| ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ | ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠤᠯᠤᠰ ᠂ ᠥᠪᠡᠷᠳᠡᠭᠡᠨ ᠵᠠᠰᠠᠬᠤ ᠤᠷᠤᠨ᠂ ᠬᠤᠲᠠ ᠶᠢᠨ ᠬᠦᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠦᠢᠯᠡᠰ ᠤᠨ ᠬᠦᠭᠵᠢᠯᠳᠡ ᠶᠢᠨ ᠲᠦᠯᠦᠪᠵᠢᠬᠦᠯᠭᠡ᠂ ᠲᠦᠷᠦ ᠶᠢᠨ | ᠪᠤᠳᠤᠯᠭ᠎ᠠ᠂ ᠬᠠᠤᠯᠢ ᠴᠠᠭᠠᠵᠠ ᠬᠠᠤᠯᠢ ᠲᠥᠷᠢᠮ ᠢ ᠲᠤᠤᠱᠯᠠᠭᠤᠯᠤᠨ ᠬᠡᠷᠡᠭᠵᠢᠬᠦᠯᠦᠨ᠎ᠡ︔ ᠨᠢᠩᠴᠧᠩ ᠰᠢᠶᠠᠨ ᠤ | ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠤᠶᠢᠯᠡᠰ ᠤᠨ ᠬᠦᠭᠵᠢᠯᠳᠡ ᠶᠢᠨ | ᠲᠦᠯᠦᠪᠵᠢᠬᠦᠯᠭᠡ ᠲᠥᠰᠥᠯ ᠪᠣᠯᠣᠨ ᠲᠥᠷᠥ ᠶᠢᠨ ᠪᠤᠳᠤᠯᠭ᠎ᠠ ᠶᠢ ᠲᠤᠭᠤᠷᠪᠢᠨ ᠲᠤᠬᠳᠠᠭᠠᠬᠤ ᠶᠢᠨ ᠬᠠᠮᠲᠤ ᠵᠤᠬᠢᠶᠠᠨ | ᠪᠠᠶᠢᠭᠤᠯᠤᠨ ᠬᠡᠷᠩᠵᠢᠭᠦᠯᠭᠦ ᠪᠤᠯᠤᠨ ᠬᠢᠨᠠᠯᠲᠠ ᠲᠠᠯᠪᠢᠨ ᠪᠠᠶᠢᠴᠠᠭᠠᠨ᠎ᠠ᠃ | ︵ᠬᠤᠶᠠᠷ︶ ᠨᠢᠩᠴᠧᠩ ᠰᠢᠶᠠᠨ ᠤ ᠬᠦᠮᠦᠨ ᠤ ᠬᠦᠴᠦᠨ ᠤ ᠡᠬᠢ ᠪᠠᠶᠠᠯᠢᠭ ᠢ ᠨᠡᠬᠡᠬᠡᠨ ᠬᠦᠭᠵᠢᠬᠦᠯᠬᠦ | ᠲᠦᠯᠦᠪᠵᠢᠬᠦᠯᠭᠡ ᠶᠢ ᠲᠤᠭᠤᠷᠪᠢᠨ ᠲᠤᠭᠳᠠᠭᠠᠵᠦ᠂ ᠴᠢᠳᠠᠪᠤᠷᠢᠳᠠᠨ ᠤ ᠪᠠᠶᠢᠯᠳᠤᠬᠤ ᠪᠤᠳᠤᠯᠭ᠎ᠠ ᠶᠢᠨ | ᠬᠡᠷᠡᠭᠵᠢᠬᠦᠯᠦᠯᠳᠡ ᠶᠢ ᠲᠦᠯᠬᠢᠨ ᠠᠬᠢᠭᠤᠯᠵᠤ᠂ ᠴᠢᠳᠠᠪᠤᠷᠢᠳᠠᠨ ᠢ ᠨᠦᠬᠡᠴᠡᠯᠡᠬᠦ ᠲᠦᠷᠢᠮ ᠢ ᠲᠡᠬᠦᠯᠳᠡᠷᠵᠢᠬᠦᠯᠦᠨ᠎ᠡ︔ | ᠪᠦᠬᠦ ᠰᠢᠶᠠᠨ ᠤ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠲᠡᠯᠭᠡᠬᠦᠷ ᠤᠨ ᠬᠦᠭᠵᠢᠯᠳᠡ ᠶᠢᠨ | ᠲᠦᠯᠦᠪᠵᠢᠬᠦᠯᠭᠡ ᠶᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠪᠦᠬᠦ | ᠰᠢᠶᠠᠨ ᠤ ᠨᠢᠭᠡᠳᠦᠭᠰᠡᠨ ᠵᠢᠷᠤᠮᠵᠢᠯ ᠲᠠᠢ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠲᠡᠯᠭᠡᠬᠦᠷ ᠢ ᠪᠠᠶᠢᠭᠤᠯᠵᠤ | ᠂ ᠬᠦᠮᠦᠨ ᠤ ᠬᠦᠴᠦᠨ ᠤ ᠡᠬᠢ ᠪᠠᠶᠠᠯᠢᠭ ᠢ ᠵᠦᠢ ᠵᠤᠬᠢᠰᠳᠠᠢ ᠡᠷᠬᠢᠯᠳᠤᠬᠦᠯᠤᠨ᠂ ᠪᠦᠳᠦᠮᠵᠢᠳᠠᠢ ᠲᠤᠬᠢᠷᠠᠭᠤᠯᠬᠤ ᠶᠢ | ᠠᠬᠢᠭᠤᠯᠤᠨ᠎ᠠ᠃ | ︵ᠭᠤᠷᠪᠠ︶ ᠬᠤᠳᠠ ᠬᠦᠳᠡᠭᠡ ᠶᠢᠨ ᠠᠵᠢᠯ ᠤᠯᠭᠤᠬᠤ ᠬᠦᠭᠵᠢᠯᠳᠡ ᠶᠢ ᠨᠢᠭᠡᠳᠦᠯᠳᠡᠢ ᠲᠦᠯᠦᠪᠯᠡᠬᠦ | ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠭᠡᠷᠩᠵᠢᠬᠦᠯᠦᠨ᠂ ᠨᠢᠩᠴᠧᠩ ᠰᠢᠶᠠᠨ ᠤ ᠬᠤᠳᠠ ᠬᠦᠳᠡᠭᠡ ᠶᠢᠨ ᠠᠵᠢᠯ | ᠤᠯᠭᠤᠬᠤ ᠬᠦᠭᠵᠢᠯᠳᠡ ᠶᠢ ᠨᠢᠭᠡᠳᠦᠯᠳᠡᠢ ᠲᠦᠯᠦᠪᠯᠡᠬᠦ ᠲᠦᠯᠦᠪᠵᠢᠬᠦᠯᠭᠡ ᠪᠠ ᠲᠦᠷᠦ ᠶᠢᠨ ᠪᠤᠳᠤᠯᠭ᠎ᠠ ᠶᠢ | ᠲᠤᠭᠤᠷᠪᠢᠨ ᠲᠤᠭᠳᠠᠭᠠᠵᠦ ᠂ ᠤᠯᠠᠨ ᠨᠡᠶᠢᠳᠡ ᠶᠢᠨ ᠠᠵᠢᠯ ᠤᠯᠭᠤᠬᠤ ᠦᠢᠯᠡᠴᠢᠯᠡᠭᠡ ᠶᠢᠨ ᠰᠢᠰᠲ᠋ᠧᠮ ᠢ | ᠲᠡᠬᠦᠯᠳᠡᠷᠵᠢᠬᠦᠯᠦᠨ᠎ᠡ︔ ᠠᠵᠢᠯ ᠤᠯᠭᠤᠬᠤ ᠲᠤᠰᠠᠯᠠᠮᠵᠢ ᠶᠢᠨ ᠲᠦᠷᠢᠮ ᠪᠤᠯᠤᠨ ᠠᠵᠢᠯ ᠮᠡᠷᠭᠡᠵᠢᠯ ᠤᠨ ᠬᠢᠷᠢ | ᠬᠡᠮ ᠤᠨ ᠲᠦᠷᠢᠮ ᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ᠂ ᠬᠤᠳᠠ ᠬᠦᠳᠡᠭᠡ ᠶᠢᠨ ᠬᠦᠳᠡᠯᠮᠦᠷᠢᠴᠢᠳ ᠲᠤ | ᠬᠠᠨᠳᠤᠭᠤᠯᠤᠭᠰᠠᠨ ᠠᠵᠢᠯ ᠮᠡᠷᠭᠡᠵᠢᠯ ᠤᠨ ᠪᠤᠯᠪᠠᠰᠤᠷᠠᠭᠤᠯᠤᠯ ᠤᠨ ᠲᠦᠷᠢᠮ ᠢ ᠨᠢᠭᠡᠳᠦᠯᠳᠡᠢ ᠪᠠᠶᠢᠭᠤᠯᠤᠨ᠎ᠠ︔ ᠲᠡᠭᠡᠳᠤ | ᠰᠤᠷᠭᠠᠭᠤᠯᠢ ᠲᠡᠬᠦᠰᠦᠭᠰᠡᠳ ᠲᠤ ᠠᠵᠢᠯ ᠤᠯᠭᠤᠬᠤ ᠲᠦᠷᠦ ᠶᠢᠨ ᠪᠤᠳᠤᠯᠭ᠎ᠠ ᠶᠢ ᠲᠦᠷᠦᠬᠦᠯᠡᠨ | ᠨᠠᠶᠢᠳᠠᠪᠤᠷᠢᠵᠢᠭᠤᠯᠤᠨ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠡᠯ᠎ᠡ ᠲᠦᠷᠦᠯ ᠤᠨ ᠴᠢᠳᠠᠪᠤᠷᠢᠳᠠᠨ ᠢ | ᠬᠦᠮᠦᠵᠢᠬᠦᠯᠬᠦ᠂ ᠲᠠᠳᠠᠬᠤ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢ ᠲᠤᠭᠤᠷᠪᠢᠨ | ᠲᠤᠭᠳᠠᠭᠠᠨ᠎ᠠ᠃ | ︵ᠲᠦᠷᠪᠡ︶ ᠬᠤᠳᠠ ᠬᠦᠳᠡᠭᠡ ᠶᠢᠨ ᠨᠡᠶᠢᠭᠡᠮ ᠤᠨ ᠲᠠᠭᠠᠳᠬᠠᠯ ᠵᠢᠴᠢ ᠪᠤᠰᠣᠳ ᠨᠦᠬᠦᠪᠦᠷᠢ | ᠲᠠᠭᠠᠳᠬᠠᠯ ᠤᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠂ ᠪᠦᠬᠦ ᠰᠢᠶᠠᠨ ᠤ ᠬᠤᠳᠠ | ᠬᠦᠳᠡᠭᠡ ᠶᠢᠨ ᠨᠡᠶᠢᠭᠡᠮ ᠤᠨ ᠲᠠᠭᠠᠳᠬᠠᠯ ᠵᠢᠴᠢ ᠪᠤᠰᠣᠳ ᠨᠦᠬᠦᠪᠦᠷᠢ ᠲᠠᠭᠠᠳᠬᠠᠯ ᠤᠨ ᠪᠠᠷᠢᠮᠵᠢᠶ᠎ᠡ ᠶᠢ | ᠬᠡᠷᠡᠭᠵᠢᠬᠦᠯᠦᠨ᠎ᠡ︔ | ᠬᠤᠲᠠ ᠬᠦᠳᠡᠭᠡ ᠶᠢ ᠪᠥᠷᠭᠦᠭᠰᠡᠨ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠨᠢᠭᠡᠳᠤᠯᠳᠠᠢ ᠪᠠᠶᠢᠭᠤᠯᠤᠨ᠂ | ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ | ᠲᠠᠭᠠᠳᠬᠠᠯ ᠤᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ ᠂ ᠤᠯᠤᠰ᠂ ᠦᠪᠡᠷᠳᠡᠭᠡᠨ | ᠵᠠᠰᠠᠬᠤ ᠤᠷᠤᠨ ᠤ ᠨᠡᠶᠢᠭᠡᠮ ᠤᠨ ᠲᠠᠭᠠᠳᠬᠠᠯ ᠵᠢᠴᠢ ᠪᠤᠰᠤᠳ ᠨᠦᠬᠦᠪᠦᠷᠢ ᠲᠠᠭᠠᠳᠬᠠᠯ ᠤᠨ ᠰᠠᠭᠤᠷᠢ ᠮᠦᠩᠬᠦ ᠶᠢ | ᠬᠠᠮᠢᠶᠠᠷᠬᠤ ᠪᠠ ᠬᠢᠨᠠᠯᠳᠠ ᠲᠠᠯᠪᠢᠬᠤ ᠲᠥᠷᠢᠮ ᠢ ᠲᠤᠤᠱᠯᠠᠭᠤᠯᠤᠨ ᠬᠡᠷᠡᠭᠵᠢᠬᠦᠯᠦᠨ᠎ᠡ︔ | ︵ᠲᠠᠪᠤ︶ ᠪᠦᠬᠦ ᠰᠢᠶᠠᠨ ᠤ ᠠᠵᠢᠯ ᠤᠯᠭᠤᠬᠤ᠂ ᠠᠵᠢᠯ ᠠᠯᠳᠠᠬᠤ᠂ ᠨᠡᠶᠢᠭᠡᠮ ᠤᠨ ᠲᠠᠭᠠᠳᠬᠠᠯ ᠤᠨ ᠰᠠᠭᠤᠷᠢ | ᠮᠦᠩᠬᠦ ᠶᠢᠨ ᠲᠦᠰᠦᠭᠡᠯᠡᠬᠦ ᠤᠷᠢᠳᠴᠢᠯᠠᠨ ᠰᠡᠷᠡᠮᠵᠢᠯᠡᠬᠦᠯᠬᠦ ᠪᠠ ᠮᠡᠳᠡᠭᠡ ᠵᠠᠩᠬᠢ ᠪᠠᠷ ᠬᠦᠳᠦᠯᠦᠨ ᠵᠢᠯᠤᠭᠤᠳᠬᠤ ᠶᠢ | ᠬᠠᠷᠢᠭᠤᠴᠠᠨ᠎ᠠ︔ ᠠᠷᠭᠠᠴᠠᠭᠠᠬᠤ ᠲᠦᠰᠦᠪ ᠢ ᠲᠤᠭᠤᠷᠪᠢᠨ ᠲᠤᠭᠳᠠᠭᠠᠵᠤ᠂ ᠰᠡᠷᠭᠡᠶᠢᠯᠡᠬᠦ᠂ ᠲᠤᠬᠢᠷᠠᠭᠤᠯᠬᠤ ᠪᠠ | ᠬᠢᠵᠠᠭᠠᠷᠯᠠᠬᠤ ᠶᠢ ᠬᠡᠷᠡᠭᠵᠢᠬᠦᠯᠵᠤ᠂ ᠠᠵᠢᠯ ᠤᠯᠭᠤᠬᠤ ᠪᠠᠶᠢᠳᠠᠯ ᠢ ᠲᠤᠭᠳᠠᠭᠤᠨ ᠪᠠᠶᠢᠯᠭᠠᠬᠤ ᠪᠠ ᠨᠡᠶᠢᠭᠡᠮ ᠤᠨ | ᠲᠠᠭᠠᠳᠬᠠᠯ ᠤᠨ ᠰᠠᠭᠤᠷᠢ ᠮᠦᠩᠬᠦ ᠶᠢᠨ ᠶᠡᠷᠦᠩᠬᠡᠢ ᠤᠷᠤᠯᠭ᠎ᠠ ᠵᠠᠷᠤᠯᠭ᠎ᠠ ᠶᠢ ᠲᠡᠩᠴᠡᠬᠦᠷᠢ ᠲᠠᠢ ᠪᠠᠶᠢᠯᠭᠠᠨ᠎ᠠ᠃ | ︵ᠵᠢᠷᠭᠤᠭ᠎ᠠ︶ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠪᠠᠶᠢᠭᠤᠯᠭ᠎ᠠ᠂ ᠠᠵᠢᠯ | ᠦᠢᠯᠡᠰ ᠤᠨ ᠨᠢᠭᠡᠴᠡ ᠶᠢᠨ ᠠᠵᠢᠯᠳᠠᠨ ᠤ ᠴᠡᠯᠢᠩ ᠤᠨ ᠣᠷᠤᠯᠭ᠎ᠠ ᠶᠢᠨ ᠬᠤᠪᠢᠶᠠᠷᠢᠯᠡᠯᠳᠡ ᠶᠢᠨ ᠲᠦᠷᠦ ᠶᠢᠨ | ᠪᠤᠳᠤᠯᠭ᠎ᠠ ᠶᠢ ᠲᠤᠤᠱᠯᠠᠭᠤᠯᠤᠨ ᠭᠡᠷᠩᠵᠢᠬᠦᠯᠦᠨ᠂ ᠪᠦᠬᠦ ᠰᠢᠶᠠᠨ ᠤ ᠪᠠᠶᠢᠭᠤᠯᠭ᠎ᠠ᠂ ᠠᠵᠢᠯ ᠦᠢᠯᠡᠰ ᠤᠨ | ᠨᠢᠭᠡᠴᠡ ᠶᠢᠨ ᠠᠵᠢᠯᠳᠠᠨ ᠤ ᠴᠠᠯᠢᠩ ᠠᠰᠠᠷᠠᠮᠵᠢ ᠪᠠ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠠᠵᠢᠯ ᠢ | ᠶᠡᠷᠤᠩᠭᠡᠶᠢᠯᠡᠨ ᠬᠠᠮᠢᠶᠠᠷᠤᠨ᠂ ᠤᠯᠤᠰ᠂ ᠦᠪᠡᠷᠳᠡᠭᠡᠨ ᠵᠠᠰᠠᠬᠤ ᠤᠷᠤᠨ ᠪᠤᠯᠤᠨ ᠬᠤᠲᠠ ᠶᠢᠨ ᠪᠠᠶᠢᠭᠤᠯᠭ᠎ᠠ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠠᠰᠠᠷᠠᠮᠵᠢ ᠪᠠ ᠠᠵᠢᠯ ᠠᠴᠠ ᠪᠠᠨ ᠠᠮᠠᠷᠠᠭᠰᠠᠳ | ᠪᠠᠭᠤᠭᠰᠠᠳ ᠤᠨ ᠲᠤᠬᠠᠢ ᠲᠥᠷᠥ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠬᠦᠯᠦᠨ᠎ᠡ︔ | ︵ᠲᠤᠯᠤᠭ᠎ᠠ︶ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠪᠦᠬᠦ ᠰᠢᠶᠠᠨ ᠤ ᠠᠵᠢᠯ | ᠦᠢᠯᠡᠰ ᠤᠨ ᠨᠢᠭᠡᠴᠡ ᠶᠢᠨ ᠠᠵᠢᠯᠳᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠵᠢᠯᠤᠭᠤᠳᠴᠤ᠂ ᠠᠵᠢᠯ | ᠦᠢᠯᠡᠰ ᠤᠨ ᠨᠢᠭᠡᠴᠡ ᠶᠢᠨ ᠠᠵᠢᠯᠳᠠᠨ ᠪᠠ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠴᠢᠳ ᠤᠨ | ᠬᠠᠮᠢᠶᠠᠷᠤᠯᠳᠠ ᠶᠢᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠭᠡᠷᠩᠵᠢᠭᠦᠯᠦᠨ᠂ ᠲᠤᠰᠬᠠᠢ ᠮᠡᠷᠭᠡᠵᠢᠯᠳᠡᠨ ᠤ | ᠬᠠᠮᠢᠶᠠᠷᠤᠯᠳᠠ ᠪᠠ ᠦᠷᠬᠦᠯᠵᠢᠯᠡᠭᠰᠡᠨ ᠬᠦᠮᠦᠵᠢᠯ ᠤᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠭᠡᠷᠩᠵᠢᠭᠦᠯᠦᠨ | ᠂ ᠮᠡᠷᠭᠡᠵᠢᠯ ᠤᠨ ᠴᠤᠯᠠ ᠶᠢᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠠᠵᠢᠯ ᠢ ᠲᠦᠯᠬᠢᠨ ᠠᠬᠢᠭᠤᠯᠵᠤ | ᠂ ᠦᠨᠳᠦᠷ ᠲᠡᠰ ᠤᠨ ᠲᠤᠰᠬᠠᠢ ᠮᠡᠷᠭᠡᠵᠢᠯ ᠤᠨ ᠴᠢᠳᠠᠪᠤᠷᠢᠳᠠᠨ ᠤ ᠲᠥᠯᠥᠪᠵᠢᠭᠦᠯᠭᠡ᠂ ᠬᠦᠮᠦᠵᠢᠬᠦᠯᠬᠦ ᠠᠵᠢᠯ ᠢ | ᠬᠠᠷᠢᠭᠤᠴᠠᠵᠤ᠂ ᠬᠤᠪᠢ ᠨᠡᠮᠡᠷᠢ ᠦᠵᠡᠭᠦᠯᠦᠭᠰᠡᠨ ᠢᠳᠡᠷ ᠵᠠᠯᠠᠭᠤ ᠲᠤᠰᠬᠠᠢ ᠮᠡᠷᠭᠡᠵᠢᠯᠲᠠᠨ᠂ ᠵᠠᠰᠠᠭ ᠤᠨ ᠤᠷᠳᠤᠨ | ᠤ ᠤᠨᠴᠠᠭᠠᠢ ᠨᠥᠬᠦᠪᠦᠷᠢ ᠶᠢ ᠬᠦᠷᠳᠡᠭᠡᠵᠦ ᠪᠠᠶᠢᠭ᠎ᠠ ᠮᠡᠷᠭᠡᠵᠢᠯᠲᠠᠨ ᠢ ᠰᠤᠩᠭᠤᠨ ᠲᠡᠪᠰᠢᠭᠦᠯᠭᠦ ᠠᠵᠢᠯ ᠢ ᠵᠤᠬᠢᠶᠠᠨ | ᠪᠠᠶᠢᠭᠤᠯᠤᠨ᠂ ᠠᠬᠠᠯᠠᠭᠴᠢ ᠳ᠋ᠤᠺᠲ᠋ᠤᠷ ᠤᠨ ᠬᠠᠮᠢᠶᠠᠷᠤᠯᠳᠠ ᠶᠢ ᠬᠠᠷᠢᠭᠤᠴᠠᠨ᠎ᠠ᠃ ᠣᠯᠣᠰ ᠤᠨ ᠬᠠᠮᠢᠶ᠎ᠠ ᠪᠥᠭᠦᠢ | ᠲᠥᠷᠥ ᠶᠢᠨ ᠪᠤᠳᠤᠯᠭ᠎ᠠ ᠬᠠᠤᠯᠢ ᠲᠥᠷᠢᠮ ᠶᠤᠰᠤᠭᠠᠷ᠂ ᠲᠤᠰᠬᠠᠢ ᠮᠡᠷᠭᠡᠵᠢᠯ ᠤᠨ ᠭᠤᠤᠯᠯᠠᠬᠴᠢ ᠴᠢᠳᠠᠪᠤᠷᠢᠳᠡᠨ | ᠤᠯᠤᠰ ︵ᠬᠢᠯᠢ︶ ᠢᠶᠠᠷ ᠤᠷᠤᠵᠦ ᠭᠠᠷᠬᠤ ᠪᠤᠯᠤᠨ ᠭᠠᠳᠠᠭᠠᠳᠤ ᠶᠢᠨ ᠪᠠᠶᠢᠭᠤᠯᠤᠮᠵᠢ ᠮᠠᠨ ᠤ ᠰᠢᠶᠠᠨ ᠳᠤ ᠲᠤᠰᠬᠠᠢ | ᠮᠡᠷᠭᠡᠵᠢᠯ ᠤᠨ ᠭᠤᠤᠯᠯᠠᠬᠴᠢ ᠴᠢᠳᠠᠪᠤᠷᠢᠳᠡᠨ ᠤᠷᠢᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠨᠠᠢᠮᠠ︶ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠴᠡᠷᠢᠭ ᠠᠴᠠ ᠰᠢᠯᠵᠢᠭᠰᠡᠨ ᠺᠠᠳ᠋ᠷ ᠢ | ᠲᠦᠪᠬᠢᠨᠡᠬᠦᠯᠬᠦ ᠲᠦᠷᠦ ᠶᠢᠨ ᠪᠤᠳᠤᠯᠭ᠎ᠠ ᠪᠠ ᠲᠦᠯᠦᠪᠯᠡᠭᠡ ᠶᠢ ᠨᠠᠶᠢᠳᠠᠪᠤᠷᠢᠵᠢᠭᠤᠯᠵᠤ᠂ ᠴᠡᠷᠢᠭ ᠠᠴᠠ ᠰᠢᠯᠵᠢᠭᠰᠡᠨ | ᠺᠠᠳ᠋ᠷ ᠤᠨ ᠬᠦᠮᠦᠵᠢᠬᠦᠯᠦᠨ ᠪᠤᠯᠪᠠᠰᠤᠷᠠᠭᠤᠯᠬᠤ ᠠᠵᠢᠯ ᠢ ᠬᠠᠷᠢᠭᠤᠴᠠᠵᠤ᠂ ᠭᠡᠰᠡᠭ ᠠᠵᠤ ᠠᠬᠤᠶᠢᠯᠠᠯ ᠤᠨ | ᠴᠡᠷᠢᠭ ᠠᠴᠠ ᠰᠢᠯᠵᠢᠭᠰᠡᠨ ᠺᠠᠳ᠋ᠷ ᠤᠨ ᠬᠦᠴᠢᠷᠳᠡᠯ ᠢ ᠰᠢᠢᠳᠪᠤᠷᠢᠯᠡᠨ ᠦᠭᠬᠦ ᠪᠠ ᠲᠡᠳᠡᠨ ᠢ ᠲᠤᠭᠳᠠᠪᠤᠷᠢᠵᠢᠭᠤᠯᠬᠤ | ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠭᠡᠷᠩᠵᠢᠬᠦᠯᠦᠨ᠂ ᠦᠪᠡᠷᠳᠡᠭᠡᠨ ᠠᠵᠢᠯ ᠰᠤᠩᠭᠤᠭᠰᠠᠨ ᠴᠡᠷᠢᠭ ᠠᠴᠠ | ᠰᠢᠯᠵᠢᠭᠰᠡᠨ ᠺᠠᠳ᠋ᠷ ᠤᠨ ᠭᠦᠴᠢᠷᠳᠡᠯ ᠢ ᠰᠢᠢᠳᠪᠤᠷᠢᠯᠡᠭᠦ ᠪᠤᠯᠤᠨ ᠲᠡᠳᠡᠨ ᠢ ᠲᠤᠭᠳᠠᠪᠤᠷᠢᠵᠢᠭᠤᠯᠬᠤ ᠲᠦᠷᠦ ᠶᠢᠨ | ᠪᠤᠳᠤᠯᠭ᠎ᠠ ᠶᠢ ᠬᠠᠷᠢᠭᠤᠴᠠᠨ᠂ ᠦᠪᠡᠷᠳᠡᠭᠡᠨ ᠠᠵᠢᠯ ᠰᠤᠩᠭᠤᠭᠰᠠᠨ ᠴᠡᠷᠢᠭ ᠠᠴᠠ ᠰᠢᠯᠵᠢᠭᠰᠡᠨ ᠺᠠᠳ᠋ᠷ ᠬᠠᠮᠢᠶᠠᠷᠬᠤ ᠪᠠ | ᠲᠡᠳᠡᠨ ᠳᠤ ᠦᠢᠯᠡᠴᠢᠯᠡᠬᠦ ᠠᠵᠢᠯ ᠢ ᠬᠠᠷᠢᠭᠤᠴᠠᠨ᠎ᠠ᠃ | ︵ᠶᠢᠰᠦ︶ ᠪᠦᠭᠦ ᠰᠢᠶᠠᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠳᠠᠨ ᠵᠢᠴᠢ《 ᠠᠯᠪᠠᠳᠠᠨ ᠤ | ᠬᠠᠤᠯᠢ》 ᠶᠢᠨ ᠠᠵᠢᠯ ᠤᠶᠢᠯᠡᠰ ᠤᠨ ᠨᠢᠭᠡᠴᠡ ᠶᠢ ᠶᠡᠷᠤᠩᠭᠡᠶᠢᠯᠡᠨ ᠬᠠᠮᠢᠶᠠᠷᠤᠯᠲᠠ ᠶᠢᠨ ᠶᠤᠰᠤᠭᠠᠷ ᠬᠠᠮᠢᠶᠠᠷᠬᠤ ᠶᠢ | ᠬᠠᠷᠢᠭᠤᠴᠠᠨ᠎ᠠ᠃ ᠤᠯᠤᠰ᠂ ᠦᠪᠡᠷᠳᠡᠭᠡᠨ ᠵᠠᠰᠠᠬᠤ ᠤᠷᠤᠨ ᠪᠤᠯᠤᠨ ᠬᠤᠲᠠ ᠶᠢᠨ ᠬᠤᠯᠪᠤᠭᠳᠠᠯ ᠪᠦᠬᠦᠢ ᠬᠦᠮᠦᠰ ᠢ | ᠰᠢᠯᠵᠢᠬᠦᠯᠦᠨ ᠲᠤᠬᠢᠷᠠᠭᠤᠯᠬᠤ ᠤᠯᠤᠰ ᠤᠨ ᠲᠦᠷᠦ ᠶᠢᠨ ᠪᠤᠳᠤᠯᠭ᠎ᠠ ᠪᠠ ᠣᠨᠴᠤᠭᠠᠢ ᠬᠦᠮᠦᠰ ᠢ ᠲᠦᠪᠬᠢᠨᠡᠬᠦᠯᠬᠦ | ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ | ᠤᠯᠤᠰ ᠤᠨ ᠢᠷᠠᠭᠤ ᠠᠯᠳᠠᠷ ᠤᠨ ᠲᠦᠷᠢᠮ ᠂ ᠵᠠᠰᠠᠭ ᠤᠨ ᠤᠷᠳᠤᠨ ᠤ ᠬᠦᠬᠢᠬᠦᠯᠦᠨ ᠱᠠᠩᠨᠠᠬᠤ ᠲᠦᠷᠢᠮ ᠢ | ᠲᠤᠤᠱᠯᠠᠭᠤᠯᠤᠨ ᠭᠡᠷᠩᠵᠢᠬᠦᠯᠦᠨ᠂ ᠵᠠᠰᠠᠭ ᠤᠨ ᠤᠷᠳᠤᠨ ᠤ ᠱᠠᠩᠨᠠᠨ ᠬᠥᠭᠢᠭᠦᠯᠭᠦ ᠪᠤᠯᠤᠨ ᠰᠠᠶᠢᠰᠢᠶᠠᠬᠤ ᠠᠵᠢᠯ ᠢ | ᠶᠡᠷᠤᠩᠭᠡᠶᠢᠯᠡᠨ ᠬᠠᠮᠢᠶᠠᠷᠤᠨ᠎ᠠ᠃ | ︵ᠠᠷᠪᠠ︶ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠲᠠᠷᠢᠶᠠᠴᠢᠨ ᠮᠠᠯᠴᠢᠨ ᠬᠦᠯᠦᠰᠦᠨ | ᠠᠵᠢᠯᠴᠢᠨ ᠤ ᠠᠵᠢᠯ ᠤᠨ ᠶᠡᠷᠦᠩᠭᠡᠶᠢᠯᠡᠭᠰᠡᠨ ᠴᠢᠨᠠᠷᠳᠠᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠭᠡᠷᠩᠵᠢᠬᠦᠯᠦᠨ | ᠂ ᠪᠦᠭᠦ ᠰᠢᠶᠠᠨ ᠤ ᠲᠠᠷᠢᠶᠠᠴᠢᠨ ᠮᠠᠯᠴᠢᠨ ᠬᠦᠯᠦᠰᠦᠨ ᠠᠵᠢᠯᠴᠢᠨ ᠤ ᠠᠵᠢᠯ ᠤᠨ ᠲᠥᠯᠥᠪᠵᠢᠭᠦᠯᠭᠡ ᠶᠢ ᠲᠤᠭᠤᠷᠪᠢᠨ | ᠲᠤᠬᠳᠠᠭᠠᠵᠦ᠂ ᠲᠠᠷᠢᠶᠠᠴᠢᠨ ᠮᠠᠯᠴᠢᠨ ᠬᠦᠯᠦᠰᠦᠨ ᠠᠵᠢᠯᠴᠢᠨ ᠤ ᠲᠤᠬᠠᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ | ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠭᠤᠤᠯᠳᠠᠯᠭ᠎ᠠ ᠲᠠᠢ ᠬᠦᠴᠢᠷᠳᠠᠢ ᠠᠰᠠᠭᠤᠳᠠᠯ ᠢ | ᠵᠤᠬᠢᠴᠠᠭᠤᠯᠤᠨ ᠰᠢᠢᠳᠪᠦᠷᠢᠯᠡᠨ᠂ ᠲᠠᠷᠢᠶᠠᠴᠢᠨ ᠮᠠᠯᠴᠢᠨ ᠬᠦᠯᠦᠰᠦᠨ ᠠᠵᠢᠯᠴᠢᠨ ᠤ ᠬᠠᠤᠯᠢ ᠶᠤᠰᠤᠨ ᠤ ᠡᠷᠭᠡ | ᠠᠰᠢᠭ ᠢ ᠬᠠᠮᠠᠭᠠᠯᠠᠨ᠎ᠠ᠃ | ︵ᠠᠷᠪᠠᠨ ᠨᠢᠭᠡ︶ ᠬᠦᠳᠡᠯᠮᠦᠷᠢ᠂ ᠠᠵᠢᠯᠳᠠᠨ ᠤ ᠶᠠᠪᠤᠳᠠᠯ ᠤᠨ ᠮᠠᠷᠭᠤᠭᠠᠨ ᠢ ᠡᠶᠡᠳᠡᠬᠦᠯᠦᠨ ᠰᠢᠢᠳᠪᠤᠷᠢᠯᠠᠬᠦ | ᠬᠦᠨᠳᠡᠯᠡᠨ ᠠᠴᠠ ᠲᠠᠰᠤᠯᠬᠤ ᠰᠢᠢᠳᠪᠤᠷᠢᠯᠡᠬᠦ ᠲᠦᠷᠢᠮ ᠪᠠ ᠬᠦᠳᠡᠯᠮᠦᠷᠢ ᠶᠢᠨ ᠬᠠᠷᠢᠴᠠᠭᠠᠨ ᠤ ᠲᠦᠷᠦ ᠶᠢᠨ | ᠪᠤᠳᠤᠯᠭ᠎ᠠ ᠶᠢ ᠨᠢᠭᠡᠳᠦᠯᠳᠡᠢ ᠲᠦᠯᠦᠪᠵᠢᠬᠦᠯᠦᠨ ᠬᠡᠷᠡᠭᠵᠢᠬᠦᠯᠵᠤ᠂ ᠬᠦᠳᠡᠯᠮᠦᠷᠢ ᠶᠢᠨ ᠬᠠᠷᠢᠴᠠᠭ᠎ᠠ ᠶᠢ ᠵᠤᠬᠢᠴᠠᠭᠤᠯᠬᠤ | ᠲᠤᠭᠳᠠᠴᠠ ᠶᠢ ᠲᠡᠬᠦᠯᠳᠡᠷᠵᠢᠬᠦᠯᠦᠨ᠎ᠡ︔ ᠬᠠᠤᠯᠢ ᠪᠤᠰᠤ ᠪᠠᠷ ᠬᠡᠦᠭᠡᠳ ᠠᠵᠢᠯᠴᠢᠨ ᠢ ᠬᠡᠷᠡᠭᠯᠡᠬᠦ ᠶᠢ ᠦᠭᠡᠶᠢᠰᠭᠡᠬᠦ | ᠲᠦᠷᠦ ᠶᠢᠨ ᠪᠤᠳᠤᠯᠭ᠎ᠠ ᠪᠠ ᠡᠮᠡᠭᠳᠡᠢ ᠠᠵᠢᠯᠴᠢᠨ᠂ ᠨᠠᠰᠤᠨ ᠳᠤ ᠬᠦᠷᠦᠭᠡᠳᠦᠢ ᠠᠵᠢᠯᠴᠢᠨ ᠤ ᠣᠨᠴᠣᠭᠤᠢ | ᠬᠦᠳᠡᠯᠮᠦᠷᠢ ᠶᠢ ᠬᠠᠮᠠᠭᠠᠯᠠᠬᠤ ᠲᠦᠷᠦ ᠶᠢᠨ ᠪᠤᠳᠤᠯᠭ᠎ᠠ ᠶᠢ ᠬᠢᠨᠠᠯᠳᠠ ᠲᠠᠯᠪᠢᠵᠤ ᠨᠠᠶᠢᠳᠠᠪᠤᠷᠢᠵᠢᠭᠤᠯᠤᠨ᠎ᠠ︔ | ᠬᠦᠳᠡᠯᠮᠦᠷᠢ ᠶᠢᠨ ᠬᠢᠨᠠᠨ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠬᠦᠳᠡᠯᠮᠤᠷᠢᠴᠢᠳ ᠤᠨ ᠡᠷᠭᠡ | ᠠᠰᠢᠭ ᠢᠶᠠᠨ ᠬᠠᠮᠠᠭᠠᠯᠠᠬᠤ ᠠᠵᠢᠯ ᠢ ᠵᠤᠬᠢᠴᠠᠭᠤᠯᠵᠤ᠂ ᠬᠠᠤᠯᠢ ᠲᠥᠷᠢᠮ ᠶᠢᠨ ᠵᠥᠷᠢᠴᠡᠭᠰᠡᠨ ᠬᠡᠷᠡᠭ ᠢ ᠬᠠᠤᠯᠢ | ᠶᠤᠰᠤᠭᠠᠷ ᠪᠠᠶᠢᠴᠠᠭᠠᠨ᠎ᠠ᠃ | ︵ᠠᠷᠪᠠᠨ ᠬᠤᠶᠠᠷ︶ ᠲᠡᠭᠡᠲᠤ ᠱᠠᠳᠤᠨ ᠤ ᠭᠠᠳᠠᠭᠠᠳᠤ ᠤᠯᠤᠰ ︵ᠬᠢᠯᠢ︶ ᠤᠨ ᠴᠢᠳᠠᠪᠤᠷᠢᠳᠠᠨ ᠪᠠ | ᠤᠶᠤᠨ ᠴᠢᠳᠠᠪᠤᠷᠢ ᠶᠢ ᠲᠠᠳᠠᠵᠤ ᠤᠷᠤᠭᠤᠯᠬᠤ ᠲᠤᠬᠠᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ︔ ᠪᠦᠬᠦ | ᠰᠢᠶᠠᠨ ᠤ ᠭᠠᠳᠠᠭᠠᠳᠤ ᠤᠯᠤᠰ ︵ᠬᠢᠯᠢ︶ ᠤᠨ ᠴᠢᠳᠠᠪᠤᠷᠢᠳᠠᠨ ᠪᠠ ᠤᠶᠤᠨ ᠴᠢᠳᠠᠪᠤᠷᠢ ᠶᠢ ᠲᠠᠳᠠᠵᠤ ᠤᠷᠤᠭᠤᠯᠬᠤ | ᠠᠵᠢᠯ ᠢ ᠬᠠᠷᠢᠭᠤᠴᠠᠨ᠎ᠠ ︔ | ︵ᠠᠷᠪᠠᠨ ᠭᠤᠷᠪᠠ︶ ᠰᠢᠶᠠᠨ ᠤ ᠵᠠᠰᠠᠭ ᠤᠨ ᠤᠷᠳᠤᠨ ᠠᠴᠠ ᠬᠦᠢᠴᠡᠳᠭᠡᠯᠭᠡᠬᠦ ᠪᠠᠷ ᠲᠤᠰᠢᠶᠠᠭᠰᠠᠨ | ᠪᠤᠰᠤᠳ ᠬᠡᠷᠡᠭ ᠶᠠᠪᠤᠳᠠᠯ ᠢ ᠬᠠᠷᠢᠭᠤᠴᠠᠨ ᠬᠦᠢᠴᠡᠳᠭᠡᠨ᠎ᠡ᠃ | |