| | ᠣᠷᠣᠨ ᠤ ᠲᠤᠲᠤᠷ ᠤᠨ ᠬᠦᠮᠥᠨ ᠬᠢᠭᠡᠳ ᠡᠷᠦᠭᠡ ᠠᠮᠠ ᠨᠢ ᠰᠠᠯᠤᠭᠰᠠᠨ ᠬᠦᠮᠥᠰ ᠤᠨ ᠬᠤᠪᠢ ᠶᠢᠨ | ᠤᠴᠢᠷ ᠢᠶᠠᠷ ᠬᠢᠯᠢ ᠪᠠᠷ ᠣᠷᠣᠵᠤ ᠭᠠᠷᠬᠤ ᠦᠨᠡᠮᠯᠡᠯ ᠢ ᠣᠷᠣᠰᠢᠨ ᠰᠠᠭᠤᠭ᠎ᠠ ᠭᠠᠵᠠᠷ᠂ ᠠᠵᠢᠯ ᠣᠯᠣᠭᠰᠠᠨ ᠭᠠᠵᠠᠷ | ᠬᠢᠭᠡᠳ ᠰᠤᠷᠤᠯᠴᠠᠵᠤ ᠪᠠᠶᠢᠭ᠎ᠠ ᠭᠠᠵᠠᠷ ᠲᠠᠭᠠᠨ ᠭᠦᠢᠴᠡᠳᠬᠡᠬᠦ ᠳᠤ ᠳᠦᠭᠦᠮ ᠦᠵᠡᠭᠦᠯᠬᠦ ᠶᠢᠨ ᠲᠤᠰᠠᠳᠠ᠂ ᠥᠪᠥᠷ | ᠮᠣᠩᠭᠤᠯ ᠤᠨ ᠲᠣᠳᠤᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ ᠣᠷᠣᠵᠤ ᠭᠠᠷᠬᠤ ᠶᠢᠨ ᠬᠠᠮᠢᠶᠠᠷᠣᠯᠲᠠ ᠶᠢᠨ | ᠲᠣᠪᠴᠢᠶ᠎ᠠ ᠠᠴᠠ ᠮᠠᠨ ᠤ ᠣᠷᠣᠨ 2012 ᠣᠨ ᠤ 5 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠵᠦ᠂ | ᠣᠷᠣᠨ ᠤ ᠲᠤᠲᠤᠷ ᠤᠨ ᠰᠠᠭᠤᠭᠠᠯᠢ ᠠᠷᠠᠳ ᠬᠤᠪᠢ ᠶᠢᠨ ᠤᠴᠢᠷ ᠢᠶᠠᠷ ᠬᠢᠯᠢ ᠪᠠᠷ ᠣᠷᠣᠵᠤ ᠭᠠᠷᠬᠤ ᠦᠨᠡᠮᠯᠡᠯ ᠢ | ᠣᠶᠢᠷ᠎ᠠ ᠬᠠᠪᠢ ᠳᠠᠭᠠᠨ ᠭᠦᠢᠴᠡᠳᠬᠡᠬᠦ ᠠᠵᠢᠯ ᠢ ᠵᠢᠩᠬᠢᠨᠢ ᠪᠠᠷ ᠦᠷᠨᠢᠭᠦᠯᠬᠦ ᠪᠠᠷ ᠲᠣᠭᠲᠠᠪᠠ᠃ ᠨᠢᠭᠡ᠂ | ᠦᠨᠡᠮᠯᠡᠯ ᠭᠦᠢᠴᠡᠳᠬᠡᠯᠭᠡᠴᠢ | ᠣᠷᠣᠨ ᠤ ᠳᠣᠲᠣᠷ ᠤᠨ ᠬᠦᠮᠥᠨ ᠬᠢᠭᠡᠳ ᠡᠷᠦᠭᠡ ᠠᠮᠠ ᠨᠢ ᠰᠠᠯᠤᠭᠰᠠᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠷᠦᠭᠡ ᠠᠮᠠ ᠶᠢᠨ ᠬᠠᠷᠢᠶ᠎ᠠ ᠲᠠᠢ ᠰᠠᠭᠤᠭᠠᠯᠢ ᠠᠷᠠᠳ ︵ᠪᠦᠷᠢᠳᠬᠡᠯᠭᠡᠨ | ᠳᠠᠩᠰᠠᠯᠠᠭᠤᠯᠤᠭᠰᠠᠨ ᠤᠯᠤᠰ ᠤᠨ ᠠᠵᠢᠯᠲᠠᠨ ᠪᠠᠭᠲᠠᠨ᠎ᠠ︶ ᠡᠷᠦᠭᠡ ᠠᠮᠠ ᠶᠢᠨ ᠳᠡᠪᠲᠡᠷ ᠂ ᠪᠡᠶ᠎ᠡ ᠶᠢᠨ | ᠦᠨᠡᠮᠯᠡᠯ ᠢᠶᠠᠷ ᠢᠶᠠᠨ ᠣᠶᠢᠷ᠎ᠠ ᠬᠠᠪᠢ ᠶᠢᠨ ᠠᠶᠢᠮᠠᠭ ᠬᠤᠲᠠ ᠪᠤᠶᠤ ᠬᠤᠰᠢᠭᠤ ᠰᠢᠶᠠᠨ ᠤ ᠲᠣᠳᠣᠭᠠᠳᠣ ᠶᠢ | ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠰᠠᠯᠠᠭ᠎ᠠ ᠮᠦᠴᠢᠷ ᠲᠤ ᠬᠤᠪᠢ ᠶᠢᠨ | ᠤᠴᠢᠷ ᠢᠶᠠᠷ ᠬᠢᠯᠢ ᠪᠠᠷ ᠣᠷᠣᠵᠤ ᠭᠠᠷᠬᠤ ᠦᠨᠡᠮᠯᠡᠯ ᠭᠤᠶᠤᠴᠢᠯᠠᠵᠤ ᠪᠣᠯᠣᠨ᠎ᠠ ︵ᠡᠯᠧᠺᠲᠷᠤᠨ ᠡᠩ ᠤᠨ ᠫᠠᠰᠫᠣᠷᠲ | ᠂ ᠰᠢᠶᠠᠩᠭᠠᠩ ᠤᠤᠮᠧᠨ ᠢᠶᠠᠷ ᠣᠴᠢᠵᠦ ᠢᠷᠡᠬᠦ ᠨᠡᠪᠲᠡᠷᠡᠬᠦ ᠦᠨᠡᠮᠯᠡᠯ ᠬᠢᠭᠡᠳ ᠪᠦᠯᠭᠦᠮ ᠨᠡᠶᠢᠲᠡ ᠶᠢᠨ | ᠵᠢᠭᠤᠯᠴᠢᠯᠠᠯ ᠤᠨ ᠴᠣᠬᠤᠯᠠᠪᠥᠷᠢᠯᠠᠭᠤᠯᠬᠤ᠂ ᠡᠬᠡ ᠬᠠᠭᠤᠷᠠᠢ ᠶᠢᠨ ᠰᠠᠭᠤᠭᠠᠯᠢ ᠠᠷᠠᠳ ᠤᠨ ᠲᠠᠶᠢᠸᠠᠨ ᠢᠶᠠᠷ | ᠣᠴᠢᠵᠦ ᠢᠷᠡᠬᠦ ᠨᠡᠪᠲᠡᠷᠡᠬᠦ ᠦᠨᠡᠮᠯᠡᠯ ᠬᠢᠭᠡᠳ ᠴᠣᠬᠤᠯᠠᠪᠥᠷᠢᠯᠠᠭᠤᠯᠬᠤ︶᠃ | ᠬᠤᠶᠠᠷ᠂ ᠡᠯᠧᠺᠲᠷᠤᠨ ᠡᠩ ᠤᠨ ᠫᠠᠰᠫᠣᠷᠲ ᠭᠤᠶᠤᠴᠢᠯᠠᠬᠤ ᠲᠦᠷᠦᠯ ᠢᠯᠭᠠᠯ | ᠡᠯᠧᠺᠲᠷᠤᠨ ᠡᠩ ᠤᠨ ᠫᠠᠰᠫᠣᠷᠲ ᠢ ᠠᠩᠬ᠎ᠠ ᠤᠳᠠᠭ᠎ᠠ ᠠᠪᠬᠤ᠂ ᠬᠦᠴᠦᠨ ᠦᠭᠡᠢ ᠪᠣᠯᠣᠭᠠᠳ ᠳᠠᠬᠢᠵᠦ | ᠭᠤᠶᠤᠴᠢᠯᠠᠨ ᠠᠪᠬᠤ᠂ ᠰᠤᠯᠢᠵᠤ ᠠᠪᠬᠤ᠂ ᠨᠥᠬᠦᠵᠦ ᠠᠪᠬᠤ᠂ ᠠᠰ ᠢᠶᠠᠷ ᠨᠢ ᠵᠡᠭᠦᠯᠲᠡ ᠬᠠᠳᠠᠬᠤ ᠭᠠᠷᠳᠠᠮ᠃ | ᠭᠤᠷᠪᠠ᠂ ᠰᠢᠶᠠᠩᠭᠠᠩ ᠤᠤᠮᠧᠨ ᠢᠶᠠᠷ ᠣᠴᠢᠵᠦ ᠢᠷᠡᠬᠦ ᠨᠡᠪᠲᠡᠷᠡᠬᠦ ᠦᠨᠡᠮᠯᠡᠯ ᠬᠢᠭᠡᠳ ᠪᠦᠯᠭᠦᠮ ᠨᠡᠶᠢᠲᠡ ᠶᠢᠨ | ᠵᠢᠭᠤᠯᠴᠢᠯᠠᠯ ᠤᠨ ᠴᠤᠬᠤᠯᠠᠪᠥᠷᠢᠯᠠᠭᠤᠯᠬᠤ | ᠴᠤᠬᠤᠯᠠᠪᠥᠷᠢᠯᠠᠭᠤᠯᠬᠤ ︵L︶ ᠬᠡᠪᠴᠢᠶᠡᠨ ᠳᠤ ᠪᠠᠭᠲᠠᠬᠤ ᠨᠢ᠄ ᠭᠤᠷᠪᠠᠨ ᠰᠠᠷ᠎ᠠ ᠳᠤ ᠨᠢᠭᠡ ᠤᠳᠠᠭ᠎ᠠ᠂ | ᠨᠢᠭᠡ ᠵᠢᠯ ᠳᠤ ᠨᠢᠭᠡ ᠤᠳᠠᠭ᠎ᠠ ᠰᠢᠶᠠᠩᠭᠠᠩ᠂ ᠣᠣᠮᠧᠨ ᠳᠤ ᠣᠴᠢᠬᠤ ᠪᠦᠯᠬᠦᠮ ᠨᠡᠶᠢᠲᠡ ᠶᠢᠨ ᠵᠢᠭᠤᠯᠴᠢᠯᠠᠯ ᠤᠨ | ᠴᠣᠬᠤᠯᠠᠪᠥᠷᠢᠯᠠᠭᠤᠯᠬᠤ᠂ ᠭᠤᠷᠪᠠᠨ ᠰᠠᠷ᠎ᠠ ᠳᠤ ᠬᠤᠶᠠᠷ ᠤᠳᠠᠭ᠎ᠠ᠂ ᠨᠢᠭᠡ ᠵᠢᠯ ᠳᠤ ᠬᠤᠶᠠᠷ ᠤᠳᠠᠭ᠎ᠠ ᠰᠢᠶᠠᠩᠭᠠᠩ | ᠳᠤ ᠣᠴᠢᠬᠤ ᠪᠦᠯᠬᠦᠮ ᠨᠡᠶᠢᠲᠡ ᠶᠢᠨ ᠵᠢᠭᠤᠯᠴᠢᠯᠠᠯ ᠤᠨ ᠴᠤᠬᠤᠯᠠᠪᠥᠷᠢᠯᠠᠭᠤᠯᠬᠤ᠃ | ᠪᠦᠬᠦᠯᠢ 16 ᠨᠠᠰᠤ ᠬᠦᠷᠦᠭᠡᠳᠦᠢ ᠪᠤᠶᠤ ᠪᠦᠬᠦᠯᠢ 60 ᠨᠠᠰᠤ ᠬᠦᠷᠥᠭᠰᠡᠨ ᠤ ᠭᠤᠶᠤᠴᠢᠯᠠᠵᠦ ᠰᠢᠶᠠᠩᠭᠠᠩ | ᠣᠣᠮᠧᠨ ᠳᠤ ᠣᠬᠤᠷ ᠬᠤᠭᠤᠴᠠᠭ᠎ᠠ ᠪᠠᠷ ᠣᠴᠢᠵᠦ ᠢᠷᠡᠬᠦ ᠪᠦᠯᠬᠦᠮ ᠨᠡᠶᠢᠲᠡ ᠶᠢᠨ ᠵᠢᠭᠤᠯᠴᠢᠯᠠᠬᠤ᠂ ᠡᠰᠡᠭᠦᠯ᠎ᠡ | ᠠᠳᠠᠯᠢ ᠨᠢᠭᠡ ᠬᠦᠯᠢᠶᠡᠨ ᠠᠪᠴᠤ ᠭᠦᠢᠴᠡᠳᠬᠡᠬᠦ ᠰᠠᠯᠠᠭ᠎ᠠ ᠮᠦᠴᠢᠷ ᠲᠤ ᠰᠢᠶᠠᠩᠭᠠᠩ ᠤᠤᠮᠧᠨ ᠢᠶᠠᠷ ᠣᠴᠢᠵᠦ ᠢᠷᠡᠬᠦ | ᠠᠳᠠᠯᠢ ᠨᠢᠭᠡ ᠨᠡᠪᠲᠡᠷᠡᠬᠦ ᠦᠨᠡᠮᠯᠡᠯ ᠢᠶᠠᠷ ᠳᠠᠬᠢᠭᠠᠳ ᠭᠤᠶᠤᠴᠢᠯᠠᠨ ᠰᠢᠶᠠᠩᠭᠠᠩ ᠣᠣᠮᠧᠨ ᠳᠤ ᠣᠬᠤᠷ | ᠬᠤᠭᠤᠴᠠᠭ᠎ᠠ ᠪᠠᠷ ᠣᠴᠢᠵᠦ ᠢᠷᠡᠬᠦ ᠪᠦᠯᠬᠦᠮ ᠨᠡᠶᠢᠲᠡ ᠶᠢᠨ ᠵᠢᠭᠤᠯᠴᠢᠯᠠᠬᠤ ᠶᠢᠨ ᠴᠤᠬᠤᠯᠠᠪᠥᠷᠢᠯᠠᠭᠤᠯᠬᠤ ᠪᠣᠯ ᠴᠦᠮ | ᠨᠠᠶᠢᠳᠠᠭᠴᠢ ᠠᠴᠠ ᠡᠷᠦᠭᠡ ᠠᠮᠠ ᠶᠢᠨ ᠬᠠᠷᠢᠶ᠎ᠠ ᠶᠢᠨ ᠭᠠᠵᠠᠷ ᠠᠯᠤᠰᠯᠠᠨ ᠭᠤᠶᠤᠴᠢᠯᠠᠵᠤ ᠪᠣᠯᠣᠨ᠎ᠠ᠃ | ᠳᠥᠷᠪᠡ᠂ ᠡᠬᠡ ᠬᠠᠭᠤᠷᠠᠢ ᠶᠢᠨ ᠰᠠᠭᠤᠭᠠᠯᠢ ᠠᠷᠠᠳ ᠤᠨ ᠲᠠᠶᠢᠸᠠᠨ ᠳᠤ ᠣᠴᠢᠵᠦ ᠢᠷᠡᠬᠦ ᠨᠡᠪᠲᠡᠷᠡᠬᠦ ᠦᠨᠡᠮᠯᠡᠯ | ᠬᠢᠭᠡᠳ ᠴᠣᠬᠤᠯᠠᠪᠥᠷᠢᠯᠠᠭᠤᠯᠬᠤ | ᠲᠠᠶᠢᠸᠠᠨ ᠳᠤ ᠣᠴᠢᠵᠤ ᠲᠦᠷᠦᠯ ᠰᠠᠲᠤᠨ ᠢᠶᠠᠨ ᠡᠷᠬᠢᠵᠦ ᠦᠵᠡᠬᠦ᠂ ᠰᠠᠭᠤᠷᠢᠰᠢᠬᠤ᠂ | ᠨᠠᠶᠢᠵᠠ ᠶᠢᠨ ᠳᠠᠭᠠᠨ ᠠᠶᠢᠯᠴᠢᠯᠠᠬᠤ᠂ ᠵᠢᠭᠤᠯᠴᠢᠯᠠᠬᠤ᠂ ᠡᠳ᠋ ᠭᠦᠷᠦᠩᠭᠡ ᠬᠦᠯᠢᠶᠠᠨ ᠠᠪᠬᠤ ᠪᠠ ᠰᠢᠢᠳᠪᠦᠷᠢᠯᠡᠬᠦ᠂ | ᠬᠤᠷᠢᠮ ᠪᠠᠯᠪᠠᠰᠤᠷᠠᠯ ᠤᠨ ᠶᠠᠪᠤᠳᠠᠯ ᠢ ᠰᠢᠢᠳᠪᠦᠷᠢᠯᠡᠬᠦ ᠪᠤᠶᠤ ᠠᠵᠤ ᠠᠬᠤᠢ᠂ ᠰᠤᠶᠤᠯ᠂ ᠰᠢᠨᠵᠢᠯᠡᠬᠦ ᠤᠬᠠᠭᠠᠨ | ᠮᠡᠷᠭᠡᠵᠢᠯ᠂ ᠪᠡᠶ᠎ᠡ ᠶᠢᠨ ᠲᠠᠮᠢᠷ᠂ ᠡᠷᠳᠡᠮ ᠰᠢᠨᠵᠢᠯᠡᠭᠡᠨ ᠤ ᠠᠵᠢᠯᠯᠠᠭ᠎ᠠ ᠬᠢᠬᠦ ᠪᠠ ᠬᠤᠷᠠᠯ ᠳᠤ ᠣᠷᠤᠯᠴᠠᠬᠤ ᠵᠡᠷᠭᠡ | ᠬᠡᠷᠡᠭ ᠶᠠᠪᠤᠳᠠᠯ ᠳᠤ ᠣᠷᠣᠯᠴᠠᠬᠤ ᠪᠠᠷ ᠭᠤᠶᠤᠴᠢᠯᠠᠪᠠᠯ᠂ ᠴᠦᠮ ᠰᠠᠭᠤᠭ᠎ᠠ ᠭᠠᠵᠠᠷ ᠤᠨ ᠢᠶᠠᠨ ᠣᠶᠢᠷ᠎ᠠ ᠬᠠᠪᠢ ᠳᠤ | ︽ᠡᠬᠡ ᠬᠠᠭᠤᠷᠠᠢ ᠶᠢᠨ ᠰᠠᠭᠤᠭᠠᠯᠢ ᠠᠷᠠᠳ ᠤᠨ ᠲᠠᠶᠢᠸᠠᠨ ᠳᠤ ᠣᠴᠢᠵᠦ ᠢᠷᠡᠬᠦ ᠨᠡᠪᠲᠡᠷᠡᠬᠦ ᠦᠨᠡᠮᠯᠡᠯ︾ | ᠭᠦᠢᠴᠡᠳᠬᠡᠬᠦ ᠪᠠ ᠵᠣᠬᠢᠴᠠᠩᠭᠤᠢ ᠴᠤᠬᠤᠯᠠᠪᠥᠷᠢᠯᠠᠭᠤᠯᠵᠦ ᠪᠣᠯᠤᠨ᠎ᠠ᠃ | ᠴᠤᠬᠤᠯᠠᠪᠦᠷᠢᠯᠠᠭᠤᠯᠬᠤ ᠬᠡᠪᠴᠢᠶᠡᠨ ᠳᠤ ᠪᠠᠭᠲᠠᠬᠤ ᠨᠢ᠄ D ᠨᠤᠲᠤᠭᠰᠢᠬᠤ᠂ J ᠣᠷᠣᠰᠢᠨ ᠰᠠᠭᠤᠬᠤ᠂ | T ᠲᠦᠷᠦᠯ ᠰᠠᠲᠤᠨ ᠢᠶᠠᠨ ᠡᠷᠭᠢᠵᠦ ᠦᠵᠡᠡᠬᠦ᠂ L ᠵᠢᠭᠤᠯᠴᠢᠯᠠᠬᠤ᠂ Q ᠪᠤᠰᠤᠳ᠂ Y ᠤᠷᠢᠭᠳᠠᠬᠤ ᠂ F | ᠠᠯᠪᠠᠨ ᠠᠵᠢᠯ ᠤᠨ ᠪᠤᠰᠤ ᠪᠠᠷ ᠤᠷᠢᠭᠳᠠᠬᠤ ᠪᠠ C ᠠᠭᠠᠷ ᠤᠨ ᠲᠡᠭᠡᠭᠡᠪᠦᠷᠢ ᠵᠡᠷᠭᠡ 8 ᠲᠦᠷᠦᠯ ᠤᠨ | ᠴᠤᠬᠤᠯᠠᠪᠥᠷᠢᠯᠠᠭᠤᠯᠬᠤ ᠪᠣᠯᠤᠨ᠎ᠠ᠃ | ᠪᠦᠬᠦᠯᠢ 16 ᠨᠠᠰᠦ ᠬᠦᠷᠦᠭᠡᠳᠦᠢ ᠪᠤᠶᠤ ᠪᠦᠬᠦᠯᠢ 70 ᠨᠠᠰᠤ ᠬᠥᠷᠦᠭᠰᠡᠨ ᠮᠠᠨ ᠤ ᠣᠷᠣᠨ ᠤ | ᠰᠠᠭᠤᠭᠠᠯᠢ ᠠᠷᠠᠳ ᠬᠤᠪᠢ ᠶᠢᠨ ᠤᠴᠢᠷ ᠢᠶᠠᠷ ᠲᠠᠶᠢᠸᠠᠨ ᠳᠤ ᠤᠴᠢᠬᠤ ᠪᠠᠷ ᠭᠤᠶᠤᠴᠢᠯᠠᠬᠤ ᠳᠤ᠂ ᠰᠢᠭᠤᠳ | ᠴᠢᠰᠦᠨ ᠲᠦᠷᠦᠯ ᠪᠤᠶᠤ ᠪᠤᠰᠤᠳ ᠬᠠᠷᠠᠭᠠᠯᠵᠠᠨ ᠬᠠᠮᠠᠭᠠᠯᠠᠭᠴᠢ ᠨᠢ ᠣᠷᠣᠯᠠᠨ ᠭᠦᠢᠴᠡᠳᠬᠡᠵᠦ ᠪᠣᠯᠣᠨ᠎ᠠ᠃ | ᠲᠠᠪᠤ᠂ ᠭᠤᠶᠤᠴᠢᠯᠠᠯ ᠤᠨ ᠮᠠᠲ᠋ᠧᠷᠢᠶᠠᠯ | ︵ᠨᠢᠭᠡ︶ ᠦᠨᠡᠮᠯᠡᠯ ᠬᠢᠬᠦ ᠭᠡᠷᠡᠯ ᠵᠢᠷᠤᠭ᠃ ᠭᠡᠷᠡᠯ ᠵᠢᠷᠤᠭ ᠨᠢ ︽ᠬᠢᠯᠢ ᠪᠠᠷ ᠣᠷᠤᠵᠤ ᠭᠠᠷᠬᠤ | ᠦᠨᠡᠮᠯᠡᠯ ᠤᠨ ᠭᠡᠷᠡᠯ ᠵᠢᠷᠤᠭ ᠤᠨ ᠰᠡᠭᠦᠳᠡᠷᠯᠡᠬᠦ ᠵᠢᠯᠣᠭᠤᠳᠤᠮᠵᠢ︾ ᠳᠤ ᠨᠡᠶᠢᠴᠡᠭᠰᠡᠨ ᠪᠠᠶᠢᠬᠤ ᠬᠡᠷᠡᠭᠲᠡᠢ᠃ | ︵ᠬᠤᠶᠠᠷ︶ ᠪᠦᠷᠢᠨ ᠭᠦᠢᠴᠡᠳ ᠲᠠᠭᠯᠠᠭᠰᠠᠨ ᠮᠦᠷᠲᠡᠭᠡᠨ ᠭᠤᠶᠤᠴᠢᠯᠠᠭᠴᠢ ᠶᠢᠨ ᠤᠶᠢᠷ᠎ᠠ ᠶᠢᠨ | ᠬᠤᠭᠤᠴᠠᠭᠠᠨ ᠤ ᠭᠡᠷᠡᠯ ᠵᠢᠷᠤᠭ ︵ᠲᠤᠰ ᠭᠡᠷᠡᠯ ᠵᠢᠷᠤᠭ ᠨᠢ ᠦᠨᠡᠮᠡᠯᠡᠯ ᠬᠢᠬᠦ ᠭᠡᠷᠡᠯ ᠵᠢᠷᠤᠭ ᠪᠢᠰᠢ ᠪᠠᠶᠢᠵᠦ ᠪᠣᠯᠣᠨ᠎ᠠ | ︶ ᠲᠠᠢ ︽ᠳᠤᠮᠳᠠᠳᠤ ᠤᠯᠤᠰ ᠤᠨ ᠠᠷᠠᠳ ᠢᠷᠭᠡᠳ ᠤᠨ ᠬᠢᠯᠢ ᠪᠠᠷ ᠣᠷᠣᠵᠣ ᠭᠠᠷᠬᠤ ᠭᠤᠶᠤᠴᠢᠯᠠᠯ ᠤᠨ | ᠬᠦᠰᠦᠨᠦᠭᠲᠦ ︾ ︵ᠳᠣᠷᠣᠭᠰᠢ ᠭᠤᠶᠤᠴᠢᠯᠠᠯ ᠤᠨ ᠬᠦᠰᠦᠨᠦᠭᠲᠦ ᠭᠡᠵᠦ ᠲᠣᠪᠴᠢᠯᠠᠨ ᠨᠡᠷᠡᠯᠡᠨ᠎ᠡ︶︔ | ︵ᠭᠤᠷᠪᠠ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠡᠯᠡᠯ ᠪᠠ ᠡᠷᠦᠭᠡ ᠠᠮᠠ ᠶᠢᠨ ᠳᠡᠪᠲᠡᠷ ᠬᠢᠭᠡᠳ | ᠬᠠᠭᠤᠯᠪᠤᠷᠢ︔ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠠᠪᠬᠤ᠂ ᠰᠤᠯᠢᠵᠤ ᠠᠪᠬᠤ᠂ ᠨᠥᠬᠦᠵᠦ ᠠᠪᠬᠤ | ᠬᠤᠭᠤᠴᠠᠭᠠᠨ ᠳᠤ᠂ ᠲᠦᠷ ᠴᠠᠭ ᠤᠨ ᠪᠡᠶ᠎ᠡ ᠶᠢᠨ ᠦᠨᠡᠮᠯᠡᠯ ᠪᠠ ᠡᠷᠦᠭᠡ ᠠᠮᠠ ᠶᠢᠨ ᠳᠡᠪᠲᠡᠷ ᠬᠢᠭᠡᠳ | ᠬᠠᠭᠤᠯᠪᠤᠷᠢ ᠶᠢ ᠲᠤᠰᠢᠶᠠᠵᠤ ᠪᠣᠯᠣᠨ᠎ᠠ︔ | ︵ᠳᠥᠷᠪᠡ︶ ᠪᠦᠬᠦᠯᠢ 16 ᠨᠠᠰᠤ ᠬᠦᠷᠦᠭᠡᠳᠦᠢ ᠠᠷᠠᠳ ᠢᠷᠭᠡᠨ ᠪᠣᠯ ᠬᠠᠷᠠᠭᠠᠯᠵᠠᠨ | ᠬᠠᠮᠠᠭᠠᠯᠠᠭᠴᠢ ᠪᠠᠷ ᠢᠶᠠᠨ ᠪᠠᠷ᠎ᠠ ᠪᠣᠯᠭᠠᠬᠤ ᠵᠢᠨᠬᠠᠮᠲᠤ ᠬᠠᠷᠠᠭᠠᠯᠵᠠᠨ ᠬᠠᠮᠠᠭᠠᠯᠠᠭᠴᠢ ᠳᠤᠨᠢ ᠬᠢᠵᠦ ᠥᠭᠭᠦᠭᠰᠡᠨ | ᠬᠢᠯᠢ ᠪᠠᠷ ᠭᠠᠷᠬᠤ ᠶᠢ ᠵᠥᠪᠰᠢᠶᠡᠷᠡᠭᠰᠡᠨ ᠰᠠᠨᠠᠯ᠂ ᠬᠠᠷᠠᠭᠠᠯᠵᠠᠨ ᠬᠠᠮᠠᠭᠠᠯᠠᠭᠴᠢ ᠶᠢᠨ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠪᠤᠶᠤ ᠡᠷᠦᠭᠡ ᠠᠮᠠ ᠶᠢᠨ ᠳᠡᠪᠲᠡᠷ᠂ ᠫᠠᠰᠫᠣᠷᠲ ᠬᠢᠭᠡᠳ ᠬᠠᠭᠤᠯᠪᠤᠷᠢ ᠶᠢ ᠲᠤᠰᠢᠶᠠᠨ᠎ᠠ︔ | ︵ᠲᠠᠪᠤ︶ ᠪᠦᠷᠢᠳᠬᠡᠯᠭᠡᠨ ᠳᠠᠩᠰᠠᠯᠠᠭᠤᠯᠤᠭᠰᠠᠨ ᠤᠯᠤᠰ ᠤᠨ ᠠᠵᠢᠯᠳᠠᠨ ᠪᠣᠯ ᠲᠤᠰ ᠬᠥᠮᠥᠨ ᠤ ᠬᠠᠷᠢᠶ᠎ᠠ | ᠪᠦᠬᠦᠢ ᠠᠵᠢᠯᠯᠠᠵᠤ ᠪᠠᠶᠢᠭ᠎ᠠ ᠨᠢᠭᠡᠴᠡ ᠪᠤᠶᠤ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠨᠢᠭᠡᠴᠡ ᠠᠴᠠ ᠨᠢ | ᠠᠵᠢᠯᠳᠠᠨ ᠤ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠤᠭᠠᠷ ᠬᠢᠨᠠᠨ ᠵᠥᠪᠰᠢᠶᠡᠷᠡᠭᠰᠡᠨ ᠤ ᠳᠠᠷᠠᠭ᠎ᠠ ᠬᠢᠯᠢ ᠪᠠᠷ | ᠭᠠᠷᠬᠤ ᠶᠢ ᠵᠥᠪᠰᠢᠶᠡᠷᠡᠭᠰᠡᠨ ᠰᠠᠨᠠᠯ ᠬᠢᠵᠦ ᠥᠭᠭᠦᠨ᠎ᠡ᠃ | ︵ᠵᠢᠷᠭᠤᠭ᠎ᠠ︶ ᠮᠤᠵᠢ ᠶᠢᠨ ᠱᠠᠲᠤᠨ ᠤ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ | ᠣᠷᠣᠵᠤ ᠭᠠᠷᠬᠤ ᠶᠢ ᠬᠠᠮᠢᠶᠠᠷᠬᠤ ᠪᠠᠶᠢᠭᠤᠯᠤᠮᠵᠢ ᠨᠢ ᠲᠣᠳᠤᠭᠠᠳᠤ ᠶᠢ ᠬᠠᠮᠠᠭᠠᠯᠠᠬᠤ ᠶᠠᠮᠤᠨ ᠤ ᠬᠢᠯᠢ ᠪᠠᠷ ᠣᠷᠤᠵᠤ | ᠭᠠᠷᠬᠤ ᠶᠢ ᠬᠠᠮᠢᠶᠠᠷᠬᠤ ᠪᠠᠶᠢᠭᠤᠯᠤᠮᠵᠢ ᠳᠤ ᠮᠡᠳᠡᠭᠦᠯᠥᠨ ᠵᠥᠪᠰᠢᠶᠡᠷᠡᠭᠦᠯᠥᠭᠡᠳ᠂ ᠪᠤᠰᠤᠳ ᠮᠠᠲ᠋ᠧᠷᠢᠶᠠᠯ | ᠲᠤᠰᠢᠶᠠᠬᠤ ᠶᠢ ᠱᠠᠭᠠᠷᠳᠠᠨ᠎ᠠ᠃ ᠠᠯᠪᠠ ᠬᠠᠭᠠᠵᠦ ᠪᠠᠶᠢᠭ᠎ᠠ ᠴᠡᠷᠢᠭ ᠡᠩ ᠤᠨ ᠫᠠᠰᠫᠣᠷᠲ ᠭᠤᠶᠤᠴᠢᠯᠠᠬᠤ ᠳᠤ᠂ | ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠭᠠᠷᠳᠠᠮ ᠢᠶᠠᠨ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠂ | ᠲᠤᠰ ᠬᠥᠮᠥᠨ ᠨᠢ ᠬᠠᠷᠢᠶ᠎ᠠ ᠪᠦᠬᠦᠢ ᠴᠡᠷᠢᠭ ᠠᠩᠭᠢ ᠶᠢᠨ ᠰᠠᠭᠤᠭ᠎ᠠ ᠭᠠᠵᠠᠷ ᠤᠨ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠣᠳᠤᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠬᠢᠯᠢ ᠪᠠᠷ ᠣᠷᠣᠵᠣ ᠭᠠᠷᠬᠤ ᠶᠢ ᠬᠠᠮᠢᠶᠠᠷᠬᠤ ᠪᠠᠶᠢᠭᠤᠯᠤᠮᠵᠢ ᠳᠤ ᠳᠤᠷᠠᠳᠤᠨ᠎ᠠ᠃ | |