ᠲᠠᠶᠢᠸᠠᠨ ᠤ ᠰᠠᠭᠤᠭᠠᠯᠢ ᠠᠷᠠᠳ ᠡᠬᠡ ᠬᠠᠭᠤᠷᠠᠢ ᠳᠤ ᠢᠷᠡᠬᠦ ᠦᠨᠡᠮᠯᠡᠯ ᠢᠶᠠᠨ ᠴᠤᠬᠤᠯᠠᠪᠤᠷᠢᠯᠠᠭᠤᠯᠬᠤ  ᠭᠤᠶᠤᠴᠢᠯᠠᠯ ᠢ ᠬᠦᠯᠢᠶᠡᠨ ᠰᠢᠢᠳᠪᠤᠷᠢᠯᠡᠬᠦ ᠪᠠᠶᠢᠭᠤᠯᠭ᠎ᠠ
ᠨᠡᠶᠢᠲᠡᠯᠡᠭᠰᠡᠨ ᠴᠠᠭ᠄
2015/8/24
           1᠂ ᠲᠠᠶᠢᠸᠠᠨ ᠤ ᠰᠠᠭᠤᠭᠠᠯᠢ ᠠᠷᠠᠳ ᠰᠢᠶᠠᠩᠭᠠᠩ᠂ ᠤᠤᠮᠧᠨ ᠭᠠᠵᠠᠷ ᠤᠷᠤᠨ ᠠᠴᠠ ᠡᠬᠡ ᠬᠠᠭᠤᠷᠠᠢ   ᠳᠤ  ᠢᠷᠡᠬᠦ ᠳᠤ ᠭᠠᠳᠠᠭᠠᠳᠤ ᠶᠠᠪᠤᠳᠠᠯ ᠤᠨ ᠶᠠᠮᠤᠨ ᠤ ᠰᠢᠶᠠᠩᠭᠠᠩ᠂ ᠤᠤᠮᠧᠨ ᠳᠤ ᠰᠠᠭᠤᠭ᠎ᠠ ᠤᠨᠴᠠ  ᠲᠤᠮᠢᠯᠠᠭᠴᠢᠳ ᠤᠨ  ᠵᠠᠬᠢᠷᠭᠠᠨ ᠤ ᠺᠤᠨᠰᠦ᠋ᠯ ᠤᠨ ᠬᠡᠯᠳᠡᠰ᠂ ᠰᠢᠶᠠᠩᠭᠠᠩ᠂ ᠤᠤᠮᠧᠨ ᠳᠠᠬᠢ ᠳᠤᠮᠳᠠᠳᠤ ᠤᠯᠤᠰ   ᠤᠨ ᠵᠢᠭᠤᠯᠴᠢᠨ ᠳᠤ  ᠦᠢᠯᠡᠴᠢᠯᠡᠬᠦ ᠭᠠᠵᠠᠷ ᠲᠤ ᠭᠤᠶᠤᠴᠢᠯᠠᠵᠦ ᠪᠤᠯᠤᠨ᠎ᠠ᠃       2᠂  ᠲᠠᠶᠢᠸᠠᠨ ᠤ ᠰᠠᠭᠤᠭᠠᠯᠢ ᠠᠷᠠᠳ ᠭᠠᠳᠠᠭᠠᠳᠤ ᠤᠯᠤᠰ ᠠᠴᠠ ᠡᠬᠡ ᠬᠠᠭᠤᠷᠠᠢ ᠳᠤ ᠢᠷᠡᠬᠦ   ᠳᠤ᠂  ᠳᠤᠮᠳᠠᠳᠤ ᠤᠯᠤᠰ ᠤᠨ ᠭᠠᠳᠠᠭᠠᠳᠤ ᠳᠤ ᠰᠠᠭᠤᠭ᠎ᠠ ᠳᠤᠮᠳᠠᠳᠤ ᠤᠯᠤᠰ ᠤᠨ ᠭᠠᠳᠠᠭᠠᠳᠤ ᠶᠠᠪᠤᠳᠠᠯ ᠤᠨ   ᠲᠦᠯᠦᠭᠡᠯᠡᠭᠴᠢ ᠪᠠᠶᠢᠭᠤᠯᠭ᠎ᠠ᠂  ᠺᠤᠨᠰᠦ᠋ᠯ ᠤᠨ ᠪᠠᠶᠢᠭᠤᠯᠭ᠎ᠠ ᠪᠤᠶᠤ ᠭᠠᠳᠠᠭᠠᠳᠤ ᠶᠠᠪᠤᠳᠠᠯ ᠤᠨ ᠶᠠᠮᠤᠨ ᠠᠴᠠ  ᠡᠷᠬᠡ  ᠤᠯᠭᠤᠭᠰᠠᠨ ᠭᠠᠳᠠᠭᠠᠳᠤ ᠳᠤ ᠰᠠᠭᠤᠭ᠎ᠠ ᠪᠤᠰᠤᠳ ᠪᠠᠶᠢᠭᠤᠯᠭ᠎ᠠ ᠳᠤ ᠭᠤᠶᠤᠴᠢᠯᠠᠵᠦ ᠪᠤᠯᠤᠨ᠎ᠠ᠃       3᠂ ᠲᠠᠶᠢᠸᠠᠨ ᠤ ᠰᠠᠭᠤᠭᠠᠯᠢ ᠠᠷᠠᠳ ᠬᠢᠯᠢ ᠶᠢᠨ ᠭᠠᠳᠠᠨ᠎ᠠ ᠬᠦᠴᠤᠨ ᠪᠦᠬᠦᠢ ᠦᠨᠡᠮᠯᠡᠯ   ᠤᠨ  ᠭᠠᠷᠳᠠᠮ ᠢ  ᠤᠷᠢᠳᠠᠪᠡᠷ ᠬᠦᠢᠴᠡᠳᠬᠡᠭᠰᠡᠨ ᠦᠬᠡᠢ ᠪᠠ ᠵᠢᠴᠢ ᠴᠤᠬᠤᠯᠠᠪᠤᠷᠢᠯᠠᠭᠤᠯᠬᠤ ᠪᠠᠷ ᠡᠬᠡ ᠬᠠᠭᠤᠷᠠᠢ ᠳᠤ  ᠢᠷᠡᠭᠰᠡᠨ ᠪᠤᠯ  ᠡᠷᠬᠡ ᠤᠯᠭᠤᠭᠰᠠᠨ ᠱᠠᠩᠬᠠᠢ᠂ ᠹᠦᠵᠢᠶᠠᠨ᠂ ᠰᠢᠶᠠᠮᠧᠨ᠂ ᠬᠠᠶᠢᠺᠦᠤ᠂  ᠰᠠᠨᠶᠠ᠂ ᠮᠦᠭᠳᠡᠨ᠂  ᠳ᠋ᠠᠯᠢᠶᠠᠨ᠂ ᠴᠧᠩᠳᠦ᠋ ᠂  ᠭᠤᠸᠠᠩᠵᠸᠤ᠂ ᠴᠢᠩᠳᠤᠤ᠂ ᠦᠬᠠᠨ᠂ ᠪᠡᠭᠡᠵᠢᠩ᠂ ᠨᠠᠨᠵᠢᠩ᠂ ᠴᠦᠩᠴᠢᠩ᠂ ᠬᠠᠩᠵᠸᠤ  ᠂ ᠭᠦᠢᠯᠢᠨ᠂ ᠱᠧᠨᠵᠧᠨ᠂  ᠴᠠᠩᠱᠠ᠂ ᠰᠢ ᠠᠨ᠂ ᠺᠦᠨᠮᠢᠩ᠂ ᠲᠢᠶᠠᠨᠵᠢᠨ᠂ ᠨᠢᠩᠪᠦ᠋ᠸᠧ᠂ ᠵᠢᠨᠠᠨ  ᠵᠡᠷᠭᠡ 23  ᠪᠤᠭᠤᠮᠳᠠ ᠶᠢᠨ ᠳᠤᠳᠤᠭᠠᠳᠤ ᠶᠢ  ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠤᠷᠤᠵᠦ ᠭᠠᠷᠬᠤ ᠶᠢ ᠬᠠᠮᠢᠶᠠᠡᠬᠤ  ᠰᠠᠯᠠᠭ᠎ᠠ ᠮᠦᠴᠢᠷ  ᠲᠤ ᠭᠤᠶᠤᠴᠢᠯᠠᠵᠦ  ᠪᠤᠯᠤᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号