ᠡᠷᠦᠬᠡ ᠰᠠᠯᠭᠠᠬᠤ ᠪᠠ ᠡᠷᠦᠬᠡ ᠨᠡᠶᠢᠯᠡᠭᠦᠯᠬᠦ
ᠨᠡᠶᠢᠲᠡᠯᠡᠭᠰᠡᠨ ᠴᠠᠭ᠄
2015/8/25
    ᠬᠡᠷᠬᠢᠨ ᠭᠤᠶᠤᠴᠢᠯᠠᠨ ᠠᠪᠬᠤ᠄       ᠡᠷᠦᠬᠡ ᠠᠮᠠ ᠶᠢᠨ ᠳᠠᠩᠰᠠᠯᠠᠯ ᠢ ᠡᠷᠦᠬᠡ ᠪᠠᠷ ᠨᠢᠭᠡᠴᠢ ᠪᠣᠯᠭᠠᠵᠤ᠂ ᠡᠷᠦᠬᠡ ᠶᠢᠨ ᠡᠵᠡᠨ ᠲᠠᠢ ᠬᠠᠮᠲᠤ  ᠰᠠᠭᠤᠵᠤ ᠪᠠᠶᠢᠭ᠎ᠠ ᠶᠢ ᠨᠢᠭᠡ ᠡᠷᠦᠬᠡ ᠪᠣᠯᠭᠠᠬᠤ ᠬᠡᠷᠡᠭᠲᠡᠢ︔ ᠭᠠᠭᠴᠠ ᠪᠡᠶ᠎ᠡ ᠪᠠᠷ ᠢᠶᠠᠨ ᠰᠠᠭᠤᠵᠦ ᠪᠠᠶᠢᠭ᠎ᠠ ᠪᠣᠯ  ᠠᠰᠳᠠᠭᠠᠨ ᠨᠢᠭᠡ ᠡᠷᠦᠬᠡ ᠪᠣᠯᠵᠤ ᠪᠣᠯᠣᠨ᠎ᠠ︔ ᠪᠠᠶᠢᠭᠤᠯᠭ᠎ᠠ᠂ ᠪᠦᠯᠬᠦᠮ᠂ ᠰᠤᠷᠭᠠᠭᠤᠯᠢ᠂ ᠠᠵᠤ ᠠᠬᠤᠶᠢᠯᠠᠯ᠂  ᠠᠵᠢᠯ ᠦᠢᠯᠡᠰ ᠵᠡᠷᠭᠡ ᠨᠢᠭᠡᠴᠡ ᠶᠢᠨ ᠲᠣᠲᠤᠭᠠᠳᠤ ᠪᠠ ᠬᠠᠮᠲᠤ ᠶᠢᠨ ᠪᠠᠶᠢᠷᠢ ᠳᠤ ᠰᠠᠭᠤᠵᠤ ᠪᠠᠶᠢᠭ᠎ᠠ ᠠᠵᠢᠯᠲᠠᠨ  ᠠᠵᠢᠯᠴᠢᠨ᠂ ᠰᠤᠷᠤᠭᠴᠢ ᠪᠣᠯ ᠬᠠᠮᠲᠤ ᠳᠠᠭᠠᠨ ᠨᠢᠭᠡ ᠡᠷᠦᠬᠡ ᠪᠣᠯᠤᠨ᠎ᠠ᠂ ᠲᠤᠰᠠᠭᠠᠷ ᠢᠶᠠᠨ ᠡᠷᠦᠬᠡ ᠪᠣᠯᠵᠤ ᠪᠣᠯᠬᠤ  ᠦᠭᠡᠢ᠃       ᠦᠷ᠎ᠡ ᠬᠡᠦᠬᠡᠳ ᠤᠷᠤᠭᠯᠠᠭᠰᠠᠨ ᠤ ᠳᠠᠷᠠᠭ᠎ᠠ ᠨᠢᠭᠡᠨᠲᠡ ᠲᠤᠰᠠᠭᠠᠷ ᠢᠶᠠᠨ ᠠᠮᠢᠳᠤᠷᠠᠵᠤ᠂ ᠣᠷᠣᠰᠢᠨ ᠰᠠᠭᠤᠬᠤ  ᠨᠦᠭᠦᠴᠡᠯ ᠲᠠᠢ ᠪᠣᠯ ᠡᠷᠦᠬᠡ ᠰᠠᠯᠵᠤ ᠪᠣᠯᠣᠨ᠎ᠠ︔ ᠤᠷᠤᠭᠯᠠᠭᠠᠳᠤᠢ ᠦᠷ᠎ᠡ ᠬᠡᠦᠬᠡᠳ ᠪᠣᠯᠣᠨ ᠡᠴᠢᠭᠡ ᠡᠬᠡ ᠶᠢᠨ  ᠬᠤᠭᠤᠷᠣᠨᠳᠤ᠂ ᠡᠷ᠎ᠡ ᠡᠮ᠎ᠡ ᠶᠢᠨ ᠬᠤᠭᠤᠷᠣᠨᠳᠤ ᠲᠤᠰᠠᠭᠠᠷ ᠢᠶᠠᠨ ᠡᠷᠦᠬᠡ ᠰᠠᠯᠬᠤ ᠪᠤᠶᠤ ᠡᠷᠦᠬᠡ ᠪᠣᠯᠵᠤ ᠪᠣᠯᠬᠤ  ᠦᠭᠡᠢ᠃ ᠡᠭᠦᠨ ᠢ ᠡᠷᠦᠬᠡ ᠠᠮᠠ ᠶᠢᠨ ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠥᠷᠢ ᠳᠤ ᠬᠦᠷᠴᠦ ᠭᠦᠢᠴᠡᠳᠬᠡᠵᠦ  ᠪᠣᠯᠣᠨ᠎ᠠ᠃       ᠬᠡᠷᠡᠭᠰᠡᠬᠦ ᠮᠠᠲ᠋ᠧᠷᠢᠶᠠᠯ᠄ ᠠᠷᠠᠳ ᠢᠷᠭᠡᠨ ᠡᠷᠦᠬᠡ ᠰᠠᠯᠭᠠᠬᠤ᠂ ᠨᠡᠶᠢᠯᠡᠭᠦᠯᠬᠦ ᠶᠢ ᠱᠠᠭᠠᠷᠳᠠᠬᠤ ᠳᠤ᠂ ᠲᠤᠰ  ᠬᠥᠮᠥᠨ ᠨᠢ ᠪᠢᠴᠢᠭᠯᠡᠭᠰᠡᠨ ᠭᠤᠶᠤᠴᠢᠯᠠᠯ ᠭᠠᠷᠭᠠᠵᠦ᠂ ᠡᠷᠦᠬᠡ ᠠᠮᠠ ᠶᠢᠨ ᠠᠷᠠᠳ ᠤᠨ ᠴᠠᠭᠳᠠᠭ᠎ᠠ ᠪᠠᠶᠢᠴᠠᠭᠠᠭᠠᠳ  ᠦᠨᠡᠨ ᠪᠠᠶᠢᠪᠠᠯ᠂ ᠡᠷᠦᠬᠡ ᠰᠠᠯᠭᠠᠬᠤ᠂ ᠨᠡᠶᠢᠯᠡᠭᠦᠯᠬᠦ ᠭᠠᠷᠳᠠᠮ ᠭᠦᠢᠴᠡᠳᠭᠡᠵᠦ ᠦᠭᠬᠦ ᠬᠡᠷᠡᠭᠲᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号