ᠵᠢᠯᠣᠭᠤᠴᠢ ᠶᠢᠨ ᠦᠨᠡᠮᠯᠡᠯ ᠢᠶᠠᠨ ᠰᠢᠯᠵᠢᠭᠦᠯᠦᠨ ᠣᠷᠣᠭᠤᠯᠵᠤ ᠦᠨᠡᠮᠯᠡᠯ ᠰᠣᠯᠢᠬᠤ ᠶᠢ  ᠭᠦᠢᠴᠡᠳᠬᠡᠬᠦ  ᠲᠣᠬᠠᠶᠢᠯᠠᠭᠰᠠᠨ  ᠠᠵᠢᠯ ᠤᠨ  ᠵᠥᠭᠯᠡᠭᠦᠷ
ᠨᠡᠶᠢᠲᠡᠯᠡᠭᠰᠡᠨ ᠴᠠᠭ᠄
2015/8/26
     ᠨᠢᠭᠡ᠂ ᠲᠣᠬᠠᠶᠢᠯᠠᠭᠰᠠᠨ ᠠᠵᠢᠯ ᠤᠨ ᠬᠡᠪᠴᠢᠶ᠎ᠡ᠄       ᠡᠷᠦᠬᠡ ᠠᠮᠠ ᠪᠤᠶᠤ ᠰᠠᠭᠤᠭ᠎ᠠ ᠭᠠᠵᠠᠷ ᠢᠶᠠᠨ ᠬᠤᠪᠢᠷᠠᠭᠤᠯᠬᠤ ᠳᠤ᠂ ᠮᠠᠰᠢᠨ ᠲᠡᠷᠭᠡᠨ ᠤ ᠵᠢᠯᠣᠭᠤᠴᠢ ᠶᠢᠨ  ᠦᠨᠡᠮᠯᠡᠯ ᠢᠶᠠᠨ ᠰᠢᠯᠵᠢᠭᠦᠯᠦᠨ ᠣᠷᠣᠭᠤᠯᠵᠤ ᠦᠨᠡᠮᠯᠡᠯ ᠰᠣᠯᠢᠬᠤ ᠪᠠᠷ ᠭᠤᠶᠤᠴᠢᠯᠠᠨ᠎ᠠ᠃       ᠬᠤᠶᠠᠷ᠂ ᠬᠡᠷᠡᠭᠴᠡᠭᠡ ᠪᠦᠬᠦᠢ ᠮᠠᠲ᠋ᠧᠷᠢᠶᠠᠯ       1. ᠭᠠᠷ ‍ᠤᠨ‌ᠦᠰᠦᠭ ᠢᠶᠠᠨ ᠵᠢᠷᠤᠭᠰᠠᠨ ︽ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠤᠨ  ᠭᠤᠶᠤᠴᠢᠯᠠᠯ ᠤᠨ ᠬᠦᠰᠦᠨᠦᠭᠲᠦ︾       2. ᠵᠢᠯᠣᠭᠤᠴᠢ ᠶᠢᠨ ᠪᠡᠶ᠎ᠡ ᠶᠢᠨ ᠭᠡᠷᠡᠴᠢ  ︵ᠳᠠᠷᠣᠢ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾  ᠪᠤᠶᠤ ︽ᠲᠦᠷ ᠴᠠᠭ ᠤᠨ ᠪᠡᠶ᠎ᠡ ᠶᠢᠨ ᠦᠨᠡᠮᠯᠡᠯ︾︶ ᠤᠨ ᠤᠭ ᠵᠦᠢᠯ ᠵᠢᠴᠢ ᠬᠠᠭᠤᠯᠪᠤᠷᠢ᠃       3. ᠰᠢᠶᠠᠨ ᠪᠤᠶᠤ ᠴᠡᠷᠢᠭ ᠠᠩᠭᠢ ᠶᠢᠨ ᠬᠤᠷᠢᠶᠠᠨ ᠤ ᠱᠠᠳᠤᠨ ᠠᠴᠠ ᠳᠡᠭᠡᠭᠰᠢᠬᠢ ᠡᠮᠴᠢᠯᠡᠭᠡ ᠶᠢᠨ  ᠪᠠᠶᠢᠭᠤᠯᠤᠮᠵᠢ ᠶᠢᠨ ᠬᠢᠵᠦ ᠥᠭᠭᠦᠭᠰᠡᠨ ᠪᠡᠶ᠎ᠡ ᠮᠠᠬᠠᠪᠤᠳ ᠤᠨ ᠨᠥᠬᠦᠴᠡᠯ ᠤᠨ ᠲᠣᠬᠠᠢ ᠭᠡᠷᠡᠴᠢ᠃       4. ᠳᠥᠷᠪᠡᠨ ᠬᠤᠪᠢ ᠣᠶᠢᠷ᠎ᠡ ᠶᠢᠨ ᠬᠤᠭᠤᠴᠠᠭᠠᠨ ᠤ ᠴᠠᠭᠠᠨ ᠳᠡᠪᠢᠰᠭᠡᠷ ᠲᠠᠢ ᠨᠢᠭᠡ ᠢᠮᠠᠬᠤ ᠶᠢᠨ ᠮᠠᠯᠠᠭᠠᠢ  ᠦᠭᠡᠢ ᠪᠤᠳᠤᠭᠲᠤ ᠭᠡᠷᠡᠯ ᠵᠢᠷᠤᠭ᠃       5 . ᠤᠭ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ᠃       ᠭᠤᠷᠪᠠ᠂  ᠣᠷᠣᠯᠠᠨ ᠭᠦᠢᠴᠡᠳᠬᠡᠭᠴᠢ ᠳᠤ ᠨᠠᠶᠢᠳᠠᠨ ᠭᠦᠢᠴᠡᠳᠬᠡᠯᠭᠡᠵᠦ ᠪᠣᠯᠣᠨ᠎ᠠ       1. ᠣᠷᠣᠯᠠᠨ ᠭᠦᠢᠴᠡᠳᠬᠡᠭᠴᠢ ᠨᠢ ᠬᠤᠪᠢ ᠬᠥᠮᠥᠨ ᠪᠣᠯ᠂  ᠠᠯᠪᠠᠨ ᠭᠡᠷᠡᠴᠢᠯᠡᠯᠭᠡ ᠬᠢᠯᠭᠡᠭᠰᠡᠨ  ᠨᠠᠶᠢᠳᠠᠯᠭ᠎ᠠ ᠶᠢᠨ ᠪᠢᠴᠢᠭ ᠪᠠ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠤᠨ ᠤᠭ ᠵᠦᠢᠯ  ᠪᠠ  ᠬᠠᠭᠤᠯᠪᠤᠷᠢ ᠶᠢ ᠲᠤᠰᠢᠶᠠᠨ᠎ᠠ᠃       2. ᠣᠷᠣᠯᠠᠨ ᠭᠦᠢᠴᠡᠳᠬᠡᠭᠴᠢ ᠨᠢ ᠨᠢᠭᠡᠴᠡ ᠪᠣᠯ᠂ ᠲᠣᠰ ᠨᠢᠭᠡᠴᠡ ᠶᠢᠨ ᠲᠠᠨᠢᠯᠴᠠᠭᠤᠯᠭ᠎ᠠ ᠶᠢᠨ ᠪᠢᠴᠢᠭ  ᠵᠢᠴᠢ ᠠᠯᠪᠠᠨ ᠲᠠᠮᠠᠭ᠎ᠠ ᠳᠠᠷᠤᠭᠰᠠᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ᠂ ︽ᠰᠠᠭᠤᠭᠠᠯᠢ  ᠠᠷᠠᠳ ᠤᠨ ᠪᠡᠶ᠎ᠡ ᠶᠢᠨ ᠦᠨᠡᠮᠯᠡᠯ︾  ᠤᠨ ᠤᠭ ᠵᠦᠢᠯ  ᠪᠠ ᠬᠠᠭᠤᠯᠪᠤᠷᠢ ᠶᠢ ᠲᠤᠰᠢᠶᠠᠨ᠎ᠠ᠃       3.ᠣᠷᠣᠯᠠᠨ ᠭᠦᠢᠴᠡᠳᠬᠡᠭᠴᠢ ᠨᠢ ᠬᠠᠨᠢ ᠨᠥᠬᠦᠷ ᠤᠨ ᠬᠠᠷᠢᠴᠠᠭ᠎ᠠ ᠲᠠᠢ ᠪᠣᠯ᠂ ︽ ᠤᠷᠤᠭ ᠤᠨ ᠦᠨᠡᠮᠯᠡᠯ︾  ᠪᠠ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠤᠨ ᠤᠭ ᠵᠦᠢᠯ  ᠪᠠ ᠬᠠᠭᠤᠯᠪᠤᠷᠢ ᠶᠢ ᠲᠤᠰᠢᠶᠠᠨ᠎ᠠ᠃       4.ᠣᠷᠣᠯᠠᠨ ᠭᠦᠢᠴᠡᠳᠬᠡᠭᠴᠢ ᠨᠢ ᠡᠴᠢᠭᠡ ᠡᠬᠡ ᠦᠷ᠎ᠡ ᠬᠡᠦᠬᠡᠳ ᠵᠡᠷᠭᠡ ᠰᠠᠳᠤᠨ ᠲᠦᠷᠦᠯ ᠤᠨ ᠬᠠᠷᠢᠴᠠᠭ᠎ᠠ   ᠲᠠᠢ ᠪᠣᠯ᠂ ᠰᠠᠳᠤᠨ ᠲᠦᠷᠦᠯ ᠤᠨ ᠬᠠᠷᠢᠴᠠᠭ᠎ᠠ ᠶᠢ ᠬᠡᠷᠡᠴᠢᠯᠡᠭᠰᠡᠨ ᠡᠷᠦᠬᠡ ᠠᠮᠠ ᠶᠢᠨ ᠳᠠᠩᠰᠠ ᠪᠠ ︽ ᠰᠠᠭᠤᠭᠠᠯᠢ  ᠠᠷᠠᠳ ᠤᠨ ᠪᠡᠶ᠎ᠡ ᠶᠢᠨ ᠦᠨᠡᠮᠯᠡᠯ︾  ᠤᠨ ᠤᠭ ᠵᠦᠢᠯ ᠪᠠ ᠬᠠᠭᠤᠯᠪᠤᠷᠢ ᠶᠢ ᠲᠤᠰᠢᠶᠠᠨ᠎ᠠ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号