| ᠵᠦᠢᠯᠡᠰ ᠤᠨ ᠨᠡᠷᠡᠶᠢᠳᠦᠯ | ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠬᠡᠪᠴᠢᠶᠡᠨ ᠳᠤ ᠵᠠᠰᠠᠮᠠᠯ ᠵᠠᠮ ᠤᠨ ᠪᠣᠰᠤ ᠲᠡᠮᠳᠡᠭ ᠪᠠᠶᠢᠷᠢᠯᠠᠭᠤᠯᠬᠤ | ᠬᠠᠦᠯᠢ ᠴᠠᠭᠠᠵᠠ ᠬᠠᠦᠯᠢ ᠲᠣᠭᠲᠠᠭᠠᠯ ᠪᠣᠯᠣᠨ ᠲᠥᠷᠥ ᠶᠢᠨ ᠪᠣᠳᠤᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠤᠨ | ᠦᠨᠳᠦᠰᠦᠯᠡᠯ | ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠦᠯᠢ︾ ᠶᠢᠨ ᠲᠠᠪᠢᠨ | ᠳᠦᠷᠪᠡᠳᠥᠭᠡᠷ ᠵᠦᠢᠯ | ᠵᠦᠪᠰᠢᠶᠡᠷᠡᠬᠦ ᠨᠥᠬᠦᠴᠡᠯ 1᠂ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠬᠡᠪᠴᠢᠶᠡᠨ ᠳᠤ ᠵᠠᠰᠠᠮᠠᠯ | ᠵᠠᠮ ᠤᠨ ᠪᠣᠰᠤ ᠲᠡᠮᠳᠡᠭ ᠪᠠᠶᠢᠷᠢᠯᠠᠭᠤᠯᠬᠤ ᠦᠨᠡᠨᠬᠦ ᠴᠢᠬᠤᠯᠠ ᠲᠠᠢ ᠪᠠᠶᠢᠬᠤ︔ 2᠂ ᠵᠢᠷᠤᠭᠯᠠᠨ ᠲᠥᠯᠥᠪᠯᠡᠬᠦ ᠪᠠ | ᠪᠠᠷᠢᠯᠭ᠎ᠠ ᠪᠠᠷᠢᠬᠤ ᠨᠢ ︽ᠵᠠᠰᠠᠮᠠᠯ ᠵᠠᠮ ᠤᠨ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ︾ ᠳᠤ ᠨᠡᠶᠢᠴᠡᠵᠦ᠂ ᠵᠠᠰᠠᠮᠠᠯ | ᠵᠠᠮ ᠤᠨ ᠪᠥᠲᠦᠭᠡᠨ ᠪᠠᠶᠢᠭᠤᠯᠤᠯᠲᠠ ᠶᠢᠨ ᠲᠥᠯᠥᠪᠯᠡᠭᠡ ᠪᠠ ᠲᠥᠯᠥᠪᠵᠢᠭᠦᠯᠭᠡ ᠯᠦᠭᠡ ᠬᠠᠷᠢᠯᠴᠠᠨ ᠵᠣᠬᠢᠴᠠᠯᠳᠤᠵᠤ᠂ | ᠵᠠᠰᠠᠮᠠᠯ ᠵᠠᠮ ᠤᠨ ᠠᠮᠤᠷ ᠲᠥᠪᠰᠢᠨ ᠳᠤ ᠠᠶᠤᠯ ᠦᠭᠡᠢ ᠪᠠᠶᠢᠬᠤ ᠬᠡᠷᠡᠭᠲᠡᠢ︔ 3᠂ ᠮᠠᠲ᠋ᠧᠷᠢᠶᠠᠯ᠂ ᠥᠩᠭᠡ᠂ | ᠭᠠᠳᠠᠷ ᠬᠦᠪᠡᠭᠡ ᠶᠢᠨ ᠬᠡᠮᠵᠢᠶ᠎ᠡ᠂ ᠪᠥᠲᠦᠴᠡ ᠶᠢᠨ ᠠᠮᠤᠷ ᠲᠥᠪᠰᠢᠨ᠂ ᠳ᠋ᠧᠩ ᠤᠨ ᠬᠡᠷᠡᠯ ᠤᠨ ᠭᠡᠭᠡ᠂ | ᠪᠠᠶᠢᠷᠢᠯᠠᠭᠤᠯᠬᠤ ᠭᠠᠵᠠᠷ᠂ ᠠᠯᠤᠰᠯᠠᠬᠤ ᠵᠠᠢ ᠵᠡᠷᠭᠡ ᠨᠢ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ | ᠬᠡᠷᠡᠭᠲᠡᠢ︔ 4᠂ ᠵᠠᠮ ᠬᠠᠷᠢᠯᠴᠠᠭᠠᠨ ᠤ ᠲᠡᠮᠳᠡᠭ ᠯᠦᠭᠡ ᠠᠳᠠᠯᠢ ᠪᠣᠶᠤ ᠲᠦᠰᠥᠭᠡᠲᠡᠢ ᠬᠡ ᠤᠭᠠᠯᠵᠠ᠂ ᠦᠰᠦᠭ | ᠪᠢᠴᠢᠭ ᠪᠣᠶᠤ ᠥᠩᠭᠡ ᠶᠢ ᠬᠡᠷᠡᠭᠯᠡᠭᠰᠡᠨ ᠦᠭᠡᠢ ᠪᠠᠶᠢᠬᠤ︔ 5᠂ ᠵᠠᠮ ᠬᠠᠷᠢᠯᠴᠠᠭᠠᠨ ᠤ ᠪᠡᠯᠡᠳᠬᠡᠮᠵᠢ ᠯᠦᠭᠡ | ᠴᠢᠬᠤᠯᠠ ᠪᠦᠬᠦᠢ ᠵᠠᠢ ᠲᠠᠢ ᠪᠠᠶᠢᠬᠤ ᠶᠢ ᠪᠠᠲᠤᠯᠠᠵᠤ᠂ ᠵᠠᠮ ᠬᠠᠷᠢᠯᠴᠠᠭᠠᠨ ᠤ ᠲᠣᠬᠢᠶ᠎ᠡ᠂ ᠵᠠᠮ ᠬᠠᠷᠢᠯᠴᠠᠭᠠᠨ ᠤ | ᠲᠡᠮᠳᠡᠭ᠂ ᠬᠢᠨᠠᠨ ᠡᠵᠡᠮᠳᠡᠬᠦ ᠰᠢᠷᠪᠢᠭᠦᠷ ᠵᠡᠷᠭᠡ ᠶᠢ ᠬᠠᠯᠬᠠᠯᠠᠬᠤ ᠦᠭᠡᠢ᠂ ᠠᠮᠤᠷ ᠲᠥᠪᠰᠢᠨ ᠤ ᠬᠠᠷᠠᠭᠠᠨ ᠵᠠᠢ ᠶᠢ | ᠬᠠᠷᠰᠢᠯᠠᠬᠤ ᠦᠭᠡᠢ᠂ ᠵᠠᠮ ᠢᠶᠠᠷ ᠨᠡᠪᠲᠡᠷᠡᠬᠦ ᠶᠢ ᠨᠥᠯᠥᠭᠡᠯᠡᠬᠦ ᠦᠭᠡᠢ ᠪᠠᠶᠢᠬᠤ ᠬᠡᠷᠡᠭᠲᠡᠢ︔ 6᠂ ᠵᠠᠰᠠᠮᠠᠯ ᠵᠠᠮ | ᠪᠥᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠴᠢᠬᠤᠯᠠ ᠲᠠᠢ ᠦᠶ᠎ᠡ ᠳᠤ ᠬᠢᠵᠠᠭᠠᠷᠯᠠᠭᠰᠠᠨ | ᠬᠤᠭᠤᠴᠠᠭᠠᠨ ᠳᠤ ᠨᠦᠬᠦᠴᠡᠯ ᠦᠭᠡᠢ ᠢᠶᠠᠷ ᠪᠠᠭᠤᠯᠭᠠᠬᠤ ᠪᠣᠶᠤ ᠨᠡᠭᠦᠯᠭᠡᠨ ᠰᠢᠯᠵᠢᠭᠦᠯᠬᠦ ᠶᠢ ᠵᠦᠪᠰᠢᠶᠡᠷᠡᠬᠦ ᠬᠡᠷᠡᠭᠲᠡᠢ | ᠃ | ᠵᠦᠪᠰᠢᠶᠡᠷᠡᠬᠦ ᠲᠤᠭ᠎ᠠ ᠬᠡᠮᠵᠢᠶ᠎ᠡ ᠬᠢᠵᠠᠭᠠᠷᠯᠠᠬᠤ ᠦᠭᠡᠢ | ᠵᠦᠪᠰᠢᠶᠡᠷᠡᠬᠦ ᠲᠡᠰ ᠳᠠᠷᠠᠭᠠᠯᠠᠯ ᠪᠣᠲᠠᠲᠠᠢ ᠶᠢ ᠴᠣᠪᠣᠷᠠᠯ ᠵᠢᠷᠤᠭ ᠲᠤ ᠦᠵᠡ | ᠵᠦᠪᠰᠢᠶᠡᠷᠡᠬᠦ ᠬᠤᠭᠤᠴᠠᠭ᠎ᠠ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠬᠤᠯᠪᠤᠭᠳᠠᠯ | ᠪᠥᠬᠦᠢ ᠲᠣᠭᠲᠠᠭᠠᠯ ᠶᠣᠰᠤᠭᠠᠷ ᠬᠡᠷᠡᠭᠵᠢᠭᠦᠯᠦᠨ᠎ᠡ | ᠲᠣᠰᠢᠶᠠᠬᠤ ᠴᠢᠬᠤᠯᠡ ᠲᠠᠢ ᠭᠤᠶᠤᠴᠢᠯᠠᠯ ᠤᠨ ᠮᠠᠲ᠋ᠧᠷᠢᠶᠠᠯ 1᠂ ᠭᠤᠶᠤᠴᠢᠯᠠᠯ ᠤᠨ ᠪᠢᠴᠢᠭ ᠮᠠᠲ᠋ᠧᠷᠢᠶᠠᠯ︔ | 2᠂ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠬᠡᠪᠴᠢᠶᠡᠨ ᠳᠤ ᠵᠠᠰᠠᠮᠠᠯ ᠵᠠᠮ ᠤᠨ ᠪᠣᠰᠤ ᠲᠡᠮᠳᠡᠭ ᠪᠠᠶᠢᠷᠢᠯᠠᠭᠤᠯᠬᠤ | ᠭᠤᠶᠤᠴᠢᠯᠠᠯ ᠤᠨ ᠬᠥᠰᠦᠨᠦᠭᠲᠦ︔ 3᠂ ᠵᠠᠰᠠᠭ ᠵᠠᠬᠢᠷᠭᠠᠨ ᠤ ᠬᠠᠷᠢᠴᠠᠩᠭᠤᠢ ᠬᠥᠮᠦᠨ ᠤ ᠪᠡᠶ᠎ᠡ ᠶᠢᠨ ᠬᠢᠷᠢ ᠭᠡᠮ ︵ | ᠨᠢᠭᠡᠴᠡ ᠶᠢᠨ ᠬᠢᠷᠢ ᠬᠡᠮ︶ ᠤᠨ ᠤᠭ ᠭᠡᠷᠡᠴᠢ ᠪᠠ ᠬᠠᠭᠤᠯᠪᠤᠷᠢ︔ 4᠂ ᠪᠥᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠪᠠᠷᠢᠯᠭ᠎ᠠ ᠶᠢᠨ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ ᠲᠥᠰᠥᠯ᠂ ᠲᠤᠬᠠᠢ ᠶᠢᠨ ᠲᠠᠯᠠᠪᠠᠢ ᠶᠢᠨ | ᠬᠠᠪᠲᠠᠭᠠᠢ ᠲᠠᠶᠢᠯᠪᠤᠷᠢ ᠵᠢᠷᠤᠭ᠂ ᠭᠠᠳᠠᠷ ᠪᠠᠶᠢᠳᠠᠯ ᠤᠨ ᠦᠷ᠎ᠡ ᠳ᠋ᠦᠩ ᠤᠨ ᠵᠢᠷᠤᠭ᠂ ᠲᠡᠮᠳᠡᠭ ᠤᠨ ᠭᠡᠪᠯᠡᠯ ᠤᠨ | ᠨᠢᠭᠤᠷ ᠤᠨ ᠠᠭᠤᠯᠭ᠎ᠠ ᠵᠡᠷᠭᠡ︔ 5᠂ ᠵᠠᠰᠠᠮᠠᠯ ᠵᠠᠮ ᠪᠥᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠠ | ᠬᠠᠮᠢᠶᠠᠷᠬᠤ ᠴᠢᠬᠤᠯᠠ ᠲᠠᠢ ᠦᠶ᠎ᠡ ᠳᠤ ᠬᠢᠵᠠᠭᠠᠷᠯᠠᠭᠰᠠᠨ ᠬᠤᠭᠤᠴᠠᠭᠠᠨ ᠳᠤ ᠨᠥᠬᠦᠴᠡᠯ ᠦᠭᠡᠢ ᠪᠠᠷ ᠪᠠᠭᠤᠯᠭᠠᠬᠤ | ᠪᠣᠶᠤ ᠨᠡᠭᠦᠯᠭᠡᠨ ᠰᠢᠯᠵᠢᠭᠦᠯᠬᠦ ᠶᠢ ᠵᠦᠪᠰᠢᠶᠡᠷᠡᠭᠰᠡᠨ ᠠᠮᠠᠯᠠᠯᠲᠠ ᠶᠢᠨ ᠪᠢᠴᠢᠭ︔ 6᠂ ᠪᠣᠰᠤᠳ ᠬᠠᠩᠭᠠᠬᠤ ᠴᠢᠬᠤᠯᠡ | ᠲᠠᠢ ᠮᠠᠲ᠋ᠧᠷᠢᠶᠠᠯ︔ | ᠵᠠᠷᠤᠳᠠᠯ ᠬᠤᠷᠢᠶᠠᠬᠤ ᠦᠨᠳᠦᠰᠦᠯᠡᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ | ᠵᠠᠮ ᠤᠨ ᠳᠦᠷᠢᠮ︾ ᠤᠨ ᠭᠤᠴᠢ ᠶᠢᠰᠦᠳᠦᠭᠡᠷ ᠵᠦᠢᠯ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠮᠠᠯ ᠵᠠᠮ ᠤᠨ ᠬᠥᠷᠥᠩᠭᠡ ᠶᠢ ᠡᠪᠳᠡᠯᠡᠵᠦ ᠡᠵᠡᠯᠡᠨ ᠬᠡᠷᠡᠭᠯᠡᠭᠰᠡᠨ ᠢ ᠲᠦᠯᠥᠪᠥᠷᠢᠯᠡᠭᠦᠯᠬᠦ ﹇ | ᠨᠥᠬᠦᠪᠦᠷᠢᠯᠡᠭᠦᠯᠬᠦ﹈ ᠲᠣᠭᠲᠠᠭᠠᠯ﹀ ᠪᠣᠯᠣᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ | ᠵᠠᠮ ᠤᠨ ᠬᠥᠷᠥᠩᠭᠡ ᠶᠢ ᠡᠪᠳᠡᠯᠡᠵᠦ ᠡᠵᠡᠯᠡᠨ ᠬᠡᠷᠡᠭᠯᠡᠭᠰᠡᠨ ᠢ ᠲᠥᠯᠥᠪᠦᠷᠢᠯᠡᠭᠦᠯᠬᠦ ﹇ᠨᠥᠬᠦᠪᠦᠷᠢᠯᠡᠭᠦᠯᠬᠦ﹈ ᠪᠠᠷᠢᠮᠵᠢᠶ᠎ᠡ | ﹀ ᠶᠢ ᠳᠠᠷᠤᠮᠠᠯᠯᠠᠨ ᠶᠠᠪᠤᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠶᠢᠨ ᠲᠢᠩᠬᠢᠮ᠂ ᠪᠠᠷᠠᠭᠠᠨ ᠤ ᠦᠨ᠎ᠡ ᠶᠢᠨ ᠲᠣᠪᠴᠢᠶ᠎ᠡ᠂ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ | ︾ ︵ᠥᠪᠥᠷ ᠵᠠᠮ ᠬᠠᠷᠢᠯᠴᠠᠭ᠎ᠠ ᠲᠠᠷᠬᠠᠭᠠᠭᠰᠠᠨ ﹇1998﹈ 383 ᠳ᠋ᠤᠭᠠᠷ ᠲᠣᠭᠠᠲᠤ︶᠃ | ᠤᠷᠢᠳᠠᠪᠡᠷ ᠬᠢᠨᠠᠨ ᠪᠠᠶᠢᠴᠠᠭᠠᠬᠤ ᠵᠦᠪᠰᠢᠶᠡᠷᠡᠬᠦ ᠠᠴᠠ ᠡᠮᠦᠨ᠎ᠡ ᠠᠳᠠᠯᠢ ᠱᠠᠲᠤᠨ ᠤ ᠵᠠᠰᠠᠮᠠᠯ ᠵᠠᠮ ᠤᠨ | ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠰᠢᠯᠵᠢᠭᠦᠯᠦᠨ ᠪᠢᠴᠢᠭᠯᠡᠭᠰᠡᠨ ᠰᠠᠨᠠᠯ ᠭᠠᠷᠭᠠᠭᠤᠯᠵᠦ᠂ ᠳᠠᠷᠠᠭ᠎ᠠ ᠨᠢ | ᠬᠠᠮᠢᠶ᠎ᠠ ᠪᠥᠬᠦᠢ ᠲᠡᠰ ᠳᠠᠷᠠᠭᠠᠯᠠᠯ ᠤᠨ ᠶᠣᠰᠤᠭᠠᠷ ᠭᠦᠢᠴᠡᠳᠬᠡᠬᠦ ᠬᠡᠷᠡᠭᠲᠡᠢ᠃ | ᠲᠣᠳᠣᠷᠬᠠᠶᠢᠯᠠᠬᠤ ᠵᠦᠢᠯ | ᠣᠷᠣᠯᠠᠨ ᠭᠦᠢᠴᠡᠳᠭᠡᠭᠴᠢ ᠪᠠᠷ ᠭᠤᠶᠣᠴᠢᠯᠠᠯ ᠢ ᠣᠷᠣᠯᠠᠨ ᠳᠤᠷᠠᠳᠤᠭᠤᠯᠤᠭᠰᠠᠨ ᠪᠣᠯ ᠨᠠᠶᠢᠳᠠᠬᠰᠠᠨ ᠵᠦᠢᠯ | ᠪᠣᠯᠣᠨ ᠣᠷᠣᠯᠠᠨ ᠭᠦᠢᠴᠡᠳᠭᠡᠭᠴᠢ ᠶᠢᠨ ᠡᠷᠬᠡ ᠮᠡᠳᠡᠯ ᠢ ᠲᠣᠳᠣᠷᠬᠠᠶᠢᠯᠠᠨ ᠪᠢᠴᠢᠭᠰᠡᠨ ᠡᠷᠬᠡ ᠣᠯᠭᠤᠭᠰᠠᠨ | ᠨᠠᠶᠢᠳᠠᠯᠭ᠎ᠠ ᠶᠢᠨ ᠪᠢᠴᠢᠭ ᠬᠢᠵᠦ ᠥᠭᠬᠦ ᠶᠢᠨ ᠬᠠᠮᠲᠤ ᠲᠡᠭᠦᠨ ᠤ ᠪᠡᠶ᠎ᠡ ᠶᠢᠨ ᠬᠢᠷᠢ ᠭᠡᠮ ᠤᠨ ᠤᠭ ᠭᠡᠷᠡᠴᠢ ᠪᠣᠯᠣᠨ | ᠬᠠᠭᠤᠯᠪᠤᠷᠢ ᠶᠢ ᠬᠠᠩᠭᠠᠬᠤ ᠬᠡᠷᠡᠭᠲᠡᠢ᠃ | |