ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠣᠯᠳᠠ ᠶᠢᠨ ᠲᠤᠪᠴᠢᠶ᠎ᠠ | ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠣᠯᠣᠰ ᠪᠣᠯᠣᠨ ᠦᠪᠡᠷᠳᠡᠭᠡᠨ ᠵᠠᠰᠠᠬᠤ ᠤᠷᠤᠨ ᠤ ᠢᠳᠡᠭᠡᠨ᠂ ᠡᠮ ᠤᠨ ᠵᠦᠢᠯ᠂ | ᠡᠮᠴᠢᠯᠡᠭᠡᠨ ᠤ ᠮᠠᠰᠢᠨ ᠪᠠᠭᠠᠵᠢ᠂ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠪᠣᠯᠣᠨ ᠬᠡᠷᠡᠭᠯᠡᠭᠡᠨ ᠤ | ᠭᠤᠭᠴᠤᠭ᠎ᠠ ᠶᠢᠨ ᠢᠳᠡᠭᠡᠨ ᠤ ᠠᠶᠤᠯ ᠦᠭᠡᠢ ᠳᠤ ᠬᠢᠨᠡᠯᠳᠡ ᠲᠠᠯᠪᠢᠵᠤ ᠬᠠᠮᠢᠶᠠᠷᠬᠤ ᠴᠢᠭᠯᠡᠯᠳᠡ᠂ | ᠲᠦᠷᠦ ᠶᠢᠨ ᠪᠣᠳᠣᠯᠭ᠎ᠠ᠂ ᠲᠦᠯᠦᠪᠵᠢᠭᠦᠯᠭᠡ ᠪᠣᠯᠣᠨ ᠬᠠᠣᠯᠢ ᠴᠠᠭᠠᠵᠠ᠂ ᠬᠠᠣᠯᠢ ᠲᠤᠭᠳᠠᠭᠠᠯ ᠂ ᠳᠦᠷᠢᠮ | ᠲᠤᠭᠳᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ︔ ᠪᠦᠬᠦ ᠰᠢᠶᠠᠨ ᠤ ᠡᠮ ᠤᠨ ᠵᠦᠢᠯ ᠪᠠ ᠡᠮᠴᠢᠯᠡᠭᠡᠨ ᠤ ᠮᠠᠰᠢᠨ | ᠪᠠᠭᠠᠵᠢ᠂ ᠬᠡᠷᠡᠭᠯᠡᠭᠡᠨ ᠤ ᠭᠤᠭᠴᠤᠭ᠎ᠠ ᠶᠢᠨ ᠢᠳᠡᠭᠡᠨ ᠤ ᠠᠶᠤᠯ ᠦᠭᠡᠢ ᠳᠤ ᠬᠢᠨᠠᠯᠳᠠ ᠲᠠᠯᠪᠢᠵᠤ ᠬᠠᠮᠢᠶᠠᠷᠬᠤ᠂ | ᠡᠷᠡᠭᠦᠯᠵᠢᠯ ᠤᠨ ᠢᠳᠡᠭᠡᠨ ᠪᠠ ᠭᠤᠶᠣᠯᠠᠯ ᠤᠨ ᠡᠳ᠋ ᠤᠨ ᠡᠷᠡᠭᠦᠯ ᠬᠠᠮᠠᠭᠠᠯᠠᠯ ᠳᠤ ᠬᠢᠨᠠᠯᠳᠠ ᠲᠠᠯᠪᠢᠵᠤ ᠬᠠᠮᠢᠶᠠᠷᠬᠤ | ᠲᠦᠷᠦ ᠶᠢᠨ ᠪᠣᠳᠣᠯᠭ᠎ᠠ᠂ ᠠᠵᠢᠯ ᠤᠨ ᠲᠦᠯᠦᠪᠵᠢᠭᠦᠯᠭᠡ ᠶᠢ ᠰᠣᠳᠣᠯᠣᠨ ᠲᠣᠭᠳᠠᠭᠠᠬᠤ ᠶᠢᠨ ᠬᠠᠮᠲᠤ ᠬᠢᠨᠠᠯᠳᠠ | ᠲᠠᠯᠪᠢᠨ ᠬᠡᠷᠡᠭᠵᠢᠭᠦᠯᠦᠨ᠎ᠡ︔ ᠬᠠᠮᠢᠶ᠎ᠠ ᠪᠦᠭᠦᠢ ᠢᠳᠡᠭᠡᠨ ᠡᠮ ᠤᠨ ᠵᠤᠶᠢᠯ ᠳᠤ ᠬᠢᠨᠠᠯᠲᠠ ᠲᠠᠯᠪᠢᠨ ᠬᠠᠮᠢᠶᠠᠷᠬᠤ | ᠣᠷᠣᠨ ᠨᠣᠳᠤᠭ ᠤᠨ ᠲᠥᠷᠢᠮᠵᠢᠭᠦᠨ ᠴᠢᠨᠠᠷᠲᠠᠢ ᠮᠠᠲ᠋ᠧᠷᠢᠶᠠᠯ ᠤᠨ ᠡᠬᠡ ᠨᠣᠣᠷᠠᠭ ᠢ ᠲᠤᠭᠤᠷᠪᠢᠬᠤ ᠳᠤ | ᠣᠷᠣᠯᠴᠠᠨ᠎ᠠ᠃ | ︵ᠬᠤᠶᠠᠷ︶ ᠬᠡᠷᠡᠭᠯᠡᠭᠡᠨ ᠤ ᠭᠤᠭᠴᠤᠭ᠎ᠠ ᠶᠢᠨ ᠢᠳᠡᠭᠡᠨ ᠤ ᠡᠷᠡᠭᠦᠯ ᠬᠠᠮᠠᠭᠠᠯᠠᠯ ᠤᠨ ᠵᠦᠪᠰᠢᠶᠡᠷᠡᠯ ᠪᠠ | ᠢᠳᠡᠭᠡᠨ ᠤ ᠠᠶᠤᠯ ᠦᠭᠡᠢ ᠳᠤ ᠬᠢᠨᠠᠯᠳᠠ ᠲᠠᠯᠪᠢᠵᠤ ᠬᠠᠮᠢᠶᠠᠷᠬᠤ ᠶᠢ ᠬᠠᠷᠢᠭᠤᠴᠠᠵᠣ᠂ ᠬᠡᠷᠡᠭᠯᠡᠭᠡᠨ ᠤ | ᠭᠤᠭᠴᠤᠭ᠎ᠠ ᠶᠢᠨ ᠢᠳᠡᠭᠡᠨ ᠤ ᠠᠶᠤᠯ ᠦᠭᠡᠢ ᠶᠢᠨ ᠬᠠᠮᠢᠶᠠᠷᠣᠯᠳᠠ ᠶᠢᠨ ᠵᠢᠷᠤᠮᠵᠢᠯ ᠳᠤ ᠬᠢᠨᠠᠯᠳᠠ ᠲᠠᠯᠪᠢᠵᠤ | ᠬᠡᠷᠡᠭᠵᠢᠭᠦᠯᠦᠨ᠎ᠡ︔ ᠬᠡᠷᠡᠭᠯᠡᠭᠡᠨ ᠤ ᠭᠤᠭᠴᠤᠭ᠎ᠠ ᠶᠢᠨ ᠢᠳᠡᠭᠡᠨ ᠤ ᠠᠶᠤᠯ ᠦᠭᠡᠢ ᠶᠢᠨ ᠪᠠᠶᠢᠳᠠᠯ ᠢ ᠪᠠᠶᠢᠴᠠᠭᠠᠬᠤ | ᠪᠠ ᠰᠢᠯᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠵᠤ᠂ ᠬᠡᠷᠡᠭᠯᠡᠭᠡᠨ ᠤ ᠭᠤᠭᠴᠤᠭ᠎ᠠ ᠶᠢᠨ | ᠢᠳᠡᠭᠡᠨ ᠤ ᠠᠶᠤᠯ ᠦᠭᠡᠢ ᠶᠢᠨ ᠬᠢᠨᠠᠨ ᠬᠠᠮᠢᠶᠠᠷᠣᠯᠳᠠ ᠳᠤ ᠬᠤᠯᠪᠣᠭᠳᠠᠯ ᠲᠠᠢ ᠮᠡᠳᠡᠭᠡ ᠵᠠᠩᠭᠢ ᠶᠢ ᠨᠡᠶᠢᠳᠡᠯᠡᠨ᠎ᠡ᠃ | ︵ᠭᠤᠷᠪᠠ︶ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠤᠨ ᠡᠷᠡᠬᠦᠯ ᠬᠠᠮᠠᠭᠠᠯᠠᠯ ᠳᠤ | ᠬᠢᠨᠠᠯᠲᠠ ᠲᠡᠯᠪᠢᠵᠦ ᠬᠠᠮᠢᠶᠠᠷᠬᠤ ᠠᠵᠢᠯ ᠢ ᠬᠠᠷᠢᠭᠤᠴᠠᠵᠣ᠂ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠤᠨ | ᠡᠷᠡᠭᠦᠯ ᠬᠠᠮᠠᠭᠠᠯᠠᠯ ᠤᠨ ᠵᠦᠪᠰᠢᠶᠡᠷᠡᠯ᠂ ᠵᠠᠰᠠᠭ ᠵᠠᠬᠢᠷᠭᠠᠨ ᠢᠶᠠᠷ ᠬᠢᠨᠠᠯᠳᠠ ᠲᠠᠯᠪᠢᠵᠤ ᠬᠠᠮᠢᠶᠠᠷᠬᠤ ᠶᠢ | ᠬᠠᠷᠢᠭᠤᠴᠠᠨ᠎ᠠ︔ ᠣᠯᠣᠰ ᠤᠨ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠤᠨ ᠡᠷᠡᠭᠦᠯ ᠬᠠᠮᠠᠭᠠᠯᠠᠯ ᠤᠨ | ᠪᠠᠷᠢᠮᠵᠢᠶ᠎ᠠ᠂ ᠦᠢᠯᠡᠳᠪᠦᠷᠢᠯᠡᠵᠦ ᠡᠵᠡᠩᠨᠡᠬᠦ ᠬᠠᠮᠢᠶᠠᠷᠣᠯᠳᠠ ᠶᠢᠨ ᠵᠢᠷᠤᠮᠵᠢᠯ ᠪᠣᠯᠣᠨ ᠮᠡᠷᠭᠡᠵᠢᠯ ᠤᠨ ᠵᠢᠷᠤᠮᠵᠢᠯ ᠢ | ᠬᠢᠨᠠᠯᠳᠠ ᠲᠠᠯᠪᠢᠨ ᠭᠡᠷᠩᠵᠢᠭᠦᠯᠦᠨ᠎ᠡ᠃ | ︵ᠲᠦᠷᠪᠡ︶ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠳᠤ ᠵᠠᠰᠠᠭ ᠵᠠᠬᠢᠷᠭᠠᠨ ᠢᠶᠠᠷ | ᠬᠢᠨᠠᠯᠳᠠ ᠲᠠᠯᠪᠢᠬᠤ ᠶᠢ ᠬᠠᠷᠢᠭᠤᠴᠠᠨ᠂ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠶᠢ ᠰᠤᠳᠤᠯᠤᠨ ᠵᠤᠬᠢᠶᠠᠬᠤ | ᠂ ᠂ ᠦᠢᠯᠡᠳᠪᠦᠷᠢᠯᠡᠯ᠂ ᠡᠵᠡᠩᠨᠡᠬᠦ᠂ ᠬᠦᠢᠯᠭᠡᠭᠡ ᠬᠡᠷᠩᠯᠡᠯᠲᠡ ᠵᠢᠨᠲ᠋ᠠᠯ᠎ᠠ ᠶᠢᠨ ᠶᠠᠰᠣ ᠴᠢᠨᠠᠷ ᠤᠨ ᠬᠠᠮᠢᠶᠠᠷᠣᠯᠳᠠ | ᠶᠢ ᠲᠥᠷᠢᠮᠵᠢᠬᠦᠯᠬᠦ ᠶᠢ ᠬᠢᠨᠠᠯᠲᠠ ᠲᠠᠯᠪᠢᠨ ᠭᠡᠷᠩᠵᠢᠭᠦᠯᠦᠨ᠎ᠡ︔ | ︵ᠲᠠᠪᠤ︶ ᠣᠯᠣᠰ ᠤᠨ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠶᠢᠨ ᠪᠠᠷᠢᠮᠵᠢᠶ᠎ᠠ ᠶᠢ | ᠬᠢᠨᠠᠯᠳᠠ ᠲᠠᠯᠪᠢᠨ ᠬᠡᠷᠡᠭᠵᠢᠭᠦᠯᠵᠦ᠂ ᠡᠮ ᠤᠨ ᠵᠦᠢᠯ ᠤᠨ ᠮᠠᠭᠤ ᠤᠷᠪᠠᠯ᠂ ᠡᠮᠴᠢᠯᠡᠭᠡᠨ ᠤ ᠮᠠᠰᠢᠨ | ᠪᠠᠭᠠᠵᠢ ᠶᠢᠨ ᠮᠠᠭᠤ ᠬᠡᠷᠡᠭ ᠪᠠ ᠡᠮ ᠢ ᠲᠣᠷ᠎ᠠ ᠪᠠᠷ ᠬᠡᠷᠡᠭᠯᠡᠬᠦ ᠶᠢ ᠬᠢᠨᠠᠨ ᠬᠡᠮᠵᠢᠬᠦ ᠠᠵᠢᠯ ᠢ ᠵᠣᠬᠢᠶᠠᠨ | ᠪᠠᠶᠢᠭᠤᠯᠤᠨ ᠦᠷᠨᠢᠭᠦᠯᠦᠨ᠎ᠡ︔ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠣᠯᠣᠰ ᠤᠨ | ᠦᠨᠳᠦᠰᠦᠨ ᠡᠮ ᠤᠨ ᠲᠦᠷᠢᠮ ᠢ ᠬᠡᠷᠡᠭᠵᠢᠭᠦᠯᠦᠨ᠎ᠡ︔ ᠲᠤᠰ ᠵᠠᠰᠠᠭ ᠵᠠᠬᠢᠷᠭᠠᠨ ᠤ ᠭᠡᠪᠴᠢᠶᠡᠨ ᠳᠠᠬᠢ ᠵᠣᠷ | ᠤᠨ ᠡᠮ ᠪᠣᠯᠣᠨ ᠵᠣᠷ ᠤᠨ ᠪᠣᠰᠣ ᠡᠮ ᠢ ᠲᠦᠷᠦᠯ ᠬᠤᠪᠢᠶᠠᠨ ᠬᠠᠮᠢᠶᠠᠷᠬᠤ ᠲᠦᠷᠢᠮ ᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠨ᠎ᠠ᠃ | ︵ᠵᠢᠷᠭᠤᠭ᠎ᠠ︶ ᠡᠮ ᠤᠨ ᠪᠤᠭᠤᠯᠲᠠ᠂ ᠲᠠᠸᠠᠷ ᠤᠨ ᠲᠡᠮᠳᠡᠭ᠂ ᠭᠡᠷᠩᠯᠡᠬᠦ ᠲᠤᠳᠤᠷᠬᠠᠶᠢᠯᠡᠯᠲᠠ | ᠵᠢᠴᠢ ᠰᠢᠭᠤᠳ ᠬᠦᠷᠦᠯᠴᠡᠬᠦ ᠡᠮ ᠤᠨ ᠪᠤᠭᠤᠯᠲᠠ ᠳᠤ ᠬᠢᠨᠡᠯᠲᠠ ᠲᠠᠯᠪᠢᠨ ᠬᠠᠮᠢᠶᠠᠷᠬᠤ ᠶᠢ ᠬᠠᠷᠢᠭᠤᠴᠠᠨ᠎ᠠ᠃ ᠬᠢᠳᠠᠳ | ᠂ ᠦᠨᠳᠦᠰᠦᠳᠡᠨ ᠤ ᠡᠮ ᠳᠤ ᠬᠢᠨᠠᠯᠳᠠ ᠲᠠᠯᠪᠢᠨ ᠬᠠᠮᠢᠶᠠᠷᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠬᠠᠷᠢᠭᠤᠴᠠᠵᠣ᠂᠂ ᠬᠢᠳᠠᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠬᠦ ᠶᠠᠰᠦ ᠴᠢᠨᠠᠷ ᠤᠨ ᠬᠠᠮᠢᠶᠠᠷᠣᠯᠳᠠ᠂ ᠬᠢᠳᠠᠳ | ᠡᠮ ᠤᠨ ᠴᠢᠨᠠᠬᠤ ᠡᠮ ᠦᠢᠯᠡᠳᠬᠦ ᠵᠡᠷᠭᠡ ᠵᠢᠷᠤᠮᠵᠢᠯ ᠢ ᠬᠢᠨᠠᠯᠳᠠ ᠲᠠᠯᠪᠢᠨ ᠬᠡᠷᠡᠭᠵᠢᠭᠦᠯᠦᠨ᠎ᠡ︔ ᠬᠢᠳᠠᠳ ᠡᠮ ᠤᠨ | ᠲᠦᠷᠦᠯ ᠵᠦᠢᠯ ᠢ ᠬᠠᠮᠠᠭᠠᠯᠠᠬᠤ ᠲᠦᠷᠢᠮ ᠢ ᠬᠠᠣᠯᠢ ᠶᠣᠰᠣᠭᠠᠷ ᠬᠡᠷᠡᠭᠵᠢᠭᠦᠯᠦᠨ᠎ᠡ᠃ | ︵ ᠲᠤᠯᠤᠭ᠎ᠠ︶ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠪᠣᠯᠣᠨ ᠬᠡᠷᠡᠭᠯᠡᠭᠡᠨ ᠤ | ᠭᠤᠭᠴᠤᠭ᠎ᠠ ᠶᠢᠨ ᠢᠳᠡᠭᠡᠨ ᠤ ᠠᠶᠤᠯ ᠦᠭᠡᠢ ᠶᠢᠨ ᠲᠠᠯ᠎ᠠ ᠶᠢᠨ ᠬᠠᠣᠯᠢ ᠠᠴᠠ ᠵᠦᠷᠢᠴᠡᠭᠰᠡᠨ ᠦᠢᠯᠡ | ᠠᠵᠢᠯᠯᠠᠭ᠎ᠠ᠂ ᠵᠢᠴᠢ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠰᠣᠳᠣᠯᠣᠨ ᠦᠢᠯᠡᠳᠬᠦ᠂ | ᠦᠢᠯᠡᠳᠪᠦᠷᠢᠯᠡᠬᠦ᠂ ᠡᠵᠡᠩᠨᠡᠬᠦ ᠬᠡᠷᠡᠭᠯᠡᠬᠦ᠂ ᠲᠠᠯ᠎ᠠ ᠶᠢᠨ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ | ᠪᠠᠶᠢᠴᠠᠭᠠᠨ ᠰᠢᠢᠳᠪᠦᠷᠢᠯᠡᠨ᠎ᠡ᠃ | ︵ ᠨᠠᠢᠮᠠ︶ ᠮᠢᠨᠴᠦᠭᠦᠷᠡᠭᠦᠯᠬᠦ ᠡᠮ᠂ ᠣᠶᠣᠨ ᠮᠡᠳᠡᠷᠡᠯ ᠤᠨ ᠡᠮ᠂ ᠬᠤᠣᠷᠡᠳᠣ ᠴᠢᠨᠠᠷᠲᠠᠢ ᠡᠮ᠂ | ᠰᠠᠴᠣᠷᠠᠮᠠᠬᠠᠢ ᠴᠢᠨᠠᠷᠲᠠᠢ ᠡᠮ᠂ ᠬᠤᠣᠷᠡ ᠬᠢᠯᠪᠠᠷᠬᠠᠨ ᠦᠢᠯᠡᠳᠬᠦ ᠬᠢᠮᠢ ᠶᠢᠨ ᠡᠳ᠋᠂ ᠡᠮ ᠠᠴᠠ ᠡᠭᠦᠰᠬᠦ | ᠴᠢᠨᠠᠷᠲᠠᠢ ᠬᠦᠭᠰᠡᠭᠦᠯᠬᠦ ᠡᠳ᠋ ᠬᠢᠭᠡᠳ ᠣᠨᠴᠣᠭᠤᠢ ᠲᠦᠷᠦᠯ ᠤᠨ ᠡᠮ ᠮᠠᠰᠢᠨ ᠢ ᠬᠢᠨᠠᠯᠳᠠ ᠲᠠᠯᠪᠢᠨ ᠬᠠᠮᠢᠶᠠᠷᠣᠨᠡ︔ | ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠣᠯᠣᠨ ᠬᠡᠷᠡᠭᠯᠡᠭᠡᠨ ᠤ ᠭᠤᠭᠴᠤᠭ᠎ᠠ ᠶᠢᠨ ᠢᠳᠡᠭᠡᠨ ᠤ ᠠᠶᠤᠯ | ᠦᠭᠡᠢ ᠪᠠᠴᠢᠮ ᠪᠠᠶᠢᠳᠠᠯ ᠢ ᠰᠢᠢᠳᠪᠦᠷᠢᠯᠡᠬᠦ᠂ ᠲᠦᠭᠰᠢᠭᠦᠷᠢ ᠶᠢ ᠦᠨᠡᠯᠡᠨ ᠵᠢᠱᠢᠬᠦ ᠪᠠ ᠡᠮ ᠤᠨ ᠵᠦᠢᠯ᠂ | ᠡᠮᠴᠢᠯᠡᠭᠡᠨ ᠤ ᠮᠠᠰᠢᠨ ᠪᠠᠭᠠᠵᠢ ᠶᠢ ᠡᠭᠡᠭᠦᠯᠦᠨ ᠬᠤᠷᠢᠶᠠᠬᠤ ᠶᠢᠨ ᠬᠢᠨᠠᠯᠳᠠ ᠲᠠᠯᠪᠢᠵᠣ ᠬᠠᠮᠢᠶᠠᠷᠬᠤ ᠶᠢ | ᠡᠭᠦᠷᠭᠡᠯᠡᠨ᠎ᠡ᠃ | ︵ᠶᠢᠰᠤ︶ ᠡᠮ ᠤᠨ ᠵᠦᠢᠯ ᠢ ᠪᠦᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠠᠵᠣ | ᠠᠬᠤᠶᠢᠯᠠᠯ ᠤᠨ ᠬᠠᠮᠢᠶᠠᠷᠣᠯᠳᠠ ᠶᠢᠨ ᠲᠦᠷᠢᠮ ᠪᠣᠯᠣᠨ ᠵᠣᠷ ᠤᠨ ᠡᠮ᠂ ᠵᠣᠷ ᠤᠨ ᠪᠣᠰᠣ ᠡᠮ ᠂ ᠬᠢᠳᠠᠳ | ᠮᠣᠩᠭᠤᠯ ᠡᠮ ᠤᠨ ᠮᠠᠲ᠋ᠧᠷᠢᠶᠠᠯ᠂ ᠬᠢᠳᠠᠳ ᠡᠮ ᠤᠨ ᠴᠢᠨᠠᠬᠤ ᠡᠮ ᠤᠨ ᠬᠤᠳᠠᠯᠳᠣᠨ ᠠᠪᠬᠤ ᠪᠠ ᠪᠤᠷᠤᠯᠠᠭᠤᠯᠬᠤ | ᠲᠦᠷᠢᠮ ᠢ ᠬᠢᠨᠠᠯᠳᠠ ᠲᠠᠯᠪᠢᠨ ᠬᠡᠷᠡᠭᠵᠢᠭᠦᠯᠦᠨ᠎ᠡ︔ ᠡᠮᠴᠢᠯᠡᠭᠡᠨ ᠤ ᠪᠠᠶᠢᠭᠤᠯᠤᠮᠵᠢ ᠤᠨ ᠡᠮ ᠪᠠ ᠮᠠᠰᠢᠨ | ᠪᠠᠭᠠᠵᠢ ᠬᠡᠷᠡᠭᠯᠡᠬᠦ ᠭᠤᠭᠴᠤᠭ᠎ᠠ ᠶᠢᠨ ᠬᠢᠨᠠᠯᠳᠠ ᠲᠠᠯᠪᠢᠨ ᠬᠠᠮᠢᠶᠠᠷᠬᠤ ᠶᠢ ᠬᠠᠷᠢᠭᠤᠴᠠᠨ᠎ᠠ︔ ᠬᠢᠳᠠᠳ ᠮᠣᠩᠭᠤᠯ | ᠡᠮ ᠤᠨ ᠮᠠᠲ᠋ᠧᠷᠢᠶᠠᠯ ᠤᠨ ᠴᠤᠭᠯᠠᠭ᠎ᠠ ᠮᠠᠶᠢᠮᠠᠢ ᠶᠢᠨ ᠵᠠᠬ᠎ᠠ ᠲᠡᠯᠭᠡᠭᠦᠷ ᠪᠣᠯᠣᠨ ᠡᠯ᠎ᠡ ᠲᠦᠷᠦᠯ ᠤᠨ ᠡᠮ | ᠠᠷᠠᠯᠵᠢᠶᠠᠯᠠᠬᠤ ᠭᠠᠵᠠᠷ ᠲᠤ ᠬᠢᠨᠠᠯᠳᠠ ᠲᠠᠯᠪᠢᠨ ᠬᠠᠮᠢᠶᠠᠷᠬᠤ ᠶᠢ ᠬᠠᠷᠢᠭᠤᠴᠠᠨ᠎ᠠ᠃ | ︵ ᠠᠷᠪᠠ︶ ᠰᠢᠶᠠᠨ ᠤ ᠠᠷᠠᠳ ᠤᠨ ᠵᠠᠰᠭ ᠤᠨ ᠣᠷᠳᠣᠨ ᠤ ᠲᠣᠰᠢᠶᠠᠭᠰᠠᠨ ᠪᠣᠰᠣᠳ | ᠵᠦᠢᠯᠡᠰ ᠢ ᠳᠠᠭᠠᠭᠠᠨ ᠬᠢᠨ᠎ᠡ᠃ | | |