᠦᠷᠦᠯ ᠤᠨ ᠬᠠᠮᠢᠶᠠᠷᠤᠯᠳᠠ ᠶᠢᠨ ᠠᠵᠢᠯ ᠢ ᠡᠬᠦᠷᠭᠡᠯᠡᠵᠤ᠂ | ᠪᠦᠬᠦ ᠰᠢᠶᠠᠨ ᠤ ᠭᠤᠤᠯᠳᠠᠯᠭ᠎ᠠ ᠲᠠᠢ ᠡᠳ᠋ ᠪᠤᠳᠠᠰ ᠤᠨ ᠲᠡᠭᠡᠭᠡᠪᠦᠷᠢ ᠪᠤᠯᠤᠨ ᠪᠠᠴᠢᠮ ᠠᠶᠠᠨᠴᠢᠨ ᠬᠢᠭᠡᠳ ᠪᠠᠷᠠᠭ᠎ᠠ | ᠲᠡᠭᠡᠬᠡᠪᠤᠷᠢ ᠶᠢ ᠲᠤᠬᠢᠷᠠᠭᠤᠯᠤᠨ ᠡᠵᠡᠮᠳᠡᠬᠦ ᠶᠢ ᠬᠠᠷᠢᠭᠤᠴᠠᠨ᠎ᠠ᠃ | 4. ᠪᠦᠬᠦ ᠰᠢᠶᠠᠨ ᠤ ᠵᠠᠰᠠᠮᠠᠯ ᠵᠠᠮ᠂ ᠤᠰᠤᠨ ᠵᠠᠮ ᠤᠨ ᠪᠦᠳᠦᠭᠡᠨ ᠪᠠᠶᠢᠭᠤᠯᠤᠯᠳᠠ ᠶᠢᠨ ᠵᠠᠬ᠎ᠠ | ᠲᠡᠯᠭᠡᠬᠦᠷ ᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠬᠦᠷᠭᠡᠯᠡᠵᠤ᠂ ᠵᠠᠮ ᠬᠠᠷᠢᠯᠴᠠᠭᠠᠨ ᠤ ᠪᠦᠳᠦᠭᠡᠨ | ᠪᠠᠶᠢᠭᠤᠯᠤᠯᠳᠠ᠂ ᠵᠠᠮ ᠬᠠᠮᠠᠭᠠᠯᠠᠬᠤ᠂ ᠵᠠᠮ ᠤᠨ ᠶᠠᠪᠤᠳᠠᠯ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ | ᠲᠦᠷᠢᠮ ᠪᠤᠯᠤᠨ ᠮᠡᠷᠭᠡᠵᠢᠯ ᠤᠨ ᠪᠠᠷᠢᠮᠵᠢᠶ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠤᠭᠳᠠᠭᠠᠬᠤ ᠶᠢᠨ ᠬᠠᠮᠳᠤ | ᠬᠢᠨᠠᠯᠳᠠ ᠲᠠᠯᠪᠢᠵᠤ ᠬᠡᠷᠡᠭᠵᠢᠬᠦᠯᠦᠨ᠎ᠡ︔ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠪᠠᠷᠢᠯᠭ᠎ᠠ ᠶᠢᠨ ᠪᠦᠳᠦᠭᠡᠨ | ᠪᠠᠶᠢᠭᠤᠯᠤᠯᠳᠠ ᠶᠢᠨ ᠪᠡᠯᠡ ᠮᠦᠩᠬᠦ ᠪᠠ ᠪᠠᠷᠢᠯᠭ᠎ᠠ ᠶᠢᠨ ᠶᠠᠰᠤ ᠴᠢᠨᠠᠷ᠂ ᠠᠶᠤᠯ ᠦᠭᠡᠢ ᠦᠢᠯᠡᠳᠪᠦᠷᠢᠯᠡᠯ ᠢ ᠬᠢᠨᠠᠨ | ᠬᠠᠮᠢᠶᠠᠷᠬᠤ ᠠᠵᠢᠯ ᠢ ᠵᠤᠬᠢᠶᠠᠨ ᠪᠠᠶᠢᠭᠤᠯᠤᠨ᠎ᠠ︔ ᠵᠠᠮ ᠬᠠᠷᠢᠯᠴᠠᠭ᠎ᠠ ᠲᠡᠭᠡᠭᠡᠪᠤᠷᠢ ᠶᠢᠨ ᠰᠠᠭᠤᠷᠢ ᠪᠡᠯᠡᠳᠭᠡᠮᠵᠢ ᠶᠢ | ᠬᠠᠮᠢᠶᠠᠷᠬᠤ ᠪᠠ ᠬᠠᠮᠠᠭᠠᠯᠠᠬᠤ ᠶᠢ ᠵᠢᠯᠤᠭᠤᠳᠤᠨ᠎ᠠ᠃ | 5. ᠪᠦᠬᠦ ᠰᠢᠶᠠᠨ ᠤ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠶᠢᠨ ᠲᠤᠭᠳᠠᠮᠠᠯ ᠬᠦᠷᠦᠩᠭᠡ ᠶᠢᠨ | ᠪᠡᠯᠡ ᠤᠷᠤᠭᠤᠯᠬᠤ ᠬᠡᠪᠴᠢᠶ᠎ᠡ ᠪᠠ ᠴᠢᠭᠯᠡᠯ ᠤᠨ ᠰᠠᠨᠠᠯ᠂ ᠰᠠᠨᠠᠭᠤᠯᠭ᠎ᠠ ᠶᠢ ᠰᠤᠳᠤᠯᠤᠨ ᠲᠤᠷᠠᠳᠤᠨ᠎ᠠ︔ | ᠤᠯᠤᠰ ᠪᠠ ᠦᠪᠡᠷᠳᠡᠭᠡᠨ ᠵᠠᠰᠠᠬᠤ ᠤᠷᠤᠨ᠂ ᠤᠯᠠᠭᠠᠨᠬᠠᠳᠠ ᠬᠤᠲᠠ ᠪᠤᠯᠤᠨ ᠨᠢᠩᠴᠧᠩ ᠰᠢᠶᠠᠨ ᠤ | ᠲᠦᠯᠦᠪᠵᠢᠬᠦᠯᠭᠡ ᠶᠢᠨ ᠲᠤᠳᠤᠷᠠᠬᠢ ᠪᠠ ᠤᠨ ᠤ ᠲᠦᠯᠦᠪᠯᠡᠭᠡ ᠶᠢᠨ ᠬᠡᠪᠴᠢᠶᠠᠨ ᠲᠤᠳᠤᠷᠠᠬᠢ ᠲᠤᠭᠳᠠᠮᠠᠯ | ᠬᠦᠷᠦᠩᠭᠡ ᠶᠢᠨ ᠪᠡᠯᠡ ᠤᠷᠤᠭᠤᠯᠬᠤ ᠲᠦᠷᠦᠯ ᠵᠦᠢᠯ ᠢ ᠲᠤᠭᠳᠠᠭᠠᠭᠰᠠᠨ ᠡᠷᠭᠡ ᠮᠡᠳᠡᠯ ᠤᠨ ᠶᠤᠰᠤᠭᠠᠷ ᠬᠢᠨᠠᠨ | ᠴᠤᠬᠤᠯᠠᠪᠤᠷᠢᠯᠠᠵᠦ᠂ ᠬᠢᠨᠠᠨ ᠵᠦᠪᠰᠢᠶᠡᠷᠡᠨ᠎ᠡ᠃ | 6. ᠵᠠᠮ ᠬᠠᠷᠢᠯᠴᠠᠭᠠᠨ ᠤ ᠠᠵᠢᠯ ᠦᠢᠯᠡᠰ ᠳᠤ ᠬᠡᠷᠡᠭᠰᠡᠬᠦ ᠡᠳ᠋ ᠤᠨ ᠵᠠᠰᠠᠭ ᠤᠨ ᠴᠢᠨᠠᠷᠳᠠᠢ ᠪᠡᠯᠡ ᠮᠦᠩᠬᠦ | ᠪᠠ ᠲᠤᠰᠬᠠᠢ ᠲᠦᠷᠦᠯ ᠤᠨ ᠪᠡᠯᠡ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠲᠦᠰᠦᠪ ᠤᠨ ᠰᠠᠨᠠᠯ ᠢ ᠰᠤᠳᠤᠯᠤᠨ | ᠲᠤᠷᠠᠳᠤᠨ᠎ᠠ︔ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠶᠢᠨ ᠲᠦᠷᠦᠯ ᠤᠨ ᠲᠤᠳᠤᠭᠠᠳᠤ ᠶᠢᠨ ᠬᠢᠨᠠᠨ | ᠪᠤᠳᠤᠬᠤ ᠠᠵᠢᠯ ᠢ ᠵᠤᠬᠢᠶᠠᠨ ᠪᠠᠶᠢᠭᠤᠯᠤᠨ᠎ᠠ︔ ᠵᠠᠮ ᠬᠠᠷᠢᠯᠴᠠᠭᠠᠨ ᠤ ᠲᠤᠭᠳᠠᠭᠠᠯ ᠢᠶᠠᠷ ᠰᠦᠢᠳᠭᠡᠯ ᠬᠤᠷᠢᠶᠠᠬᠤ | ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠬᠤ ᠶᠢᠨ ᠬᠠᠮᠳᠤ ᠬᠢᠨᠠᠯᠳᠠ ᠲᠠᠯᠪᠢᠵᠤ | ᠬᠡᠷᠡᠭᠵᠢᠬᠦᠯᠤᠨ᠂ ᠡᠳ᠋ ᠤᠨ ᠵᠠᠰᠠᠭ᠂ ᠭᠠᠵᠠᠷ ᠰᠢᠷᠦᠢ᠂ ᠦᠨ᠎ᠡ ᠬᠠᠩᠰᠢ ᠵᠡᠷᠭᠡ ᠬᠠᠮᠢᠶ᠎ᠠ ᠪᠦᠬᠦᠢ ᠲᠠᠯ᠎ᠠ ᠶᠢᠨ | ᠠᠰᠠᠭᠤᠳᠠᠯ ᠳᠤ ᠲᠦᠷᠦ ᠶᠢᠨ ᠪᠤᠳᠤᠯᠭ᠎ᠠ ᠶᠢᠨ ᠰᠠᠨᠠᠯ ᠲᠤᠷᠠᠳᠤᠨ᠎ᠠ᠃ | 7. ᠤᠰᠤᠨ ᠵᠠᠮ ᠤᠨ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ᠂ ᠬᠠᠮᠠᠭᠠᠯᠠᠯᠳᠠ ᠶᠢ ᠵᠤᠬᠢᠶᠠᠨ | ᠪᠠᠶᠢᠭᠤᠯᠤᠨ ᠵᠤᠬᠢᠴᠠᠭᠤᠯᠵᠤ᠂ ᠪᠦᠬᠦ ᠰᠢᠶᠠᠨ ᠤ ᠤᠰᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠤᠰᠤᠨ ᠵᠠᠮ ᠬᠠᠷᠢᠯᠴᠠᠭᠠᠨ ᠢ ᠵᠠᠬᠢᠷᠤᠨ ᠬᠠᠮᠢᠶᠠᠷᠬᠤ᠂ ᠤᠩᠭᠤᠴᠠ | ᠰᠡᠯ ᠵᠢᠴᠢ ᠤᠰᠤᠨ ᠲᠡᠭᠡᠷᠡᠬᠢ ᠬᠠᠮᠢᠶ᠎ᠠ ᠪᠦᠬᠦᠢ ᠪᠡᠯᠡᠳᠭᠡᠮᠵᠢ ᠶᠢ ᠰᠢᠯᠭᠠᠨ ᠪᠠᠶᠢᠴᠠᠭᠠᠬᠤ᠂ ᠲᠠᠩᠰᠠᠯᠠᠬᠤ ᠪᠠ | ᠪᠤᠬᠢᠷᠳᠤᠯ ᠢ ᠰᠡᠷᠭᠡᠶᠢᠯᠡᠬᠦ᠂ ᠠᠪᠤᠷᠠᠨ ᠲᠤᠰᠠᠯᠠᠬᠤ ᠱᠦᠬᠦᠬᠦ᠂ ᠴᠢᠮᠡᠭᠡ ᠨᠡᠪᠳᠠᠷᠡᠯᠭᠡ ᠪᠠᠷ ᠵᠠᠯᠠᠵᠦ ᠬᠦᠳᠦᠯᠬᠦ᠂ | ᠤᠩᠭᠤᠴᠠ ᠰᠡᠯ ᠬᠢᠭᠡᠳ ᠭᠠᠷᠠᠮ ᠤᠨ ᠪᠡᠯᠡᠳᠭᠡᠮᠵᠢ ᠶᠢᠨ ᠠᠮᠤᠷ ᠢ ᠬᠠᠮᠠᠭᠠᠯᠠᠬᠤ ᠵᠢᠴᠢ ᠠᠶᠤᠯᠳᠠᠢ ᠪᠤᠳᠠᠰ | ᠲᠡᠭᠡᠭᠡᠪᠤᠷᠢᠯᠡᠬᠦ ᠶᠢ ᠬᠢᠨᠠᠨ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ︔ ᠤᠰᠤᠴᠢᠨ ᠤ ᠬᠠᠮᠢᠶᠠᠷᠤᠯᠳᠠ ᠶᠢᠨ | ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | 8. ᠪᠦᠬᠦ ᠰᠢᠶᠠᠨ ᠤ ᠵᠠᠮ ᠬᠠᠷᠢᠯᠴᠠᠭᠠᠨ ᠤ ᠠᠵᠢᠯ ᠲᠦᠷᠦᠯ ᠤᠨ ᠠᠶᠤᠯ ᠦᠭᠡᠢ ᠦᠢᠯᠡᠳᠪᠦᠷᠢᠯᠡᠯ ᠪᠠ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠠᠵᠢᠯ ᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ︔ | ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠤᠰᠤᠭᠠᠷ ᠵᠤᠬᠢᠶᠠᠨ ᠪᠠᠶᠢᠭᠤᠯᠬᠤ ᠪᠤᠶᠤ ᠲᠡᠭᠦᠨ ᠳᠤ | ᠤᠷᠤᠯᠴᠠᠨ᠎ᠠ᠃ | 9 . ᠰᠢᠶᠠᠨ ᠤ ᠵᠠᠮ ᠬᠠᠷᠢᠯᠴᠠᠭᠠᠨ ᠤ ᠲᠠᠶᠢᠨ ᠤ ᠪᠠᠯᠡᠳᠭᠡᠯ ᠤᠨ ᠠᠯᠪᠠᠨ ᠭᠡᠷ ᠤᠨ ᠡᠳᠤᠷ | ᠲᠤᠳᠤᠮ ᠤᠨ ᠠᠵᠢᠯ ᠪᠤᠯᠤᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠶᠢᠨ ᠵᠦᠪᠯᠡᠯ ᠤᠨ | ᠬᠤᠯᠪᠤᠭᠳᠠᠯ ᠪᠦᠬᠦᠢ ᠠᠵᠢᠯ ᠢ ᠡᠬᠦᠷᠭᠡᠯᠡᠨ᠎ᠡ᠃ | 10. ᠰᠢᠶᠠᠨ ᠤ ᠠᠷᠠᠳ ᠤᠨ ᠵᠠᠰᠠᠭ ᠤᠨ ᠤᠷᠳᠤᠨ ᠠᠴᠠ ᠭᠦᠢᠴᠡᠳᠭᠡᠯᠭᠡᠬᠦ ᠪᠠᠷ ᠲᠤᠰᠢᠶᠠᠭᠰᠠᠨ | ᠪᠤᠰᠤᠳ ᠬᠡᠷᠡᠭ ᠶᠠᠪᠤᠳᠠᠯ ᠢ ᠬᠠᠷᠢᠭᠤᠴᠠᠨ ᠬᠦᠢᠴᠡᠳᠭᠡᠨ᠎ᠡ᠃ | |