| | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ︽ᠡᠷ᠎ᠡ ᠡᠮ᠎ᠡ | ᠬᠤᠶᠠᠭᠤᠯᠠ ᠶᠢᠨ ᠨᠢᠭᠡ ᠨᠢ ᠬᠦᠮᠥᠨ ᠤ ᠭᠠᠭᠴᠠ ᠬᠡᠦᠬᠡᠳ ᠪᠣᠯ ᠬᠤᠶᠠᠷ ᠬᠡᠦᠬᠡᠳ ᠠᠪᠴᠤ ᠪᠣᠯᠬᠤ︾ | ᠲᠥᠷᠥ ᠶᠢᠨ ᠪᠣᠳᠤᠯᠭ᠎ᠠ ᠶᠢ ᠬᠡᠷᠡᠭᠵᠢᠭᠦᠯᠬᠦ ᠨᠠᠷᠢᠨ ᠳᠦᠷᠢᠮ ᠳᠤ ᠲᠤᠳᠤᠷᠬᠠᠢ ᠲᠣᠭᠲᠠᠭᠠᠭᠰᠠᠨ ᠨᠢ᠂ ︽ᠡᠷ᠎ᠡ ᠡᠮ᠎ᠡ | ᠬᠤᠶᠠᠭᠤᠯᠠ ᠶᠢᠨ ᠨᠢᠭᠡ ᠨᠢ ᠬᠦᠮᠥᠨ ᠤ ᠭᠠᠭᠴᠠ ᠬᠡᠦᠬᠡᠳ ᠪᠣᠯ ᠬᠤᠶᠠᠷ ᠬᠡᠦᠬᠡᠳ ᠠᠪᠴᠤ ᠪᠣᠯᠬᠤ︾ | ᠲᠥᠷᠥ ᠶᠢᠨ ᠪᠣᠳᠤᠯᠭ᠎ᠠ ᠳᠤ ᠨᠡᠶᠢᠴᠡᠵᠦ ᠬᠤᠶᠠᠳᠤᠭᠠᠷ ᠬᠡᠦᠬᠡᠳ ᠲᠥᠷᠦᠬᠦ ᠶᠢ ᠭᠤᠶᠤᠴᠢᠯᠠᠬᠤ ᠳᠤ᠂ ᠭᠠᠭᠴᠠ | ᠬᠡᠦᠬᠡᠳ ᠤᠨ ᠠᠪᠤ ᠡᠵᠢ ᠨᠢ ᠬᠡᠦᠬᠡᠳ ᠲᠦᠷᠥᠭᠰᠡᠨ ᠪᠠᠶᠢᠳᠠᠯ ᠤᠨ ᠭᠡᠷᠡᠴᠢ ᠪᠠ ᠭᠤᠶᠣᠴᠢᠯᠠᠭᠴᠢ ᠶᠢᠨ ᠡᠷᠦᠬᠡ | ᠠᠮᠠ ᠶᠢᠨ ᠳᠡᠪᠲᠡᠷ᠂ ︽ᠤᠷᠤᠭ ᠤᠨ ᠦᠨᠡᠮᠯᠡᠯ︾᠂ ᠬᠡᠦᠬᠡᠳ ᠲᠦᠷᠥᠭᠰᠡᠨ ᠪᠠᠶᠢᠳᠠᠯ ᠤᠨ ᠭᠡᠷᠡᠴᠢ ᠵᠡᠷᠭᠡ ᠶᠢᠨ | ᠤᠭ ᠮᠠᠲ᠋ᠧᠷᠢᠶᠠᠯ ᠬᠢᠭᠡᠳ ᠬᠠᠭᠤᠯᠪᠤᠷᠢ ᠶᠢ ᠲᠤᠰᠢᠶᠠᠬᠤ ᠬᠡᠷᠡᠭᠲᠡᠢ᠃ ᠠᠪᠤ ᠡᠵᠢ ᠨᠢ ᠤᠤᠯ ᠳᠠᠭᠠᠨ ᠬᠤᠶᠠᠷ | ᠬᠡᠦᠬᠡᠳ ᠲᠥᠷᠥᠭᠰᠡᠨ ᠪᠣᠯ ᠬᠠᠮᠢᠶ᠎ᠠ ᠪᠥᠬᠦᠢ ᠰᠠᠯᠠᠭ᠎ᠠ ᠮᠦᠴᠢᠷ ᠤᠨ ᠬᠢᠵᠦ ᠥᠭᠭᠦᠭᠰᠡᠨ ᠬᠡᠦᠬᠡᠳ ᠨᠢ ᠦᠬᠦᠭᠰᠡᠨ | ᠭᠡᠳᠡᠭ ᠤᠨ ᠬᠦᠴᠦᠨ ᠪᠦᠬᠦᠢ ᠪᠤᠰᠤᠳ ᠭᠡᠷᠡᠴᠢ ᠶᠢ ᠬᠠᠩᠭᠠᠬᠤ ᠬᠡᠷᠡᠭᠲᠡᠢ᠃ | ᠨᠢᠭᠡ ᠲᠠᠯ᠎ᠠ ᠨᠢ ᠭᠠᠳᠠᠷ ᠮᠤᠵᠢ ᠬᠤᠲᠠ ᠶᠢᠨ ᠡᠷᠦᠬᠡ ᠠᠮᠠ ᠶᠢᠨ ᠬᠠᠷᠢᠶ᠎ᠠ ᠲᠠᠢ ᠪᠣᠶᠤ ᠠᠪᠤ ᠡᠵᠢ ᠨᠢ | ᠭᠠᠳᠠᠷ ᠮᠤᠵᠢ ᠬᠤᠲᠠ ᠶᠢᠨ ᠡᠷᠦᠬᠡ ᠠᠮᠠ ᠶᠢᠨ ᠬᠠᠷᠢᠶ᠎ᠠ ᠲᠠᠢ ᠪᠣᠯ ᠭᠠᠳᠠᠷ ᠮᠤᠵᠢ ᠶᠢᠨ ᠲᠠᠯ᠎ᠠ ᠶᠢᠨ ᠡᠷᠦᠬᠡ | ᠠᠮᠠ ᠶᠢᠨ ᠬᠠᠷᠢᠶ᠎ᠠ ᠶᠢᠨ ᠪᠠᠶᠢᠭ᠎ᠠ ᠭᠠᠵᠠᠷ ᠤᠨ ᠭᠠᠴᠠᠭ᠎ᠠ ᠲᠣᠰᠬᠤᠨ ᠤ ᠠᠷᠠᠳ ᠤᠨ ᠵᠦᠪᠯᠡᠯ᠂ ᠰᠠᠭᠤᠭᠠᠯᠢ | ᠠᠷᠠᠳ ᠤᠨ ᠵᠦᠪᠯᠡᠯ ᠪᠣᠶᠤ ᠪᠠᠶᠢᠭ᠎ᠠ ᠨᠢᠭᠡᠴᠡ ᠬᠢᠭᠡᠳ ᠰᠢᠶᠠᠨ ︵ᠬᠤᠲᠠ᠂ ᠲᠤᠭᠤᠷᠢᠭ︶ ᠤ ᠱᠠᠲᠤᠨ ᠤ ᠬᠥᠮᠦᠨ | ᠠᠮᠠ ︵ᠡᠷᠡᠭᠦᠯ ᠬᠠᠮᠠᠭᠠᠯᠠᠯ︶ ᠲᠥᠯᠥᠪᠯᠡᠭᠡᠲᠦ ᠦᠷᠡᠵᠢᠯ ᠤᠨ ᠰᠠᠯᠠᠭ᠎ᠠ ᠮᠦᠴᠢᠷ ᠢᠶᠠᠷ ᠤᠷᠤᠭᠯᠠᠵᠦ ᠬᠡᠤᠬᠡᠳ | ᠲᠦᠷᠥᠭᠦᠯᠥᠭᠰᠡᠨ ᠪᠠᠶᠢᠳᠠᠯ ᠤᠨ ᠭᠡᠷᠡᠴᠢ ᠬᠢᠯᠭᠡᠨ᠎ᠡ᠃ | ᠬᠤᠶᠠᠳᠡᠬᠢ ᠬᠡᠤᠬᠡᠳ ᠠᠪᠬᠤ ᠶᠢ ᠬᠢᠨᠠᠨ ᠵᠦᠪᠰᠢᠶᠡᠷᠡᠬᠦ ᠳᠤ᠂ ᠭᠤᠶᠤᠴᠢᠯᠠᠭᠴᠢ ᠪᠣᠯᠣᠭᠰᠠᠨ ᠠᠪᠤ | ᠡᠵᠢ ᠶᠢᠨ ︽ᠭᠠᠭᠴᠠ ᠬᠡᠦᠬᠡᠳ ᠤᠨ ᠠᠪᠤ ᠡᠵᠢ ᠶᠢᠨ ᠢᠷᠠᠭᠤ ᠠᠯᠳᠠᠷ ᠤᠨ ᠦᠨᠡᠮᠯᠡᠯ︾ ᠠᠪᠤᠭᠰᠠᠨ ᠡᠰᠡᠬᠦ ᠨᠢ ︽ | ᠭᠠᠭᠴᠠ ᠬᠡᠦᠬᠡᠳ︾ ᠢᠶᠠᠷ ᠵᠠᠭᠠᠭᠯᠠᠨ ᠲᠣᠭᠲᠠᠭᠠᠬᠤ ᠶᠢᠨ ᠵᠠᠪᠠᠯ ᠪᠦᠷᠢᠳᠥᠭᠦᠯᠬᠦ ᠮᠠᠲ᠋ᠧᠷᠢᠶᠠᠯ ᠪᠢᠰᠢ᠃ ︽ᠭᠠᠭᠴᠠ | ᠬᠡᠦᠬᠡᠳ ᠤᠨ ᠠᠪᠤ ᠡᠵᠢ ᠶᠢᠨ ᠢᠷᠠᠭᠤ ᠠᠯᠳᠠᠷ ᠤᠨ ᠦᠨᠡᠮᠯᠡᠯ︾ ᠠᠪᠤᠭᠰᠠᠨ ᠪᠣᠯ ︽ᠭᠠᠭᠴᠠ ᠬᠡᠦᠬᠡᠳ ᠤᠨ ᠠᠪᠤ | ᠡᠵᠢ ᠶᠢᠨ ᠢᠷᠠᠭᠤ ᠠᠯᠳᠠᠷ ᠤᠨ ᠦᠨᠡᠮᠯᠡᠯ︾ ᠢᠶᠠᠨ ᠬᠠᠩᠭᠠᠬᠤ ᠬᠡᠷᠡᠭᠲᠡᠢ︔ ︽ᠭᠠᠭᠴᠠ ᠬᠡᠦᠬᠡᠳ ᠤᠨ ᠠᠪᠤ | ᠡᠵᠢ ᠶᠢᠨ ᠢᠷᠠᠭᠤ ᠠᠯᠳᠠᠷ ᠤᠨ ᠦᠨᠡᠮᠯᠡᠯ︾ ᠢᠶᠠᠨ ᠭᠡᠭᠡᠭᠰᠡᠨ ᠪᠣᠯ ᠲᠤᠰ ᠬᠥᠮᠦᠨ ᠨᠢ ᠬᠠᠮᠢᠶ᠎ᠠ ᠪᠥᠬᠦᠢ | ᠪᠢᠴᠢᠭᠯᠡᠭᠰᠡᠨ ᠠᠮᠠᠯᠠᠯᠲᠠ ᠬᠢᠬᠦ ᠬᠡᠷᠡᠭᠲᠡᠢ᠃ | ︽ᠡᠷ᠎ᠡ ᠡᠮ᠎ᠡ ᠬᠤᠶᠠᠭᠤᠯᠠ ᠶᠢᠨ ᠨᠢᠭᠡ ᠨᠢ ᠬᠦᠮᠥᠨ ᠤ ᠭᠠᠭᠴᠠ ᠬᠡᠦᠬᠡᠳ ᠪᠣᠯ ᠬᠤᠶᠠᠷ ᠬᠡᠦᠬᠡᠳ ᠠᠪᠴᠤ | ᠪᠣᠯᠬᠤ︾ ᠲᠥᠷᠥ ᠶᠢᠨ ᠪᠣᠳᠤᠯᠭ᠎ᠠ ᠶᠢᠨ ᠭᠤᠶᠤᠴᠢᠯᠠᠬᠤ ᠲᠡᠰ ᠳᠠᠷᠠᠭᠠᠯᠠᠯ ᠤᠨ ᠱᠠᠭᠠᠷᠳᠠᠯᠭ᠎ᠠ᠄ ︽ᠡᠷ᠎ᠡ ᠡᠮ᠎ᠡ | ᠬᠤᠶᠠᠭᠤᠯᠠ ᠶᠢᠨ ᠨᠢᠭᠡ ᠨᠢ ᠬᠦᠮᠥᠨ ᠤ ᠭᠠᠭᠴᠠ ᠬᠡᠦᠬᠡᠳ ᠪᠣᠯ ᠬᠤᠶᠠᠷ ᠬᠡᠦᠬᠡᠳ ᠠᠪᠴᠤ ᠪᠣᠯᠬᠤ︾ ᠲᠥᠷᠥ ᠶᠢᠨ | ᠪᠣᠳᠤᠯᠭ᠎ᠠ ᠳᠤ ᠨᠡᠶᠢᠴᠡᠵᠦ᠂ ᠬᠤᠶᠠᠳᠤᠭᠠᠷ ᠬᠡᠦᠬᠡᠳ ᠲᠥᠷᠥᠬᠦ ᠶᠢ ᠬᠦᠰᠡᠭᠰᠡᠨ ᠡᠷ᠎ᠡ ᠡᠮ᠎ᠡ ᠬᠤᠶᠠᠷ | ᠲᠠᠯ᠎ᠠ ᠪᠠᠷ ᠢᠶᠠᠨ ᠭᠤᠶᠤᠴᠢᠯᠠᠭᠠᠳ᠂ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠬᠢᠭᠡᠳ ᠲᠥᠯᠥᠪᠯᠡᠭᠡᠲᠦ | ᠦᠷᠡᠵᠢᠯ ᠤᠨ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠵᠦ᠂ ︽ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ | ᠦᠨᠡᠮᠯᠡᠯ︾ ᠠᠪᠬᠤ ᠶᠠᠪᠤᠳᠠᠯ ᠢ ᠭᠦᠢᠴᠡᠳᠬᠡᠨ᠎ᠡ᠃ ᠪᠣᠲᠠᠲᠠᠢ ᠲᠡᠰ ᠳᠠᠷᠠᠭᠠᠯᠠᠯ ᠨᠢ ᠳᠣᠣᠷᠠᠬᠢ ᠮᠡᠲᠦ᠄ | ᠡᠷ᠎ᠡ ᠡᠮ᠎ᠡ ᠬᠤᠶᠠᠷ ᠲᠠᠯ᠎ᠠ ᠨᠢ ᠡᠷᠦᠬᠡ ᠠᠮᠠ ᠶᠢᠨ ᠪᠠᠶᠢᠭ᠎ᠠ ᠭᠠᠵᠠᠷ ᠤᠨ ᠭᠠᠴᠠᠭ᠎ᠠ ᠲᠣᠰᠬᠤᠨ ᠤ | ᠠᠷᠠᠳ ᠤᠨ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠪᠣᠶᠤ ᠪᠠᠶᠢᠭ᠎ᠠ ᠨᠢᠭᠡᠴᠡ ᠳᠡᠭᠡᠨ ᠭᠤᠶᠣᠴᠢᠯᠠᠯ ᠢᠶᠠᠨ | ᠳᠤᠷᠠᠳᠴᠤ᠂ ︽ ᠬᠤᠶᠠᠳᠡᠬᠢ ᠬᠡᠤᠬᠡᠳ ᠠᠪᠬᠤ ᠭᠤᠶᠤᠴᠢᠯᠠᠯ ᠤᠨ ᠬᠢᠨᠠᠨ ᠵᠦᠪᠰᠢᠶᠡᠷᠡᠭᠦᠯᠬᠦ ᠬᠦᠰᠥᠨᠥᠭᠲᠦ︾ ᠢ | ᠦᠨᠡᠨ ᠢᠶᠠᠷ ᠲᠠᠭᠯᠠᠨ ᠪᠢᠴᠢᠬᠦ ᠶᠢᠨ ᠬᠠᠮᠲᠤ ᠬᠠᠮᠢᠶ᠎ᠠ ᠪᠥᠬᠦᠢ ᠮᠠᠲ᠋ᠧᠷᠢᠶᠠᠯ ᠢ ᠲᠤᠰ ᠥᠪᠡᠷᠲᠡᠭᠡᠨ ᠵᠠᠰᠠᠬᠤ | ᠣᠷᠣᠨ ᠤ ᠡᠷ᠎ᠡ ᠡᠮ᠎ᠡ ᠶᠢᠨ ᠨᠢᠭᠡ ᠲᠠᠯ᠎ᠠ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠣᠮᠣ ᠰᠢᠶᠠᠩ | ᠪᠠᠯᠭᠠᠰᠦ ᠶᠢᠨ ᠠᠷᠠᠳ ᠤᠨ ᠵᠠᠰᠠᠭ ᠤᠨ ᠣᠷᠳᠣᠨ ᠪᠣᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ | ᠲᠤᠰᠢᠶᠠᠨ᠎ᠠ᠃ ᠰᠣᠮᠣ ᠰᠢᠶᠠᠩ ᠪᠠᠯᠭᠠᠰᠦ ᠶᠢᠨ ᠠᠷᠠᠳ ᠤᠨ ᠵᠠᠰᠠᠭ ᠤᠨ ᠣᠷᠳᠣᠨ ᠪᠣᠶᠤ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠢᠶᠠᠷ ᠬᠢᠨᠠᠭᠤᠯᠤᠭᠠᠳ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠬᠢᠭᠡᠳ | ᠲᠥᠯᠥᠪᠯᠡᠭᠡᠲᠦ ᠦᠷᠡᠵᠢᠯ ᠤᠨ ᠰᠠᠯᠠᠭ᠎ᠠ ᠮᠦᠴᠢᠷ ᠲᠤ ᠮᠡᠳᠡᠭᠦᠯᠵᠦ ᠬᠢᠨᠠᠨ ᠵᠦᠪᠰᠢᠶᠡᠷᠡᠭᠦᠯᠦᠨ᠎ᠡ᠃ | ᠨᠢᠭᠡ ᠲᠠᠯ᠎ᠠ ᠨᠢ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠪᠣᠯᠬᠤ ᠡᠷ᠎ᠡ ᠡᠮ᠎ᠡ ᠬᠤᠶᠠᠭᠤᠯᠠ ᠶᠢᠨ | ᠨᠢᠭᠡ ᠨᠢ ᠬᠦᠮᠥᠨ ᠤ ᠭᠠᠭᠴᠠ ᠬᠡᠤᠬᠡᠳ ᠪᠦᠭᠡᠳ ᠨᠥᠬᠦᠴᠡᠯ ᠳᠤ ᠨᠡᠶᠢᠴᠡᠵᠦ ᠪᠠᠶᠢᠪᠠᠯ᠂ ᠲᠡᠰ ᠳᠠᠷᠠᠭᠠᠯᠠᠯ ᠤᠨ | ᠶᠣᠰᠤᠭᠠᠷ ᠲᠤᠰ ᠥᠪᠡᠷᠲᠡᠭᠡᠨ ᠵᠠᠰᠠᠬᠤ ᠣᠷᠣᠨ ᠤ ᠨᠢᠭᠡ ᠲᠠᠯ᠎ᠠ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠣᠷᠣᠨ | ᠳᠤ ᠬᠤᠶᠠᠳᠡᠬᠢ ᠬᠡᠤᠬᠡᠳ ᠠᠪᠬᠤ ᠪᠠᠷ ᠭᠤᠶᠤᠴᠢᠯᠠᠵᠤ ᠪᠣᠯᠣᠨ᠎ᠠ᠃ | |