ᠡᠷᠬᠦᠨ ᠲᠡᠵᠢᠭᠡᠭᠰᠡᠨ ᠦᠷ᠎ᠡ ᠬᠡᠦᠭᠡᠳ ᠤᠨ ᠡᠷᠦᠭᠡ ᠠᠮᠠ ᠣᠷᠣᠭᠤᠯᠬᠤ
ᠨᠡᠶᠢᠲᠡᠯᠡᠭᠰᠡᠨ ᠴᠠᠭ᠄
2015/8/25
        ᠬᠡᠷᠬᠢᠨ ᠭᠤᠶᠤᠴᠢᠯᠠᠬᠤ᠄ ᠨᠡᠬᠦᠵᠤ ᠤᠴᠢᠬᠤ ᠭᠠᠵᠠᠷ ᠤᠨ ᠢᠶᠠᠨ ᠲᠤᠮᠢᠯᠠᠭᠰᠠᠨ ᠰᠠᠯᠪᠤᠷᠢ ᠳᠤ ᠭᠤᠶᠤᠴᠢᠯᠡᠯ ᠲᠡᠪᠰᠢᠬᠦᠯᠦᠨ᠂ ᠤᠷᠤᠨ᠂ ᠬᠤᠳᠠ  ᠂ ᠰᠢᠶᠠᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠬᠢ ᠪᠤᠶᠤ ᠡᠷᠦᠭᠡ  ᠠᠮᠠ ᠶᠢᠨ ᠶᠠᠪᠤᠳᠠᠯ ᠤᠨ ᠰᠠᠯᠠᠭ᠎ᠠ ᠪᠠᠷ ᠬᠢᠨᠠᠨ ᠵᠦᠪᠰᠢᠶᠡᠷᠡᠬᠦᠯᠵᠤ᠂ ︽ᠨᠡᠬᠦᠨ ᠤᠷᠤᠬᠤ ᠶᠢ ᠵᠦᠪᠰᠢᠶᠡᠷᠡᠬᠦ ᠬᠡᠷᠡᠴᠢ︾  ᠰᠢᠯᠭᠠᠨ ᠤᠯᠭᠤᠪᠠᠯ ᠡᠷᠦᠭᠡ ᠠᠮᠠ ᠭᠠᠷᠳᠠᠮ ᠢ  ᠭᠦᠢᠴᠡᠳᠭᠡᠨ᠎ᠡ᠃ ᠬᠡᠷᠡᠭᠰᠡᠬᠦ ᠪᠢᠴᠢᠭ ᠮᠠᠲ᠋ᠧᠷᠢᠶᠠᠯ᠄ ︵1︶  ︽ᠡᠷᠬᠦᠨ ᠲᠡᠵᠢᠭᠡᠬᠦ ᠬᠠᠤᠯᠢ︾ ᠶᠢᠨ ᠬᠤᠯᠪᠤᠭᠳᠠᠯ ᠪᠦᠬᠦᠢ ᠲᠤᠭᠳᠠᠭᠠᠯ ᠳᠤ ᠨᠡᠶᠢᠴᠡᠭᠰᠡᠨ ᠬᠠᠶᠠᠭᠳᠠᠮᠠᠯ  ᠨᠢᠯᠬ᠎ᠠ᠂ ᠦᠨᠦᠴᠢᠨ ᠬᠡᠦᠭᠡᠳ ᠢ ᠪᠤᠯ᠂ ᠡᠷᠬᠦᠨ ᠲᠡᠵᠢᠭᠡᠭᠴᠢ ᠨᠢ ᠰᠢᠶᠠᠨ ᠤ ᠱᠠᠳᠤᠨ ᠠᠴᠠ ᠲᠡᠭᠡᠭᠰᠢ ᠠᠷᠠᠳ ᠤᠨ  ᠶᠠᠪᠤᠳᠠᠯ ᠤᠨ ᠰᠠᠯᠠᠭ᠎ᠠ ᠮᠦᠴᠢᠷ ᠤᠨ ᠤᠯᠭᠤᠭᠰᠠᠨ ︽ᠡᠷᠬᠦᠨ ᠲᠡᠵᠢᠭᠡᠬᠦ ᠦᠨᠡᠮᠯᠡᠯ︾ ᠵᠢᠴᠢ ᠬᠤᠯᠪᠤᠭᠳᠠᠯ ᠪᠦᠬᠦᠢ  ᠬᠡᠷᠡᠴᠢ ᠪᠢᠴᠢᠭ ᠮᠠᠲ᠋ᠧᠷᠢᠶᠠᠯ ᠢᠶᠠᠨ ᠠᠪᠤᠨ ᠲᠤᠮᠢᠯᠠᠭᠰᠠᠨ ᠰᠠᠯᠪᠤᠷᠢ ᠳᠤ ᠤᠴᠢᠵᠤ ᠭᠤᠶᠤᠴᠢᠯᠠᠨ᠎ᠠ᠃ ︵2︶  ᠡᠷᠬᠦᠨ ᠲᠡᠵᠢᠭᠡᠭᠴᠢ ᠨᠢ ︽ᠡᠷᠬᠦᠨ ᠲᠡᠵᠢᠬᠡᠬᠦ ᠦᠨᠡᠮᠯᠡᠯ︾᠂ ︽ᠨᠡᠭᠦᠯᠭᠡᠨ ᠤᠷᠤᠭᠤᠯᠬᠤ ᠶᠢ  ᠵᠦᠪᠰᠢᠶᠡᠷᠡᠭᠰᠡᠨ ᠬᠡᠷᠡᠴᠢ︾ ᠪᠠᠨ ᠠᠪᠤᠨ ᠲᠡᠵᠢᠭᠡᠭᠰᠡᠨ ᠡᠴᠢᠭᠡ ᠡᠭᠡ ᠶᠢᠨ ᠡᠷᠦᠭᠡ ᠠᠮᠠ ᠪᠠᠶᠢᠭ᠎ᠠ ᠭᠠᠵᠠᠷ ᠤᠨ  ᠲᠤᠮᠢᠯᠠᠭᠰᠠᠨ ᠰᠠᠯᠪᠤᠷᠢ ᠳᠤ ᠤᠴᠢᠵᠤ ᠲᠦᠷᠦᠯᠳᠡ ᠶᠢᠨ ᠲᠠᠩᠰᠠᠯᠠᠯ ᠬᠢᠯᠭᠡᠨ᠎ᠡ᠃ ᠡᠷᠬᠦᠨ ᠲᠡᠵᠢᠭᠡᠭᠰᠡᠨ ᠦᠷ᠎ᠡ  ᠬᠡᠦᠭᠡᠳ ᠨᠢ ᠭᠠᠳᠠᠨ᠎ᠠ ᠤᠷᠤᠨ ᠳᠤ ᠡᠷᠦᠭᠡ ᠠᠮᠠ   ᠶᠢᠨ ᠳᠠᠩᠰᠠ ᠲᠠᠢ ᠪᠤᠯ᠂ ᠡᠷᠦᠭᠡ ᠠᠮᠠ ᠨᠡᠭᠦᠯᠭᠡᠨ ᠤᠷᠤᠭᠤᠯᠬᠤ  ᠲᠠᠩᠰᠠᠯᠠᠯ ᠬᠢᠯᠭᠡᠨ᠎ᠡ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号