ᠤᠷᠤᠭᠯᠠᠭᠰᠠᠨ ᠦᠨᠡᠮᠯᠡᠯ᠂ ᠤᠷᠤᠭ ᠰᠠᠯᠤᠭᠰᠠᠨ ᠦᠨᠡᠮᠯᠡᠯ ᠢ ᠨᠥᠬᠦᠵᠦ ᠠᠪᠬᠤ ᠨᠥᠬᠦᠴᠡᠯ
ᠨᠡᠶᠢᠲᠡᠯᠡᠭᠰᠡᠨ ᠴᠠᠭ᠄
2015/8/24
      ᠨᠢᠭᠡ᠂ ᠤᠷᠤᠭ ᠳᠠᠩᠰᠠᠯᠠᠬᠤ ᠭᠠᠵᠠᠷ ᠬᠠᠷᠢᠶᠠᠯᠠᠬᠤ ᠡᠷᠬᠡ ᠲᠠᠢ︔       ᠬᠤᠶᠠᠷ᠂ ᠲᠤᠬᠠᠶᠢᠲᠠᠢ ᠬᠥᠮᠦᠨ ᠤᠷᠤᠭᠯᠠᠬᠤ ᠪᠣᠶᠤ ᠤᠷᠤᠭ ᠰᠠᠯᠬᠤ ᠪᠠᠨ ᠬᠠᠦᠯᠢ ᠶᠣᠰᠤᠭᠠᠷ  ᠳᠠᠩᠰᠠᠯᠠᠭᠤᠯᠬᠤ ᠳᠤ᠂ ᠡᠳᠦᠭᠡ ᠲᠣᠰ ᠪᠠᠶᠢᠳᠠᠯ ᠢ ᠮᠦᠨᠬᠦ ᠬᠡᠪ ᠢᠶᠠᠷ ᠨᠢ ᠪᠠᠶᠢᠯᠭᠠᠨ᠎ᠠ︔       ᠭᠤᠷᠪᠡ᠂ ᠲᠤᠬᠠᠶᠢᠲᠠᠢ ᠬᠥᠮᠦᠨ ᠳᠤ ᠤᠷᠤᠭ ᠳᠠᠩᠰᠠᠯᠠᠭᠤᠯᠬᠤ ᠲᠤᠬᠠᠶᠢᠲᠠᠢ ᠬᠥᠮᠦᠨ ᠤ ᠪᠠᠶᠢᠪᠠᠰᠦ  ᠵᠣᠬᠢᠬᠤ  ᠦᠨᠡᠮᠯᠡᠯ ᠪᠠᠶᠢᠬᠤ ᠬᠡᠷᠡᠭᠲᠡᠢ᠃       ᠳᠥᠷᠪᠡ᠂ ᠤᠷᠤᠭ ᠳᠠᠩᠰᠠᠯᠠᠬᠤ ᠪᠠᠶᠢᠭᠤᠯᠭ᠎ᠠ ᠳᠤ ᠲᠤᠬᠠᠶᠢᠲᠠᠢ ᠬᠥᠮᠦᠨ ᠪᠡᠶ᠎ᠡ ᠪᠠᠷ ᠢᠶᠠᠨ ᠬᠦᠷᠴᠦ   ᠭᠤᠶᠤᠴᠢᠯᠠᠯ ᠢᠶᠠᠨ ᠳᠤᠷᠠᠳᠤᠨ᠂ ︽ᠣᠷᠤᠭ ᠳᠠᠩᠰᠠᠯᠠᠭᠤᠯᠤᠭᠰᠠᠨ ᠦᠨᠡᠮᠯᠡᠯ ᠭᠤᠶᠤᠴᠢᠯᠠᠨ ᠨᠥᠬᠦᠵᠦ ᠠᠪᠬᠤ   ᠢᠯᠡᠷᠬᠡᠶᠢᠯᠡᠯᠲᠡ︾ ᠶᠢ ᠲᠠᠭᠯᠠᠨ ᠪᠢᠴᠢᠨ᠎ᠡ᠃     ᠲᠠᠪᠤ᠂ ᠲᠤᠬᠠᠶᠢᠲᠠᠢ ᠬᠥᠮᠦᠨ ᠶᠠᠮᠠᠷ ᠨᠢᠭᠡᠨ ᠰᠢᠯᠲᠠᠭᠠᠨ ᠠᠴᠠ ᠪᠣᠯᠤᠭᠠᠳ ᠤᠤᠯ ᠤᠨ ᠤᠷᠤᠭ  ᠳᠠᠩᠰᠠᠯᠠᠭᠰᠠᠨ  ᠪᠠᠶᠢᠭᠤᠯᠭ᠎ᠠ ᠳᠤ ᠬᠦᠷᠴᠦ ᠣᠷᠤᠭ ᠳᠠᠩᠰᠠᠯᠠᠭᠰᠠᠨ ᠦᠨᠡᠮᠯᠡᠯ ᠭᠤᠶᠤᠴᠢᠯᠠᠨ ᠨᠥᠬᠦᠵᠦ ᠠᠪᠴᠦ  ᠳᠡᠶᠢᠯᠬᠦ ᠦᠭᠡᠢ ᠪᠣᠯ  ᠪᠣᠰᠤᠳ ᠲᠤ ᠨᠠᠶᠢᠳᠠᠨ ᠭᠦᠢᠴᠡᠳᠬᠡᠯᠭᠡᠵᠦ ᠪᠣᠯᠣᠨ᠎ᠠ᠃ ᠨᠠᠶᠢᠳᠠᠨ ᠭᠦᠢᠴᠡᠳᠬᠡᠯᠭᠡᠬᠦ ᠳᠤ ᠠᠯᠪᠠᠨ ᠭᠡᠷᠡᠴᠢᠯᠡᠭᠡ ᠶᠢᠨ  ᠪᠠᠶᠢᠭᠤᠯᠭ᠎ᠠ ᠪᠠᠷ ᠭᠡᠷᠡᠴᠢᠯᠡᠭᠦᠯᠦᠭᠰᠡᠨ ᠲᠤᠬᠠᠶᠢᠲᠠᠢ ᠬᠥᠮᠦᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠ  ᠨᠠᠶᠢᠳᠠᠯᠭ᠎ᠠ ᠶᠢᠨ ᠪᠢᠴᠢᠭ ᠢ ᠲᠣᠰᠢᠶᠠᠬᠤ ᠬᠡᠷᠡᠭᠲᠡᠢ᠃ ᠨᠠᠶᠢᠳᠠᠯᠭ᠎ᠠ ᠶᠢᠨ  ᠪᠢᠴᠢᠭ ᠲᠤ ᠲᠤᠬᠠᠶᠢᠲᠠᠢ ᠬᠥᠮᠦᠨ ᠤ  ᠤᠷᠤᠭ ᠤᠨ ᠳᠠᠩᠰᠠᠯᠠᠭᠤᠯᠤᠭᠰᠠᠨ ᠴᠠᠭ ᠬᠤᠭᠤᠴᠠᠭ᠎ᠠ ᠪᠠ ᠳᠠᠭᠠᠭᠠᠨ ᠬᠢᠭᠰᠡᠨ ᠪᠠᠶᠢᠭᠤᠯᠭ᠎ᠠ᠂ ᠣᠳᠣᠬᠢ ᠣᠷᠤᠭ ᠤᠨ  ᠪᠠᠶᠢᠳᠠᠯ᠂ ᠨᠠᠶᠢᠳᠠᠭᠰᠠᠨ ᠤᠴᠢᠷ ᠰᠢᠯᠲᠠᠭᠠᠨ᠂ ᠨᠠᠶᠢᠳᠠᠯᠭ᠎ᠠ  ᠬᠦᠯᠢᠶᠡᠭᠰᠡᠨ ᠬᠥᠮᠦᠨ ᠤ  ᠣᠪᠣᠭ ᠨᠡᠷ᠎ᠡ  ᠪᠠ  ᠪᠡᠶ᠎ᠡ  ᠶᠢᠨ  ᠦᠨᠡᠮᠯᠡᠯ  ᠤᠨ  ᠳ᠋ᠤᠭᠠᠷ  ᠢ  ᠲᠣᠳᠣᠷᠬᠠᠶᠢᠯᠠᠨ ᠪᠢᠴᠢᠬᠦ ᠬᠡᠷᠡᠭᠲᠡᠢ᠃ ᠨᠠᠶᠢᠳᠠᠯᠭ᠎ᠠ ᠬᠦᠯᠢᠶᠡᠭᠴᠢ ᠦᠪᠡᠷ ᠤᠨ  ᠪᠡᠶ᠎ᠡ ᠶᠢᠨ ᠦᠨᠡᠮᠯᠡᠯ ᠢᠶᠠᠨ ᠵᠡᠷᠭᠡ   ᠳᠤᠨᠢ ᠲᠤᠰᠢᠶᠠᠬᠤ ᠬᠡᠷᠡᠭᠲᠡᠢ᠃       ᠵᠢᠷᠭᠤᠭ᠎ᠠ᠂ ᠤᠷᠤᠭ ᠳᠠᠩᠰᠠᠯᠠᠭᠰᠠᠨ ᠳᠠᠩᠰᠠ ᠡᠪᠬᠡᠮᠡᠯ ᠨᠢ ᠭᠡᠭᠡᠭᠳᠡᠭᠰᠡᠨ ᠪᠣᠯ ᠲᠤᠬᠠᠶᠢᠲᠠᠢ  ᠬᠥᠮᠦᠨ  ᠤᠷᠤᠭ ᠤᠨ ᠪᠠᠶᠢᠳᠠᠯ ᠢᠶᠠᠨ ᠭᠡᠷᠡᠴᠢᠯᠡᠵᠦ ᠳᠡᠶᠢᠯᠬᠦ ᠭᠡᠷᠡᠴᠢ ᠲᠣᠰᠢᠶᠠᠬᠤ ᠬᠡᠷᠡᠭᠲᠡᠢ᠃ ᠡᠷᠦᠬᠡ ᠠᠮᠠ ᠶᠢᠨ ᠲᠡᠪᠲᠡᠷ ᠲᠠᠬᠢ ᠡᠷ᠎ᠡ ᠡᠮ᠎ᠡ ᠶᠢᠨ ᠬᠠᠷᠢᠴᠠᠭ᠎ᠠ ᠶᠢᠨ ᠲᠡᠮᠳᠡᠭᠯᠡᠯ᠂ ᠭᠤᠶᠤᠴᠢᠯᠠᠭᠴᠢ ᠶᠢᠨ ᠤᠷᠤᠭ ᠤᠨ ᠪᠠᠶᠢᠳᠠᠯ ᠢ ᠲᠣᠳᠤᠷᠬᠠᠶᠢᠯᠠᠨ ᠪᠢᠴᠢᠭᠰᠡᠨ ᠨᠢᠭᠡᠴᠡ᠂ ᠭᠠᠴᠠᠭᠠᠨ ︵ᠰᠠᠭᠤᠭᠠᠯᠢ︶ ᠤ ᠠᠷᠠᠳ ᠤᠨ ᠵᠦᠪᠯᠡᠯ ᠪᠣᠶᠤ ᠣᠶᠢᠷ᠎ᠠ  ᠲᠥᠷᠥᠯ  ᠰᠠᠳᠤᠨ ᠤ ᠬᠢᠵᠦ ᠥᠭᠭᠦᠭᠰᠡᠨ ᠭᠡᠷᠡᠴᠢ ᠶᠢ ᠭᠤᠶᠣᠴᠢᠯᠠᠭᠴᠢ ᠶᠢᠨ ᠣᠷᠤᠭ ᠤᠨ ᠪᠠᠶᠢᠳᠠᠯ ᠤᠨ ᠭᠡᠷᠡᠴᠢ  ᠪᠣᠯᠭᠠᠨ  ᠬᠡᠷᠡᠭᠯᠡᠵᠦ ᠪᠣᠯᠣᠨ᠎ᠠ᠃      
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号