ᠦᠪᠦᠷ  ᠮᠤᠩᠭᠤᠯ   ᠤᠨ  ᠦᠪᠡᠷᠲᠡᠭᠡᠨ  ᠵᠠᠰᠠᠬᠤ  ᠤᠷᠤᠨ  ᠤ  ᠲᠤᠰ ᠱᠠᠲᠤᠨ ᠤ ᠬᠤᠲᠠ  ᠪᠠᠯᠭᠠᠰᠤ ᠶᠢᠨ ᠦᠨᠳᠦᠰᠦᠨ ᠡᠮᠨᠡᠯᠭᠡ ᠶᠢᠨ ᠳᠠᠭᠠᠳᠬᠠᠯ
ᠨᠡᠶᠢᠲᠡᠯᠡᠭᠰᠡᠨ ᠴᠠᠭ᠄
2015/8/26
     ᠦᠨᠳᠦᠰᠦᠯᠡᠯ       1.《 ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ᠤᠨ  ᠲᠤᠭᠲᠠᠭᠰᠠᠨ ᠴᠢᠭᠲᠦ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠬᠦᠯᠬᠦ ᠠᠷᠭ᠎ᠠ》 ︵ ᠬᠦᠳᠡᠯᠮᠦᠷᠢ ᠨᠡᠶᠢᠭᠡᠮ ᠶᠠᠮᠤᠨ ᠲᠠᠷᠬᠠᠭᠠᠭᠰᠠᠨ〔1999〕14 ᠳ᠋ᠤᠭᠡᠷ ᠲᠤᠭᠠᠲᠤ︶︔       2.《 ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠠᠪᠤᠨ ᠠᠵᠢᠯ ᠤᠨ ᠲᠦᠰᠦᠯ ᠢ ᠳᠠᠷᠤᠮᠠᠯᠯᠠᠨ ᠲᠠᠷᠬᠠᠭᠠᠬᠤ  ᠲᠤᠬᠠᠢ ᠮᠡᠳᠡᠭᠳᠡᠯ》 ︵ᠦᠪᠦᠷ ᠬᠦᠮᠦᠨ ᠨᠡᠶᠢᠭᠡᠮ ᠲᠠᠷᠬᠠᠭᠠᠭᠰᠠᠨ ︵2012︶ 43 ᠳ᠋ᠤᠭᠠᠷ ᠲᠤᠭᠠᠲᠤ︶︔       ᠬᠦᠯᠢᠶᠡᠨ ᠠᠪᠬᠤ ᠨᠦᠬᠦᠴᠡᠯ᠄       1. ᠤᠷᠤᠨ ᠨᠤᠲᠤᠭ ᠤᠨ ᠡᠮᠴᠢᠯᠡᠭᠡᠨ ᠤ ᠪᠠᠶᠢᠭᠤᠯᠤᠮᠵᠢ ᠶᠢᠨ ᠲᠤᠬᠢᠷᠠᠭᠤᠯᠭ᠎ᠠ ᠶᠢᠨ ᠲᠦᠯᠦᠪᠯᠡᠭᠡ ᠳᠤ  ᠨᠡᠶᠢᠴᠡᠭᠰᠡᠨ ᠪᠠᠶᠢᠬᠤ  ︔       2. ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠲᠤᠭᠲᠠᠭᠠᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠬᠤ︔       3. ᠤᠯᠤᠰ ᠤᠨ ᠡᠮᠴᠢᠯᠡᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠤᠯᠪᠤᠭᠳᠠᠯ ᠪᠦᠬᠦᠢ ᠬᠠᠤᠯᠢ  ᠴᠠᠭᠠᠵᠠ᠂ ᠬᠠᠤᠯᠢ ᠲᠤᠭᠲᠠᠭᠠᠯ ᠪᠠ ᠪᠠᠷᠢᠮᠵᠢᠶ᠎ᠠ ᠶᠢ ᠵᠢᠷᠤᠮᠯᠠᠵᠤ᠂ ᠪᠦᠷᠢᠨ ᠲᠡᠭᠦᠯᠳᠡᠷ ᠡᠮᠴᠢᠯᠡᠭᠡ ᠶᠢᠨ  ᠦᠢᠯᠡᠴᠢᠯᠡᠭᠡᠨ ᠤ ᠬᠠᠮᠢᠶᠠᠷᠤᠯᠲᠠ ᠶᠢᠨ ᠳᠦᠷᠢᠮ ᠲᠠᠢ ᠪᠠᠶᠢᠬᠤ  ︔       4. ᠤᠯᠤᠰ᠂ ᠦᠪᠡᠷᠲᠡᠭᠡᠨ ᠵᠠᠰᠠᠬᠤ ᠤᠷᠤᠨ ᠤ ᠪᠠᠷᠠᠭ᠎ᠠ ᠶᠢᠨ ᠦᠨ᠎ᠡ ᠶᠢᠨ ᠰᠠᠯᠠᠭ᠎ᠠ ᠮᠦᠴᠢᠷ ᠤᠨ  ᠲᠤᠭᠲᠠᠭᠠᠭᠰᠠᠨ ᠡᠮᠴᠢᠯᠡᠭᠡ ᠶᠢᠨ ᠦᠢᠯᠡᠴᠢᠯᠡᠭᠡᠨ ᠪᠤᠯᠤᠨ ᠡᠮ ᠤᠨ ᠵᠦᠢᠯ ᠤᠨ ᠦᠨ᠎ᠡ ᠶᠢᠨ ᠲᠦᠷᠦ ᠶᠢᠨ  ᠪᠤᠳᠤᠯᠭ᠎ᠠ ᠶᠢ ᠴᠢᠩᠭ᠎ᠠ ᠬᠡᠷᠡᠭᠵᠢᠬᠦᠯᠵᠤ᠂ ᠪᠠᠷᠠᠭ᠎ᠠ ᠶᠢᠨ ᠦᠨ᠎ᠡ ᠶᠢᠨ ᠰᠠᠯᠠᠭ᠎ᠠ ᠮᠦᠴᠢᠷ ᠢᠶᠠᠷ ᠬᠢᠨᠠᠭᠤᠯᠵᠤ  ᠪᠠᠶᠢᠴᠠᠭᠠᠯᠭᠠᠭᠠᠳ ᠬᠢᠷᠢ ᠳᠤ ᠳᠡᠩᠴᠡᠭᠰᠡᠨ ᠪᠠᠶᠢᠬᠤ︔       5. ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ᠤᠨ  ᠳᠦᠷᠢᠮ ᠤᠨ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠲᠤᠭᠲᠠᠭᠠᠯ ᠢ ᠴᠢᠩᠭ᠎ᠠ ᠬᠡᠷᠡᠭᠵᠢᠬᠦᠯᠵᠤ᠂  ᠦᠨᠳᠦᠰᠦᠨ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠯᠤᠭ᠎ᠠ ᠵᠤᠬᠢᠴᠠᠭᠰᠠᠨ ᠳᠤᠲᠤᠭᠠᠲᠤ ᠬᠠᠮᠢᠶᠠᠷᠤᠯᠲᠠ ᠶᠢᠨ  ᠳᠦᠷᠢᠮ ᠢ ᠲᠤᠭᠲᠠᠭᠠᠨ᠂ ᠬᠡᠷᠡᠭᠴᠡᠭᠡ ᠪᠦᠬᠦᠢ ᠬᠠᠮᠢᠶᠠᠷᠤᠯᠲᠠ ᠶᠢᠨ ᠠᠵᠢᠯᠲᠠᠨ ᠪᠠ ᠪᠡᠯᠡᠳᠭᠡᠮᠵᠢ ᠶᠢ  ᠲᠤᠬᠢᠷᠠᠭᠤᠯᠤᠭᠰᠠᠨ ᠪᠠᠶᠢᠬᠤ᠃       ᠭᠤᠶᠤᠴᠢᠯᠠᠬᠤ ᠮᠠᠲ᠋ᠧᠷᠢᠶᠠᠯ᠄       1.《 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠲᠠ ᠪᠠᠯᠭᠠᠰᠤ ᠶᠢᠨ ᠠᠵᠢᠯᠲᠠᠨ  ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ᠤᠨ ᠲᠤᠭᠲᠠᠭᠰᠠᠨ ᠴᠢᠭᠲᠦ ᠡᠮᠴᠢᠯᠡᠭᠡᠨ ᠤ ᠪᠠᠶᠢᠭᠤᠯᠤᠮᠵᠢ ᠶᠢᠨ  ᠭᠤᠶᠤᠴᠢᠯᠠᠯ ᠤᠨ ᠪᠢᠴᠢᠭ》︔       2. ᠠᠵᠢᠯ ᠡᠷᠬᠢᠯᠡᠬᠦ ᠵᠦᠪᠰᠢᠶᠡᠷᠡᠯ ᠤᠨ ᠦᠨᠡᠮᠯᠡᠯ ᠤᠨ ᠳᠡᠳ᠋ ᠳᠡᠪᠲᠡᠷ ᠤᠨ ᠬᠠᠭᠤᠯᠪᠤᠷᠢ︔       3. ᠲᠤᠮᠤ ᠬᠡᠯᠪᠡᠷᠢ ᠶᠢᠨ ᠡᠮᠴᠢᠯᠡᠭᠡᠨ ᠤ ᠬᠡᠮᠵᠢᠭᠦᠷᠯᠢᠭ ᠪᠡᠯᠡᠳᠭᠡᠮᠵᠢ ᠶᠢᠨ ᠨᠠᠷᠢᠨ ᠳᠠᠩᠰᠠ︔       4. ᠳᠡᠭᠡᠷ᠎ᠡ ᠨᠢᠭᠡ ᠵᠢᠯ ᠤᠨ ᠲᠤᠬᠠᠶᠢᠯᠠᠭᠰᠠᠨ ᠠᠵᠢᠯ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ ᠪᠠ ᠡᠭᠦᠳᠡᠨ  ᠡᠮᠨᠡᠯᠭᠡ᠂ ᠡᠮᠨᠡᠯᠭᠡ ᠳᠤ ᠰᠠᠭᠤᠵᠤ ᠡᠮᠴᠢᠯᠡᠭᠦᠯᠦᠭᠰᠡᠨ ᠦᠢᠯᠡᠴᠢᠯᠡᠭᠡᠨ ᠤ ᠬᠡᠮᠵᠢᠶ᠎ᠡ ︵ᠡᠬᠦᠨ ᠳᠤ ᠡᠬᠦᠳᠡᠨ ᠡᠮᠨᠡᠯᠭᠡ ᠳᠤ  ᠡᠮᠨᠡᠭᠦᠯᠦᠭᠰᠡᠨ ᠬᠦᠮᠦᠨ ᠤᠳᠠᠭ᠎ᠠ᠂ ᠤᠳᠠᠭ᠎ᠠ ᠪᠦᠷᠢ ᠶᠢᠨ ᠳᠤᠮᠳᠠᠴᠢ ᠡᠮ ᠡᠮᠨᠡᠯᠬᠡ ᠶᠢᠨ ᠵᠠᠷᠤᠳᠠᠯ᠂ ᠡᠮᠨᠡᠯᠭᠡ ᠳᠤ  ᠰᠠᠭᠤᠭᠰᠠᠨ ᠬᠦᠮᠦᠨ ᠤ ᠲᠤᠭ᠎ᠠ᠂  ᠡᠮᠨᠡᠯᠭᠡ ᠳᠤ ᠰᠠᠭᠤᠭᠰᠠᠨ ᠳᠤᠮᠳᠠᠴᠢ ᠡᠳᠦᠷ᠂ ᠤᠳᠠᠭ᠎ᠠ ᠪᠦᠷᠢ ᠶᠢᠨ ᠡᠮᠨᠡᠯᠭᠡ ᠳᠤ  ᠰᠠᠭᠤᠭᠰᠠᠨ ᠳᠤᠮᠳᠠᠴᠢ ᠡᠮ ᠡᠮᠨᠡᠯᠭᠡ ᠶᠢᠨ ᠵᠠᠷᠤᠳᠠᠯ᠂ ᠡᠳᠦᠷ ᠪᠦᠷᠢ ᠶᠢᠨ ᠡᠮᠨᠡᠯᠭᠡ ᠳᠤ ᠰᠠᠭᠤᠭᠰᠠᠨ ᠳᠤᠮᠳᠠᠴᠢ ᠡᠮ  ᠡᠮᠨᠡᠯᠬᠡ ᠶᠢᠨ ᠵᠠᠷᠤᠳᠠᠯ ᠵᠡᠷᠭᠡ ᠪᠠᠭᠲᠠᠨ᠎ᠠ︶᠂ ᠬᠢᠭᠡᠳ ᠦᠨᠳᠦᠰᠦᠨ ᠡᠮᠨᠡᠯᠬᠡ ᠶᠢᠨ ᠳᠠᠭᠠᠳᠬᠠᠯ ᠤᠨ ᠦᠢᠯᠡᠴᠢᠯᠡᠭᠡ  ᠳᠠᠭᠠᠭᠠᠴᠢᠯᠠᠬᠤ ᠴᠢᠳᠠᠪᠤᠷᠢ︔       5. ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠲᠤᠭᠳᠠᠭᠠᠬᠤ ᠪᠠᠷᠢᠮᠵᠢᠶ᠎ᠠ ᠳᠤ ᠨᠡᠶᠢᠴᠡᠭᠰᠡᠨ ᠬᠡᠷᠡᠴᠢ  ᠮᠠᠲ᠋ᠧᠷᠢᠶᠠᠯ ᠤᠨ ᠬᠠᠭᠤᠯᠪᠤᠷᠢ︔       6. ᠡᠮ ᠤᠨ ᠵᠦᠢᠯ ᠳᠠᠬᠢ ᠬᠢᠨᠠᠯᠲᠠ ᠬᠠᠮᠢᠶᠠᠷᠤᠯᠲᠠ ᠪᠠ ᠪᠠᠷᠠᠭ᠎ᠠ ᠶᠢᠨ ᠦᠨ᠎ᠡ ᠶᠢᠨ ᠰᠠᠯᠠᠭ᠎ᠠ ᠮᠦᠴᠢᠷ  ᠤᠨ  ᠬᠢᠨᠠᠨ  ᠪᠠᠶᠢᠴᠠᠭᠠᠯᠳᠠ ᠳᠤ ᠬᠢᠷᠢ ᠳᠤ ᠲᠡᠩᠴᠡᠭᠰᠡᠨ ᠬᠡᠷᠡᠴᠢ ᠮᠠᠲ᠋ᠧᠷᠢᠶᠠᠯ︔       7. ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ  ᠮᠦᠴᠢᠷ ᠤᠨ ᠲᠤᠭᠲᠠᠭᠠᠭᠰᠠᠨ ᠪᠤᠰᠤᠳ ᠮᠠᠲ᠋ᠧᠷᠢᠶᠠᠯ︔       ᠬᠦᠢᠴᠡᠳᠭᠡᠬᠦ ᠴᠤᠪᠤᠷᠠᠯ᠄       1. ᠬᠦᠢᠴᠡᠳᠭᠡᠬᠦ ᠴᠠᠭ ᠬᠤᠭᠤᠴᠠᠭ᠎ᠠ᠄ ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠴᠢᠭ᠋ ᠢᠶᠠᠷ  ᠲᠤᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠠ ᠴᠢᠭ᠋ ᠢᠶᠠᠷ ᠲᠤᠭᠲᠠᠭᠠᠭᠰᠠᠨ ᠬᠢᠷᠢ ᠬᠡᠮ ᠤᠨ ᠪᠠᠶᠢᠭᠤᠯᠤᠮᠵᠢ ᠨᠢ  ᠵᠢᠯ ᠪᠦᠷᠢ ᠶᠢᠨ ᠨᠢᠭᠡ᠂ ᠬᠤᠶᠠᠷ᠂ ᠭᠤᠷᠪᠠᠳᠤᠭᠠᠷ ᠤᠯᠠᠷᠢᠯ ᠳᠤ ᠲᠤᠰ ᠪᠦᠷᠢ ᠨᠢᠭᠡ ᠤᠳᠠᠭ᠎ᠠ ᠭᠤᠶᠤᠴᠢᠯᠠᠨ  ᠮᠡᠳᠡᠭᠦᠯᠵᠤ ᠬᠦᠢᠴᠡᠳᠭᠡᠨ᠎ᠡ᠃       2.  ᠪᠠᠶᠢᠭᠤᠯᠭ᠎ᠠ ᠨᠢᠭᠡᠴᠡ ᠭᠤᠶᠤᠴᠢᠯᠠᠬᠤ᠄ ᠡᠮᠴᠢᠯᠡᠭᠡᠨ ᠤ ᠪᠠᠶᠢᠭᠤᠯᠤᠮᠵᠢ ᠭᠤᠶᠤᠴᠢᠯᠠᠯ ᠭᠠᠷᠭᠠᠵᠦ᠂  ᠬᠠᠮᠢᠶ᠎ᠠ ᠪᠦᠬᠦᠢ ᠮᠠᠲ᠋ᠧᠷᠢᠶᠠᠯ ᠢ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ  ᠲᠢᠩᠬᠢᠮ ᠤᠨ ᠡᠮᠨᠡᠯᠭᠡ ᠶᠢᠨ ᠳᠠᠭᠠᠳᠬᠠᠯ ᠤᠨ ᠭᠠᠵᠠᠷ ᠲᠤ ᠲᠤᠰᠢᠶᠠᠨ᠎ᠠ︔       3. ᠮᠠᠲ᠋ᠧᠷᠢᠶᠠᠯ ᠢ ᠬᠦᠯᠢᠶᠡᠨ ᠠᠪᠬᠤ᠄ ᠬᠦᠮᠦᠨ ᠤ ᠬᠦᠴᠦᠨ ᠤ ᠡᠬᠢ ᠪᠠᠶᠠᠯᠢᠭ ᠪᠠ ᠨᠠᠶᠢᠭᠡᠮ ᠤᠨ  ᠪᠠᠲᠤᠯᠠᠭ᠎ᠠ ᠶᠢᠨ ᠲᠢᠩᠬᠢᠮ ᠤᠨ ᠡᠮᠨᠡᠯᠭᠡ ᠶᠢᠨ ᠳᠠᠭᠠᠳᠬᠠᠯ ᠤᠨ ᠭᠠᠵᠠᠷ ᠤᠨ ᠠᠵᠢᠯᠲᠠᠨ ᠭᠤᠶᠤᠴᠢᠯᠠᠯ ᠤᠨ  ᠮᠠᠲ᠋ᠧᠷᠢᠶᠠᠯ ᠢ ᠪᠠᠶᠢᠴᠠᠭᠠᠵᠤ᠂ ᠮᠠᠲ᠋ᠧᠷᠢᠶᠠᠯ ᠨᠢ ᠪᠦᠷᠢᠨ ᠬᠦᠢᠴᠡᠳ ᠪᠠᠶᠢᠪᠠᠯ ᠮᠠᠲ᠋ᠧᠷᠢᠶᠠᠯ ᠢ ᠨᠢ ᠬᠦᠯᠢᠶᠡᠨ ᠠᠪᠤᠨ᠎ᠠ︔       4. ᠬᠢᠷᠢ ᠬᠡᠮ ᠢ ᠠᠩᠬ᠎ᠠ ᠬᠢᠨᠠᠬᠤ᠄《 ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ  ᠡᠮᠨᠡᠯᠭᠡ ᠶᠢᠨ ᠳᠠᠭᠠᠳᠬᠠᠯ ᠤᠨ ᠲᠤᠭᠲᠠᠭᠰᠠᠨ ᠴᠢᠭᠲᠦ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠦᠷ  ᠬᠡᠷᠡᠭᠵᠢᠬᠦᠯᠬᠦ ᠠᠷᠭ᠎ᠠ》 ︵ᠬᠦᠳᠡᠯᠮᠦᠷᠢ ᠨᠡᠶᠢᠭᠡᠮ ᠶᠠᠮᠤᠨ ᠲᠠᠷᠬᠠᠭᠠᠭᠰᠠᠨ〔1999〕14 ᠳ᠋ᠤᠭᠡᠷ ᠲᠤᠭᠠᠲᠤ︶  ᠤᠨ ᠱᠠᠭᠠᠷᠳᠠᠯᠭ᠎ᠠ ᠶᠤᠰᠤᠭᠠᠷ᠂  ᠭᠤᠶᠤᠴᠢᠯᠠᠯ ᠭᠠᠷᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠠᠩᠬ᠎ᠠ ᠬᠢᠨᠠᠯᠲᠠ  ᠬᠢᠵᠦ᠂ ᠱᠠᠭᠠᠷᠳᠠᠯᠭ᠎ᠠ ᠳᠤ ᠨᠡᠶᠢᠴᠡᠬᠦ ᠦᠭᠡᠢ ᠶᠢ ᠨᠢ ᠳᠠᠬᠢᠨ ᠲᠠᠭᠯᠠᠭᠤᠯᠤᠨ᠎ᠠ᠃ ᠡᠭᠦᠨ ᠤ ᠬᠠᠮᠲᠤ ᠲᠤᠰᠬᠠᠢ ᠬᠦᠮᠦᠨ  ᠲᠤᠮᠢᠯᠡᠵᠤ ᠭᠤᠶᠤᠴᠢᠯᠠᠨ ᠮᠡᠳᠡᠭᠦᠯᠦᠭᠰᠡᠨ ᠪᠠᠶᠢᠭᠤᠯᠤᠮᠵᠢ ᠶᠢᠨ ᠲᠤᠬᠠᠢ ᠶᠢᠨ ᠭᠠᠵᠠᠷ ᠲᠤ ᠤᠴᠢᠭᠤᠯᠵᠦ᠂  ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠤᠳᠠᠲᠤ ᠴᠢᠨᠠᠷ ᠪᠠ ᠭᠤᠶᠤᠴᠢᠯᠠᠨ ᠮᠡᠳᠡᠭᠦᠯᠦᠭᠰᠡᠨ  ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠵᠡᠷᠭᠡ ᠠᠭᠤᠯᠭ᠎ᠠ ᠶᠢ ᠬᠢᠨᠠᠨ ᠪᠠᠶᠢᠴᠠᠭᠠᠯᠭᠠᠨ᠎ᠠ᠃ ᠲᠤᠬᠠᠢ ᠶᠢᠨ  ᠭᠠᠵᠠᠷ ᠲᠤ ᠬᠦᠷᠴᠤ ᠬᠢᠨᠠᠨ ᠪᠠᠶᠢᠴᠠᠭᠠᠬᠤ ᠠᠵᠢᠯᠲᠠᠨ ᠠᠳᠠᠭ ᠪᠠᠭ᠎ᠠ ᠳᠠᠭᠠᠨ 2 ᠬᠦᠮᠦᠨ ᠪᠠᠶᠢᠵᠤ᠂ ᠵᠢᠯ ᠪᠦᠷᠢ ᠶᠢᠨ  2᠂ 5᠂ 8 ᠳ᠋ᠤᠭᠠᠷ ᠰᠠᠷ᠎ᠠ   ᠳᠤ ᠬᠢᠨᠠᠨ ᠪᠠᠶᠢᠴᠠᠭᠠᠨ᠎ᠠ᠃       5. ᠬᠢᠨᠠᠨ ᠵᠦᠪᠰᠢᠶᠡᠷᠡᠬᠦ᠄ ᠴᠢᠭ᠋ ᠢᠶᠠᠷ ᠲᠤᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠭᠤᠶᠤᠴᠢᠯᠠᠨ  ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠬᠤ ᠪᠠ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠭᠰᠠᠨ ᠤ  ᠰᠡᠭᠦᠯᠡᠷ᠂ ᠭᠠᠵᠠᠷ ᠤᠨ ᠶᠠᠪᠤᠳᠠᠯ ᠤᠨ ᠬᠤᠷᠠᠯ ᠬᠢᠵᠦ᠂ ᠴᠢᠭ᠋ ᠢᠶᠠᠷ ᠲᠤᠭᠲᠠᠭᠠᠭᠰᠠᠨ ᠬᠢᠷᠢ ᠬᠡᠮ ᠤᠨ ᠪᠠᠶᠢᠭᠤᠯᠤᠮᠵᠢ   ᠶᠢᠨ ᠭᠤᠶᠤᠴᠢᠯᠠᠯ ᠢ ᠬᠢᠨᠠᠨ ᠬᠠᠷᠭᠤᠭᠤᠯᠤᠭᠰᠠᠨ᠂ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠭᠰᠠᠨ ᠦᠷ᠎ᠡ  ᠳ᠋ᠦᠡᠭ ᠢ ᠰᠤᠳᠤᠯᠵᠤ᠂ ᠪᠠᠳᠤᠯᠠᠭᠰᠠᠨ ᠨᠡᠷᠡᠰ ᠢ ᠭᠠᠷᠭᠠᠵᠦ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠳᠤ  ᠮᠡᠳᠡᠭᠦᠯᠵᠤ ᠬᠢᠨᠠᠨ ᠵᠦᠪᠰᠢᠶᠡᠷᠡᠭᠦᠯᠦᠨ᠎ᠡ᠃       6. ᠨᠡᠶᠢᠲᠡ ᠳᠤ ᠵᠠᠷᠯᠠᠬᠤ ᠪᠠ ᠫᠠᠶᠢᠰᠠ ᠢᠯᠡᠷᠬᠡᠶᠢᠯᠡᠯ ᠤᠯᠭᠤᠬᠤ᠄ ᠪᠠᠳᠤᠯᠠᠭᠳᠠᠭᠰᠠᠨ ᠨᠡᠷᠡᠰ ᠢ ᠨᠡᠶᠢᠭᠡᠮ  ᠨᠡᠶᠢᠲᠡ ᠳᠤ 5 ᠠᠵᠢᠯᠯᠠᠬᠤ ᠡᠳᠦᠷ ᠨᠡᠶᠢᠳᠡᠯᠠᠨ᠎ᠠ᠃ ᠨᠡᠶᠢᠲᠡ ᠳᠤ ᠵᠠᠷᠯᠠᠨ ᠨᠡᠶᠢᠳᠡᠯᠡᠭᠡᠳ ᠲᠠᠭᠤᠰᠤᠭᠰᠠᠨ ᠤ ᠰᠡᠭᠦᠯᠡᠷ᠂ ᠬᠢᠷᠢ ᠲᠡᠩᠴᠡᠭᠰᠡᠳ ᠲᠤ《ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠲᠠ ᠪᠠᠯᠭᠠᠰᠤ ᠶᠢᠨ  ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ᠤᠨ ᠲᠤᠭᠲᠠᠭᠰᠠᠨ ᠴᠢᠭᠲᠦ ᠡᠮᠴᠢᠯᠡᠭᠡᠨ ᠤ  ᠪᠠᠶᠢᠭᠤᠯᠤᠮᠵᠢ ᠶᠢᠨ ᠬᠢᠷᠢ ᠬᠡᠮ ᠤᠨ ᠦᠨᠡᠮᠯᠡᠯ ᠤᠨ ᠪᠢᠴᠢᠭ》 ᠢ ᠤᠯᠭᠤᠬᠤ ᠶᠢᠨ ᠬᠠᠮᠲᠤ᠂ ᠫᠠᠶᠢᠰᠠ ᠢᠯᠡᠷᠭᠡᠶᠢᠯᠡᠯ ᠢ  ᠤᠯᠭᠤᠨ᠎ᠠ᠃ ᠴᠠᠭ ᠬᠤᠭᠤᠴᠠᠭ᠎ᠠ ᠨᠢ ᠵᠢᠯ ᠪᠦᠷᠢ ᠶᠢᠨ 3᠂ 6᠂ 9 ᠳ᠋ᠤᠭᠡᠷ ᠰᠠᠷ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号