ᠤᠢ ᠰᠢᠭᠤᠢ ᠶᠢᠨ ᠲᠤᠪᠴᠢᠶ᠎ᠠ
ᠨᠡᠶᠢᠲᠡᠯᠡᠭᠰᠡᠨ ᠴᠠᠭ᠄
2015/7/30
ᠤᠢ ᠰᠢᠭᠤᠢ ᠶᠢᠨ ᠲᠤᠪᠴᠢᠶ᠎ᠠᠭᠤᠤᠯ ᠡᠭᠦᠷᠭᠡ ᠬᠠᠷᠢᠭᠤᠴᠠᠯᠭ᠎ᠠ᠄       ︵ᠨᠢᠭᠡ︶ ᠪᠥᠬᠦ ᠰᠢᠶᠠᠨ ᠤ ᠤᠢ ᠰᠢᠭᠤᠢ ᠵᠢᠴᠢ ᠠᠮᠢ ᠠᠬᠤᠢ ᠶᠢᠨ ᠪᠥᠲᠦᠭᠡᠨ ᠪᠠᠶᠢᠭᠤᠯᠦᠯᠲᠠ ᠳᠤ ᠬᠢᠨᠠᠯᠲᠠ ᠲᠠᠯᠪᠢᠬᠤ ᠶᠢ ᠬᠠᠷᠢᠭᠤᠴᠠᠨ᠂ ᠤᠯᠤᠰ᠂ ᠥᠪᠡᠷᠳᠡᠭᠡᠨ ᠵᠠᠰᠠᠬᠤ ᠤᠷᠤᠨ ᠪᠤᠯᠤᠨ ᠬᠤᠲᠠ ᠶᠢᠨ ᠠᠮᠢ ᠠᠬᠤᠢ ᠤᠷᠴᠢᠨ ᠲᠤᠭᠤᠷᠢᠨ ᠤ ᠪᠠᠶᠢᠭᠤᠯᠤᠯᠲᠠ᠂ ᠤᠢ ᠰᠢᠭᠤᠢ ᠶᠢᠨ ᠡᠬᠢ ᠪᠠᠶᠠᠯᠢᠭ ᠤᠨ ᠬᠠᠮᠭᠠᠯᠠᠯᠲᠠ ᠪᠤᠯᠤᠨ ᠣᠯᠣᠰ ᠤᠨ ᠭᠠᠵᠠᠷ ᠰᠢᠷᠤᠢ ᠶᠢᠨ ᠨᠤᠭᠤᠭᠠᠷᠠᠭᠤᠯᠤᠯᠲᠠ ᠶᠢᠨ ᠬᠠᠮᠢᠶ᠎ᠠ ᠪᠦᠭᠦᠢ ᠴᠢᠭᠯᠡᠯᠲᠠ᠂ ᠲᠥᠷᠥ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠤᠬᠳᠠᠭᠠᠯ ᠢ ᠲᠤᠤᠱᠠᠯᠠᠭᠤᠯᠤᠨ ᠭᠡᠷᠩᠵᠢᠭᠦᠯᠦᠨ᠎ᠡ᠃ ᠪᠦᠭᠦ ᠰᠢᠶᠠᠨ ᠤ ᠤᠢ ᠰᠢᠭᠤᠢ ᠵᠢᠴᠢ ᠠᠮᠢ ᠠᠬᠤᠢ ᠶᠢᠨ ᠪᠥᠲᠦᠭᠡᠨ ᠪᠠᠶᠢᠭᠤᠯᠦᠯᠲᠠ ᠶᠢᠨ ᠲᠥᠷᠦ   ᠶᠢᠨ ᠪᠤᠳᠦᠯᠭ᠎ᠠ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ   ᠶᠢ ᠨᠠᠶᠢᠷᠠᠭᠤᠯᠤᠨ ᠵᠤᠬᠢᠶᠠᠬᠤ ᠶᠢ ᠬᠠᠷᠢᠭᠤᠴᠠᠨ᠎ᠠ︔ ᠣᠷᠣᠨ ᠨᠤᠲᠤᠭ ᠤᠨ ᠴᠢᠨᠠᠷᠲᠠᠢ ᠬᠠᠮᠢᠶ᠎ᠠ ᠪᠦᠬᠦᠢ ᠲᠥᠷᠥ ᠶᠢᠨ ᠪᠤᠳᠤᠯᠭ᠎ᠠ ᠠᠷᠭ᠎ᠠ ᠠᠪᠴᠠᠯ᠂ ᠵᠠᠰᠠᠭ ᠤᠨ ᠤᠷᠳᠤᠨ ᠤ ᠲᠥᠷᠢᠮ ᠲᠤᠬᠳᠠᠭᠠᠯ ᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠪᠥᠬᠦ  ᠰᠢᠶᠠᠨ ᠤ ᠤᠢ ᠰᠢᠭᠤᠢ ᠶᠢᠨ ᠡᠬᠢ ᠪᠠᠶᠠᠯᠢᠭ᠂ ᠡᠬᠢ ᠬᠭᠤᠷᠠᠢ ᠶᠢᠨ ᠬᠡᠬᠡᠷ᠎ᠡ ᠶᠢᠨ ᠠᠮᠢᠲᠠᠨ ᠤᠷᠭᠤᠮᠠᠯ  ᠤᠨ ᠡᠬᠢ  ᠪᠠᠶᠠᠯᠢᠭ᠂ ᠨᠣᠶᠢᠲᠠᠨ ᠭᠠᠵᠠᠷ ᠪᠣᠯᠣᠨ ᠴᠦᠯ ᠭᠠᠵᠠᠷ ᠢ ᠪᠠᠶᠢᠴᠠᠭᠠᠬᠤ᠂ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ  ᠪᠠ ᠦᠨᠡᠯᠡᠨ ᠵᠢᠱᠢᠬᠦ ᠠᠵᠢᠯ ᠢ ᠵᠤᠬᠢᠶᠠᠨ ᠪᠠᠶᠢᠭᠤᠯᠤᠨ᠎ᠠ︔ ᠪᠥᠬᠦ ᠰᠢᠶᠠᠨ ᠤ ᠤᠢ ᠰᠢᠭᠤᠢ ᠶᠢᠨ ᠠᠮᠢ ᠠᠬᠤᠢ ᠶᠢᠨ ᠪᠤᠯᠪᠠᠰᠤᠨ ᠤ  ᠪᠥᠲᠥᠭᠡᠨ ᠪᠠᠶᠢᠭᠤᠯᠤᠯᠲᠠ ᠶᠢᠨ ᠬᠤᠯᠪᠤᠭᠳᠠᠯ ᠪᠦᠬᠦᠢ ᠠᠵᠢᠯ ᠢ ᠡᠬᠦᠷᠭᠡᠯᠡᠨ᠎ᠡ᠃       ︵ᠬᠤᠶᠠᠷ︶ ᠪᠥᠬᠦ ᠰᠢᠶᠠᠨ ᠤ ᠣᠶᠢᠵᠢᠭᠤᠯᠤᠨ ᠨᠣᠭᠤᠭᠠᠷᠠᠭᠤᠯᠬᠤ ᠠᠵᠢᠯ ᠢ ᠵᠤᠬᠢᠶᠠᠨ ᠪᠠᠶᠢᠭᠤᠯᠵᠤ᠂  ᠵᠣᠬᠢᠴᠠᠭᠤᠯᠵᠣ᠂ ᠵᠢᠯᠣᠭᠤᠳᠬᠤ  ᠂ ᠪᠥᠬᠦ ᠰᠢᠶᠠᠨ ᠤ ᠣᠶᠢᠵᠢᠭᠤᠯᠤᠨ ᠨᠣᠭᠤᠭᠠᠷᠠᠭᠤᠯᠬᠤ  ᠠᠵᠢᠯ ᠤᠨ ᠵᠢᠯᠤᠭᠤᠳᠬᠤ ᠴᠢᠨᠠᠷᠲᠠᠢ ᠲᠥᠯᠥᠪᠯᠡᠭᠡ ᠶᠢ ᠲᠤᠭᠲᠠᠭᠠᠵᠤ᠂  ᠪᠠᠷᠢᠮᠵᠢᠶ᠎ᠠ ᠪᠠ ᠳᠥᠷᠢᠮ ᠢ ᠲᠣᠭᠤᠷᠪᠢᠨ ᠲᠣᠭᠲᠠᠭᠠᠬᠤ  ᠶᠢᠨ ᠬᠠᠮᠲᠤ ᠬᠢᠨᠠᠯᠲᠠ ᠲᠠᠯᠪᠢᠵᠤ  ᠬᠡᠷᠡᠭᠵᠢᠭᠦᠯᠦᠨ᠎ᠡ︔ ᠡᠯ᠎ᠡ ᠲᠥᠷᠦᠯ ᠤᠨ ᠨᠡᠶᠢᠲᠡ ᠶᠢᠨ ᠠᠰᠠᠷᠠᠮᠵᠢ ᠶᠢᠨ ᠤᠢ ᠪᠠ ᠲᠠᠸᠠᠷ ᠤᠨ ᠤᠢ ᠶᠢᠨ  ᠪᠤᠶᠢᠵᠢᠭᠤᠯᠲᠠ ᠶᠢ ᠵᠢᠯᠤᠭᠤᠳᠴᠤ᠂ ᠮᠤᠳᠤ ᠲᠠᠷᠢᠵᠤ ᠤᠶᠢᠵᠢᠭᠤᠯᠬᠤ᠂ ᠠᠭᠤᠯᠠ ︵ᠡᠯᠡᠰᠦ︶ ᠶᠢ ᠪᠢᠲᠡᠭᠦᠮᠵᠢᠯᠡᠨ ᠣᠶᠢᠵᠢᠭᠤᠯᠬᠤ ᠪᠠ ᠮᠤᠳᠤ ᠡᠪᠡᠰᠦ ᠲᠠᠷᠢᠬᠤ ᠵᠡᠷᠭᠡ ᠠᠮᠢᠳᠤ ᠪᠤᠳᠠᠰ ᠤᠨ ᠠᠷᠭ᠎ᠠ ᠬᠡᠮᠵᠢᠶ᠎ᠡ ᠪᠠᠷ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠢ ᠵᠢᠭᠠᠨ ᠵᠢᠯᠤᠭᠤᠳᠤᠨ᠎ᠠ︔ ᠪᠥᠬᠦ ᠰᠢᠶᠠᠨ ᠤ ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ ︵ᠴᠢᠬᠢ ᠮᠤᠳᠤᠨ ᠤ ᠬᠦᠷᠢᠶᠡᠯᠡᠩ︶᠂ ᠤᠢ  ᠶᠢᠨ ᠴᠡᠴᠡᠷᠯᠢᠭ ᠵᠢᠴᠢ ᠦᠨᠳᠦᠰᠦᠨ ᠱᠠᠲᠤᠨ ᠤ ᠤᠢ ᠰᠢᠭᠤᠢ ᠶᠢᠨ ᠦᠷᠳᠡᠭᠡ ᠶᠢᠨ ᠪᠥᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠢᠭᠠᠨ ᠵᠢᠯᠤᠭᠤᠳᠤᠨ᠎ᠠ︔ ᠤᠢ ᠰᠢᠭᠤᠢ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠠᠮᠢᠶ᠎ᠠ  ᠪᠦᠬᠦᠢ ᠠᠵᠢᠯ ᠢ ᠡᠭᠦᠷᠭᠡᠯᠡᠨ᠎ᠡ︔  ᠰᠢᠶᠠᠨ ᠤ ᠨᠣᠭᠤᠭᠠᠷᠠᠭᠤᠯᠬᠤ ᠵᠦᠪᠯᠡᠯ ᠤᠨ ᠪᠤᠲᠠᠲᠠᠢ ᠠᠵᠢᠯ ᠢ ᠳᠠᠭᠠᠭᠠᠵᠤ ᠬᠢᠨ᠎ᠡ᠃       ︵ᠭᠤᠷᠪᠠ︶ ᠪᠥᠬᠦ ᠰᠢᠶᠠᠨ ᠤ ᠤᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ ᠬᠥᠭᠵᠢᠭᠦᠯᠬᠦ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠵᠤ᠂ ᠤᠶᠢᠳᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠲᠣᠭᠤᠷᠪᠢᠨ ᠲᠣᠭᠲᠠᠭᠠᠬᠤ ᠶᠢᠨ ᠬᠠᠮᠲᠤ ᠵᠢᠯᠤᠭᠤᠳᠤᠨ ᠬᠡᠷᠡᠭᠵᠢᠭᠦᠯᠦᠨ᠎ᠡ︔ ᠪᠦᠭᠦ ᠰᠢᠶᠠᠨ ᠤ ᠤᠢ ᠰᠢᠭᠤᠢ ᠶᠢᠨ ᠡᠬᠢ ᠪᠠᠶᠠᠯᠢᠭ ᠤᠨ ᠪᠠᠶᠢᠴᠠᠭᠠᠯᠲᠠ᠂ ᠪᠠᠶᠢᠳᠠᠯ ᠢ ᠬᠢᠨᠠᠨ ᠬᠡᠮᠵᠢᠬᠦ ᠪᠤᠯᠤᠨ ᠪᠦᠷᠢᠳᠭᠡᠭᠦ ᠶᠢ ᠵᠤᠬᠢᠶᠠᠨ ᠪᠠᠶᠢᠭᠤᠯᠤᠨ᠎ᠠ᠃ ᠪᠥᠬᠦ ᠰᠢᠶᠠᠨ ᠤ ᠤᠢ ᠰᠢᠭᠤᠢ ᠶᠢ ᠤᠭᠲᠤᠯᠬᠤ ᠲᠤᠭ᠎ᠠ ᠬᠢᠵᠠᠭᠠᠷ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠠᠮᠢᠶ᠎ᠠ ᠪᠦᠭᠦᠢ ᠲᠤᠬᠳᠠᠭᠠᠯ ᠶᠤᠰᠤᠭᠠᠷ ᠵᠦᠪᠰᠢᠶᠠᠷᠡᠭᠦᠯᠦᠭᠰᠡᠨ ᠤ ᠲᠠᠷᠠᠭ᠎ᠠ ᠬᠢᠨᠠᠯᠲᠠ ᠲᠠᠯᠪᠢᠨ ᠬᠡᠷᠩᠵᠢᠬᠦᠯᠦᠨ᠎ᠡ᠃  ᠤᠢ ᠮᠣᠳᠤ ᠶᠢ ᠬᠡᠷᠡᠴᠢ ᠪᠠᠷᠢᠮᠲᠠ ᠲᠠᠢ ᠪᠠᠷ ᠤᠭᠲᠤᠯᠬᠤ᠂ ᠲᠡᠭᠡᠭᠡᠪᠦᠷᠢᠯᠡᠬᠦ ᠶᠢ ᠬᠢᠨᠠᠨ ᠪᠠᠶᠢᠴᠠᠭᠠᠵᠤ᠂ ᠣᠶᠢᠲᠤ ᠭᠠᠵᠠᠷ᠂  ᠤᠢ ᠮᠤᠳᠤᠨ ᠤ ᠡᠷᠬᠡ ᠶᠢᠨ ᠬᠠᠮᠢᠶᠠᠷᠤᠯᠲᠠ ᠶᠢ ᠵᠤᠬᠢᠶᠠᠨ ᠪᠠᠶᠢᠭᠤᠯᠬᠤ ᠪᠠ ᠵᠢᠯᠤᠭᠤᠳᠤᠨ᠎ᠠ︔ ᠤᠢ ᠮᠣᠳᠣᠨ ᠤ ᠡᠷᠬᠡ ᠶᠢᠨ ᠳᠠᠩᠰᠠᠯᠠᠨ ᠲᠡᠮᠳᠡᠭᠯᠡᠬᠦ᠂ ᠦᠨᠡᠮᠯᠡᠯ ᠣᠯᠭᠤᠬᠤ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠭᠦ ᠰᠢᠶᠠᠨ ᠤ ᠣᠶᠢᠲᠣ ᠭᠠᠵᠠᠷ ᠢ ᠲᠠᠲᠠᠪᠤᠷᠢᠯᠠᠨ ᠬᠡᠷᠡᠭᠯᠡᠬᠦ᠂ ᠡᠵᠡᠯᠡᠨ ᠬᠡᠷᠡᠭᠯᠡᠬᠦ ᠶᠠᠪᠤᠳᠠᠯ ᠢ ᠬᠠᠤᠯᠢ ᠶᠤᠰᠤᠭᠠᠷ ᠠᠩᠬ᠎ᠠ ᠬᠢᠨᠠᠬᠤ ᠠᠵᠢᠯ ᠢ  ᠡᠭᠦᠷᠭᠡᠯᠡᠨ᠎ᠡ  ᠃       ︵ᠳᠦᠷᠪᠡ︶ ᠪᠥᠬᠦ ᠰᠢᠶᠠᠨ ᠤ ᠨᠣᠶᠢᠲᠠᠨ ᠭᠠᠵᠠᠷ ᠤᠨ ᠬᠠᠮᠠᠭᠠᠯᠠᠯᠲᠠ ᠶᠢᠨ ᠠᠵᠢᠯ ᠢ ᠵᠤᠬᠢᠶᠠᠨ ᠪᠠᠶᠢᠭᠤᠯᠵᠤ᠂ ᠵᠣᠬᠢᠴᠠᠭᠤᠯᠵᠣ᠂ ᠵᠢᠯᠣᠭᠤᠳᠬᠤ ᠪᠠ ᠬᠢᠨᠠᠯᠲᠠ ᠲᠠᠯᠪᠢᠵᠤ᠂ ᠪᠥᠬᠦ ᠰᠢᠶᠠᠨ ᠤ ᠨᠣᠶᠢᠲᠠᠨ ᠭᠠᠵᠠᠷ ᠤᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠲᠣᠭᠤᠷᠪᠢᠨ ᠲᠣᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔  ᠨᠣᠶᠢᠲᠠᠨ ᠭᠠᠵᠠᠷ ᠢ ᠵᠦᠢ ᠵᠣᠬᠢᠰᠲᠠᠢ ᠠᠰᠢᠭᠯᠠᠬᠤ ᠳᠤ ᠬᠢᠨᠠᠯᠲᠠ ᠲᠠᠯᠪᠢᠵᠤ᠂ ᠨᠣᠶᠢᠲᠠᠨ ᠭᠠᠵᠠᠷ ᠤᠨ ᠬᠠᠮᠠᠭᠠᠯᠠᠯᠲᠠ ᠶᠢᠨ ᠲᠤᠭᠤᠷᠢᠭ᠂ ᠨᠣᠶᠢᠲᠠᠨ ᠭᠠᠵᠠᠷ ᠤᠨ ᠴᠡᠴᠡᠷᠯᠢᠭ ᠪᠠᠶᠢᠭᠤᠯᠬᠤ ᠵᠡᠷᠭᠡ ᠬᠠᠮᠠᠭᠠᠯᠠᠨ ᠬᠠᠮᠢᠶᠠᠷᠬᠤ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔  ᠳᠡᠯᠡᠬᠡᠢ ᠶᠢᠨ ᠨᠣᠶᠢᠲᠠᠨ ᠭᠠᠵᠠᠷ ᠤᠨ ᠬᠠᠮᠢᠶ᠎ᠠ ᠪᠦᠬᠦᠢ ᠨᠡᠶᠢᠲᠡ ᠶᠢᠨ ᠭᠡᠷ᠎ᠡ ᠶᠢ ᠬᠦᠢᠴᠡᠳᠭᠡᠬᠦ ᠠᠵᠢᠯ ᠢ ᠵᠤᠬᠢᠶᠠᠨ ᠪᠠᠶᠢᠭᠤᠯᠤᠨ ᠵᠣᠬᠢᠴᠠᠭᠤᠯᠣᠨ᠎ᠠ᠃       ︵ᠲᠠᠪᠤ︶ ᠪᠥᠬᠦ ᠰᠢᠶᠠᠨ ᠤ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠠᠵᠢᠯ ᠢ ᠵᠤᠬᠢᠶᠠᠨ ᠪᠠᠶᠢᠭᠤᠯᠬᠤ᠂  ᠵᠤᠬᠢᠴᠠᠭᠤᠯᠬᠤ᠂ ᠵᠢᠯᠣᠭᠤᠳᠬᠤ ᠪᠠ ᠬᠢᠨᠠᠯᠲᠠ ᠲᠠᠯᠪᠢᠵᠤ᠂ ᠪᠥᠬᠦ ᠰᠢᠶᠠᠨ ᠤ ᠡᠯᠡᠰᠦ ᠶᠢ ᠰᠡᠷᠭᠡᠶᠢᠯᠡᠨ ᠵᠠᠰᠠᠬᠤ᠂ ᠡᠯᠡᠰᠤᠷᠬᠡᠭᠵᠢᠭᠰᠡᠨ ᠭᠠᠵᠠᠷ ᠰᠢᠷᠤᠢ ᠶᠢ ᠪᠢᠲᠡᠭᠦᠮᠵᠢᠯᠡᠨ ᠬᠠᠮᠠᠭᠠᠯᠠᠬᠤ ᠤᠷᠤᠨ ᠤ ᠪᠥᠲᠦᠭᠡᠨ ᠪᠠᠶᠢᠭᠤᠯᠤᠯᠲᠠ ᠶᠢᠨ  ᠲᠥᠯᠥᠪᠵᠢᠭᠦᠯᠭᠡ ᠶᠢ ᠲᠣᠭᠤᠷᠪᠢᠨ ᠲᠣᠭᠲᠠᠭᠠᠵᠤ᠂ ᠡᠯᠡᠰᠤᠷᠬᠡᠭᠵᠢᠭᠰᠡᠨ ᠭᠠᠵᠠᠷ ᠰᠢᠷᠤᠢ ᠶᠢ ᠵᠦᠢ ᠵᠣᠬᠢᠰᠲᠠᠢ ᠪᠠᠷ ᠠᠰᠢᠭᠯᠠᠬᠤ ᠳᠤ ᠬᠢᠨᠠᠯᠲᠠ ᠲᠠᠯᠪᠢᠨ᠎ᠠ︔ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠨᠢ ᠭᠠᠵᠠᠷ ᠰᠢᠷᠤᠢ ᠶᠢ ᠡᠯᠡᠰᠤᠷᠬᠡᠭᠵᠢᠬᠦᠯᠬᠦ ᠨᠦᠯᠤᠭᠡ ᠶᠢ ᠬᠢᠨᠠᠨ ᠰᠢᠯᠭᠠᠬᠤ ᠶᠢ ᠵᠣᠬᠢᠶᠠᠨ ᠪᠠᠶᠢᠭᠤᠯᠤᠨ ᠵᠢᠯᠤᠭᠤᠳᠴᠤ᠂ ᠡᠯᠡᠰᠦᠨ ᠰᠢᠭᠤᠷᠭ᠎ᠠ ᠶᠢᠨ ᠭᠠᠢ ᠭᠠᠮᠰᠢᠭ ᠢ ᠤᠷᠢᠳᠴᠢᠯᠠᠨ ᠲᠥᠰᠦᠭᠡᠯᠡᠵᠦ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠶᠢ ᠵᠤᠬᠢᠶᠠᠨ ᠪᠠᠶᠢᠭᠤᠯᠤᠨ ᠵᠢᠯᠤᠭᠤᠳᠤᠨ᠎ᠠ︔ ᠣᠯᠠᠨ ᠤᠯᠤᠰ ᠤᠨ ᠬᠠᠮᠢᠶ᠎ᠠ ᠪᠦᠬᠦᠢ ᠴᠦᠯᠵᠢᠯᠲᠡ ᠶᠢᠨ ᠨᠡᠶᠢᠲᠡ ᠶᠢᠨ ᠭᠡᠷ᠎ᠡ ᠶᠢ ᠬᠦᠢᠴᠡᠳᠭᠡᠬᠦ ᠠᠵᠢᠯ ᠢ ᠡᠭᠦᠷᠭᠡᠯᠡᠨ᠎ᠡ᠃       ︵ᠵᠢᠷᠭᠤᠭ᠎ᠠ︶ ᠪᠥᠬᠦ ᠰᠢᠶᠠᠨ ᠤ ᠡᠬᠡ ᠬᠠᠭᠤᠷᠠᠢ ᠶᠢᠨ ᠬᠡᠬᠡᠷ᠎ᠡ ᠶᠢᠨ ᠠᠮᠢᠲᠠᠨ ᠤᠷᠭᠤᠮᠠᠯ ᠤᠨ ᠡᠬᠢ  ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠪᠠᠷ ᠨᠡᠭᠡᠭᠡᠨ ᠠᠰᠢᠭᠯᠠᠬᠤ ᠶᠢ ᠵᠤᠬᠢᠶᠠᠨ ᠪᠠᠶᠢᠭᠤᠯᠤᠨ ᠵᠢᠯᠤᠭᠤᠳᠴᠤ᠂  ᠭᠤᠤᠯᠳᠠᠯᠭ᠎ᠠ ᠲᠠᠢ ᠬᠠᠮᠠᠭᠠᠯᠠᠬᠤ ᠡᠬᠡ ᠬᠠᠭᠤᠷᠠᠢ ᠶᠢᠨ ᠬᠡᠬᠡᠷ᠎ᠡ ᠶᠢᠨ ᠠᠮᠢᠲᠠᠨ  ᠪᠣᠯᠣᠨ ᠤᠷᠭᠤᠮᠠᠯ ᠤᠨ ᠨᠡᠷᠡᠶᠢᠳᠦᠯ ᠢ ᠲᠤᠭᠤᠷᠪᠢᠨ ᠲᠤᠭᠳᠠᠭᠠᠬᠤ ᠪᠠ ᠲᠤᠬᠢᠷᠠᠭᠤᠯᠤᠯᠳᠠ ᠬᠢᠵᠦ᠂ ᠰᠢᠶᠠᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠵᠦ ᠵᠦᠪᠰᠢᠶᠡᠷᠡᠭᠦᠯᠦᠭᠰᠡᠨ ᠤ ᠳᠠᠷᠠᠭ᠎ᠠ  ᠨᠡᠶᠢᠲᠡᠯᠡᠨ᠎ᠡ︔ ᠡᠬᠡ ᠬᠠᠭᠤᠷᠠᠢ ᠶᠢᠨ ᠬᠡᠬᠡᠷ᠎ᠡ ᠶᠢᠨ ᠠᠮᠢᠲᠠᠨ ᠤᠷᠭᠤᠮᠠᠯ ᠢ ᠠᠪᠤᠷᠠᠨ ᠬᠠᠮᠠᠭᠠᠯᠠᠵᠤ ᠪᠤᠶᠢᠵᠢᠭᠤᠯᠬᠤ᠂  ᠤᠷᠤᠰᠢᠨ ᠠᠮᠢᠳᠤᠷᠠᠬᠤ ᠭᠠᠵᠠᠷ ᠢ  ᠨᠢ ᠰᠡᠷᠭᠦᠭᠡᠨ ᠬᠥᠭᠵᠢᠭᠦᠯᠬᠦ᠂ ᠬᠢᠵᠢᠭ ᠤᠨ ᠡᠭᠦᠰᠤᠯ ᠰᠤᠷᠪᠤᠯᠵᠢ ᠶᠢ ᠬᠢᠨᠠᠨ ᠬᠡᠮᠵᠢᠬᠦ ᠠᠵᠢᠯ ᠢ ᠬᠠᠤᠯᠢ ᠶᠤᠰᠤᠭᠠᠷ ᠵᠤᠬᠢᠶᠠᠨ ᠪᠠᠶᠢᠭᠤᠯᠤᠨ ᠵᠢᠯᠤᠭᠤᠳᠤᠨ᠎ᠠ︔ ᠪᠥᠬᠦ ᠰᠢᠶᠠᠨ ᠤ ᠡᠬᠡ  ᠬᠠᠭᠤᠷᠠᠢ ᠶᠢᠨ ᠬᠡᠬᠡᠷ᠎ᠡ ᠶᠢᠨ ᠠᠮᠢᠲᠠᠨ ᠤᠷᠭᠤᠮᠠᠯ ᠢ ᠠᠩᠨᠠᠨ ᠪᠠᠷᠢᠬᠤ ᠪᠤᠶᠤ ᠲᠡᠭᠦᠨ ᠴᠤᠭᠯᠠᠭᠤᠯᠬᠤ᠂ ᠳᠠᠰᠬᠠᠨ ᠲᠡᠵᠢᠭᠡᠵᠦ ᠦᠷᠡᠵᠢᠭᠦᠯᠬᠦ ᠪᠤᠶᠤ ᠵᠠᠶᠢᠯᠠᠵᠦ ᠪᠣᠶᠢᠵᠢᠭᠤᠯᠬᠤ᠂ ᠡᠵᠡᠩᠨᠡᠨ ᠠᠰᠢᠭᠯᠠᠬᠤ ᠶᠢ ᠬᠢᠨᠠᠨ ᠬᠠᠮᠢᠶᠠᠷᠴᠤ᠂ ᠬᠡᠬᠡᠷ᠎ᠡ ᠶᠢᠨ ᠠᠮᠢᠲᠠᠨ ᠤᠷᠭᠤᠮᠠᠯ ᠢ ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠬᠤ ᠶᠢ ᠬᠢᠨᠠᠨ ᠬᠠᠮᠢᠶᠠᠷᠤᠨ᠎ᠠ︔ ᠮᠦᠬᠦᠬᠦ ᠰᠢᠬᠠᠭᠰᠠᠨ ᠠᠮᠢᠳᠠᠨ ᠤᠷᠭᠤᠮᠠᠯ ᠢ ᠭᠠᠳᠠᠭᠠᠳᠤ ᠠᠴᠠ ᠤᠷᠤᠭᠤᠯᠬᠤ ᠭᠠᠳᠠᠭᠠᠳᠤ ᠳᠤ ᠭᠠᠷᠭᠠᠬᠤ ᠪᠠ ᠤᠯᠤᠰ ᠠᠴᠠ ᠬᠠᠮᠠᠭᠠᠯᠠᠵᠦ ᠪᠠᠶᠢᠭ᠎ᠠ ᠬᠡᠬᠡᠷ᠎ᠡ ᠶᠢᠨ ᠠᠮᠢᠲᠠᠨ᠂ ᠬᠤᠪᠤᠷ ᠴᠤᠬᠠᠭ ᠮᠤᠳᠤᠨ ᠤ ᠵᠤᠶᠢᠯ᠂ ᠬᠤᠪᠤᠷ ᠴᠤᠬᠠᠭ ᠬᠡᠬᠡᠷ᠎ᠡ ᠶᠢᠨ ᠤᠷᠭᠤᠮᠠᠯ ᠵᠢᠴᠢ ᠪᠥᠲᠦᠬᠡᠭᠳᠡᠭᠦᠨ ᠢ ᠭᠠᠳᠠᠭᠠᠳᠤ ᠳᠤ ᠭᠠᠷᠭᠠᠬᠤ ᠶᠢ ᠬᠢᠨᠠᠨ ᠬᠠᠷᠭᠤᠭᠤᠯᠵᠤ  ᠮᠡᠳᠡᠭᠦᠯᠤᠨ ᠵᠥᠪᠰᠢᠶᠡᠷᠡᠭᠦᠯᠬᠦ ᠠᠵᠢᠯ ᠢ ᠡᠭᠦᠷᠭᠡᠯᠡᠨ᠎ᠡ᠃       ︵ᠲᠤᠯᠤᠭ᠎ᠠ︶ ᠪᠦᠬᠦ ᠰᠢᠶᠠᠨ ᠤ ᠤᠢ ᠰᠢᠭᠤᠢ ᠶᠢᠨ ᠰᠢᠰᠲ᠋ᠧᠮ ᠤᠨ ᠪᠠᠶᠢᠭᠠᠯᠢ ᠶᠢᠨ ᠬᠠᠮᠠᠭᠠᠯᠠᠯᠲᠠ  ᠶᠢᠨ ᠣᠷᠣᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠤᠯᠤᠰ ᠪᠠ ᠦᠪᠡᠷᠲᠡᠭᠡᠨ ᠵᠠᠰᠠᠬᠤ ᠤᠷᠤᠨ ᠤ ᠪᠠᠶᠢᠭᠠᠯᠢ   ᠶᠢᠨ ᠬᠠᠮᠠᠭᠠᠯᠠᠯᠲᠠ ᠶᠢᠨ ᠣᠷᠣᠨ ᠤ ᠬᠤᠪᠢᠶᠠᠷᠢᠯᠠᠯ ᠪᠣᠯᠣᠨ ᠲᠥᠯᠥᠪᠵᠢᠭᠦᠯᠭᠡ ᠶᠢᠨ ᠵᠠᠷᠴᠢᠮ ᠤᠨ ᠵᠢᠯᠤᠭᠤᠳᠤᠯᠭ᠎ᠠ  ᠳᠤᠤᠷ᠎ᠠ᠂ ᠤᠢ ᠰᠢᠭᠤᠢ᠂ ᠨᠣᠶᠢᠲᠠᠨ ᠭᠠᠵᠠᠷ᠂ ᠴᠦᠯᠡᠷᠬᠡᠭᠵᠢᠯ ᠪᠠ ᠡᠬᠡ ᠬᠠᠭᠤᠷᠠᠢ ᠶᠢᠨ ᠬᠡᠬᠡᠷ᠎ᠡ  ᠶᠢᠨ ᠠᠮᠢᠲᠠᠨ ᠤ  ᠲᠥᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ  ᠬᠠᠤᠯᠢ ᠶᠤᠰᠤᠭᠠᠷ ᠵᠢᠯᠤᠭᠤᠳᠤᠨ᠎ᠠ︔ ᠤᠢ ᠰᠢᠭᠤᠢ ᠶᠢᠨ ᠠᠮᠢᠳᠤ ᠪᠤᠳᠠᠰ ᠤᠨ ᠦᠷ᠎ᠡ ᠶᠢᠨ ᠡᠬᠢ ᠪᠠᠶᠠᠯᠢᠭ᠂ ᠭᠧᠨ  ᠬᠤᠪᠢᠷᠠᠭᠤᠯᠤᠭᠰᠠᠨ ᠠᠮᠢᠳᠤ ᠪᠤᠳᠠᠰ ᠤᠨ ᠠᠮᠤᠷ ᠲᠥᠪᠰᠢᠨ᠂ ᠤᠷᠭᠤᠮᠠᠯ ᠤᠨ ᠰᠢᠨ᠎ᠡ ᠲᠥᠷᠥᠯ ᠵᠦᠢᠯ ᠤᠨ  ᠬᠠᠮᠠᠭᠠᠯᠠᠯᠲᠠ ᠶᠢ ᠬᠢᠨᠠᠨ ᠬᠠᠮᠢᠶᠠᠷᠤᠨ᠎ᠠ︔ ᠠᠮᠢᠳᠤ ᠪᠤᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢᠨ  ᠬᠤᠯᠪᠤᠭᠳᠠᠯ ᠪᠥᠬᠦᠢ ᠠᠵᠢᠯ ᠢ ᠠᠵᠢᠯ ᠤᠨ ᠬᠤᠪᠢᠶᠠᠷᠢ ᠪᠠᠷ ᠢᠶᠠᠨ ᠬᠠᠷᠢᠭᠤᠴᠠᠵᠤ᠂ ᠳᠡᠯᠡᠬᠡᠢ ᠶᠢᠨ ᠬᠠᠮᠢᠶ᠎ᠠ ᠪᠦᠬᠦᠢ  ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠵᠤᠬᠢᠶᠠᠨ ᠪᠠᠶᠢᠭᠤᠯᠵᠣ ᠵᠣᠬᠢᠴᠠᠭᠤᠯᠣᠨ ᠲᠣᠬᠢᠷᠠᠭᠤᠯᠤᠨ᠎ᠠ᠃       ︵ᠨᠠᠢᠮᠠ︶ ᠪᠥᠬᠦ ᠰᠢᠶᠠᠨ ᠤ ᠤᠢ ᠰᠢᠭᠤᠢ ᠶᠢᠨ ᠥᠭᠡᠷᠡᠴᠢᠯᠡᠯᠲᠡ ᠶᠢ ᠠᠬᠢᠭᠤᠯᠵᠤ᠂ ᠮᠠᠯᠴᠢᠨ ᠲᠠᠷᠢᠶᠠᠴᠢᠨ   ᠤ ᠤᠢ ᠰᠢᠭᠤᠢ ᠡᠵᠡᠩᠨᠡᠬᠦ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠨ᠎ᠡ︔  ᠬᠠᠮᠲᠤ ᠶᠢᠨ ᠤᠢ ᠮᠤᠳᠤᠨ ᠤ ᠡᠷᠬᠡ ᠶᠢᠨ ᠳᠥᠷᠢᠮ᠂ ᠤᠯᠤᠰ ᠤᠨ ᠥᠮᠴᠢᠯᠡᠯᠲᠦ ᠤᠢ ᠰᠢᠭᠤᠢ ᠶᠢᠨ ᠲᠠᠯᠠᠪᠠᠢ ᠵᠡᠷᠭᠡ ᠲᠠᠯ᠎ᠠ ᠶᠢᠨ ᠴᠢᠬᠤᠯᠡ ᠶᠡᠭᠡ ᠤᠢ ᠰᠢᠭᠤᠢ   ᠶᠢᠨ ᠥᠭᠡᠷᠡᠴᠢᠯᠡᠯᠲᠡ ᠶᠢᠨ ᠰᠠᠨᠠᠯ ᠢ ᠲᠣᠭᠤᠷᠪᠢᠨ ᠲᠣᠭᠲᠠᠭᠠᠬᠤ ᠶᠢᠨ ᠬᠠᠮᠲᠤ ᠵᠢᠭᠠᠨ ᠵᠢᠯᠤᠭᠤᠳᠴᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠲᠠᠷᠢᠶᠠᠯᠠᠬᠤ ᠮᠠᠯᠵᠢᠬᠤ ᠤᠷᠤᠨ ᠤ ᠤᠢ ᠰᠢᠭᠤᠢ ᠶᠢ ᠬᠥᠭᠵᠢᠭᠦᠯᠬᠦ᠂ ᠮᠠᠯᠴᠢᠨ ᠲᠠᠷᠢᠶᠠᠴᠢᠨ ᠤ ᠤᠢ ᠰᠢᠭᠤᠢ ᠡᠵᠡᠩᠨᠡᠬᠦ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ︔ ᠲᠠᠷᠢᠶᠠᠯᠠᠬᠤ ᠮᠠᠯᠵᠢᠬᠤ ᠤᠷᠤᠨ ᠤ ᠣᠶᠢᠲᠤ ᠭᠠᠵᠠᠷ ᠢ  ᠳᠠᠭᠠᠭᠠᠴᠢᠯᠠᠨ ᠡᠵᠡᠩᠨᠡᠬᠦ ᠪᠠ ᠤᠢ ᠶᠢᠨ ᠡᠷᠬᠡ ᠶᠢᠨ ᠡᠷᠭᠢᠯᠲᠡ ᠶᠢ ᠵᠢᠭᠠᠨ ᠵᠢᠯᠤᠭᠤᠳᠤᠨ  ᠬᠢᠨᠠᠯᠲᠠ ᠲᠠᠯᠪᠢᠵᠤ᠂  ᠤᠢ ᠶᠢᠨ ᠡᠷᠬᠡ ᠶᠢᠨ ᠵᠢᠭᠤᠷᠠᠯᠳᠤᠭᠠᠨ ᠢ ᠪᠠᠶᠢᠴᠠᠭᠠᠨ ᠰᠢᠢᠳᠪᠤᠷᠢᠯᠡᠬᠦ ᠪᠠ ᠣᠶᠢᠲᠤ ᠭᠠᠵᠠᠷ ᠤᠨ ᠳᠠᠭᠠᠭᠠᠴᠢᠯᠠᠯᠲᠠ   ᠶᠢᠨ ᠭᠡᠷ᠎ᠡ ᠶᠢᠨ ᠵᠢᠭᠤᠷᠠᠯᠳᠤᠭᠠᠨ ᠢ ᠬᠦᠨᠳᠡᠯᠡᠨ ᠠᠴᠠ ᠲᠠᠰᠤᠯᠬᠤ   ᠶᠢ ᠵᠢᠭᠠᠨ ᠵᠢᠯᠤᠭᠤᠳᠤᠨ᠎ᠠ︔  ᠲᠠᠷᠢᠶᠠᠯᠠᠬᠤ   ᠶᠢ  ᠵᠤᠭᠰᠤᠭᠠᠵᠦ  ᠣᠢ  ᠰᠢᠭᠤᠢ  ᠶᠢ  ᠰᠡᠷᠭᠦᠭᠡᠬᠦ  ᠠᠵᠢᠯ ᠢ ᠬᠠᠤᠯᠢ ᠶᠤᠰᠤᠭᠠᠷ ᠬᠠᠷᠢᠭᠤᠴᠠᠨ᠎ᠠ  ᠃       ︵ᠶᠢᠰᠦ︶ ᠡᠯ᠎ᠡ ᠠᠵᠤ ᠦᠢᠯᠡᠰ ᠠᠴᠠ ᠣᠢ ᠰᠢᠭᠤᠢ᠂ ᠨᠣᠶᠢᠲᠠᠨ ᠭᠠᠵᠠᠷ᠂ ᠡᠯᠡᠰᠦᠨ ᠴᠦᠯ ᠪᠣᠯᠣᠨ ᠡᠬᠡ  ᠬᠠᠭᠤᠷᠠᠢ ᠶᠢᠨ ᠬᠡᠬᠡᠷ᠎ᠠ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠨᠡᠬᠡᠬᠡᠨ ᠠᠰᠢᠭᠯᠠᠬᠤ ᠶᠢ ᠬᠢᠨᠠᠨ ᠪᠠᠶᠢᠴᠠᠭᠠᠨ᠎ᠠ  ︔ ᠪᠥᠬᠦ ᠰᠢᠶᠠᠨ ᠤ ᠣᠢ ᠰᠢᠭᠤᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠲᠥᠷᠥ ᠶᠢᠨ  ᠪᠣᠳᠤᠯᠭ᠎ᠠ ᠶᠢ ᠲᠣᠭᠲᠠᠭᠠᠵᠤ᠂ ᠣᠢ ᠰᠢᠭᠤᠢ ᠶᠢᠨ ᠭᠠᠷᠤᠯᠳᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠣᠳᠣᠷᠢᠳᠣᠨ᠎ᠠ︔ ᠲᠠᠸᠠᠷ ᠤᠨ ᠣᠢ ᠶᠢᠨ ᠬᠥᠭᠵᠢᠯᠲᠡ ᠪᠠ ᠠᠰᠢᠭᠯᠠᠯᠲᠠ ᠶᠢ ᠵᠢᠯᠤᠭᠤᠳᠴᠤ᠂  ᠠᠭᠤᠯᠠᠷᠬᠠᠭ ︵ᠡᠯᠡᠰᠦᠷᠬᠡᠭ︶ ᠣᠷᠣᠨ ᠢ ᠶᠡᠷᠦᠩᠬᠡᠶᠢᠯᠡᠨ ᠨᠡᠬᠡᠬᠡᠨ ᠬᠦᠭᠵᠢᠬᠦᠯᠬᠦ ᠶᠢ ᠵᠢᠯᠤᠭᠤᠳᠤᠨ᠎ᠠ᠃       ︵ᠠᠷᠪᠠ︶ ᠪᠥᠬᠦ ᠰᠢᠶᠠᠨ ᠤ ᠣᠢ ᠰᠢᠭᠤᠢ ᠨᠣᠳᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠵᠣᠬᠢᠶᠠᠨ  ᠪᠠᠶᠢᠭᠤᠯᠬᠤ᠂ ᠵᠣᠬᠢᠴᠠᠭᠤᠯᠬᠤ᠂ ᠵᠢᠯᠤᠭᠤᠳᠬᠤ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠵᠦ᠂ ᠣᠢ  ᠰᠢᠭᠤᠢ ᠶᠢᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠪᠣᠯᠣᠨ ᠲᠣᠰᠬᠠᠢ ᠭᠠᠯ ᠣᠨᠲᠠᠷᠠᠭᠠᠬᠤ ᠡᠩᠨᠡᠭᠡ ᠶᠢᠨ ᠭᠠᠯ  ᠰᠡᠷᠭᠡᠶᠢᠯᠡᠨ ᠣᠨᠲᠠᠷᠠᠭᠠᠬᠤ ᠠᠵᠢᠯ ᠢ ᠵᠣᠬᠢᠶᠠᠨ ᠪᠠᠶᠢᠭᠤᠯᠤᠨ ᠵᠤᠬᠢᠴᠠᠭᠤᠯᠬᠤ ᠪᠠ ᠵᠢᠯᠣᠭᠤᠳᠣᠨ᠎ᠠ︔ ᠰᠢᠶᠠᠨ ᠤ ᠣᠢ ᠰᠢᠭᠤᠢ ᠨᠣᠳᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ ᠪᠣᠲᠠᠲᠠᠢ ᠠᠵᠢᠯ ᠢ ᠡᠭᠦᠷᠭᠡᠯᠡᠵᠦ᠂ ᠣᠢ ᠰᠢᠭᠤᠢ ᠶᠢᠨ ᠵᠠᠰᠠᠭ ᠵᠠᠬᠢᠷᠭᠠᠨ ᠤ ᠬᠠᠦᠯᠢ ᠬᠡᠷᠡᠭᠵᠢᠭᠦᠯᠬᠦ ᠶᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠪᠥᠬᠦ ᠰᠢᠶᠠᠨ ᠤ ᠣᠢ ᠰᠢᠭᠤᠢ ᠶᠢᠨ ᠲᠣᠲᠣᠭᠠᠳᠣ ᠶᠢ ᠬᠠᠮᠠᠭᠠᠯᠠᠬᠤ  ᠠᠵᠢᠯ ᠢ ᠵᠢᠯᠤᠭᠤᠳᠴᠤ᠂ ᠣᠢ ᠰᠢᠭᠤᠢ ᠶᠢᠨ ᠲᠣᠲᠣᠭᠠᠳᠣ ᠶᠢ ᠬᠠᠮᠠᠭᠠᠯᠠᠬᠤ ᠡᠩᠨᠡᠭᠡ ᠶᠢ ᠬᠢᠨᠠᠨ ᠬᠠᠮᠢᠶᠠᠷᠴᠤ᠂ ᠪᠥᠬᠦ ᠰᠢᠶᠠᠨ ᠤ ᠣᠢ ᠰᠢᠭᠤᠢ ᠶᠢᠨ ᠬᠥᠨᠳᠣ ᠶᠡᠭᠡ ᠬᠠᠦᠯᠢ ᠠᠴᠠ ᠵᠦᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ  ᠠᠵᠢᠯ ᠢ ᠵᠢᠯᠤᠭᠤᠳᠤᠨ᠎ᠠ︔ ᠣᠢ ᠰᠢᠭᠤᠢ ᠶᠢᠨ ᠬᠤᠣᠷ ᠬᠥᠨᠦᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ᠂  ᠬᠢᠵᠢᠭ ᠪᠠᠶᠢᠴᠠᠭᠠᠬᠤ ᠠᠵᠢᠯ ᠢ ᠵᠢᠯᠤᠭᠤᠳᠤᠨ᠎ᠠ᠃       ︵ᠠᠷᠪᠠᠨ ᠨᠢᠭᠡ︶ ᠪᠥᠬᠦ ᠰᠢᠶᠠᠨ ᠤ ᠣᠢ ᠰᠢᠭᠤᠢ ᠶᠢᠨ ᠠᠵᠤ ᠠᠬᠤᠢ ᠶᠢᠨ ᠲᠣᠬᠢᠷᠠᠭᠤᠯᠭ᠎ᠠ ᠪᠠ ᠣᠢ ᠰᠢᠭᠤᠢ ᠶᠢᠨ  ᠪᠡᠯᠡ ᠣᠷᠤᠭᠤᠯᠤᠯᠲᠠ ᠶᠢᠨ ᠲᠥᠷᠥ ᠶᠢᠨ ᠪᠣᠳᠤᠯᠭ᠎ᠠ ᠶᠢ ᠲᠣᠭᠤᠷᠪᠢᠨ ᠲᠣᠭᠲᠠᠭᠠᠬᠤ ᠳᠤ ᠣᠷᠣᠯᠴᠠᠵᠤ᠂ ᠪᠥᠬᠦ ᠰᠢᠶᠠᠨ ᠤ ᠣᠢ ᠰᠢᠭᠤᠢ ᠵᠢᠴᠢ ᠠᠮᠢ ᠠᠬᠤᠢ ᠶᠢᠨ ᠪᠥᠲᠦᠭᠡᠨ ᠪᠠᠶᠢᠭᠤᠯᠣᠯᠲᠠ ᠶᠢᠨ ᠠᠮᠢ ᠠᠬᠤᠢ ᠶᠢᠨ  ᠨᠥᠬᠦᠪᠦᠷᠢ ᠶᠢᠨ ᠳᠦᠷᠢᠮ ᠪᠠᠶᠢᠭᠤᠯᠬᠤ ᠪᠠ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ ᠵᠢᠯᠤᠭᠤᠳᠤᠨ᠎ᠠ ︔ ᠰᠠᠯᠠᠭ᠎ᠠ ᠮᠦᠴᠢᠷ ᠤᠨ ᠲᠦᠰᠤᠪ ᠢ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠣᠨ ᠬᠡᠷᠡᠭᠵᠢᠭᠦᠯᠦᠨ᠎ᠡ︔  ᠪᠦᠭᠦ ᠰᠢᠶᠠᠨ ᠤ ᠣᠢ ᠰᠢᠭᠤᠢ ᠶᠢᠨ ᠪᠡᠯᠡ ᠮᠥᠩᠭᠦ ᠶᠢ ᠬᠠᠮᠢᠶᠠᠷᠴᠤ᠂ ᠪᠥᠬᠦ ᠰᠢᠶᠠᠨ ᠤ ᠣᠢ ᠰᠢᠭᠤᠢ ᠶᠢᠨ ᠪᠡᠯᠡ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠳᠤ ᠬᠢᠨᠠᠯᠲᠠ ᠲᠠᠯᠪᠢᠨ᠎ᠠ︔ ᠤᠯᠤᠰ ᠤᠨ ᠥᠮᠴᠢᠯᠡᠯ ᠤᠨ ᠣᠢ ᠰᠢᠭᠤᠢ ᠶᠢᠨ ᠡᠳ᠋ ᠬᠥᠷᠥᠩᠭᠡ ᠶᠢ ᠬᠢᠨᠠᠨ ᠬᠠᠮᠢᠶᠠᠷᠴᠤ᠂ ᠬᠤᠯᠪᠤᠭᠳᠠᠯ ᠪᠥᠬᠦᠢ ᠲᠣᠭᠲᠠᠭᠠᠯ  ᠶᠣᠰᠤᠭᠠᠷ ᠭᠤᠣᠯᠳᠠᠯᠭ᠎ᠠ ᠲᠠᠢ ᠣᠢ ᠰᠢᠭᠤᠢ ᠶᠢᠨ ᠪᠥᠲᠦᠭᠡᠨ ᠪᠠᠶᠢᠭᠤᠯᠣᠯᠲᠠ ᠶᠢᠨ ᠲᠥᠷᠥᠯ ᠵᠦᠢᠯ ᠤᠳ ᠢ ᠬᠢᠨᠠᠨ  ᠬᠠᠷᠭᠤᠭᠤᠯᠤᠨ᠎ᠠ︔ ᠪᠥᠬᠦ ᠰᠢᠶᠠᠨ ᠤ ᠣᠢ ᠰᠢᠭᠤᠢ ᠵᠢᠴᠢ ᠠᠮᠢ ᠠᠬᠤᠢ ᠶᠢᠨ ᠪᠥᠲᠦᠭᠡᠨ ᠪᠠᠶᠢᠭᠤᠯᠣᠯᠲᠠ ᠶᠢᠨ ᠣᠨ ᠤ ᠦᠢᠯᠡᠳᠪᠦᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ ᠲᠣᠭᠲᠠᠭᠠᠨ᠎ᠠ᠃       ︵ᠠᠷᠪᠠᠨ ᠬᠤᠶᠠᠷ︶ ᠪᠥᠬᠦ ᠰᠢᠶᠠᠨ ᠤ ᠣᠢ ᠰᠢᠭᠤᠢ ᠵᠢᠴᠢ ᠠᠮᠢ ᠠᠬᠤᠢ ᠶᠢᠨ ᠪᠥᠲᠦᠭᠡᠨ  ᠪᠠᠶᠢᠭᠤᠯᠣᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ᠂ ᠪᠣᠯᠪᠠᠰᠤᠷᠠᠯ ᠪᠠ ᠭᠠᠳᠠᠭᠠᠳᠤ ᠶᠠᠪᠤᠳᠠᠯ ᠤᠨ ᠠᠵᠢᠯ ᠢ  ᠵᠣᠬᠢᠶᠠᠨ ᠪᠠᠶᠢᠭᠤᠯᠣᠨ ᠵᠢᠯᠣᠭᠤᠳᠣᠨ᠎ᠠ︔ ᠪᠥᠬᠦ ᠰᠢᠶᠠᠨ ᠤ ᠣᠢ ᠰᠢᠭᠤᠢ ᠶᠢᠨ ᠡᠩᠨᠡᠭᠡ ᠶᠢᠨ ᠪᠠᠶᠢᠭᠤᠯᠣᠯᠲᠠ ᠶᠢ  ᠵᠢᠯᠣᠭᠤᠳᠣᠨ᠎ᠠ᠃       ︵ᠠᠷᠪᠠᠨ ᠭᠤᠷᠪᠡ︶ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ  ᠬᠦᠢᠴᠡᠳᠭᠡᠯᠭᠡᠬᠦ ᠪᠠᠷ ᠲᠤᠰᠢᠶᠠᠭᠰᠠᠨ ᠪᠣᠰᠤᠳ ᠬᠡᠷᠡᠭ ᠶᠠᠪᠤᠳᠠᠯ ᠢ ᠳᠠᠭᠠᠭᠠᠨ ᠭᠦᠢᠴᠡᠳᠭᠡᠨ᠎ᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号