ᠣᠷᠤᠭ ᠢ ᠬᠦᠴᠦᠨ ᠦᠭᠡᠢ ᠪᠣᠯᠭᠠᠬᠤ ᠨᠥᠬᠦᠴᠡᠯ
ᠨᠡᠶᠢᠲᠡᠯᠡᠭᠰᠡᠨ ᠴᠠᠭ᠄
2015/8/24
ᠨᠢᠭᠡ᠂ ᠤᠷᠤᠭ ᠳᠠᠩᠰᠠᠯᠠᠬᠤ ᠭᠠᠵᠠᠷ ᠬᠠᠷᠢᠶᠠᠯᠠᠬᠤ ᠡᠷᠬᠡ ᠲᠠᠢ︔ᠬᠤᠶᠠᠷ᠂ ᠠᠯᠪᠠᠳᠠᠭᠳᠠᠨ ᠰᠦᠷᠳᠡᠭᠦᠯᠦᠭᠳᠡᠭᠰᠡᠨ ᠨᠢᠭᠡ ᠡᠲᠡᠭᠡᠳ ᠨᠢ ᠨᠥᠭᠦᠭᠡ ᠡᠲᠡᠭᠡᠳ ᠲᠠᠢ ᠪᠠᠨ  ᠬᠠᠮᠲᠤ  ᠤᠷᠤᠭ ᠳᠠᠩᠰᠠᠯᠠᠬᠤ ᠪᠠᠶᠢᠭᠤᠯᠭ᠎ᠠ ᠳᠤ ᠬᠦᠷᠴᠦ ᠬᠤᠶᠠᠷ ᠲᠠᠯ᠎ᠠ ᠶᠢᠨ ᠦᠷ᠎ᠡ ᠬᠡᠦᠬᠡᠳ ᠢᠶᠠᠨ ᠠᠷᠠᠴᠢᠯᠠᠨ  ᠲᠡᠵᠢᠭᠡᠬᠦ᠂  ᠡᠳ᠋ ᠬᠤᠭᠰᠢᠯ ᠪᠣᠯᠣᠨ ᠦᠷᠢ ᠰᠢᠷᠢ ᠶᠢᠨ ᠠᠰᠠᠭᠤᠳᠠᠯ ᠦᠭᠡᠢ ᠶᠢᠨ ᠢᠯᠡᠷᠬᠡᠶᠢᠯᠡᠯᠲᠡ ᠳᠤ ᠭᠠᠷ ᠤᠨ  ᠦᠰᠦᠭ  ᠵᠢᠷᠤᠨ᠎ᠠ︔ᠭᠤᠷᠪᠡ᠂ ᠭᠤᠶᠤᠴᠢᠯᠠᠬᠤ ᠴᠠᠭ ᠬᠤᠭᠤᠴᠠᠭᠠᠨ ᠤ ᠵᠠᠢ ᠶᠢ ᠣᠷᠤᠭ ᠳᠠᠩᠰᠠᠯᠠᠭᠤᠯᠤᠭᠰᠠᠨ ᠡᠳᠦᠷ  ᠪᠣᠶᠤ  ᠠᠯᠪᠠᠳᠠᠭᠳᠠᠨ ᠰᠦᠷᠳᠡᠭᠦᠯᠦᠭᠳᠡᠭᠰᠡᠨ ᠡᠲᠡᠬᠡᠳ ᠤᠨ ᠪᠡᠶ᠎ᠡ ᠶᠢᠨ ᠡᠷᠬᠡ ᠴᠢᠯᠦᠭᠡ ᠶᠢ ᠰᠡᠷᠭᠦᠭᠡᠭᠰᠡᠨ ᠡᠳᠦᠷ ᠠᠴᠠ 1 ᠵᠢᠯ ᠢ ᠳᠠᠪᠠᠭᠤᠯᠬᠤ ᠦᠭᠡᠢ︔ᠳᠥᠷᠪᠡ᠂ ᠣᠷᠤᠭ ᠢ ᠬᠦᠴᠦᠨ ᠦᠭᠡᠢ ᠪᠣᠯᠭᠠᠬᠤ ᠶᠢ ᠭᠤᠶᠣᠴᠢᠯᠠᠭᠰᠠᠨ ᠲᠤᠬᠠᠶᠢᠲᠠᠢ ᠬᠥᠮᠦᠨ ᠳᠤ  ᠪᠠᠶᠢᠪᠠᠰᠦ  ᠵᠣᠬᠢᠬᠤ ᠵᠦᠢᠯ        ︵ᠨᠢᠭᠡ︶ ᠲᠣᠰ ᠬᠥᠮᠦᠨ ᠤ ᠪᠡᠶ᠎ᠡ ᠶᠢᠨ ᠦᠨᠡᠮᠯᠡᠯ᠂ ᠤᠷᠤᠭᠯᠠᠭᠰᠠᠨ ᠦᠨᠡᠮᠯᠡᠯ︔        ︵ᠬᠤᠶᠠᠷ︶ ᠣᠷᠤᠭ ᠢ ᠬᠦᠴᠦᠨ ᠦᠭᠡᠢ ᠪᠣᠯᠭᠠᠬᠤ ᠶᠢ ᠱᠠᠭᠠᠷᠳᠠᠭᠰᠠᠨ ᠪᠢᠴᠢᠭᠯᠡᠭᠰᠡᠨ  ᠭᠤᠶᠤᠴᠢᠯᠠᠯ︔      ︵ᠭᠤᠷᠪᠡ︶ ᠲᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠵᠦ ᠥᠭᠭᠦᠭᠰᠡᠨ ᠲᠤᠬᠠᠶᠢᠲᠠᠢ  ᠬᠥᠮᠦᠨ ᠤ  ᠮᠡᠬᠡᠯᠡᠭᠳᠡᠨ ᠬᠤᠳᠠᠯᠳᠤᠭᠳᠠᠭᠰᠠᠨ᠂ ᠠᠪᠤᠷᠠᠭᠳᠠᠭᠰᠠᠨ ᠭᠡᠷᠡᠴᠢ᠂ ᠡᠰᠡᠭᠦᠯ᠎ᠡ ᠠᠷᠠᠳ ᠤᠨ ᠰᠢᠭᠦᠬᠦ  ᠬᠤᠷᠢᠶ᠎ᠠ ᠶᠢᠨ  ᠬᠢᠭᠰᠡᠨ ᠲᠤᠬᠠᠶᠢᠲᠠᠢ ᠬᠥᠮᠦᠨ ᠤ ᠠᠯᠪᠠᠳᠠᠭᠳᠠᠨ ᠰᠦᠷᠳᠡᠭᠦᠯᠦᠭᠳᠡᠭᠡᠳ ᠤᠷᠤᠭᠯᠠᠭᠰᠠᠨ ᠭᠡᠳᠡᠭ ᠢ  ᠭᠡᠷᠡᠴᠢᠯᠡᠵᠦ ᠳᠡᠶᠢᠯᠬᠦ  ᠲᠠᠰᠤᠯᠤᠯᠲᠠ ᠶᠢᠨ ᠪᠢᠴᠢᠭ᠃    
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号