ᠤᠷᠤᠭ ᠰᠠᠯᠬᠤ ᠶᠢ ᠳᠠᠩᠰᠠᠯᠠᠬᠤ ᠳᠡᠰ ᠳᠠᠷᠠᠭᠠᠯᠠᠯ
ᠨᠡᠶᠢᠲᠡᠯᠡᠭᠰᠡᠨ ᠴᠠᠭ᠄
2015/8/24
       ᠨᠢᠭᠡ᠂ ᠤᠷᠤᠭ ᠰᠠᠯᠬᠤ ᠶᠢ ᠳᠠᠩᠰᠠᠯᠠᠬᠤ ᠨᠥᠬᠦᠴᠡᠯ ᠳᠤ ᠬᠠᠩᠭᠠᠬᠤ ᠶᠢ ᠱᠠᠭᠠᠷᠳᠠᠭᠰᠠᠨ ᠭᠡᠷᠡᠴᠢ  ᠪᠢᠴᠢᠭ ᠪᠠ  ᠭᠡᠷᠡᠴᠢᠯᠡᠬᠦ ᠮᠠᠲ᠋ᠧᠷᠢᠶᠠᠯ ᠢ ᠪᠠᠶᠢᠴᠠᠭᠠᠨ ᠰᠢᠯᠭᠠᠨ᠎ᠠ︔       ᠬᠤᠶᠠᠷ᠂ ᠲᠤᠬᠠᠶᠢᠲᠠᠢ ᠬᠥᠮᠦᠨ ᠳᠤ ᠤᠷᠤᠭ ᠤᠨ ᠬᠠᠦᠯᠢ ᠶᠢᠨ ᠤᠷᠤᠭ ᠰᠠᠯᠬᠤ ᠶᠢ ᠳᠠᠩᠰᠠᠯᠠᠬᠤ  ᠲᠤᠬᠠᠢ  ᠨᠥᠬᠦᠴᠡᠯ ᠢ ᠲᠣᠳᠣᠷᠬᠠᠢ ᠶᠠᠷᠢᠵᠦ ᠥᠭᠭᠦᠨ᠎ᠡ︔       ᠭᠤᠷᠪᠠ᠂ ᠲᠤᠬᠠᠶᠢᠲᠠᠢ ᠬᠥᠮᠦᠨ ᠠᠴᠠ ᠤᠷᠤᠭ ᠰᠠᠯᠬᠤ ᠬᠦᠰᠡᠯ ᠰᠠᠨᠠᠭ᠎ᠠ ᠵᠢᠴᠢ ᠤᠷᠤᠭ ᠰᠠᠯᠬᠤ   ᠵᠦᠪᠯᠡᠯᠴᠡᠭᠡᠷ ᠤᠨ ᠠᠭᠤᠯᠭ᠎ᠠ ᠶᠢᠨ ᠲᠤᠬᠠᠢ ᠬᠦᠰᠡᠯ ᠰᠠᠨᠠᠭ᠎ᠠ ᠶᠢ ᠯᠠᠪᠯᠠᠨ ᠠᠰᠠᠭᠤᠨ᠎ᠠ︔       ᠳᠥᠷᠪᠡ᠂ ᠬᠤᠶᠠᠷ ᠲᠠᠯ᠎ᠠ ᠪᠠᠷ ᠢᠶᠠᠨ ᠰᠠᠶᠢᠨ ᠳᠤᠷ᠎ᠠ ᠠᠴᠠ ᠪᠠᠨ ᠤᠷᠤᠭ ᠰᠠᠯᠬᠤ ᠮᠦᠷᠲᠡᠭᠡᠨ ᠦᠷ᠎ᠡ   ᠬᠡᠦᠬᠡᠳ ᠢᠶᠠᠨ ᠠᠰᠠᠷᠠᠨ ᠲᠡᠵᠢᠭᠡᠬᠦ᠂ ᠡᠳ᠋ ᠬᠤᠭᠰᠢᠯ ᠪᠣᠯᠣᠨ ᠦᠷᠢ ᠰᠢᠷᠢ ᠶᠢᠨ ᠠᠰᠠᠭᠤᠳᠠᠯ ᠢ ᠰᠢᠢᠳᠪᠥᠷᠢᠯᠡᠬᠦ  ᠵᠡᠷᠭᠡ  ᠵᠦᠢᠯ ᠢ ᠵᠦᠪᠳᠡᠯᠴᠡᠭᠡᠳ ᠰᠠᠨᠠᠯ ᠨᠢᠭᠡᠳᠥᠭᠰᠡᠨ ᠪᠣᠯ ᠬᠤᠶᠠᠷ ᠲᠠᠯ᠎ᠠ ᠪᠠᠷ ᠢᠶᠠᠨ ︽ᠤᠷᠤᠭ ᠰᠠᠯᠬᠤ ᠶᠢ  ᠭᠤᠶᠤᠴᠢᠯᠠᠨ  ᠳᠠᠩᠰᠠᠯᠠᠭᠤᠯᠬᠤ ᠢᠯᠡᠷᠬᠡᠶᠢᠯᠡᠯᠲᠡ︾ ᠶᠢ ᠲᠠᠭᠯᠠᠨ ᠪᠢᠴᠢᠨ᠎ᠡ︔       ︽ᠤᠷᠤᠭ ᠰᠠᠯᠬᠤ ᠶᠢ ᠭᠤᠶᠣᠴᠢᠯᠠᠨ ᠳᠠᠩᠰᠠᠯᠠᠭᠤᠯᠬᠤ ᠢᠯᠡᠷᠬᠡᠶᠢᠯᠡᠯᠲᠡ︾ ᠳᠠᠬᠢ ︽ᠢᠯᠡᠷᠬᠡᠶᠢᠯᠡᠭᠴᠢ  ︾  ᠭᠡᠰᠡᠨ ᠬᠥᠰᠥᠨᠥᠭ ᠲᠤ ᠭᠠᠷ ᠤᠨ ᠦᠰᠦᠭ ᠵᠢᠷᠤᠬᠤ ᠳᠤ᠂ ᠢᠯᠡᠷᠬᠡᠶᠢᠯᠡᠭᠴᠢ ᠨᠢ ᠠᠨᠳᠠᠭᠠᠢ ᠬᠢᠨᠠᠬᠴᠢ ᠶᠢᠨ  ᠳᠡᠷᠭᠡᠳᠡ  ᠪᠡᠶᠡᠯᠡᠭᠦᠯᠬᠦ ᠬᠡᠷᠡᠭᠲᠡᠢ᠃       ᠲᠠᠪᠤ᠂ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠤᠷᠤᠭ ᠰᠠᠯᠬᠤ ᠵᠦᠪᠯᠡᠯᠴᠡᠭᠡᠷ ᠳᠡᠭᠡᠷ᠎ᠡ  ᠪᠡᠶ᠎ᠡ ᠪᠠᠷ ᠢᠶᠠᠨ  ᠭᠠᠷ ᠤᠨ ᠦᠰᠦᠭ ᠵᠢᠷᠣᠨ᠎ᠠ︔ ᠤᠷᠤᠭ ᠳᠠᠩᠰᠠᠯᠠᠭᠴᠢ ᠨᠢ ᠠᠨᠳᠠᠭᠠᠢ ᠬᠢᠨᠠᠬᠴᠢ ᠪᠣᠯᠣᠨ᠎ᠠ᠃       ᠵᠢᠷᠭᠤᠭ᠎ᠠ᠂ ᠤᠷᠤᠭ ᠳᠠᠩᠰᠠᠯᠠᠭᠴᠢ ᠨᠢ ᠲᠤᠬᠠᠶᠢᠲᠠᠢ ᠬᠥᠮᠦᠨ ᠤ ᠲᠣᠰᠢᠶᠠᠭᠰᠠᠨ ᠭᠡᠷᠡᠴᠢ ᠪᠢᠴᠢᠭ᠂  ᠤᠷᠤᠭ  ᠰᠠᠯᠬᠤ ᠶᠢ ᠭᠤᠶᠤᠴᠢᠯᠠᠨ ᠳᠠᠩᠰᠠᠯᠠᠭᠤᠯᠬᠤ ᠢᠯᠡᠷᠬᠡᠶᠢᠯᠡᠯᠲᠡ᠂ ᠤᠷᠤᠭ ᠰᠠᠯᠬᠤ ᠵᠦᠪᠯᠡᠯᠴᠡᠭᠡᠷ ᠤᠨ  ᠪᠢᠴᠢᠭ ᠢ ᠬᠢᠨᠠᠨ  ᠪᠠᠶᠢᠴᠠᠭᠠᠵᠤ᠂ ᠤᠷᠤᠭ ᠰᠠᠯᠬᠤ ᠨᠥᠬᠦᠴᠡᠯ ᠳᠤ ᠨᠡᠶᠢᠴᠡᠵᠦ ᠪᠠᠶᠢᠪᠠᠯ᠂ ︽ᠤᠷᠤᠭ ᠰᠠᠯᠬᠤ  ᠳᠠᠩᠰᠠᠯᠠᠯ ᠢ ᠬᠢᠨᠠᠨ  ᠪᠠᠶᠢᠴᠠᠭᠠᠵᠤ ᠰᠢᠢᠳᠪᠦᠷᠢᠯᠡᠭᠰᠡᠨ ᠬᠥᠰᠥᠨᠥᠭᠲᠦ︾ ᠪᠠ ᠤᠷᠤᠭ ᠰᠠᠯᠤᠭᠰᠠᠨ ᠦᠨᠡᠮᠯᠡᠯ ᠢ  ᠲᠠᠭᠯᠠᠨ ᠪᠢᠴᠢᠨ᠎ᠡ᠃        ᠳᠤᠯᠤᠭ᠎ᠠ᠂ ᠤᠷᠤᠭ ᠰᠠᠯᠤᠭᠰᠠᠨ ᠦᠨᠡᠮᠯᠡᠯ ᠣᠯᠭᠤᠬᠤ ᠳᠤ᠂ ᠲᠤᠬᠠᠶᠢᠲᠠᠢ ᠬᠥᠮᠦᠨ ᠤ ᠬᠤᠶᠠᠷ   ᠲᠠᠯ᠎ᠠ ᠪᠠᠷ ᠢᠶᠠᠨ ᠴᠦᠮ ᠪᠠᠶᠢᠬᠤ ᠦᠶ᠎ᠡ ᠳᠤ ᠳᠣᠣᠷ᠎ᠠ ᠵᠢᠭᠰᠠᠭᠠᠭᠰᠠᠨ ᠠᠯᠬᠤᠮ ᠳᠠᠷᠠᠭ᠎ᠠ ᠶᠣᠰᠤᠭᠠᠷ  ᠶᠠᠪᠤᠭᠳᠠᠭᠤᠯᠬᠤ  ᠬᠡᠷᠡᠭᠲᠡᠢ᠃       ︵ᠨᠢᠭᠡ︶ ᠲᠤᠬᠠᠶᠢᠲᠠᠢ ᠬᠥᠮᠦᠨ ᠤ ᠬᠤᠶᠠᠷ ᠲᠠᠯ᠎ᠠ ᠶᠢᠨ ᠣᠪᠣᠭ ᠨᠡᠷ᠎ᠡ᠂ ᠲᠥᠷᠥᠭᠰᠡᠨ ᠡᠳᠦᠷ  ᠬᠤᠭᠤᠴᠠᠭ᠎ᠠ  ᠂ ᠤᠷᠤᠭ ᠰᠠᠯᠬᠤ ᠬᠦᠰᠡᠯ ᠰᠠᠨᠠᠭ᠎ᠠ ᠶᠢ ᠬᠢᠨᠠᠨ ᠬᠠᠷᠭᠤᠭᠤᠯᠤᠨ᠎ᠠ︔       ︵ᠬᠤᠶᠠᠷ︶ ᠲᠤᠬᠠᠶᠢᠲᠠᠢ ᠬᠥᠮᠦᠨ ᠬᠤᠶᠠᠷ ᠲᠠᠯ᠎ᠠ ᠶᠢᠨ ᠤᠷᠤᠭ ᠰᠠᠯᠤᠭᠰᠠᠨ ᠤ ᠳᠠᠷᠠᠭᠠᠬᠢ ᠬᠠᠦᠯᠢ   ᠴᠠᠭᠠᠵᠠ ᠶᠢᠨ ᠬᠠᠷᠢᠴᠠᠭ᠎ᠠ ᠵᠢᠴᠢ ᠤᠷᠤᠭ ᠰᠠᠯᠤᠭᠰᠠᠨ ᠤ ᠳᠠᠷᠠᠭᠠᠬᠢ ᠦᠷ᠎ᠡ ᠬᠡᠦᠬᠡᠳ ᠯᠦᠭᠡ ᠶᠢᠨ ᠬᠠᠷᠢᠴᠠᠭ᠎ᠠ᠂   ᠭᠦᠢᠴᠡᠳᠬᠡᠪᠡᠰᠦ ᠵᠣᠬᠢᠬᠤ ᠡᠭᠦᠷᠭᠡ ᠶᠢ ᠮᠡᠳᠡᠭᠳᠡᠨ᠎ᠡ︔       ︵ᠭᠤᠷᠪᠡ︶  ︽ᠤᠷᠤᠭ ᠰᠠᠯᠬᠤ ᠳᠠᠩᠰᠠᠯᠠᠯ ᠢ ᠬᠢᠨᠠᠨ ᠪᠠᠶᠢᠴᠠᠭᠠᠵᠤ ᠰᠢᠢᠳᠪᠦᠷᠢᠯᠡᠭᠰᠡᠨ  ᠬᠦᠰᠥᠨᠥᠭᠲᠦ︾  ᠤᠨ ︽ᠲᠤᠬᠠᠶᠢᠲᠠᠢ ᠬᠥᠮᠦᠨ ᠦᠨᠡᠮᠯᠡᠯ ᠭᠠᠷᠳᠠᠵᠦ ᠭᠠᠷ ᠤᠨ ᠦᠰᠦᠭ ᠵᠢᠷᠤᠬᠤ ᠪᠣᠶᠤ  ᠬᠤᠷᠣᠭᠤᠨ ᠤ ᠬᠡ ᠳᠠᠷᠤᠬᠤ ︾ ᠬᠥᠰᠥᠨᠥᠭ ᠲᠤ ᠲᠤᠬᠠᠶᠢᠲᠠᠢ ᠬᠥᠮᠦᠨ ᠦᠪᠡᠷ ᠤᠨ ᠪᠡᠶ᠎ᠡ ᠪᠠᠷ ᠢᠶᠠᠨ ᠭᠠᠷ ᠤᠨ  ᠦᠰᠦᠭ ᠵᠢᠷᠤᠵᠦ ᠭᠡᠷᠡᠴᠢᠯᠡᠨ᠎ᠡ︔  ᠲᠤᠬᠠᠶᠢᠲᠠᠢ ᠬᠥᠮᠦᠨ ᠣᠪᠣᠭ ᠨᠡᠷ᠎ᠡ ᠪᠠᠨ ᠪᠢᠴᠢᠵᠦ ᠴᠢᠳᠠᠬᠤ ᠦᠭᠡᠢ ᠪᠣᠯ  ᠬᠤᠷᠤᠭᠤᠨ ᠤ ᠬᠡ ᠪᠠᠨ ᠳᠠᠷᠤᠬᠤ  ᠬᠡᠷᠡᠭᠲᠡᠢ᠃       ︵ᠳᠥᠷᠪᠡ︶ ᠲᠤᠬᠠᠶᠢᠲᠠᠢ ᠬᠥᠮᠦᠨ ᠤ ᠤᠷᠤᠭᠯᠠᠭᠰᠠᠨ ᠦᠨᠡᠮᠯᠡᠯ ᠳᠡᠭᠡᠷ᠎ᠡ ᠵᠢᠷᠣᠭᠠᠰᠤᠨ ᠲᠠᠮᠠᠭ᠎ᠠ  ᠳᠠᠷᠤᠭᠠᠳ  ᠂ ︽ᠬᠤᠶᠠᠷ ᠲᠠᠯ᠎ᠠ ᠪᠠᠷ ᠢᠶᠠᠨ ᠤᠷᠤᠭ ᠰᠠᠯᠵᠦ᠂ ᠦᠨᠡᠮᠯ᠎ᠡ ᠬᠦᠴᠦᠨ ᠦᠭᠡᠢ ᠪᠣᠯᠪᠠ᠃ × ×  ᠤᠷᠤᠭ ᠳᠠᠩᠰᠠᠯᠠᠬᠤ  ᠭᠠᠵᠠᠷ︾ ᠭᠡᠵᠦ ᠲᠣᠳᠣᠷᠬᠠᠶᠢᠯᠠᠨ᠎ᠠ᠃ ᠬᠦᠴᠦᠨ ᠦᠭᠡᠢ ᠪᠣᠯᠣᠭᠰᠠᠨ ᠤᠷᠤᠭᠯᠠᠭᠰᠠᠨ  ᠦᠨᠡᠮᠯᠡᠯ ᠢ ᠲᠤᠬᠠᠶᠢᠲᠠᠶᠢᠨ  ᠬᠥᠮᠦᠨ ᠳᠤᠨᠢ ᠪᠤᠴᠠᠭᠠᠵᠤ ᠥᠭᠭᠦᠨ᠎ᠡ᠃       ︵ᠲᠠᠪᠤ︶ ᠤᠷᠤᠭ ᠰᠠᠯᠤᠭᠰᠠᠨ ᠦᠨᠡᠮᠯᠡᠯ ᠢ ᠤᠷᠤᠭ ᠰᠠᠯᠤᠭᠰᠠᠨ ᠲᠤᠬᠠᠶᠢᠲᠠᠢ ᠬᠥᠮᠦᠨ ᠬᠤᠶᠠᠷ  ᠲᠠᠯ᠎ᠠ ᠳᠤ  ᠲᠣᠰ ᠲᠣᠰ ᠣᠯᠭᠤᠵᠦ᠂ ᠬᠤᠶᠠᠷ ᠲᠠᠯ᠎ᠠ ᠳᠤ ᠨᠡᠶᠢᠲᠡᠯᠡᠨ᠎ᠡ︔ ᠤᠷᠤᠭ ᠰᠠᠯᠤᠭᠰᠠᠨ ᠦᠨᠡᠮᠯᠡᠯ  ᠣᠯᠣᠭᠰᠠᠨ ᠪᠣᠯ ᠡᠷ᠎ᠡ  ᠡᠮ᠎ᠡ ᠶᠢᠨ ᠬᠠᠷᠢᠴᠠᠭ᠎ᠠ ᠪᠠᠨ ᠬᠦᠴᠦᠨ ᠦᠭᠡᠢ ᠪᠣᠯᠭᠠᠨ᠎ᠠ᠃  
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号