| ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠦᠬᠡ ᠠᠮᠠ ᠳᠠᠩᠰᠠᠯᠠᠬᠤ ᠲᠣᠭᠲᠠᠭᠠᠯ︾ ᠳᠤ | ᠲᠣᠭᠲᠠᠭᠠᠭᠰᠠᠨ ᠢᠶᠠᠷ᠂ ᠮᠠᠨ ᠤ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠡᠷᠦᠬᠡ ᠠᠮᠠ ᠳᠠᠩᠰᠠᠯᠠᠬᠤ | ᠳᠦᠷᠢᠮ ᠳᠤ᠂ ᠬᠤᠲᠠ ᠪᠠᠯᠭᠠᠰᠤ ᠨᠤᠭᠤᠳ ᠪᠠᠶᠢᠩᠭᠤ ᠰᠠᠭᠤᠭ᠎ᠠ᠂ ᠲᠦᠷ ᠰᠠᠭᠤᠭ᠎ᠠ᠂ ᠲᠦᠷᠥᠭᠰᠡᠨ᠂ ᠦᠬᠦᠭᠰᠡᠨ᠂ | ᠨᠡᠭᠦᠵᠦ ᠭᠠᠷᠬᠤ᠂ ᠨᠡᠭᠦᠵᠦ ᠣᠷᠣᠬᠤ᠂ ᠬᠤᠪᠢᠷᠠᠭᠠᠬᠤ᠂ ᠵᠠᠯᠠᠷᠠᠭᠤᠯᠬᠤ ᠵᠡᠷᠭᠡ 7 ᠵᠦᠢᠯ ᠤᠨ ᠳᠠᠩᠰᠠᠯᠠᠯ ᠢ | ᠬᠡᠷᠡᠭᠵᠢᠭᠦᠯᠦᠨ᠎ᠡ︔ ᠬᠥᠳᠡᠭᠡ ᠲᠣᠰᠬᠤᠨ ᠨᠤᠭᠤᠳ ᠪᠠᠶᠢᠩᠭᠤ ᠰᠠᠭᠤᠭ᠎ᠠ᠂ ᠲᠦᠷᠥᠭᠰᠡᠨ᠂ ᠦᠬᠦᠭᠰᠡᠨ᠂ ᠨᠡᠭᠦᠵᠦ | ᠭᠠᠷᠤᠭᠰᠠᠨ᠂ ᠨᠡᠭᠦᠵᠦ ᠣᠷᠣᠬᠰᠠᠨ ᠵᠡᠷᠭᠡ 5 ᠵᠦᠢᠯ ᠤᠨ ᠳᠠᠩᠰᠠᠯᠠᠯ ᠢ ᠬᠡᠷᠡᠭᠵᠢᠭᠦᠯᠦᠨ᠎ᠡ ᠭᠡᠰᠡᠨ ᠪᠠᠶᠢᠳᠠᠭ᠃ | A. ᠲᠦᠷᠥᠭᠰᠡᠨ ᠢ ᠳᠠᠩᠰᠠᠯᠠᠭᠤᠯᠬᠤ ᠭᠡᠳᠡᠭ ᠨᠢ ᠠᠷᠠᠳ ᠢᠷᠭᠡᠨ ᠡᠷᠦᠬᠡ ᠠᠮᠠ ᠳᠠᠩᠰᠠᠯᠠᠬᠤ | ᠪᠠᠶᠢᠭᠤᠯᠭ᠎ᠠ ᠳᠤ ᠬᠦᠷᠴᠦ ᠲᠦᠷᠥᠭᠰᠡᠨ ᠨᠢᠯᠬ᠎ᠠ ᠬᠡᠦᠬᠡᠳ ᠤᠨ ᠡᠷᠦᠬᠡ ᠠᠮᠠ ᠶᠢ ᠮᠡᠳᠡᠭᠦᠯᠬᠦ ᠨᠢᠭᠡ ᠵᠦᠢᠯ ᠤᠨ | ᠳᠠᠩᠰᠠᠯᠠᠬᠤ ᠳᠦᠷᠢᠮ ᠢ ᠵᠢᠭᠠᠵᠦ ᠪᠣᠢ᠃ | 1. ᠲᠦᠷᠥᠭᠰᠡᠨ ᠢ ᠳᠠᠩᠰᠠᠯᠠᠭᠤᠯᠬᠤ ᠲᠤᠭᠲᠠᠭᠠᠯ | ︵1︶ ᠨᠢᠯᠬ᠎ᠠ ᠬᠡᠦᠭᠡᠳ ᠢ ᠲᠦᠷᠦᠭᠰᠡᠨ ᠤ ᠬᠢᠨᠢ ᠲᠠᠷᠠᠭ᠎ᠠ ᠨᠢᠭᠡ ᠰᠠᠷ᠎ᠠ ᠶᠢᠨ ᠲᠤᠳᠤᠷ᠎ᠠ᠂ ᠨᠢᠯᠬ᠎ᠠ | ᠬᠡᠦᠬᠡᠳ ᠤᠨ ᠡᠴᠢᠭᠡ ᠪᠤᠶᠤ ᠡᠬᠡ ︵ᠣᠳᠣᠬᠠᠨ ᠳᠤ ᠵᠠᠷᠢᠮ ᠶᠡᠭᠡ ᠬᠤᠲᠠ ᠨᠢᠯᠬ᠎ᠠ ᠬᠡᠦᠬᠡᠳ ᠢ ᠡᠴᠢᠭᠡ ᠶᠢ ᠨᠢ | ᠳᠠᠭᠠᠭᠤᠯᠤᠨ ᠪᠠᠶᠢᠩᠭᠤ ᠰᠠᠭᠤᠭ᠎ᠠ ᠡᠷᠦᠬᠡ ᠠᠮᠠ ᠳᠠᠩᠰᠠᠯᠠᠬᠤ ᠶᠢ ᠬᠡᠷᠡᠭᠵᠢᠭᠦᠯᠥᠭᠡᠳᠥᠢ ᠪᠣᠢ︶᠂ ᠡᠰᠡᠭᠦᠯ᠎ᠡ ᠪᠤᠰᠤᠳ | ᠬᠠᠷᠠᠭᠠᠯᠵᠠᠨ ᠬᠠᠮᠠᠭᠠᠯᠠᠭᠴᠢ᠂ ᠡᠰᠡᠭᠦᠯ᠎ᠡ ᠠᠰᠠᠷᠠᠨ ᠲᠡᠵᠢᠭᠡᠭᠴᠢ᠂ ᠡᠰᠡᠭᠦᠯ᠎ᠡ ᠬᠥᠷᠰᠢ ᠠᠶᠢᠯ ᠤᠨ ᠬᠢᠨ ᠠᠴᠠ ᠨᠢᠯᠬ᠎ᠠ | ᠬᠡᠦᠬᠡᠳ ᠤᠨ ︽ᠲᠦᠷᠥᠭᠰᠡᠨ ᠠᠨᠠᠭᠠᠬᠤ ᠤᠬᠠᠭᠠᠨ ᠤ ᠭᠡᠷᠡᠴᠢ︾ ᠪᠤᠶᠤ ᠰᠠᠭᠤᠭᠠᠯᠢ ︵ᠲᠣᠰᠬᠤᠨ ᠤ︶ ᠠᠷᠠᠳ ᠤᠨ | ᠵᠥᠪᠯᠡᠯ ᠤᠨ ᠬᠢᠵᠦ ᠥᠭᠭᠦᠭᠰᠡᠨ ᠨᠢᠯᠬ᠎ᠠ ᠬᠡᠤᠬᠡᠳ ᠤᠨ ᠲᠦᠷᠥᠭᠰᠡᠨ ᠪᠠᠶᠢᠳᠠᠯ ᠤᠨ ᠭᠡᠷᠡᠴᠢ᠂ ᠲᠥᠷᠥᠬᠦ ᠶᠢ | ᠵᠥᠪᠰᠢᠶᠡᠷᠡᠭᠰᠡᠨ ᠭᠡᠷᠡᠴᠢ᠂ ᠡᠷᠦᠬᠡ ᠠᠮᠠ ᠶᠢᠨ ᠳᠡᠪᠲᠡᠷ ᠵᠡᠷᠭᠡ ᠪᠠᠷ ᠨᠢᠯᠬ᠎ᠠ ᠬᠡᠦᠬᠡᠳ ᠤᠨ ᠪᠠᠶᠢᠩᠭᠤ ᠰᠠᠭᠤᠭ᠎ᠠ | ᠡᠷᠦᠬᠡ ᠠᠮᠠ ᠶᠢᠨ ᠪᠠᠶᠢᠭᠤᠯᠭ᠎ᠠ ᠳᠤ ᠲᠦᠷᠥᠭᠰᠡᠨ ᠢ ᠳᠠᠩᠰᠠᠯᠠᠭᠤᠯᠬᠤ ᠶᠢ ᠮᠡᠳᠡᠭᠦᠯᠦᠨ᠎ᠡ᠃ ᠨᠢᠯᠬ᠎ᠠ ᠬᠡᠦᠬᠡᠳ ᠤᠨ | ᠪᠠᠶᠢᠩᠭᠤ ᠰᠠᠭᠤᠭ᠎ᠠ ᠭᠠᠵᠠᠷ ᠢ ᠲᠣᠭᠲᠠᠭᠠᠬᠤ ᠳᠤ᠂ ᠡᠴᠢᠭᠡ ᠪᠤᠶᠤ ᠡᠬᠡ ᠶᠢᠨ ᠪᠠᠶᠢᠩᠭᠤ ᠰᠠᠭᠤᠭ᠎ᠠ ᠡᠷᠦᠬᠡ ᠠᠮᠠ ᠶᠢᠨ | ᠪᠠᠶᠢᠭ᠎ᠠ ᠭᠠᠵᠠᠷ ᠢᠶᠠᠷ ᠪᠠᠷᠢᠮᠵᠢᠶ᠎ᠠ ᠪᠣᠯᠭᠠᠨ᠎ᠠ᠃ ᠨᠢᠯᠬ᠎ᠠ ᠬᠡᠦᠬᠡᠳ ᠬᠡᠷᠪᠡ ᠡᠴᠢᠭᠡ ᠪᠤᠶᠤ ᠡᠬᠡ ᠶᠢᠨ ᠬᠢᠨᠢ ᠲᠦᠷ | ᠰᠠᠭᠤᠭ᠎ᠠ ᠭᠠᠵᠠᠷ ᠲᠤ ᠲᠥᠷᠥᠭᠰᠡᠨ ᠪᠣᠯ ᠡᠴᠢᠭᠡ ᠪᠤᠶᠤ ᠡᠬᠡ ᠨᠢ ᠪᠠᠶᠢᠩᠭᠤ ᠰᠠᠭᠤᠭ᠎ᠠ ᠭᠠᠵᠠᠷ ᠲᠠᠭᠠᠨ ᠪᠤᠴᠠᠭᠰᠠᠨ ᠤ | ᠳᠠᠷᠠᠭ᠎ᠠ ᠲᠦᠷᠥᠭᠰᠡᠨ ᠢ ᠨᠢ ᠳᠠᠩᠰᠠᠯᠠᠭᠤᠯᠬᠤ ᠪᠠᠷ ᠮᠡᠳᠡᠭᠦᠯᠵᠦ ᠪᠣᠯᠣᠨ᠎ᠠ᠃ ᠨᠢᠯᠬ᠎ᠠ ᠬᠡᠦᠬᠡᠳ ᠢ ᠲᠥᠷᠥᠭᠰᠡᠨ ᠤ | ᠳᠠᠷᠠᠭ᠎ᠠ᠂ ᠤᠴᠢᠷ ᠰᠢᠯᠲᠠᠭᠠᠨ ᠠᠴᠠ ᠪᠣᠯᠤᠭᠠᠳ ᠲᠦᠷᠥᠭᠰᠡᠨ ᠢ ᠨᠢ ᠳᠠᠩᠰᠠᠯᠠᠭᠤᠯᠬᠤ ᠶᠢ ᠨᠢᠭᠡ ᠰᠠᠷ᠎ᠠ ᠶᠢᠨ ᠲᠣᠲᠣᠷ᠎ᠠ | ᠭᠦᠢᠴᠡᠳᠭᠡᠭᠡᠳᠥᠢ ᠪᠣᠯ ᠡᠷᠦᠬᠡ ᠠᠮᠠ ᠳᠠᠩᠰᠠᠯᠠᠬᠤ ᠪᠠᠶᠢᠭᠤᠯᠭ᠎ᠠ ᠠᠴᠠ ᠪᠠᠶᠢᠳᠠᠯ ᠢ ᠨᠢ ᠲᠣᠳᠣᠯᠠᠭᠰᠠᠨ ᠤ ᠳᠠᠷᠠᠭ᠎ᠠ᠂ | ᠳᠠᠩᠰᠠᠯᠠᠬᠤ ᠶᠢ ᠵᠥᠪᠰᠢᠶᠡᠷᠡᠵᠦ᠂ ᠲᠦᠷᠦᠭᠰᠡᠨ ᠡᠳᠦᠷ ᠬᠤᠭᠤᠴᠠᠭ᠎ᠠ ᠶᠢ ᠨᠢ ᠪᠤᠲᠠᠲᠠᠢ ᠲᠥᠷᠥᠭᠰᠡᠨ ᠡᠳᠦᠷ ᠢᠶᠠᠷ | ᠳᠠᠩᠰᠠᠯᠠᠬᠤ ᠬᠡᠷᠡᠭᠲᠡᠢ᠂ ᠮᠡᠳᠡᠭᠦᠯᠦᠭᠰᠡᠨ ᠡᠳᠦᠷ ᠬᠤᠭᠤᠴᠠᠭ᠎ᠠ ᠪᠠᠷ ᠳᠠᠩᠰᠠᠯᠠᠵᠤ ᠪᠣᠯᠬᠤ ᠦᠭᠡᠢ᠃ | ︵2︶ ᠤᠷᠤᠭᠯᠠᠭᠠᠳᠤᠢ ᠪᠠᠷ ᠲᠥᠷᠥᠭᠰᠡᠨ ᠨᠢᠯᠬ᠎ᠠ ᠬᠡᠦᠬᠡᠳ ᠤᠨ ᠲᠦᠷᠥᠭᠰᠡᠨ ᠢ ᠳᠠᠩᠰᠠᠯᠠᠭᠤᠯᠬᠤ ᠳᠤ᠂ | ᠡᠬᠡ ᠪᠤᠶᠤ ᠡᠷᠭᠦᠨ ᠲᠡᠵᠢᠭᠡᠭᠴᠢ ᠶᠢᠨ ᠬᠢᠨᠢ ᠮᠡᠳᠡᠭᠦᠯᠥᠭᠰᠡᠨ ᠢ ᠦᠨᠳᠦᠰᠦᠯᠡᠨ ᠲᠦᠷᠥᠭᠰᠡᠨ ᠢ ᠳᠠᠩᠰᠠᠯᠠᠬᠤ ᠶᠢ | ᠭᠦᠢᠴᠡᠳᠬᠡᠵᠦ ᠪᠣᠯᠣᠨ᠎ᠠ᠃ | ︵3︶ ᠭᠤᠯᠣᠭᠳᠠᠮᠠᠯ ᠨᠢᠯᠬ᠎ᠠ ᠬᠡᠤᠬᠡᠳ ᠤᠨ ᠲᠦᠷᠥᠭᠰᠡᠨ ᠢ ᠳᠠᠩᠰᠠᠯᠠᠭᠤᠯᠬᠤ ᠳᠤ᠂ ᠡᠷᠭᠦᠨ ᠲᠡᠵᠢᠭᠡᠭᠴᠢ | ᠪᠤᠶᠤ ᠨᠢᠯᠬ᠎ᠠ ᠬᠡᠦᠬᠡᠳ ᠪᠣᠶᠢᠵᠢᠭᠤᠯᠬᠤ ᠪᠠᠶᠢᠭᠤᠯᠭ᠎ᠠ ᠠᠴᠠ ᠲᠤᠬᠠᠢ ᠶᠢᠨ ᠭᠠᠵᠠᠷ ᠤᠨ ᠡᠷᠦᠬᠡ ᠠᠮᠠ ᠳᠠᠩᠰᠠᠯᠠᠬᠤ | ᠪᠠᠶᠢᠭᠤᠯᠭ᠎ᠠ ᠳᠤ ᠮᠡᠳᠡᠭᠦᠯᠵᠦ᠂ ᠡᠷᠦᠬᠡ ᠠᠮᠠ ᠳᠠᠩᠰᠠᠯᠠᠬᠤ ᠪᠠᠶᠢᠭᠤᠯᠭ᠎ᠠ ᠡᠷᠭᠦᠨ ᠲᠡᠵᠢᠭᠡᠭᠰᠡᠨ ᠦᠨᠡᠮᠯᠡᠯ᠂ ᠡᠷᠭᠦᠨ | ᠲᠡᠵᠢᠭᠡᠭᠰᠡᠨ ᠤ ᠠᠯᠪᠠᠨ ᠭᠡᠷᠡᠴᠢᠯᠡᠭᠡ ᠵᠡᠷᠭᠡ ᠬᠤᠯᠪᠣᠭᠳᠠᠯ ᠪᠦᠬᠦᠢ ᠭᠡᠷᠡᠴᠢ ᠶᠢ ᠣᠯᠵᠤ᠂ ᠪᠠᠶᠢᠴᠠᠭᠠᠭᠠᠳ ᠭᠠᠷ ᠤᠨ | ᠦᠰᠦᠭ ᠵᠢᠷᠤᠵᠤ᠂ ᠳᠡᠭᠡᠳᠦ ᠱᠠᠲᠤᠨ ᠤ ᠡᠷᠦᠬᠡ ᠠᠮᠠ ᠶᠢᠨ ᠬᠠᠮᠢᠶᠠᠷᠤᠯᠲᠠ ᠶᠢᠨ ᠪᠠᠶᠢᠭᠤᠯᠭ᠎ᠠ ᠳᠤ ᠮᠡᠳᠡᠭᠦᠯᠵᠦ | ᠵᠥᠪᠰᠢᠶᠡᠷᠡᠭᠦᠯᠥᠭᠰᠡᠨ ᠤ ᠳᠠᠷᠠᠭ᠎ᠠ᠂ ᠲᠦᠷᠥᠭᠰᠡᠨ ᠢ ᠳᠠᠩᠰᠠᠯᠠᠬᠤ ᠭᠠᠷᠳᠠᠮ ᠭᠦᠢᠴᠡᠳᠬᠡᠵᠦ ᠪᠣᠯᠣᠨ᠎ᠠ᠃ | ᠭᠤᠯᠣᠭᠳᠠᠮᠠᠯ ᠨᠢᠯᠬ᠎ᠠ ᠬᠡᠦᠬᠡᠳ ᠤᠨ ᠣᠪᠣᠭ ᠨᠡᠷ᠎ᠡ᠂ ᠦᠨᠳᠦᠰᠦᠲᠡᠨ ᠬᠢᠭᠡᠳ ᠲᠥᠷᠥᠭᠰᠡᠨ ᠡᠳᠦᠷ ᠬᠤᠭᠤᠴᠠᠭ᠎ᠠ ᠶᠢ | ᠪᠤᠲᠠᠲᠠᠢ ᠪᠠᠶᠢᠳᠠᠯ ᠢ ᠦᠨᠳᠦᠰᠦᠯᠡᠨ ᠲᠣᠭᠲᠠᠭᠠᠵᠤ ᠪᠣᠯᠬᠤ ᠪᠦᠭᠡᠳ ᠡᠷᠭᠦᠨ ᠲᠡᠵᠢᠭᠡᠭᠴᠢ ᠪᠤᠶᠤ ᠨᠢᠯᠬ᠎ᠠ ᠬᠡᠦᠬᠡᠳ | ᠪᠣᠶᠢᠵᠢᠭᠤᠯᠬᠤ ᠪᠠᠶᠢᠭᠤᠯᠭ᠎ᠠ ᠶᠢᠨ ᠪᠠᠶᠢᠭ᠎ᠠ ᠭᠠᠵᠠᠷ ᠢᠶᠠᠷ ᠭᠤᠯᠣᠭᠳᠠᠮᠠᠯ ᠨᠢᠯᠬ᠎ᠠ ᠬᠡᠦᠬᠡᠳ ᠤᠨ ᠲᠥᠷᠥᠭᠰᠡᠨ ᠭᠠᠵᠠᠷ | ᠪᠣᠯᠭᠠᠨ᠎ᠠ᠃ | ︵4︶ ᠲᠦᠯᠥᠪᠯᠡᠭᠡ ᠲᠠᠢ ᠪᠠᠷ ᠬᠡᠤᠬᠡᠳ ᠠᠪᠬᠤ ᠠᠴᠠ ᠳᠠᠪᠠᠭᠤᠯᠤᠨ ᠲᠦᠷᠥᠭᠦᠯᠥᠭᠰᠡᠨ ᠨᠢᠯᠬ᠎ᠠ | ᠬᠡᠦᠬᠡᠳ ᠲᠤ ᠪᠣᠯ ᠬᠠᠷᠠᠭᠠᠯᠵᠠᠨ ᠬᠠᠮᠠᠭᠠᠯᠠᠭᠴᠢ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠦᠷᠥᠭᠰᠡᠨ ᠢ | ᠳᠠᠩᠰᠠᠯᠠᠭᠤᠯᠬᠤ ᠶᠢ ᠮᠡᠳᠡᠭᠦᠯᠵᠦ᠂ ᠡᠷᠦᠬᠡ ᠠᠮᠠ ᠳᠠᠩᠰᠠᠯᠠᠬᠤ ᠪᠠᠶᠢᠭᠤᠯᠭ᠎ᠠ ᠪᠠᠰᠠ ᠲᠦᠷᠥᠭᠰᠡᠨ ᠢ ᠳᠠᠩᠰᠠᠯᠠᠬᠤ ᠶᠢ | ᠴᠠᠭ ᠲᠤᠬᠠᠢ ᠳᠤᠨᠢ ᠭᠦᠢᠴᠡᠳᠬᠡᠵᠦ ᠥᠭᠬᠦ ᠬᠡᠷᠡᠭᠲᠡᠢ᠃ | ︵5︶ ᠡᠷᠭᠦᠭᠳᠡᠨ ᠲᠡᠵᠢᠭᠡᠭᠳᠡᠭᠡᠳ ᠲᠦᠷᠥᠭᠰᠡᠨ ᠢ ᠳᠠᠩᠰᠠᠯᠠᠭᠤᠯᠬᠤ ᠶᠢ ᠮᠡᠳᠡᠭᠦᠯᠦᠭᠡᠳᠥᠢ ᠨᠢᠯᠬ᠎ᠠ | ᠬᠡᠦᠬᠡᠳ ᠢ ᠪᠣᠯ ᠡᠷᠭᠦᠨ ᠲᠡᠵᠢᠭᠡᠬᠦ ᠬᠠᠷᠢᠴᠠᠭ᠎ᠠ ᠶᠢ ᠨᠤᠲᠠᠯᠠᠭᠰᠠᠨ ᠤ ᠳᠠᠷᠠᠭᠠᠬᠢ ᠨᠢᠭᠡ ᠰᠠᠷ᠎ᠠ ᠶᠢᠨ ᠲᠣᠲᠣᠷ᠎ᠠ᠂ | ᠡᠷᠭᠦᠨ ᠲᠡᠵᠢᠭᠡᠭᠴᠢ ᠨᠢ ᠠᠯᠪᠠᠨ ᠭᠡᠷᠡᠴᠢᠯᠡᠭᠡ ᠬᠢᠯᠭᠡᠭᠰᠡᠨ ᠡᠷᠭᠦᠨ ᠲᠡᠵᠢᠭᠡᠬᠦ ᠭᠡᠷᠡᠴᠢ ᠪᠠᠷ ᠢᠶᠠᠨ ᠡᠷᠭᠦᠨ | ᠲᠡᠵᠢᠭᠡᠭᠴᠢ ᠶᠢᠨ ᠪᠠᠶᠢᠩᠭᠤ ᠰᠠᠭᠤᠭ᠎ᠠ ᠡᠷᠦᠬᠡ ᠠᠮᠠ ᠶᠢᠨ ᠪᠠᠶᠢᠭ᠎ᠠ ᠭᠠᠵᠠᠷ ᠤᠨ ᠡᠷᠦᠬᠡ ᠠᠮᠠ ᠳᠠᠩᠰᠠᠯᠠᠬᠤ | ᠪᠠᠶᠢᠭᠤᠯᠭ᠎ᠠ ᠳᠤ ᠲᠦᠷᠥᠭᠰᠡᠨ ᠢ ᠳᠠᠩᠰᠠᠯᠠᠭᠤᠯᠬᠤ ᠶᠢ ᠮᠡᠳᠡᠭᠦᠯᠥᠨ᠎ᠡ᠂ ᠡᠰᠡᠬᠦᠯ᠎ᠡ ᠨᠢᠯᠬ᠎ᠠ ᠬᠡᠦᠬᠡᠳ ᠪᠣᠶᠢᠵᠢᠭᠤᠯᠬᠤ | ᠪᠠᠶᠢᠭᠤᠯᠭ᠎ᠠ ᠠᠴᠠ ᠪᠠᠶᠢᠭ᠎ᠠ ᠭᠠᠵᠠᠷ ᠤᠨ ᠡᠷᠦᠬᠡ ᠠᠮᠠ ᠳᠠᠩᠰᠠᠯᠠᠬᠤ ᠪᠠᠶᠢᠭᠤᠯᠭ᠎ᠠ ᠳᠤ ᠲᠦᠷᠥᠭᠰᠡᠨ ᠢ | ᠳᠠᠩᠰᠠᠯᠠᠭᠤᠯᠬᠤ ᠶᠢ ᠮᠡᠳᠡᠭᠦᠯᠦᠨ᠎ᠡ᠃ | B. ᠦᠬᠦᠭᠰᠡᠨ ᠢ ᠳᠠᠩᠰᠠᠯᠠᠭᠤᠯᠬᠤ | ᠠᠷᠠᠳ ᠢᠷᠭᠡᠨ ᠦᠬᠦᠭᠰᠡᠨ ᠤ ᠳᠠᠷᠠᠭ᠎ᠠ᠂ ᠲᠥᠷᠥᠯ ᠰᠠᠳᠤᠨ ᠪᠤᠶᠤ ᠠᠰᠠᠷᠠᠨ ᠲᠡᠵᠢᠭᠡᠭᠴᠢ ᠪᠠ ᠲᠡᠭᠦᠨ ᠤ | ᠪᠠᠶᠢᠭ᠎ᠠ ᠨᠢᠭᠡᠴᠡ ᠨᠢ᠂ ᠬᠤᠲᠠ ᠪᠠᠯᠭᠠᠰᠤ ᠪᠣᠯ ᠣᠷᠣᠰᠢᠭᠤᠯᠬᠤ ᠠᠴᠠ ᠡᠮᠦᠨ᠎ᠡ᠂ ᠬᠥᠳᠡᠭᠡ ᠲᠣᠰᠬᠤᠨ ᠪᠣᠯ ᠨᠢᠭᠡ | ᠰᠠᠷ᠎ᠠ ᠶᠢᠨ ᠲᠣᠲᠣᠷ᠎ᠠ ᠦᠬᠦᠭᠰᠡᠨ ᠠᠷᠠᠳ ᠢᠷᠭᠡᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠪᠠᠶᠢᠭ᠎ᠠ ᠭᠠᠵᠠᠷ ᠤᠨ | ᠡᠷᠦᠬᠡ ᠠᠮᠠ ᠳᠠᠩᠰᠠᠯᠠᠬᠤ ᠪᠠᠶᠢᠭᠤᠯᠤᠯᠭ᠎ᠠ ᠳᠤ ᠦᠬᠦᠭᠰᠡᠨ ᠢ ᠨᠢ ᠮᠡᠳᠡᠭᠦᠯᠦᠨ᠎ᠡ᠃ ᠦᠬᠦᠭᠰᠡᠨ ᠢ ᠮᠡᠳᠡᠭᠦᠯᠬᠦ ᠳᠤ᠂ | ᠡᠮᠨᠡᠯᠭᠡ ᠶᠢᠨ ᠬᠤᠷᠢᠶ᠎ᠠ ᠪᠤᠶᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠬᠤᠯᠪᠣᠭᠳᠠᠯ ᠪᠦᠬᠦᠢ ᠪᠠᠶᠢᠭᠤᠯᠭ᠎ᠠ ᠶᠢᠨ ᠬᠢᠵᠦ | ᠦᠭᠭᠦᠰᠡᠨ ︽ᠦᠬᠦᠭᠰᠡᠨ ᠤ ᠠᠨᠠᠭᠠᠬᠤ ᠤᠬᠠᠭᠠᠨ ᠤ ᠭᠡᠷᠡᠴᠢ ᠪᠢᠴᠢᠭ︾ ᠵᠡᠷᠭᠡ ᠭᠡᠷᠡᠴᠢ ᠲᠠᠢ ᠪᠠᠶᠢᠵᠦ᠂ ᠡᠷᠦᠬᠡ | ᠠᠮᠠ ᠳᠠᠩᠰᠠᠯᠠᠬᠤ ᠪᠠᠶᠢᠭᠤᠯᠭ᠎ᠠ ᠪᠠᠷ ᠪᠠᠶᠢᠴᠠᠭᠠᠨ ᠰᠢᠯᠭᠠᠭᠤᠯᠤᠭᠠᠳ ᠠᠯᠳᠠᠭ᠎ᠠ ᠦᠭᠡᠢ ᠪᠣᠯ ᠣᠨ ᠰᠠᠷ᠎ᠠ ᠡᠳᠦᠷ᠂ | ᠡᠷᠦᠬᠡ ᠶᠢᠨ ᠡᠵᠡᠨ ᠤ ᠣᠪᠣᠭ ᠨᠡᠷ᠎ᠡ᠂ ᠡᠷᠦᠬᠡ ᠶᠢᠨ ᠡᠵᠡᠨ ᠯᠦᠭᠡ ᠶᠢᠨ ᠬᠠᠷᠢᠴᠠᠭ᠎ᠠ᠂ ᠴᠢᠨᠠᠷ ᠤᠨ ᠢᠯᠭᠠᠯ᠂ | ᠲᠦᠷᠦᠭᠰᠡᠨ ᠣᠨ ᠰᠠᠷ᠎ᠠ ᠡᠳᠦᠷ᠂ ᠦᠬᠦᠭᠰᠡᠨ ᠰᠢᠯᠲᠠᠭᠠᠨ ᠵᠡᠷᠭᠡ ᠲᠥᠷᠥᠯ ᠵᠦᠢᠯ ᠢ ᠪᠠᠭᠲᠠᠭᠠᠭᠰᠠᠨ ︽ | ᠦᠬᠦᠭᠰᠡᠨ ᠢ ᠳᠠᠩᠰᠠᠯᠠᠬᠤ ᠬᠦᠰᠥᠨᠥᠭᠲᠦ︾ ᠲᠠᠭᠯᠠᠵᠤ᠂ ᠂ ᠳᠠᠷᠠᠭ᠎ᠠ ᠨᠢ ᠪᠠᠶᠢᠩᠭᠤ ᠰᠠᠭᠤᠭ᠎ᠠ ᠡᠷᠦᠬᠡ ᠠᠮᠠ ᠶᠢᠨ | ᠳᠠᠩᠰᠠᠨ ᠠᠴᠠ ᠬᠠᠰᠤᠵᠤ᠂ ᠦᠬᠦᠭᠰᠡᠨ ᠤ ᠭᠡᠷᠡᠴᠢ ᠬᠢᠵᠦ ᠥᠭᠭᠦᠨ᠎ᠡ᠃ ᠬᠥᠮᠥᠨ ᠠᠮᠠ ᠶᠢᠨ ᠺᠠᠷᠲ ᠪᠠᠶᠢᠭᠤᠯᠤᠭᠰᠠᠨ | ᠪᠣᠯ ᠪᠠᠰᠠ ︽ᠺᠠᠷᠲ ᠬᠦᠴᠥᠨ ᠦᠭᠡᠢ ᠪᠣᠯᠭᠠᠬᠤ︾ ᠶᠢ ᠲᠠᠭᠯᠠᠨ ᠮᠡᠳᠡᠭᠦᠯᠦᠨ᠎ᠡ᠃ | C.ᠨᠡᠭᠦᠵᠦ ᠭᠠᠷᠬᠤ ᠶᠢ ᠳᠠᠩᠰᠠᠯᠠᠭᠤᠯᠬᠤ | ᠠᠷᠠᠳ ᠢᠷᠭᠡᠨ ᠡᠷᠦᠬᠡ ᠠᠮᠠ ᠶᠢᠨ ᠬᠠᠷᠢᠶ᠎ᠠ ᠣᠷᠣᠨ ᠠᠴᠠ ᠨᠡᠭᠦᠵᠦ ᠭᠠᠷᠬᠤ ᠳᠤ᠂ ᠨᠡᠭᠦᠵᠦ ᠭᠠᠷᠬᠤ ᠠᠴᠠ | ᠡᠮᠥᠨ᠎ᠡ ᠲᠤᠰ ᠬᠥᠮᠥᠨ ᠪᠤᠶᠤ ᠲᠥᠷᠥᠯ ᠰᠠᠳᠤᠨ ᠨᠢ ᠡᠷᠦᠬᠡ ᠠᠮᠠ ᠳᠠᠩᠰᠠᠯᠠᠬᠤ ᠪᠠᠶᠢᠭᠤᠯᠭ᠎ᠠ ᠳᠤ ᠨᠡᠭᠦᠵᠦ | ᠭᠠᠷᠬᠤ ᠪᠠᠨ ᠮᠡᠳᠡᠭᠦᠯᠦᠨ᠎ᠡ᠃ ᠡᠷᠦᠬᠡ ᠠᠮᠠ ᠳᠠᠩᠰᠠᠯᠠᠬᠤ ᠪᠠᠶᠢᠭᠤᠯᠭ᠎ᠠ ᠠᠷᠠᠳ ᠢᠷᠭᠡᠨ ᠤ ᠨᠡᠭᠦᠵᠦ ᠭᠠᠷᠬᠤ ᠪᠠᠷ | ᠮᠡᠳᠡᠭᠦᠯᠥᠭᠰᠡᠨ ᠢ ᠬᠢᠨᠠᠮᠠᠭᠠᠢ ᠬᠢᠨᠠᠨ ᠪᠠᠶᠢᠴᠠᠭᠠᠬᠤ ᠬᠡᠷᠡᠭᠲᠡᠢ᠂ ᠨᠡᠭᠦᠵᠦ ᠭᠠᠷᠬᠤ ᠬᠥᠮᠥᠨ ᠤ ᠲᠤᠭ᠎ᠠ᠂ ᠨᠡᠭᠦᠵᠦ ᠭᠠᠷᠬᠤ | ᠰᠢᠯᠲᠠᠭᠠᠨ᠂ ᠨᠡᠭᠦᠵᠦ ᠭᠠᠷᠬᠤ ᠴᠠᠭ ᠬᠤᠭᠤᠴᠠᠭ᠎ᠠ ᠪᠠ ᠨᠡᠭᠦᠵᠦ ᠣᠴᠢᠬᠤ ᠭᠠᠵᠠᠷ ᠤᠨ ᠬᠠᠶ᠋ᠢᠭ ᠵᠡᠷᠭᠡ ᠪᠠᠶᠢᠳᠠᠯ ᠢ | ᠠᠰᠠᠭᠤᠨ ᠲᠣᠳᠣᠯᠠᠵᠤ᠂ ᠨᠡᠭᠦᠵᠦ ᠭᠠᠷᠬᠤ ᠲᠣᠭᠲᠠᠭᠠᠯ ᠪᠠ ᠭᠠᠷᠳᠠᠮ ᠳᠤ ᠨᠡᠶᠢᠴᠡᠵᠦ ᠪᠠᠶᠢᠪᠠᠯ᠂ ᠨᠡᠭᠦᠵᠦ ᠭᠠᠷᠬᠤ | ᠭᠠᠷᠳᠠᠮ ᠢ ᠴᠠᠭ ᠲᠤᠬᠠᠢ ᠳᠤᠨᠢ ᠭᠦᠢᠴᠡᠳᠬᠡᠨ ᠦᠭᠴᠦ᠂ ︽ᠡᠷᠦᠬᠡ ᠠᠮᠠ ᠨᠡᠭᠦᠯᠭᠡᠬᠦ ᠭᠡᠷᠡᠴᠢ︾ ᠣᠯᠭᠤᠵᠤ᠂ | ᠪᠠᠶᠢᠩᠭᠤ ᠰᠠᠭᠤᠭ᠎ᠠ ᠡᠷᠦᠬᠡ ᠠᠮᠠ ᠶᠢ ᠳᠠᠩᠰᠠᠨ ᠠᠴᠠ ᠬᠠᠰᠤᠬᠤ ᠬᠡᠷᠡᠭᠲᠡᠢ᠃ | D.ᠨᠡᠭᠦᠵᠦ ᠣᠷᠣᠬᠤ ᠶᠢ ᠳᠠᠩᠰᠠᠯᠠᠭᠤᠯᠬᠤ | ᠠᠷᠠᠳ ᠢᠷᠭᠡᠨ ᠨᠡᠭᠦᠨ ᠰᠢᠯᠵᠢᠬᠦ ᠳᠤ᠂ ᠨᠡᠭᠦᠵᠦ ᠣᠷᠣᠬᠤ ᠭᠠᠵᠠᠷ ᠲᠤ ᠬᠦᠷᠦᠭᠰᠡᠨ ᠴᠠᠭ ᠠᠴᠠ ᠡᠬᠢᠯᠡᠨ᠂ | ᠬᠤᠲᠠ ᠪᠣᠯ 3 ᠡᠳᠦᠷ ᠤᠨ ᠲᠣᠲᠣᠷ᠎ᠠ᠂ ᠬᠥᠳᠡᠭᠡ ᠲᠣᠰᠬᠤᠨ ᠪᠣᠯ10 ᠡᠳᠦᠷ ᠤᠨ ᠲᠣᠲᠣᠷ᠎ᠠ᠂ ᠲᠤᠰ ᠬᠥᠮᠥᠨ | ᠪᠤᠶᠤ ᠡᠷᠦᠭᠡ ᠶᠢᠨ ᠡᠵᠡᠨ ᠨᠢ ᠡᠷᠦᠬᠡ ᠠᠮᠠ ᠳᠠᠩᠰᠠᠯᠠᠬᠤ ᠪᠠᠶᠢᠭᠤᠯᠭ᠎ᠠ ᠳᠤ ᠨᠡᠭᠦᠵᠦ ᠣᠷᠣᠭᠰᠠᠨ ᠢᠶᠠᠨ | ᠳᠠᠩᠰᠠᠯᠠᠭᠤᠯᠬᠤ ᠶᠢ ᠮᠡᠳᠡᠭᠦᠯᠦᠨ᠎ᠡ᠃ ᠡᠷᠦᠬᠡ ᠠᠮᠠ ᠳᠠᠩᠰᠠᠯᠠᠬᠤ ᠪᠠᠶᠢᠭᠤᠯᠭ᠎ᠠ ᠪᠠᠶᠢᠳᠠᠯ ᠢ ᠠᠰᠠᠭᠤᠨ ᠲᠣᠳᠣᠯᠠᠵᠤ᠂ | ᠡᠷᠦᠬᠡ ᠠᠮᠠ ᠣᠷᠣᠬᠤ ᠭᠡᠷᠡᠴᠢ ᠳᠤ ᠠᠯᠳᠠᠭ᠎ᠠ ᠦᠭᠡᠢ ᠪᠠᠶᠢᠬᠤ ᠶᠢ ᠬᠢᠨᠠᠮᠠᠭᠠᠢ ᠬᠢᠨᠠᠨ ᠪᠠᠶᠢᠴᠠᠭᠠᠵᠤ᠂ ᠨᠡᠭᠦᠵᠦ | ᠣᠷᠣᠬᠤ ᠲᠣᠭᠲᠠᠭᠠᠯ ᠪᠠ ᠭᠠᠷᠳᠠᠮ ᠳᠤ ᠨᠡᠶᠢᠴᠡᠵᠦ ᠪᠠᠶᠢᠪᠠᠯ᠂ ᠪᠠᠶᠢᠩᠭᠤ ᠰᠠᠭᠤᠭ᠎ᠠ ᠡᠷᠦᠬᠡ ᠠᠮᠠ ᠪᠠᠷ | ᠳᠠᠩᠰᠠᠯᠠᠭᠤᠯᠬᠤ ᠶᠢ ᠵᠥᠪᠰᠢᠶᠡᠷᠡᠨ᠎ᠡ᠃ ︽ᠪᠠᠶᠢᠩᠭᠤ ᠰᠠᠭᠤᠭ᠎ᠠ ᠬᠥᠮᠥᠨ ᠠᠮᠠ ᠶᠢ ᠳᠠᠩᠰᠠᠯᠠᠬᠤ ᠬᠦᠰᠥᠨᠥᠭᠲᠦ︾ | ᠲᠠᠭᠯᠠᠭᠤᠯᠵᠦ᠂ ᠠᠷᠠᠳ ᠢᠷᠭᠡᠨ ᠤ ︽ᠡᠷᠦᠬᠡ ᠠᠮᠠ ᠨᠡᠭᠦᠯᠭᠡᠬᠦ ᠭᠡᠷᠡᠴᠢ︾᠂ ︽ᠡᠷᠦᠬᠡ ᠠᠮᠠ ᠨᠡᠭᠦᠬᠦ ᠶᠢ | ᠵᠥᠪᠰᠢᠶᠡᠷᠡᠭᠰᠡᠨ ᠭᠡᠷᠡᠴᠢ︾ ᠵᠡᠷᠭᠡ ᠨᠡᠭᠦᠬᠦ ᠭᠡᠷᠡᠴᠢ ᠶᠢ ᠬᠤᠷᠢᠶᠠᠨ ᠠᠪᠤᠨ᠎ᠠ᠃ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠮᠡᠳᠡᠭᠦᠯᠦᠨ ᠠᠪᠬᠤ ᠨᠦᠬᠦᠴᠡᠯ ᠳᠤ ᠨᠡᠶᠢᠴᠡᠬᠦ ᠳᠤᠨᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ | ᠭᠤᠶᠤᠴᠢᠯᠠᠨ ᠠᠪᠬᠤ ᠭᠠᠷᠳᠠᠮ ᠢ ᠵᠡᠷᠭᠡ ᠳᠤᠨᠢ ᠭᠦᠢᠴᠡᠳᠬᠡᠨ ᠦᠭᠴᠦ᠂ ᠪᠡᠶ᠎ᠡ ᠶᠢᠨ ᠦᠨᠡᠮᠯᠡᠯ ᠤᠨ 2 ᠬᠤᠪᠢ | ᠪᠠᠷᠢᠮᠵᠢᠶᠠᠲᠦ ᠭᠡᠷᠡᠯ ᠵᠢᠷᠤᠭ ᠠᠪᠤᠨ᠎ᠠ᠃ | E. ᠬᠤᠪᠢᠷᠠᠭᠤᠬᠤ ᠵᠠᠯᠠᠷᠠᠭᠤᠯᠬᠤ ᠶᠢ ᠳᠠᠩᠰᠠᠯᠠᠭᠤᠯᠬᠤ | ᠳᠠᠩᠰᠠᠯᠠᠭᠤᠯᠤᠭᠰᠠᠨ ᠲᠥᠷᠥᠯ ᠵᠦᠢᠯ ᠤᠨ ᠠᠭᠤᠯᠭ᠎ᠠ ᠶᠢ ᠵᠦᠪᠰᠢᠶᠡᠷᠡᠭᠦᠯᠥᠭᠡᠳ ᠬᠤᠪᠢᠷᠠᠭᠠᠬᠤ | ᠵᠠᠯᠠᠷᠠᠭᠤᠯᠬᠤ ᠪᠦᠬᠦᠨ ᠳᠤ᠂ ᠴᠦᠮ ︽ᠰᠠᠭᠤᠭᠠᠯᠢ ᠠᠷᠠᠳ ᠤᠨ ᠡᠷᠦᠬᠡ ᠠᠮᠠ ᠶᠢᠨ ᠳᠡᠪᠲᠡᠷ︾ ᠪᠠ ︽ᠡᠷᠦᠬᠡ | ᠠᠮᠠ ᠶᠢᠨ ᠳᠠᠩᠰᠠᠯᠠᠯ ᠤᠨ ᠳᠡᠪᠲᠡᠷ︾ ᠳᠡᠭᠡᠷ᠎ᠡ ᠤᠤᠯ ᠤᠨ ᠳᠠᠩᠰᠠᠯᠠᠭᠤᠯᠤᠭᠰᠠᠨ ᠲᠥᠷᠥᠯ ᠵᠦᠢᠯ ᠤᠨ ᠠᠭᠤᠯᠭ᠎ᠠ ᠶᠢ | ᠬᠠᠰᠤᠵᠤ᠂ ᠰᠢᠨ᠎ᠡ ᠠᠭᠤᠯᠭ᠎ᠠ ᠶᠢ ᠨᠡᠮᠡᠬᠦ ᠶᠢᠨ ᠬᠠᠮᠲᠤ ᠳᠠᠩᠰᠠᠯᠠᠭᠤᠯᠤᠭᠰᠠᠨ ᠢ ᠬᠤᠪᠢᠷᠠᠭᠠᠭᠰᠠᠨ ᠵᠠᠯᠠᠷᠠᠭᠤᠯᠤᠭᠰᠠᠨ | ᠡᠳᠦᠷ ᠰᠠᠷ᠎ᠠ ᠪᠠ ᠰᠢᠯᠲᠠᠭᠠᠨ ᠢ ᠲᠡᠮᠳᠡᠭᠯᠡᠨ ᠲᠣᠳᠣᠷᠬᠠᠶᠢᠯᠠᠭᠰᠠᠨ ᠪᠠᠶᠢᠬᠤ ᠬᠡᠷᠡᠭᠲᠡᠢ᠃ | 2.ᠳᠠᠩᠰᠠᠯᠠᠭᠤᠯᠤᠭᠰᠠᠨ ᠢ ᠬᠤᠪᠢᠷᠠᠭᠠᠬᠤ | ︵1︶ ᠠᠷᠠᠳ ᠢᠷᠭᠡᠨ ᠣᠪᠣᠭ ᠨᠡᠷ᠎ᠡ ᠪᠠᠨ ᠬᠤᠪᠢᠷᠠᠭᠠᠬᠤ | ᠪᠦᠬᠦᠯᠢ18 ᠨᠠᠰᠤᠨ ᠠᠴᠠ ᠳᠡᠭᠡᠭᠰᠢᠬᠢ ᠬᠥᠮᠥᠨ ᠣᠪᠣᠭ ᠨᠡᠷ᠎ᠡ ᠪᠠᠨ ᠬᠤᠪᠢᠷᠠᠭᠠᠬᠤ ᠳᠤ᠂ ᠴᠢᠩᠭ᠎ᠠ ᠪᠠᠷ | ᠡᠵᠡᠮᠰᠢᠨ ᠶᠡᠷᠥᠩᠬᠡᠶᠢᠳᠡᠭᠡᠨ ᠬᠢᠯᠪᠠᠷᠬᠠᠨ ᠢᠶᠠᠷ ᠬᠤᠪᠢᠷᠠᠭᠠᠨ ᠦᠭᠬᠦ ᠦᠭᠡᠢ ᠪᠠᠶᠢᠬᠤ ᠬᠡᠷᠡᠭᠲᠡᠢ᠂ ᠵᠦᠢ ᠶᠣᠰᠣᠨ ᠤ | ᠰᠢᠯᠲᠠᠭᠠᠨ ᠲᠠᠢ ᠪᠠᠶᠢᠵᠦ ᠬᠤᠪᠢᠷᠠᠭᠠᠬᠤ ᠴᠢᠬᠤᠯᠠᠲᠠᠢ ᠣᠨᠴᠠ ᠵᠠᠷᠢᠮ ᠳᠤᠨᠢ ᠪᠣᠯ ᠲᠤᠰ ᠬᠥᠮᠥᠨ ᠭᠤᠶᠤᠴᠢᠯᠠᠯ | ᠪᠢᠴᠢᠵᠦ᠂ ᠬᠠᠷᠢᠭᠤᠴᠠᠯᠭᠠᠲᠤ ᠲᠣᠭᠤᠷᠢᠭ ᠤᠨ ᠡᠷᠦᠬᠡ ᠠᠮᠠ ᠶᠢᠨ ᠠᠷᠠᠳ ᠤᠨ ᠴᠠᠭᠳᠠᠭ᠎ᠠ ᠬᠢᠨᠠᠨ ᠪᠠᠶᠢᠴᠠᠭᠠᠭᠰᠠᠨ ᠤ | ᠳᠠᠷᠠᠭ᠎ᠠ᠂ ᠲᠣᠲᠤᠭᠠᠳᠦ ᠶᠢ ᠬᠠᠮᠠᠭᠠᠯᠠᠬᠤ ᠰᠠᠯᠪᠥᠷᠢ ᠶᠢᠨ ᠳᠠᠷᠤᠭ᠎ᠠ ᠳᠤ ᠮᠡᠳᠡᠭᠦᠯᠦᠨ ᠵᠥᠪᠰᠢᠶᠡᠷᠡᠭᠦᠯᠦᠭᠡᠳ᠂ ᠰᠠᠶ᠋ᠢ | ᠬᠤᠪᠢᠷᠠᠭᠠᠨ ᠦᠭᠴᠦ ᠪᠣᠯᠤᠨ᠎ᠠ᠂ ᠲᠣᠭᠲᠠᠭᠠᠬᠤ ᠳᠤ ᠪᠡᠷᠬᠡᠲᠠᠢ ᠶᠢ ᠨᠢ ᠳᠡᠭᠡᠷ᠎ᠡ ᠨᠢᠭᠡ ᠱᠠᠲᠤᠨ ᠤ ᠡᠷᠦᠬᠡ ᠠᠮᠠ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ ᠺᠠᠳ᠋ᠷ᠂ ᠠᠵᠢᠯᠲᠠᠨ | ᠠᠵᠢᠯᠴᠢᠨ ᠣᠪᠣᠭ ᠨᠡᠷ᠎ᠡ ᠪᠠᠨ ᠬᠤᠪᠢᠷᠠᠭᠠᠬᠤ ᠴᠢᠬᠤᠯᠠ ᠲᠠᠢ ᠦᠶ᠎ᠡ ᠳᠤ᠂ ᠡᠷᠬᠡᠪᠰᠢ ᠪᠠᠶᠢᠭ᠎ᠠ ᠨᠢᠭᠡᠴᠡ ᠶᠢᠨ | ᠠᠵᠢᠯᠲᠠᠨ ᠤ ᠰᠠᠯᠠᠭ᠎ᠠ ᠮᠥᠴᠢᠷ ᠤᠨ ᠬᠤᠪᠢᠷᠠᠭᠠᠬᠤ ᠶᠢ ᠵᠥᠪᠰᠢᠶᠡᠷᠡᠭᠰᠡᠨ ᠭᠡᠷᠡᠴᠢ ᠲᠠᠢ ᠪᠣᠯ ᠰᠠᠶ᠋ᠢ ᠬᠤᠪᠢᠷᠠᠭᠠᠨ | ᠦᠭᠴᠦ ᠪᠣᠯᠤᠨ᠎ᠠ᠃ ᠪᠦᠬᠦᠯᠢ18 ᠨᠠᠰᠤ ᠬᠦᠷᠥᠭᠡᠳᠥᠢ ᠬᠥᠮᠥᠨ ᠪᠠᠭ᠎ᠠ ᠶᠢᠨ ᠨᠡᠷ᠎ᠡ ᠪᠠᠨ ᠪᠢᠴᠢᠭ ᠤᠨ ᠨᠡᠷ᠎ᠡ ︵ | ᠵᠢᠩᠬᠢᠨᠢ ᠨᠡᠷ᠎ᠡ︶ ᠪᠠᠷ ᠬᠠᠯᠠᠬᠤ ᠳᠤ᠂ ᠲᠤᠰ ᠬᠥᠮᠥᠨ ᠪᠤᠶᠤ ᠭᠡᠷ ᠤᠨ ᠠᠬᠠᠮᠠᠳ ᠨᠢ ᠭᠤᠶᠤᠴᠢᠯᠠᠯ ᠭᠠᠷᠭᠠᠨ᠂ ᠡᠷᠦᠬᠡ | ᠠᠮᠠ ᠳᠠᠩᠰᠠᠯᠠᠬᠤ ᠪᠠᠶᠢᠭᠤᠯᠭ᠎ᠠ ᠪᠠᠶᠢᠳᠠᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ ᠬᠤᠪᠢᠷᠠᠭᠠᠵᠦ ᠥᠭᠭᠦᠨ᠎ᠡ᠃ | ᠡᠷᠭᠦᠭᠳᠡᠨ ᠲᠡᠵᠢᠭᠡᠭᠳᠡᠭᠰᠡᠨ᠂ ᠡᠷᠭᠦᠵᠦ ᠲᠡᠵᠢᠭᠡᠭᠰᠡᠨ ᠠᠴᠠ ᠪᠣᠯᠤᠭᠠᠳ ᠣᠪᠣᠭ ᠨᠡᠷ᠎ᠡ ᠪᠠᠨ ᠬᠤᠪᠢᠷᠠᠭᠠᠬᠤ ᠳᠤ ᠪᠣᠯ | ᠡᠷᠥᠬᠡ ᠠᠮᠠ ᠳᠠᠩᠰᠠᠯᠠᠬᠤ ᠪᠠᠶᠢᠭᠤᠯᠤᠯᠭ᠎ᠠ ᠡᠷᠭᠦᠭᠳᠡᠨ ᠲᠡᠵᠢᠭᠡᠭᠳᠡᠭᠰᠡᠨ᠂ ᠡᠷᠭᠦᠨ ᠲᠡᠵᠢᠭᠡᠭᠰᠡᠨ ᠤ ᠪᠢᠴᠢᠭᠯᠡᠭᠰᠡᠨ | ᠭᠤᠶᠤᠴᠢᠯᠠᠯ ᠢ ᠦᠨᠳᠥᠰᠥᠯᠡᠨ᠂ ᠪᠠᠶᠢᠳᠠᠯ ᠢ ᠬᠢᠨᠠᠨ ᠬᠠᠷᠭᠤᠭᠤᠯᠤᠭᠠᠳ ᠬᠤᠪᠢᠷᠠᠭᠠᠨ ᠦᠭᠴᠦ ᠪᠤᠯᠤᠨ᠎ᠠ᠃ ᠤᠯᠤᠰ | ᠲᠥᠷᠥ ᠶᠢᠨ ᠡᠷᠬᠡ ᠪᠠᠨ ᠬᠠᠤᠯᠢ ᠶᠣᠰᠤᠭᠠᠷ ᠬᠠᠰᠤᠭᠤᠯᠤᠭᠰᠠᠨ ᠪᠠ ᠡᠷᠡᠭᠦᠦ ᠰᠢᠳᠭᠡᠯ ᠠᠮᠰᠠᠵᠤ ᠪᠠᠶᠢᠭ᠎ᠠ ᠬᠥᠮᠥᠨ | ᠵᠢᠴᠢ ᠶᠠᠭ ᠬᠦᠳᠡᠯᠮᠦᠷᠢ ᠪᠠᠷ ᠵᠠᠰᠠᠨ ᠬᠥᠮᠥᠵᠢᠭᠦᠯᠥᠭᠳᠡᠵᠦ ᠪᠠᠶᠢᠭ᠎ᠠ ᠬᠥᠮᠥᠨ ᠳᠤ ᠴᠦᠮ ᠣᠪᠣᠭ ᠨᠡᠷ᠎ᠡ ᠶᠢ ᠨᠢ | ᠬᠤᠪᠢᠷᠠᠭᠠᠨ ᠦᠭᠴᠦ ᠪᠣᠯᠬᠤ ᠦᠭᠡᠢ᠃ ᠪᠦᠬᠦᠯᠢ18 ᠨᠠᠰᠤ ᠬᠦᠷᠥᠭᠡᠳᠥᠢ ᠬᠥᠮᠥᠨ ᠣᠪᠣᠭ ᠨᠡᠷ᠎ᠡ ᠪᠠᠨ | ᠬᠤᠪᠢᠷᠠᠭᠠᠬᠤ ᠴᠢᠬᠤᠯᠠ ᠲᠠᠢ ᠪᠣᠯ ᠲᠤᠰ ᠬᠥᠮᠥᠨ ᠪᠤᠶᠤ ᠡᠴᠢᠭᠡ ᠡᠬᠡ᠂ ᠡᠷᠭᠦᠨ ᠲᠠᠵᠢᠭᠡᠭᠴᠢ ᠠᠴᠠ ᠡᠷᠦᠬᠡ ᠠᠮᠠ | ᠳᠠᠩᠰᠠᠯᠠᠬᠤ ᠪᠠᠶᠢᠭᠤᠯᠭ᠎ᠠ ᠳᠤ ᠬᠤᠪᠢᠷᠠᠭᠠᠨ ᠳᠠᠩᠰᠠᠯᠠᠭᠤᠯᠬᠤ ᠶᠢ ᠭᠤᠶᠤᠴᠢᠯᠠᠨ᠎ᠠ᠃ | ︵2︶ ᠠᠷᠠᠳ ᠢᠷᠭᠡᠨ ᠡᠷᠬᠢᠯᠡᠭᠰᠡᠨ ᠠᠵᠢᠯ᠂ ᠦᠢᠯᠡᠴᠢᠯᠡᠭᠡ ᠶᠢᠨ ᠭᠠᠵᠠᠷ᠂ ᠰᠣᠶᠣᠯ ᠤᠨ ᠬᠢᠷᠢ | ᠬᠡᠮᠵᠢᠶ᠎ᠡ ᠪᠠᠨ ᠬᠤᠪᠢᠷᠠᠭᠠᠬᠤ | ᠪᠣᠲᠠᠲᠠᠢ ᠪᠠᠶᠢᠳᠠᠯ ᠤᠨ ᠬᠤᠪᠢᠷᠠᠯᠲᠠ ᠠᠴᠠ ᠪᠣᠯᠵᠤ ᠬᠤᠪᠢᠷᠠᠭᠠᠬᠤ ᠴᠢᠬᠤᠯᠠ ᠲᠠᠢ ᠦᠶ᠎ᠡ ᠳᠤ᠂ ᠲᠤᠰ | ᠬᠥᠮᠥᠨ ᠪᠤᠶᠤ ᠡᠷᠦᠬᠡ ᠶᠢᠨ ᠡᠵᠡᠨ ᠤ ᠮᠡᠳᠡᠭᠦᠯᠦᠭᠰᠡᠨ ᠢ ᠦᠨᠳᠦᠰᠦᠯᠡᠨ᠂ ᠬᠢᠨᠠᠨ ᠬᠠᠷᠭᠤᠭᠤᠯᠤᠭᠰᠠᠨ ᠤ ᠳᠠᠷᠠᠭ᠎ᠠ᠂ | ᠬᠤᠪᠢᠷᠠᠭᠠᠨ ᠥᠭᠴᠦ ᠪᠣᠯᠣᠨ᠎ᠠ᠃ | ︵3︶ ᠠᠷᠠᠳ ᠢᠷᠭᠡᠨ ᠤᠷᠤᠭ ᠤᠨ ᠪᠠᠶᠢᠳᠠᠯ ᠢᠶᠠᠨ ᠬᠤᠪᠢᠷᠠᠭᠠᠬᠤ | ᠠᠷᠠᠳ ᠢᠷᠭᠡᠨ ᠤᠷᠤᠭᠯᠠᠬᠰᠠᠨ᠂ ᠤᠷᠤᠭ ᠰᠠᠯᠤᠭᠰᠠᠨ ᠪᠣᠯᠵᠤ᠂ ᠤᠷᠤᠭ ᠤᠨ ᠪᠠᠶᠢᠳᠠᠯ ᠢᠶᠠᠨ | ᠬᠤᠪᠢᠷᠠᠭᠠᠬᠤ ᠪᠠᠷ ᠮᠡᠳᠡᠭᠦᠯᠥᠭᠰᠡᠨ ᠦᠶ᠎ᠡ ᠳᠤ᠂ ᠡᠷᠦᠬᠡ ᠠᠮᠠ ᠳᠠᠩᠰᠠᠯᠠᠬᠤ ᠪᠠᠶᠢᠭᠤᠯᠭ᠎ᠠ ᠪᠠᠶᠢᠳᠠᠯ ᠢ ᠨᠢ | ᠲᠣᠳᠣᠯᠠᠭᠰᠠᠨ ᠤ ᠳᠠᠷᠠᠭ᠎ᠠ᠂ ᠲᠤᠰ ᠬᠥᠮᠥᠨ ᠤ ᠠᠪᠴᠤ ᠪᠠᠶᠢᠭ᠎ᠠ ᠤᠷᠤᠭᠯᠠᠭᠰᠠᠨ᠂ ᠤᠷᠤᠭ ᠰᠠᠯᠤᠭᠰᠠᠨ᠂ ᠤᠷᠤᠭ | ᠰᠡᠷᠭᠦᠭᠡᠭᠰᠡᠨ ᠭᠡᠷᠡᠴᠢ ᠶᠢ ᠦᠨᠳᠦᠰᠦᠯᠡᠨ᠂ ᠬᠤᠪᠢᠷᠠᠭᠠᠵᠦ ᠥᠭᠭᠦᠨ᠎ᠡ᠃ | ︵4︶ ᠠᠷᠠᠳ ᠢᠷᠭᠡᠨ ᠡᠷᠦᠬᠡ ᠰᠠᠯᠭᠠᠬᠰᠠᠨ ᠪᠤᠶᠤ ᠡᠷᠦᠬᠡ ᠨᠡᠶᠢᠯᠡᠭᠦᠯᠥᠭᠰᠡᠨ ᠢᠶᠠᠨ ᠬᠤᠪᠢᠷᠠᠭᠠᠬᠤ | ᠠᠷᠠᠳ ᠢᠷᠭᠡᠨ ᠡᠷᠦᠬᠡ ᠰᠠᠯᠭᠠᠬᠰᠠᠨ ᠪᠤᠶᠤ ᠡᠷᠦᠬᠡ ᠨᠡᠶᠢᠯᠡᠭᠦᠯᠥᠭᠰᠡᠨ ᠢᠶᠠᠨ ᠭᠤᠶᠤᠴᠢᠯᠠᠨ | ᠬᠤᠪᠢᠷᠠᠭᠠᠬᠤ ᠳᠤ ᠡᠷᠦᠬᠡ ᠠᠮᠠ ᠶᠢᠨ ᠠᠷᠠᠳ ᠤᠨ ᠴᠠᠭᠳᠠᠭ᠎ᠠ ᠠᠴᠠ ᠪᠠᠶᠢᠴᠠᠭᠠᠵᠦ ᠬᠢᠨᠠᠨ ᠬᠠᠷᠭᠤᠭᠤᠯᠤᠭᠠᠳ᠂ | ᠲᠣᠲᠤᠭᠠᠳᠦ ᠶᠢ ᠬᠠᠮᠠᠭᠠᠯᠠᠬᠤ ᠲᠣᠮᠢᠯᠠᠭᠰᠠᠨ ᠰᠠᠯᠪᠥᠷᠢ ᠶᠢᠨ ᠳᠠᠷᠤᠭ᠎ᠠ ᠵᠥᠪᠰᠢᠶᠡᠷᠡᠭᠰᠡᠨ ᠤ ᠳᠠᠷᠠᠭ᠎ᠠ᠂ ᠬᠤᠪᠢᠷᠠᠭᠠᠨ | ᠦᠭᠴᠦ ᠪᠣᠯᠤᠨ᠎ᠠ᠃ | ︵5︶ ᠡᠷᠦᠬᠡ ᠶᠢᠨ ᠡᠵᠡᠨ ᠪᠤᠶᠤ ᠡᠷᠦᠬᠡ ᠶᠢᠨ ᠡᠵᠡᠨ ᠯᠦᠭᠡ ᠶᠢᠨ ᠬᠠᠷᠢᠴᠠᠭ᠎ᠠ ᠪᠠᠨ ᠬᠤᠪᠢᠷᠠᠭᠠᠬᠤ | 3.ᠵᠠᠯᠠᠷᠠᠭᠤᠯᠤᠨ ᠳᠠᠩᠰᠠᠯᠠᠭᠤᠯᠬᠤ | ᠣᠳᠣᠬᠠᠨ᠂ ᠠᠷᠠᠳ ᠢᠷᠭᠡᠨ ᠤ ᠵᠠᠯᠠᠷᠠᠭᠤᠯᠬᠤ ᠪᠠᠷ ᠭᠤᠶᠤᠴᠢᠯᠠᠭᠰᠠᠨ ᠡᠷᠦᠬᠡ ᠠᠮᠠ ᠶᠢᠨ ᠲᠥᠷᠥᠯ | ᠵᠦᠢᠯ ᠳᠤ᠂ ᠲᠦᠷᠦᠭᠰᠡᠨ ᠡᠳᠦᠷ ᠬᠤᠭᠤᠴᠠᠭ᠎ᠠ ᠪᠠ ᠦᠨᠳᠦᠰᠦᠲᠡᠨ ᠤ ᠪᠦᠷᠢᠯᠳᠦᠬᠦᠨ ᠭᠡᠬᠦ ᠬᠤᠶᠠᠷ ᠭᠤᠣᠯ ᠪᠣᠯᠬᠤ | ᠲᠥᠷᠥᠯ ᠵᠦᠢᠯ ᠢ ᠵᠠᠯᠠᠷᠠᠭᠤᠯᠬᠤ ᠶᠢ ᠠᠩᠬᠠᠷᠤᠨ ᠡᠵᠡᠮᠰᠢᠬᠦ ᠬᠡᠷᠡᠭᠲᠡᠢ᠃ | ︵1︶ ᠠᠷᠠᠳ ᠢᠷᠭᠡᠨ ᠤ ᠲᠦᠷᠦᠭᠰᠡᠨ ᠡᠳᠦᠷ ᠬᠤᠭᠤᠴᠠᠭ᠎ᠠ ᠶᠢ ᠵᠠᠯᠠᠷᠠᠭᠤᠯᠬᠤ | ᠠᠷᠠᠳ ᠢᠷᠭᠡᠨ ᠤ ᠲᠦᠷᠦᠭᠰᠡᠨ ᠡᠳᠦᠷ ᠬᠤᠭᠤᠴᠠᠭ᠎ᠠ ᠪᠠᠨ ᠵᠠᠯᠠᠷᠠᠭᠤᠯᠬᠤ ᠪᠠᠷ ᠭᠤᠶᠤᠴᠢᠯᠠᠬᠰᠠᠨ ᠳᠤ᠂ | ᠡᠷᠬᠡᠪᠰᠢ ᠴᠢᠩᠭ᠎ᠠ ᠡᠵᠡᠮᠰᠢᠬᠦ ᠬᠡᠷᠡᠭᠲᠡᠢ᠂ ᠬᠦᠴᠦᠨ ᠪᠦᠬᠦᠢ ᠲᠦᠷᠥᠭᠰᠡᠨ ᠭᠡᠷᠡᠴᠢ ᠪᠤᠶᠤ ᠠᠯᠪᠠᠨ ᠭᠡᠷᠡᠴᠢᠯᠡᠭᠡ ᠶᠢᠨ | ᠪᠠᠶᠢᠭᠤᠯᠭ᠎ᠠ ᠪᠠᠷ ᠭᠡᠷᠡᠴᠢ ᠬᠢᠯᠭᠡᠭᠰᠡᠨ ᠪᠠᠶᠢᠬᠤ ᠬᠡᠷᠡᠭᠲᠡᠢ ᠪᠦᠭᠡᠳ ᠡᠷᠦᠬᠡ ᠠᠮᠠ ᠶᠢᠨ ᠠᠷᠠᠳ ᠤᠨ ᠴᠠᠭᠳᠠᠭ᠎ᠠ | ᠪᠠᠶᠢᠴᠠᠭᠠᠭᠠᠳ ᠦᠨᠡᠨ ᠪᠠᠶᠢᠪᠠᠯ᠂ ᠤᠳᠤᠷᠢᠳᠤᠯᠭ᠎ᠠ ᠪᠠᠷ ᠵᠥᠪᠰᠢᠶᠡᠷᠡᠭᠦᠯᠥᠭᠡᠳ ᠰᠠᠶ᠋ᠢ ᠵᠠᠯᠠᠷᠠᠭᠤᠯᠵᠤ ᠦᠭᠬᠦ ᠬᠡᠷᠡᠭᠲᠡᠢ᠃ | | ︵2︶ ᠠᠷᠠᠳ ᠢᠷᠭᠡᠨ ᠦᠨᠳᠦᠰᠦᠲᠡᠨ ᠤ ᠪᠦᠷᠢᠯᠳᠦᠬᠦᠨ ᠢᠶᠠᠨ ᠵᠠᠯᠠᠷᠠᠭᠤᠯᠬᠤ | ᠠᠷᠠᠳ ᠢᠷᠭᠡᠨ ᠦᠨᠳᠦᠰᠦᠲᠡᠨ ᠤ ᠪᠦᠷᠢᠯᠳᠦᠬᠦᠨ ᠢᠶᠠᠨ ᠵᠠᠯᠠᠷᠠᠭᠤᠯᠬᠤ ᠪᠠᠷ ᠱᠠᠭᠠᠷᠳᠠᠭᠰᠠᠨ ᠤ ᠲᠤᠬᠠᠢ ᠳᠤ | ᠪᠣᠯ 1986 ᠣᠨ ᠤ 2 ᠳ᠋ᠤᠭᠠᠷ ᠰᠠᠷ᠎ᠠ ᠶᠢᠨ 8 ᠤ ᠡᠳᠦᠷ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ︽ᠦᠨᠳᠦᠰᠦᠲᠡᠨ ᠤ ᠪᠦᠷᠢᠯᠳᠦᠬᠦᠨ ᠢᠶᠠᠨ ᠰᠡᠷᠭᠦᠭᠡᠬᠦ ᠪᠤᠶᠤ ᠵᠠᠯᠠᠷᠠᠭᠤᠯᠬᠤ ᠠᠰᠠᠭᠤᠳᠠᠯ ᠤᠨ ᠲᠤᠬᠠᠢ | ᠨᠥᠬᠦᠪᠦᠷᠢ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠥᠰᠥᠯᠡᠪᠡᠯ᠄ ᠬᠤᠪᠢ ᠬᠥᠮᠥᠨ ᠤ ᠦᠨᠳᠦᠰᠦᠲᠡᠨ ᠤ | ᠪᠦᠷᠢᠯᠳᠦᠬᠦᠨ ᠢᠶᠠᠨ ᠰᠡᠷᠭᠦᠭᠡᠬᠦ ᠪᠤᠶᠤ ᠵᠠᠯᠠᠷᠠᠭᠤᠯᠬᠤ ᠳᠤ ᠬᠠᠷᠢᠶᠠᠯᠠᠬᠳᠠᠬᠤ ᠪᠦᠬᠦᠨ ᠳᠤ ᠴᠦᠮ ᠰᠢᠶᠠᠨ ᠤ ᠱᠠᠲᠤᠨ ᠤ | ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠨ᠎ᠡ︔ ᠨᠢᠭᠡ ᠲᠣᠰᠬᠤᠨ ᠪᠤᠶᠤ ᠵᠡᠭᠡᠯᠢ | ᠭᠤᠳᠤᠮᠵᠢ ᠶᠢᠨ ᠨᠡᠯᠢᠶᠡᠳ ᠲᠣᠭᠠᠨ ᠤ ᠡᠷᠦᠬᠡ ᠦᠨᠳᠦᠰᠦᠲᠡᠨ ᠤ ᠪᠦᠷᠢᠯᠳᠦᠬᠦᠨ ᠢᠶᠠᠨ ᠰᠡᠷᠭᠦᠭᠡᠬᠦ ᠪᠤᠶᠤ | ᠵᠠᠯᠠᠷᠠᠭᠤᠯᠬᠤ ᠪᠠᠷ ᠬᠠᠮᠲᠦ ᠳᠠᠭᠠᠨ ᠭᠤᠶᠤᠴᠢᠯᠠᠭᠰᠠᠨ ᠢ ᠪᠣᠯ ᠲᠤᠰᠬᠠᠢ ᠣᠷᠣᠨ ︵ᠥᠪᠡᠷᠲᠡᠭᠡᠨ ᠵᠠᠰᠠᠬᠤ ᠵᠸᠥ᠂ | ᠲᠤᠰᠬᠠᠢ ᠣᠷᠣᠨ ᠤ ᠳᠡᠰ ᠤᠨ ᠬᠤᠲᠠ︶ ᠤ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠬᠢᠨᠠᠨ ᠵᠥᠪᠰᠢᠶᠡᠷᠡᠨ᠎ᠡ︔ | ᠨᠡᠯᠢᠶᠡᠳ ᠶᠡᠭᠡ ᠬᠡᠪᠴᠢᠶᠡᠨ ᠤ ᠭᠠᠵᠠᠷ ᠣᠷᠣᠨ ᠤ ᠣᠯᠠᠨ ᠲᠦᠮᠡᠨ ᠦᠨᠳᠦᠰᠦᠲᠡᠨ ᠤ ᠪᠦᠷᠢᠯᠳᠦᠬᠦᠨ ᠢᠶᠠᠨ | ᠰᠡᠷᠭᠦᠭᠡᠬᠦ᠂ ᠵᠠᠯᠠᠷᠠᠭᠤᠯᠬᠤ ᠶᠢ ᠪᠣᠯ ᠮᠤᠵᠢ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ᠪᠠᠶᠢᠴᠠᠭᠠᠯᠲᠠ ᠬᠢᠵᠦ᠂ ᠮᠤᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ︔ ᠦᠶ᠎ᠡ ᠠᠯᠤᠰᠯᠠᠵᠤ ᠦᠨᠳᠦᠰᠦᠲᠡᠨ ᠤ | ᠪᠦᠷᠢᠯᠳᠦᠬᠦᠨ ᠢᠶᠠᠨ ᠰᠡᠷᠭᠦᠭᠡᠬᠦ ᠪᠤᠶᠤ ᠵᠠᠯᠠᠷᠠᠭᠤᠯᠬᠤ ᠪᠠᠷ ᠱᠠᠭᠠᠷᠳᠠᠭᠰᠠᠨ ᠳᠤ ᠪᠣᠯ ᠡᠩ ᠲᠡᠷᠢᠭᠦᠨ ᠳᠤ ᠡᠴᠢᠭᠡ ᠪᠤᠶᠤ | ᠡᠬᠡ ᠶᠢᠨ ᠬᠢᠨᠢ ᠦᠨᠳᠦᠰᠦᠲᠡᠨ ᠤ ᠪᠦᠷᠢᠯᠳᠦᠬᠦᠨ ᠢ ᠦᠨᠳᠦᠰᠦᠯᠡᠬᠦ ᠬᠡᠷᠡᠭᠲᠡᠢ᠂ ᠡᠴᠢᠭᠡ ᠡᠬᠡ ᠨᠢ ᠨᠠᠰᠤ ᠪᠠᠷᠠᠭᠰᠠᠨ | ᠪᠣᠯ ᠡᠪᠦᠭᠡ ᠡᠮᠡᠭᠡ ᠪᠠ ᠨᠠᠭᠠᠴᠤ ᠡᠪᠦᠭᠡ ᠡᠮᠡᠭᠡ ᠨᠢᠭᠡ ᠲᠠᠯ᠎ᠠ ᠶᠢᠨ ᠦᠨᠳᠦᠰᠦᠲᠡᠨ ᠤ ᠪᠦᠷᠢᠯᠳᠦᠬᠦᠨ ᠢ | ᠦᠨᠳᠦᠰᠦᠯᠡᠵᠦ᠂ ᠳᠠᠷᠠᠭ᠎ᠠ ᠨᠢ ᠲᠤᠰ ᠬᠥᠮᠥᠨ ᠤ ᠬᠦᠰᠡᠯ ᠰᠠᠨᠠᠭ᠎ᠠ ᠶᠢ ᠦᠨᠳᠥᠰᠥᠯᠡᠨ ᠲᠣᠭᠲᠠᠭᠠᠵᠦ ᠪᠣᠯᠤᠨ᠎ᠠ᠂ | ᠡᠪᠦᠭᠡ ᠡᠮᠡᠭᠡ ᠪᠠ ᠨᠠᠭᠠᠴᠤ ᠡᠪᠦᠭᠡ ᠡᠮᠡᠭᠡ ᠨᠢ ᠨᠠᠰᠤ ᠪᠠᠷᠠᠭᠰᠠᠨ ᠪᠣᠯ ᠭᠤᠯᠳᠦ ᠪᠠᠷ ᠮᠥᠷᠳᠡᠬᠦ ᠪᠤᠶᠤ ᠬᠥᠨᠳᠡᠯᠡᠨ ᠢᠶᠠᠷ | ᠡᠰᠢᠯᠡᠬᠦ ᠦᠭᠡᠢ᠃ ᠡᠷᠦᠬᠡ ᠠᠮᠠ ᠳᠠᠩᠰᠠᠯᠠᠬᠤ ᠪᠠᠶᠢᠭᠤᠯᠭ᠎ᠠ ᠨᠢ ᠰᠢᠶᠠᠨ ᠤ ᠱᠠᠲᠤᠨ ᠠᠴᠠ ᠳᠡᠭᠡᠭᠰᠢᠬᠢ | ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠬᠢᠵᠦ ᠥᠭᠭᠦᠭᠰᠡᠨ ᠭᠡᠷᠡᠴᠢ ᠪᠠᠷ᠂ ᠦᠨᠳᠦᠰᠦᠲᠡᠨ ᠤ | ᠪᠦᠷᠢᠯᠳᠦᠬᠦᠨ ᠢᠶᠠᠨ ᠰᠡᠷᠭᠦᠭᠡᠬᠦ ᠪᠤᠶᠤ ᠵᠠᠯᠠᠷᠠᠭᠤᠯᠬᠤ ᠭᠠᠷᠳᠠᠮ ᠢ ᠭᠦᠢᠴᠡᠳᠬᠡᠵᠦ ᠥᠭᠭᠦᠨ᠎ᠡ᠃ | 4. ᠡᠷᠦᠬᠡ ᠠᠮᠠ ᠨᠡᠭᠦᠯᠭᠡᠬᠦ ᠭᠠᠷᠳᠠᠮ ᠢ ᠬᠡᠷᠬᠢᠨ ᠭᠦᠢᠴᠡᠳᠬᠡᠬᠦ ᠪᠤᠢ︖ | ᠭᠡᠷᠡᠴᠢ ᠪᠠᠷ ᠡᠷᠦᠬᠡ ᠠᠮᠠ ᠣᠷᠣᠭᠤᠯᠬᠤ ᠪᠣᠯ ᠮᠠᠨ ᠤ ᠤᠯᠤᠰ ᠤᠨ ᠡᠷᠦᠬᠡ ᠠᠮᠠ ᠶᠢᠨ ᠬᠠᠮᠢᠶᠠᠷᠤᠯᠲᠠ ᠶᠢᠨ | ᠨᠢᠭᠡ ᠵᠦᠢᠯ ᠤᠨ ᠦᠨᠳᠦᠰᠦᠨ ᠳᠦᠷᠢᠮ ᠪᠣᠯᠤᠨ᠎ᠠ᠃ ᠠᠷᠠᠳ ᠢᠷᠭᠡᠨ ᠡᠷᠦᠬᠡ ᠠᠮᠠ ᠶᠢᠨ ᠪᠠᠶᠢᠭ᠎ᠠ ᠭᠠᠵᠠᠷ ᠤᠨ | ᠪᠠᠶᠢᠩᠭᠤ ᠰᠠᠭᠤᠭ᠎ᠠ ᠬᠠᠶ᠋ᠢᠭ ᠢᠶᠠᠨ ᠬᠤᠪᠢᠷᠠᠭᠤᠯᠬᠤ ᠳᠤ᠂ ᠶᠡᠷᠦ ᠳᠡᠭᠡᠨ ᠭᠤᠶᠤᠴᠢᠯᠠᠭᠴᠢ ᠠᠴᠠ ᠨᠡᠭᠦᠵᠦ ᠣᠷᠣᠬᠤ | ᠭᠠᠵᠠᠷ ᠤᠨ ᠲᠣᠲᠣᠭᠠᠲᠤ ᠶᠢ ᠬᠠᠮᠠᠭᠠᠯᠠᠬᠤ ᠲᠣᠮᠢᠯᠠᠭᠰᠠᠨ ᠰᠠᠯᠪᠥᠷᠢ ᠪᠤᠶᠤ ᠦᠨᠡᠮᠯᠡᠯ ᠭᠦᠢᠴᠡᠳᠭᠡᠬᠦ ᠲᠥᠪ ᠲᠤ | ᠪᠢᠴᠢᠭᠯᠡᠭᠰᠡᠨ ᠭᠤᠶᠤᠴᠢᠯᠠᠯ ᠭᠠᠷᠭᠠᠬᠤ ᠶᠢᠨ ᠬᠠᠮᠲᠤ ︽ᠡᠷᠦᠬᠡ ᠠᠮᠠ ᠣᠷᠣᠬᠤ ᠭᠤᠶᠤᠴᠢᠯᠠᠯ ᠤᠨ ᠬᠦᠰᠥᠨᠥᠭᠲᠦ︾ | ᠲᠠᠭᠯᠠᠵᠤ᠂ ᠡᠭᠦᠨ ᠤ ᠬᠠᠮᠲᠤ ᠬᠤᠯᠪᠣᠭᠳᠠᠯ ᠪᠦᠬᠦᠢ ᠡᠷᠥᠬᠡ ᠠᠮᠠ ᠣᠷᠣᠬᠤ ᠮᠠᠲ᠋ᠧᠷᠢᠶᠠᠯ ᠪᠠ ᠤᠤᠯ ᠡᠷᠦᠬᠡ | ᠠᠮᠠ ᠶᠢᠨ ᠬᠠᠷᠢᠶ᠎ᠠ ᠶᠢᠨ ᠪᠠᠶᠢᠭ᠎ᠠ ᠭᠠᠵᠠᠷ ᠤᠨ ᠬᠢᠵᠦ ᠥᠭᠭᠦᠭᠰᠡᠨ ᠡᠷᠦᠬᠡ ᠠᠮᠠ ᠶᠢᠨ ᠭᠡᠷᠡᠴᠢ ᠪᠠᠷ ᠨᠢ ᠨᠡᠭᠦᠵᠦ | ᠭᠠᠷᠬᠤ ᠭᠠᠵᠠᠷ ᠤᠨ ᠡᠷᠦᠬᠡ ᠠᠮᠠ ᠳᠠᠩᠰᠠᠯᠠᠬᠤ ᠪᠠᠶᠢᠭᠤᠯᠭ᠎ᠠ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠡᠷᠦᠬᠡ | ᠠᠮᠠ ᠣᠷᠣᠬᠤ ᠲᠦᠷᠦ ᠶᠢᠨ ᠪᠣᠳᠣᠯᠭ᠎ᠠ ᠶᠢᠨ ᠨᠦᠭᠦᠴᠡᠯ ᠳᠤ ᠨᠡᠶᠢᠴᠡᠵᠦ ᠪᠠᠶᠢᠪᠠᠯ᠂ ︽ᠨᠡᠭᠦᠵᠦ ᠣᠷᠣᠬᠤ ᠶᠢ | ᠵᠦᠪᠰᠢᠶᠡᠷᠡᠭᠰᠡᠨ ᠭᠡᠷᠡᠴᠢ︾ ᠬᠢᠵᠦ ᠥᠭᠴᠦ᠂ ᠤᠤᠯ ᠡᠷᠦᠬᠡ ᠠᠮᠠ ᠶᠢᠨ ᠬᠠᠷᠢᠶ᠎ᠠ ᠶᠢᠨ ᠪᠠᠶᠢᠭ᠎ᠠ ᠭᠠᠵᠠᠷ ᠲᠠᠭᠠᠨ | ᠪᠤᠴᠠᠵᠦ ︽ᠡᠷᠦᠬᠡ ᠠᠮᠠ ᠨᠡᠭᠦᠬᠦ ᠭᠡᠷᠡᠴᠢ︾ ᠬᠢᠯᠭᠡᠵᠦ ᠠᠪᠤᠨ᠎ᠠ᠃ ᠨᠡᠭᠦᠵᠦ ᠣᠷᠣᠬᠤ ᠭᠠᠵᠠᠷ ᠤᠨ ᠡᠷᠦᠬᠡ ᠠᠮᠠ | ᠳᠠᠩᠰᠠᠯᠠᠬᠤ ᠪᠠᠶᠢᠭᠤᠯᠭ᠎ᠠ ᠠᠴᠠ ︽ᠡᠷᠦᠬᠡ ᠠᠮᠠ ᠨᠡᠭᠦᠬᠦ ᠭᠡᠷᠡᠴᠢ︾ ᠶᠢ ᠬᠤᠷᠢᠶᠠᠨ ᠠᠪᠤᠭᠰᠠᠨ ᠤ ᠳᠠᠷᠠᠭ᠎ᠠ᠂ | ᠨᠡᠭᠦᠬᠦ ᠶᠢ ᠵᠦᠪᠰᠢᠶᠡᠷᠡᠭᠰᠡᠨ ᠭᠡᠷᠡᠴᠢ ᠪᠠ ᠨᠡᠭᠦᠬᠦ ᠭᠡᠷᠡᠴᠢ ᠶᠢᠨ ᠲᠥᠷᠥᠯ ᠵᠦᠢᠯ ᠢ ᠬᠢᠨᠠᠬᠤ ᠶᠢᠨ ᠬᠠᠮᠲᠦ ᠡᠷᠦᠬᠡ | ᠠᠮᠠ ᠶᠢᠨ ᠬᠠᠷᠢᠶ᠎ᠠ ᠶᠢᠨ ᠳᠠᠩᠰᠠ ᠡᠪᠬᠡᠮᠡᠯ ᠳᠤ ᠬᠠᠳᠠᠭᠠᠯᠠᠵᠤ᠂ ︽ᠪᠠᠶᠢᠩᠭᠤ ᠰᠠᠭᠤᠭ᠎ᠠ ᠬᠥᠮᠥᠨ ᠠᠮᠠ ᠶᠢ | ᠪᠦᠷᠢᠳᠬᠡᠬᠦ ᠬᠦᠰᠥᠨᠥᠭᠲᠦ︾ ᠪᠠ ᠡᠷᠦᠬᠡ ᠠᠮᠠ ᠶᠢᠨ ᠳᠡᠪᠲᠡᠷ ᠭᠦᠢᠴᠡᠳᠬᠡᠬᠦ ᠶᠢᠨ ᠵᠡᠷᠭᠡᠴᠡᠪᠡᠷ ᠨᠡᠭᠦᠵᠦ ᠣᠷᠣᠭᠰᠠᠨ | ᠭᠠᠵᠠᠷ ᠤᠨ ᠬᠥᠮᠥᠨ ᠠᠮᠠ ᠶᠢᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠳᠤ ᠣᠷᠣᠭᠤᠯᠤᠨ᠎ᠠ᠃ | |