ᠬᠤᠲᠠ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠭᠠᠶᠢᠯᠢ ᠶᠢᠨ ᠲᠠᠶᠢᠯᠪᠤᠷᠢᠯᠠᠯᠲᠠ
ᠨᠡᠶᠢᠲᠡᠯᠡᠭᠰᠡᠨ ᠴᠠᠭ᠄
2015/8/25
       1. ᠭᠠᠶᠢᠯᠢ ᠲᠤᠰᠢᠶᠠᠭᠴᠢ       ᠬᠤᠲᠠ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠳᠤ ᠦᠷᠲᠡᠭ  ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ᠂ ᠡᠵᠡᠩᠨᠡᠯᠲᠡ ᠶᠢᠨ ᠭᠠᠶᠢᠯᠢ ᠲᠤᠰᠢᠶᠠᠬᠤ ᠡᠯ᠎ᠡ ᠲᠦᠷᠥᠯ ᠤᠨ ᠠᠵᠤ  ᠠᠬᠤᠶᠢᠯᠠᠯ᠂ ᠨᠢᠭᠡᠴᠡ᠂ ᠬᠤᠪᠢ ᠶᠢᠨ ᠡᠵᠡᠩᠨᠡᠭᠴᠢ ᠪᠠ ᠪᠤᠰᠤᠳ ᠬᠦᠮᠦᠨ ︵ᠭᠠᠳᠠᠭᠠᠲᠤ ᠶᠢᠨ ᠬᠤᠳᠠᠯᠳᠤᠭᠠᠴᠢᠨ ᠤ  ᠪᠡᠯᠡ ᠤᠷᠤᠭᠤᠯᠤᠭᠰᠠᠨ ᠠᠵᠤ ᠠᠬᠤᠶᠢᠯᠠᠯ᠂ ᠭᠠᠳᠠᠭᠠᠲᠤ ᠤᠯᠤᠰ ᠤᠨ ᠠᠵᠤ ᠠᠬᠤᠶᠢᠯᠠᠯ ᠪᠠ ᠭᠠᠳᠠᠭᠠᠲᠤ ᠶᠢᠨ  ᠬᠦᠮᠦᠨ ᠪᠠᠭᠲᠠᠬᠤ ᠦᠭᠡᠢ︶ ᠪᠠᠭᠲᠠᠨ᠎ᠠ᠃       2. ᠭᠠᠶᠢᠯᠢ ᠶᠢᠨ ᠨᠤᠷᠮ᠎ᠠ ᠪᠠ ᠲᠤᠰᠢᠶᠠᠪᠠᠰᠦ ᠵᠣᠬᠢᠬᠤ ᠭᠠᠶᠢᠯᠢ ᠶᠢᠨ ᠲᠤᠭ᠎ᠠ ᠶᠢ ᠪᠤᠳᠤᠬᠤ ᠠᠷᠭ᠎ᠠ       ᠬᠤᠲᠠ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠭᠠᠶᠢᠯᠢ ᠶᠢ ᠭᠠᠶᠢᠯᠢ ᠲᠤᠰᠢᠶᠠᠭᠴᠢ ᠶᠢᠨ ᠪᠠᠶᠢᠭ᠎ᠠ  ᠭᠠᠵᠠᠷ ᠤᠨ ᠶᠤᠰᠤᠭᠠᠷ ᠵᠦᠷᠢᠶᠡᠲᠦ ᠭᠠᠶᠢᠯᠢ ᠶᠢᠨ ᠨᠤᠷᠮ᠎ᠠ ᠶᠢ ᠬᠡᠷᠡᠭᠵᠢᠭᠦᠯᠥᠨ᠎ᠡ᠄ ᠬᠤᠲᠠ ᠲᠤᠭᠤᠷᠢᠭ ᠤᠨ ᠭᠠᠶᠢᠯᠢ ᠶᠢᠨ ᠨᠤᠷᠮ᠎ᠠ ᠨᠢ 7% ᠪᠣᠯᠤᠨ᠎ᠠ᠂ ᠰᠢᠶᠠᠨ ᠤ ᠬᠤᠲᠠ᠂ ᠪᠠᠶᠢᠭᠤᠯᠤᠮᠵᠢᠲᠤ ᠪᠠᠯᠭᠠᠰᠤ ᠶᠢᠨ ᠭᠠᠶᠢᠯᠢ ᠶᠢᠨ  ᠨᠤᠷᠮ᠎ᠠ ᠨᠢ 5%᠂ ᠪᠤᠰᠤᠳ ᠭᠠᠵᠠᠷ ᠤᠷᠤᠨ ᠤ ᠭᠠᠶᠢᠯᠢ ᠶᠢᠨ ᠨᠤᠷᠮ᠎ᠠ ᠨᠢ 1% ᠪᠣᠯᠤᠨ᠎ᠠ᠃ ᠲᠤᠰ ᠭᠠᠶᠢᠯᠢ ᠶᠢ  ᠭᠠᠶᠢᠯᠢ ᠲᠤᠰᠢᠶᠠᠭᠴᠢ ᠶᠢᠨ ᠪᠤᠳᠠᠲᠠᠢ ᠲᠤᠰᠢᠶᠠᠵᠦ ᠪᠠᠶᠢᠭ᠎ᠠ ᠦᠷᠲᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ  ᠂ ᠡᠵᠡᠩᠨᠡᠯᠲᠡ ᠶᠢᠨ ᠭᠠᠶᠢᠯᠢ ᠪᠠᠷ ᠭᠠᠶᠢᠯᠢ ᠪᠤᠳᠤᠬᠤ ᠦᠨᠳᠦᠰᠦᠯᠡᠯ ᠪᠤᠯᠭᠠᠨ᠂ ᠲᠤᠰ ᠲᠤᠰ ᠳᠡᠭᠡᠷ᠎ᠡ ᠦᠬᠦᠯᠡᠭᠰᠡᠨ  ᠭᠤᠷᠪᠠᠨ ᠵᠦᠢᠯ ᠤᠨ ᠭᠠᠶᠢᠯᠢ ᠶᠢ ᠵᠡᠷᠭᠡ ᠳᠤᠨᠢ ᠲᠤᠰᠢᠶᠠᠨ᠎ᠠ᠃  ᠲᠤᠰᠢᠶᠠᠪᠠᠰᠦ ᠵᠣᠬᠢᠬᠤ ᠭᠠᠶᠢᠯᠢ ᠶᠢᠨ ᠲᠤᠭ᠎ᠠ ᠶᠢ  ᠪᠤᠳᠤᠬᠤ ᠲᠤᠮᠢᠶ᠎ᠠ᠄       ᠲᠤᠰᠢᠶᠠᠪᠠᠰᠦ ᠵᠣᠬᠢᠬᠤ ᠭᠠᠶᠢᠯᠢ ᠶᠢᠨ ᠲᠤᠭ᠎ᠠ = ᠭᠠᠶᠢᠯᠢ ᠪᠤᠳᠤᠬᠤ ᠦᠨᠳᠦᠰᠦᠯᠡᠯ× ᠲᠣᠬᠢᠷᠠᠬᠤ  ᠭᠠᠶᠢᠯᠢ ᠶᠢᠨ ᠨᠤᠷᠮ᠎ᠠ  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号