| | ᠨᠢᠭᠡ᠂ ᠭᠠᠳᠠᠭᠠᠲᠤ ᠳᠤ ᠰᠤᠷᠤᠯᠴᠠᠬᠤ ᠵᠠᠷᠤᠳᠠᠯ ᠤᠨ ᠢᠷᠡᠯᠳᠡᠬᠢᠭᠡᠳ ᠪᠠᠳᠤᠯᠠᠭ᠎ᠠ ᠶᠢᠨ ᠠᠰᠠᠭᠤᠳᠠᠯ᠃ | ᠠᠦ᠋ᠰᠲᠷᠠᠯᠢᠶ᠎ᠠ ᠲᠢᠪ ᠰᠤᠷᠤᠯᠴᠠᠬᠤ ᠸᠢᠰᠠ ᠤᠯᠤᠶ᠎ᠠ ᠬᠡᠪᠡᠯ᠂ ᠲᠠᠨ ᠳᠤ ᠲᠤᠭᠲᠠᠪᠤᠷᠢ ᠨᠠᠶᠢᠳᠠᠪᠤᠷᠢ ᠲᠠᠢ ᠮᠦᠷᠲᠡᠭᠡᠨ | ᠬᠦᠢᠴᠡᠳ ᠬᠠᠨᠭ᠍ᠭᠠᠮᠵᠢᠲᠠᠢ ᠠᠵᠤ ᠠᠬᠤᠢ ᠶᠢᠨ ᠲᠤᠰᠠᠯᠠᠮᠵᠢ ᠶᠢᠨ ᠢᠷᠡᠯᠳᠡ ᠲᠠᠢ ᠪᠠᠶᠢᠪᠠᠯ᠂ ᠠᠦ᠋ᠰᠲᠷᠠᠯᠢᠶ᠎ᠠ | ᠲᠢᠪ ᠲᠤ ᠰᠤᠷᠤᠯᠴᠠᠬᠤ ᠬᠤᠭᠤᠴᠠᠭᠠᠨ ᠳᠠᠭᠠᠨ᠂ ᠬᠦᠴᠦ ᠶᠠᠪᠤᠬᠤ ᠦᠭᠡᠢ ᠪᠠᠷ ᠡᠩ ᠤᠨ ᠪᠠᠷᠢᠮᠵᠢᠶᠠᠨ ᠤ | ᠠᠮᠢᠳᠤᠷᠠᠯ ᠢ ᠪᠠᠲᠤᠯᠠᠵᠤ ᠴᠢᠳᠠᠬᠤ ᠪᠠ ᠠᠯᠢᠪᠠ ᠰᠤᠷᠤᠯᠭ᠎ᠠ ᠶᠢᠨ ᠵᠠᠷᠤᠳᠠᠯ ᠢᠶᠠᠨ ᠲᠤᠰᠢᠶᠠᠵᠤ ᠴᠢᠳᠠᠬᠤ ᠶᠢ | ᠪᠠᠲᠤᠯᠠᠨ᠎ᠠ᠃ ᠲᠠ ᠬᠡᠷᠪᠡ ᠲᠤᠰ ᠵᠦᠢᠯ ᠢ ᠪᠠᠲᠤᠯᠠᠵᠤ ᠳᠡᠶᠢᠯᠬᠦ ᠦᠭᠡᠢ ᠪᠤᠯ᠂ ᠭᠠᠳᠠᠭᠠᠲᠤ ᠳᠤ ᠰᠤᠷᠤᠯᠴᠠᠬᠤ | ᠸᠢᠰᠠ ᠶᠢ ᠦᠨᠳᠦᠰᠦᠨ ᠳᠡᠭᠡᠨ ᠭᠤᠶᠤᠴᠢᠯᠠᠨ ᠤᠯᠵᠤ ᠳᠡᠶᠢᠯᠬᠦ ᠦᠭᠡᠢ᠃ | ᠬᠤᠶᠠᠷ᠂ ᠲᠠᠨ ᠤ ᠲᠤᠭᠲᠠᠪᠤᠷᠢ ᠨᠠᠶᠢᠳᠠᠪᠤᠷᠢ ᠲᠠᠢ ᠮᠦᠷᠲᠡᠭᠡᠨ ᠬᠦᠢᠴᠡᠳ ᠬᠠᠨᠭ᠍ᠭᠠᠮᠵᠢᠲᠠᠢ ᠠᠵᠤ | ᠠᠬᠤᠢ ᠶᠢᠨ ᠲᠤᠰᠠᠯᠠᠮᠵᠢ ᠶᠢᠨ ᠢᠷᠡᠯᠳᠡ ᠶᠢ ᠬᠡᠷᠡᠴᠢᠯᠡᠬᠦ ᠠᠷᠭ᠎ᠠ ᠤᠯᠠᠨ ᠵᠦᠢᠯ ᠪᠤᠢ᠃ ᠶᠡᠭᠡ ᠲᠦᠯᠦᠪ ᠳᠤᠤᠷᠠᠬᠢ | ᠬᠡᠳᠤᠨ ᠵᠦᠢᠯ ᠪᠠᠶᠢᠨ᠎ᠠ᠄ | ︵1︶ ᠭᠦᠢᠴᠡᠳ ᠬᠠᠩᠭᠠᠮᠵᠢᠲᠠᠢ ᠪᠠᠩᠬᠢ ᠶᠢᠨ ᠬᠠᠳᠠᠭᠠᠯᠠᠮᠵᠢ ᠶᠢᠨ ᠬᠡᠷᠡᠴᠢ ᠶᠢ ᠬᠠᠨᠭ᠍ᠭᠠᠨ᠎ᠠ᠃ ᠪᠤᠳᠠᠲᠠᠢ | ᠲᠤᠭ᠎ᠠ ᠨᠢ᠄ | ᠲᠠᠨ ᠤ ᠰᠤᠷᠤᠯᠭ᠎ᠠ ᠶᠢᠨ ᠵᠠᠷᠤᠳᠠᠯ + ᠲᠠᠨ ᠤ ᠠᠮᠢᠳᠤᠷᠠᠯ ᠤᠨ ᠵᠠᠷᠤᠳᠠᠯ — ᠵᠢᠯ ᠪᠦᠷᠢ ᠨᠢᠭᠡ | ᠲᠦᠮᠡ ᠨᠠᠢᠮᠠᠨ ᠮᠢᠩᠭᠠᠨ ᠠᠦ᠋ᠰᠲᠷᠠᠯᠢᠶ᠎ᠠ ᠵᠤᠭᠤᠰ * ᠲᠠᠨ ᠤ ᠭᠠᠳᠠᠭᠠᠲᠤ ᠳᠤ ᠰᠤᠷᠤᠯᠴᠠᠬᠤ ᠴᠠᠭ ᠬᠤᠭᠤᠴᠠᠭ᠎ᠠ | ︵2︶ ᠠᠩᠬᠠᠷᠬᠤ ᠨᠢ᠄ ᠲᠠ ᠳᠡᠭᠡᠷᠡᠬᠢ ᠠᠷᠭ᠎ᠠ ᠶᠢ ᠬᠡᠷᠡᠭᠯᠡᠬᠦ ᠳᠤ ᠡᠷᠬᠡᠪᠰᠢ ᠬᠢᠬᠦ ᠴᠢᠬᠤᠯᠠᠲᠠᠢ ᠵᠦᠢᠯ | ᠭᠡᠪᠡᠯ᠄ ᠲᠠᠨ ᠤ ᠬᠠᠳᠠᠭᠠᠯᠠᠮᠵᠢ ᠨᠢ ᠪᠠᠩᠬᠢ ᠳᠤ ᠨᠢᠭᠡᠨᠲᠡ ᠠᠳᠠᠭ ᠪᠠᠭ᠎ᠠ ᠳᠠᠭᠠᠨ ᠵᠢᠷᠭᠤᠭᠠᠨ ᠰᠠᠷ᠎ᠠ ᠠᠴᠠ ᠳᠡᠭᠡᠭᠰᠢ | ᠬᠠᠳᠠᠭᠠᠯᠠᠭᠰᠠᠨ ᠮᠦᠷᠲᠡᠭᠡᠨ ᠲᠤᠰ ᠬᠠᠳᠠᠭᠠᠯᠠᠮᠵᠢ ᠨᠢ ᠲᠠᠨ ᠤ ᠦᠪᠡᠷ ᠤᠨ ᠬᠢ ᠪᠤᠶᠤ ᠲᠠᠨ ᠤ ᠠᠪᠤ ᠡᠵᠢ ᠶᠢᠨ ᠬᠢ | ᠡᠰᠡᠬᠦᠯᠡᠲ᠋ᠠᠨ ᠤ ᠬᠠᠨᠢ ᠨᠦᠬᠦᠷ ᠤᠨ ᠬᠢ ᠪᠠᠶᠢᠬᠤ ᠬᠡᠷᠡᠭᠲᠠᠢ᠃ ᠲᠡᠶᠢᠮᠤ ᠪᠤᠰᠤ᠂ ᠬᠠᠷᠢᠨ ᠲᠠᠨ ᠤ ᠪᠤᠰᠤᠳ | ᠲᠤᠰᠠᠯᠠᠮᠵᠢ ᠦᠵᠡᠭᠦᠯᠦᠭᠴᠢ ᠶᠢᠨ ᠬᠢ ᠪᠤᠯ᠂ ᠲᠠ ᠡᠷᠪᠡᠪᠰᠢ ᠮᠠᠰᠢ ᠨᠠᠷᠢᠨ ᠲᠤᠳᠤᠷᠬᠠᠢ ᠪᠠᠶᠢᠳᠠᠯ ᠢ ᠮᠡᠳᠡᠭᠳᠡᠬᠦ | ᠬᠡᠷᠡᠭᠲᠠᠢ᠂ ᠵᠢᠱᠢᠶᠡᠯᠡᠪᠡᠯ᠂ ᠲᠡᠳᠡ ᠶᠠᠭᠤᠨ ᠤ ᠤᠴᠢᠷ ᠠᠴᠠ ᠴᠢᠮ᠎ᠠ ᠳᠤ ᠲᠤᠰᠠᠯᠠᠮᠵᠢ ᠦᠵᠡᠬᠦᠯᠵᠦ ᠪᠠᠶᠢᠬᠤ ᠪᠠ | ᠲᠡᠳᠡᠨ ᠤ ᠲᠠᠨ ᠢ ᠲᠤᠰᠠᠯᠠᠬᠤ ᠬᠡᠷ᠎ᠡ ᠵᠡᠷᠭᠡ ᠶᠢ ᠲᠤᠰᠢᠶᠠᠬᠤ ᠬᠡᠷᠡᠭᠲᠠᠢ᠃ ᠪᠤᠳᠠᠲᠠᠢ ᠪᠠᠶᠢᠳᠠᠯ ᠢ ᠵᠡᠭᠦᠨ ᠲᠠᠯ᠎ᠠ ᠶᠢᠨ | ᠪᠤᠯᠤᠩ ᠳᠠᠬᠢ ᠠᠵᠤ ᠠᠬᠤᠢ ᠶᠢᠨ ᠲᠤᠰᠠᠯᠠᠮᠵᠢ ᠶᠢᠨ ᠬᠡᠷᠡᠴᠢ ᠠᠴᠠ ᠯᠠᠪᠯᠠ᠂ ᠡᠭᠦᠨ ᠳᠤ ᠲᠤᠶᠢᠯ ᠤᠨ ᠨᠠᠷᠢᠨ | ᠲᠤᠳᠤᠷᠬᠠᠢ ᠲᠠᠶᠢᠯᠪᠤᠷᠢᠯᠠᠯᠲᠠ ᠪᠤᠢ᠃ | ︵3︶ ᠬᠦᠢᠴᠡᠳ ᠬᠠᠨᠭ᠍ᠭᠠᠮᠵᠢᠲᠠᠢ ᠠᠵᠤ ᠠᠬᠤᠢ ᠶᠢᠨ ᠤᠷᠤᠯᠭ᠎ᠠ ᠶᠢᠨ ᠢᠷᠡᠯᠳᠡ ᠶᠢᠨ ᠬᠡᠷᠡᠴᠢ ᠶᠢ | ᠬᠠᠨᠭ᠍ᠭᠠᠨ᠎ᠠ᠃ ᠲᠤᠰ ᠵᠦᠢᠯ ᠨᠢ ᠠᠵᠤ ᠠᠬᠤᠢ ᠶᠢᠨ ᠲᠤᠰᠠᠯᠠᠮᠵᠢ ᠶᠢᠨ ᠬᠡᠷᠡᠴᠢ ᠶᠢᠨ ᠲᠠᠶᠢᠯᠪᠤᠷᠢᠯᠠᠯᠲᠠ ᠳᠤ ᠪᠠᠰᠠ | ᠲᠤᠶᠢᠯ ᠤᠨ ᠨᠠᠷᠢᠨ ᠲᠤᠳᠤᠷᠬᠠᠢ ᠲᠠᠶᠢᠯᠪᠤᠷᠢᠯᠠᠯ ᠪᠤᠢ᠂ ᠲᠠ ᠯᠠᠪᠯᠠᠵᠤ ᠪᠤᠯᠤᠨ᠎ᠠ᠃ ᠪᠢᠳᠡᠨ ᠤ ᠰᠠᠨᠠᠭᠤᠯᠤᠮᠵᠢ ᠪᠤᠯ᠂ | ᠲᠠ ᠪᠤᠯᠬᠤ ᠶᠢᠨ ᠳᠤᠲᠤᠷ᠎ᠠ ᠬᠠᠤᠯᠢᠴᠢ ᠵᠠᠯᠠᠵᠤ ᠡᠳᠡᠭᠡᠷ ᠮᠠᠲ᠋ᠧᠷᠢᠶᠠᠯ ᠳᠤ ᠬᠡᠷᠡᠴᠢ ᠪᠠᠷᠢᠮᠲᠠ ᠬᠢᠯᠭᠡᠨ᠎ᠡ᠃ | ︵4︶ ᠬᠡᠪᠡᠴᠦ ᠬᠠᠮᠤᠭ ᠤᠨ ᠬᠢᠯᠪᠡᠷ ᠪᠠ ᠬᠠᠮᠤᠭ ᠤᠨ ᠬᠦᠴᠦᠨ ᠲᠠᠢ ᠬᠢᠳᠡᠯ ᠪᠤᠯ ᠪᠠᠩᠬᠢ ᠶᠢᠨ | ᠭᠠᠳᠠᠭᠠᠲᠤ ᠳᠤ ᠰᠤᠷᠤᠯᠴᠠᠬᠤ ᠵᠢᠭᠡᠯᠡᠯᠭᠡ ᠶᠢ ᠭᠤᠶᠤᠴᠢᠯᠠᠬᠤ ᠪᠤᠯᠤᠨ᠎ᠠ᠃ ᠬᠡᠷᠪᠡ ᠲᠠ ᠪᠠᠩᠬᠢ ᠶᠢᠨ ᠭᠠᠳᠠᠭᠠᠲᠤ ᠳᠤ | ᠰᠤᠷᠤᠯᠴᠠᠬᠤ ᠵᠢᠭᠡᠯᠡᠯᠭᠡ ᠶᠢ ᠤᠯᠪᠠᠯ᠂ ᠡᠯᠴᠢᠨ ᠰᠠᠶᠢᠳ ᠤᠨ ᠶᠠᠮᠤᠨ ᠲᠠᠨ ᠳᠤ ᠲᠤᠭᠳᠠᠪᠤᠷᠢ ᠨᠠᠶᠢᠳᠠᠪᠤᠷᠢ ᠲᠠᠢ | ᠮᠦᠷᠲᠡᠭᠡᠨ ᠬᠦᠢᠴᠡᠳ ᠬᠠᠨᠭ᠍ᠭᠠᠮᠵᠢᠲᠠᠢ ᠠᠵᠤ ᠠᠬᠤᠢ ᠶᠢᠨ ᠢᠷᠡᠯᠳᠡᠲ᠋ᠠᠢ ᠬᠡᠳᠡᠭ ᠢ ᠪᠠᠳᠤ ᠢᠲᠡᠭᠡᠬᠦ ᠪᠤᠯᠤᠨ᠎ᠠ᠃ | ᠤᠴᠢᠷ ᠨᠢ᠂ ᠪᠠᠩᠬᠢ ᠠᠴᠠ ᠲᠠᠨ ᠳᠤ ᠭᠠᠳᠠᠭᠠᠲᠤ ᠳᠤ ᠰᠤᠷᠤᠯᠴᠠᠬᠤ ᠵᠢᠭᠡᠯᠡᠯᠭᠡ ᠦᠭᠭᠦ ᠶᠢ ᠵᠦᠪᠰᠢᠶᠡᠷᠡᠭᠰᠡᠨ | ᠶᠠᠪᠤᠳᠠᠯ ᠨᠢ ᠲᠠᠨ ᠳᠤ ᠵᠢᠭᠡᠯᠡᠯᠭᠡ ᠶᠢ ᠪᠤᠴᠠᠭᠠᠬᠤ ᠴᠢᠳᠠᠯ ᠲᠠᠢ ᠬᠡᠰᠡᠨ ᠢ ᠬᠠᠷᠠᠭᠤᠯᠵᠤ ᠳᠡᠶᠢᠯᠬᠦ ᠪᠠᠷ ᠪᠠᠷᠠᠬᠤ | ᠦᠭᠡᠢ᠂ ᠲᠡᠷᠡ ᠨᠢ ᠪᠠᠰᠠ ᠨᠢᠭᠡ ᠵᠦᠢᠯ ᠤᠨ ᠬᠠᠮᠤᠭ ᠠᠴᠠ ᠡᠷᠭᠡ ᠰᠦᠷᠳᠤ ᠴᠢᠨᠠᠷᠲᠠᠢ ᠠᠵᠤ ᠠᠬᠤᠢ ᠶᠢᠨ | ᠪᠠᠲᠤᠯᠠᠪᠤᠷᠢ ᠪᠤᠯᠤᠨ᠎ᠠ᠃ ᠡᠯᠴᠢᠨ ᠰᠠᠶᠢᠳ ᠤᠨ ᠶᠠᠮᠤᠨ ᠪᠠᠩᠬᠢ ᠶᠢᠨ ᠡᠶᠢᠮᠦᠷᠭᠦᠦ ᠠᠵᠤ ᠠᠬᠤᠢ ᠶᠢᠨ | ᠪᠠᠲᠤᠯᠠᠪᠤᠷᠢ ᠶᠢ ᠢᠲᠡᠭᠡᠬᠦ ᠦᠭᠡᠢ ᠪᠠᠶᠢᠬᠤ ᠶᠢᠨ ᠠᠷᠭ᠎ᠠ ᠦᠭᠡᠢ ᠶᠤᠮ᠃ ᠭᠠᠳᠠᠭᠠᠲᠤ ᠳᠤ ᠰᠤᠷᠤᠯᠴᠠᠬᠤ | ᠵᠢᠭᠡᠯᠡᠯᠭᠡ ᠶᠢᠨ ᠬᠤᠯᠪᠤᠭᠳᠠᠯ ᠪᠦᠬᠦᠢ ᠪᠤᠳᠠᠲᠠᠢ ᠠᠰᠠᠭᠤᠳᠠᠯ ᠢ ᠲᠠ ᠭᠠᠳᠠᠭᠠᠲᠤ ᠳᠤ ᠰᠤᠷᠤᠯᠴᠠᠬᠤ ᠵᠢᠭᠡᠯᠡᠯᠭᠡ ᠶᠢᠨ | ᠬᠤᠯᠪᠤᠭᠳᠠᠯ ᠪᠦᠬᠦᠢ ᠪᠤᠯᠤᠩ ᠠᠴᠠ ᠯᠠᠪᠯᠠᠵᠤ ᠪᠤᠯᠤᠨ᠎ᠠ᠂ ᠨᠠᠷᠢᠨ ᠬᠢᠨᠠᠮᠠᠭᠠᠢ ᠦᠵᠡᠬᠦ ᠪᠤᠯᠪᠠᠤ᠃ | ︵5︶ ᠭᠠᠳᠠᠭᠠᠲᠤ ᠳᠤ ᠰᠤᠷᠤᠯᠴᠠᠬᠤ ᠵᠢᠭᠡᠯᠡᠯᠭᠡ ᠭᠤᠶᠤᠴᠢᠯᠠᠬᠤ ᠨᠢ ᠮᠠᠰᠢ ᠤᠯᠠᠨ ᠰᠤᠷᠤᠭᠴᠢᠳ ᠲᠤ | ᠠᠪᠴᠤ ᠬᠡᠯᠡᠪᠡᠯ᠂ ᠬᠦᠢᠴᠡᠳ ᠬᠠᠨᠭ᠍ᠭᠠᠮᠵᠢᠲᠠᠢ ᠪᠠᠩᠬᠢ ᠶᠢᠨ ᠬᠠᠳᠠᠭᠠᠯᠠᠮᠵᠢ ᠶᠢᠨ ᠬᠡᠷᠡᠴᠢ ᠪᠤᠶᠤ ᠬᠦᠢᠴᠡᠳ | ᠬᠠᠨᠭ᠍ᠭᠠᠮᠵᠢᠲᠠᠢ ᠠᠵᠤ ᠠᠬᠤᠢ ᠶᠢᠨ ᠤᠷᠤᠯᠭ᠎ᠠ ᠶᠢᠨ ᠬᠡᠷᠡᠴᠢ ᠠᠴᠠ ᠬᠤᠯᠠ ᠠᠮᠠᠷᠬᠠᠨ᠂ ᠬᠤᠯᠠ ᠳᠦᠭᠦᠮ ᠶᠤᠮ᠃ | ᠤᠴᠢᠷ ᠨᠢ ᠲᠡᠷᠡ ᠨᠢ ᠤᠯᠠᠨ ᠠᠷᠪᠢᠨ ᠰᠠᠳᠤᠨ ᠲᠦᠷᠦᠯ ᠤᠨ ᠬᠦᠴᠦ ᠶᠢ ᠠᠷᠪᠢᠯᠠᠵᠤ ᠴᠢᠳᠠᠨ᠎ᠠ᠃ ᠢᠯᠠᠩᠭᠤᠶ᠎ᠠ | ᠲᠡᠳᠡᠭᠡᠷ ᠵᠤᠬᠢᠬᠤ ᠬᠠᠳᠠᠭᠠᠯᠠᠮᠵᠢ ᠲᠠᠢ᠂ ᠭᠡᠪᠡᠴᠦ ᠲᠡᠭᠦᠨ ᠢᠶᠠᠷ ᠵᠶ᠋ᠡᠨᠤᠯᠤᠰ ᠤᠨ ᠰᠠᠩ ᠤᠨ ᠲᠡᠮᠳᠡᠭ᠂ ᠰᠲ᠋ᠤᠺ᠂ | ᠬᠡᠷ ᠬᠦᠷᠦᠩᠭᠡ ᠵᠡᠷᠭᠡ ᠶᠢ ᠬᠤᠳᠠᠯᠳᠤᠨ ᠠᠪᠤᠭᠰᠠᠨ ᠪᠤᠶᠤ ᠬᠠᠳᠠᠭᠠᠯᠠᠮᠵᠢ ᠶᠢᠨ ᠬᠤᠭᠤᠴᠠᠭ᠎ᠠ ᠨᠢ ᠵᠢᠷᠭᠤᠭᠠᠨ ᠰᠠᠷ᠎ᠠ | ᠬᠦᠷᠦᠬᠡᠳᠤᠢ ᠪᠠᠶᠢᠳᠠᠯ ᠳᠤ ᠠᠪᠴᠤ ᠬᠡᠯᠡᠪᠡᠯ᠂ ᠨᠢᠬᠡᠨ ᠲᠤᠶᠢᠯ ᠤᠨ ᠪᠦᠲᠦᠮᠵᠢᠲᠠᠢ ᠪᠤᠴᠠᠭᠠᠬᠤ ᠪᠠᠶᠢᠯᠳᠤᠬᠤ | ᠪᠤᠳᠤᠯᠭ᠎ᠠ ᠪᠤᠯᠤᠨ᠎ᠠ᠃ ᠡᠶᠢᠮᠦ ᠠᠴᠠ ᠪᠢᠳᠡ ᠭᠠᠳᠠᠭᠠᠲᠤ ᠳᠤ ᠰᠤᠷᠤᠯᠴᠠᠬᠤ ᠵᠢᠭᠡᠯᠡᠯᠭᠡ ᠶᠢᠨ ᠠᠷᠭ᠎ᠠ ᠬᠡᠷᠡᠭᠯᠡᠬᠦ ᠶᠢ | ᠴᠢᠩᠭ᠎ᠠ ᠲᠠᠨᠢᠯᠴᠠᠭᠤᠯᠵᠦ ᠪᠠᠶᠢᠨ᠎ᠠ᠃ | ᠭᠤᠷᠪᠠ᠂ ᠭᠠᠳᠠᠭᠠᠲᠤ ᠳᠤ ᠰᠤᠷᠤᠯᠴᠠᠬᠤ ᠵᠤᠷᠢᠯᠭ᠎ᠠ ᠶᠢᠨ ᠠᠰᠠᠭᠤᠳᠠᠯ᠃ ᠡᠨᠡ ᠨᠢ ᠪᠠᠰᠠ ᠨᠢᠭᠡ | ᠵᠠᠩᠬᠢᠯᠠᠭ᠎ᠠ ᠶᠢᠨ ᠴᠢᠨᠠᠷᠲᠠᠢ ᠨᠠᠷᠢᠨ ᠠᠷᠭ᠎ᠠ ᠪᠤᠯᠤᠨ᠎ᠠ᠃ ᠵᠤᠬᠢᠬᠤ ᠬᠡᠮᠵᠢᠶᠡᠨ ᠤ ᠠᠵᠤ ᠠᠬᠤᠢ ᠶᠢᠨ ᠰᠠᠭᠤᠷᠢ ᠲᠠᠢ | ᠪᠤᠯ ᠠᠦ᠋ᠰᠲᠷᠠᠯᠢᠶ᠎ᠠ ᠲᠢᠪ ᠲᠤ ᠰᠤᠷᠤᠯᠴᠠᠬᠤ ᠸᠢᠰᠠ ᠶᠢ ᠤᠯᠴᠢᠬᠠᠵᠦ ᠳᠡᠶᠢᠯᠦᠨ᠎ᠡ ᠤᠤ︖ ᠬᠡᠯᠡᠵᠤ ᠮᠡᠳᠡᠭᠦ | ᠦᠭᠡᠢ᠂ ᠪᠠᠰᠠ ᠲᠡᠨ ᠤ ᠭᠠᠳᠠᠭᠠᠲᠤ ᠳᠤ ᠰᠤᠷᠤᠯᠴᠠᠬᠤ ᠵᠤᠷᠢᠯᠭ᠎ᠠ ᠶᠢ ᠤᠶᠢᠯᠠᠭᠠᠨ᠎ᠠ᠃ ᠲᠡᠳᠡᠭᠡᠷ ᠸᠢᠰᠠ | ᠤᠯᠭᠤᠭᠴᠢ ᠨᠤᠶᠠᠳ ᠲᠤ ᠦᠨᠡᠨᠬᠦ ᠭᠠᠳᠠᠭᠠᠲᠤ ᠳᠤ ᠰᠤᠷᠤᠯᠴᠠᠬᠤ ᠵᠤᠷᠢᠯᠭ᠎ᠠ ᠲᠠᠢ᠂ ᠬᠠᠷᠢᠨ ᠭᠠᠳᠠᠭᠠᠲᠤ ᠳᠤ | ᠰᠤᠷᠤᠯᠴᠠᠬᠤ ᠨᠡᠷ᠎ᠡ ᠪᠠᠷ ᠠᠦ᠋ᠰᠲᠷᠠᠯᠢᠶ᠎ᠠ ᠲᠢᠪ ᠲᠤ ᠰᠠᠭᠤᠷᠢᠰᠢᠬᠤ ᠬᠡᠵᠦ ᠪᠠᠶᠢᠭ᠎ᠠ ᠰᠤᠷᠤᠭᠴᠢ ᠪᠢᠰᠢ ᠬᠡᠵᠦ | ᠦᠵᠡᠭᠳᠡᠪᠡᠯ ᠰᠠᠶ᠋ᠢ ᠸᠢᠰᠠ ᠤᠯᠵᠤ ᠳᠡᠶᠢᠯᠦᠨ᠎ᠡ᠃ ᠲᠡᠭᠡᠪᠡᠯ ᠭᠠᠳᠠᠭᠠᠲᠤ ᠳᠤ ᠰᠤᠷᠤᠯᠴᠠᠬᠤ ᠵᠤᠷᠢᠯᠭ᠎ᠠ ᠪᠠᠨ ᠦᠨᠡᠨ | ᠪᠤᠳᠠᠲᠤ ᠬᠡᠰᠡᠨ ᠢ ᠬᠡᠷᠭᠢᠨ ᠬᠡᠷᠡᠴᠢᠯᠡᠬᠦ ᠪᠤᠢ︖ ᠨᠢᠭᠡᠨ ᠬᠠᠮᠤᠭ ᠤ ᠰᠠᠶᠢᠨ ᠠᠷᠭ᠎ᠠ ᠪᠤᠯ ᠲᠠᠨ ᠤ ᠭᠠᠳᠠᠭᠠᠲᠤ ᠳᠤ | ᠰᠤᠷᠤᠯᠴᠠᠬᠤ ᠬᠢᠴᠢᠶᠡᠯ ᠰᠤᠩᠭᠤᠬᠤ ᠰᠢᠯᠲᠠᠭᠠᠨ ᠢᠶᠠᠨ ᠦᠨᠡᠨ ᠮᠦᠨ ᠢᠶᠠᠷ ᠲᠤᠭᠠᠴᠢᠨ᠎ᠠ — ᠬᠢᠴᠢᠶᠡᠯ ᠤᠨ | ᠰᠤᠩᠭᠤᠯᠲᠠ ᠨᠢ ᠮᠠᠰᠢ ᠶᠡᠭᠡ ᠠᠴᠢ ᠬᠤᠯᠪᠤᠭᠳᠠᠯ ᠤᠨ ᠲᠠᠯ᠎ᠠ ᠪᠠᠷ ᠪᠤᠯ ᠳᠠᠷᠤᠢ ᠠᠵᠢᠯ ᠮᠡᠷᠭᠡᠵᠢᠯ ᠤᠨ | ᠰᠤᠩᠭᠤᠯᠲᠠ᠂ ᠬᠤᠪᠢ ᠵᠠᠶᠠᠭ᠎ᠠ ᠶᠢᠨ ᠰᠤᠩᠭᠤᠯᠲᠠ ᠪᠤᠯᠤᠨ᠎ᠠ᠃ ᠡᠶᠢᠮᠦ ᠠᠴᠠ ᠬᠢᠴᠢᠶᠡᠯ ᠰᠤᠩᠭᠤᠬᠤ ᠳᠤ ᠪᠠᠨ | ᠡᠷᠭᠡᠪᠰᠢ ᠰᠢᠨᠵᠢᠯᠡᠬᠦ ᠤᠬᠠᠭᠠᠨᠴᠢ ᠪᠠᠶᠢᠵᠤ᠂ ᠡᠷᠭᠡᠪᠰᠢ ᠦᠪᠡᠷ ᠤᠨ ᠪᠤᠳᠠᠲᠠᠢ ᠪᠠᠶᠢᠳᠠᠯ ᠲᠠᠢ ᠪᠠᠨ ᠤᠶᠠᠯᠳᠤᠭᠤᠯᠬᠤ | ᠬᠡᠷᠡᠭᠲᠠᠢ᠃ ᠬᠡᠷᠪᠡ ᠲᠤᠰ ᠵᠦᠢᠯ ᠢ ᠬᠢᠵᠤ ᠳᠡᠶᠢᠯᠪᠡᠯ᠂ ᠬᠢᠴᠢᠶᠡᠯ ᠤᠨ ᠰᠤᠩᠭᠤᠯᠲᠠ ᠨᠢ ᠲᠤᠶᠢᠯ ᠤᠨ ᠵᠦᠢ | ᠵᠤᠬᠢᠰᠲᠠᠢ᠂ ᠦᠨᠡᠨ ᠪᠤᠳᠠᠲᠠᠢ ᠪᠠ ᠢᠲᠡᠭᠡᠮᠵᠢᠲᠠᠢ ᠪᠤᠯᠬᠤ ᠶᠤᠮ᠃ ᠡᠶᠢᠮᠦ ᠠᠴᠠ᠂ ᠲᠠ ᠭᠠᠳᠠᠭᠠᠲᠤ ᠳᠤ | ᠰᠤᠷᠤᠯᠴᠠᠬᠤ ᠬᠢᠴᠢᠶᠡᠯ ᠰᠤᠩᠭᠤᠭᠰᠠᠨ ᠰᠢᠯᠲᠠᠭᠠᠨ ᠢᠶᠠᠨ ᠦᠨᠡᠨ ᠪᠤᠲᠠᠲᠠᠢ ᠲᠠᠶᠢᠯᠪᠤᠷᠢᠯᠠᠪᠠᠯ᠂ ᠸᠢᠰᠠ ᠤᠯᠭᠤᠭᠴᠢ | ᠨᠤᠶᠠᠳ ᠲᠠᠨ ᠤ ᠭᠠᠳᠠᠭᠠᠲᠤ ᠳᠤ ᠰᠤᠷᠤᠯᠴᠠᠬᠤ ᠵᠤᠷᠢᠯᠭ᠎ᠠ ᠦᠨᠡᠨ ᠪᠤᠳᠠᠲᠠᠢ ᠬᠡᠰᠡᠨ ᠢ ᠢᠲᠡᠭᠡᠬᠦ ᠦᠭᠡᠢ | ᠪᠠᠶᠢᠬᠤ ᠶᠢᠨ ᠠᠷᠭ᠎ᠠ ᠦᠭᠡᠢ ᠶᠤᠮ᠃ | ᠳᠦᠷᠪᠡ᠂ ᠮᠠᠲ᠋ᠧᠷᠢᠶᠠᠯ ᠤᠨ ᠪᠦᠷᠢᠨ ᠬᠦᠢᠴᠡᠳ ᠴᠢᠨᠠᠷ ᠪᠠ ᠡᠮᠬᠢ ᠵᠢᠷᠤᠮᠲᠤ ᠴᠢᠨᠠᠷ᠃ ᠲᠠᠨ ᠤ ᠸᠢᠰᠠ | ᠭᠤᠶᠤᠴᠢᠯᠠᠬᠤ ᠮᠠᠲ᠋ᠧᠷᠢᠶᠠᠯ ᠡᠷᠭᠡᠪᠰᠢ ᠪᠦᠷᠢᠨ ᠬᠦᠢᠴᠡᠳ ᠪᠠᠶᠢᠵᠤ᠂ ᠬᠡᠬᠡᠵᠦ ᠤᠷᠬᠢᠭᠳᠠᠭᠤᠯᠵᠤ ᠪᠤᠯᠬᠤ ᠦᠭᠡᠢ᠃ | ᠮᠠᠲ᠋ᠧᠷᠢᠶᠠᠯ ᠤᠨ ᠪᠦᠷᠢᠨ ᠬᠦᠢᠴᠡᠳ ᠴᠢᠨᠠᠷ ᠠᠴᠠ ᠭᠠᠳᠠᠨ᠎ᠠ᠂ ᠪᠠᠰᠠ ᠮᠠᠲ᠋ᠧᠷᠢᠶᠠᠯ ᠤᠨ ᠡᠮᠬᠢ ᠵᠢᠷᠤᠮᠲᠤ ᠴᠢᠨᠠᠷ ᠢ | ᠠᠩᠬᠠᠷᠬᠤ ᠬᠡᠷᠡᠭᠲᠠᠢ᠃ | |