| ᠲᠤᠭ᠎ᠠ ᠪᠦᠷᠢᠳᠭᠡᠯ ᠤᠨ ᠲᠤᠪᠴᠢᠶ᠎ᠠ | ᠭᠤᠤᠯ ᠡᠭᠦᠷᠭᠡ ᠴᠢᠳᠠᠪᠤᠷᠢ ᠪᠠ ᠡᠭᠦᠷᠭᠡ ᠬᠠᠷᠢᠭᠤᠴᠠᠯᠭ᠎ᠠ᠄ | ︵ᠨᠢᠭᠡ︶ ᠤᠯᠤᠰ ᠤᠨ ᠲᠤᠭ᠎ᠠ ᠪᠦᠷᠢᠳᠭᠡᠯ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠪᠤᠯᠤᠨ | ᠬᠠᠤᠯᠢ ᠴᠠᠭᠠᠵᠠ᠂ ᠬᠠᠤᠯᠢ ᠲᠤᠭᠲᠠᠭᠠᠯ ᠢ ᠲᠤᠤᠱᠯᠠᠭᠤᠯᠤᠨ ᠭᠡᠷᠩᠵᠢᠭᠦᠯᠦᠨ᠂ ᠪᠦᠬᠦ ᠰᠢᠶᠠᠨ ᠤ ᠲᠤᠭ᠎ᠠ | ᠪᠦᠷᠢᠳᠭᠡᠯ ᠤᠨ ᠦᠭᠡᠷᠡᠴᠢᠯᠡᠯᠲᠡ᠂ ᠲᠤᠭ᠎ᠠ ᠪᠦᠷᠢᠳᠭᠡᠯ ᠤᠨ ᠠᠵᠢᠯ ᠤᠨ ᠲᠦᠯᠦᠪᠵᠢᠭᠦᠯᠭᠡ ᠬᠢᠭᠡᠳ ᠲᠤᠭ᠎ᠠ | ᠪᠦᠷᠢᠳᠭᠡᠯ ᠤᠨ ᠪᠠᠶᠢᠴᠠᠭᠠᠯᠲᠠ ᠶᠢᠨ ᠲᠦᠯᠦᠪᠯᠡᠭᠡ ᠶᠢ ᠲᠤᠭᠲᠠᠭᠠᠵᠤ᠂ ᠪᠦᠭᠦ ᠰᠢᠶᠠᠨ ᠤ ᠲᠤᠭ᠎ᠠ ᠪᠦᠷᠢᠳᠭᠡᠯ ᠤᠨ | ᠠᠵᠢᠯ ᠢ ᠵᠤᠬᠢᠶᠠᠨ ᠪᠠᠶᠢᠭᠤᠯᠤᠨ ᠤᠳᠤᠷᠢᠳᠬᠤ ᠪᠠ ᠵᠤᠬᠢᠴᠠᠭᠤᠯᠤᠨ᠂ ᠰᠠᠯᠠᠭ᠎ᠠ ᠮᠥᠴᠢᠷ ᠤᠨ ᠲᠤᠭ᠎ᠠ ᠪᠥᠷᠢᠳᠭᠡᠯ | ᠳᠤ ᠬᠢᠨᠠᠯᠲᠠ ᠲᠡᠯᠪᠢᠨ ᠬᠠᠮᠢᠶᠠᠷᠤᠨ᠎ᠠ᠃ ᠤᠯᠤᠰ ᠪᠤᠯᠤᠨ ᠦᠪᠡᠷᠳᠡᠭᠡᠨ ᠵᠠᠰᠠᠬᠤ ᠤᠷᠤᠨ ᠤ ᠦᠨᠳᠤᠰᠤᠨ ᠲᠤᠭ᠎ᠠ | ᠪᠥᠷᠢᠳᠭᠡᠯ ᠤᠨ ᠲᠥᠷᠢᠮ ᠢ ᠲᠤᠤᠱᠯᠠᠭᠤᠯᠤᠨ ᠭᠡᠷᠩᠵᠢᠬᠦᠯᠦᠨ᠂ ᠲᠤᠭ᠎ᠠ ᠪᠦᠷᠢᠳᠭᠡᠯ ᠤᠨ ᠬᠠᠤᠯᠢ ᠴᠠᠭᠠᠵᠠ᠂ | ᠬᠠᠤᠯᠢ ᠲᠤᠭᠲᠠᠭᠠᠯ ᠪᠤᠯᠤᠨ ᠲᠤᠭ᠎ᠠ ᠪᠥᠷᠢᠳᠭᠡᠯ ᠤᠨ ᠲᠥᠷᠢᠮ ᠢ ᠬᠡᠷᠡᠭᠵᠢᠭᠦᠯᠵᠤ ᠪᠠᠶᠢᠭ᠎ᠠ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠨ᠎ᠠ᠃ | ︵ᠬᠤᠶᠠᠷ︶ ᠣᠯᠣᠰ ᠠᠷᠠᠳ ᠤᠨ ᠠᠵᠦ ᠠᠬᠤᠢ ᠪᠤᠯᠤᠨ ᠨᠡᠶᠢᠭᠡᠮ ᠤᠨ ᠭᠦᠭᠵᠢᠯᠲᠡ ᠶᠢᠨ ᠪᠠᠶᠢᠳᠠᠯ ᠤᠨ | ᠲᠤᠭ᠎ᠠ ᠪᠥᠷᠢᠳᠭᠡᠯ ᠤᠨ ᠬᠥᠮᠥᠷᠭᠡ ᠪᠤᠯᠤᠨ ᠮᠡᠲ᠋ᠧᠷᠢᠶᠠᠯ ᠢ ᠲᠤᠬᠳᠠᠮᠠᠯ ᠬᠤᠭᠤᠴᠠᠭ᠎ᠠ ᠲᠠᠢ ᠪᠠᠷ ᠴᠤᠬᠯᠠᠭᠤᠯᠤᠨ᠂ | ᠡᠮᠬᠢᠳᠭᠡᠨ᠂ ᠬᠠᠩᠭᠠᠨ᠎ᠠ᠃ ᠡᠯ᠎ᠡ ᠵᠤᠶᠢᠯ ᠤᠨ ᠲᠤᠭ᠎ᠠ ᠪᠥᠷᠢᠳᠭᠡᠯ ᠤᠨ ᠬᠥᠮᠥᠷᠭᠡ ᠶᠢ ᠠᠰᠢᠭᠯᠠᠨ ᠲᠤᠭ᠎ᠠ | ᠪᠥᠷᠢᠳᠭᠡᠯ ᠤᠨ ᠵᠠᠳᠠᠯᠤᠯᠲᠠ᠂ ᠲᠤᠭ᠎ᠠ ᠪᠦᠷᠢᠳᠭᠡᠯ ᠤᠨ ᠲᠦᠰᠦᠭᠡᠯᠡᠯᠲᠡ ᠬᠢᠬᠦ ᠪᠠ ᠲᠤᠭ᠎ᠠ ᠪᠦᠷᠢᠳᠭᠡᠯ ᠳᠤ | ᠬᠢᠨᠠᠯᠲᠠ ᠲᠠᠯᠪᠢᠨ᠎ᠠ᠃ ᠰᠢᠶᠠᠨ ᠤ ᠨᠠᠮ ᠬᠤᠷᠢᠶ᠎ᠠ᠂ ᠵᠠᠰᠠᠭ ᠤᠨ ᠤᠷᠳᠤᠨ ᠬᠢᠭᠡᠳ ᠬᠤᠯᠪᠤᠭᠳᠠᠯ ᠪᠦᠬᠦᠢ ᠰᠠᠯᠠᠭ᠎ᠠ | ᠮᠦᠴᠢᠷ ᠲᠤ ᠲᠤᠭ᠎ᠠ ᠪᠦᠷᠢᠳᠭᠡᠯ ᠤᠨ ᠮᠡᠳᠡᠭᠡ ᠵᠠᠩᠬᠢ ᠪᠠ ᠯᠠᠪᠯᠠᠯᠭ᠎ᠠ ᠶᠢᠨ ᠰᠠᠨᠠᠭᠤᠯᠭ᠎ᠠ ᠬᠠᠨᠭ᠍ᠭᠠᠨ᠎ᠠ᠃ ᠲᠤᠭᠲᠠᠮᠠᠯ | ᠬᠤᠭᠤᠴᠠᠭ᠎ᠠ ᠲᠠᠢ ᠪᠠᠷ ᠲᠤᠭ᠎ᠠ ᠪᠥᠷᠢᠳᠭᠡᠯ ᠤᠨ ᠠᠯᠪᠠᠨ ᠮᠡᠳᠡᠭᠡ ᠵᠢᠨᠡᠶᠢᠲᠡᠯᠡᠨᠡ᠃ | ︵ᠭᠤᠷᠪᠠ︶ ᠤᠯᠤᠰ᠂ ᠥᠪᠡᠷᠳᠡᠭᠡᠨ ᠵᠠᠰᠠᠬᠤ ᠤᠷᠤᠨ ᠪᠤᠯᠤᠨ ᠬᠤᠲᠠ ᠶᠢᠨ ᠨᠡᠶᠢᠳᠡᠮ ᠪᠠᠶᠢᠴᠠᠭᠠᠯᠲᠠ ᠶᠢᠨ | ᠲᠦᠰᠦᠯ ᠤᠨ ᠶᠤᠰᠤᠭᠠᠷ᠂ ᠪᠥᠬᠦ ᠰᠢᠶᠠᠨ ᠤ ᠨᠡᠶᠢᠳᠡᠮ ᠪᠠᠶᠢᠴᠠᠭᠠᠯᠲᠠ ᠶᠢᠨ ᠲᠦᠯᠦᠪᠯᠡᠭᠡ ᠪᠤᠯᠤᠨ ᠨᠡᠶᠢᠳᠡᠮ | ᠪᠠᠶᠢᠴᠠᠭᠠᠯᠲᠠ ᠶᠢᠨ ᠲᠦᠰᠦᠯ ᠢ ᠲᠤᠬᠳᠠᠭᠠᠵᠦ᠂ ᠲᠤᠰ ᠰᠢᠶᠠᠨ ᠤ ᠲᠤᠳᠤᠭᠠᠳᠤ ᠳᠠᠬᠢ ᠡᠯ᠎ᠡ ᠲᠥᠷᠥᠯ ᠤᠨ ᠲᠤᠮᠤ | ᠬᠡᠯᠪᠡᠷᠢ ᠶᠢᠨ ᠲᠤᠰᠬᠠᠢ ᠨᠡᠶᠢᠳᠡᠮ ᠪᠠᠶᠢᠴᠠᠭᠠᠯᠲᠠ ᠶᠢᠨ ᠬᠥᠳᠡᠯᠭᠡᠭᠡᠨ ᠢ ᠵᠤᠬᠢᠶᠠᠨ ᠪᠠᠶᠢᠭᠤᠯᠤᠨ ᠭᠡᠷᠩᠵᠢᠭᠦᠯᠦᠨ᠂ | ᠲᠡᠭᠡᠳᠤ ᠱᠠᠳᠤᠨ ᠤ ᠱᠠᠭᠠᠷᠳᠠᠯᠭ᠎ᠠ ᠶᠤᠰᠤᠭᠠᠷ᠂ ᠲᠤᠬᠳᠠᠮᠠᠯ ᠬᠤᠭᠤᠴᠠᠭ᠎ᠠ ᠪᠤᠯᠤᠨ ᠲᠤᠬᠳᠠᠮᠠᠯ ᠪᠤᠰᠤ ᠬᠤᠭᠤᠴᠠᠭᠠᠨ | ᠳᠤ ᠡᠯ᠎ᠡ ᠵᠤᠶᠢᠯ ᠤᠨ ᠲᠤᠭ᠎ᠠ ᠪᠥᠷᠢᠳᠭᠡᠯ ᠤᠨ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ︵ᠳᠦᠷᠪᠡ︶ ᠲᠤᠭ᠎ᠠ ᠪᠥᠷᠢᠳᠭᠡᠯ ᠤᠨ ᠥᠨᠳᠤᠰᠤᠨ ᠱᠠᠳᠤᠨ ᠤ ᠰᠠᠭᠤᠷᠢ ᠪᠥᠳᠥᠭᠡᠨ ᠪᠠᠶᠢᠭᠤᠯᠤᠯᠲᠠ ᠶᠢ | ᠴᠢᠩᠭᠠᠳᠬᠠᠨ᠂ ᠲᠤᠭ᠎ᠠ ᠪᠥᠷᠢᠳᠭᠡᠯ ᠤᠨ ᠰᠤᠷᠭᠠᠨ ᠬᠥᠮᠥᠵᠢᠯ ᠪᠤᠯᠤᠨ ᠲᠤᠭ᠎ᠠ ᠪᠥᠷᠢᠳᠭᠡᠯ ᠤᠨ ᠺᠠᠳ᠋ᠷ ᠤᠨ | ᠪᠤᠯᠪᠠᠰᠤᠷᠠᠯ ᠤᠨ ᠠᠵᠢᠯ ᠢ ᠴᠢᠩᠭᠠᠳᠬᠠᠨ᠎ᠠ᠃ | ︵ᠲᠠᠪᠤ︶ ᠲᠤᠭ᠎ᠠ ᠪᠦᠷᠢᠳᠭᠡᠯ ᠤᠨ ᠮᠡᠳᠡᠭᠡ ᠵᠠᠩᠭᠢ ᠶᠢᠨ ᠠᠦ᠋ᠲ᠋ᠤᠴᠢᠯᠠᠬᠤ ᠲᠤᠤᠷ ᠪᠤᠯᠤᠨ ᠲᠤᠭ᠎ᠠ | ᠪᠦᠷᠢᠳᠭᠡᠯ ᠤᠨ ᠬᠦᠮᠦᠷᠭᠡ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠦᠨ᠎ᠠ᠃ ᠲᠤᠭ᠎ᠠ ᠪᠥᠷᠢᠳᠭᠡᠯ ᠤᠨ ᠰᠤᠷᠠᠭ ᠵᠠᠩᠬᠢ ᠶᠢᠨ ᠰᠥᠯᠵᠢᠶᠡᠨ ᠤ ᠬᠠᠮᠢᠶᠠᠷᠤᠯᠲᠠ᠂ ᠠᠮᠤᠷ | ᠲᠥᠪᠰᠢᠨ ᠨᠢᠭᠤᠴᠠ ᠶᠢ ᠬᠠᠮᠭᠠᠯᠠᠬᠤ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠰᠢᠶᠠᠨ ᠤ ᠠᠷᠠᠳ ᠤᠨ ᠵᠠᠰᠠᠭ ᠤᠨ ᠤᠷᠳᠤᠨ ᠤ ᠲᠤᠰᠢᠶᠠᠭᠰᠠᠨ ᠪᠤᠰᠤᠳ ᠵᠦᠢᠯ ᠤᠨ | ᠶᠠᠪᠤᠳᠠᠯ ᠢ ᠳᠠᠭᠠᠭᠠᠨ ᠬᠢᠨ᠎ᠠ᠃ | |