ᠵᠠᠰᠠᠭ ᠤᠨ ᠤᠷᠳᠤᠨ ᠤ ᠠᠵᠢᠯ ᠤᠨ ᠢᠯᠡᠳᠭᠡᠯ | | 2016 ᠤᠨ ᠤ 3 ᠰᠠᠷ᠎ᠠ ᠶᠢᠨ 1 ᠡᠳᠤᠷ | ᠨᠢᠩᠴᠧᠩ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠠᠪᠤᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ | ᠨᠢᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠢᠶᠠᠨ ᠤ ᠲᠡᠷᠤᠭ᠎ᠠ | ᠮᠠ ᠵᠠᠨ ᠭᠥᠸᠧ | ᠲᠥᠯᠥᠭᠡᠯᠡᠭᠴᠢᠳ ᠡ : | ᠤᠳᠤ᠂ ᠪᠢ ᠰᠢᠶᠠᠨ ᠤ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠤᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠬᠡᠰᠢᠭᠦᠳ ᠪᠤᠯᠤᠨ | ᠬᠤᠷᠠᠯ ᠳᠤ ᠰᠤᠯᠠ ᠤᠷᠤᠯᠴᠠᠬᠰᠠᠳ ᠰᠠᠨᠠᠯ ᠢᠶᠠᠨ ᠲᠤᠷᠠᠳᠬᠤ ᠪᠤᠯᠪᠠᠦ᠃ | ᠨᠢᠭᠡ᠂ 《 ᠠᠷᠪᠠᠨ ᠬᠤᠶᠠᠳᠤᠭᠠᠷ ᠲᠡᠪᠤᠨ ᠵᠢᠯ 》 ᠤᠨ ᠲᠥᠯᠥᠪᠵᠢᠬᠦᠯᠭᠡ ᠶᠢᠨ ᠬᠤᠭᠤᠴᠠᠭ᠎ᠠ ᠪᠤᠯᠤᠨ 2015 | ᠤᠨ ᠤ ᠠᠵᠢᠯ ᠤᠨ ᠡᠷᠬᠢᠴᠡᠭᠦᠯᠦᠯ | 《 ᠠᠷᠪᠠᠨ ᠬᠤᠶᠠᠳᠤᠭᠠᠷ ᠲᠡᠪᠤᠨ ᠵᠢᠯ 》 ᠤᠨ ᠲᠥᠯᠥᠪᠵᠢᠬᠦᠯᠭᠡ ᠶᠢᠨ ᠬᠤᠭᠤᠴᠠᠭᠠᠨ ᠳᠤ᠂ ᠪᠢᠲᠡ | ᠰᠢᠨᠵᠢᠯᠡᠬᠦ ᠤᠬᠠᠭᠠᠨᠴᠢ ᠬᠦᠭᠵᠢᠯᠲᠡ ᠪᠠᠷ ᠭᠤᠤᠯ ᠰᠡᠳᠤᠪ ᠪᠤᠯᠭᠠᠨ᠂ ᠴᠠᠭ ᠲᠤᠬᠢᠶᠠᠯ ᠢ ᠠᠮᠵᠢᠨ ᠠᠳᠬᠤᠨ᠂ | ᠬᠥᠴᠢᠷ ᠪᠡᠷᠭᠡ ᠶᠢ ᠰᠥᠷᠥᠨ ᠤᠷᠤᠬᠰᠢᠯᠠᠵᠦ᠂ ᠠᠵᠤ ᠠᠬᠤᠢ ᠨᠡᠶᠢᠭᠡᠮ ᠤᠨ ᠲᠤᠬᠳᠠᠭᠤᠨ ᠡᠷᠡᠬᠦᠯ ᠢᠶᠠᠷ ᠬᠦᠭᠵᠢᠬᠦ | ᠶᠢ ᠪᠠᠳᠤᠯᠠᠨ᠂《 ᠠᠷᠪᠠᠨ ᠬᠤᠶᠠᠳᠤᠭᠠᠷ ᠲᠡᠪᠤᠨ ᠵᠢᠯ 》 ᠤᠨ ᠲᠥᠯᠥᠪᠵᠢᠬᠦᠯᠭᠡ ᠶᠢᠨ ᠲᠤᠬᠳᠠᠭᠠᠬᠰᠠᠨ ᠭᠤᠤᠯ | ᠪᠤᠯᠬᠤ ᠬᠠᠷᠠᠯᠲᠠ ᠪᠠ ᠡᠬᠦᠷᠭᠡ ᠶᠢ ᠨᠡᠯᠢᠶᠡᠳ ᠰᠠᠶᠢᠨ ᠪᠡᠶᠡᠯᠡᠬᠦᠯᠪᠡ᠃ | — ᠠᠵᠦ ᠠᠬᠤᠢ ᠶᠢᠨ ᠪᠤᠳᠠᠳᠤ ᠬᠦᠴᠦᠨ ᠢᠯᠡᠷᠭᠡᠢ ᠲᠡᠭᠡᠭᠰᠢᠯᠡᠪᠡ᠃ ᠤᠷᠤᠨ ᠨᠤᠳᠤᠭ ᠤᠨ | ᠤᠶᠢᠯᠡᠳᠪᠤᠷᠢᠯᠡᠯ ᠤᠨ ᠶᠡᠷᠤᠩᠬᠡᠢ ᠦᠷᠳᠡᠭ ᠨᠢ 2010 ᠤᠨ ᠤ 91.1 ᠳ᠋ᠥᠩᠰᠢᠭᠤᠷ ᠲᠥᠭᠦᠷᠢᠭ ᠠᠴᠠ ᠨᠡᠮᠡᠭᠳᠡᠨ | 167.8 ᠳ᠋ᠥᠩᠰᠢᠭᠤᠷ ᠲᠥᠭᠦᠷᠢᠭ ᠬᠦᠷᠴᠦ᠂ 0.8 ᠲᠠᠬᠢᠨ ᠪᠠᠷ ᠨᠡᠮᠡᠭᠳᠡᠪᠡ᠃ ᠡᠩ ᠤᠨ ᠤᠯᠠᠨ ᠨᠡᠶᠢᠲᠡ ᠶᠢᠨ | ᠲᠥᠰᠥᠪ ᠤᠨ ᠤᠷᠤᠯᠭ᠎ᠠ 2.9 ᠳ᠋ᠥᠩᠰᠢᠭᠤᠷ ᠲᠥᠭᠦᠷᠢᠭ ᠠᠴᠠ ᠨᠡᠮᠡᠭᠳᠡᠨ 6.7 ᠳ᠋ᠥᠩᠰᠢᠭᠤᠷ ᠲᠥᠭᠦᠷᠢᠭ ᠬᠦᠷᠴᠦ᠂ | 1.3 ᠲᠠᠬᠢᠨ ᠪᠠᠷ ᠨᠡᠮᠡᠭᠳᠡᠪᠡ᠃ ᠲᠠᠪᠤᠨ ᠵᠢᠯ ᠳᠤ ᠤᠷᠢᠵᠦ ᠤᠷᠤᠭᠤᠯᠤᠬᠰᠠᠨ ᠪᠡᠯᠡ ᠮᠥᠩᠬᠦ ᠨᠡᠶᠢᠲᠡ 343 | ᠳ᠋ᠥᠩᠰᠢᠭᠤᠷ ᠲᠥᠭᠦᠷᠢᠭ ᠭᠦᠷᠴᠦ᠂《 ᠠᠷᠪᠠᠨ ᠨᠢᠭᠡᠳᠤᠭᠡᠷ ᠲᠡᠪᠤᠨ ᠵᠢᠯ 》 ᠤᠨ ᠲᠥᠯᠥᠪᠵᠢᠬᠦᠯᠭᠡ ᠶᠢᠨ | ᠬᠤᠭᠤᠴᠠᠭᠠᠨ ᠤ 2.6 ᠲᠡᠬᠢᠨ᠃ ᠪᠡᠬᠡᠵᠢᠩ ᠪᠤᠯᠤᠨ ᠦᠪᠤᠷ ᠮᠤᠩᠭᠤᠯ ᠯᠤᠭ᠎ᠠ ᠶᠢᠨ ᠠᠵᠢᠯ ᠲᠥᠷᠥᠯ ᠢᠶᠠᠷ ᠢᠶᠠᠨ | ᠬᠠᠪᠰᠤᠷᠤᠯᠴᠠᠬᠤ ᠪᠡᠯᠡ ᠮᠥᠩᠬᠦ ᠶᠢ 4011 ᠲᠥᠮᠡᠨ ᠲᠥᠬᠦᠷᠢᠭ ᠲᠡᠮᠡᠴᠡᠨ ᠤᠯᠪᠠ᠃ ᠬᠡᠪᠴᠢᠶᠡᠵᠢᠯ ᠠᠴᠠ | ᠲᠡᠭᠡᠭᠰᠢ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ 341.8 ᠳ᠋ᠥᠩᠰᠢᠭᠤᠷ ᠲᠦᠭᠦᠷᠢᠭ ᠬᠦᠷᠴᠦ᠂《 | ᠠᠷᠪᠠᠨ ᠨᠢᠭᠡᠳᠤᠭᠡᠷ ᠲᠡᠪᠤᠨ ᠵᠢᠯ 》 ᠤᠨ ᠲᠥᠯᠥᠪᠵᠢᠬᠦᠯᠭᠡ ᠶᠢᠨ ᠬᠤᠭᠤᠴᠠᠭᠠᠨ ᠤ ᠬᠢ ᠠᠴᠠ 3 ᠲᠡᠬᠢᠨ ᠪᠠᠷ | ᠨᠡᠮᠡᠭᠳᠡᠪᠡ᠃ ᠨᠡᠶᠢᠭᠡᠮ ᠤᠨ ᠭᠡᠷᠩᠯᠡᠭᠡᠨ ᠤ ᠵᠤᠶᠢᠯ ᠢ ᠵᠢᠵᠢᠭᠯᠡᠨ ᠬᠤᠳᠠᠯᠳᠤᠬᠤ ᠪᠦᠬᠦ ᠲᠤᠭ᠎ᠠ ᠨᠢ 237.1 | ᠳ᠋ᠥᠩᠰᠢᠭᠤᠷ ᠲᠥᠭᠦᠷᠢᠭ ᠬᠦᠷᠴᠥ᠂《 ᠠᠷᠪᠠᠨ ᠨᠢᠭᠡᠳᠤᠭᠡᠷ ᠲᠡᠪᠤᠨ ᠵᠢᠯ 》 ᠤᠨ ᠲᠥᠯᠥᠪᠵᠢᠬᠦᠯᠭᠡ ᠶᠢᠨ | ᠬᠤᠭᠤᠴᠠᠭᠠᠨ ᠤ ᠬᠢ ᠠᠴᠠ 2.1 ᠲᠡᠬᠢᠨ ᠪᠠᠷ ᠨᠡᠮᠡᠭᠳᠡᠪᠡ᠃ ᠬᠤᠲᠠ ᠪᠠᠯᠭᠠᠰᠤ ᠪᠤᠯᠤᠨ ᠬᠦᠳᠡᠭᠡ ᠲᠤᠰᠬᠤᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠤᠯᠬᠤ ᠲᠤᠮᠳᠠᠴᠢ ᠤᠷᠤᠯᠭ᠎ᠠ ᠨᠢ | 24341 ᠲᠦᠭᠦᠷᠢᠭ ᠪᠤᠯᠤᠨ 8510 ᠲᠦᠭᠦᠷᠢᠭ ᠬᠦᠷᠴᠦ᠂ ᠲᠤᠰᠪᠤᠷᠢ10557 ᠲᠥᠭᠦᠷᠢᠭ᠂ 3528 | ᠲᠥᠬᠦᠷᠢᠭ ᠨᠡᠮᠡᠭᠳᠡᠪᠡ᠃ | — ᠠᠵᠦ ᠤᠶᠢᠯᠡᠰ ᠤᠨ ᠪᠥᠳᠥᠴᠡ ᠡᠳᠤᠷ ᠢᠷᠡᠬᠦᠶ᠎ᠡ ᠵᠦᠢ ᠵᠤᠬᠢᠰᠳᠡᠢ᠃ ᠨᠢᠭᠡ ᠬᠤᠶᠠᠷ ᠭᠤᠷᠪᠡᠳᠤᠭᠠᠷ | ᠠᠵᠦ ᠤᠶᠢᠯᠡᠰ ᠤᠨ ᠬᠠᠷᠢᠴᠠᠯ ᠨᠢ 23᠄ 44᠄ 33 ᠠᠴᠠ 20᠄ 42᠄ 38 ᠪᠤᠯᠤᠨ ᠲᠤᠭᠢᠷᠠᠭᠤᠯᠤᠭᠳᠠᠨ᠂ | ᠬᠢᠮᠢ ᠶᠢᠨ ᠠᠵᠦ ᠤᠶᠢᠯᠡᠳᠪᠤᠷᠢ ᠶᠢᠨ ᠬᠠᠷᠢᠴᠠᠯ ᠲᠡᠭᠡᠭᠰᠢᠯᠡᠵᠦ᠂ ᠲᠡᠮᠦᠷᠯᠢᠭ ᠬᠠᠶᠢᠯᠤᠭᠤᠯᠬᠤ ᠠᠵᠦ ᠤᠶᠢᠯᠡᠳᠪᠤᠷᠢ | ᠶᠢᠨ ᠬᠠᠷᠢᠴᠠᠯ ᠲᠤᠷᠤᠬᠰᠢᠯᠠᠵᠦ᠂ ᠢᠳᠡᠭᠡᠨ ᠤ ᠵᠤᠶᠢᠯ ᠪᠤᠯᠪᠠᠰᠤᠷᠠᠭᠤᠯᠬᠤ ᠠᠵᠦ ᠤᠶᠢᠯᠡᠳᠪᠤᠷᠢ᠂ ᠮᠠᠰᠢᠨ ᠮᠧᠬᠠᠨᠢᠭ | ᠤᠶᠢᠯᠡᠳᠬᠦ᠂ ᠲᠠᠬᠢᠨ ᠠᠰᠢᠭᠯᠠᠬᠤ ᠡᠬᠢ ᠪᠠᠶᠠᠯᠢᠭ ᠵᠡᠷᠭᠡ ᠠᠵᠦ ᠤᠶᠢᠯᠡᠰ ᠤᠨ ᠭᠡᠪᠴᠢᠶ᠎ᠡ ᠲᠠᠰᠤᠷᠠᠯᠲᠠ ᠦᠭᠡᠢ | ᠬᠦᠴᠦᠷᠭᠡᠭᠵᠢᠪᠠ᠃ ᠲᠥᠭᠦᠭᠡᠷᠤᠮᠵᠢᠲᠤ ᠲᠠᠷᠢᠶᠠᠯᠠᠩ᠂ ᠵᠢᠮᠢᠰᠤᠨ ᠮᠤᠳᠤ ᠠᠵᠦ ᠠᠬᠤᠢ ᠶᠢᠨ ᠤᠢ ᠶᠢᠨ ᠶᠡᠷᠤᠩᠭᠡᠢ | ᠲᠠᠯᠠᠪᠠᠢ ᠲᠤᠰᠪᠤᠷᠢ 32.9 ᠲᠥᠮᠡᠨ ᠮᠤ᠋᠂ 15.3 ᠲᠥᠮᠡᠨ ᠮᠤ᠋ ᠬᠥᠷᠪᠡ᠃ ᠪᠥᠬᠦ ᠤᠷᠤᠨ ᠳᠤ ᠲᠡᠷᠢᠭᠦᠯᠡᠪᠡ᠃ | ᠭᠡᠷ ᠤᠨ ᠲᠡᠵᠢᠭᠡᠪᠤᠷᠢ ᠶᠢᠨ ᠵᠤᠬᠰᠤᠭ᠎ᠠ ᠲᠤᠭ᠎ᠠ171 ᠲᠥᠮᠡᠨ ᠲᠤᠯᠤᠭᠠᠢ᠂ ᠡᠭᠦᠨ ᠳᠤ ᠮᠢᠬᠠᠨ ᠦᠭᠡᠷ ᠤᠨ | ᠵᠤᠭᠰᠤᠭ᠎ᠠ ᠲᠤᠭ᠎ᠠ 45 ᠲᠥᠮᠡᠨ ᠲᠤᠯᠤᠭᠠᠢ᠂ ᠪᠦᠬᠦ ᠬᠤᠲᠠ ᠳᠤ ᠨᠢᠭᠡᠳᠤᠭᠡᠷ ᠲᠤ ᠵᠢᠬᠰᠠᠭᠠᠬᠳᠠᠪᠠ᠃ ᠲᠠᠪᠤᠨ | ᠵᠢᠯ ᠤᠨ ᠵᠢᠭᠤᠯᠴᠢᠯᠠᠯ ᠤᠨ ᠪᠦᠬᠦ ᠣᠷᠣᠯᠭ᠎ᠠ 43.1 ᠳ᠋ᠥᠩᠰᠢᠭᠤᠷ ᠲᠥᠭᠦᠷᠢᠭ ᠪᠡᠶᠡᠯᠡᠭᠦᠯᠵᠦ᠂《 ᠠᠷᠪᠠᠨ | ᠨᠢᠭᠡᠳᠤᠭᠡᠷ ᠲᠡᠪᠤᠨ ᠵᠢᠯ 》 ᠤᠨ ᠲᠥᠯᠥᠪᠵᠢᠬᠦᠯᠭᠡ ᠶᠢᠨ ᠬᠤᠭᠤᠴᠠᠭᠠᠨ ᠤ ᠬᠢ ᠠᠴᠠ 6.3 ᠲᠡᠬᠢᠨ ᠪᠠᠷ ᠨᠡᠮᠡᠭᠳᠡᠪᠡ᠃ | ᠵᠧᠩ ᠵᠢᠢ ᠪᠦᠷᠢᠨ ᠪᠠᠷᠠᠭ᠎ᠠ᠂ ᠶᠢᠨ ᠳ᠋ᠢ ᠴᠧᠩ ᠬᠤᠳᠠᠯᠳᠤᠭ᠎ᠠ ᠵᠡᠷᠭᠡ ᠨᠢᠭᠡ ᠪᠥᠯᠥᠭ ᠬᠤᠳᠠᠯᠳᠤᠭᠠᠨ ᠤ ᠲᠣᠣᠷ | ᠠᠰᠢᠭᠯᠠᠯᠲᠠ ᠳᠤ ᠤᠷᠤᠪᠠ᠃ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠲᠡᠯᠭᠡᠭᠦᠷ ᠥᠷᠨᠢᠩᠬᠦᠢ ᠬᠦᠭᠵᠢᠵᠦ᠂ | ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠢ ᠥᠨᠳᠤᠰᠤᠨ ᠳᠡᠭᠡᠨ ᠪᠠᠶᠢᠭᠤᠯᠤᠨ ᠲᠠᠭᠤᠰᠬᠠᠵᠦ᠂ ᠬᠤᠨᠤᠭ | ᠪᠠᠭᠤᠳᠠᠯ ᠬᠤᠭᠤᠯᠠ ᠤᠮᠳᠠ᠂ ᠮᠥᠩᠭᠦᠨ ᠭᠦᠢᠯᠭᠡᠭᠡ ᠳᠠᠭᠠᠳᠬᠠᠯ ᠵᠡᠷᠭᠡ ᠤᠯᠠᠮᠵᠢᠯᠠᠯᠲᠤ ᠦᠢᠯᠡᠴᠢᠯᠡᠭᠡᠨ ᠤ | ᠦᠢᠯᠡᠰ ᠤᠨ ᠬᠢᠷᠢ ᠬᠡᠮᠵᠢᠶ᠎ᠡ ᠶᠢ ᠲᠡᠰᠦᠷᠡᠯᠳᠠ ᠤᠢᠭᠡᠢ ᠳᠡᠭᠡᠭᠰᠢᠯᠡᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ᠂ | ᠡᠷᠡᠭᠦᠯ ᠨᠠᠰᠤᠵᠢᠯ ᠤᠨ ᠠᠰᠠᠷᠠᠮᠵᠢ ᠵᠡᠷᠭᠡ ᠰᠢᠨ᠎ᠡ ᠮᠠᠶ᠋ᠢᠭ ᠤᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠪᠠ᠃ | — ᠬᠤᠲᠠ ᠬᠥᠳᠡᠭᠡ ᠶᠢᠨ ᠨᠥᠬᠦᠴᠡᠯ ᠢᠯᠡᠳᠲᠡ ᠰᠠᠶᠢᠵᠢᠷᠠᠪᠠ᠃ ᠬᠤᠲᠠ ᠶᠢᠨ ᠶᠡᠷᠤᠩᠭᠡᠢ | ᠲᠥᠯᠥᠪᠵᠢᠬᠦᠯᠬᠡ ᠪᠠ ᠵᠢᠵᠢᠭ ᠬᠤᠲᠠ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠲᠠᠭᠤᠰᠬᠠᠪᠠ᠃ ᠲᠢᠶᠠᠨ ᠢ ᠵᠡᠭᠡᠯᠢ ᠲᠣᠭᠤᠷᠢᠭ ᠤᠨ ᠪᠦᠲᠤᠭᠡᠨ ᠪᠠᠶᠢᠭᠤᠯᠬᠤ ᠲᠠᠯᠠᠪᠠᠢ ᠶᠢ 14 ᠲᠡᠭᠰᠢ | ᠳᠥᠷᠪᠡᠯᠵᠢᠨ ᠺᠢᠯᠣᠮᠧᠲᠷ ᠠᠴᠠ 23 ᠲᠡᠭᠰᠢ ᠳᠥᠷᠪᠡᠯᠵᠢᠨ ᠺᠢᠯᠣᠮᠧᠲᠷ ᠬᠦᠷᠲᠡᠯ᠎ᠡ ᠥᠷᠭᠡᠳᠬᠡᠵᠦ᠂ ᠬᠤᠳᠠ ᠶᠢᠨ | ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠳᠠᠭᠠᠭᠠᠬᠤ ᠴᠢᠳᠠᠪᠤᠷᠢ ᠨᠢ ᠢᠯᠡᠷᠭᠡᠢ ᠴᠢᠩᠭᠠᠷᠠᠪᠠ ᠃ | ᠵᠢᠵᠢᠭ ᠬᠤᠲᠠ ᠪᠠᠯᠭᠠᠰᠤ ᠶᠢᠨ ᠪᠦᠳᠤᠭᠡᠨ ᠪᠠᠶᠢᠭᠤᠯᠤᠯᠲᠠ ᠲᠥᠷᠭᠡᠰᠴᠦ᠂ ᠪᠦᠬᠦ ᠰᠢᠶᠠᠨ ᠤ ᠬᠤᠲᠠ | ᠪᠠᠯᠭᠠᠰᠤᠵᠢᠯᠲᠠ ᠶᠢᠨ ᠨᠤᠷᠮ᠎ᠠ 34% ᠠᠴᠠ 44% ᠪᠤᠯᠤᠨ ᠨᠡᠮᠡᠭᠳᠡᠪᠡ᠃ ᠤᠯᠠᠭᠠᠨᠬᠠᠲᠠ ᠠᠴᠠ ᠯᠢᠩᠶᠦᠸᠠᠨ | ᠬᠦᠷᠬᠦ ᠨᠢᠭᠡᠳᠤᠭᠡᠷ ᠲᠡᠰ ᠤᠨ ᠵᠠᠰᠠᠮᠠᠯ ᠵᠠᠮ ᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠵᠦ᠂ ᠤᠯᠤᠰ ᠪᠠ | ᠮᠤᠵᠢ ᠶᠢᠨ ᠭᠤᠣᠯ ᠱᠤᠭᠤᠮ ᠢ 50.4 ᠺᠢᠯᠣᠮᠧᠲᠷ᠂ ᠰᠢᠶᠠᠨ ᠤ ᠱᠠᠲᠤᠨ ᠤ ᠵᠠᠰᠠᠮᠠᠯ ᠵᠠᠮ ᠢ 20.2 ᠺᠢᠯᠣᠮᠧᠲᠷ᠂ | ᠲᠣᠰᠬᠤᠨ ᠪᠦᠬᠦᠨ ᠨᠡᠪᠳᠡᠷᠡᠭᠦᠯᠬᠦ ᠲᠣᠰᠣᠨ ᠵᠠᠮ ᠢ 890 ᠺᠢᠯᠣᠮᠧᠲᠷ ᠶᠡᠭᠡᠪᠡᠷ ᠵᠠᠰᠠᠨ ᠦᠭᠡᠷᠡᠴᠢᠯᠡᠪᠡ᠃ ᠪᠠᠶᠢᠷᠢᠨ | ᠤ ᠬᠤᠪᠢᠰᠬᠠᠭᠤᠷ ᠤᠨ ᠣᠢᠷᠲᠡᠭᠡ ᠶᠢ ᠰᠢᠨ᠎ᠡ ᠪᠠᠷ ᠪᠠᠶᠢᠭᠤᠯᠬᠤ ᠪᠠ ᠨᠢᠩᠴᠧᠩ ᠤᠨ ᠬᠤᠪᠢᠰᠬᠠᠭᠤᠷ ᠤᠨ ᠣᠢᠷᠲᠡᠭᠡ | ᠶᠢ ᠨᠡᠭᠦᠯᠭᠡᠨ ᠪᠠᠶᠢᠭᠤᠯᠬᠤ ᠢᠨᠵᠧᠨᠧᠷᠢᠩ ᠢ ᠬᠡᠷᠩᠵᠢᠬᠦᠯᠪᠡ᠃ ᠰᠥᠯᠢᠶᠤᠤ ᠪᠦᠷᠬᠦᠭᠦᠯ ᠤᠨ ᠳᠣᠣᠷ᠎ᠠ ᠳᠤᠰᠤᠯᠭᠠᠨ | ᠤᠰᠤᠯᠠᠬᠤ 55 ᠲᠦᠮᠡᠨ ᠮᠦ ᠡᠷᠳᠡᠨᠢ ᠰᠢᠰᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 7 ᠲᠦᠮᠡᠨ ᠮᠦ᠂ ᠤᠰᠤ | ᠶᠢ ᠬᠠᠮᠭᠠᠯᠠᠨ ᠵᠠᠰᠠᠬᠤ ᠲᠠᠯᠠᠪᠠᠶ 24 ᠲᠦᠮᠡᠨ ᠮᠤ᠋᠂ᠤᠢ ᠰᠢᠭᠤᠶ ᠶᠢ ᠡᠵᠡᠩᠨᠡᠨ ᠬᠠᠮᠢᠶᠠᠷᠬᠤ ᠣᠶᠢᠵᠢᠭᠤᠯᠬᠤ | ᠲᠠᠯᠠᠪᠠᠢ 47 ᠲᠦᠮᠡᠨ ᠮᠦ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠲᠠᠯᠠᠪᠠᠢ 4.5 | ᠲᠦᠮᠡᠨ ᠮᠤ᠋ ᠰᠢᠨ᠎ᠡ ᠪᠠᠷ ᠨᠡᠮᠡᠭᠳᠡᠪᠡ᠃ | — ᠨᠡᠶᠢᠭᠡᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠰᠢᠨᠵᠢᠯᠡᠬᠦ ᠤᠬᠠᠭᠠᠨ ᠮᠡᠷᠭᠡᠵᠢᠯ ᠤᠨ | ᠲᠠᠪᠰᠢᠯᠲᠠ ᠶᠢᠨ ᠬᠤᠪᠢ ᠨᠡᠮᠡᠷᠢ ᠦᠵᠡᠭᠦᠯᠦᠭᠰᠡᠨ ᠨᠣᠷᠮ᠎ᠠ 52 % ᠠᠴᠠ 58 % ᠪᠤᠯᠭᠠᠨ ᠲᠡᠭᠡᠭᠰᠢᠯᠡᠭᠦᠯᠪᠡ᠃ | 51.7 ᠲᠥᠮᠡᠨ ᠲᠡᠭᠰᠢ ᠳᠥᠷᠪᠡᠯᠵᠢᠨ ᠮᠧᠲᠷ ᠤᠨ ᠨᠥᠬᠦᠴᠡᠯ ᠪᠠᠷᠤᠭᠲᠠᠶ ᠰᠤᠷᠭᠠᠭᠤᠯᠢ ᠬᠢᠭᠡᠳ ᠰᠤᠷᠭᠠᠭᠤᠯᠢ ᠶᠢᠨ | ᠪᠠᠶᠢᠷᠢ ᠶᠢᠨ ᠭᠡᠷ ᠢ ᠠᠶᠤᠯ ᠦᠬᠡᠢ ᠪᠣᠯᠭᠠᠨ ᠵᠠᠰᠠᠨ ᠰᠢᠨᠡᠳᠬᠡᠬᠦ ᠶᠢ ᠭᠡᠷᠩᠵᠢᠬᠦᠯᠪᠠ᠃ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢ ᠪᠦᠬᠦᠨ ᠢ ᠰᠢᠶᠠᠨ ᠤ ᠲᠥᠪ ᠲᠤ ᠨᠡᠬᠦᠯᠭᠡᠨ᠂ ᠳᠡᠭᠡᠳᠦ ᠰᠤᠷᠭᠠᠭᠤᠯᠢ ᠳᠤ ᠡᠯᠰᠡᠬᠦ | ᠰᠢᠯᠭᠠᠯᠲᠠ ᠶᠢᠨ ᠵᠢᠩᠬᠢᠨᠢ ᠠᠩᠭᠢ ᠳᠤ ᠡᠯᠰᠭᠳᠡᠭᠰᠡᠨ ᠨᠤᠷᠮ᠎ᠠ ᠶᠢ 24 ᠵᠠᠭᠤᠨ ᠤ ᠨᠢᠭᠡᠴᠢ ᠪᠠᠷ ᠲᠡᠭᠡᠭᠰᠢᠯᠡᠬᠦᠯᠪᠡ ᠃ | 295 ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ | ᠪᠠᠶᠢᠭᠤᠯᠬᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠤᠯᠠᠮ ᠨᠢᠭᠡ | ᠠᠯᠬᠤᠮ ᠲᠡᠭᠡᠭᠰᠢᠯᠡᠬᠦᠯᠪᠡ᠃ ᠬᠥᠮᠦᠨ ᠠᠮᠠ ᠶᠢᠨ ᠲᠦᠷᠦᠯᠳᠡ ᠶᠢᠨ ᠨᠤᠷᠮ᠎ᠠ᠂ ᠠᠶᠠᠨᠳᠠᠭᠠᠨ ᠨᠡᠮᠡᠭᠳᠡᠬᠦ ᠨᠤᠷᠮ᠎ᠠ᠂ | ᠲᠦᠷᠦᠵᠦ ᠮᠡᠨᠳᠦᠯᠡᠬᠦ ᠬᠥᠮᠦᠨ ᠠᠮᠠ ᠶᠢᠨ ᠬᠥᠢᠰᠥᠨ ᠬᠠᠷᠢᠴᠠᠯ ᠢ ᠵᠦᠢ ᠵᠣᠬᠢᠰᠲᠠᠶ ᠬᠢᠵᠠᠭᠠᠷᠯᠠᠪᠠ᠃ ᠯᠢᠶᠤᠤ | ᠤᠯᠤᠰ ᠤᠨ ᠲᠤᠮᠳᠠᠳᠤ ᠨᠡᠶᠢᠰᠯᠡᠯ ᠤᠨ ᠪᠠᠭᠤᠷᠢ ᠶᠢᠨ ᠥᠯᠡᠳᠡᠭᠳᠡᠯ ᠢ ᠣᠯᠣᠰ ᠤᠨ ᠴᠢᠬᠤᠯᠠ ᠶᠡᠭᠡ ᠪᠠᠭᠤᠷᠢ | ᠥᠯᠡᠳᠡᠭᠳᠡᠯ ᠤᠨ ᠬᠠᠮᠭᠠᠯᠠᠯᠲᠠ ᠶᠢᠨ ᠬᠥᠮᠥᠷᠭᠡ ᠳᠤ ᠤᠷᠤᠭᠤᠯᠵᠦ᠂ ᠳᠡᠯᠡᠳᠦᠭᠦᠷ ᠬᠥᠭᠵᠢᠮ ᠤᠨ ᠨᠤᠲ᠂ ᠰᠠᠨ | ᠽᠦᠸᠧ ᠳ᠋ᠢᠶᠠᠨ ᠤ ᠰᠡᠦᠬᠡᠨ ᠨᠠᠭᠠᠳᠤᠮ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠣᠷᠣᠵᠤ | ᠂ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠡᠷᠤᠭᠡ ᠪᠠᠷ ᠰᠡᠬᠦᠪᠡ᠃ | — ᠠᠷᠠᠳ ᠤᠨ ᠠᠮᠢᠳᠤᠷᠠᠯ ᠤᠨ ᠪᠠᠲᠤᠯᠠᠭ᠎ᠠ ᠨᠠᠩ ᠬᠦᠴᠦᠲᠡᠶ᠃ ᠲᠠᠪᠤᠨ ᠵᠢᠯ ᠳᠤ ᠠᠷᠠᠳ ᠤᠨ | ᠠᠮᠢᠳᠤᠷᠠᠯ ᠤᠨ ᠵᠠᠷᠤᠯᠭ᠎ᠠ ᠨᠢ ᠨᠡᠶᠢᠳᠡ 100 ᠳ᠋ᠦᠩᠰᠢᠭᠤᠷ ᠲᠥᠭᠦᠷᠢᠭ ᠢ ᠲᠠᠪᠠᠵᠦ᠂ ᠤᠯᠠᠨ ᠨᠡᠶᠢᠲᠡ ᠶᠢᠨ | ᠡᠳ᠋ ᠤᠨ ᠵᠠᠰᠠᠭ ᠤᠨ ᠲᠥᠰᠦᠪ ᠤᠨ ᠶᠡᠷᠦᠩᠬᠡᠶ ᠵᠠᠷᠤᠯᠭ᠎ᠠ ᠤᠨ 74% ᠶᠢ ᠡᠵᠡᠯᠡᠵᠦ ᠪᠠᠶᠢᠨ᠎ᠠ᠃ ᠬᠤᠳᠠ | ᠪᠠᠯᠭᠠᠰᠤᠨ ᠳᠤ 1.1 ᠲᠥᠮᠡᠨ ᠬᠥᠮᠥᠨ ᠰᠢᠨ᠎ᠡ ᠪᠠᠷ ᠠᠵᠢᠯ ᠤᠯᠵᠦ᠂ ᠵᠢᠯ ᠪᠥᠷᠢ ᠬᠥᠳᠡᠭᠡ ᠲᠣᠰᠬᠤᠨ ᠤ | ᠬᠥᠳᠡᠯᠮᠤᠷᠢ ᠬᠦᠴᠦ ᠶᠢ 10 ᠲᠦᠮᠡᠨ ᠬᠥᠮᠦᠨ ᠤᠳᠠᠭ᠎ᠠ ᠠᠴᠠ ᠳᠡᠭᠡᠭᠰᠢ ᠰᠢᠯᠵᠢᠬᠦᠯᠤᠨ ᠠᠵᠢᠯ ᠤᠯᠭᠤᠬᠤ ᠶᠢ | ᠪᠠᠳᠣᠯᠠᠪᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠲᠥᠷᠢᠮ ᠢ ᠡᠬᠢᠯᠡᠨ ᠭᠡᠷᠩᠵᠢᠬᠦᠯᠦᠨ᠂ ᠡᠯ᠎ᠡ ᠵᠦᠢᠯ ᠤᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ 21.3 | ᠳ᠋ᠥᠩᠰᠢᠭᠤᠷ ᠲᠥᠭᠦᠷᠢᠭ᠂ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠨᠥᠬᠦᠪᠥᠷᠢ ᠮᠥᠩᠭᠦ ᠶᠢ 7.1 | ᠳ᠋ᠥᠩᠰᠢᠭᠤᠷ ᠲᠥᠭᠦᠷᠢᠭ᠂ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠢᠴᠢ ᠡᠯ᠎ᠡ | ᠵᠦᠢᠯ ᠤᠨ ᠠᠪᠤᠷᠠᠨ ᠲᠤᠰᠠᠯᠠᠬᠤ ᠮᠥᠩᠭᠦ ᠶᠢ 5 ᠳ᠋ᠦᠩᠰᠢᠭᠤᠷ ᠲᠥᠭᠦᠷᠢᠭ ᠲᠠᠷᠬᠠᠭᠠᠪᠠ᠃ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠶᠢ ᠶᠡᠭᠡᠪᠡᠷ ᠥᠷᠨᠢᠬᠦᠯᠵᠦ᠂ ︽ᠠᠷᠪᠠ ᠪᠠᠷ ᠪᠦᠬᠦᠨ ᠢ | ᠬᠠᠮᠤᠷᠬᠤ︾ ᠢᠨᠵᠧᠨᠧᠷᠢᠩ ᠢ ᠪᠦᠭᠦ ᠲᠠᠯ᠎ᠠ ᠪᠠᠷ ᠭᠡᠷᠩᠵᠢᠬᠦᠯᠪᠠ᠃ ᠶᠠᠳᠠᠭᠤ ᠶᠢ ᠲᠡᠳᠭᠦᠨ ᠪᠤᠭᠤᠮᠲᠠ ᠰᠢᠪᠳᠤᠯᠬᠤ ᠶᠢ | ᠭᠦᠨᠵᠡᠭᠡᠶ ᠥᠷᠨᠢᠭᠦᠯᠵᠦ᠂ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ 11.2 ᠲᠥᠮᠡᠨ | ᠬᠥᠮᠦᠨ ᠪᠠᠶᠢᠭᠰᠠᠨ ᠠᠴᠠ 3.5 ᠲᠦᠮᠡᠨ ᠬᠥᠮᠦᠨ ᠪᠤᠯᠭᠠᠨ ᠪᠠᠭᠠᠰᠬᠠᠪᠠ᠃ ᠳᠥᠭᠦᠮ ᠪᠦᠳᠦᠭᠦᠯᠢᠭ ᠣᠷᠣᠨ | ᠰᠠᠭᠤᠴᠠᠳᠤ ᠲᠣᠭᠤᠷᠢᠭ ᠪᠠ ᠬᠤᠲᠠᠨ ᠳᠤᠮᠳᠠᠬᠢ ᠲᠣᠰᠬᠤᠨ ᠢ 4700 ᠡᠷᠦᠬᠡ ᠥᠭᠡᠷᠡᠴᠢᠯᠡᠨ ᠵᠠᠰᠠᠬᠤ ᠶᠢ | ᠭᠡᠷᠩᠵᠢᠬᠦᠯᠵᠦ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ 1627 ᠢᠵᠢ ᠪᠠᠶᠢᠭᠤᠯᠵᠦ᠂ ᠬᠥᠳᠡᠭᠡ | ᠲᠣᠰᠬᠤᠨ ᠤ 3400 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠦᠭᠡᠷᠡᠴᠢᠯᠡᠪᠡ᠃ ᠰᠢᠶᠠᠨ ᠤ ᠵᠠᠰᠠᠭ ᠤᠨ | ᠶᠠᠪᠤᠳᠠᠯ ᠤᠨ ︵ᠠᠷᠠᠳ ᠤᠯᠠᠨ ᠳᠤ ᠳᠦᠬᠦᠮ ᠦᠵᠡᠭᠦᠯᠬᠦ︶ ᠦᠢᠯᠡᠴᠢᠯᠡᠭᠡᠨ ᠤ ᠲᠥᠪ ᠪᠠᠶᠢᠭᠤᠯᠵᠤ ᠠᠵᠢᠯᠯᠠᠭᠤᠯᠪᠠ᠂ | ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠦᠯᠵᠢᠶ᠎ᠡ | ᠡᠳᠦᠷ ᠢᠷᠡᠬᠦᠶ᠎ᠡ ᠲᠡᠭᠦᠯᠳᠡᠷᠵᠢᠵᠦ ᠪᠤᠢ᠃ | ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠢᠳᠡᠨ ᠠᠵᠤ ᠠᠬᠤᠶ ᠶᠢᠨ ᠪᠠᠶᠢᠭᠤᠯᠤᠯ | ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠡᠬᠢᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠡᠷᠬᠡ ᠶᠢ ᠥᠷᠭᠡᠳᠬᠡᠵᠦ ᠰᠢᠶᠠᠨ ᠢ ᠬᠦᠴᠦᠷᠬᠡᠭᠵᠢᠭᠦᠯᠬᠦ | ᠲᠤᠷᠰᠢᠯᠲᠠ ᠶᠢᠨ ᠴᠡᠭ ᠤᠨ ᠰᠢᠶᠠᠨ ᠪᠤᠯᠪᠠ᠃ ᠪᠢᠳᠠ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠵᠤ᠂ | ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠭᠠᠯᠠᠨ᠂ ᠠᠶᠤᠯᠭᠦᠶ ᠦᠢᠯᠡᠳᠪᠦᠷᠢᠯᠡᠯ ᠂ ᠢᠳᠡᠭᠡᠨ ᠤ ᠵᠦᠢᠯ ᠡᠮ ᠤᠨ | ᠵᠦᠢᠯ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ᠂ ᠤᠯᠤᠰ ᠤᠨ ᠨᠤᠲᠤᠭ ᠳᠡᠪᠢᠰᠬᠡᠷ ᠤᠨ ᠡᠬᠢ ᠪᠠᠶᠠᠯᠢᠭ ᠪᠠ | ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠠᠳᠬᠤᠵᠤ᠂ ᠪᠦᠬᠦ | ᠰᠢᠶᠠᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠪᠥᠭᠡᠳ ᠲᠦᠷᠭᠡᠨ ᠬᠥᠭᠵᠢᠭᠰᠡᠨ ᠰᠠᠶᠢᠨ ᠰᠠᠶᠢᠬᠠᠨ | ᠪᠠᠶᠢᠳᠠᠯ ᠢᠯᠡᠷᠡᠭᠰᠡᠨ ᠪᠠᠶᠢᠨ᠎ᠠ᠂ ᠤᠷᠢᠳ ᠬᠤᠵᠢᠳ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠳᠠᠪᠰᠢᠯᠲᠠ ᠶᠢᠨ ᠲᠡᠷᠢᠭᠦᠨ ᠤ ᠰᠢᠶᠠᠨ᠂ ᠠᠮᠤ ᠪᠤᠳᠠᠭᠠᠨ ᠤ ᠭᠠᠷᠤᠯᠲᠠ ᠶᠡᠬᠡᠲᠡᠶ ᠰᠢᠶᠠᠨ᠂ ᠦᠬᠡᠷ ᠬᠤᠨᠢ ᠭᠠᠳᠠᠭᠰᠢ | ᠤᠯᠠᠨ ᠭᠠᠷᠭᠠᠬᠤ ᠰᠢᠶᠠᠨ᠂ ᠠᠮᠢᠳᠤ ᠭᠠᠭ᠋ᠠᠢ ᠭᠠᠳᠠᠭᠰᠢ ᠤᠯᠠᠨ ᠭᠠᠷᠭᠠᠬᠤ ᠰᠢᠶᠠᠨ᠂ ᠪᠤᠬᠢᠷᠳᠤᠯ ᠥᠭᠡᠢ ᠢᠳᠡᠭᠡᠨ | ᠤ ᠲᠥᠬᠦᠭᠡᠢ ᠮᠡᠲ᠋ᠧᠷᠢᠶᠠᠯ ︵ ᠡᠷᠳᠡᠨᠢ ᠰᠢᠰᠢ︶ ᠤᠨ ᠪᠠᠷᠢᠮᠵᠢᠶᠠᠵᠭᠤᠯᠤᠬᠰᠠᠨ ᠰᠠᠭᠤᠷᠢᠨ ᠭᠠᠵᠠᠷ ᠢ ᠴᠤᠬᠴᠠᠯᠠᠨ | ᠪᠠᠶᠢᠭᠤᠯᠤᠬᠰᠠᠨ ᠰᠢᠶᠠᠨ᠂ ᠤᠯᠤᠰ ᠤᠨ ᠢᠳᠡᠰᠢᠨ ᠨᠣᠭᠤᠭᠠᠨ ᠤ ᠰᠠᠭᠤᠷᠢᠨ ᠭᠠᠵᠠᠷ ᠤᠨ ᠰᠢᠶᠠᠨ᠂ ᠦᠪᠡᠷᠳᠡᠭᠡᠨ | ᠵᠠᠰᠠᠬᠤ ᠤᠷᠤᠨ ᠤ ᠰᠡᠯᠡᠬᠦᠴᠡᠯ ᠲᠡᠷᠢᠶᠡᠯᠡᠩ ᠠᠵᠦ ᠠᠬᠤᠢ ᠪᠤᠯᠤᠨ ᠬᠦᠳᠡᠭᠡ ᠲᠤᠰᠬᠤᠨ ᠤ ᠵᠢᠭᠤᠯᠴᠢᠯᠡᠯ ᠤᠨ | ᠵᠢᠱᠢᠶ᠎ᠡ ᠦᠵᠡᠬᠦᠯᠬᠦ ᠰᠢᠶᠠᠨ ᠵᠡᠷᠭᠡ ᠢᠷᠠᠭᠤ ᠠᠯᠳᠠᠷ ᠤᠨ ᠴᠣᠯᠠ ᠶᠢ ᠤᠯᠪᠠ᠃ | 2015 ᠤᠨ ᠳᠤ᠂ ᠲᠦᠪᠡᠭ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠭᠠᠳᠠᠭᠠᠳᠤ ᠣᠷᠴᠢᠨ | ᠨᠥᠬᠦᠴᠡᠯ ᠪᠣᠯᠤᠨ ᠠᠵᠤ ᠠᠬᠤᠶ ᠶᠢᠨ ᠪᠠᠭᠤᠷᠠᠯ ᠤᠨ ᠳᠣᠲᠣᠭᠠᠳᠤ ᠳᠠᠷᠤᠯᠲᠠ ᠶᠢᠨ ᠡᠮᠤᠨ᠎ᠡ᠂ ᠰᠢᠶᠠᠨ ᠤ ᠵᠠᠰᠠᠭ ᠤᠨ | ᠣᠷᠳᠣᠨ ᠪᠦᠬᠦ ᠰᠢᠶᠠᠨ ᠤ ᠠᠷᠠᠳ ᠲᠦᠮᠡᠨ ᠢ ᠲᠦᠰᠢᠭᠯᠡᠵᠦ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ | ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ | ᠦᠷᠭᠦᠯᠵᠢᠯᠡᠨ ᠬᠦᠴᠦᠯᠡᠨ ᠴᠢᠷᠮᠡᠶᠢᠨ᠂ ᠲᠠᠰᠤᠷᠠᠯᠲᠠ ᠦᠭᠡᠢ ᠬᠠᠲᠠᠭᠤ ᠪᠡᠷᠬᠡᠰᠢᠶᠡᠯ ᠢ ᠲᠤᠭᠤᠯᠤᠨ ᠳᠠᠪᠠᠵᠤ᠂ ᠣᠷᠣᠨ | ᠨᠤᠳᠤᠭ ᠤᠨ ᠦᠢᠯᠡᠳᠪᠦᠷᠢᠯᠡᠯ ᠤᠨ ᠪᠦᠬᠦ ᠤᠢᠷᠳᠡᠭ 8.2% ᠪᠠᠷ ᠨᠡᠮᠡᠭᠳᠡᠵᠦ᠂ ᠡ᠊ᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ 8 % ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ 14.6 % ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠦᠬᠦ ᠲᠤᠭ᠎ᠠ ᠨᠢ 8.5 % ᠪᠠᠷ ᠨᠡᠮᠡᠭᠳᠡᠵᠦ᠂ ᠬᠤᠲᠠ ᠪᠠᠯᠭᠠᠰᠤ ᠪᠤᠯᠤᠨ ᠬᠦᠳᠡᠭᠡ ᠲᠤᠰᠬᠤᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠲᠤᠰ | ᠲᠤᠰ 8.9 % ᠪᠠ 9.2 % ᠪᠠᠷ ᠨᠡᠮᠡᠭᠳᠡᠭᠰᠡᠨ ᠰᠠᠶᠢᠨ ᠬᠢᠷᠢ ᠪᠦᠲᠦᠮᠵᠢ ᠶᠢ ᠤᠯᠪᠠ᠃ | ︵ᠨᠢᠭᠡ︶ ᠠᠵᠤ ᠠᠬᠤᠶ ᠶᠢᠨ ᠪᠠᠭᠤᠷᠠᠯᠲᠠ ᠶᠢ ᠪᠦᠬᠦ ᠬᠦᠴᠦᠨ ᠢᠶᠠᠷ ᠢᠶᠠᠨ ᠠᠷᠭᠠᠴᠠᠵᠤ᠂ ᠠᠵᠤ ᠦᠢᠯᠡᠰ ᠤᠨ | ᠬᠥᠭᠵᠢᠯᠲᠡ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠬᠰᠢᠯᠠᠭᠤᠯᠪᠠ | ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠲᠣᠭᠲᠠᠭᠤᠨ ᠢᠶᠠᠷ ᠶᠠᠪᠤᠭᠳᠠᠵᠠᠶ᠃ ᠴᠠᠬᠢᠯᠭᠠᠨ ᠤ | ᠦᠨ᠎ᠡ ᠶᠢᠨ ᠨᠥᠬᠦᠪᠥᠷᠢ ᠪᠠ ᠵᠢᠭᠡᠯᠡᠯᠭᠡ ᠶᠢᠨ ᠬᠦᠦ ᠮᠥᠩᠭᠦ ᠶᠢ1020 ᠲᠥᠮᠡᠨ ᠲᠥᠭᠦᠷᠢᠭ ᠨᠠᠶᠢᠳᠠᠪᠤᠷᠢᠵᠢᠭᠤᠯᠵᠤ᠂ | ᠪᠠᠭᠠᠰᠬᠠᠵᠦ ᠭᠡᠯᠳᠤᠷᠢᠭᠦᠯᠥᠭᠰᠡᠨ ᠭᠠᠶᠢᠯᠢ ᠰᠦᠢᠳᠬᠡᠯ 370 ᠲᠦᠮᠡᠨ ᠲᠥᠭᠦᠷᠢᠭ᠂ ᠤᠶᠢᠯᠡᠳᠪᠤᠷᠢᠯᠠᠯ ᠵᠣᠭᠰᠣᠭᠰᠠᠨ | ᠪᠤᠶᠤ ᠬᠠᠭᠠᠰ ᠵᠣᠭᠰᠣᠭᠰᠠᠨ 7 ᠠᠵᠤ ᠠᠬᠤᠶᠢᠯᠠᠯ ᠦᠢᠯᠡᠳᠪᠦᠷᠢᠯᠡᠯ ᠢᠶᠠᠨ ᠰᠡᠷᠭᠦᠭᠡᠪᠡ᠃ ᠪᠦᠬᠦ ᠰᠢᠶᠠᠨ ᠤ ᠠᠵᠤ | ᠦᠢᠯᠡᠳᠪᠦᠷᠢ ᠶᠢᠨ ᠨᠡᠮᠡᠭᠳᠡᠯ ᠦᠷᠲᠡᠭ ᠤᠨ 59.4 ᠳ᠋ᠦᠩᠰᠢᠭᠤᠷ ᠲᠥᠭᠦᠷᠢᠭ ᠲᠤ ᠬᠦᠷᠴᠦ᠂ 9.5% ᠪᠠᠷ | ᠨᠡᠮᠡᠭᠳᠡᠪᠡ᠃ ᠳ᠋ᠦᠩ ᠹᠠᠩ ᠸᠠᠨ ᠴᠢ ᠨᠢ ᠳᠤᠮᠳᠠᠳᠤ ᠤᠯᠤᠰ ᠤᠨ ᠨᠡᠷᠡᠲᠦ ᠲᠠᠸᠠᠷ ᠤᠨ ᠲᠡᠮᠳᠡᠭᠲᠦ ᠪᠠᠷ ᠥᠨᠡᠯᠡᠭᠳᠡᠪᠡ | ᠃ ᠶᠠᠨ ᠵᠢᠩ ᠫᠢᠸᠣ᠋ ᠶᠢᠨ ᠥᠷᠭᠡᠳᠬᠡᠨ ᠪᠠᠶᠢᠭᠤᠯᠬᠤ ᠬᠤᠶᠠᠳᠤᠭᠠᠷ ᠬᠤᠭᠤᠴᠠᠭ᠎ᠠ ᠂ ᠭᠠᠭ᠋ᠠᠶ ᠨᠢᠲᠤᠯᠵᠤ | ᠪᠣᠯᠪᠠᠰᠤᠷᠠᠭᠤᠯᠬᠤ ᠵᠡᠷᠭᠡ ᠲᠥᠷᠥᠯ ᠵᠤᠶᠢᠯ ᠢ ᠪᠠᠶᠢᠭᠤᠯᠤᠨ ᠲᠠᠭᠤᠰᠬᠠᠨ ᠠᠰᠢᠭᠯᠠᠯᠲᠠ ᠳᠤ ᠣᠷᠣᠭᠤᠯᠪᠠ︔ ᠱᠧᠦ | ᠰᠢᠨ ᠶᠤᠸᠠᠨ ᠠᠭᠤᠷᠬᠠᠶ ᠶᠢᠨ ᠦᠢᠯᠡᠰ ᠲᠣᠭᠲᠠᠭᠤᠨ ᠢᠶᠠᠷ ᠦᠢᠯᠡᠳᠪᠤᠷᠢᠯᠡᠵᠦ ᠪᠤᠢ᠃ ᠲᠢᠶᠠᠨ ᠢᠦᠢ᠂ ᠲᠢᠶᠠᠨ | ᠶᠤᠸᠠᠨ ᠵᠡᠷᠭᠡ ᠬᠥᠪᠰᠥᠭᠡᠷ ᠰᠢᠷᠣᠶ ᠶᠢᠨ ᠠᠵᠤ ᠠᠬᠤᠶᠢᠯᠠᠯ ᠳᠤᠮᠳᠠ ᠪᠠ ᠳᠡᠭᠡᠳᠦ ᠳᠡᠰ ᠵᠥᠭ ᠬᠦᠭᠵᠢᠵᠦ ᠪᠤᠢ᠃ | ᠯᠢᠦᠶ ᠶᠤᠸᠠᠨ ᠪᠣᠬᠢᠷ ᠤᠰᠤ ᠰᠢᠶ᠋ᠳᠪᠦᠷᠢᠯᠡᠬᠦ ᠦᠢᠯᠡᠳᠪᠦᠷᠢ ᠶᠢ ᠪᠠᠶᠢᠭᠤᠯᠤᠨ᠂ ᠵᠦᠩ ᠵᠢᠩ ᠬᠦᠷᠢᠶᠡᠯᠡᠩ ᠲᠣᠭᠤᠷᠢᠭ | ᠤᠨ ᠬᠤᠭ ᠨᠣᠪᠰᠢ ᠳᠠᠮᠵᠢᠭᠤᠯᠬᠤ ᠦᠷᠲᠡᠭᠡ ᠪᠠ ᠬᠤᠭ ᠨᠣᠪᠰᠢ ᠶᠢ ᠪᠤᠯᠠᠬᠤ ᠲᠠᠯᠠᠪᠠᠢ ᠨᠢ ᠠᠰᠢᠭᠯᠠᠯᠲᠠ ᠳᠤ | ᠤᠷᠤᠵᠦ᠂ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠤᠶᠢᠯᠡᠳᠬᠦᠨ ᠤ ᠦᠷᠳᠡᠭ ᠪᠣᠯᠤᠨ ᠪᠤᠷᠤᠯᠠᠭᠤᠯᠭ᠎ᠠ ᠶᠢᠨ | ᠣᠷᠣᠯᠭ᠎ᠠ ᠴᠥᠮ 125 ᠳ᠋ᠦᠩᠰᠢᠭᠤᠷ ᠲᠥᠭᠦᠷᠢᠭ ᠢ ᠲᠠᠪᠠᠪᠠ᠃ | ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠬᠦᠴᠦᠲᠡᠶ᠃ 11 ᠲᠦᠮᠡᠨ ᠮᠦ ᠪᠦᠷᠬᠦᠭᠦᠯ ᠤᠨ ᠳᠣᠣᠷ᠎ᠠ | ᠳᠤᠰᠤᠯᠭᠠᠨ ᠤᠰᠤᠯᠠᠬᠤ ᠡᠷᠳᠡᠨᠢ ᠰᠢᠰᠢ᠂ 1.3 ᠲᠥᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠰᠢᠨ᠎ᠡ ᠪᠠᠷ | ᠨᠡᠮᠡᠭᠳᠡᠵᠦ᠂ ᠠᠮᠤ ᠪᠤᠳᠠᠭᠠᠨ ᠤ ᠤᠨᠠᠯᠲᠠ 15.1 ᠳ᠋ᠥᠩᠰᠢᠭᠤᠷ ᠵᠢᠩ ᠬᠦᠷᠪᠡ᠃ 3.4 ᠲᠦᠮᠡᠨ ᠮᠦ | ᠲᠥᠬᠦᠭᠡᠷᠤᠮᠵᠢᠲᠤ ᠲᠠᠷᠢᠶᠠᠯᠠᠩ ᠂ 2 ᠲᠥᠮᠡᠨ ᠮᠤ᠋ ᠵᠢᠮᠢᠰ ᠤᠨ ᠮᠣᠳᠣ ᠠᠵᠤ ᠠᠬᠤᠶ ᠶᠢᠨ ᠤᠢ ᠂ ᠭᠡᠷ ᠤᠨ | ᠲᠡᠵᠢᠭᠡᠪᠤᠷᠢ ᠶᠢᠨ ᠵᠤᠬᠰᠤᠭ᠎ᠠ ᠲᠤᠭ᠎ᠠ 3 ᠲᠥᠮᠡᠨ ᠲᠤᠯᠤᠭᠠᠢ᠂ ᠤᠨᠴᠠᠯᠢᠬᠳᠤ ᠲᠠᠷᠢᠮᠠᠯ 1020 ᠮᠦ ᠰᠢᠨ᠎ᠡ ᠪᠠᠷ | ᠨᠡᠮᠡᠭᠳᠡᠪᠡ᠃ ᠤᠯᠤᠰ ᠤᠨ ᠭᠠᠵᠠᠷ ᠵᠦᠢ ᠶᠢᠨ ᠲᠡᠮᠳᠡᠭ ᠭᠡᠷᠡᠴᠢᠳᠤ ᠲᠠᠸᠠᠷ ᠤᠨ ᠲᠡᠮᠳᠡᠭᠲᠦ 6 ᠵᠦᠢᠯ ᠢ | ᠲᠠᠩᠰᠠᠯᠠᠭᠤᠯᠪᠠ᠃ ᠪᠣᠬᠢᠷᠲᠤᠯ ᠦᠭᠡᠶ᠂ ᠨᠣᠭᠤᠭᠠᠨ ᠲᠠᠷᠢᠶᠠᠯᠠᠩ ᠮᠡᠯ ᠤᠨᠪᠦᠲᠦᠭᠡᠭᠳᠡᠬᠦᠨ ᠤ ᠵᠤᠶᠢᠯ 10 ᠰᠢᠨ᠎ᠡ | ᠪᠠᠷ ᠨᠡᠮᠡᠭᠳᠡᠪᠡ᠃ ᠪᠣᠷᠣᠯᠠᠭᠤᠯᠭ᠎ᠠ ᠶᠢᠨ ᠣᠷᠣᠯᠭ᠎ᠠ ᠨᠢ 500 ᠲᠦᠮᠡᠨ ᠲᠥᠭᠦᠷᠢᠭ ᠠᠴᠠ ᠳᠠᠪᠠᠭᠰᠠᠨ ᠠᠵᠦ | ᠠᠬᠤᠶᠢᠯᠠᠯ 5 ᠡᠷᠦᠬᠡ ᠨᠡᠮᠡᠭᠳᠡᠨ᠂ 40 ᠡᠷᠤᠭᠡ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠭᠰᠠᠨ ᠵᠣᠬᠢᠶᠠᠨ | ᠪᠠᠶᠢᠭᠤᠯᠤᠯᠲᠠ ᠶᠢ ᠵᠢᠷᠤᠮᠵᠢᠭᠤᠯᠤᠨ ᠬᠥᠭᠵᠢᠭᠦᠯᠵᠦ᠂ ᠢᠳᠡᠰᠢᠨ ᠨᠣᠭᠤᠭᠠᠨ ᠤ ᠠᠵᠤ ᠦᠢᠯᠡᠰ ᠂ ᠵᠢᠮᠢᠰ ᠤᠨ ᠮᠣᠳᠣ | ᠠᠵᠤ ᠠᠬᠤᠶ ᠶᠢᠨ ᠤᠢ ᠶᠢᠨ ᠨᠡᠶᠢᠭᠡᠮᠯᠢᠭ ᠢ ᠪᠠᠶᠢᠭᠤᠯᠵᠦ᠂ ᠠᠵᠤ ᠦᠢᠯᠡᠰᠵᠢᠭᠰᠡᠨ ᠡᠵᠡᠩᠨᠡᠯᠲᠡ ᠳᠤ 13.8 ᠲᠦᠮᠡᠨ | ᠲᠠᠷᠢᠶᠠᠴᠢᠨ ᠡᠷᠦᠬᠡ ᠤᠷᠤᠯᠴᠠᠪᠠ᠃ | ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠨᠡᠯᠢᠶᠡᠳ ᠰᠠᠶᠢᠨ᠃ ᠭᠤᠷᠪᠠᠳᠤᠭᠠᠷ ᠬᠤᠭᠤᠴᠠᠭᠠᠨ ᠤ | ᠣᠯᠠᠨ ᠤᠯᠤᠰ ᠤᠨ ᠵᠤᠭᠠᠴᠠᠯ ᠤᠨ ᠰᠣᠶᠣᠯ ᠤᠨ ᠨᠠᠶᠢᠷ ᠢ ᠠᠮᠵᠢᠯᠲᠠ ᠲᠠᠢ ᠡᠷᠬᠢᠯᠡᠵᠦ᠂ ᠵᠢᠭᠤᠯᠴᠢᠯᠠᠭᠴᠢᠳ 134.2 | ᠲᠦᠮᠡᠨ ᠬᠥᠮᠦᠨ ᠤᠳᠠᠭ᠎ᠠ ᠳᠤ ᠬᠦᠷᠴᠦ᠂ ᠵᠢᠭᠤᠯᠴᠢᠯᠠᠯ ᠤᠨ ᠪᠦᠭᠦ ᠣᠷᠣᠯᠭ᠎ᠠ 18.2 ᠳ᠋ᠥᠩᠰᠢᠭᠤᠷ ᠲᠥᠭᠦᠷᠢᠭ | ᠪᠤᠯᠵᠤ ᠨᠡᠮᠡᠭᠳᠡᠭᠡᠳ ᠲᠤᠰ ᠲᠤᠰ 12 % ᠪᠠ 13 % ᠳᠤ ᠨᠡᠮᠡᠭᠳᠡᠪᠡ᠃ ᠬᠠᠢ ᠳ᠋ᠠ ᠲᠠᠯᠠᠪᠠᠢ᠂ ᠢ ᠴᠢ ᠳ᠋ᠠ | ᠵᠦᠩ ᠮᠠᠰᠢᠨ ᠲᠡᠷᠭᠡᠨ ᠤ 4S ᠳᠡᠯᠭᠡᠭᠦᠷ ᠠᠰᠢᠭᠯᠠᠯᠲᠠ ᠳᠤ ᠣᠷᠣᠵᠤ ᠡᠵᠡᠩᠨᠡᠨ᠂ ᠵᠧᠩ ᠵᠢᠢ ᠰᠢᠨ᠎ᠡ ᠴᠠᠭ ᠡᠷᠡᠨ | ᠠᠭᠤᠳᠠᠮ ᠲᠠᠯᠠᠪᠠᠶ᠂ ᠱᠦᠢ ᠰᠢᠩ ᠬᠤᠳᠠᠯᠳᠤᠭᠠᠨ ᠤ ᠬᠤᠲᠠ ᠶᠢᠨ ᠭᠤᠤᠯ ᠴᠤᠬᠴᠠ ᠶᠢᠨ ᠪᠠᠷᠢᠯᠭ᠎ᠠ ᠲᠠᠭᠤᠰᠴᠦ᠂ | ᠰᠢᠨ᠎ᠡ ᠪᠠᠷ ᠪᠠᠶᠢᠭᠤᠯᠤᠨ ᠦᠭᠡᠷᠡᠴᠢᠯᠡᠬᠰᠠᠨ ᠲᠠᠷᠢᠶᠠᠯᠠᠩ ᠠᠷᠠᠯᠵᠢᠶᠡᠠ ᠤ ᠵᠠᠬ᠎ᠠ ᠳᠡᠯᠭᠡᠭᠦᠷ 5᠂ ᠰᠡᠷᠭᠦᠭᠡᠨ ᠲᠠᠬᠢᠨ | ᠪᠠᠶᠢᠭᠤᠯᠤᠬᠰᠠᠨ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ 3᠃ ᠪᠠᠩᠬᠢ ᠶᠢᠨ ᠲᠣᠣᠷ | ᠰᠦᠯᠵᠢᠶᠡᠨ ᠴᠡᠭ 2 ᠰᠢᠨ᠎ᠡ ᠪᠠᠷ ᠨᠡᠮᠡᠭᠳᠡᠨ᠂ 1 ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠂ 2 ᠳᠠᠭᠠᠳᠬᠠᠯ ᠤᠨ | ᠺᠣᠮᠫᠠᠨᠢ ᠶᠢ ᠤᠷᠢᠨ ᠠᠪᠴᠢᠷᠠᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ | ᠲᠤᠭ᠎ᠠ 139 ᠳ᠋ᠥᠩᠰᠢᠭᠤᠷ ᠲᠥᠭᠦᠷᠢᠭ ᠬᠦᠷᠴᠦ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ 80.7 ᠳ᠋ᠦᠩᠰᠢᠭᠤᠷ | ᠲᠥᠭᠦᠷᠢᠭ ᠲᠤ ᠬᠦᠷᠴᠦ᠂ ᠲᠤᠰ ᠲᠤᠰ ᠨᠡᠮᠡᠭᠳᠡᠵᠦ᠂ 13 % ᠪᠠ 5.4% ᠪᠠᠷ ᠨᠡᠮᠡᠭᠳᠡᠪᠡ᠃ | ︵ᠬᠤᠶᠠᠷ︶ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠵᠤ᠂ ᠬᠤᠳᠠ ᠬᠥᠳᠡᠭᠡ ᠶᠢᠨ | ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠭᠤᠯᠪᠠ | ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠪᠥᠳᠥᠭᠡᠨ ᠪᠠᠶᠢᠭᠤᠯᠤᠯᠲᠠ ᠰᠢᠨ᠎ᠡ ᠠᠬᠢᠴᠠ ᠶᠢ ᠤᠯᠪᠠ᠃ ᠬᠤᠲᠠ | ᠶᠢᠨ ᠲᠥᠯᠥᠪᠵᠢᠭᠦᠯᠭᠡ ᠶᠢ ᠲᠤᠭᠢᠷᠠᠭᠤᠯᠤᠨ ᠲᠡᠭᠦᠯᠳᠡᠷᠵᠢᠬᠦᠯᠦᠨ᠂ 305 ᠵᠠᠰᠠᠭ ᠵᠠᠬᠢᠷᠭᠠᠨ ᠤ ᠲᠤᠰᠬᠤᠨ ᠤ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠭᠠᠵᠠᠷ ᠳᠣᠣᠷᠠᠬᠢ ᠬᠤᠭᠤᠯᠠᠶ ᠲᠣᠣᠷ᠂ ᠬᠡᠷ ᠤᠨ ᠭᠠᠳᠠᠨᠠᠬᠢ ᠵᠠᠷ | ᠮᠡᠳᠡᠭᠡ ᠵᠡᠷᠭᠡ 8 ᠲᠤᠰᠬᠠᠶ ᠵᠦᠢᠯ ᠤᠨᠲ᠋ᠥ᠋ᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠬᠦᠯᠪᠡ᠃ | ᠭᠤᠣᠯᠳᠠᠯᠭ᠎ᠠ ᠲᠠᠢ ᠡᠵᠡᠮᠰᠢᠯ ᠤᠨ ᠣᠷᠣᠨ ᠤ ᠲᠥᠯᠥᠪᠵᠢᠭᠦᠯᠭᠡ ᠶᠢ ᠬᠢᠨᠠᠨ ᠪᠠᠶᠢᠴᠠᠭᠠᠬᠤ ᠡᠷᠴᠢᠮ ᠢᠶᠠᠨ | ᠨᠡᠮᠡᠭᠳᠡᠭᠦᠯᠵᠦ᠂ ᠤᠯᠤᠰ ᠪᠠ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠤᠨ ᠬᠤᠶᠠᠷ ᠲᠠᠯ᠎ᠠ ᠪᠠᠷ | ᠳᠤᠷ᠎ᠠ ᠪᠠᠷ ᠢᠶᠠᠨ ᠪᠠᠷᠢᠯᠭ᠎ᠠ ᠪᠠᠷᠢᠭᠰᠠᠨ ᠪᠠ ᠵᠠᠮ ᠡᠵᠡᠯᠡᠵᠦ ᠡᠵᠡᠩᠨᠡᠬᠦ ᠶᠢ ᠶᠡᠷᠦᠩᠬᠡᠶᠢᠯᠡᠨ ᠴᠡᠭᠴᠡᠯᠡᠨ ᠵᠠᠰᠠᠵᠦ᠂ | 830 ᠭᠠᠵᠠᠷ ᠤᠨ 3.3 ᠲᠥᠮᠡᠨ ᠲᠡᠭᠰᠢ ᠲᠥᠷᠪᠡᠯᠵᠢᠨ ᠮᠧᠲᠷ ᠲᠥᠷᠢᠮ ᠢ ᠵᠥᠷᠢᠴᠡᠭᠰᠡᠨ ᠪᠠᠷᠢᠯᠭ᠎ᠠ ᠶᠢ ᠨᠤᠷᠠᠭᠠᠪᠠ | ᠃ 6400 ᠲᠥᠮᠡᠨ ᠲᠥᠭᠦᠷᠢᠭ ᠤᠷᠤᠭᠤᠯᠤᠨ ᠲᠢᠶᠠᠨ ᠢ ᠵᠡᠭᠡᠯᠢ ᠲᠤᠭᠤᠷᠢᠭ ᠤᠨ ᠪᠦᠳᠦᠭᠡᠨ ᠪᠠᠶᠢᠭᠤᠯᠤᠯᠲᠠ ᠶᠢ | ᠲᠥᠷᠭᠡᠳᠭᠡᠨ᠂ ᠲᠢᠶᠠᠨ ᠱᠦᠨ ᠵᠠᠮ ᠢ ᠪᠠᠶᠢᠭᠤᠯᠤᠨ ᠲᠠᠭᠤᠰᠬᠠᠨ᠂ ᠰᠢᠨ᠎ᠡ ᠤᠰᠤᠨ ᠰᠤᠷᠪᠤᠯᠵᠢ ᠶᠢᠨ ᠭᠠᠵᠠᠷ᠂ | ᠳᠠᠬᠢᠠ ᠠᠰᠢᠭᠯᠠᠵᠦ ᠪᠣᠯᠬᠤ ᠡᠨᠧᠷᠭᠢ ᠶᠢᠨ ᠰᠤᠷᠪᠤᠯᠵᠢ ᠶᠢᠨ ᠪᠠᠷᠢᠯᠭ᠎ᠠ ᠶᠢᠨ ᠬᠡᠷᠡᠭᠯᠡᠯᠲᠡ ᠶᠢᠨ ᠵᠢᠱᠢᠶ᠎ᠡ ᠦᠵᠡᠭᠦᠯᠬᠦ | ᠵᠡᠷᠭᠡ ᠬᠤᠲᠠ ᠶᠢᠨ ᠶᠠᠪᠤᠳᠠᠯ ᠤᠨ 8 ᠢᠨᠵᠧᠨᠧᠷᠢᠩ ᠢ ᠭᠡᠷᠩᠵᠢᠬᠦᠯᠦᠨ᠂ ᠡᠯ᠎ᠡ ᠲᠦᠷᠦᠯ ᠤᠨ ᠬᠤᠭᠤᠯᠠᠶ ᠲᠣᠣᠷ ᠢ | 17. ᠺᠢᠯᠣᠮᠧᠲᠷ ᠳᠡᠪᠢᠰᠴᠦ᠂ ᠢᠯᠴᠢ ᠬᠠᠩᠭᠠᠬᠤ ᠴᠢᠳᠡᠪᠦᠷᠢ 25 ᠲᠦᠮᠡᠠ ᠲᠡᠭᠰᠢ ᠲᠦᠷᠪᠡᠯᠵᠢᠠ ᠮᠧᠲᠷ ᠰᠢᠨ᠎ᠡ | ᠪᠠᠷ ᠨᠡᠮᠡᠭᠳᠡᠵᠦ᠂ ᠬᠤᠲᠠ ᠲᠣᠭᠤᠷᠢᠭ ᠤᠨ ᠲᠦᠷᠢᠶᠡᠰᠦᠨ ᠮᠠᠰᠢᠨ ᠲᠡᠷᠭᠡᠨ ᠢ 101 ᠰᠢᠨ᠎ᠡ ᠪᠠᠷ ᠨᠡᠮᠡᠭᠳᠡᠬᠦᠯᠪᠡ᠃ | ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ ᠪᠠᠶᠢᠭᠤᠯᠬᠤ ᠠᠵᠢᠯ ᠲᠠᠢ ᠤᠶᠠᠯᠳᠤᠭᠤᠯᠤᠨ᠂ | ᠬᠤᠲᠠ ᠲᠣᠭᠤᠷᠢᠭ ᠤᠨ ᠣᠷᠴᠢᠨ ᠲᠣᠭᠤᠷᠢᠨ ᠤ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠲᠥᠪᠯᠡᠷᠡᠬᠦᠯᠦᠨ | ᠥᠷᠨᠢᠬᠦᠯᠵᠦ᠂ ᠬᠠᠤᠯᠢ ᠪᠤᠰᠤ ᠡᠵᠡᠩᠨᠡᠵᠦ ᠪᠠᠶᠢᠭ᠎ᠠ ᠨᠠᠭᠠᠳᠤᠮ ᠴᠡᠩᠭᠡᠯ ᠤᠨ ᠲᠥᠬᠦᠭᠡᠷᠦᠮᠵᠢ ᠶᠢ ᠬᠠᠤᠯᠢ ᠶᠣᠰᠣᠭᠠᠷ | ᠴᠠᠭᠠᠵᠠᠯᠠᠵᠤ᠂ ᠬᠤᠳᠠ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠡᠪᠡ᠃ 1.43 ᠳ᠋ᠦᠩᠰᠢᠭᠤᠷ ᠲᠥᠭᠦᠷᠢᠭ ᠢ | ᠪᠡᠯᠡ ᠤᠷᠤᠭᠤᠯᠤᠨ᠂ ᠵᠢᠵᠢᠭ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠪᠠ᠃ 26 ᠺᠢᠯᠣᠮᠧᠲᠷ | ᠵᠠᠮ ᠢ ᠰᠢᠨ᠎ᠡ ᠪᠠᠷ ᠥᠭᠡᠷᠡᠴᠢᠯᠡᠨ ᠵᠠᠰᠠᠵᠦ᠂ ᠵᠠᠮ ᠤᠨ ᠳ᠋ᠧᠩ ᠢ 965 ᠤᠭᠰᠠᠷᠠᠵᠤ᠂ 5.4 ᠲᠥᠮᠡᠨ ᠰᠠᠭᠤᠷᠢ | ᠮᠤᠳᠤ ᠵᠠᠶᠢᠯᠠᠵᠦ᠂ ᠲᠠᠯᠠᠪᠠᠶ ᠴᠡᠴᠡᠷᠯᠢᠭ 10 ᠶᠢ ᠪᠠᠶᠢᠭᠤᠯᠵᠦ᠂ ᠢᠯᠴᠢ ᠬᠠᠩᠭᠠᠬᠤ ᠥᠷᠲᠡᠭᠡ 2 ᠭᠠᠵᠠᠷ᠂ | ᠲᠥᠪᠯᠡᠷᠡᠭᠦᠯᠦᠨ ᠤᠰᠤ ᠬᠠᠩᠭᠠᠬᠤ ᠥᠷᠲᠡᠭᠡ 1᠂ ᠬᠤᠭ ᠨᠣᠪᠰᠢ ᠶᠢ ᠪᠤᠯᠠᠬᠤ ᠲᠠᠯᠠᠪᠠᠢ 4᠂ ᠬᠤᠭ ᠨᠣᠪᠰᠢ ᠶᠢᠨ | ᠴᠥᠭᠦᠷᠥᠮ 167 ᠪᠠᠶᠢᠭᠤᠯᠵᠦ᠂ ᠡᠯ᠎ᠡ ᠲᠦᠷᠦᠯ ᠤᠨ ᠬᠤᠭᠤᠯᠠᠶ ᠤᠲᠠᠰᠤ ᠶᠢ 222 ᠺᠢᠯᠣᠮᠧᠲᠷ ᠲᠡᠪᠢᠰᠪᠠ᠃ | ᠪᠤᠷᠬᠠᠨᠲᠤ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠭᠤᠯᠤᠯᠳᠤ ᠪᠠᠯᠭᠠᠰᠤ ᠶᠢᠨ ᠵᠢᠱᠢᠶ᠎ᠡ ᠦᠵᠡᠭᠦᠯᠬᠦ | ᠲᠤᠷᠰᠢᠯᠲᠠ ᠶᠢᠨ ᠴᠢᠬ ᠤᠨ ᠠᠵᠢᠯ ᠢ ᠡᠬᠢᠯᠡᠬᠦᠯᠵᠦ᠂ ᠬᠤᠷᠬᠤᠭ ᠨᠢ ᠪᠦᠬᠦ ᠤᠯᠤᠰ ᠤᠨ ᠤᠨᠴᠠᠯᠢᠭᠳᠤ ᠦᠵᠡᠮᠵᠢ | ᠵᠢᠭᠤᠯᠴᠢᠯᠠᠯ ᠤᠨ ᠠᠯᠳᠠᠷᠲᠤ ᠪᠠᠯᠭᠠᠰᠤ ᠪᠠᠷ ᠥᠨᠡᠨᠯᠡᠭᠳᠡᠵᠦ᠂ ᠰᠢᠽᠢ ᠨᠢ ᠪᠦᠬᠦ ᠤᠯᠤᠰ ᠤᠨ ᠪᠤᠯᠪᠠᠰᠤᠨ ᠲᠤᠰᠬᠤᠨ | ᠪᠠᠯᠭᠠᠰᠤ ᠪᠠᠷ ᠥᠨᠡᠨᠯᠡᠭᠳᠡᠪᠡ᠃ ᠰᠠᠭᠤᠷᠢ ᠲᠥᠬᠦᠭᠡᠷᠤᠮᠵᠢ ᠶᠢᠨ ᠪᠥᠳᠥᠭᠡᠨ ᠪᠠᠶᠢᠭᠤᠯᠤᠯᠲᠠ ᠪᠤᠯᠤᠨ ᠤᠷᠴᠢᠨ ᠠᠬᠤᠢ | ᠶᠢᠨ ᠬᠠᠮᠭᠠᠯᠠᠯᠲᠠ ᠶᠢᠨ ᠡᠷᠴᠢᠮ ᠢ ᠴᠢᠩᠭᠠᠳᠬᠠᠪᠠ᠃ 4.3 ᠳ᠋ᠦᠩᠰᠢᠭᠤᠷ ᠲᠥᠭᠦᠷᠢᠭ ᠪᠡᠯᠡ ᠤᠷᠤᠭᠤᠯᠤᠨ᠂ | ᠤᠯᠤᠰ ᠤᠨ ᠵᠠᠰᠠᠮᠠᠯ ᠵᠠᠮ ᠢ 14 ᠺᠢᠯᠣᠮᠧᠲᠷ ᠶᠡᠭᠡ ᠪᠠᠷ ᠵᠠᠰᠠᠨ ᠦᠭᠡᠷᠡᠴᠢᠯᠡᠨ᠂ ᠲᠣᠰᠬᠤᠨ ᠳᠤ ᠨᠡᠪᠳᠡᠷᠡᠬᠦᠯᠬᠦ 32 | ᠵᠤᠷᠪᠤᠰ ᠤᠨ 261.7 ᠺᠢᠯᠣᠮᠧᠲᠷ ᠲᠤᠰᠤᠨ ᠵᠠᠮ ᠤᠨ ᠰᠢᠨ᠎ᠡ ᠪᠠᠷ ᠵᠠᠰᠠᠨ ᠨᠡᠪᠳᠡᠷᠡᠬᠦᠯᠦᠨ᠂ 7 ᠰᠠᠤᠷᠢ ᠠᠶᠤᠯᠲᠠᠶ | ᠬᠥᠭᠦᠷᠭᠡ ᠶᠢ ᠦᠭᠡᠷᠡᠴᠢᠯᠡᠪᠡ᠃ ᠤᠯᠠᠭᠠᠬᠠᠳᠠ ᠠᠴᠠ ᠪᠡᠭᠡᠵᠢᠩ ᠮᠦᠭᠳᠡᠨ ᠬᠦᠷᠬᠦ ᠳᠡᠭᠡᠳᠦ ᠬᠤᠷᠳᠤᠴᠠᠲᠤ ᠲᠡᠮᠦᠷ | ᠵᠠᠮ ᠤᠨ ᠬᠠᠷᠠᠴᠢᠨ ᠵᠡᠭᠦᠨ ᠭᠠᠷᠤᠨ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠦᠷᠲᠡᠭᠡ ᠶᠢᠨ | ᠲᠥᠷᠥᠯ ᠵᠦᠢᠯ ᠤᠨ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠦᠭᠰᠡᠨ | ᠪᠠᠶᠢᠨ᠎ᠠ᠃ ᠳ᠋ᠠ ᠬᠤ᠋ ᠱᠢ ᠤᠰᠤᠨ ᠴᠥᠭᠦᠷᠥᠮ ᠤᠨ ᠤᠰᠤ ᠬᠠᠩᠭᠠᠬᠤ ᠪᠠᠷᠢᠯᠭ᠎ᠠ ᠶᠢᠨ ᠡᠮᠦᠨᠡᠬᠢ ᠬᠤᠭᠤᠴᠠᠭᠠᠨ ᠤ | ᠠᠵᠢᠯ ᠢ ᠪᠡᠶᠡᠯᠡᠭᠦᠯᠵᠦ᠂ ᠳ᠋ᠦᠩ ᠰᠢᠶᠣᠣ ᠾᠧ ᠤᠨ ᠦᠶᠡᠷ ᠢ ᠰᠡᠷᠭᠡᠶᠢᠯᠡᠨ ᠵᠠᠰᠠᠬᠤ᠂ ᠬᠠᠯᠠᠭᠤᠨ ᠤᠰᠤᠨ ᠤ | ᠵᠢᠭᠠᠰᠤᠨ ᠤ ᠡᠭᠦᠯᠳᠡᠷ ᠤᠨ ᠲᠠᠯᠠᠪᠤᠷ ᠨᠡᠭᠦᠯᠭᠡᠨ ᠪᠠᠶᠢᠭᠤᠯᠬᠤ ᠪᠠᠷᠢᠯᠭ᠎ᠠ ᠰᠢᠪᠲᠤᠷᠭᠠᠨ ᠳᠠᠭᠠᠨ ᠤᠷᠤᠭᠰᠠᠨ ᠪᠠᠶᠢᠨ᠎ᠠ᠃ | ᠤᠰᠤ ᠰᠢᠷᠤᠢ ᠶᠢ ᠬᠠᠮᠭᠠᠯᠠᠵᠦ ᠵᠠᠰᠠᠬᠤ ᠶᠢ 10 ᠲᠦᠮᠡᠨ ᠮᠣ᠋᠂ ᠤᠢ ᠶᠢ ᠡᠵᠡᠩᠨᠡᠨ ᠣᠶᠢᠵᠢᠭᠤᠯᠬᠤ 3.5 ᠲᠦᠮᠡᠨ | ᠮᠣ᠋᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ 1.1 ᠲᠦᠮᠡᠨ ᠮᠣ᠋ ᠰᠢᠨ᠎ᠡ ᠪᠠᠷ | ᠨᠡᠮᠡᠭᠳᠡᠭᠦᠯᠪᠡ᠃ ᠬᠠᠤᠯᠢ ᠪᠤᠰᠤ ᠠᠭᠤᠷᠬᠠᠶ ︵ᠮᠠᠯᠳᠠᠬᠤ ᠴᠡᠭ︶ 17 ᠬᠠᠭᠠᠵᠦ᠂ 3262 ᠮᠦ ᠭᠠᠵᠠᠷ ᠰᠢᠨᠵᠢᠯᠡᠭᠡ | ᠣᠷᠴᠢᠨ ᠲᠣᠭᠤᠷᠢᠨ ᠢ ᠰᠡᠷᠭᠦᠭᠡᠨ ᠵᠠᠰᠠᠪᠠ᠃ ᠲᠢᠶᠠᠨ ᠢ ᠵᠡᠭᠡᠯᠢ ᠲᠣᠭᠤᠷᠢᠭ ᠳᠠᠬᠢ ᠨᠡᠭᠦᠷᠡᠰᠦ ᠰᠢᠲᠠᠭᠠᠬᠤ ᠵᠢᠵᠢᠭ | ᠵᠤᠤᠬ᠎ᠠ 19 ᠶᠢ ᠨᠤᠷᠠᠭᠠᠵᠦ᠂ 8 ᠡᠷᠦᠬᠡ ᠬᠤᠭᠤᠯᠠ ᠤᠮᠳᠠᠭᠠᠨ ᠤ ᠨᠢᠭᠡᠴᠡ ᠳᠤ ᠴᠡᠪᠡᠷᠰᠢᠭᠦᠯᠬᠦ ᠲᠥᠬᠦᠭᠡᠷᠦᠮᠵᠢ ᠶᠢ | ᠤᠬᠰᠠᠷᠠᠭᠤᠯᠤᠨ᠂ ᠰᠠᠨ ᠵᠢᠶᠠ ᠢᠯᠴᠢ ᠶᠢᠨ ᠬᠦᠴᠦᠨ ᠤ ᠺᠣᠮᠫᠠᠨᠢ ᠬᠦᠬᠦᠷ ᠥᠬᠡᠶᠢᠳᠡᠭᠦᠯᠬᠦ ᠱᠡᠤ ᠥᠬᠡᠶᠢᠳᠡᠭᠦᠯᠬᠦ | ᠲᠣᠭᠤᠰᠣ ᠠᠷᠢᠯᠭᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠭᠤᠣᠯ ᠪᠣᠯᠬᠤ ᠪᠣᠬᠢᠷᠲᠤᠯ ᠪᠣᠳᠠᠰ ᠤᠨ ᠪᠣᠬᠢᠷᠲᠤᠯ | ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ | ︵ᠭᠤᠷᠪᠠ︶ ᠥᠭᠡᠷᠡᠴᠢᠯᠡᠯᠲᠡ ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠬᠥᠭᠵᠢᠯᠲᠡ ᠶᠢᠨ ᠠᠮᠢᠳᠤᠯᠢᠭ | ᠬᠦᠴᠦᠨ ᠲᠠᠰᠤᠷᠠᠯᠳᠡ ᠦᠭᠡᠢ ᠴᠢᠩᠭᠠᠷᠠᠪᠠ | ᠡᠯ᠎ᠡ ᠵᠦᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠵᠠᠰᠠᠭ ᠤᠨ ᠣᠷᠳᠣᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠢᠳᠡᠪᠬᠢᠲᠡᠶ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠪᠠ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠲᠤᠪᠴᠢᠶ᠎ᠠ ᠶᠢ ᠵᠣᠬᠢᠶᠠᠨ | ᠪᠠᠶᠢᠭᠤᠯᠪᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | 5444 ᠵᠦᠢᠯ ᠡᠷᠬᠡ ᠶᠢᠨ ᠨᠠᠷᠢᠨ ᠬᠠᠭᠤᠳᠠᠰᠤᠨ ᠢ ᠡᠮᠬᠢᠯᠡᠨ ᠨᠡᠶᠢᠳᠡᠯᠡᠪᠡ᠃ ︽ᠭᠤᠷᠪᠠᠨ ᠦᠨᠡᠮᠯᠡᠯ ᠢ ᠨᠢᠭᠡᠳᠬᠡᠵᠦ᠂ | ᠨᠢᠭᠡ ᠦᠨᠡᠮᠯᠡᠯ ᠳᠤ ᠨᠢᠭᠡ ᠨᠤᠮᠧᠷ ᠲᠠᠢ ᠪᠠᠶᠢᠯᠭᠠᠬᠤ︾ ᠲᠡᠩᠰᠠᠯᠠᠬᠤ ᠳᠦᠷᠢᠮ ᠢ ᠡᠬᠢᠯᠡᠭᠦᠯᠦᠨ ᠬᠡᠷᠡᠭᠵᠢᠭᠦᠯᠵᠦ᠂ | ᠵᠠᠬ᠎ᠠ ᠳᠡᠯᠭᠡᠭᠦᠷ ᠤᠨ ᠭᠤᠤᠯ ᠴᠣᠭᠴᠠ 3746 ᠡᠷᠦᠬᠡ ᠰᠢᠨ᠎ᠡ ᠪᠠᠷ ᠨᠡᠮᠡᠭᠳᠡᠵᠦ᠂ 15.7 % ᠪᠠᠷ ᠨᠡᠮᠡᠭᠳᠡᠪᠡ᠃ | ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠡᠬᠢᠯᠡᠭᠦᠯᠵᠦ᠂ ᠣᠯᠣᠰ ᠠᠴᠠ ᠲᠤᠬᠳᠠᠭᠠᠬᠰᠠᠨ ᠡᠮ ᠤᠨ ᠵᠤᠶᠢᠯ ᠢ ᠪᠦᠬᠦᠨ | ᠢᠶᠠᠷ ᠲᠢᠭ ᠵᠦᠷᠢᠶ᠎ᠡ ᠶᠢᠨ ᠪᠤᠷᠤᠯᠠᠭᠤᠯᠭ᠎ᠠ ᠶᠢ ᠶᠠᠪᠤᠬᠳᠠᠭᠤᠯᠪᠠ᠃ ᠠᠵᠤ ᠠᠬᠤᠶᠢᠯᠠᠯ ᠳᠤ ᠬᠤᠯᠪᠣᠭᠳᠠᠭᠰᠠᠨ | ᠰᠦᠢᠳᠬᠡᠯ ᠬᠤᠷᠢᠶᠠᠬᠤ ᠲᠥᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠦᠢᠳᠬᠡᠯ ᠬᠤᠷᠢᠶᠠᠬᠤ ᠭᠠᠷᠴᠠᠭ | ᠲᠣᠳᠣᠷᠬᠠᠶ ᠳᠠᠩᠰᠠ ᠶᠢ ᠲᠤᠬᠳᠠᠭᠠᠪᠠ᠃ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠶ᠂ ᠣᠷᠣᠨ | ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠬᠤ ᠠᠵᠢᠯ ᠢ ᠦᠨᠳᠦᠰᠦᠨ ᠳᠡᠭᠡᠨ | ᠪᠡᠶᠡᠯᠡᠭᠦᠯᠪᠡ᠃ | ᠭᠠᠳᠠᠭᠠᠳᠤ ᠲᠠᠢ ᠴᠢᠯᠤᠭᠡᠳᠡᠢ ᠶᠠᠪᠤᠯᠴᠠᠬᠤ ᠡᠷᠴᠢᠮ ᠴᠢᠩᠭᠠᠷᠠᠪᠠ᠃ ᠠᠷᠠᠳ ᠨᠡᠶᠢᠲᠡ ᠶᠢᠨ ᠠᠷᠠᠯᠵᠢᠶᠠᠴᠢᠨ ᠤᠷᠢᠬᠤ | ᠰᠠᠭᠤᠷᠢᠨ ᠳᠡᠭᠡᠷ᠎ᠡ ︽ᠵᠠᠭᠤᠨ ᠡᠳᠦᠷ ᠤᠨ ᠪᠠᠬᠢᠯᠡᠯᠲᠡ ᠰᠢᠪᠲᠤᠯᠬᠤ︾ ᠠᠵᠢᠯᠯᠠᠭ᠎ᠠ ᠥᠷᠨᠢᠭᠦᠯᠵᠦ᠂ 6 ᠰᠠᠯᠠᠭ᠎ᠠ | ᠠᠷᠠᠯᠵᠢᠶᠠᠴᠢᠨ ᠤᠷᠢᠬᠤ ᠬᠤᠪᠢᠶᠠᠷᠢ ᠠᠩᠭᠢ ᠶᠢ ᠪᠠᠶᠢᠭᠤᠯᠵᠦ᠂ ᠪᠡᠭᠡᠵᠢᠩ ᠲᠢᠶᠠᠨᠵᠢᠨ ᠾᠧᠪᠸᠢ᠂ ᠯᠢᠶᠣᠤᠨᠢᠩ᠂ | ᠱᠠᠨᠳᠦ᠋ᠩ ᠵᠡᠷᠭᠡ ᠭᠠᠵᠠᠷ ᠲᠤ ᠴᠢᠬ ᠲᠣᠭᠲᠠᠭᠠᠨ ᠠᠷᠠᠯᠵᠢᠶᠠᠴᠢᠨ ᠤᠷᠢᠪᠠ᠃ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠵᠦᠢᠯᠡᠰ 149 ᠵᠦᠢᠯ ᠢ ᠬᠡᠷᠡᠭᠵᠢᠭᠦᠯᠵᠦ᠂ 54.7 ᠳ᠋ᠥᠩᠰᠢᠭᠤᠷ ᠲᠥᠭᠦᠷᠢᠭ ᠪᠡᠯᠡ ᠮᠥᠩᠭᠦ ᠤᠷᠤᠨ | ᠪᠠᠶᠢᠷᠢ ᠳᠤ ᠪᠠᠨ ᠬᠦᠷᠴᠦ᠂ 11.8 % ᠪᠠᠷ ᠨᠡᠮᠡᠭᠳᠡᠪᠡ᠃ ᠪᠡᠬᠡᠵᠢᠩ ᠪᠤᠯᠤᠨ ᠦᠪᠤᠷ ᠮᠤᠩᠭᠤᠯ ᠯᠤᠭ᠎ᠠ ᠶᠢᠨ | ᠠᠵᠢᠯ ᠲᠥᠷᠥᠯ ᠢᠶᠠᠷ ᠢᠶᠠᠨ ᠬᠠᠪᠰᠤᠷᠤᠯᠴᠠᠬᠤ ᠪᠡᠯᠡ ᠮᠥᠩᠬᠦ ᠶᠢ 900 ᠲᠦᠮᠡᠨ ᠲᠥᠭᠦᠷᠢᠭ ᠲᠡᠮᠡᠴᠡᠨ ᠤᠯᠵᠦ᠂ | ᠪᠤᠷᠬᠠᠨᠲᠤ ᠶᠢᠨ ᠲᠥᠬᠦᠬᠡᠷᠤᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠪᠣᠯᠤᠨ ᠤᠭᠤᠷ ᠤᠨ ᠵᠢᠮᠢᠰ ᠤᠨ ᠮᠣᠳᠣ | ᠠᠵᠤ ᠠᠬᠤᠶ ᠶᠢᠨ ᠤᠢ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠤᠷᠭᠠᠨ ᠬᠥᠮᠦᠵᠢᠯ᠂ | ᠵᠢᠭᠤᠯᠴᠢᠯᠠᠯ ᠵᠡᠷᠭᠡ ᠲᠠᠯ᠎ᠠ ᠶᠢᠨ ᠬᠠᠮᠲᠤᠷᠠᠯᠴᠠᠭ᠎ᠠ ᠢᠯᠡᠳᠲᠡ ᠦᠷ᠎ᠡ ᠪᠦᠲᠦᠮᠵᠢ ᠤᠯᠪᠠ᠃ | ︵ᠲᠦᠷᠪᠡ︶ ᠨᠡᠶᠢᠭᠡᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠡᠯ᠎ᠡ ᠵᠦᠢᠯ ᠤᠨ ᠠᠵᠢᠯ | ᠦᠢᠯᠡᠰ ᠥᠷᠨᠢᠩᠭᠦᠶ ᠪᠠᠷ ᠬᠥᠭᠵᠢᠵᠦ ᠪᠠᠶᠢᠨ᠎ᠠ | ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠵᠢᠯ ᠤᠨ ᠰᠢᠨ᠎ᠡ ᠰᠢᠪᠲᠤᠯᠤᠯᠲᠠ ᠶᠢ ᠪᠡᠶᠡᠯᠡᠬᠦᠯᠪᠡ᠃ ᠯᠢᠶᠣᠣ | ᠵᠦᠩ ᠵᠢᠩ ᠤᠨ ᠬᠢᠮᠢ ᠶᠢᠨ ᠠᠵᠤ ᠦᠢᠯᠡᠳᠪᠦᠷᠢ᠂ ᠼᠣᠣ ᠶᠤᠸᠠᠨ ᠸᠠᠨ ᠴᠢ ᠵᠡᠷᠭᠡ ᠠᠵᠤ ᠠᠬᠤᠶᠢᠯᠠᠯ ᠰᠢᠨᠵᠢᠯᠡᠬᠦ | ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠢ ᠪᠠᠶᠢᠭᠤᠯᠪᠠ᠃ ᠳᠡᠭᠡᠳᠦ ᠰᠤᠷᠭᠠᠭᠤᠯᠢ ᠳᠤ ᠡᠯᠰᠡᠬᠦ | ᠰᠢᠯᠭᠠᠯᠲᠠ ᠲᠡᠤᠭᠡᠨ ᠳᠠᠬᠢ ᠬᠠᠮᠤᠭ ᠰᠠᠶᠢᠨ ᠬᠢᠷᠢ ᠪᠦᠲᠦᠮᠵᠢ ᠶᠢ ᠣᠯᠵᠤ᠂ ᠵᠢᠩᠬᠢᠨᠢ ᠠᠩᠬᠢ ᠶᠢᠨ ᠨᠢᠬᠡᠳᠤᠭᠡᠷ | ᠪᠥᠯᠥᠭ 815 ᠰᠤᠷᠤᠬᠴᠢ᠂ ᠵᠢᠩᠬᠢᠨᠢ ᠠᠩᠬᠢ ᠶᠢᠨ ᠬᠤᠶᠠᠳᠤᠭᠠᠷ ᠪᠥᠯᠥᠭ ᠠᠴᠠ ᠲᠡᠭᠡᠭᠰᠢ 2668 ᠰᠤᠷᠤᠬᠴᠢ | ᠡᠯᠰᠡᠭᠳᠡᠵᠦ᠂ ᠲᠤᠰᠪᠤᠷᠢ 34.7 % ᠪᠠ 35 % ᠪᠠᠷ ᠨᠡᠮᠡᠭᠳᠡᠵᠦ᠂ ᠴᠢᠩᠬᠤᠸᠠ ᠶᠡᠭᠡ ᠰᠤᠷᠭᠠᠭᠤᠯᠢ ᠳᠤ 1 | ᠰᠤᠷᠤᠬᠴᠢ᠂ ᠪᠡᠭᠡᠵᠢᠩ ᠶᠡᠭᠡ ᠰᠤᠷᠭᠠᠭᠤᠯᠢ ᠶᠢᠨ 3 ᠰᠤᠷᠤᠬᠴᠢ ᠡᠯᠰᠡᠭᠳᠡᠨ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠥᠪ ᠤᠨ 4 ᠰᠤᠷᠤᠬᠴᠢ ᠲᠤᠰᠪᠤᠷᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠤᠬᠠᠭᠠᠨ᠂ | ᠠᠨᠠᠭᠠᠬᠤ ᠤᠬᠠᠭᠠᠨ᠂ ᠠᠭᠤᠷᠬᠠᠶ ᠮᠠᠯᠲᠠᠬᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠳᠡᠭᠡᠳᠦ | ᠰᠤᠷᠭᠠᠭᠤᠯᠢ ᠶᠢᠨ ᠰᠢᠯᠭᠠᠯᠲᠠ ᠳᠤ ᠵᠤᠸᠠᠩᠶᠤᠸᠠᠨ ᠢᠶᠠᠷ ᠲᠤᠳᠤᠷᠠᠪᠠ᠃ ᠲᠡᠭᠡᠳᠤ ᠲᠤᠮᠳᠠᠳᠤ ᠳᠤ ᠲᠠᠪᠰᠢᠬᠤ | ᠰᠢᠯᠭᠠᠯᠲᠠ ᠶᠢᠨ ᠬᠢᠷᠢ ᠪᠦᠳᠦᠮᠵᠢ ᠨᠢ ᠪᠦᠬᠦ ᠬᠤᠲᠠ ᠳᠤ ᠭᠤᠷᠪᠠᠳᠤᠭᠠᠷ ᠲᠤ ᠤᠷᠪᠠ᠃ ᠪᠦᠬᠦ ᠣᠷᠣᠨ ᠤ | ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢ ᠳᠡᠯᠭᠡᠷᠡᠭᠦᠯᠬᠦ ᠲᠤᠷᠰᠢᠯᠲᠠ ᠲᠠᠢ ᠰᠢᠶᠠᠨ ᠪᠤᠯᠪᠠ᠃ | ᠰᠤᠶᠤᠯ ᠲᠠᠮᠢᠷ ᠤᠨ ᠠᠵᠢᠯ ᠰᠢᠨ᠎ᠡ ᠪᠠᠷ ᠦᠷ᠎ᠡ ᠪᠦᠲᠦᠭᠡᠯ ᠶᠢ ᠤᠯᠪᠠ᠃ ᠰᠣᠶᠣᠯ ᠤᠨ ᠲᠥᠪ ᠶᠡᠷᠦᠩᠬᠡᠶᠢᠯᠡᠭᠰᠡᠨ | ᠠᠰᠠᠷ ᠤᠨ ᠭᠤᠣᠯ ᠴᠣᠭᠴᠠ ᠪᠠᠷᠢᠯᠭ᠎ᠠ ᠲᠠᠭᠤᠰᠪᠠ᠃ ᠫᠢᠩᠵᠢᠦᠶ ᠵᠦᠴᠦᠭᠡ ︽ᠲᠦᠳᠡᠭ ᠭᠠᠯ | ᠨᠢᠩᠴᠧᠩ》ᠰᠣᠶᠣᠯ ᠤᠨ ᠶᠠᠮᠤᠨ ᠤ ᠪᠦᠬᠦ ᠤᠯᠤᠰ ᠤᠨ ᠰᠢᠯᠢᠳᠡᠭ ᠲᠣᠭᠤᠷᠢᠨ ᠲᠣᠭᠯᠠᠯᠲᠠ ᠭᠠᠷᠭᠠᠬᠤ ᠭᠤᠣᠯ | ᠰᠡᠳᠦᠪᠲᠦ ᠵᠦᠴᠦᠭᠡ ᠶᠢᠨ ᠭᠠᠷᠴᠠᠭ ᠲᠤ ᠤᠷᠤᠪᠠ᠃ ᠰᠣᠶᠣᠯ ᠤᠨ ᠪᠠᠶᠢᠭᠤᠯᠤᠯ ᠲᠣᠭᠲᠠᠴᠠ ᠶᠢᠨ ᠪᠠᠶᠢᠭᠤᠯᠤᠯ ᠤᠨ | ᠲᠠᠯ᠎ᠠ ᠪᠠᠷ ᠰᠢᠨ᠎ᠡ ᠶᠢ ᠡᠭᠦᠳᠬᠦ ᠶᠢ ᠠᠬᠢᠭᠤᠯᠵᠦ᠂ ︽ᠭᠤᠷᠪᠠᠨ ᠣᠷᠳᠣᠨ ᠤ ᠬᠡᠷᠡᠭ ᠡᠷᠬᠢᠯᠡᠭᠴᠢᠳ ᠤᠨ ᠨᠡᠶᠢᠭᠡᠮᠯᠢᠭ ︾ | ᠢ ᠪᠠᠶᠢᠭᠤᠯᠪᠠ᠃ ᠯᠢᠶᠤᠤ ᠤᠯᠤᠰ ᠤᠨ ᠲᠤᠮᠳᠠᠳᠤ ᠨᠡᠶᠢᠰᠯᠡᠯ ᠤᠨ ᠪᠠᠭᠤᠷᠢ ᠶᠢ ᠬᠠᠮᠠᠭᠠᠯᠠᠬᠤ ᠲᠦᠷᠦᠯ ᠵᠦᠢᠯ ᠢ | ᠭᠡᠷᠩᠵᠢᠬᠦᠯᠵᠦ᠂ ᠬᠠᠷ᠎ᠠ ᠬᠤᠲᠠ ᠶᠢᠨ ᠪᠠᠭᠤᠷᠢ ᠶᠢ ᠬᠠᠮᠭᠠᠯᠠᠬᠤ ᠲᠥᠯᠥᠪᠵᠢᠬᠦᠯᠭᠡ ᠶᠢᠨ ᠲᠥᠰᠥᠯ ᠨᠢ ᠥᠪᠡᠷᠲᠡᠭᠡᠨ | ᠵᠠᠰᠠᠬᠤ ᠣᠷᠣᠨ ᠤ ᠨᠤᠳᠠᠯᠠᠯ ᠢ ᠥᠩᠭᠡᠷᠡᠪᠡ᠃ ᠤᠯᠠᠭᠠᠨᠬᠠᠳᠠ ᠬᠥᠯ ᠪᠥᠮᠪᠥᠭᠡᠨ ᠤ ᠰᠤᠷᠭᠠᠭᠤᠯᠢ ᠶᠢ ᠪᠠᠶᠢᠭᠤᠯᠵᠤ᠂ | ᠡᠷᠡᠭᠲᠡᠶ ᠡᠮᠡᠭᠲᠡᠶ ᠠᠷᠤᠷ᠎ᠠ ᠪᠥᠮᠪᠦᠭᠡ ᠶᠢᠨ ᠠᠩᠬᠢ ᠲᠤᠰᠪᠤᠷᠢ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ | ᠪᠠᠭᠠᠴᠤᠳ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠮᠠᠩᠯᠠᠶ ᠪᠣᠯᠵᠠᠶ᠃ | ᠡᠷᠡᠬᠦᠯ ᠬᠠᠮᠭᠠᠯᠠᠯ ᠲᠥᠯᠥᠪᠯᠡᠭᠡᠳᠤ ᠥᠷᠡᠵᠢᠯ ᠤᠨ ᠠᠵᠢᠯ ᠰᠢᠨ᠎ᠡ ᠠᠮᠵᠢᠯᠲᠠ ᠪᠦᠲᠦᠮᠵᠢ ᠤᠯᠪᠠ᠃ ᠱᠠᠨ ᠲᠧᠦ᠂ | ᠷᠠᠰᠢᠶᠠᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠥᠷᠭᠡᠳᠬᠡᠨ ᠪᠠᠶᠢᠭᠤᠯᠬᠤ ᠪᠠᠷᠢᠯᠭ᠎ᠠ ᠶᠢᠨ ᠲᠥᠷᠥᠯ ᠵᠦᠢᠯ ᠤᠨ | ᠠᠵᠢᠯ ᠲᠠᠭᠤᠰᠴᠦ᠂ 27 ᠡᠷᠡᠭᠦᠯ ᠬᠠᠮᠠᠭᠠᠯᠠᠯ ᠤᠨ ᠬᠤᠷᠢᠶᠠᠨ ᠤ ᠮᠡᠳᠡᠭᠡ ᠵᠠᠩᠭᠢ ᠶᠢᠨ ᠲᠠᠪᠴᠠᠩ ᠤᠨ ᠲᠣᠣᠷ | ᠰᠦᠯᠵᠢᠶᠡᠨ ᠤ ᠪᠣᠷᠣ ᠲᠥᠯᠥᠪ ᠤᠨ ᠢᠨᠵᠧᠨᠧᠷᠢᠩ ᠪᠠ ᠰᠢᠰᠲ᠋ᠧᠮ ᠤᠨ ᠰᠣᠯᠢᠭᠳᠠᠯ ᠢ ᠪᠡᠶᠡᠯᠡᠭᠦᠯᠪᠡ᠃ ᠰᠢᠶᠠᠨ ᠤ | ᠮᠣᠩᠭᠤᠯ ᠬᠢᠲᠠᠳ ᠡᠮᠨᠡᠯᠭᠡ ᠶᠢᠨ ᠬᠤᠷᠢᠶ᠎ᠡ ᠨᠢ ᠤᠯᠤᠰ ᠤᠨ ᠬᠥᠭᠡ ᠳᠡᠰ ᠤᠨ ᠮᠣᠩᠭᠤᠯ ᠡᠮᠨᠡᠯᠭᠡ ᠬᠢᠳᠠᠳ ᠡᠮᠨᠡᠯᠭᠡ | ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠᠷ ᠳᠡᠪᠰᠢᠭᠦᠯᠦᠭᠳᠡᠪᠡ᠃ ᠰᠢᠶᠠᠨ ᠤ ᠡᠮᠨᠡᠯᠭᠡ ᠶᠢᠨ ᠬᠤᠷᠢᠶ᠎ᠠ ᠨᠢ | ᠡᠪᠡᠳᠴᠢᠲᠠᠨ ᠤ ᠬᠠᠨᠤᠮᠵᠢᠳᠠᠢ ᠡᠰᠡᠬᠦ ᠶᠢᠨ ᠪᠠᠶᠢᠴᠠᠭᠠᠯᠲᠠ ᠲᠤᠮᠳᠠ ᠪᠦᠬᠦ ᠤᠷᠤᠨ ᠤ ᠭᠤᠷᠪᠠᠳᠤᠭᠠᠷ ᠲᠡᠰ ᠤᠨ | ᠡᠮᠨᠡᠯᠭᠡ ᠲᠤᠮᠳᠠ ᠲᠡᠷᠢᠭᠦᠯᠡᠪᠡ᠃ ᠪᠤᠷᠬᠠᠨᠳᠤ ᠪᠠᠯᠭᠠᠰᠤ ᠶᠢᠨ ᠡᠷᠡᠬᠦᠯ ᠬᠠᠮᠠᠭᠠᠯᠠᠯ ᠤᠨ ᠬᠤᠷᠢᠶ᠎ᠠ ᠨᠢ ᠪᠦᠬᠦ ᠤᠯᠤᠰ | ᠤᠨ ᠬᠠᠨᠤᠮᠵᠢᠳᠠᠢ ᠡᠷᠡᠬᠦᠯ ᠬᠠᠮᠭᠠᠯᠠᠯ ᠤᠨ ᠬᠤᠷᠢᠶ᠎ᠠ ᠪᠠᠷ ᠥᠨᠡᠨᠯᠡᠭᠳᠡᠪᠡ᠃ ᠬᠥᠮᠦᠨ ᠠᠮᠠ ᠶᠢᠨ ᠲᠥᠷᠥᠯᠲᠡ ᠶᠢᠨ | ᠨᠤᠷᠮ᠎ᠠ 8.01 ‰᠂ ᠬᠥᠮᠦᠨ ᠠᠮᠠ ᠶᠢᠨ ᠠᠶᠠᠨᠳᠠᠭᠠᠨ ᠨᠡᠮᠡᠭᠳᠡᠬᠦ ᠨᠤᠷᠮ᠎ᠠ 3.28 ‰᠂ ᠬᠦᠮᠦᠠ ᠠᠮᠠ ᠶᠢᠨ | ᠬᠦᠢᠰᠦ ᠢᠯᠭᠠᠯ ᠤᠨ ᠬᠠᠷᠢᠴᠡᠯ 3.01 ᠴᠢᠭ ᠪᠠᠭᠤᠷᠠᠵᠦ᠂ ᠬᠥᠮᠦᠨ ᠠᠮᠠ ᠶᠢᠨ ᠬᠡᠪ ᠴᠢᠨᠠᠷ ᠢ ᠤᠯᠠᠮ ᠨᠢᠭᠡ | ᠠᠯᠬᠤᠮ ᠲᠡᠭᠡᠭᠰᠢᠯᠡᠭᠦᠯᠪᠠ᠃ | ︵ᠲᠠᠪᠤ︶ ᠠᠷᠠᠳ ᠲᠦᠮᠡᠨ ᠤ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠢ | ᠪᠠᠳᠤᠯᠠᠪᠠ | ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠱᠠᠳᠤᠴᠢ ᠴᠢᠨᠠᠷᠲᠠᠶ ᠠᠮᠵᠢᠯᠲᠠ ᠪᠦᠲᠦᠮᠵᠢ ᠤᠯᠪᠠ᠃ 15. | 12 ᠳ᠋ᠥᠩᠰᠢᠭᠤᠷ ᠲᠥᠭᠦᠷᠢᠭ ᠢ ᠪᠡᠯᠡ ᠤᠷᠤᠭᠤᠯᠤᠨ᠂ 700 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ | ᠥᠭᠡᠷᠡᠴᠢᠯᠡᠨ᠂ 3.9 ᠲᠡᠭᠰᠢ ᠳᠥᠷᠪᠡᠯᠵᠢᠨ ᠮᠧᠲᠷ᠂ ᠤᠤᠭᠤᠬᠤ ᠤᠰᠤᠨ ᠤ ᠠᠶᠤᠯ ᠥᠭᠡᠢ ᠶᠢᠨ ᠢᠨᠵᠧᠨᠧᠷᠢᠩ | 110 ᠶᠢ ᠪᠠᠶᠢᠭᠤᠯᠵᠦ᠂ 3.9 ᠲᠥᠮᠡᠨ ᠬᠥᠮᠦᠨ ᠢ ᠬᠠᠮᠤᠷᠴᠦ᠂ 1203.8 ᠺᠢᠯᠣᠮᠧᠲᠷ ᠵᠡᠭᠡᠯᠢ ᠭᠤᠳᠤᠮᠵᠢ ᠶᠢ | ᠬᠠᠳᠠᠭᠤᠷᠠᠭᠤᠯᠬᠤ ᠶᠢ ᠭᠡᠷᠩᠵᠢᠬᠦᠯᠦᠨ᠂ ᠳᠣᠣᠷ᠎ᠠ ᠲᠠᠷᠣᠴᠠᠳᠣ ᠲᠠᠪᠴᠠᠩ ᠣᠷᠣᠨ ᠢ118 ᠦᠭᠡᠷᠡᠴᠢᠯᠡᠵᠦ᠂ | ᠲᠧᠯᠸᠢᠰ ᠢ 9500 ᠡᠷᠦᠬᠡ ᠳᠤ ︽ᠡᠷᠦᠬᠡ ᠪᠣᠯᠭᠠᠨ ᠳᠤ ᠨᠡᠪᠳᠡᠷᠡᠬᠦᠯᠥᠨ︾ ᠂ ᠷᠠᠳᠢᠣ᠋ ᠨᠡᠪᠲᠡᠷᠡᠭᠦᠯᠭᠡ ᠶᠢ 307 | ᠲᠤᠰᠬᠤᠨ ᠳᠤ ︽ᠲᠣᠰᠬᠤᠨ ᠪᠣᠯᠭᠠᠨ ᠳᠤ ᠬᠠᠩᠬᠢᠨᠠᠭᠤᠯᠤᠨ》᠂ ᠰᠤᠷᠭᠠᠭᠤᠯᠢ ᠶᠢᠨ ᠪᠠᠶᠢᠷᠢ ᠶᠢᠨ ᠭᠡᠷ ᠤᠨ | ᠪᠦᠳᠦᠬᠡᠨ ᠪᠠᠶᠢᠭᠤᠯᠤᠯᠲᠠ ᠬᠢᠭᠡᠳ ᠠᠮᠤᠷ ᠲᠥᠪᠰᠢᠨ ᠤ ᠦᠭᠡᠷᠡᠴᠢᠯᠡᠯᠲᠡ ᠶᠢ 1 .1 ᠲᠦᠮᠡᠨ ᠲᠡᠭᠰᠢ ᠳᠥᠷᠪᠡᠯᠵᠢᠨ | ᠮᠧᠲᠷ ᠭᠡᠷᠩᠵᠢᠬᠦᠯᠦᠨ᠂ 196 ᠪᠠᠷᠢᠮᠵᠢᠶᠠᠵᠢᠭᠤᠯᠤᠭᠰᠠᠨ ᠡᠷᠡᠭᠦᠯ ᠬᠠᠮᠠᠭᠠᠯᠠᠯ ᠤᠨ ᠲᠠᠰᠤᠭ᠂ 204 ᠰᠣᠶᠣᠯ | ᠲᠣᠭᠯᠠᠭᠠᠮ ᠤᠨᠦᠷᠦᠬᠡ᠂ 209 ᠤᠯᠠᠨ ᠲᠦᠮᠡᠨ ᠳᠤ ᠲᠦᠬᠦᠮ ᠦᠵᠡᠬᠦᠯᠬᠦ ᠬᠤᠯᠪᠤᠭᠠᠳᠤ ᠬᠡᠳᠦ ᠳᠡᠯᠭᠡᠭᠦᠷ | ᠪᠠᠶᠢᠭᠤᠯᠵᠦ᠂ ᠨᠡᠶᠢᠭᠡᠮ ᠤᠨ ᠪᠠᠲᠤᠯᠠᠭ᠎ᠠ ᠶᠢ ᠪᠥᠬᠦᠨ ᠢ ᠪᠠᠲᠤᠯᠠᠬᠤ ᠪᠠᠷ ᠴᠢᠷᠮᠡᠶᠢᠪᠠ᠃ 300 ᠵᠠᠰᠠᠭ ᠵᠠᠬᠢᠷᠭᠠᠨ ᠤ | ᠭᠠᠴᠠᠭ᠎ᠠ ︽ᠠᠷᠪᠠ ᠪᠠᠷ ᠪᠦᠬᠦᠨ ᠢ ᠬᠠᠮᠤᠷᠬᠤ︾ ᠶᠢ ᠪᠡᠶᠡᠯᠡᠭᠦᠯᠵᠦ᠂ ᠰᠢᠶᠤᠤ ᠴᠧᠩ ᠽᠢ ᠪᠠᠯᠭᠠᠰᠤ ︽ | ᠠᠷᠪᠠᠨᠲ᠋ᠣᠰᠬᠤᠨ ᠢ ᠬᠤᠯᠪᠤᠭᠠᠯᠠᠨ ᠪᠠᠶᠢᠭᠤᠯᠬᠤ︾᠂ ᠰᠠᠨ ᠽᠦᠸᠧ ᠳ᠋ᠢᠶᠠᠨ ᠪᠠᠯᠭᠠᠰᠤ《 ᠵᠢᠷᠭᠤᠭᠠᠨ ᠲᠣᠰᠬᠤᠨ ᠢ | ᠬᠤᠯᠪᠤᠭᠠᠯᠠᠨ ᠪᠠᠶᠢᠭᠤᠯᠬᠤ︾ ᠵᠡᠷᠭᠡ ᠰᠣᠳᠣᠨ ᠵᠠᠯᠭᠠᠯᠳᠤᠭᠰᠠᠨ ᠬᠡᠰᠡᠭ ᠢ ᠪᠠᠶᠢᠭᠤᠯᠪᠠ᠃ | ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃ ︽ | ᠭᠤᠷᠪᠠ ᠶᠢ ᠲᠣᠰᠬᠤᠨ ᠬᠢᠭᠡᠳ ᠡᠷᠦᠬᠡ ᠳᠤ ᠭᠦᠷᠬᠡᠬᠦ︾ ᠶᠠᠳᠠᠭᠤ ᠶᠢ ᠲᠡᠳᠬᠦᠬᠦ ᠲᠤᠰᠬᠠᠶ ᠵᠦᠢᠯ ᠤᠨ | ᠤᠳᠤᠷᠢᠳᠤᠮᠵᠢ ᠪᠡᠯᠡ ᠮᠥᠩᠭᠦ ᠶᠢ 4410 ᠲᠥᠮᠡᠨ ᠲᠥᠭᠦᠷᠢᠭ ᠭᠡᠷᠩᠵᠢᠬᠦᠯᠦᠨ᠂ 98 ᠶᠠᠳᠠᠭᠤ ᠬᠦᠴᠢᠷᠳᠡᠯᠲᠡᠶ | ᠭᠠᠴᠠᠭᠠᠨ ᠳᠤ 147 ᠲᠥᠷᠥᠯ ᠵᠤᠶᠢᠯ ᠢ ᠭᠡᠷᠩᠵᠢᠬᠦᠯᠪᠡ᠃ ᠮᠥᠩᠭᠦᠨ ᠭᠦᠢᠯᠭᠡᠭᠡᠨ ᠤ ᠶᠠᠳᠠᠭᠤ ᠶᠢ ᠲᠡᠳᠬᠦᠬᠦ | ᠵᠢᠭᠡᠯᠡᠯᠭᠡ ᠶᠢ 1.2 ᠳ᠋ᠥᠩᠰᠢᠭᠤᠷ ᠲᠥᠭᠦᠷᠢᠭ᠂ 1680 ᠡᠷᠦᠬᠡ᠂ 5376 ᠬᠥᠮᠦᠨ ᠢ ᠬᠠᠮᠤᠷᠪᠠ᠃ ᠶᠠᠳᠠᠭᠤ | ᠬᠦᠴᠢᠷᠳᠡᠯᠲᠡᠶ ᠬᠥᠮᠦᠨ ᠠᠮᠠ ᠶᠢᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 26% ᠨᠡᠮᠡᠭᠳᠡᠨ | ᠂ 3900 ᠲᠥᠭᠦᠷᠢᠭ ᠬᠦᠷᠴᠦ᠂ 1.82 ᠲᠥᠮᠡᠨ ᠶᠠᠳᠠᠭᠤ ᠬᠦᠴᠢᠷᠳᠡᠯᠲᠡᠶ ᠬᠥᠮᠦᠨ ᠢ ᠶᠠᠳᠠᠭᠤ ᠠᠴᠠ | ᠲᠣᠭᠲᠠᠪᠤᠷᠢᠲᠠᠶ ᠠᠩᠬᠢᠵᠢᠷᠠᠭᠤᠯᠪᠠ᠃ ᠬᠤᠲᠠ ᠪᠠᠯᠭᠠᠰᠤᠨ ᠤ ᠠᠵᠢᠯ ᠤᠯᠤᠬᠰᠠᠳ 2352 ᠬᠥᠮᠦᠨ ᠰᠢᠨ᠎ᠡ ᠪᠠᠷ | ᠨᠡᠮᠡᠭᠳᠡᠨ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.0‰ ᠳᠣᠲᠣᠷ᠎ᠠ ᠬᠢᠵᠠᠭᠠᠷᠯᠠᠪᠠ᠃ | ᠬᠥᠳᠡᠭᠡ ᠲᠣᠰᠬᠤᠨ ᠤ 10.4 ᠲᠥᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠤᠯᠭᠤᠵᠦ᠂ | ᠬᠥᠳᠡᠯᠮᠦᠷᠢ ᠦᠢᠯᠡᠴᠢᠯᠡᠭᠡᠨ ᠤ ᠣᠷᠣᠯᠭ᠎ᠠ 15.2 ᠳ᠋ᠥᠩᠰᠢᠭᠤᠷ ᠲᠥᠭᠦᠷᠢᠭ᠃ ᠶᠥᠩ ᠱᠧᠩ ᠬᠤᠳᠠᠯᠳᠤᠭᠠᠨ ᠤ | ᠶᠠᠪᠤᠳᠠᠯ ︽ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠪᠥᠬᠦᠳᠡ ᠣᠯᠠᠨ ᠢᠶᠠᠷ ᠢᠶᠠᠨ ᠰᠢᠨ᠎ᠡ ᠶᠢ | ᠡᠭᠦᠳᠬᠦ︾ ᠨᠡᠪᠴᠢᠬᠦᠯᠬᠦ ᠰᠠᠭᠤᠷᠢᠨ ᠭᠠᠵᠠᠷ ᠢ ᠪᠠᠶᠢᠭᠤᠯᠪᠠ᠃ 46.2 ᠲᠥᠮᠡᠨ ᠬᠥᠮᠦᠨ ᠰᠢᠨ᠎ᠡ ᠮᠠᠶ᠋ᠢᠭ ᠤᠨ | ᠬᠤᠷᠰᠢᠭᠰᠠᠨ ᠡᠮᠨᠡᠯᠭᠡ ᠳᠤ ᠤᠷᠤᠯᠴᠠᠵᠦ᠂ 11.7 ᠲᠥᠡᠮᠨ ᠬᠥᠮᠦᠨ ᠬᠤᠲᠠ ᠪᠠᠯᠭᠠᠰᠤ ᠶᠢᠨ ᠡᠮ ᠡᠮᠨᠡᠯᠭᠡ ᠶᠢᠨ | ᠳᠠᠭᠠᠳᠬᠠᠯ ᠳᠤ ᠤᠷᠤᠯᠴᠠᠵᠦ᠂ 23.8 ᠲᠥᠮᠡᠨ ᠬᠦᠮᠦᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ | ᠤᠨ ᠳᠠᠭᠠᠳᠬᠠᠯ ᠳᠤ ᠤᠷᠤᠯᠴᠠᠪᠠ᠃ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠮᠥᠩᠭᠦ 5.4 ᠳ᠋ᠥᠩᠰᠢᠭᠤᠷ | ᠲᠥᠭᠦᠷᠢᠭ ᠲᠡᠷᠬᠠᠭᠠᠪᠠ᠃ 89689 ᠡᠷᠦᠬᠡ ᠣᠷᠣᠯᠭ᠎ᠠ ᠪᠠᠭᠠᠲᠠᠶ ᠤᠯᠠᠨ ᠲᠦᠮᠡᠨ ᠳᠤ ᠡᠪᠦᠯ ᠤᠨ ᠨᠡᠭᠦᠷᠡᠰᠦᠨ ᠤ | ᠨᠥᠬᠦᠪᠥᠷᠢ ᠣᠯᠭᠤᠬᠤ 5381ᠲᠥᠮᠡᠨᠲ᠋ᠥ᠋ᠭᠦᠷᠢᠭ ᠲᠡᠷᠬᠠᠭᠠᠵᠦ᠂ 597 ᠶᠠᠳᠠᠭᠤ ᠬᠦᠴᠢᠷᠳᠡᠯᠲᠡᠶ ᠤᠶᠤᠲᠠᠳ ᠢ | 2099 ᠲᠥᠮᠡᠨ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠢᠶᠠᠷ ᠲᠤᠰᠠᠯᠠᠵᠦ᠂ ᠪᠠᠲᠤᠯᠠᠪᠤᠷᠢ ᠶᠢᠨ ᠮᠥᠩᠭᠦ᠂ | ᠠᠪᠤᠷᠠᠨ ᠲᠤᠰᠠᠯᠠᠬᠤ ᠮᠥᠩᠭᠦ ᠶᠢ 1.2 ᠳ᠋ᠥᠩᠰᠢᠭᠤᠷ ᠲᠥᠭᠦᠷᠢᠭ ᠲᠡᠷᠬᠠᠭᠠᠵᠠᠢ᠃ 262 ᠢᠵᠢ ᠪᠠᠲᠤᠯᠠᠭ᠎ᠠ ᠶᠢᠨ | ᠴᠢᠨᠠᠷᠲᠠᠶ ᠣᠷᠣᠨ ᠰᠠᠭᠤᠴᠠ ᠂ 99 ᠡᠷᠦᠬᠡ ᠠᠮᠢ ᠠᠬᠤᠶ ᠶᠢᠨ ᠠᠷᠠᠳ ᠢ ᠨᠡᠭᠦᠯᠭᠡᠬᠦ ᠶᠢ ᠤᠷᠤᠨ ᠰᠠᠭᠤᠴᠠ ᠶᠢ | ᠪᠠᠶᠢᠭᠤᠯᠪᠠ ᠃ | ᠨᠡᠶᠢᠭᠡᠮ ᠤᠨ ᠶᠡᠷᠤᠩᠬᠡᠢ ᠪᠠᠶᠢᠳᠠᠯ ᠡᠶ᠎ᠡ ᠵᠣᠬᠢᠴᠠᠯ ᠲᠠᠢ ᠲᠣᠭᠲᠠᠭᠤᠨ᠃《 ᠵᠢᠷᠭᠤᠳᠤᠭᠠᠷ ᠲᠠᠪᠤᠨ》ᠬᠠᠤᠯᠢ | ᠲᠦᠭᠡᠮᠡᠯᠵᠢᠭᠦᠯᠬᠦ ᠡᠴᠦᠰ ᠤᠨ ᠬᠤᠭᠤᠴᠠᠭᠠᠨ ᠤ ᠰᠢᠯᠭᠠᠨ ᠠᠪᠤᠯᠲᠠ ᠶᠢ ᠥᠩᠭᠡᠷᠡᠭᠡᠵᠦ᠂ ᠬᠠᠤᠯᠢ ᠪᠠᠷ ᠵᠠᠰᠠᠬᠤ | ᠰᠣᠶᠣᠯ ᠤᠨ ︽ᠵᠢᠷᠭᠤᠭᠠᠨ ᠨᠢᠭᠡ ᠶᠢᠨ ᠢᠨᠵᠧᠨᠧᠷᠢᠩ︾ ᠪᠠ ᠦᠨᠳᠦᠰᠦᠨ ᠱᠠᠲᠤᠨ ᠤ ᠠᠷᠠᠳᠴᠢᠯᠠᠯ ᠬᠠᠤᠯᠢ ᠪᠠᠷ | ᠲᠤᠰᠬᠤᠨ ︵ᠨᠡᠶᠢᠭᠡᠮ ᠲᠣᠭᠤᠷᠢᠭ︶ ᠢᠶᠠᠨ ᠵᠠᠰᠠᠬᠤ ︽ᠲᠠᠪᠤᠨ ᠰᠢᠨ᠎ᠡ ᠢᠨᠵᠧᠨᠧᠷᠢᠩ︾ ᠱᠠᠳᠤᠴᠢ ᠴᠢᠨᠠᠷᠲᠠᠶ | ᠦᠷ᠎ᠡ ᠪᠦᠲᠦᠭᠡᠯ ᠤᠯᠪᠠ᠃ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ | ᠠᠵᠢᠯ ᠢ ᠭᠦᠨᠵᠡᠭᠡᠶ ᠥᠷᠨᠢᠭᠦᠯᠵᠦ᠂ ᠡᠯ᠎ᠡ ᠲᠦᠷᠦᠯ ᠤᠨ ᠵᠢᠭᠤᠷᠠᠯᠳᠤᠭᠠᠨ ᠢ 2260 ᠵᠤᠶᠢᠯ ᠡᠶᠡᠳᠡᠭᠦᠯᠦᠨ | ᠰᠢᠢᠳᠪᠤᠷᠢᠯᠠᠪᠠ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ | ᠴᠢᠭ 87᠂ ᠲᠤᠳᠤ ᠬᠠᠶᠢᠭᠤᠷ 310 ᠰᠢᠨ᠎ᠡ ᠪᠠᠷ ᠨᠡᠮᠡᠭᠳᠡᠪᠡ᠃ ᠬᠠᠤᠯᠢ ᠶᠢ ᠵᠥᠷᠢᠴᠡᠭᠰᠡᠨ ᠡᠯ᠎ᠡ ᠲᠦᠷᠦᠯ ᠤᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠠᠮᠤᠷ ᠲᠦᠪᠰᠢᠨ ᠢ ᠦᠷᠭᠦᠯᠵᠢᠯᠡᠨ | ᠲᠣᠭᠲᠠᠭᠤᠨ ᠪᠠᠶᠢᠯᠭᠠᠪᠠ᠃ ᠤᠳᠤᠷᠢᠳᠬᠤ ᠺᠠᠳ᠋ᠷ ︽ᠰᠤᠷᠪᠤᠯᠵᠢᠯᠠᠯ ᠢ ᠶᠡᠬᠡᠪᠡᠷ ᠬᠦᠯᠢᠶᠡᠨ ᠠᠪᠬᠤ︾ ᠪᠠ ᠰᠠᠯᠠᠭ᠎ᠠ | ᠮᠥᠴᠢᠷ ᠬᠠᠮᠲᠤᠷᠠᠨ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠲᠦᠪᠡᠭ ᠪᠡᠷᠬᠡᠰᠢᠶᠡᠯᠲᠡᠶ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ 28 ᠬᠤᠪᠢ ᠰᠢᠢᠳᠪᠤᠷᠢᠯᠠᠪᠠ᠃ ᠠᠶᠤᠯ ᠥᠭᠡᠢ ᠦᠢᠯᠡᠳᠪᠦᠷᠢᠯᠡᠯ ᠢ ᠭᠦᠨᠵᠡᠭᠡᠶ | ᠥᠷᠨᠢᠭᠦᠯᠵᠦ᠂ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠲᠤᠰᠬᠠᠶ ᠠᠵᠢᠯᠯᠠᠭ᠎ᠠ ᠶᠢ | ᠥᠷᠨᠢᠭᠦᠯᠵᠦ᠂ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ | ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠪᠦᠲᠦᠮᠵᠢᠲᠡᠶ ᠬᠤᠷᠢᠭᠯᠠᠨ ᠵᠣᠭᠰᠣᠭᠠᠵᠤ ᠴᠢᠳᠠᠪᠠ᠃ | ᠦᠨᠳᠦᠰᠦᠲᠡᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ | ᠦᠨᠳᠦᠰᠦᠲᠡᠨ ᠤ ᠡᠶ᠎ᠡ ᠵᠣᠬᠢᠴᠠᠯ ᠲᠠᠢ ᠪᠥᠭᠡᠳ ᠪᠦᠯᠬᠦᠮᠳᠡᠯ ᠲᠠᠢ ᠶᠡᠭᠡ ᠰᠠᠶᠢᠨ ᠪᠠᠶᠢᠳᠠᠯ ᠢ ᠤᠯᠠᠮ ᠨᠢᠭᠡ ᠠᠯᠬᠤᠮ | ᠪᠠᠬᠢᠵᠢᠭᠦᠯᠪᠡ᠃ | ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠢᠨ ᠵᠡᠷᠭᠡᠪᠡᠷ᠂ ᠵᠠᠰᠠᠭ ᠤᠨ ᠣᠷᠳᠣᠨ ᠤ ᠲᠤᠰ ᠪᠡᠶ᠎ᠡ ᠶᠢᠨ | ᠪᠠᠶᠢᠭᠤᠯᠤᠯᠲᠠ ᠪᠠᠨ ᠦᠨᠡᠨ ᠬᠦ ᠴᠢᠩᠭᠠᠳᠬᠠᠪᠠ᠃ ︽ᠭᠤᠷᠪᠠᠨ ᠴᠢᠩᠭ᠎ᠠ ᠭᠤᠷᠪᠠᠨ ᠪᠣᠳᠠᠲᠠᠶ︾ ᠶᠢᠨ ᠲᠤᠰᠬᠠᠶ | ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠥᠪ ᠬᠤᠷᠢᠶᠠᠨ ᠤ ᠨᠠᠢᠮᠠᠨ ᠵᠦᠢᠯ ᠤᠨ | ᠲᠣᠭᠲᠠᠭᠠᠯ ᠪᠠ ᠣᠪᠣᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠡᠯ᠎ᠡ ᠵᠦᠢᠯ ᠤᠨ ᠱᠠᠭᠠᠷᠳᠠᠯᠭ᠎ᠠ ᠶᠢ | ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠠᠯᠪᠠᠨ ᠪᠢᠴᠢᠭ ᠲᠠᠷᠬᠠᠭᠠᠬᠤ ᠲᠤᠭ᠎ᠠ ᠬᠡᠮᠵᠢᠶ᠎ᠡ ᠨᠢ 41 % ᠪᠠᠷ | ᠪᠠᠭᠤᠷᠠᠭᠰᠠᠨ ᠪᠠᠶᠢᠨ᠎ᠠ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ 11.9% ᠪᠠᠷ ᠪᠠᠭᠠᠰᠪᠠ᠃ | ᠪᠡᠯᠡ ᠣᠷᠣᠭᠤᠯᠤᠯᠲᠠ ᠶᠢᠨ ᠬᠢᠨᠠᠨ ᠲᠤᠭᠳᠠᠭᠠᠯᠲᠠ ᠶᠢ ᠥᠩᠭᠡᠷᠡᠭᠡᠨ᠂ ᠡᠳ᠋ ᠤᠨ ᠵᠠᠰᠠᠭ ᠤᠨ ᠪᠡᠯᠡ ᠮᠥᠩᠭᠦ ᠶᠢ1. | 8 ᠳ᠋ᠦ᠋ᠩᠰᠢᠭᠤᠷ ᠲᠥᠭᠦᠷᠢᠭ ᠠᠷᠪᠢᠯᠠᠵᠤ ᠂ ᠤᠯᠠᠨ ᠨᠡᠶᠢᠲᠠ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠥᠷᠥᠯ | ᠵᠦᠢᠯ 837 ᠵᠤᠶᠢᠯ᠂ 2855 ᠲᠥᠮᠡᠨ ᠲᠥᠬᠦᠷᠢᠭ ᠪᠡᠯᠡ ᠮᠥᠩᠭᠦ ᠶᠢ ᠠᠷᠪᠢᠯᠠᠵᠤ᠂ ᠠᠷᠪᠢᠯᠠᠭᠰᠠᠨ ᠨᠤᠷᠮ᠎ᠠ 8. | 6%᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ | ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ | ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠵᠥᠪᠯᠡᠯᠭᠡ ᠶᠢ 247 ᠵᠤᠶᠢᠯ ᠬᠦᠢᠴᠡᠳᠭᠡᠵᠦ᠂ ᠰᠢᠶ᠋ᠳᠪᠦᠷᠢᠯᠡᠵᠦ ᠬᠠᠷᠢᠭᠤ ᠥᠭᠭᠦᠭᠰᠡᠨ ᠨᠤᠷᠮ᠎ᠠ ᠨᠢ 100 % | ᠪᠣᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ | ᠵᠠᠬᠢᠷᠭᠠᠨ ᠤ ᠬᠢᠨᠠᠨ ᠪᠠᠶᠢᠴᠠᠭᠠᠬᠤ᠂ ᠬᠢᠨᠠᠨ ᠪᠤᠳᠤᠬᠤ ᠬᠢᠨᠠᠯᠲᠠ ᠲᠠᠯᠪᠢᠬᠤ ᠪᠠ ᠬᠠᠤᠯᠢ ᠶᠣᠰᠣᠭᠠᠷ ᠵᠠᠰᠠᠭ ᠶᠠᠪᠤᠭᠤᠯᠬᠤ | ᠠᠵᠢᠯ ᠢᠯᠡᠳᠲᠡ ᠦᠷ᠎ᠡ ᠪᠦᠲᠦᠮᠵᠢ ᠣᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ | ᠢᠯᠵᠠᠷᠠᠯ ᠢ ᠡᠰᠡᠷᠭᠦᠴᠡᠬᠦ ᠠᠵᠢᠯ ᠢ ᠲᠠᠰᠤᠷᠠᠯᠲᠠ ᠦᠭᠡᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ | ᠳᠡᠰ ᠤᠨ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ ᠰᠢᠯᠭᠠᠨ ᠠᠪᠤᠯᠲᠠ ᠳᠤ ᠬᠢᠷᠢ ᠲᠡᠩᠴᠡᠵᠦ᠂ ᠬᠤᠶᠠᠳᠤᠭᠠᠷ | ᠤᠳᠠᠭᠠᠨ ᠤ ᠭᠠᠵᠠᠷ ᠤᠨ ᠨᠡᠷ᠎ᠡ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠥᠷᠨᠢᠬᠦᠯᠵᠦ᠂ | ᠶᠢᠰᠦᠳᠦᠭᠡᠷ ᠬᠤᠭᠤᠴᠠᠭᠠᠨ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠠᠵᠢᠯ ᠢ ᠲᠡᠭᠦᠰ ᠠᠮᠵᠢᠯᠲᠠᠲᠠᠶ ᠪᠠᠷ | ᠪᠡᠶᠡᠯᠡᠭᠦᠯᠵᠡᠶ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠭᠦᠨᠵᠡᠭᠡᠶ ᠥᠷᠨᠢᠭᠦᠯᠵᠦ᠂ | ᠵᠡᠪᠰᠡᠭᠲᠦ ᠬᠦᠴᠦᠨ᠂ ᠠᠷᠠᠳ ᠤᠨ ᠠᠭᠠᠷ ᠤᠨ ᠰᠡᠷᠭᠡᠶᠢᠯᠡᠯᠲᠡ ᠠᠵᠢᠯ ᠰᠢᠨ᠎ᠡ ᠪᠠᠷ ᠳᠡᠭᠡᠭᠰᠢᠯᠡᠵᠦ᠂ ᠠᠵᠢᠯᠲᠠᠨ ᠤ | ᠶᠠᠪᠤᠳᠠᠯ ᠤᠨ ᠴᠢᠳᠠᠪᠤᠷᠢᠲᠠᠨ᠂ ᠲᠤᠭ᠎ᠠ ᠪᠥᠷᠢᠳᠭᠡᠯ᠂ ᠳᠠᠩᠰᠠ ᠡᠪᠬᠡᠮᠡᠯ ᠵᠡᠷᠭᠡ ᠠᠵᠢᠯ ᠴᠥᠮ ᠰᠢᠨ᠎ᠡ ᠠᠮᠵᠢᠯᠲᠠ | ᠪᠦᠲᠦᠮᠵᠢ ᠤᠯᠪᠠ᠃ | ᠲᠥᠯᠥᠭᠡᠯᠡᠭᠴᠢᠳ ᠡ᠂ ᠡᠲᠡᠬᠡᠷ ᠦᠷ᠎ᠡ ᠪᠦᠲᠦᠮᠵᠢ ᠶᠢ ᠣᠯᠤᠭᠰᠠᠨ ᠨᠢ ᠰᠢᠶᠠᠨ ᠤ ᠨᠠᠮ ᠤᠨ ᠬᠤᠷᠢᠶᠠᠨ ᠤ ᠵᠥᠪ | ᠤᠳᠤᠷᠢᠳᠤᠭᠰᠠᠨ ᠤ ᠦᠷ᠎ᠡ ᠳ᠋ᠦᠩ ᠮᠥᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠦᠵᠡᠭᠦᠯᠦᠭᠰᠡᠨ ᠤ ᠦᠷ᠎ᠡ ᠳ᠋ᠦᠩ ᠮᠥᠨ᠂ | ᠪᠦᠬᠦ ᠰᠢᠶᠠᠨ ᠤ ᠡᠯ᠎ᠡ ᠱᠠᠲᠤᠨ ᠤ ᠺᠠᠳ᠋ᠷ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠯᠠᠪᠳᠠᠭᠤᠨ ᠬᠠᠳᠠᠭᠤᠵᠢᠯᠳᠠᠢ ᠠᠵᠢᠯᠯᠠᠬᠰᠠᠨ ᠤ ᠦᠷ᠎ᠡ ᠳ᠋ᠦᠩ ᠮᠥᠨ᠃ | ᠡ᠊ᠨᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠵᠠᠰᠠᠭ ᠤᠨ ᠣᠷᠳᠣᠨ ᠤ ᠠᠵᠢᠯ ᠢ | ᠬᠦᠴᠦᠲᠡᠶ ᠳᠡᠮᠵᠢᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠣᠯᠤᠨ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ᠂ ᠨᠢᠩᠴᠧᠩ ᠤᠨ ᠬᠥᠭᠵᠢᠯᠲᠡ ᠶᠢ ᠬᠠᠯᠠᠮᠵᠢᠯᠠᠨ᠂ ᠲᠡᠮᠵᠢᠭᠰᠡᠨ᠂ | ᠤᠷᠤᠯᠴᠠᠬᠰᠠᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠡᠷᠬᠢᠮ ᠳᠡᠭᠡᠳᠦ ᠬᠦᠨᠳᠦᠳᠬᠡᠯ ᠪᠠ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠪᠢᠳᠡ ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠳᠤᠮᠳᠠ ᠮᠥᠨ ᠯᠡ ᠴᠥᠭᠡᠨ ᠪᠤᠰᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ | ᠰᠡᠷᠭᠡᠭ ᠢᠶᠠᠷ ᠲᠠᠨᠢᠵᠤ ᠤᠯᠪᠠ ᠄ | ᠨᠢᠭᠡ ᠳᠤ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠬᠥᠮᠦᠨ ᠪᠦᠷᠢ ᠳᠤ ᠨᠣᠭᠳᠠᠬᠤ ᠳᠤᠮᠳᠠᠴᠢ ᠬᠡᠮᠵᠢᠶ᠎ᠡ | ᠳᠣᠣᠷ᠎ᠠ᠂ ᠠᠵᠤ ᠠᠬᠤᠶ ᠶᠢᠨ ᠪᠠᠭᠤᠷᠠᠬᠤ ᠳᠠᠷᠤᠯᠲᠠ ᠨᠡᠯᠢᠶᠡᠳ ᠶᠡᠭᠡ ᠪᠠᠶᠢᠵᠤ᠂ ᠠᠵᠤ ᠠᠬᠤᠶ ᠶᠢᠨ ᠳᠤᠮᠳᠠ ᠳᠡᠭᠡᠳᠦ | ᠬᠤᠷᠳᠤᠨ ᠨᠡᠮᠡᠭᠳᠡᠯ ᠢ ᠪᠠᠳᠤᠯᠠᠬᠤ ᠰᠡᠯᠭᠦᠬᠦ ᠬᠦᠴᠦ ᠶᠢ ᠬᠦᠷᠦᠯᠴᠡᠬᠦ ᠦᠭᠡᠢ᠃ ᠬᠤᠶᠠᠷ ᠲᠤ ᠤᠯᠠᠮᠵᠢᠯᠠᠯᠲᠤ ᠠᠵᠤ | ᠦᠢᠯᠡᠰ ᠤᠨ ᠥᠷᠢᠰᠥᠯᠳᠦᠬᠦ ᠬᠦᠴᠦᠨ ᠴᠢᠩᠭ᠎ᠠ ᠪᠢᠰᠢ᠂ ᠰᠢᠨ᠎ᠡ ᠠᠵᠤ ᠦᠢᠯᠡᠰ᠂ ᠰᠢᠨ᠎ᠡ ᠠᠵᠤ ᠠᠬᠤᠶ ᠶᠢᠨ | ᠨᠡᠮᠡᠭᠳᠡᠯ ᠤᠨ ᠴᠡᠭ ᠬᠠᠷᠠᠬᠠᠨ ᠪᠥᠷᠢᠯᠳᠤᠭᠡᠳᠡᠢ ᠪᠠᠶᠢᠭᠰᠠᠭᠠᠷ᠂ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ | ᠡᠭᠦᠷᠭᠡ ᠲᠦᠢᠯ ᠤᠨ ᠪᠡᠷᠬᠡ ᠬᠠᠲᠠᠭᠤᠵᠢᠯᠲᠠᠶ ᠪᠠᠶᠢᠨ᠎ᠠ᠃ ᠭᠤᠷᠪᠠ ᠳᠤ ᠡᠳ᠋ ᠤᠨ ᠵᠠᠰᠠᠭ ᠤᠨ ᠥᠪᠡᠷ ᠢ ᠪᠠᠨ | ᠬᠠᠩᠭᠠᠬᠤ ᠬᠢᠷᠢ ᠬᠡᠮᠵᠢᠶ᠎ᠡ ᠨᠢ ᠳᠣᠣᠷ᠎ᠠ᠂ ᠠᠷᠠᠳ ᠤᠨ ᠠᠮᠢᠳᠤᠷᠠᠯ ᠪᠠ ᠭᠤᠣᠯᠳᠠᠯᠭ᠎ᠠ ᠲᠠᠢ ᠢᠨᠵᠧᠨᠧᠷᠢᠩ ᠤᠨ ᠪᠡᠯᠡ | ᠮᠥᠩᠭᠦ ᠬᠡᠷᠡᠭᠴᠡᠭᠡ ᠶᠢᠨ ᠲᠦᠷᠭᠡᠨ ᠨᠡᠮᠡᠭᠳᠡᠵᠦ᠂ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠲᠦᠯᠦᠬᠦ | ᠣᠷᠭᠢᠯ ᠳᠤ ᠣᠷᠣᠵᠤ᠂ ᠣᠷᠣᠯᠭ᠎ᠠ ᠵᠠᠷᠤᠯᠭ᠎ᠠ ᠶᠢᠨ ᠵᠥᠷᠢᠴᠡᠯ ᠮᠠᠰᠢ ᠲᠤᠪᠤᠶᠢᠮ᠎ᠠ ᠪᠠᠶᠢᠨ᠎ᠠ᠃ ᠳᠦᠷᠪᠡ ᠳᠤ ᠠᠷᠠᠳ | ᠤᠨ ᠠᠮᠢᠳᠤᠷᠠᠯ ᠢ ᠰᠠᠶᠢᠵᠢᠷᠠᠭᠤᠯᠬᠤ᠂ ᠠᠮᠢ ᠠᠬᠤᠶ ᠶᠢᠨ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠂ | ᠤᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ | ᠲᠠᠯ᠎ᠠ ᠪᠠᠷ ᠪᠠᠰᠠ ᠪᠠᠭᠤᠷᠠᠶ ᠭᠤᠭᠴᠤᠭ᠎ᠠ ᠣᠷᠣᠰᠢᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ | ᠬᠠᠮᠠᠭᠠᠯᠠᠬᠤ ᠳᠠᠷᠤᠯᠲᠠ ᠮᠥᠨ ᠯᠡ ᠨᠡᠯᠢᠶᠡᠳ ᠶᠡᠭᠡ᠃ ᠲᠠᠪᠤ ᠳᠤ᠂ ᠵᠠᠰᠠᠭ ᠤᠨ ᠣᠷᠳᠣᠨ ᠤ ᠦᠢᠯᠡᠴᠢᠯᠡᠭᠡᠨ ᠤ ᠬᠢᠷᠢ | ᠬᠡᠮᠵᠢᠶ᠎ᠡ ᠪᠣᠯᠤᠨ ᠬᠥᠭᠵᠢᠯᠲᠡ ᠶᠢᠨ ᠬᠡᠷᠡᠭᠴᠡᠭᠡ ᠠᠴᠠ ᠪᠠᠰᠠ ᠵᠣᠬᠢᠬᠤ ᠵᠥᠷᠢᠶ᠎ᠡ ᠲᠠᠢ ᠪᠠᠶᠢᠨ᠎ᠠ᠂ ᠣᠨᠴᠠ ᠵᠠᠷᠢᠮ | ᠰᠠᠯᠠᠭ᠎ᠠ ᠮᠥᠴᠢᠷ ᠪᠣᠯᠤᠨ ᠺᠠᠳ᠋ᠷ ᠤᠨ ᠠᠵᠢᠯ᠂ ᠠᠵᠢᠯᠯᠠᠭ᠎ᠠ ᠨᠢ ᠤᠳᠠᠭᠠᠨ ᠪᠠᠶᠢᠬᠤ᠂ ᠳᠤᠷ᠎ᠠ ᠪᠠᠷ ᠢᠶᠠᠨ ᠬᠢᠬᠦ ᠵᠡᠷᠭᠡ | ᠦᠵᠡᠭᠳᠡᠯ ᠮᠥᠨ ᠯᠡ ᠣᠷᠣᠰᠢᠭᠰᠠᠭᠠᠷ ᠪᠠᠶᠢᠨ᠎ᠠ᠃ ᠡᠳᠡᠭᠡᠷ ᠢ ᠪᠢᠳᠡ ᠵᠠᠪᠠᠯ ᠨᠡᠩ ᠯᠠᠪᠳᠠᠭᠤᠨ ᠪᠠᠲᠤᠲᠠᠶ ᠪᠥᠭᠡᠳ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠨᠠᠷᠢᠨ ᠬᠢᠨᠠᠮᠠᠭᠠᠶ ᠰᠢᠶ᠋ᠳᠪᠦᠷᠢᠯᠡᠬᠦ ᠬᠡᠷᠡᠭᠲᠡᠶ᠃ | ᠬᠤᠶᠠᠷ᠂ ︽13 · 5︾ ᠶᠢᠨ ᠬᠥᠭᠵᠢᠯᠲᠡ ᠶᠢᠨ ᠬᠠᠷᠠᠯᠲᠠ ᠪᠠ ᠭᠤᠣᠯ ᠡᠭᠦᠷᠭᠡ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠨᠢ ᠮᠠᠨ ᠤ ᠰᠢᠶᠠᠨ ᠤ ᠶᠡᠭᠡ ᠦᠢᠯᠡᠰ ᠢ ᠪᠥᠳᠥᠭᠡᠬᠦ | ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠴᠠᠭ ᠬᠤᠭᠤᠴᠠᠭ᠎ᠠ ᠪᠣᠯᠤᠨ᠎ᠠ᠂ ᠪᠦᠬᠦ ᠰᠢᠶᠠᠨ ᠪᠠᠷ ᠢᠶᠠᠨ | ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ᠂ ᠦᠨᠡᠨ ᠢ ᠠᠳᠬᠤᠨ ᠪᠣᠳᠠᠲᠠᠶ ᠪᠠᠷ ᠠᠵᠢᠯᠯᠠᠵᠤ᠂ ᠠᠵᠤ ᠠᠬᠤᠶ ᠶᠢᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ | ᠠᠬᠢᠭᠤᠯᠬᠤ᠂ ᠪᠦᠬᠦ ᠤᠯᠤᠰ ᠲᠠᠢ ᠴᠤᠭᠭᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠥᠳᠥᠭᠡᠨ ᠪᠠᠶᠢᠭᠤᠯᠤᠨ᠎ᠠ᠃ | | ︽ᠠᠷᠪᠠᠨ ᠭᠤᠷᠪᠠᠳᠤᠭᠠᠷ ᠲᠠᠪᠤᠨ ᠵᠢᠯ 》 ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ | ᠬᠦᠢᠭᠵᠢᠯᠲᠠ ᠶᠢᠨ ᠵᠢᠯᠣᠭᠤᠳᠬᠤ ᠦᠵᠡᠯ ᠰᠠᠨᠠᠭ᠎ᠠ ᠪᠣᠯ᠄ ᠲᠥᠪ ᠬᠤᠷᠢᠶᠠᠨ ᠤ ︽ᠳᠥᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠤᠯᠤᠨ ᠲᠡᠭᠡᠳᠤ ᠱᠠᠳᠣᠨ ᠤ ᠨᠠᠮ ᠤᠨ ᠬᠤᠷᠢᠶ᠎ᠠ ᠵᠠᠰᠠᠭ ᠤᠨ | ᠤᠷᠳᠤᠨ ᠤ ᠰᠢᠢᠳᠪᠤᠷᠢ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ︽ᠰᠢᠨ᠎ᠡ ᠶᠢ ᠡᠭᠦᠳᠬᠦ᠂ | ᠵᠣᠬᠢᠴᠠᠭᠤᠯᠬᠤ᠂ ᠪᠤᠬᠢᠷᠳᠤᠯ ᠥᠭᠡᠢ᠂ ᠨᠡᠭᠡᠭᠡᠯᠳᠡ ᠲᠠᠢ᠂ ᠬᠠᠮᠲᠤ ᠪᠠᠷ ᠡᠳ᠋ᠯᠡᠬᠦ︾ ᠬᠥᠭᠵᠢᠯᠲᠡ ᠶᠢᠨ | ᠣᠶᠢᠯᠠᠭᠠᠭᠳᠠᠬᠤᠨ ᠢ ᠪᠦᠬᠦ ᠲᠠᠯ᠎ᠠ ᠪᠠᠷ ᠤᠶᠢᠯᠡᠳᠤᠯᠭᠡᠵᠢᠬᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠪᠠᠷ ᠬᠠᠷᠠᠯᠲᠠ ᠪᠣᠯᠭᠠᠨ᠂ ᠶᠠᠳᠠᠭᠤ ᠠᠴᠠ ᠠᠩᠬᠢᠵᠢᠷᠠᠭᠤᠯᠤᠨ ᠪᠤᠭᠤᠮᠲᠠ ᠰᠢᠪᠳᠤᠯᠬᠤ ᠶᠢ | ᠶᠡᠷᠤᠩᠬᠡᠶᠢᠯᠡᠨ ᠵᠠᠬᠢᠷᠴᠦ᠂ ᠲᠣᠮᠣ ᠶᠡᠷᠦᠩᠬᠡᠶ ᠬᠡᠮᠵᠢᠶ᠎ᠡ ᠪᠠ ᠶᠠᠰᠤ ᠴᠢᠨᠠᠷ ᠢ ᠨᠢ ᠲᠡᠭᠡᠭᠰᠢᠯᠡᠬᠦᠯᠬᠦ ᠪᠠᠷ ᠭᠤᠣᠯ ᠡᠭᠦᠷᠭᠡ | ᠪᠤᠯᠭᠠᠨ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠪᠴᠢᠯᠡᠨ ᠬᠤᠪᠢᠷᠠᠭᠤᠯᠵᠤ᠂ ᠰᠢᠨ᠎ᠡ | ᠮᠠᠶ᠋ᠢᠭ ᠤᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠡᠯᠲᠠ ᠪᠠ ᠲᠠᠷᠢᠶᠠᠯᠠᠩ ᠠᠵᠤ | ᠠᠬᠤᠶ ᠶᠢᠨ ᠤᠳᠤᠬᠢᠴᠯᠠᠯᠲᠠ ᠶᠢ ᠲᠥᠷᠭᠡᠳᠭᠡᠨ ᠠᠬᠢᠭᠤᠯᠵᠦ᠂ ᠠᠮᠢ ᠠᠬᠤᠶ ᠶᠢᠨ ᠣᠷᠴᠢᠨ ᠨᠥᠬᠦᠴᠡᠯ ᠪᠠ ᠰᠠᠭᠤᠷᠢ | ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠬᠤ ᠶᠢ ᠲᠦᠷᠭᠡᠳᠬᠡᠵᠦ᠂ ᠨᠡᠭᠡᠭᠡᠯᠲᠡᠲᠦ ᠬᠠᠮᠲᠤᠷᠠᠯᠴᠠᠭ᠎ᠠ ᠪᠠ ᠣᠷᠣᠨ | ᠪᠦᠰᠡ ᠶᠢᠨ ᠠᠵᠤ ᠠᠬᠤᠶ ᠶᠢᠨ ᠨᠢᠭᠡ ᠴᠤᠬᠴᠠᠵᠢᠨ ᠠᠭᠤᠰᠠᠬᠤ ᠠᠯᠬᠤᠴᠠ ᠶᠢ ᠲᠥᠷᠭᠡᠳᠬᠡᠬᠦ᠂ ᠡᠯ᠎ᠡ | ᠬᠦᠷᠢᠶᠡᠨ ᠳᠠᠬᠢ ᠥᠭᠡᠷᠡᠴᠢᠯᠡᠯᠲᠡ ᠪᠣᠯᠤᠨ ᠬᠠᠤᠯᠢ ᠪᠠᠷ ᠰᠢᠶᠠᠨ ᠢᠶᠠᠨ ᠵᠠᠰᠠᠬᠤ ᠠᠬᠢᠴᠠ ᠶᠢ ᠲᠦᠷᠭᠡᠪᠴᠢᠯᠡᠨ | ᠠᠬᠢᠭᠤᠯᠵᠤ᠂ ᠬᠥᠳᠡᠭᠡ ᠲᠣᠰᠬᠤᠨ ᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠥᠷᠬᠦᠯᠵᠢᠯᠠᠨ | ᠲᠥᠯᠬᠢᠨ ᠠᠬᠢᠭᠤᠯᠵᠦ᠂ ᠪᠠᠶᠠᠨ ᠴᠢᠨᠡᠭᠡᠯᠢᠭ᠂ ᠪᠤᠯᠪᠠᠰᠤᠨ᠂ ᠬᠠᠤᠯᠢ ᠪᠠᠷ ᠵᠠᠰᠠᠬᠤ᠂ ᠡᠶ᠎ᠡ ᠵᠣᠬᠢᠴᠠᠯ ᠲᠠᠢ᠂ | ᠦᠵᠡᠰᠬᠦᠯᠡᠩᠲᠦ ᠰᠠᠶᠢᠬᠠᠨ ᠨᠢᠩᠴᠧᠩ ᠢ ᠬᠦᠴᠦᠯᠡᠨ ᠪᠠᠶᠢᠭᠤᠯᠤᠶ᠎ᠠ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 247 | ᠳ᠋ᠥᠩᠰᠢᠭᠤᠷ ᠲᠥᠭᠦᠷᠢᠭ ᠬᠦᠷᠬᠡᠵᠦ᠂ ᠵᠢᠯ ᠪᠦᠷᠢ ᠳᠤᠮᠳᠠᠴᠢ ᠪᠠᠷ 8 % ᠣᠷᠴᠢᠮ ᠢᠶᠠᠷ ᠨᠡᠮᠡᠭᠳᠡᠭᠦᠯᠦᠨ᠎ᠡ᠂ ᠨᠢᠬᠡ | ᠬᠤᠶᠠᠷ ᠭᠤᠷᠪᠠᠳᠤᠭᠠᠷ ᠠᠵᠤ ᠦᠢᠯᠡᠰ ᠤᠨ ᠪᠦᠲᠦᠴᠡ ᠶᠢᠨ ᠬᠠᠷᠢᠴᠠᠯ 19:43:38 ᠪᠤᠯᠭᠠᠨ ᠲᠤᠬᠢᠷᠠᠭᠤᠯᠤᠨ᠂ | ᠡ᠊ᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 9 ᠳ᠋ᠦᠩᠰᠢᠭᠤᠷ ᠲᠥᠭᠦᠷᠢᠭ ᠬᠦᠷᠭᠡᠵᠦ᠂ ᠵᠢᠯ ᠪᠦᠷᠢ | ᠳᠤᠮᠳᠠᠴᠢ ᠪᠠᠷ 7 % ᠣᠷᠴᠢᠮ ᠨᠡᠮᠡᠭᠳᠡᠭᠦᠯᠦᠨ᠎ᠡ᠃ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢ165 ᠳ᠋ᠥᠩᠰᠢᠭᠤᠷ ᠲᠥᠭᠦᠷᠢᠭ ᠬᠦᠷᠬᠡᠵᠦ᠂ ᠵᠢᠯ ᠪᠦᠷᠢ ᠳᠤᠮᠳᠠᠴᠢ ᠪᠠᠷ 12% | ᠣᠷᠴᠢᠮ ᠢᠶᠠᠷ ᠨᠡᠮᠡᠭᠳᠡᠭᠦᠯᠦᠨ᠎ᠡ ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ | ᠲᠤᠭ᠎ᠠ ᠶᠢ 93 ᠳ᠋ᠥᠩᠰᠢᠭᠤᠷ ᠲᠥᠭᠦᠷᠢᠭ ᠲᠤ ᠬᠦᠷᠬᠡᠵᠦ᠂ ᠵᠢᠯ ᠪᠦᠷᠢ ᠳᠤᠮᠳᠠᠴᠢ ᠪᠠᠷ 10% ᠣᠷᠴᠢᠮ ᠢᠶᠠᠷ | ᠨᠡᠮᠡᠭᠳᠡᠭᠦᠯᠦᠨ᠎ᠡ᠃ ᠬᠤᠳᠠ ᠪᠠᠯᠭᠠᠰᠣ ᠪᠤᠯᠤᠨ ᠬᠥᠳᠡᠭᠡ ᠲᠤᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ 39200 ᠲᠥᠭᠦᠷᠢᠭ᠂ 14340 | ᠲᠥᠭᠦᠷᠢᠭ ᠲᠤ ᠬᠦᠷᠭᠡᠵᠦ᠂ ᠵᠢᠯ ᠪᠦᠷᠢ ᠳᠤᠮᠳᠠᠴᠢ ᠪᠠᠷ ᠲᠤᠰ ᠲᠤᠰ 10 % ᠣᠷᠴᠢᠮ ᠪᠠ 11% ᠣᠷᠴᠢᠮ | ᠨᠡᠮᠡᠭᠳᠡᠬᠦᠯᠦᠨ᠎ᠡ᠃ | ︽13.5︾ ᠤᠨ ᠬᠤᠭᠤᠴᠠᠭᠠᠨ ᠳᠠᠬᠢ ᠬᠦᠭᠵᠢᠯᠲᠡ ᠪᠠᠷ ᠲᠠᠮᠵᠢᠨ᠂ ᠮᠡᠨ ᠤ ᠰᠢᠶᠠᠨ ᠢ ᠤᠯᠤᠰ ᠣᠷᠣᠨ ᠤ | ᠪᠣᠬᠢᠷᠲᠤᠯ ᠥᠭᠡᠢ ᠣᠷᠭᠠᠨᠢᠭ ᠲᠡᠷᠢᠶᠡᠯᠡᠩ ᠮᠡᠯ ᠤᠨ ᠪᠥᠳᠥᠭᠡᠭᠳᠡᠬᠦᠨ ᠢ ᠦᠢᠯᠡᠳᠪᠦᠷᠢᠯᠡᠵᠦ ᠡᠳ᠋ᠰᠢᠬᠦᠯᠵᠦ ᠭᠠᠷᠭᠠᠬᠤ | ᠰᠠᠭᠤᠷᠢᠨ ᠭᠠᠵᠠᠷ᠂ ᠳᠤᠮᠳᠠᠳᠤ ᠤᠯᠤᠰ ᠤᠨ ᠤᠮᠠᠷᠠᠲᠤ ᠣᠷᠣᠨ ᠤ ᠰᠣᠶᠣᠯ ᠤᠨ ᠠᠮᠢ ᠠᠬᠤᠶ ᠶᠢᠨ ᠵᠢᠭᠤᠯᠴᠢᠯᠠᠯ | ᠤᠨ ᠠᠮᠠᠷᠠᠯᠲᠠ ᠥᠩᠭᠡᠷᠡᠭᠡᠨ ᠪᠡᠶ᠎ᠡ ᠰᠤᠪᠢᠯᠠᠬᠤ ᠰᠠᠭᠤᠷᠢᠨ ᠭᠠᠵᠠᠷ᠂ ᠥᠪᠡᠷᠳᠡᠭᠡᠨ ᠵᠠᠰᠠᠬᠤ ᠤᠷᠤᠨ ᠤ ᠲᠤᠨᠤᠭ ︵ | ᠲᠡᠷᠢᠶᠡᠯᠠᠩ ᠤᠨ ᠮᠠᠰᠢᠨ︶ ᠤᠶᠢᠯᠡᠳᠬᠦ ᠰᠠᠭᠤᠷᠢᠨ ᠭᠠᠵᠠᠷ᠂ ᠣᠷᠣᠨ ᠪᠦᠰᠡ ᠶᠢᠨ ᠴᠢᠨᠠᠷᠲᠠᠶ ᠠᠵᠤ ᠦᠢᠯᠡᠰ ᠤᠨ | ᠰᠢᠯᠵᠢᠯᠲᠡ ᠶᠢ ᠭᠦᠯᠢᠶᠠᠨ ᠠᠪᠬᠤ ᠳᠤᠮᠳᠠᠬᠢ ᠰᠠᠭᠤᠷᠢᠨ ᠭᠠᠵᠠᠷ᠂ ᠤᠯᠠᠭᠠᠨᠬᠠᠳᠠ ᠬᠤᠲᠠ ᠶᠢᠨ ᠡᠮᠦᠨᠡᠲᠦ ᠬᠡᠰᠡᠭ ᠤᠨ | ᠭᠤᠣᠯ ᠬᠤᠲᠠ ᠪᠠ ᠭᠤᠣᠯ ᠬᠦᠢᠰᠦ ᠶᠢᠨ ᠬᠤᠲᠠ ᠪᠤᠯᠭᠠᠨ ᠪᠥᠳᠥᠭᠡᠨ ᠪᠠᠶᠢᠭᠤᠯᠤᠨ᠎ᠠ᠃ | ᠭᠤᠣᠯ ᠡᠭᠦᠷᠭᠡ ᠪᠣᠯ᠄ | ︵ᠨᠢᠭᠡ︶ ᠪᠦᠲᠦᠴᠡ ᠪᠠᠨ ᠲᠤᠬᠢᠷᠠᠭᠤᠯᠤᠨ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠂ | ᠠᠵᠤ ᠦᠢᠯᠡᠰ ᠤᠨ ᠵᠣᠬᠢᠴᠠᠩᠭᠤᠶ ᠬᠥᠭᠵᠢᠯᠲᠡ ᠶᠢ ᠲᠦᠯᠬᠢᠨ ᠠᠬᠢᠭᠤᠯᠤᠨ᠎ᠠ | ᠠᠵᠤ ᠦᠢᠯᠡᠳᠪᠦᠷᠢ ᠶᠢᠨ ᠠᠵᠤ ᠦᠢᠯᠡᠰ ᠢ ᠰᠢᠯᠢᠳᠡᠭᠵᠢᠬᠦᠯᠦᠨ ᠬᠦᠴᠦᠷᠭᠡᠭᠵᠢᠭᠦᠯᠦᠨ᠎ᠡ᠃ ᠢᠳᠡᠭᠡᠨ ᠤ ᠠᠵᠤ | ᠦᠢᠯᠡᠳᠪᠦᠷᠢ ᠶᠢ ᠲᠡᠭᠡᠭᠰᠢᠯᠡᠬᠦᠯᠦᠨ ᠬᠥᠭᠵᠢᠭᠦᠯᠬᠦ᠂ ᠬᠢᠮᠢ ᠶᠢᠨ ᠠᠵᠤ ᠦᠢᠯᠡᠳᠪᠦᠷᠢ ᠶᠢ ᠰᠢᠯᠢᠳᠡᠭᠵᠢᠭᠦᠯᠦᠨ | ᠬᠥᠭᠵᠢᠭᠦᠯᠵᠦ᠂ ᠮᠧᠬᠠᠨᠢᠭ᠂ ᠲᠣᠨᠣᠭᠯᠠᠯ ᠦᠢᠯᠡᠳᠬᠦ ᠦᠢᠯᠡᠰ ᠢ ᠶᠡᠬᠡᠪᠡᠷ ᠬᠥᠭᠵᠢᠭᠦᠯᠦᠨ᠎ᠡ᠃ ᠲᠡᠮᠦᠷᠯᠢᠭ | ᠬᠠᠶᠢᠯᠤᠭᠤᠯᠬᠤ ᠠᠵᠤ ᠦᠢᠯᠡᠳᠪᠦᠷᠢ ᠶᠢᠨ ᠬᠦᠴᠦᠯᠡᠨ ᠥᠭᠡᠷᠡᠴᠢᠯᠡᠵᠦ᠂ ᠨᠡᠬᠡᠮᠡᠯ ᠬᠤᠪᠴᠠᠰᠤ᠂ ᠰᠢᠨ᠎ᠡ ᠬᠡᠯᠪᠡᠷᠢ ᠶᠢᠨ | ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢ ᠲᠥᠷᠭᠡᠳᠭᠡᠨ᠎ᠡ᠃ ᠠᠷᠢᠭᠤᠨ ᠴᠡᠪᠡᠷ | ᠡᠨᠧᠷᠭᠢ ᠶᠢᠨ ᠰᠤᠷᠪᠤᠯᠵᠢ᠂ ᠳᠠᠬᠢᠨᠲᠠ ᠠᠰᠢᠭᠯᠠᠬᠤ ᠡᠬᠢ ᠪᠠᠶᠠᠯᠢᠭ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ | ᠲᠦᠷᠭᠡᠪᠴᠢᠯᠡᠨ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠪᠠᠶᠢᠭᠤᠯᠤᠯᠲᠠ ᠶᠢ ᠴᠢᠩᠭᠠᠳᠬᠠᠵᠤ᠂ ᠳᠠᠭᠠᠭᠠᠬᠤ ᠴᠢᠳᠠᠪᠤᠷᠢ ᠶᠢ ᠲᠡᠭᠡᠭᠰᠢᠯᠡᠬᠦᠯᠦᠨ᠎ᠡ᠃ ᠤᠳᠤ ᠦᠶ᠎ᠡ ᠶᠢᠨ | ᠲᠠᠷᠢᠶᠠᠯᠠᠩ ᠢ ᠶᠡᠬᠡᠪᠡᠷ ᠲᠦᠯᠬᠢᠨ ᠠᠬᠢᠭᠤᠯᠤᠨ᠎ᠠ᠃ ᠪᠡᠯᠡᠳᠬᠡᠮᠵᠢᠳᠦ ᠲᠠᠷᠢᠶᠠᠯᠠᠩ᠂ ᠤᠢ ᠰᠢᠭᠤᠢ ᠵᠢᠮᠢᠰᠦᠨ | ᠮᠣᠳᠣᠨ ᠤ ᠦᠢᠯᠡᠰ᠂ ᠮᠠᠯ ᠠᠵᠤ ᠠᠬᠤᠶ ᠶᠢᠨ ᠭᠤᠷᠪᠠᠨ ᠶᠡᠭᠡ ᠤᠳᠤᠷᠢᠳᠤᠮᠵᠢ ᠶᠢᠨ ᠠᠵᠤ ᠦᠢᠯᠡᠰ ᠢ ᠵᠡᠷᠭᠡ ᠲᠡᠰ | ᠲᠡᠪᠰᠢᠭᠦᠯᠥᠨ ᠲᠡᠭᠡᠭᠰᠢᠯᠡᠬᠦᠯᠬᠦ ᠶᠢ ᠲᠦᠷᠭᠡᠳᠬᠡᠵᠦ᠂ ᠬᠡᠪᠴᠢᠶᠡᠵᠢᠭᠰᠡᠨ ᠲᠠᠷᠢᠵᠦ ᠲᠡᠵᠢᠭᠡᠬᠦ ᠦᠢᠯᠡᠰ᠂ | ᠲᠠᠷᠢᠶᠠᠯᠠᠩ ᠤᠨ ᠪᠦᠲᠦᠭᠡᠭᠳᠡᠬᠦᠨ ᠤ ᠪᠣᠯᠪᠠᠰᠤᠷᠠᠭᠤᠯᠬᠤ ᠦᠢᠯᠡᠰ ᠪᠠ ᠬᠥᠳᠡᠭᠡ ᠲᠣᠰᠬᠤᠨ ᠤ ᠦᠢᠯᠡᠴᠢᠯᠡᠭᠡᠨ ᠤ | ᠦᠢᠯᠡᠰ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠬᠠᠳᠠᠭᠠᠯᠠᠬᠤ᠂ ᠡᠳ᠋ | ᠪᠠᠷᠠᠭᠠᠨ ᠤ ᠭᠦᠢᠯᠭᠡᠭᠡ᠂ ᠪᠣᠷᠣᠯᠠᠭᠤᠯᠬᠤ ᠶᠢ ᠨᠢᠭᠡ ᠴᠤᠬᠴᠠᠵᠢᠭᠤᠯᠬᠤ ᠶᠢ ᠪᠡᠶᠡᠯᠡᠭᠦᠯᠵᠦ᠂ ᠤᠳᠤ ᠦᠶ᠎ᠡ ᠶᠢᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠣᠬᠢᠷᠲᠤᠯ ᠦᠭᠡᠢ᠂ ᠨᠡᠷᠡᠳᠥ ᠲᠡᠮᠳᠡᠭ᠂ ᠵᠤᠭᠠᠴᠠᠯ ᠤᠨ ᠲᠠᠷᠢᠶᠠᠯᠠᠩ ᠢ | ᠬᠥᠭᠵᠢᠭᠦᠯᠦᠨ᠎ᠡ᠃ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠦᠨ᠎ᠡ᠃ ᠵᠢᠭᠤᠯᠴᠢᠯᠠᠯ ᠤᠨ ᠦᠢᠯᠡᠰ ᠢ | ᠲᠤᠪᠤᠶᠢᠮ᠎ᠠ ᠭᠦᠭᠵᠢᠭᠦᠯᠦᠨ᠂ ᠨᠡᠷᠡᠲᠦ ᠦᠵᠡᠮᠵᠢᠲᠦ ᠣᠷᠣᠨ ᠢ ᠪᠤᠶᠢᠵᠢᠭᠤᠯᠤᠨ ᠳᠡᠰ ᠲᠡᠪᠰᠢᠭᠦᠯᠦᠨ᠂ ᠪᠦᠬᠦ | ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠢᠶᠠᠨ ᠢ ᠪᠥᠳᠥᠭᠡᠨ ᠪᠠᠶᠢᠭᠤᠯᠤᠨ᠎ᠠ᠃ ᠤᠯᠠᠮᠵᠢᠯᠠᠯᠲᠤ | ᠦᠢᠯᠡᠴᠢᠯᠡᠭᠡᠨ ᠤ ᠦᠢᠯᠡᠰ ᠢ ᠳᠡᠭᠡᠭᠰᠢᠯᠡᠭᠦᠯᠦᠨ ᠬᠥᠭᠵᠢᠭᠦᠯᠵᠦ᠂ ᠡᠷᠡᠭᠦᠯ ᠮᠡᠨᠳᠦ ᠶᠢᠨ ᠨᠠᠰᠤᠵᠢᠯ ᠤᠨ ᠠᠰᠠᠷᠠᠮᠵᠢ᠂ | ᠰᠡᠯᠡᠭᠦᠴᠡᠯ ᠪᠡᠶ᠎ᠡ ᠴᠢᠭᠢᠷᠠᠭᠵᠢᠭᠤᠯᠬᠤ᠂ ᠪᠠᠭᠯᠠᠭ᠎ᠠ ᠪᠣᠭᠤᠳᠠᠯ ᠤᠨ ᠵᠢᠷᠤᠭ ᠲᠥᠯᠥᠪᠯᠡᠭᠡ᠂ ᠡᠯᠧᠺᠲᠷᠣᠨ ᠮᠡᠳᠡᠭᠡ | ᠵᠠᠩᠭᠢ ᠵᠡᠷᠭᠡ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠢ ᠢᠳᠡᠪᠬᠢᠲᠡᠶ ᠬᠦᠭᠵᠢᠬᠦᠯᠦᠨ᠎ᠡ᠃ | ︵ᠬᠤᠶᠠᠷ︶ ᠬᠤᠲᠡ ᠪᠠᠷ ᠬᠥᠳᠡᠭᠡ ᠲᠣᠰᠬᠤᠨ ᠢ ᠲᠡᠶᠢᠴᠢᠯᠠᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠤᠲᠠ | ᠬᠥᠳᠡᠭᠡ ᠶᠢ ᠨᠢᠭᠡ ᠴᠤᠭᠴᠠᠵᠢᠭᠤᠯᠤᠭᠰᠠᠨ ᠭᠦᠭᠵᠢᠬᠦᠯᠬᠦ ᠶᠢ ᠲᠦᠯᠬᠢᠨ ᠠᠬᠢᠭᠤᠯᠤᠨ᠎ᠠ᠃ | ᠲᠢᠶᠠᠨ ᠢ ᠵᠡᠭᠡᠯᠢ ᠲᠣᠭᠤᠷᠢᠭ ᠤᠨ ᠪᠠᠶᠢᠭᠤᠯᠤᠯᠲᠠ ᠶᠢ ᠲᠥᠷᠭᠡᠳᠭᠡᠨ᠎ᠡ᠃《 ᠪᠠᠷᠠᠭᠤᠨᠰᠢ ᠰᠢᠯᠵᠢᠬᠦᠯᠵᠦ ᠤᠮᠠᠷᠠᠰᠢ | ᠥᠷᠭᠡᠳᠬᠡᠬᠦ︾ ᠪᠠᠶᠢᠯᠳᠤᠬᠤ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠬᠤᠳᠠ ᠶᠢᠨ ᠪᠣᠷᠣ ᠲᠥᠯᠥᠪ ᠢ | ᠶᠡᠭᠡᠰᠭᠡᠨ᠂ ᠬᠤᠳᠡ ᠶᠢᠨ ᠦᠢᠯᠡᠳᠦᠯ ᠴᠢᠳᠠᠪᠤᠷᠢ ᠶᠢ ᠲᠡᠭᠦᠯᠳᠡᠷᠵᠢᠭᠦᠯᠵᠦ᠂ ᠬᠤᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ᠰᠢᠶᠠᠨ ᠢ ᠦᠭᠡᠶᠢᠰᠭᠡᠵᠦ ᠬᠤᠲᠠ ᠪᠠᠶᠢᠭᠤᠯᠬᠤ ᠬᠠᠷᠠᠯᠲᠠ ᠶᠢ ᠪᠡᠶᠡᠯᠡᠬᠦᠯᠦᠨ᠎ᠡ᠃ ᠬᠤᠲᠠ ᠶᠢᠨ | ᠬᠠᠮᠢᠶᠠᠷᠤᠯᠲᠠ ᠶᠢ ᠴᠢᠩᠭᠠᠳᠬᠠᠨ᠂ ᠴᠢᠩᠭ᠎ᠠ ᠲᠥᠯᠥᠪᠵᠢᠭᠦᠯᠦᠨ ᠬᠠᠤᠯᠢ ᠭᠡᠷᠩᠵᠢᠬᠦᠯᠦᠨ᠎ᠡ᠃ ᠬᠤᠲᠠ ᠶᠢᠨ | ᠲᠣᠭᠤᠷᠢᠭ ᠤᠨ ᠡᠷᠭᠢᠨ ᠲᠣᠭᠤᠷᠢᠨ ᠲᠠᠢ ᠤᠶᠠᠯᠳᠤᠭᠤᠯᠤᠨ᠂ ᠲᠤᠯᠭᠠᠭᠤᠷᠢ ᠠᠵᠤ ᠦᠢᠯᠡᠰ ᠢ ᠬᠦᠭᠵᠢᠬᠦᠯᠦᠨ᠎ᠡ᠂ | ᠤᠯᠠᠨ ᠨᠡᠶᠢᠲᠡ ᠶᠢᠨ ᠤᠶᠢᠯᠡᠴᠢᠯᠡᠭᠡ ᠶᠢ ᠠᠵᠤ ᠦᠢᠯᠡᠰ ᠤᠨ ᠲᠥᠪᠯᠡᠷᠡᠭᠰᠡᠨ ᠣᠷᠣᠨ ᠵᠥᠭ ᠤᠷᠲᠤᠳᠬᠠᠨ᠂ ᠠᠵᠤ | ᠦᠢᠯᠡᠰ ᠪᠠ ᠬᠤᠲᠠ ᠶᠢ ᠠᠭᠤᠰᠤᠯᠴᠠᠬᠤ ᠶᠢ ᠠᠬᠢᠭᠤᠯᠤᠨ᠎ᠠ᠃ ᠦᠪᠡᠷᠮᠢᠴᠡ ᠣᠨᠴᠠᠯᠢᠭ ᠪᠦᠬᠦᠢ ᠵᠢᠵᠢᠭ ᠬᠤᠲᠠ | ᠪᠠᠯᠭᠠᠰᠤ ᠶᠢ ᠪᠠᠶᠢᠭᠤᠯᠤᠨ᠎ᠠ᠃ ᠪᠤᠷᠬᠠᠨᠲᠤ ᠢ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠭᠤᠯᠤᠯᠳᠤ | ᠪᠠᠯᠭᠠᠰᠤ ᠶᠢᠨ ᠵᠢᠱᠢᠶ᠎ᠡ ᠦᠵᠡᠭᠦᠯᠬᠦ ᠲᠤᠷᠰᠢᠯᠲᠠ ᠶᠢᠨ ᠴᠢᠭ᠋ ᠪᠤᠯᠭᠠᠨ ᠪᠠᠶᠢᠭᠤᠯᠬᠤ ᠪᠠᠷ ᠬᠥᠳᠡᠯᠭᠡᠭᠦᠷ ᠪᠣᠯᠭᠠᠵᠤ᠂ | ᠲᠦᠷᠦᠯ ᠬᠤᠪᠢᠶᠠᠨ ᠵᠢᠯᠣᠭᠤᠳᠬᠤ ᠪᠠ ᠵᠢᠱᠢᠶ᠎ᠡ ᠦᠵᠡᠭᠦᠯᠵᠦ ᠳᠠᠶᠢᠴᠢᠯᠠᠬᠤ ᠶᠢ ᠳᠤᠪᠤᠶᠢᠯᠭᠠᠵᠤ᠂ ᠵᠢᠵᠢᠭ ᠬᠤᠲᠠ | ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠮᠦᠨ ᠠᠮᠠ ᠶᠢᠨ | ᠬᠤᠲᠠ ᠪᠠᠯᠭᠠᠰᠤ ᠲᠡᠰᠢ ᠲᠥᠪᠯᠡᠷᠡᠭᠦᠯᠬᠦ᠂ ᠠᠵᠤ ᠦᠢᠯᠡᠰ ᠢ ᠬᠦᠷᠢᠶᠡᠯᠡᠩ ᠲᠣᠭᠤᠷᠢᠭ ᠪᠣᠯᠤᠨ ᠰᠠᠭᠤᠷᠢᠨ ᠭᠠᠵᠠᠷ | ᠵᠦᠭ ᠲᠥᠪᠯᠡᠷᠡᠭᠦᠯᠵᠦ᠂ ᠭᠠᠵᠠᠷ ᠰᠢᠷᠣᠶ ᠶᠢ ᠬᠡᠪᠴᠢᠶᠡᠵᠢᠭᠰᠡᠨ ᠡᠵᠡᠩᠨᠡᠯᠲᠡ ᠵᠥᠭ ᠲᠥᠪᠯᠡᠷᠡᠬᠦᠯᠬᠦ ᠶᠢ ᠲᠦᠯᠬᠢᠨ | ᠠᠬᠢᠭᠤᠯᠵᠤ᠂ ᠨᠢᠭᠡ ᠪᠦᠯᠦᠭ ᠬᠡᠪᠴᠢᠶ᠎ᠡ ᠨᠢ ᠵᠣᠬᠢᠰᠲᠠᠶ᠂ ᠴᠢᠳᠠᠮᠵᠢ ᠨᠢ ᠪᠦᠷᠢᠨ ᠲᠡᠭᠦᠯᠳᠡᠷ᠂ ᠰᠠᠭᠤᠷᠢᠰᠢᠵᠤ ᠠᠵᠢᠯ | ᠡᠷᠬᠢᠯᠡᠬᠦ ᠳᠤ ᠲᠤᠭᠢᠳᠠᠢ ᠭᠤᠣᠯᠳᠠᠯᠭ᠎ᠠ ᠲᠠᠢ ᠪᠠᠯᠭᠠᠰᠤ᠂ ᠤᠨᠴᠠᠯᠢᠬᠳᠤ ᠪᠠᠯᠭᠠᠰᠤ ᠶᠢ ᠪᠠᠶᠢᠭᠤᠯᠤᠨ᠎ᠠ᠃ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠶᠢ ᠲᠥᠷᠭᠡᠳᠭᠡᠨ᠎ᠡ᠃ ᠠᠶᠢᠯ | ᠲᠣᠰᠬᠤᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠥᠪᠡᠷᠮᠢᠴᠡ ᠣᠨᠴᠠᠯᠢᠭ ᠲᠠᠢ | ᠳᠠᠪᠠᠭᠤᠯᠢᠭ ᠠᠵᠤ ᠦᠢᠯᠡᠰ ᠲᠠᠢ ᠤᠶᠠᠯᠳᠤᠭᠤᠯᠵᠤ ᠂ ᠬᠤᠲᠠ ᠪᠠᠯᠭᠠᠰᠤᠨ ᠤ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢᠨ ᠬᠥᠳᠡᠭᠡ ᠲᠣᠰᠬᠤᠨ ᠲᠡᠶᠢᠰᠢ ᠲᠡᠯᠡᠬᠦ ᠶᠢ ᠲᠦᠯᠬᠢᠨ ᠠᠬᠢᠭᠤᠯᠵᠤ᠂ ᠨᠢᠭᠡ ᠪᠦᠯᠦᠭ ᠵᠠᠩ | ᠦᠢᠯᠡ ᠶᠢᠨ ᠲᠣᠰᠬᠤᠨ᠂ ᠰᠣᠶᠣᠯ ᠤᠨ ᠲᠣᠰᠬᠤᠨ᠂ ᠠᠵᠤ ᠦᠢᠯᠡᠰ ᠤᠨ ᠲᠤᠰᠬᠤᠨ ᠢ ᠪᠠᠶᠢᠭᠤᠯᠤᠨ᠎ᠠ᠃ | ︵ᠭᠤᠷᠪᠠ︶ ᠰᠠᠭᠤᠷᠢ ᠶᠢ ᠨᠢ ᠪᠠᠲᠤᠳᠬᠠᠨ᠂ ᠪᠠᠲᠤᠯᠠᠭ᠎ᠠ ᠪᠠᠨ ᠴᠢᠩᠭᠠᠳᠬᠠᠨ ᠠᠵᠤ ᠠᠬᠤᠶ ᠶᠢᠨ ᠦᠷᠭᠦᠯᠵᠢᠯᠡᠬᠦ | ᠬᠥᠭᠵᠢᠯᠲᠡ ᠶᠢ ᠪᠡᠶᠡᠯᠡᠬᠦᠯᠦᠨ᠎ᠡ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠠᠭᠠᠨᠬᠠᠲᠠ ᠠᠴᠠ ᠪᠡᠭᠡᠵᠢᠩ | ᠮᠦᠭᠳᠡᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠬᠠᠷᠠᠴᠢᠨ ᠵᠡᠭᠦᠨ ᠥᠷᠲᠡᠭᠡ᠂ ᠪᠠᠶᠢᠰᠢᠩᠳᠤ ᠠᠴᠠ | ᠤᠯᠠᠭᠠᠨᠬᠠᠲᠠ ᠬᠦᠷᠬᠦ ᠱᠤᠭᠤᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠪᠠᠷᠢᠯᠭ᠎ᠠ ᠶᠢ ᠪᠡᠶᠡᠯᠡᠬᠦᠯᠦᠨ᠂ | ᠤᠯᠠᠭᠠᠨᠬᠠᠲᠠ ᠠᠴᠠ ᠯᠢᠩᠶᠤᠸᠠᠨ ᠬᠦᠷᠬᠦ ᠨᠢᠭᠡ ᠲᠡᠰ ᠤᠨ ᠵᠠᠮ ᠶᠢ ᠲᠥᠷᠭᠡᠨ ᠲᠠᠪᠬᠢᠬᠤ ᠵᠠᠰᠠᠮᠠᠯ ᠵᠠᠮ ᠪᠤᠯᠭᠠᠨ ᠲᠡᠰ | ᠲᠡᠪᠰᠢᠬᠦᠯᠬᠦ ᠶᠢ ᠠᠬᠢᠭᠤᠯᠤᠨ᠂ ᠲᠢᠶᠠᠨ ᠢ — ᠫᠢᠩ ᠴᠢᠤᠸᠠᠨ ᠨᠢᠭᠡ ᠲᠡᠰ ᠤᠨ ᠵᠠᠮ ᠢ ᠥᠭᠡᠷᠡᠴᠢᠯᠡᠬᠦ ᠶᠢ | ᠭᠡᠷᠩᠵᠢᠬᠦᠯᠵᠦ᠂ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠢ ᠪᠠᠶᠢᠭᠤᠯᠤᠨ᠎ᠠ᠃ ᠬᠤᠳᠠ ᠬᠥᠳᠡᠭᠡ ᠶᠢᠨ | ᠴᠠᠬᠢᠯᠭᠠᠨ ᠤ ᠲᠣᠣᠷ ᠤᠨ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠵᠦ᠂ ᠴᠠᠬᠢᠯᠭᠠᠨ ᠬᠡᠷᠡᠭᠯᠡᠬᠦ ᠬᠡᠷᠡᠭᠴᠡᠭᠡ ᠶᠢ | ᠬᠠᠩᠭᠠᠨ᠎ᠠ᠃ ᠪᠠᠷᠠᠭᠤᠨᠳᠠᠬᠢ ᠤᠰᠤ ᠶᠢ ᠵᠡᠭᠦᠨᠰᠢ ᠳᠠᠮᠵᠢᠭᠤᠯᠬᠤ ᠶᠢ ᠪᠡᠶᠡᠯᠡᠭᠦᠯᠬᠦ᠂ ᠴᠥᠬᠦᠷᠥᠮ ᠴᠥᠬᠦᠷᠥᠮ ᠢ | ᠵᠠᠯᠭᠠᠯᠳᠤᠭᠤᠯᠬᠤ᠂ ᠭᠤᠤᠯ ᠴᠥᠬᠦᠷᠤᠮ ᠢ ᠵᠠᠯᠭᠠᠯᠳᠤᠭᠤᠯᠬᠤ ᠢᠨᠵᠧᠨᠧᠷᠢᠩ ᠢ ᠭᠡᠷᠩᠵᠢᠬᠦᠯᠦᠨ᠎ᠡ᠃ ᠭᠡᠷᠡᠯ | ᠰᠢᠷᠬᠡᠭ ᠤᠨ ᠥᠷᠭᠡᠨ ᠪᠦᠰᠡᠲᠦ ᠨᠧᠲ᠂ ᠰᠢᠨ᠎ᠡ ᠨᠢᠭᠡ ᠦᠶ᠎ᠡ ᠶᠢᠨ ᠰᠢᠯᠵᠢᠮᠡᠯ ᠬᠤᠯᠪᠣᠭᠠᠨ ᠤ ᠲᠣᠣᠷ ᠰᠦᠯᠵᠢᠶ᠎ᠡ | ᠵᠡᠷᠭᠡ ᠰᠢᠨ᠎ᠡ ᠮᠠᠶ᠋ᠢᠭ ᠤᠨ ᠮᠡᠳᠡᠭᠡ ᠵᠠᠩᠭᠢ ᠶᠢᠨ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠪᠥᠳᠥᠭᠡᠨ | ᠪᠠᠶᠢᠭᠤᠯᠤᠯᠲᠠ ᠶᠢ ᠲᠥᠷᠭᠡᠳᠭᠡᠨ᠎ᠡ᠃ ᠠᠮᠢ ᠠᠬᠤᠶ ᠶᠢᠨ ᠬᠠᠮᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠪᠡᠭᠡᠵᠢᠩ ᠲᠢᠶᠠᠨᠵᠢᠨ ᠤ ᠰᠠᠯᠬᠢ ᠲᠣᠭᠤᠰᠣᠨ ᠤ ᠡᠬᠢ ᠶᠢ ᠵᠠᠰᠠᠬᠤ᠂ ᠲᠠᠷᠢᠶᠠᠯᠠᠬᠤ ᠶᠢ | ᠵᠣᠭᠰᠣᠭᠠᠵᠤ ᠤᠢ ᠰᠢᠭᠤᠶ ᠶᠢ ᠰᠡᠷᠭᠦᠭᠡᠬᠦ ᠵᠠᠯᠭᠠᠮᠵᠢ ᠠᠵᠤ ᠦᠢᠯᠡᠰ ᠵᠢᠴᠢ ᠤᠢ ᠰᠢᠭᠤᠶ ᠶᠢ ᠡᠵᠡᠩᠨᠡᠨ ᠬᠠᠮᠢᠶᠠᠷᠬᠤ | ᠣᠶᠢᠵᠢᠭᠤᠯᠬᠤ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠵᠡᠷᠭᠡ ᠢᠨᠵᠧᠨᠧᠷᠢᠩ ᠢ | ᠦᠷᠭᠦᠯᠵᠢᠯᠡᠨ ᠬᠡᠷᠡᠭᠵᠢᠭᠦᠯᠵᠦ᠂ ᠪᠢᠲᠡᠭᠦᠮᠵᠢᠯᠡᠨ ᠪᠤᠶᠢᠵᠢᠭᠤᠯᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠤᠢ | ᠰᠢᠭᠤᠶ ᠶᠢᠨ ᠭᠠᠯ ᠰᠡᠷᠭᠡᠶᠢᠯᠡᠬᠦ᠂ ᠤᠰᠤ ᠰᠢᠷᠤᠢ ᠶᠢ ᠬᠠᠮᠭᠠᠯᠠᠵᠦ ᠵᠠᠰᠠᠬᠤ ᠶᠢ ᠴᠢᠩᠭᠠᠳᠬᠠᠨ᠂ ᠠᠮᠢ ᠠᠬᠤᠶ ᠶᠢᠨ | ᠰᠢᠰᠲ᠋ᠧᠮ ᠤᠨ ᠰᠠᠶᠢᠨ ᠣᠷᠴᠢᠯ ᠢ ᠠᠬᠢᠭᠤᠯᠤᠨ᠎ᠠ᠃ ᠣᠷᠴᠢᠨ ᠲᠣᠭᠤᠷᠢᠨ ᠤ ᠴᠢᠨᠠᠷ ᠤᠨ ᠰᠠᠶᠢᠵᠢᠷᠠᠯ ᠪᠠ ᠪᠣᠬᠢᠷᠲᠤᠯ | ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠬᠠᠮᠢᠶᠠᠷᠤᠯᠲᠠ ᠶᠢ ᠭᠡᠷᠩᠵᠢᠬᠦᠯᠦᠨ᠂ ᠵᠠᠰᠠᠭ ᠤᠨ | ᠣᠷᠳᠣᠨ᠂ ᠠᠵᠤ ᠠᠬᠤᠶᠢᠯᠠᠯ᠂ ᠤᠯᠠᠨ ᠨᠡᠶᠢᠲᠡ ᠶᠢᠨ ᠬᠠᠮᠲᠤ ᠪᠠᠷ ᠵᠠᠰᠠᠬᠤ ᠣᠷᠴᠢᠨ ᠠᠬᠤᠶ ᠶᠢ ᠵᠠᠰᠠᠬᠤ | ᠰᠢᠰᠲ᠋ᠧᠮ ᠢ ᠪᠥᠷᠢᠯᠳᠤᠬᠦᠯᠥᠨᠠ᠃ | ︵ᠲᠦᠷᠪᠡ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠲᠡᠩᠴᠡᠭᠦᠷᠢᠲᠡᠶ ᠬᠠᠮᠲᠤ ᠪᠠᠷ ᠡᠳ᠋ᠯᠡᠬᠦ᠂ ᠨᠡᠶᠢᠭᠡᠮ ᠤᠨ | ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠤᠨ᠎ᠠ | ᠨᠡᠶᠢᠭᠡᠮ ᠤᠨ ᠠᠵᠢᠯ ᠦᠢᠯᠡᠰ ᠢ ᠶᠡᠬᠡᠪᠡᠷ ᠬᠥᠭᠵᠢᠭᠦᠯᠦᠨ᠎ᠡ᠃ ︽ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ︾ | ᠪᠠᠶᠢᠯᠳᠤᠬᠤ ᠪᠤᠳᠤᠯᠭ᠎ᠠ ᠶᠢ ᠭᠡᠷᠩᠵᠢᠬᠦᠯᠦᠨ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠴᠢᠳᠠᠪᠤᠷᠢ ᠪᠠᠨ ᠲᠡᠭᠡᠭᠰᠢᠯᠡᠬᠦᠯᠦᠨ᠎ᠡ᠃ ᠪᠡᠯᠡ | ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ | ᠠᠬᠢᠭᠤᠯᠤᠨ᠎ᠠ᠃ ᠡᠷᠡᠭᠦᠯ ᠨᠢᠩᠴᠧᠩ ᠤᠨ ᠢᠨᠵᠧᠨᠧᠷᠢᠩ ᠢ ᠬᠡᠷᠡᠭᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠤᠭᠢᠷᠠᠭᠤᠯᠤᠯᠲᠠ ᠨᠢ ᠵᠣᠬᠢᠰᠲᠠᠶ᠂ ᠴᠢᠳᠠᠮᠵᠢ ᠨᠢ | ᠪᠦᠷᠢᠨ ᠲᠡᠭᠦᠯᠳᠡᠷ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮ ᠢ ᠪᠥᠷᠢᠯᠳᠤᠬᠦᠯᠦᠨᠡ᠃ ᠰᠢᠨ᠎ᠡ ᠮᠠᠯᠳᠤᠯᠡᠭᠰᠡᠨ ᠬᠥᠮᠦᠨ ᠠᠮᠠ ᠶᠢᠨ ᠬᠦᠢᠰᠦ ᠶᠢᠨ | ᠢᠯᠭᠠᠯ ᠤᠨ ᠪᠦᠲᠦᠴᠡ ᠶᠢ ᠰᠢᠯᠢᠳᠡᠭᠵᠢᠬᠦᠯᠦᠨ᠂ ᠬᠥᠮᠦᠨ ᠠᠮᠠ ᠶᠢᠨ ᠤᠷᠳᠤ ᠬᠤᠭᠤᠴᠠᠭ᠎ᠠ ᠤ ᠲᠡᠩᠴᠡᠭᠦᠷᠢᠲᠡᠶ | ᠬᠥᠭᠵᠢᠬᠦ ᠶᠢ ᠠᠬᠢᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ | ᠬᠤᠳᠠ ᠬᠥᠳᠡᠭᠡ ᠶᠢ ᠬᠠᠮᠤᠷᠤᠭᠰᠠᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢ ᠬᠦᠴᠦᠯᠡᠨ ᠴᠢᠩᠭᠠᠳᠬᠠᠨ᠎ᠠ᠃ ᠨᠢᠭᠡ ᠪᠦᠯᠦᠭ ᠠᠳᠠᠯ ᠦᠢᠯᠡᠰ | ᠴᠣᠭᠴᠠᠯᠠᠬᠤ ᠬᠦᠷᠢᠶᠡᠯᠡᠩ ᠲᠣᠭᠤᠷᠢᠭ ᠪᠣᠯᠤᠨ ᠨᠡᠪᠴᠢᠭᠦᠯᠬᠦ ᠰᠠᠭᠤᠷᠢᠨ ᠭᠠᠵᠠᠷ ᠪᠠᠶᠢᠭᠤᠯᠤᠨ᠂ ᠬᠤᠲᠠ | ᠪᠠᠯᠭᠠᠰᠤ ᠶᠢᠨ ︽ᠠᠵᠢᠯ ᠣᠯᠤᠭᠰᠠᠨ ᠬᠥᠮᠦᠨ ᠠᠯᠠᠭ᠎ᠠ ᠭᠡᠷ ᠪᠦᠯᠢ︾ ᠶᠢ ᠬᠥᠳᠡᠯᠦᠩᠭᠦᠶ ᠠᠷᠢᠯᠭᠠᠨ᠎ᠠ᠃ ᠪᠦᠭᠦ | ᠰᠢᠶᠠᠨ ᠤ ᠨᠢᠭᠡᠳᠦᠯᠲᠡᠶ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠤᠨ ᠲᠦᠷᠢᠮ ᠢ ᠪᠠᠶᠢᠭᠤᠯᠤᠨ᠂ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠪᠠᠶᠢᠭᠠᠯᠢ ᠶᠢᠨ ᠭᠠᠮᠰᠢᠭ ᠠᠴᠠ ᠲᠦᠷ ᠴᠠᠭ ᠤᠨ ᠠᠪᠤᠷᠠᠨ ᠲᠤᠰᠠᠯᠠᠬᠤ ᠲᠦᠷᠢᠮ ᠢ | ᠲᠡᠭᠦᠯᠳᠡᠷᠵᠢᠬᠦᠯᠦᠨ᠎ᠡ᠃ ᠳᠡᠭᠡᠳᠦ ᠱᠠᠲᠤᠨ ᠤ ᠨᠠᠷᠢᠯᠢᠭ ᠣᠨᠣᠴᠢᠲᠠᠶ ᠪᠠᠷ ᠶᠠᠳᠠᠭᠤ ᠶᠢ ᠲᠡᠳᠬᠦᠬᠦ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ | ᠶᠠᠳᠠᠭᠤ ᠠᠴᠠ ᠠᠩᠬᠢᠵᠢᠷᠠᠭᠤᠯᠤᠨ ᠪᠤᠭᠤᠮᠲᠠ ᠰᠢᠪᠳᠤᠯᠬᠤ ᠶᠢ ᠪᠡᠶᠡᠯᠡᠬᠦᠯᠦᠨ᠎ᠡ᠃ ︽ᠬᠠᠤᠯᠢ ᠪᠠᠷ ᠨᠢᠩᠴᠧᠩ ᠢᠶᠠᠨ | ᠵᠠᠰᠠᠬᠤ︾᠂ ︽ ᠠᠮᠤᠷ ᠲᠦᠪᠰᠢᠨ ᠨᠢᠩᠴᠧᠩ︾᠂ ︽ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ | ᠨᠢᠩᠴᠧᠩ︾ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠡᠶᠢᠭᠡᠮ ᠤᠨ ᠡᠶ᠎ᠡ | ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠪᠠᠳᠤᠯᠠᠨ᠎ᠠ᠃ | ᠭᠤᠷᠪᠠ᠂ 2016 ᠣᠨ ᠤ ᠭᠤᠣᠯ ᠠᠵᠢᠯ | 2016 ᠣᠨ ᠳᠤ᠂ ᠪᠢᠳᠡ ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠲᠥᠪ | ᠬᠤᠷᠢᠶᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠶ ᠶᠢᠨ ᠠᠵᠢᠯ ᠤᠨ | ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂《 ᠲᠥᠷᠪᠡᠨ | ᠪᠦᠬᠦ ᠲᠠᠯ᠎ᠠ》 ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠤᠯᠤᠨ ᠲᠡᠪᠤᠨ ᠶᠡᠭᠡ ᠬᠥᠭᠵᠢᠯᠲᠡ ᠶᠢᠨ | ᠣᠶᠢᠯᠠᠭᠠᠭᠳᠠᠬᠤᠨ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠦ᠂ ︽ᠠᠵᠤ ᠦᠢᠯᠡᠳᠪᠦᠷᠢ ᠪᠠᠷ ᠰᠢᠶᠠᠨ ᠢᠶᠠᠨ | ᠬᠦᠴᠦᠷᠭᠡᠭᠵᠢᠬᠦᠯᠬᠦ᠂ ᠠᠵᠤ ᠦᠢᠯᠡᠰ ᠢᠶᠠᠷ ᠠᠷᠠᠳ ᠢᠶᠠᠨ ᠪᠠᠶᠠᠵᠢᠭᠤᠯᠬᠤ︾ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠨ | ᠂ ᠪᠡᠯᠡ ᠣᠷᠣᠭᠤᠯᠤᠯᠲᠠ ᠢᠶᠠᠨ ᠨᠡᠮᠡᠭᠳᠡᠬᠦᠯᠬᠦ᠂ ᠠᠵᠤ ᠦᠢᠯᠡᠰ ᠢᠶᠠᠨ ᠬᠦᠴᠦᠷᠬᠡᠭᠵᠢᠭᠦᠯᠦᠨ᠂ ᠰᠠᠭᠤᠷᠢ ᠶᠢ ᠪᠠᠲᠤ | ᠲᠠᠯᠪᠢᠵᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠪᠠᠷ ᠭᠤᠣᠯ ᠰᠢᠵᠢᠮ ᠪᠣᠯᠭᠠᠵᠤ᠂ ᠠᠵᠦ ᠠᠬᠤᠢ ᠶᠢᠨ | ᠬᠥᠭᠵᠢᠯᠲᠠ ᠶᠢᠨ ᠬᠡᠯᠪᠡᠷᠢ ᠶᠢ ᠲᠥᠷᠭᠡᠨ ᠬᠤᠪᠢᠷᠠᠭᠤᠯᠤᠨ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ᠂ | ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠳᠡ ᠪᠠ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢ | ᠲᠥᠯᠬᠢᠨ ᠠᠬᠢᠭᠤᠯᠵᠦ᠂ ᠠᠮᠢ ᠠᠬᠤᠶ ᠶᠢᠨ ᠣᠷᠴᠢᠨ ᠨᠥᠬᠦᠴᠡᠯ ᠪᠠ ᠰᠠᠭᠤᠷᠢ ᠲᠥᠬᠦᠭᠡᠷᠦᠮᠵᠢ ᠶᠢᠨ ᠨᠥᠬᠦᠴᠡᠯ ᠢ | ᠰᠠᠶᠢᠵᠢᠷᠠᠭᠤᠯᠬᠤ ᠶᠢ ᠲᠥᠷᠭᠡᠳᠭᠡᠵᠦ᠂ ᠣᠷᠣᠨ ᠪᠦᠰᠡ ᠶᠢᠨ ᠠᠵᠤ ᠠᠬᠤᠶ ᠶᠢᠨ ᠨᠢᠭᠡ ᠴᠤᠭᠴᠠᠵᠢᠬᠤ ᠶᠢ | ᠲᠦᠷᠭᠡᠪᠴᠢᠯᠡᠨ ᠲᠦᠯᠬᠢᠨ ᠤᠷᠤᠭᠰᠢᠯᠠᠭᠤᠯᠵᠤ᠂ ᠡᠯ᠎ᠡ ᠬᠦᠷᠢᠶᠡᠨ ᠳᠠᠬᠢ ᠥᠭᠡᠷᠡᠴᠢᠯᠡᠯᠲᠡ ᠪᠣᠯᠤᠨ ᠬᠠᠤᠯᠢ ᠪᠠᠷ | ᠰᠢᠶᠠᠨ ᠢᠶᠠᠨ ᠵᠠᠰᠠᠬᠤ ᠠᠬᠢᠴᠠ ᠶᠢ ᠲᠦᠷᠭᠡᠪᠴᠢᠯᠡᠨ ᠠᠬᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ》 ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠥᠭᠵᠢᠯᠲᠡ ᠳᠤ ᠰᠠᠶᠢᠨ ᠰᠠᠶᠢᠬᠠᠨ ᠡᠬᠢᠯᠡᠯᠲᠡ ᠶᠢ ᠴᠢᠷᠮᠠᠶᠢᠨ | ᠪᠡᠶᠡᠯᠡᠭᠦᠯᠬᠦ ᠬᠡᠷᠡᠭᠲᠡᠶ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ 8 % | ᠣᠷᠴᠢᠮ ᠢᠶᠠᠷ ᠨᠡᠮᠡᠭᠳᠡᠭᠦᠯᠦᠨ᠎ᠡ᠂ ᠡ᠊ᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 6.5%ᠣᠷᠴᠢᠮ | ᠨᠡᠮᠡᠭᠳᠡᠭᠦᠯᠵᠦ᠂ ᠭᠡᠪᠴᠢᠶᠡᠵᠢᠯ ᠠᠴᠠ ᠲᠡᠭᠡᠭᠰᠢᠬᠢ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ | ᠨᠡᠮᠡᠭᠳᠡᠯ ᠨᠢ 12% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ | ᠶᠡᠷᠦᠩᠬᠡᠶ ᠲᠤᠭ᠎ᠠ ᠶᠢ 10 % ᠣᠷᠴᠢᠮ ᠨᠡᠮᠡᠭᠳᠡᠭᠦᠯᠵᠦ᠂ ᠬᠤᠲᠠ ᠪᠠᠯᠭᠠᠰᠤ ᠪᠠ ᠬᠥᠳᠡᠭᠡ ᠲᠣᠰᠬᠤᠨ ᠳᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠲᠤᠰ ᠲᠤᠰ 11 | %ᠣᠷᠴᠢᠮ ᠪᠠ 13 % ᠣᠷᠴᠢᠮ ᠨᠡᠮᠡᠭᠳᠡᠭᠦᠯᠦᠨ᠎ᠡ ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠨᠠᠢᠮᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ | ︵ᠨᠢᠭᠡ︶ ᠦᠢᠯᠡᠴᠢᠯᠡᠭᠡᠨ ᠤ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶ ᠶᠢᠨ ᠲᠣᠭᠲᠠᠭᠤᠨ | ᠨᠡᠮᠡᠭᠳᠡᠯ ᠢ ᠠᠬᠢᠭᠤᠯᠤᠨ᠎ᠠ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠲᠤᠬᠳᠠᠭᠤᠨ ᠪᠠᠶᠢᠯᠭᠠᠨ᠎ᠠ᠃ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠭᠠᠶᠢᠯᠢ ᠲᠥᠯᠥᠪᠦᠷᠢ ᠶᠢᠨ ᠳᠠᠷᠤᠭᠠᠰᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ᠂ ᠡᠳ᠋ ᠤᠨ | ᠶᠠᠪᠤᠳᠠᠯ ᠤᠨ ᠥᠪᠡᠷ ᠤᠨ ᠦᠷᠲᠡᠭ᠂ ᠡᠳ᠋ ᠪᠠᠷᠠᠭᠠᠨ ᠤ ᠭᠦᠢᠯᠭᠡᠭᠡ ᠶᠢᠨ ᠥᠪᠡᠷ ᠤᠨ ᠦᠷᠲᠡᠭ ᠢ ᠬᠥᠩᠭᠡᠯᠡᠬᠦ ᠵᠡᠷᠭᠡ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠠᠵᠤ ᠠᠬᠤᠶᠢᠯᠠᠯ ᠢ ᠲᠡᠳᠬᠦᠨ ᠳᠡᠮᠵᠢᠬᠦ | ᠡᠷᠴᠢᠮ ᠢᠶᠠᠨ ᠴᠢᠩᠭᠠᠷᠠᠭᠤᠯᠤᠨ᠎ᠠ᠃ ᠠᠵᠤ ᠠᠬᠤᠶ ᠶᠢᠨ ᠠᠵᠢᠯᠯᠠᠭᠠᠨ ᠢ ᠲᠣᠬᠢᠷᠠᠭᠤᠯᠬᠤ ᠪᠠ ᠵᠠᠳᠠᠯᠤᠯᠲᠠ ᠶᠢ | ᠴᠢᠩᠭᠠᠳᠬᠠᠵᠤ᠂ ᠨᠡᠭᠦᠷᠡᠰᠦ ᠴᠠᠬᠢᠯᠭᠠᠨ ᠴᠢᠯᠠᠭᠤᠨ ᠲᠤᠰᠤ ᠲᠡᠭᠡᠭᠡᠪᠦᠷᠢ᠂ ᠬᠥᠳᠡᠯᠮᠦᠷᠢ ᠶᠢᠨ ᠬᠦᠴᠦᠨ ᠵᠡᠷᠭᠡ | ᠦᠢᠯᠡᠳᠪᠦᠷᠢᠯᠡᠯ ᠤᠨ ᠡᠯᠧᠮᠧᠨ᠋ᠲ ᠤᠨ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠵᠤ᠂ ᠭᠤᠣᠯᠯᠠᠭᠴᠢ ᠠᠵᠤ | ᠠᠬᠤᠶᠢᠯᠠᠯ ᠤᠨ ᠲᠣᠭᠲᠠᠭᠤᠨ ᠦᠢᠯᠡᠳᠪᠦᠷᠢᠯᠡᠯ ᠢ ᠠᠬᠢᠭᠤᠯᠤᠨ᠎ᠠ᠃ ᠰᠢᠶᠠᠨ ᠤ ᠭᠠᠵᠠᠷ ᠤᠨ ᠳᠡᠰ ᠤᠨ | ᠤᠳᠤᠷᠢᠳᠤᠯᠭ᠎ᠠ ︽ᠨᠢᠭᠡ ᠶᠢ ᠨᠢᠭᠡ ᠳᠤᠨᠢ ᠳᠠᠭᠠᠭᠠᠯᠭᠠᠬᠤ︾ ᠠᠵᠤ ᠠᠬᠤᠶᠢᠯᠠᠯ ᠢ ᠳᠠᠭᠠᠭᠠᠵᠤ ᠲᠡᠳᠬᠦᠬᠦ ᠤᠨ | ᠲᠦᠷᠢᠮ ᠢ ᠦᠷᠭᠦᠯᠵᠢᠯᠡᠨ ᠭᠡᠷᠩᠯᠡᠵᠦ᠂ ︽ᠨᠢᠭᠡ ᠠᠵᠤ ᠠᠬᠤᠶᠢᠯᠠᠯ ᠨᠢᠭᠡ ᠪᠣᠳᠣᠯᠭ᠎ᠠ︾ ᠬᠠᠪᠰᠤᠷᠤᠨ ᠲᠡᠳᠬᠦᠬᠦ | ᠠᠷᠭ᠎ᠠ ᠬᠡᠮᠵᠢᠶ᠎ᠡ ᠶᠢ ᠲᠣᠭᠲᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ | ᠲᠣᠬᠢᠶᠠᠯᠳᠤᠭᠰᠠᠨ ᠬᠦᠴᠢᠷᠳᠡᠯ ᠪᠠ ᠠᠰᠠᠭᠤᠳᠠᠯ ᠢ ᠰᠢᠢᠳᠪᠤᠷᠢᠯᠠᠨ᠂ ᠠᠷᠭ᠎ᠠ ᠪᠦᠬᠦᠨ ᠢ ᠰᠦᠪᠡᠭᠴᠢᠯᠡᠨ | ᠦᠢᠯᠡᠳᠪᠦᠷᠢᠯᠡᠯ ᠢᠶᠠᠨ ᠵᠣᠭᠰᠣᠭᠠᠭᠰᠠᠨ ᠪᠠ ᠬᠠᠭᠠᠰ ᠵᠣᠭᠰᠣᠭᠠᠭᠰᠠᠨ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ | ᠰᠡᠷᠭᠦᠭᠡᠬᠦ ᠶᠢ ᠲᠦᠯᠬᠢᠨ ᠠᠬᠢᠭᠤᠯᠤᠨ᠎ᠠ᠃ ᠦᠢᠯᠡᠳᠪᠦᠷᠢᠯᠡᠯ ᠢᠶᠠᠨ ᠵᠣᠭᠰᠣᠭᠠᠭᠰᠠᠨ᠂ ᠳᠣᠣᠷ᠎ᠠ ᠦᠷ᠎ᠡ ᠠᠰᠢᠭ ᠲᠠᠢ | ᠠᠵᠤ ᠠᠬᠤᠶᠢᠯᠠᠯ ᠢ ᠤᠳᠤᠷᠢᠳᠤᠨ ᠬᠤᠯᠪᠤᠭᠠᠯᠠᠵᠦ ᠳᠠᠬᠢᠨ ᠵᠣᠬᠢᠶᠠᠨ ᠪᠠᠶᠢᠭᠤᠯᠬᠤ ᠶᠢ ᠲᠥᠷᠭᠡᠪᠴᠢᠯᠡᠨ ᠠᠬᠢᠭᠤᠯᠤᠨ᠂ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ | ᠭᠤᠣᠯᠳᠠᠯᠭ᠎ᠠ ᠲᠠᠢ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠬᠦᠴᠦᠲᠡᠶ ᠠᠳᠬᠤᠨ᠎ᠠ᠃ | ᠭᠤᠣᠯᠳᠠᠯᠭ᠎ᠠ ᠲᠠᠢ ᠲᠥᠷᠥᠯ ᠵᠦᠢᠯ ᠤᠨ ︽ᠲᠠᠪᠤᠨ ᠨᠢᠭᠡ︾ ᠲᠤᠰᠬᠠᠶ ᠵᠦᠢᠯ ᠢ ᠲᠦᠯᠬᠢᠨ ᠠᠬᠢᠭᠤᠯᠬᠤ ᠪᠠ | ᠪᠠᠳᠤᠯᠠᠪᠤᠷᠢ ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢᠨ ᠲᠥᠷᠢᠮ ᠢ ᠦᠷᠭᠦᠯᠵᠢᠯᠡᠨ ᠬᠡᠷᠡᠭᠵᠢᠭᠦᠯᠵᠦ᠂ | ᠲᠥᠯᠥᠪᠵᠢᠭᠦᠯᠭᠡ᠂ ᠬᠢᠨᠠᠨ ᠵᠥᠪᠰᠢᠶᠡᠷᠡᠬᠦ᠂ ᠭᠠᠵᠠᠷ ᠰᠢᠷᠣᠶ ᠲᠠᠲᠠᠪᠤᠷᠢᠯᠠᠬᠤ᠂ ᠣᠷᠴᠢᠨ ᠲᠣᠭᠤᠷᠢᠨ ᠳᠤ ᠦᠵᠡᠭᠦᠯᠬᠦ | ᠨᠥᠯᠥᠭᠡ ᠶᠢ ᠦᠨᠡᠯᠡᠬᠦ᠂ ᠰᠢᠯᠭᠠᠨ ᠠᠪᠬᠤ ᠵᠡᠷᠭᠡ ᠲᠥᠷᠥᠯ ᠵᠦᠢᠯ ᠤᠨ ᠬᠠᠮᠢᠶᠠᠷᠤᠯᠲᠠ ᠪᠠ ᠦᠢᠯᠡᠴᠢᠯᠡᠭᠡ | ᠪᠠᠲᠤᠯᠠᠭ᠎ᠠ ᠶᠢᠨ ᠠᠵᠢᠯ ᠢ ᠰᠠᠶᠢᠳᠤᠷ ᠬᠢᠨ᠎ᠡ᠃ 48 ᠶᠡᠷᠤᠩᠭᠡᠢ ᠪᠡᠯᠡ ᠤᠷᠤᠭᠤᠯᠤᠯᠲᠠ ᠨᠢ 3000 ᠲᠥᠮᠡᠨ | ᠲᠥᠭᠦᠷᠢᠭ ᠠᠴᠠ ᠲᠡᠭᠡᠭᠰᠢ ᠭᠤᠣᠯᠳᠠᠯᠭ᠎ᠠ ᠲᠠᠢ ᠲᠥᠷᠥᠯ ᠵᠦᠢᠯ ᠢ ᠬᠡᠷᠩᠵᠢᠬᠦᠯᠬᠦ ᠶᠢ ᠭᠤᠣᠯᠳᠠᠯᠭ᠎ᠠ ᠲᠠᠢ ᠰᠠᠶᠢᠲᠤᠷ | ᠠᠳᠬᠤᠬᠤ ᠠᠳᠬᠤᠨ᠂ ᠲᠥᠯᠥᠪᠯᠡᠭᠡ ᠶᠣᠰᠣᠭᠠᠷ ᠪᠠᠷᠢᠯᠭ᠎ᠠ ᠡᠬᠢᠯᠡᠬᠦᠯᠬᠦ ᠶᠢ ᠦᠨᠡᠨ ᠬᠦ ᠪᠠᠲᠤᠯᠠᠬᠤ᠂ ᠴᠠᠭ ᠤᠨ | ᠲᠠᠷᠠᠭᠠᠯᠠᠯ ᠶᠣᠰᠣᠭᠠᠷ ᠪᠡᠶᠡᠯᠡᠬᠦᠯᠦᠨ᠂ ᠲᠣᠭᠲᠠᠮᠠᠯ ᠬᠦ᠋ᠷᠦᠩᠭᠡ ᠳᠤ ᠣᠷᠣᠭᠤᠯᠬᠤ ᠪᠡᠯᠡ ᠣᠷᠣᠭᠤᠯᠤᠯᠲᠠ ᠶᠢ 60 | ᠳ᠋ᠥᠩᠰᠢᠭᠤᠷ ᠲᠥᠭᠦᠷᠢᠭ ᠪᠡᠶᠡᠯᠡᠭᠦᠯᠬᠦ ᠪᠠᠷ ᠴᠢᠷᠮᠠᠶᠢᠨ᠎ᠠ᠃ ᠴᠢᠩᠭ᠎ᠠ ᠠᠳᠬᠤᠵᠤ᠂ ᠤᠯᠤᠰ ᠤᠨ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠮᠵᠢᠬᠦ ᠴᠢᠬᠤᠯᠠ ᠶᠡᠭᠡ ᠲᠡᠦᠬᠡᠨ ᠠᠵᠠ ᠲᠣᠬᠢᠶᠠᠯ ᠢ ᠴᠢᠩᠭ᠎ᠠ | ᠠᠳᠬᠤᠨ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠣᠨᠣᠪᠴᠢᠲᠠᠶ ᠡᠵᠡᠮᠳᠡᠵᠦ᠂ ᠲᠥᠪ ᠤᠨ ᠲᠥᠰᠦᠪ ᠤᠨ | ᠳᠣᠲᠣᠷᠠᠬᠢ ᠪᠡᠯᠡ ᠮᠥᠩᠭᠦ ᠶᠢ ᠢᠳᠡᠪᠬᠢᠲᠡᠶ ᠪᠠᠷ ᠲᠡᠮᠡᠴᠡᠨ ᠤᠯᠵᠦ᠂ ᠤᠯᠤᠰ ᠤᠨ ᠲᠠᠷᠢᠶᠠᠯᠠᠩ ᠤᠨ ᠬᠥᠭᠵᠢᠬᠦᠯᠦᠯᠲᠡ | ᠶᠢᠨ ᠪᠠᠩᠬᠢ ᠶᠢᠨ ᠲᠠᠷᠬᠠᠭᠠᠬᠤ ᠭᠤᠣᠯᠳᠠᠯᠭᠠᠲᠤ ᠪᠦ᠋ᠲᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢ ᠭᠦᠢᠴᠡᠳ | ᠰᠠᠶᠢᠲᠤᠷ ᠭᠡᠷᠩᠯᠡᠨᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠲᠥᠯᠥᠨ ᠵᠢᠯᠣᠭᠤᠳᠬᠤ ᠦᠢᠯᠡᠳᠦᠯ | ᠢ ᠭᠦᠢᠴᠡᠳ ᠪᠠᠳᠠᠷᠠᠭᠤᠯᠵᠤ᠂ ᠣᠨᠴᠠ ᠵᠥᠪᠰᠢᠶᠡᠷᠡᠯ ᠤᠨ ᠡᠵᠡᠩᠨᠡᠯᠲᠡ᠂ ᠪᠡᠯᠡ ᠣᠷᠣᠭᠤᠯᠤᠯᠲᠠ ᠶᠢᠨ ᠨᠥᠬᠦᠪᠥᠷᠢ᠂ | ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠲᠡᠮᠵᠢᠭᠤᠯᠤᠨ᠂ | ᠨᠡᠶᠢᠭᠡᠮ ᠤᠨ ᠬᠥᠷᠥᠩᠭᠡ ᠶᠢᠨ ᠣᠷᠣᠯᠴᠠᠬᠤ ᠪᠠ ᠪᠡᠯᠡ ᠣᠷᠣᠭᠤᠯᠤᠯᠲᠠ ᠶᠢ ᠪᠦᠲᠦᠮᠵᠢᠲᠡᠶ ᠬᠥᠳᠡᠯᠭᠡᠵᠦ᠂ ᠵᠦᠩ ᠵᠢᠩ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠲᠥᠪᠯᠡᠷᠡᠭᠦᠯᠦᠨ ᠢᠯᠴᠢ ᠬᠠᠩᠭᠠᠬᠤ᠂ ᠨᠠᠰᠤᠲᠠᠨ ᠤ ᠨᠡᠶᠢᠲᠡ | ᠶᠢᠨ ᠰᠠᠭᠤᠴᠠ ᠵᠡᠷᠭᠡ 20 PPP ᠲᠦᠷᠦᠯ ᠵᠦᠢᠯ ᠢ ᠪᠠᠷᠢᠯᠭ᠎ᠠ ᠡᠬᠢᠯᠡᠭᠦᠯᠦᠨ ᠪᠥᠳᠥᠭᠡᠨ ᠪᠠᠶᠢᠭᠤᠯᠬᠤ ᠶᠢ | ᠠᠬᠢᠭᠤᠯᠤᠨ᠎ᠠ᠃ | ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠤᠨ᠎ᠠ᠃ ᠭᠡᠷ | ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠥᠯᠡᠳᠡᠵᠦ ᠪᠠᠶᠢᠭ᠎ᠠ ᠨᠥᠭᠡᠴᠡ ᠶᠢ ᠭᠠᠷᠭᠠᠬᠤ ᠶᠢ ᠲᠥᠷᠭᠡᠳᠭᠡᠵᠦ᠂ | ᠬᠠᠳᠠᠭᠠᠯᠠᠵᠤ ᠪᠠᠶᠢᠭ᠎ᠠ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠭ᠎ᠠ ᠶᠢ ᠠᠬᠢᠭᠤᠯᠬᠤ ᠡᠷᠴᠢᠮ ᠢᠶᠠᠨ | ᠴᠢᠩᠭᠠᠷᠠᠭᠤᠯᠵᠤ᠂ ᠣᠷᠣᠨ ᠰᠠᠭᠤᠴᠠ ᠲᠦᠷᠢᠶᠡᠰᠦᠯᠡᠬᠦ ᠵᠠᠬ᠎ᠠ ᠳᠡᠯᠭᠡᠭᠦᠷ ᠢ ᠶᠡᠬᠡᠪᠡᠷ ᠬᠥᠭᠵᠢᠭᠦᠯᠵᠦ᠂ ᠭᠡᠷ | ᠪᠠᠶᠢᠰᠢᠩ ᠤᠨ ᠲᠦᠷᠢᠶᠡᠰᠦᠯᠡᠯ ᠤᠨ ᠲᠤᠬᠠᠶᠢᠯᠠᠭᠰᠠᠨ ᠠᠵᠢᠯ ᠢ ᠨᠡᠭᠡᠭᠡᠵᠦ᠂ ᠲᠥᠷᠢᠶᠡᠰᠤᠯᠡᠬᠦᠯᠬᠦ ᠭᠡᠪᠴᠢᠶ᠎ᠡ᠂ | ᠲᠤᠰᠬᠠᠶᠢᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ | ᠥᠭᠡᠷᠡᠴᠢᠯᠡᠨ ᠰᠠᠶᠢᠵᠢᠷᠠᠭᠤᠯᠤᠨ ᠵᠤᠭᠤᠰ ᠦᠭᠴᠦ ᠲᠥᠪᠬᠢᠨᠡᠬᠦᠯᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ | ᠵᠠᠬ᠎ᠠ ᠳᠡᠯᠭᠡᠭᠦᠷ ᠢᠶᠠᠷ ᠳᠠᠮᠵᠢᠭᠤᠯᠤᠨ ᠭᠡᠷ ᠪᠠᠶᠢᠰᠢᠩ ᠤᠨ ᠢᠷᠡᠯᠳᠡ ᠶᠢ ᠴᠤᠭᠯᠠᠭᠤᠯᠬᠤ ᠪᠠᠷ ᠲᠡᠮᠵᠢᠭᠤᠯᠤᠨ᠂ | ᠲᠦᠷᠢᠶᠡᠰᠦᠨ ᠮᠥᠩᠭᠦ ᠶᠢᠨ ᠨᠥᠬᠦᠪᠥᠷᠢ ᠥᠭᠬᠦ ᠵᠡᠷᠭᠡ ᠠᠷᠭ᠎ᠠ ᠪᠠᠷ᠂ ᠠᠯᠪᠠᠨ ᠠᠴᠠ ᠪᠠᠶᠢᠭᠤᠯᠤᠭᠰᠠᠨ | ᠲᠦᠷᠢᠶᠡᠰᠦᠯᠡᠭᠦᠯᠬᠦ ᠭᠡᠷ ᠪᠠᠶᠢᠰᠢᠩ ᠶᠢ ᠵᠤᠭᠤᠰᠵᠢᠭᠤᠯᠬᠤ ᠳᠦᠷᠢᠮ ᠢ ᠭᠡᠷᠩᠵᠢᠭᠦᠯᠦᠨ᠎ᠡ᠃ | ︵ᠬᠤᠶᠠᠷ︶ ᠬᠥᠭᠵᠢᠯᠲᠡ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠲᠦᠷᠭᠡᠳᠬᠡᠵᠦ᠂ ᠠᠵᠤ ᠦᠢᠯᠡᠰ ᠤᠨ | ᠰᠢᠯᠢᠳᠡᠭᠵᠢᠨ ᠲᠡᠰ ᠳᠡᠪᠰᠢᠬᠦ ᠶᠢ ᠠᠬᠢᠭᠤᠯᠤᠨ᠎ᠠ | ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠠᠪᠤᠳᠠᠯ ᠢ ᠠᠬᠢᠭᠤᠯᠤᠨ᠎ᠠ᠃ ᠠᠵᠤ | ᠦᠢᠯᠡᠳᠪᠦᠷᠢ ᠶᠢᠨ ᠭᠤᠣᠯᠯᠠᠬᠤ ᠪᠠᠶᠢᠷᠢ ᠰᠠᠭᠤᠷᠢ ᠶᠢ ᠲᠤᠪᠤᠶᠢᠯᠭᠠᠨ᠂ ᠢᠳᠡᠭᠡᠨ ᠤ ᠵᠤᠶᠢᠯ᠂ ᠬᠢᠮᠢ ᠶᠢᠨ ᠠᠵᠤ | ᠦᠢᠯᠡᠳᠪᠦᠷᠢ᠂ ᠮᠧᠬᠠᠨᠢᠭ᠂ ᠰᠢᠨ᠎ᠡ ᠡᠨᠧᠷᠭᠢ ᠶᠢᠨ ᠰᠤᠷᠪᠤᠯᠵᠢ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ | ᠬᠥᠭᠵᠢᠯᠲᠡ ᠶᠢᠨ ᠰᠢᠰᠲ᠋ᠧᠮ ᠢ ᠪᠤᠶᠢᠵᠢᠭᠤᠯᠤᠨ ᠬᠥᠴᠥᠷᠭᠡᠭᠵᠢᠭᠦᠯᠦᠨᠡ᠃ ᠮᠢᠬᠠᠨ ᠨᠤᠭᠤᠰᠤ᠂ ᠠᠯᠠᠰᠢᠨ ᠦᠬᠡᠷ᠂ | ᠠᠯᠠᠰᠢᠨ ᠬᠤᠨᠢ᠂ ᠠᠮᠢᠳᠤ ᠭᠠᠭ᠋ᠠᠶ ᠵᠡᠷᠭᠡ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠳᠤ | ᠲᠥᠰᠢᠭᠯᠡᠨ᠂ ᠰᠠᠢ ᠹᠸᠢ ᠶᠠ᠂ ᠳ᠋ᠦᠩ ᠹᠠᠩ ᠸᠠᠨ ᠴᠢ᠂ ᠡᠷᠡᠬᠦᠯ ᠠᠮᠢᠳᠤ ᠭᠠᠭ᠋ᠠᠶ ᠵᠡᠷᠭᠡ ᠠᠵᠤ ᠠᠬᠤᠶᠢᠯᠠᠯ ᠤᠨ | ᠦᠢᠯᠡᠳᠪᠦᠷᠢᠯᠡᠬᠦ ᠴᠢᠳᠠᠪᠤᠷᠢ ᠶᠢ ᠥᠷᠭᠡᠳᠬᠡᠬᠦ ᠶᠢ ᠠᠬᠢᠭᠤᠯᠤᠨ᠂ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠢ | ᠬᠤᠣ ᠠᠯᠠᠰᠢᠨ ᠬᠤᠨᠢ᠂ ᠲᠢᠶᠠᠨ ᠺᠠᠩ ᠮᠥᠭᠡᠷᠰᠦᠨ ᠡᠳ᠋ ᠵᠡᠷᠭᠡ ᠨᠢᠭᠡ ᠪᠦᠯᠦᠭ ᠢᠳᠡᠭᠡᠨ ᠪᠤᠯᠪᠠᠰᠤᠷᠠᠭᠤᠯᠬᠤ | ᠲᠥᠷᠥᠯ ᠵᠦᠢᠯ ᠤᠨ ᠪᠠᠶᠢᠭᠤᠯᠤᠯᠲᠠ ᠶᠢ ᠴᠢᠩᠭᠠᠳᠬᠠᠨ᠂ ᠨᠢᠩᠴᠧᠩ ᠤᠨᠬᠠᠭᠤᠴᠢᠨ ᠵᠤᠭᠤᠷᠢᠳᠤ᠂ ᠶᠠᠨᠵᠢᠩ ᠫᠢᠸᠣ᠋᠂ | ᠪᠤᠷᠬᠠᠨᠲᠤ ᠶᠢᠨ ᠠᠷᠢᠬᠢᠨ ᠦᠢᠯᠡᠰ᠂ ᠱᠧᠨ ᠵᠢᠦ ᠲᠠᠷᠢᠶᠠᠯᠠᠩ ᠵᠡᠷᠭᠡ ᠠᠵᠤ ᠠᠬᠤᠶᠢᠯᠠᠯ ᠤᠨ ᠰᠢᠨ᠎ᠡ ᠦᠢᠯᠡᠳᠬᠦᠨ ᠢ | ᠬᠥᠲᠥᠯᠥᠨ ᠵᠢᠯᠣᠭᠤᠳᠴᠤ᠂ ᠰᠢᠨ᠎ᠡ ᠵᠠᠬ᠎ᠠ ᠳᠡᠯᠭᠡᠭᠦᠷ ᠢ ᠨᠡᠭᠡᠭᠡᠨ᠎ᠡ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ | ᠢᠶᠠᠷ ᠲᠦᠰᠢᠭ ᠪᠣᠯᠭᠠᠵᠤ᠂ ᠱᠧᠦ ᠰᠢᠨ ᠶᠤᠸᠠᠨ ᠤ ᠦᠢᠯᠡᠳᠪᠦᠷᠢᠯᠡᠯ ᠢ ᠲᠤᠬᠳᠠᠭᠤᠨ ᠪᠠᠶᠢᠯᠭᠠᠵᠦ ᠂ ᠢ ᠱᠠᠨ | ᠠᠭᠤᠷᠬᠠᠶ ᠶᠢᠨ ᠦᠢᠯᠡᠰ ᠤᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠬᠦ ᠶᠢ ᠪᠡᠶᠡᠯᠡᠬᠦᠯᠦᠨ᠂ ᠬᠤᠩ ᠳ᠋ᠠ᠂ ᠰᠢᠨ ᠮᠠ | ᠵᠡᠷᠭᠡ ᠠᠵᠤ ᠠᠬᠤᠶᠢᠯᠠᠯ ᠢ ᠤᠳᠤᠷᠢᠳᠤᠨ ᠬᠤᠯᠪᠤᠭᠠᠯᠠᠵᠦ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠤᠨ᠎ᠠ᠃ ᠠᠵᠤ | ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ︽ᠲᠠᠪᠤ ᠶᠢ ᠨᠡᠪᠲᠡᠷᠡᠭᠦᠯᠬᠦ ᠨᠡᠪᠲᠡᠷᠡᠭᠦᠯᠵᠦ ᠨᠢᠭᠡ ᠶᠢ ᠲᠡᠭᠰᠢᠯᠡᠬᠦ︾ | ᠵᠡᠷᠭᠡ ᠰᠠᠭᠤᠷᠢ ᠪᠡᠯᠡᠳᠬᠡᠮᠵᠢ ᠶᠢᠨ ᠨᠥᠬᠦᠴᠡᠯ ᠳᠤ ᠲᠦᠰᠢᠭᠯᠡᠨ᠂ ᠵᠧᠵᠢᠶᠠᠩ ᠮᠤᠵᠢ ᠶᠢᠨ ᠾᠧᠩ ᠱᠧᠩ᠂ | ᠲᠢᠶᠠᠨᠵᠢᠨ ᠤ ᠴᠠᠩ ᠴᠧᠩ ᠵᠡᠷᠭᠡ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠡᠬᠢᠯᠡᠭᠦᠯᠦᠨ | ᠪᠥᠳᠥᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠿᠢ ᠶᠤᠸᠠᠢ ᠰᠢᠩ ᠬᠢᠮᠢ ᠶᠢᠨ ᠠᠵᠤ ᠦᠢᠯᠡᠳᠪᠦᠷᠢ᠂ | ᠡᠩᠬᠦᠷᠡᠶ ᠠᠮᠢᠲᠠᠨ ᠤ ᠭᠡᠷᠩᠰᠡᠯ᠂ ᠤᠯᠠᠭᠠᠨᠬᠠᠳᠠ ᠶᠢᠨ ᠯᠢ ᠵᠧᠨ ᠵᠡᠷᠭᠡ ᠬᠥᠪᠰᠥᠭᠡᠷ ᠰᠢᠷᠣᠶ ᠪᠣᠯᠪᠠᠰᠤᠷᠠᠭᠤᠯᠬᠤ ᠠᠵᠤ | ᠠᠬᠤᠶᠢᠯᠠᠯ ᠤᠨ ᠳᠤᠮᠳᠠ ᠳᠡᠭᠡᠳᠦ ᠳᠠᠪᠬᠤᠷᠭ᠎ᠠ ᠵᠦᠭ ᠬᠥᠭᠵᠢᠬᠦ ᠶᠢ ᠠᠬᠢᠭᠤᠯᠤᠨ᠎ᠠ᠃ ᠮᠧᠬᠠᠨᠢᠭ ᠦᠢᠯᠡᠳᠬᠦ ᠠᠵᠤ | ᠦᠢᠯᠡᠰ ᠢ ᠬᠥᠭᠵᠢᠭᠦᠯᠬᠦ ᠶᠢ ᠲᠦᠷᠭᠡᠳᠬᠡᠵᠦ᠂ ᠵᠢᠶᠠᠨ ᡁᠢ ᠤᠨ ᠭᠤᠷᠪᠠᠳᠤᠭᠠᠷ ᠬᠤᠭᠤᠴᠠᠭ᠎ᠠ᠂ ᠴᠠᠩ ᠮᠢᠩ ᠤᠨ | ᠮᠡᠷᠭᠡᠵᠢᠯ ᠤᠨ ᠥᠭᠡᠷᠡᠴᠢᠯᠡᠯᠲᠡ᠂ ᠪᠥᠸᠧ ᠷᠦᠩ ᠪᠣᠯᠤᠳ ᠬᠥᠩᠭᠡᠨᠴᠠᠭᠠᠨ ᠤ ᠰᠠᠪᠠ ᠵᠡᠷᠭᠡ ᠵᠦᠢᠯᠡᠰ ᠢ | ᠠᠰᠢᠭᠯᠠᠯᠲᠠ ᠳᠤ ᠤᠷᠤᠭᠤᠯᠬᠤ ᠶᠢ ᠪᠠᠳᠤᠯᠠᠨ᠎ᠠ᠃ ᠨᠡᠷᠡᠨ ᠤ ᠡᠨᠧᠷᠭᠢ᠂ ᠰᠠᠯᠬᠢᠨ ᠤ ᠡᠨᠧᠷᠭᠢ᠂ ᠭᠠᠵᠠᠷ ᠤᠨ ᠢᠯᠴᠢ | ᠵᠡᠷᠭᠡ ᠡᠨᠧᠷᠭᠢ ᠶᠢᠨ ᠰᠤᠷᠪᠤᠯᠵᠢ ᠳᠤ ᠲᠦᠰᠢᠭᠯᠡᠨ᠂ ᠭᠡᠷᠡᠯ ᠢᠶᠠᠷ ᠴᠠᠬᠢᠯᠭᠠᠨ ᠭᠠᠷᠭᠠᠬᠤ᠂ ᠰᠠᠯᠬᠢᠨ ᠤ ᠬᠦᠴᠦᠨ | ᠴᠠᠬᠢᠯᠭᠠᠨ ᠭᠠᠷᠭᠠᠬᠤ ᠵᠡᠷᠭᠡ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠥᠭᠵᠢᠯᠲᠡ ᠶᠢ ᠲᠦᠯᠬᠢᠨ | ᠠᠬᠢᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ ᠤᠨ ᠬᠦᠷᠢᠶᠡᠯᠡᠩ᠂ ᠶᠥᠩ ᠱᠧᠩ ᠬᠤᠳᠠᠯᠳᠤᠭᠠᠨ ᠤ ᠶᠠᠪᠤᠳᠠᠯ | ᠵᠡᠷᠭᠡ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠠᠪᠴᠠᠩ ᠲᠤ ᠲᠦᠰᠢᠭᠯᠡᠨ᠂ ︽ᠪᠥᠬᠦᠳᠡ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ︾ ᠶᠢ ᠲᠥᠯᠬᠢᠨ | ᠠᠬᠢᠭᠤᠯᠵᠦ᠂ ᠳᠤᠮᠳᠠ ᠵᠢᠵᠢᠭ ᠪᠢᠴᠢᠯ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠪᠤᠶᠢᠵᠢᠭᠤᠯᠬᠤ ᠶᠢ | ᠲᠥᠷᠭᠡᠳᠭᠡᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠴᠢᠩᠭᠠᠳᠬᠠᠵᠤ᠂ | ᠢᠵᠢ ᠪᠦᠷᠢᠳᠦᠭᠰᠡᠨ ᠦᠢᠯᠡᠴᠢᠯᠡᠭᠡ ᠪᠠ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶ ᠶᠢᠨ | ᠨᠡᠭᠡᠭᠡᠯᠲᠡ ᠶᠢᠨ ᠣᠷᠣᠨ ᠤ ᠤᠶᠢᠯᠡᠳᠬᠦᠨ ᠤ ᠦᠷᠳᠡᠭ ᠪᠣᠯᠤᠨ ᠪᠣᠷᠣᠯᠠᠭᠤᠯᠤᠯᠲᠠ ᠶᠢᠨ ᠣᠷᠣᠯᠭ᠎ᠠ 130 | ᠳ᠋ᠥᠩᠰᠢᠭᠤᠷ ᠲᠥᠭᠦᠷᠢᠭ ᠢ ᠰᠢᠪᠳᠤᠯᠤᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠵᠦ ᠠᠰᠢᠭ ᠢ ᠨᠡᠮᠡᠭᠳᠡᠬᠦᠯᠬᠦ ᠶᠢ ᠠᠬᠢᠭᠤᠯᠤᠨ᠎ᠠ᠃ | ᠭᠠᠵᠠᠷ ᠰᠢᠷᠣᠶ ᠶᠢ ᠡᠮᠬᠢᠯᠡᠨ ᠵᠠᠰᠠᠬᠤ᠂ ᠠᠮᠤ ᠪᠤᠳᠠᠭᠠᠨ ᠤ ᠬᠤᠷᠢᠶᠠᠯᠲᠠ ᠶᠢ ᠨᠡᠮᠡᠭᠳᠡᠭᠦᠯᠬᠦ ᠵᠡᠷᠭᠡ ᠲᠥᠷᠥᠯ ᠵᠦᠢᠯ ᠢ | ᠬᠡᠷᠡᠭᠵᠢᠭᠦᠯᠵᠦ᠂ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ ᠶᠢ ᠲᠡᠭᠡᠭᠰᠢᠯᠡᠬᠦᠯᠦᠨ᠎ᠡ᠃ ᠬᠡᠪᠴᠢᠶᠡᠵᠢᠭᠰᠡᠨ | ᠡᠵᠡᠩᠨᠡᠯᠲᠡ ᠶᠢ ᠠᠬᠢᠭᠤᠯᠵᠦ᠂ ᠮᠠᠰᠢᠨᠴᠢᠯᠠᠯᠲᠠ ᠶᠢᠨ ᠶᠡᠷᠦᠩᠬᠡᠶ ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠂ | ᠲᠠᠷᠢᠶᠠᠯᠠᠩ ᠤᠨ ᠦᠢᠯᠡᠳᠪᠦᠷᠢᠯᠡᠯ ᠤᠨ ᠥᠪᠡᠷ ᠤᠨ ᠦᠷᠲᠡᠭ ᠪᠠᠭᠤᠷᠠᠭᠤᠯᠤᠨ᠎ᠠ᠃ ᠤᠶᠢᠯᠡᠳᠪᠤᠷᠢᠯᠡᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ 82 ᠲᠥᠮᠡᠨ ᠮᠦ ᠪᠦᠬᠦ ᠤᠯᠤᠰ ᠤᠨ ᠪᠣᠬᠢᠷᠲᠤᠯ | ᠦᠭᠡᠢ ᠢᠳᠡᠭᠡᠨ ᠤ ᠲᠦᠭᠦᠬᠡᠶ ᠮᠠᠲ᠋ᠧᠷᠢᠶᠠᠯ ᠤᠨ ︵ᠡᠷᠳᠡᠨᠢ ᠰᠢᠰᠢ︶ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠪᠡᠯᠡᠳᠬᠡᠮᠵᠢᠳᠦ ᠲᠠᠷᠢᠶᠠᠯᠠᠩ 5 ᠲᠦᠮᠡᠨ | ᠮᠣ᠋ ᠰᠢᠨ᠎ᠡ ᠪᠠᠷ ᠨᠡᠮᠡᠭᠳᠡᠭᠦᠯᠵᠦ᠂ ᠳ᠋ᠠ ᠱᠤᠸᠠᠩ ᠮᠢᠶᠣᠣ ᠶᠢᠨ ᠲᠦᠮᠡᠨ ᠮᠣ᠋ ᠥᠷᠭᠡᠰᠦᠲᠦ ᠬᠡᠮᠬᠡ ᠶᠢᠨ ᠬᠦᠷᠢᠶᠡᠯᠡᠩ | ᠲᠣᠭᠤᠷᠢᠭ᠂ ᠪᠠᠭ᠎ᠠ ᠵᠦᠩ ᠤᠨᠲ᠋ᠦ᠋ᠮᠡᠨ ᠮᠤ᠋ ᠬᠠᠰᠢ ᠶᠢᠨ ᠬᠦᠷᠢᠶᠡᠯᠡᠩ ᠲᠣᠭᠤᠷᠢᠭ ᠂ ᠰᠢᠽᠢ ᠶᠢᠨ ᠲᠥᠮᠡᠨ ᠮᠤ᠋ | ᠭᠤᠭᠤᠳ ᠤᠨ ᠬᠦᠷᠢᠶᠡᠯᠡᠩ ᠲᠤᠭᠤᠷᠢᠭ ᠢ ᠡᠬᠢᠯᠡᠨ ᠪᠠᠶᠢᠭᠤᠯᠵᠤ᠂ ᠵᠢᠮᠢᠰ ᠤᠨ ᠮᠣᠳᠣ ᠠᠵᠤ ᠠᠬᠤᠶ ᠶᠢᠨ ᠤᠢ ᠶᠢ 2 | ᠲᠥᠮᠡᠨ ᠮᠣ᠋ ᠰᠢᠨ᠎ᠡ ᠪᠠᠷ ᠨᠡᠮᠡᠭᠳᠡᠭᠦᠯᠵᠦ᠂ ᠬᠠᠯᠠᠭᠤᠨ ᠷᠠᠰᠢᠶᠠᠨ ᠤ ᠵᠡᠭᠡᠯᠢ ᠭᠤᠳᠤᠮᠵᠢ ᠪᠠᠷ ᠭᠤᠣᠯ ᠪᠣᠯᠭᠠᠭᠰᠠᠨ | ᠲᠦᠮᠡᠨ ᠮᠤ᠋ ᠤᠢ ᠮᠣᠳᠣ ᠵᠢᠮᠢᠰ ᠤᠨ ᠰᠠᠭᠤᠷᠢᠨ ᠭᠠᠵᠠᠷ ᠪᠤᠯᠤᠨ ᠤᠯᠠᠭᠠᠨᠬᠠᠳᠠ ᠠᠴᠠ ᠯᠢᠩᠶᠤᠸᠠᠨ ᠬᠦᠷᠬᠦ | ᠨᠢᠭᠡᠳᠤᠭᠡᠷ ᠲᠡᠰ ᠤᠨ ᠵᠠᠰᠠᠮᠠᠯ ᠵᠠᠮ ᠤᠨ ᠲᠥᠮᠡᠨ ᠮᠤ᠋ ᠵᠢᠮᠢᠰ ᠤᠨ ᠮᠤᠳᠤ ᠠᠵᠦ ᠠᠬᠤᠢ ᠶᠢᠨ ᠤᠢ ᠶᠢᠨ ᠤᠶᠢᠯᠡᠰ ᠤᠨ | ᠪᠥᠰᠡ ᠶᠢ ᠡᠬᠢᠯᠡᠨ ᠪᠠᠶᠢᠭᠤᠯᠵᠤ᠂ ᠭᠡᠷ ᠤᠨ ᠲᠡᠵᠢᠭᠡᠪᠤᠷᠢ ᠶᠢᠨ ᠠᠯᠠᠰᠢᠨ ᠲᠤᠭ᠎ᠠ 26 ᠲᠥᠮᠡᠨ ᠲᠤᠯᠤᠭᠠᠢ | ᠰᠢᠨ᠎ᠡ ᠪᠠᠷ ᠨᠡᠮᠡᠭᠳᠡᠭᠦᠯᠵᠦ᠂ ᠮᠠᠩᠨᠢᠭᠤᠳ᠂ ᠪᠤᠷᠬᠠᠨᠲᠤ ᠬᠤᠶᠠᠷ ᠭᠠᠵᠠᠷ ᠲᠤ ᠵᠢᠯ ᠳᠤ ᠲᠦᠮᠡ ᠭᠠᠷᠤᠶ ᠲᠣᠯᠣᠭᠠᠶ | ᠠᠴᠠ ᠳᠡᠭᠡᠭᠰᠢ ᠢᠳᠡᠰᠢᠨ ᠦᠬᠡᠷ ᠲᠡᠵᠢᠭᠡᠨ ᠦᠷᠡᠵᠢᠭᠦᠯᠬᠦ ᠂ ᠲᠢᠶᠠᠨ ᠢ᠂ ᠰᠢᠽᠢ᠂ ᠳ᠋ᠠ ᠮᠢᠩ᠂ ᠶᠡᠭᠡ ᠵᠦᠩ | ᠵᠡᠷᠭᠡ ᠲᠥᠷᠪᠡᠨ ᠭᠠᠵᠠᠷ ᠤᠨ ᠵᠢᠯ ᠳᠤ 2 ᠲᠥᠮᠡᠨ ᠠᠯᠠᠰᠢᠨ ᠭᠠᠭ᠋ᠠᠶ ᠲᠡᠵᠢᠭᠡᠨ ᠦᠷᠡᠵᠢᠭᠦᠯᠬᠦ ᠲᠥᠪᠯᠡᠷᠡᠬᠦᠯᠥᠭᠰᠡᠨ | ᠣᠷᠣᠨ ᠢ ᠡᠬᠢᠯᠡᠨ ᠪᠦᠳᠦᠭᠡᠨ ᠪᠠᠶᠢᠭᠤᠯᠤᠨ᠎ᠠ᠃ ᠰᠡᠯᠡᠭᠦᠴᠡᠯ ᠲᠠᠷᠢᠶᠠᠯᠠᠩ ᠢ ᠲᠤᠪᠤᠶᠢᠮ᠎ᠠ ᠬᠥᠭᠵᠢᠬᠦᠯᠦᠨᠡ᠃ | ᠯᠤᠤᠬ᠎ᠠ ᠶᠢᠨ ᠭᠤᠤᠯ ᠵᠡᠷᠭᠡ ᠭᠤᠷᠪᠠᠨ ᠵᠤᠷᠪᠤᠰ ᠲᠠᠷᠢᠶᠠᠯᠠᠩ ᠶᠢᠨ ᠠᠵᠤ ᠦᠢᠯᠡᠰ ᠤᠨ ᠲᠣᠭᠤᠷᠢᠨ ᠦᠵᠡᠬᠦᠯᠬᠦ | ᠪᠦᠰᠡ ᠶᠢᠨ ᠲᠤᠭᠤᠷᠢᠨ ᠳᠤ᠂ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ | ᠪᠣᠯᠤᠨ ᠦᠪᠡᠷᠮᠢᠴᠡ ᠤᠨᠴᠠᠯᠢᠭᠳᠤ ᠲᠠᠷᠢᠮᠠᠯ ᠤᠨ ᠪᠠᠷᠢᠮᠵᠢᠶᠠᠵᠢᠭᠰᠠᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ | ᠪᠠᠶᠢᠭᠤᠯᠵᠦ᠂ ᠲᠢᠶᠠᠨ ᠢ ᠤᠰᠤᠨ ᠴᠥᠭᠦᠷᠥᠮ᠂ ᠬᠠᠯᠠᠭᠤᠨ ᠷᠠᠰᠢᠶᠠᠨ ᠤ ᠭᠤᠶᠢᠲᠠ ᠠᠭᠤᠯᠠᠨ ᠰᠡᠯᠡᠭᠦᠴᠡᠯ ᠤᠨ | ᠲᠠᠷᠢᠶᠠᠯᠠᠩ ᠤᠨ ᠰᠠᠭᠤᠷᠢᠨ ᠭᠠᠵᠠᠷ ᠢ ᠲᠥᠯᠥᠪᠵᠢᠭᠦᠯᠦᠨ ᠪᠠᠶᠢᠭᠤᠯᠵᠤ᠂ ᠾᠥᠸᠧ ᠯᠥᠩ ᠭᠥᠸᠧ ᠵᠢᠮᠢᠰ᠂ ᠲᠣᠮᠣ | ᠢᠩᠲᠣᠣᠷ᠂ ᠲᠤᠰᠤᠨ ᠪᠠᠳᠮ᠎ᠠ ᠵᠡᠷᠭᠡ ᠥᠪᠡᠷᠮᠢᠴᠡ ᠣᠨᠴᠠᠯᠢᠭ ᠲᠠᠢ ᠲᠡᠷᠢᠮᠡᠯ ᠢ 2000 ᠮᠣ᠋ ᠰᠢᠨ᠎ᠡ ᠪᠠᠷ | ᠨᠡᠮᠡᠭᠳᠡᠬᠦᠯᠵᠦ᠂ ᠤᠯᠤᠰ ᠤᠨ ᠲᠡᠰ ᠤᠨ ᠰᠡᠯᠡᠭᠦᠴᠡᠯ ᠤᠨ ᠲᠠᠷᠢᠶᠠᠯᠠᠩ ᠪᠣᠯᠤᠨ ᠬᠥᠳᠡᠭᠡ ᠲᠣᠰᠬᠤᠨ ᠤ ᠵᠢᠭᠤᠯᠴᠢᠯᠠᠯ | ᠤᠨ ᠵᠢᠱᠢᠶ᠎ᠡ ᠦᠵᠡᠭᠦᠯᠬᠦ ᠰᠢᠶᠠᠨ ᠳᠤ ᠳᠡᠪᠰᠢᠬᠦ ᠶᠢ ᠬᠦᠴᠦᠯᠡᠨ ᠴᠢᠷᠮᠠᠶᠢᠨ᠎ᠠ᠃ ᠤᠳᠤᠬᠢᠴᠢᠯᠠᠬᠰᠠᠨ ᠨᠡᠷᠡᠨ ᠤ | ᠭᠡᠷᠡᠯ ᠤᠨ ᠬᠦᠯᠡᠮᠵᠢ ᠳᠤ ᠴᠢᠬᠢ ᠪᠤᠶᠢᠵᠢᠭᠤᠯᠬᠤ ᠦᠢᠯᠡᠳᠪᠦᠷᠢ᠂ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠢᠶᠠᠷ ᠮᠥᠬᠦ ᠶᠢᠨ ᠦᠷ᠎ᠡ ᠶᠢ ᠮᠥᠬᠦᠨ ᠰᠢᠳᠠᠮ ᠲᠡᠭᠡᠷ᠎ᠡ ᠤᠷᠭᠤᠭᠤᠯᠤᠨ ᠦᠢᠯᠡᠳᠪᠦᠷᠢᠯᠡᠬᠦ ᠦᠢᠯᠡᠳᠪᠦᠷᠢ᠂ ᠵᠢᠮᠢᠰ ᠤᠨ | ᠮᠣᠳᠣ ᠶᠡᠭᠡ ᠵᠤᠯᠵᠠᠭ᠎ᠠ ᠮᠣᠳᠣ ᠶᠢᠨ ᠰᠠᠶᠢᠨ ᠦᠷ᠎ᠡ ᠶᠢ ᠪᠤᠶᠢᠵᠢᠭᠤᠯᠬᠤ ᠵᠤᠯᠵᠠᠭ᠎ᠠ ᠮᠣᠳᠣᠨ ᠤ ᠬᠦᠷᠢᠶᠡᠯᠡᠩ᠂ | ᠲᠡᠷᠢᠶᠡᠯᠡᠩ ᠠᠮᠢᠳᠠᠨ ᠵᠢᠬᠦᠷᠳᠡᠨ ᠤ ᠰᠠᠶᠢᠨ ᠡᠬᠦᠯᠳᠡᠷ ᠢ ᠪᠤᠶᠢᠵᠢᠭᠤᠯᠤᠨ ᠲᠡᠯᠭᠡᠷᠡᠭᠦᠯᠭᠦ ᠰᠠᠭᠤᠷᠢᠨ ᠭᠠᠵᠠᠷ ᠵᠡᠷᠭᠡ | ᠵᠦᠢᠯᠡᠰ ᠢ ᠡᠬᠢᠯᠡᠨ ᠭᠡᠷᠩᠵᠢᠬᠦᠯᠦᠨ᠎ᠡ᠃ ᠭᠠᠵᠠᠷ ᠵᠦᠢ ᠶᠢᠨ ᠲᠡᠮᠳᠡᠭ ᠭᠡᠷᠡᠴᠢ ᠲᠠᠢ ᠲᠠᠸᠠᠷ ᠤᠨ ᠲᠡᠮᠳᠡᠭᠲᠦ᠂ | ᠪᠣᠬᠢᠷᠲᠤᠯ ᠥᠭᠡᠢ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠳᠦᠷᠦᠯ ᠳᠡᠮᠳᠡᠭ ᠤᠨ ᠤᠬᠠᠭᠤᠯᠭ᠎ᠠ ᠶᠢᠨ ᠡᠷᠴᠢᠮ | ᠢ ᠴᠢᠩᠭᠠᠳᠬᠠᠨ ᠨᠡᠮᠡᠭᠳᠡᠭᠦᠯᠵᠦ᠂ ᠨᠢᠩᠴᠧᠩ ᠤᠨᠬᠠᠰᠢ᠂ ᠨᠢᠩᠴᠧᠩ ᠤᠨ ᠭᠤᠭᠤᠳ᠂ ᠨᠢᠩᠴᠧᠩ ᠤᠨ ᠹᠧᠨᠲ᠋ᠢᠶᠤᠤᠷ | ᠪᠠ ᠨᠤᠲᠤᠭ ᠪᠡᠯᠴᠢᠭᠡᠷ ᠤᠨ ᠨᠤᠭᠤᠰᠤ ᠶᠢ ︵ᠨᠤᠭᠤᠰᠤᠨ ᠤ ᠠᠩᠭᠠᠬᠠᠶ︶ ᠤᠯᠤᠰ ᠤᠨ ᠭᠠᠵᠠᠷ ᠵᠦᠢ ᠶᠢᠨ ᠲᠡᠮᠳᠡᠭ | ᠭᠡᠷᠡᠴᠢ ᠲᠠᠢ ᠲᠠᠸᠠᠷ ᠤᠨ ᠲᠡᠮᠳᠡᠭᠲᠦ ᠪᠤᠯᠭᠠᠨ ᠳᠠᠩᠰᠠᠯᠠᠭᠤᠯᠬᠤ ᠪᠠᠷ ᠴᠢᠷᠮᠠᠶᠢᠨ᠎ᠠ᠃ ᠢᠳᠡᠰᠢᠨ ᠨᠣᠭᠤᠭᠠᠨ ᠤ ᠠᠵᠤ | ᠦᠢᠯᠡᠰ ᠤᠨ ᠨᠡᠶᠢᠭᠡᠮᠯᠢᠭ᠂ ᠵᠢᠮᠢᠰ ᠤᠨ ᠮᠣᠳᠣ ᠠᠵᠤ ᠠᠬᠤᠶ ᠶᠢᠨ ᠤᠢ ᠶᠢᠨ ᠨᠡᠶᠢᠭᠡᠮᠯᠢᠭ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠤ ᠨᠠᠷᠢᠯᠢᠭ ᠪᠣᠭᠤᠳᠠᠯ ᠥᠷᠨᠢᠬᠦᠯᠦᠨ᠎ᠡ | ᠃ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠷᠣᠯᠠᠭᠤᠯᠬᠤ ᠲᠠᠪᠴᠠᠩ ᠢ | ᠢᠳᠡᠪᠬᠢᠲᠡᠶ ᠪᠠᠷ ᠲᠠᠳᠠᠨ ᠣᠷᠣᠭᠤᠯᠵᠤ᠂ ︽ᠢᠨᠲ᠋ᠧᠷ ᠰᠦᠯᠵᠢᠶ᠎ᠡ +︾ ᠵᠢᠭᠡᠯᠡᠨ ᠬᠠᠪᠰᠤᠷᠤᠭᠤᠯᠵᠦ᠂ ᠲᠠᠷᠢᠶᠠᠯᠠᠩ | ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠬᠤ ᠠᠷᠭ᠎ᠠ ᠵᠠᠮ ᠢ ᠦᠷᠭᠡᠳᠬᠡᠨ᠎ᠡ᠃ ᠲᠠᠷᠢᠶᠠᠯᠠᠩ | ᠮᠠᠯ ᠠᠵᠤ ᠠᠬᠤᠶ ᠶᠢᠨ ᠭᠠᠮᠰᠢᠭ ᠤᠨ ᠰᠡᠷᠡᠮᠵᠢ ᠶᠢᠨ ᠲᠤᠭᠢᠶ᠎ᠠ ᠲᠦᠷᠢᠮ ᠢ ᠲᠡᠭᠦᠯᠳᠡᠷᠵᠢᠭᠦᠯᠵᠦ᠂ ᠡᠪᠡᠳᠴᠢᠨ | ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠶ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠴᠢᠳᠠᠪᠤᠷᠢ ᠶᠢ ᠲᠡᠭᠡᠭᠰᠢᠯᠡᠬᠦᠯᠦᠨ᠎ᠡ᠃ | ᠦᠢᠯᠡᠴᠢᠯᠡᠭᠡᠨ ᠤ ᠦᠢᠯᠡᠰ ᠤᠨ ᠰᠢᠯᠢᠳᠡᠭᠵᠢᠨ ᠲᠡᠰ ᠳᠡᠪᠰᠢᠬᠦ ᠶᠢ ᠠᠬᠢᠭᠤᠯᠤᠨ᠎ᠠ᠃ ᠬᠤᠷᠬᠤᠭ ᠤᠨ | ᠵᠢᠭᠤᠯᠴᠢᠯᠠᠯ ᠤᠨ ᠪᠦᠯᠦᠭᠯᠡᠯ ᠢ ᠵᠣᠬᠢᠶᠠᠨ ᠪᠠᠶᠢᠭᠤᠯᠵᠤ᠂ ᠳ᠋ᠤᠤ ᠰᠢᠤᠢ ᠭᠧᠤ ᠶᠢᠨ ᠦᠵᠡᠮᠵᠢ ᠶᠢᠨ ᠣᠷᠣᠨ ᠤ | ᠵᠢᠭᠤᠯᠴᠢᠯᠠᠯ ᠤᠨ ᠵᠠᠰᠠᠮᠠᠯ ᠵᠠᠮ ᠢ ᠦᠷᠭᠡᠳᠭᠡᠵᠦ᠂ ᠵᠢᠭᠤᠯᠴᠢᠯᠠᠯ ᠤᠨ ᠲᠥᠪᠯᠡᠷᠡᠭᠰᠡᠨ ᠲᠠᠷᠠᠬᠠᠢ ᠦᠢᠯᠡᠴᠢᠯᠡᠭᠡᠨ ᠤ | ᠲᠥᠪ ᠢ ᠪᠠᠶᠢᠭᠤᠯᠵᠦ᠂ ᠵᠢᠭᠤᠯᠴᠢᠯᠠᠯ ᠤᠨ ᠦᠵᠡᠮᠵᠢᠲᠦ ᠣᠷᠣᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ | ᠳ᠋ᠤᠤ ᠰᠢᠤᠢ ᠭᠧᠤ ᠦᠵᠡᠮᠵᠢᠲᠦ ᠣᠷᠣᠨ ᠤ ᠥᠪᠡᠷᠲᠡᠭᠡᠨ ᠵᠠᠰᠠᠬᠤ ᠣᠷᠣᠨ ᠤ ᠳᠡᠰ ᠤᠨ ᠨᠡᠷᠡᠲᠦ ᠲᠡᠮᠳᠡᠭ | ᠵᠢᠭᠤᠯᠴᠢᠯᠠᠯ ᠤᠨ ᠠᠮᠠᠷᠠᠯᠲᠠ ᠶᠢᠨ ᠣᠷᠣᠨ ᠪᠤᠯᠤᠨ ᠳᠡᠪᠰᠢᠬᠦ ᠶᠢ ᠬᠦᠴᠦᠯᠡᠨ ᠠᠬᠢᠭᠤᠯᠤᠨ᠎ᠠ᠃ ᠬᠥᠳᠡᠭᠡ | ᠲᠣᠰᠬᠤᠨ ᠤ ᠵᠢᠭᠤᠯᠴᠢᠯᠠᠯ ᠢ ᠠᠬᠢᠭᠤᠯᠬᠤ ᠪᠠ ᠬᠥᠳᠡᠭᠡ ᠲᠣᠰᠬᠤᠨ ᠤ ︽ᠠᠷᠪᠠ ᠪᠠᠷ ᠪᠦᠬᠦᠨ ᠢ ᠬᠠᠮᠤᠷᠬᠤ︾ | ᠢᠨᠵᠧᠨᠧᠷᠢᠩ ᠤᠨ ᠠᠵᠢᠯ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠦᠯᠢᠶᠡᠨ ᠠᠪᠬᠤ | 30 ᠡᠷᠦᠬᠡ ᠶᠢ ᠰᠢᠨ᠎ᠡ ᠪᠠᠷ ᠨᠡᠮᠡᠭᠳᠡᠬᠦᠯᠦᠨ᠎ᠡ᠃ ᠤᠯᠤᠰ ᠤᠨ ᠪᠦᠬᠦ ᠭᠡᠪᠴᠢᠶᠡᠨ ᠤ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠰᠢᠶᠠᠨ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠵᠢᠭᠤᠯᠴᠢᠯᠠᠯ ᠤᠨ ᠦᠢᠯᠡᠰ ᠬᠢᠭᠡᠳ ᠪᠤᠰᠤᠳ | ᠠᠵᠢᠯ ᠲᠦᠷᠦᠯ ᠠᠵᠤ ᠦᠢᠯᠡᠰ ᠤᠨ ᠭᠦᠨᠵᠡᠭᠡᠶ ᠨᠡᠶᠢᠯᠡᠯ ᠢ ᠠᠬᠢᠭᠤᠯᠵᠤ᠂ ᠪᠦᠬᠦ ᠬᠡᠪᠴᠢᠶᠡᠨ ᠤ ᠵᠢᠭᠤᠯᠴᠢᠯᠠᠯ ᠤᠨ | ᠬᠥᠭᠵᠢᠯᠲᠡ ᠶᠢᠨ ᠪᠠᠶᠢᠷᠢᠰᠢᠯ ᠢ ᠪᠣᠢ ᠪᠣᠯᠭᠠᠨ᠎ᠠ᠃ ᠵᠧᠩ ᠵᠢᠢ ᠰᠢᠨ᠎ᠡ ᠴᠠᠭ ᠡᠷᠡᠨ ᠠᠭᠤᠳᠠᠮ ᠲᠠᠯᠠᠪᠠᠶ᠂ ᠱᠦᠢ ᠰᠢᠩ | ᠬᠤᠳᠠᠯᠳᠤᠭᠠᠨ ᠤ ᠬᠤᠲᠠ ᠵᠡᠷᠭᠡ ᠲᠥᠷᠥᠯ ᠵᠦᠢᠯ ᠢ ᠪᠠᠶᠢᠭᠤᠯᠤᠨ ᠠᠵᠢᠯᠯᠠᠭᠤᠯᠬᠤ ᠶᠢ ᠠᠬᠢᠭᠤᠯᠵᠦ᠂ ᠣᠣ ᠳ᠋ᠢ ᠪᠢᠶᠧ | ᠺᠧ ᠮᠠᠰᠢᠨ ᠲᠡᠷᠭᠡᠨ ᠤ ᠶᠡᠷᠤᠩᠭᠡᠶᠢᠯᠡᠭᠰᠡᠨ ᠥᠵᠡᠬᠦᠯᠭᠡ ᠶᠢᠨ ᠲᠢᠩᠬᠢᠮ ᠤᠨ ᠠᠵᠢᠯ ᠡᠬᠢᠯᠡᠭᠦᠯᠦᠨ ᠪᠠᠶᠢᠭᠤᠯᠤᠨ᠎ᠠ᠃ | ᠲᠠᠷᠢᠶᠠᠯᠠᠩ ᠤᠨ ᠠᠷᠠᠯᠵᠢᠶᠠᠨ ᠤ ᠵᠠᠬ᠎ᠠ ᠲᠡᠯᠭᠡᠭᠦᠷ ᠢ ᠪᠠᠷᠢᠮᠵᠢᠶᠠᠵᠢᠭᠤᠯᠬᠤ ᠥᠭᠡᠷᠡᠴᠢᠯᠡᠬᠦ ᠶᠢ ᠭᠡᠷᠩᠵᠢᠬᠦᠯᠵᠦ᠂ | ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠡᠷᠭᠦᠭᠡᠨ ᠲᠠᠬᠢᠨ ᠪᠠᠶᠢᠭᠤᠯᠬᠤ ᠶᠢ ᠠᠬᠢᠭᠤᠯᠤᠨ᠎ᠠ | ᠃ ᠪᠠᠷᠠᠭᠠᠨ ᠤ ᠬᠥᠢᠯᠭᠡᠭᠡ ᠬᠦᠷᠢᠶᠡᠯᠡᠩ ᠲᠣᠭᠤᠷᠢᠭ ᠴᠡᠴᠡᠷᠯᠢᠭ ᠵᠡᠭᠡᠯᠢ ᠲᠡᠷᠭᠡᠨ ᠤ ᠵᠠᠬ᠎ᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠮᠠᠰᠢᠨ ᠲᠡᠷᠭᠡᠨ ᠲᠥᠪᠯᠡᠷᠠᠯ ᠵᠢᠴᠢ ᠲᠤᠨᠤᠭ ᠲᠣᠨᠣᠭᠯᠠᠭᠠᠰᠤ ᠶᠢᠨ ᠠᠷᠠᠯᠵᠢᠶᠠᠨ ᠤ ᠰᠡᠯᠪᠢᠨ ᠵᠠᠰᠠᠬᠤ | ᠂ ᠮᠠᠰᠢᠨ ᠲᠡᠷᠭᠡ ᠭᠤᠶᠣᠯᠠᠬᠤ ᠴᠢᠮᠡᠭᠯᠡᠬᠦ ᠶᠢ ᠨᠢᠭᠡ ᠴᠤᠬᠴᠠᠵᠢᠭᠤᠯᠤᠬᠰᠠᠨ ᠲᠤᠰᠬᠠᠶᠢᠵᠢᠭᠰᠠᠨ ᠮᠠᠰᠢᠨ ᠲᠡᠷᠭᠡᠨ ᠤ | ᠵᠠᠬ᠎ᠠ ᠳᠡᠯᠭᠡᠭᠦᠷ ᠤᠨ ᠲᠥᠪᠯᠡᠷᠡᠯ ᠤᠨ ᠣᠷᠣᠨ ᠢ ᠡᠭᠦᠳᠦᠨ ᠪᠠᠶᠢᠭᠤᠯᠤᠨ᠎ᠠ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠥᠨ ᠵᠢᠯᠣᠭᠤᠳᠴᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠡᠮᠵᠢᠵᠦ ᠂ ᠠᠵᠤ | ᠠᠬᠤᠶᠢᠯᠠᠯ ᠤᠨ ᠰᠢᠭᠤᠳ ᠪᠡᠯᠡ ᠲᠣᠬᠢᠷᠠᠭᠤᠯᠬᠤ ᠠᠬᠢᠴᠠ ᠶᠢ ᠲᠦᠷᠭᠡᠳᠬᠡᠵᠦ᠂ ᠪᠠᠩᠬᠢ ᠶᠢᠨ ᠪᠠᠶᠢᠭᠤᠯᠤᠮᠵᠢ ᠶᠢᠨ | ᠰᠢᠨ᠎ᠡ ᠲᠣᠣᠷ ᠴᠢᠬ ᠪᠠᠶᠢᠭᠤᠯᠬᠤ ᠶᠢ ᠲᠦᠯᠬᠢᠨ ᠠᠬᠢᠭᠤᠯᠵᠤ᠂ ᠤᠯᠠᠨ ᠵᠦᠢᠯ ᠤᠨ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠬᠡᠷᠡᠭᠴᠡᠭᠡ ᠶᠢ ᠬᠠᠩᠭᠠᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ᠂ ᠡᠷᠡᠭᠦᠯ ᠮᠡᠨᠳᠦ | ᠨᠠᠰᠤᠵᠢᠯ ᠤᠨ ᠠᠰᠠᠷᠠᠮᠵᠢ᠂ ᠰᠡᠯᠡᠭᠦᠴᠡᠯ ᠪᠡᠶ᠎ᠡ ᠴᠢᠭᠢᠷᠠᠭᠵᠢᠭᠤᠯᠬᠤ ᠵᠡᠷᠭᠡ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢ ᠲᠦᠷᠭᠡᠳᠬᠡᠵᠦ᠂ ᠰᠢᠨ᠎ᠡ ᠬᠡᠯᠪᠡᠷᠢ ᠶᠢᠨ ᠠᠵᠢᠯ ᠤᠨ ᠪᠠᠶᠢᠳᠠᠯ ᠢ ᠬᠦᠴᠦᠯᠡᠨ ᠪᠤᠶᠢᠵᠢᠭᠤᠯᠤᠨ᠎ᠠ ᠃ | ︵ᠭᠤᠷᠪᠠ︶ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢ | ᠨᠢᠭᠡᠳᠦᠯᠲᠡᠶ ᠪᠠᠷ ᠲᠥᠯᠥᠪᠯᠡᠨ ᠬᠥᠭᠵᠢᠭᠦᠯᠬᠦ ᠶᠢ ᠲᠦᠯᠬᠢᠨ ᠠᠬᠢᠭᠤᠯᠤᠨ᠎ᠠ | ᠲᠢᠶᠠᠨ ᠢ ᠵᠡᠭᠡᠯᠢ ᠲᠣᠭᠤᠷᠢᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠳᠠ ᠶᠢᠨ ᠶᠡᠷᠦᠩᠬᠡᠶ ᠲᠥᠯᠥᠪᠵᠢᠭᠦᠯᠭᠡ | ᠪᠠ ᠡᠵᠡᠮᠰᠢᠯ ᠤᠨ ᠴᠢᠨᠠᠷ ᠲᠠᠢ ᠨᠠᠷᠢᠨ ᠲᠥᠯᠥᠪᠯᠡᠭᠡ ᠶᠢ ᠲᠡᠭᠦᠯᠳᠡᠷᠵᠢᠭᠦᠯᠵᠦ᠂ ᠲᠤᠰᠬᠠᠶ ᠵᠦᠢᠯ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠯᠬᠢᠨ ᠠᠬᠢᠭᠤᠯᠤᠨ᠎ᠠ᠃ PPP ᠵᠡᠷᠭᠡ ᠬᠡᠪ ᠢ | ᠠᠪᠴᠦ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠠ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠰᠠᠭᠤᠷᠢᠰᠢᠵᠤ ᠠᠵᠢᠯ ᠡᠷᠬᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠳᠡᠭᠡᠳᠦ ᠬᠤᠷᠳᠤᠴᠠᠲᠤ ᠲᠡᠮᠦᠷ ᠵᠠᠮ ᠤᠨ | ᠲᠥᠷᠥᠯ ᠵᠤᠶᠢᠯ ᠲᠠᠢ ᠬᠠᠮᠵᠢᠯᠴᠠᠨ᠂ ᠨᠥᠬᠦᠷᠯᠡᠯ ᠵᠠᠮ ᠤᠨ ᠬᠤᠶᠢᠲᠤᠬᠢ ᠬᠡᠰᠡᠭ᠂ ᠴᠠᠩ ᠴᠢᠩ ᠵᠠᠮ ᠤᠨ ᠬᠤᠶᠢᠲᠤᠬᠢ | ᠬᠡᠰᠡᠭ᠂ ᠬᠥᠨᠳᠡᠯᠡᠨ ᠵᠡᠭᠡᠯᠢ ᠶᠢᠨ ᠳᠤᠮᠳᠠ ᠬᠡᠰᠡᠭ ᠢ ᠪᠠᠶᠢᠭᠤᠯᠵᠦ᠂ ᠳ᠋ᠠ ᠮᠢᠩ ᠵᠡᠭᠡᠯᠢ ᠶᠢ ᠨᠡᠪᠳᠡᠷᠡᠬᠦᠯᠵᠦ᠂ ᠡᠯ᠎ᠡ | ᠲᠦᠷᠦᠯ ᠤᠨ ᠬᠤᠭᠤᠯᠠᠶ ᠤᠲᠠᠰᠤ ᠶᠢ ᠵᠡᠷᠭᠡᠪᠡᠷ ᠳᠡᠪᠢᠰᠴᠦ᠂ ᠬᠤᠳᠠ ᠶᠢᠨ ᠵᠠᠮ ᠤᠨ ᠳᠣᠲᠣᠷ᠎ᠠ ᠲᠣᠣᠷ ᠢ | ᠲᠡᠭᠦᠯᠳᠡᠷᠵᠢᠬᠦᠯᠦᠨ᠎ᠡ᠃ ᠰᠢᠨ᠎ᠡ ᠬᠠᠭᠤᠴᠢᠨ ᠬᠤᠲᠠ ᠲᠣᠭᠤᠷᠢᠭ ᠤᠨ ᠵᠠᠮ ᠬᠠᠷᠢᠯᠴᠠᠭ᠎ᠠ ᠶᠢ ᠰᠠᠭᠠᠳ ᠦᠭᠡᠢ | ᠨᠡᠪᠳᠡᠷᠡᠬᠦᠯᠦᠨ᠎ᠡ᠃ ᠭᠦ᠋ ᠱᠠᠨ ᠽᠢ ᠤᠰᠤᠨ ᠰᠤᠷᠪᠤᠯᠵᠢ ᠶᠢᠨ ᠭᠠᠵᠠᠷ ᠤᠨ ᠪᠠᠷᠢᠯᠭ᠎ᠠ ᠶᠢᠨ ᠵᠠᠯᠭᠠᠮᠵᠢ ᠢᠨᠵᠧᠨᠧᠷᠢᠩ ᠢ | ᠲᠦᠯᠬᠢᠨ ᠠᠬᠢᠭᠤᠯᠵᠤ᠂ ᠬᠤᠲᠠ ᠲᠣᠭᠤᠷᠢᠭ ᠤᠨ ᠤᠰᠤ ᠬᠠᠩᠭᠠᠬᠤ ᠳᠠᠷᠤᠯᠲᠠ ᠶᠢ ᠨᠡᠮᠳᠠᠭᠤᠯᠤᠨᠠ᠃ ᠪᠣᠬᠢᠷ | ᠤᠰᠤ ᠶᠢ ᠲᠡᠭᠡᠭᠰᠢᠯᠡᠬᠦᠯᠬᠦ ᠬᠥᠭᠡᠷᠭᠡ ᠶᠢᠨ ᠥᠷᠲᠡᠭᠡ ᠪᠠ ᠪᠣᠷᠣᠭᠠᠨ ᠤ ᠤᠰᠤ ᠶᠢ ᠲᠡᠭᠡᠭᠰᠢᠯᠡᠬᠦᠯᠬᠦ ᠬᠥᠭᠡᠷᠭᠡ ᠶᠢᠨ | ᠥᠷᠲᠡᠭᠡ ᠶᠢ ᠲᠤᠰᠪᠤᠷᠢ 1 ᠰᠠᠤᠷᠢ ᠪᠠᠶᠢᠭᠤᠯᠵᠦ᠂ ᠯᠤᠤᠬ᠎ᠠ ᠶᠢᠨ ᠭᠤᠤᠯ ᠵᠡᠭᠡᠯᠢ ᠶᠢᠨ ᠪᠤᠵᠠᠷ ᠤᠰᠤᠨ | ᠬᠥᠭᠡᠷᠭᠡ ᠶᠢᠨ ᠥᠷᠳᠡᠭᠡ ᠶᠢ ᠨᠡᠬᠦᠯᠭᠡᠨ ᠰᠢᠯᠵᠢᠬᠦᠯᠵᠦ᠂ ᠲᠡᠮᠤᠷ ᠵᠠᠮ ᠤᠨ ᠪᠠᠷᠠᠭᠤᠨᠳᠡᠬᠢ ᠤᠰᠤ ᠭᠠᠳᠠᠭᠰᠢᠯᠠᠭᠤᠯᠬᠤ | ᠮᠠᠭᠤᠲᠠᠶ ᠪᠠᠶᠢᠳᠠᠭ ᠠᠰᠠᠭᠤᠳᠠᠯ ᠢ ᠰᠢᠢᠳᠪᠤᠷᠢᠯᠡᠨ᠎ᠡ᠃ ᠬᠤᠭ ᠨᠣᠪᠰᠢ ᠳᠠᠮᠵᠢᠭᠤᠯᠬᠤ ᠦᠷᠳᠡᠭᠡ ᠶᠢ 2 ᠰᠠᠤᠷᠢ | ᠪᠠᠶᠢᠭᠤᠯᠵᠦ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠤᠷᠢᠯᠡᠬᠦ ᠦᠢᠯᠡᠳᠪᠦᠷᠢ ᠶᠢᠨ ᠡᠮᠦᠨᠡᠬᠢ ᠬᠤᠭᠤᠴᠠᠭᠠᠨ ᠤ | ᠠᠵᠢᠯ ᠢ ᠥᠷᠨᠢᠭᠦᠯᠵᠦ᠂ ᠬᠤᠭ ᠨᠣᠪᠰᠢ ᠶᠢ ᠰᠢᠶ᠋ᠳᠪᠦᠷᠢᠯᠡᠬᠦ ᠴᠢᠳᠠᠪᠤᠷᠢ ᠶᠢ ᠲᠡᠭᠡᠭᠰᠢᠯᠡᠬᠦᠯᠦᠨ᠎ᠡ᠃ ᠵᠣᠷᠯᠣᠩ 3 | ᠰᠠᠤᠷᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠠᠰᠢᠨ ᠲᠡᠷᠭᠡ ᠤᠬᠢᠶᠠᠬᠤ 1 ᠲᠡᠷᠭᠡᠨ ᠵᠣᠭᠰᠣᠭᠠᠯ ᠢ | ᠪᠠᠶᠢᠭᠤᠯᠵᠦ᠂ ᠲᠠᠲᠠᠪᠤᠷᠢᠯᠠᠨ ᠨᠤᠷᠠᠭᠠᠵᠤ ᠨᠡᠭᠦᠯᠭᠡᠬᠦ ᠪᠠᠶᠢᠭᠤᠯᠤᠭᠠᠳᠤᠶ ᠬᠤᠭᠤᠰᠣᠨ ᠭᠠᠵᠠᠷ ᠢ ᠠᠰᠢᠭᠯᠠᠵᠤ ᠲᠦᠷ | ᠴᠠᠭ ᠲᠡᠷᠭᠡ ᠵᠣᠭᠰᠣᠭᠠᠬᠤ ᠲᠠᠯᠠᠪᠠᠢ ᠶᠢ ᠪᠠᠶᠢᠭᠤᠯᠤᠨ᠂ ᠵᠤᠷᠯᠤᠩ ᠳᠤ ᠤᠷᠤᠬᠤ ᠳᠤ ᠬᠦᠴᠢᠷ᠂ ᠲᠡᠷᠭᠡ | ᠵᠤᠭᠰᠤᠭᠠᠬᠤ ᠭᠠᠵᠠᠷ ᠴᠥᠭᠡᠨ ᠵᠡᠷᠭᠡ ᠪᠡᠷᠬᠡᠲᠡᠶ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠤᠷᠢᠯᠠᠨ᠎ᠠ᠃ | ᠰᠢᠷᠭᠤᠯᠵᠢ ᠶᠢᠨ ᠠᠭᠤᠯᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠡᠷᠦᠩᠬᠡᠶᠢᠯᠡᠨ ᠵᠠᠰᠠᠬᠤ ᠢᠨᠵᠧᠨᠧᠷᠢᠩ ᠪᠠ | ᠬᠤᠲᠠ ᠲᠣᠭᠤᠷᠢᠭ ᠤᠨ ᠴᠡᠴᠡᠷᠯᠢᠭ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠬᠦᠯᠵᠦ᠂ | ᠲᠠᠬᠢᠯᠳᠠ ᠤᠰᠤ ᠶᠢ ᠠᠰᠢᠭᠯᠠᠬᠤ ᠢᠵᠢ ᠪᠥᠷᠢᠳᠥᠭᠰᠡᠨ ᠢᠨᠵᠧᠨᠧᠷᠢᠩ ᠢ ᠬᠡᠷᠡᠭᠵᠢᠭᠦᠯᠵᠦ᠂ ᠳᠠᠮᠵᠢᠭᠤᠯᠬᠤ | ᠬᠤᠭᠤᠯᠠᠶ ᠪᠠᠷ ᠰᠢᠲᠠᠭᠴᠢ ᠭᠡᠢ ᠣᠷᠣᠭᠤᠯᠬᠤ ᠶᠢ ᠲᠦᠷᠭᠡᠪᠴᠢᠯᠡᠨ ᠠᠬᠢᠭᠤᠯᠵᠤ᠂ ᠣᠷᠣᠰᠢᠨ ᠰᠠᠭᠤᠬᠤ ᠳᠤ | ᠲᠣᠬᠢᠷᠠᠮᠵᠢᠲᠠᠶ ᠪᠠᠶᠢᠬᠤ ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠎ᠡ᠃ ᠳ᠋ᠠ ᠮᠢᠩ ᠵᠡᠭᠡᠯᠢ᠂ ᠷᠠᠰᠢᠶᠠᠨ ᠵᠡᠭᠡᠯᠢ᠂ ᠹᠦ᠋ | ᠮᠢᠨ ᠵᠠᠮ ᠵᠡᠷᠭᠡ 8 ᠵᠤᠷᠪᠤᠰ᠂ 9.1 ᠺᠢᠯᠣᠮᠧᠲᠷ᠂ 3 ᠲᠥᠮᠡᠨ ᠲᠡᠭᠰᠢ ᠳᠥᠷᠪᠡᠯᠵᠢᠨ ᠮᠧᠲᠷ ᠵᠠᠮ ᠢ | ᠨᠣᠭᠤᠭᠠᠷᠠᠭᠤᠯᠬᠤ᠂ 8 ᠵᠤᠷᠪᠤᠰ ᠭᠤᠤᠯ ᠱᠤᠭᠤᠮ ᠤᠨ ᠬᠤᠶᠠᠷ ᠲᠠᠯ᠎ᠠ ᠶᠢᠨ ᠬᠤᠳᠠᠯᠳᠤᠨ ᠠᠪᠴᠤ ᠨᠥᠭᠡᠴᠡᠯᠡᠬᠦ | ᠭᠠᠵᠠᠷ ᠰᠢᠷᠣᠶ᠂ 11 ᠣᠷᠣᠨ ᠰᠠᠭᠤᠴᠠ ᠶᠢᠨ ᠵᠢᠵᠢᠭ ᠲᠣᠭᠤᠷᠢᠭ ᠢ ᠨᠣᠭᠤᠭᠠᠷᠠᠭᠤᠯᠬᠤ 23.2 ᠲᠥᠮᠡᠨ ᠲᠡᠭᠰᠢ | ᠳᠥᠷᠪᠡᠯᠵᠢᠨ ᠮᠧᠲᠷ ᠢ ᠭᠡᠷᠩᠵᠢᠬᠦᠯᠵᠦ᠂ ᠬᠤᠳᠠ ᠶᠢᠨ ᠳᠦᠷᠢ ᠲᠥᠷᠬᠦ ᠶᠢ ᠲᠡᠭᠡᠭᠰᠢᠯᠡᠬᠦᠯᠦᠨ᠎ᠡ᠃ ᠬᠠᠤᠯᠢ | ᠬᠡᠷᠡᠭᠵᠢᠭᠦᠯᠬᠦ ᠪᠠ ᠬᠤᠳᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠬᠠᠮᠢᠶᠠᠷᠬᠤ ᠶᠢ ᠴᠢᠩᠭ᠎ᠠ ᠲᠥᠯᠥᠪᠵᠢᠬᠦᠯᠦᠨ᠂ | ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠴᠣᠩᠬᠤ ᠡᠭᠦᠳᠡ ᠥᠭᠡᠷᠡᠴᠢᠯᠡᠬᠦ ᠵᠡᠷᠭᠡ ᠬᠠᠤᠯᠢ ᠠᠴᠠ ᠵᠥᠷᠢᠴᠡᠭᠰᠡᠨ ᠥᠢᠯᠡ | ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠵᠠᠮ ᠡᠵᠡᠯᠡᠵᠦ ᠡᠵᠡᠩᠨᠡᠭᠰᠡᠨ᠂ ᠲᠡᠷᠭᠡ ᠬᠥᠰᠬᠡ ᠳᠤᠷ᠎ᠠ ᠪᠠᠷ ᠢᠶᠠᠨ | ᠵᠤᠬᠰᠤᠭᠠᠬᠤ᠂ ᠪᠣᠬᠢᠷ ᠤᠰᠤ ᠶᠢ ᠬᠠᠮᠢᠶ᠎ᠠ ᠨᠠᠮᠢᠶ᠎ᠠ ᠦᠭᠡᠶ ᠰᠠᠴᠤᠬᠤ᠂ ᠬᠤᠭ ᠨᠣᠪᠰᠢ ᠶᠢ ᠡᠷᠤᠢ ᠬᠤᠷᠤᠢ ᠥᠭᠡᠢ | ᠬᠠᠶᠠᠬᠤ᠂ ᠵᠠᠷ ᠳᠤᠷ᠎ᠠ ᠪᠠᠷ ᠢᠶᠠᠨ ᠨᠠᠭᠠᠬᠤ ᠵᠡᠷᠭᠡ ᠪᠣᠯᠪᠠᠰᠤᠨ ᠪᠤᠰᠤ ᠠᠵᠢᠯᠯᠠᠭ᠎ᠠ ᠶᠢ ᠴᠡᠭᠴᠡᠯᠡᠨ ᠵᠠᠰᠠᠵᠦ᠂ | ᠬᠤᠲᠠ ᠲᠣᠭᠤᠷᠢᠭ ᠤᠨ ᠳᠠᠭᠤ ᠱᠤᠤᠭᠢᠶᠠᠨ ᠤ ᠪᠣᠬᠢᠷᠲᠤᠯ ᠢ ᠴᠢᠩᠭ᠎ᠠ ᠬᠢᠵᠠᠭᠠᠷᠯᠠᠨ᠎ᠠ᠃ ᠰᠤᠷᠭᠠᠭᠤᠯᠢ ᠶᠢᠨ ᠬᠥᠷᠢᠶ᠎ᠡ᠂ | ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠠᠵᠢᠯᠯᠠᠭ᠎ᠠ ᠶᠢᠨ ᠲᠥᠪ ᠵᠡᠷᠭᠡ ᠵᠢᠭᠰᠠᠭᠠᠯ ᠤᠨ ᠭᠠᠵᠠᠷ ᠢ | ᠭᠦᠢᠴᠡᠳ ᠠᠰᠢᠭᠯᠠᠵᠤ᠂ ᠬᠤᠳᠠ ᠶᠢᠨ ᠠᠷᠠᠳ ᠤᠨ ᠰᠤᠷᠭᠠᠨ ᠬᠥᠮᠦᠵᠢᠯ ᠢ ᠴᠢᠩᠭᠠᠳᠬᠠᠵᠦ᠂ ᠰᠣᠶᠣᠯ | ᠪᠣᠯᠪᠠᠰᠤᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠢ | ᠪᠠᠶᠢᠭᠤᠯᠤᠨ᠎ᠠ᠃ | ᠵᠢᠵᠢᠭ ᠬᠤᠲᠠ ᠪᠠᠯᠭᠠᠰᠤ ᠶᠢᠨ ᠪᠦᠳᠤᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠤᠷᠬᠠᠨᠲᠤ ᠰᠢᠨ᠎ᠡ ᠮᠠᠶ᠋ᠢᠭ ᠤᠨ | ᠬᠤᠲᠠ ᠪᠠᠯᠭᠠᠰᠤᠵᠢᠯᠲᠠ ᠶᠢᠨ ᠪᠠᠶᠢᠭᠤᠯᠤᠯᠳᠤ ᠪᠠᠯᠭᠠᠰᠤ ᠶᠢᠨ ᠵᠢᠱᠢᠶ᠎ᠡ ᠦᠵᠡᠭᠦᠯᠬᠦ ᠲᠤᠷᠰᠢᠯᠲᠠ ᠶᠢᠨ ᠴᠢᠬ ᠤᠨ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠢᠵᠢᠭ ᠬᠤᠲᠠ ᠪᠠᠯᠭᠠᠰᠤ ᠶᠢᠨ ᠪᠦᠳᠤᠭᠡᠨ ᠪᠠᠶᠢᠭᠤᠯᠤᠯᠲᠠ ᠶᠢᠨ | ᠨᠡᠶᠢᠲᠡᠯᠢᠭ ᠢ ᠴᠢᠷᠮᠠᠶᠢᠨ ᠪᠣᠢ ᠪᠣᠯᠭᠠᠨ᠎ᠠ᠃ ᠬᠥᠮᠦᠨ ᠢᠶᠠᠷ ᠭᠤᠣᠯᠯᠠᠭᠤᠯᠤᠭᠰᠠᠨ ᠬᠤᠳᠠ ᠪᠠᠯᠭᠠᠰᠣᠵᠢᠯᠳᠡ ᠶᠢᠨ | ᠠᠬᠢᠴᠠ ᠶᠢ ᠲᠦᠷᠭᠡᠳᠬᠡᠵᠦ᠂ ᠪᠤᠷᠬᠠᠨᠳᠤ ᠪᠠᠯᠭᠠᠰᠤ ᠪᠤᠯᠤᠨ ᠷᠰᠢᠶᠠᠨ ᠤ ᠵᠡᠭᠡᠯᠢ ᠭᠤᠳᠤᠮᠵᠢ ᠶᠢ ᠨᠢᠭᠤᠷᠯᠠᠨ | ᠬᠦᠭᠵᠢᠬᠦᠯᠬᠦ᠂ ᠰᠢᠶᠣᠣ ᠴᠧᠩᠽᠢ᠂ ᠮᠠᠷᠠᠳᠤ᠂ ᠰᠠᠨ ᠽᠦᠸᠧ ᠳ᠋ᠢᠶᠠᠨ ᠢ ᠵᠤᠬᠢᠴᠠᠭᠤᠯᠤᠨ ᠬᠥᠭᠵᠢᠬᠦᠯᠬᠦ ᠪᠤᠰᠤᠳ | ᠪᠠᠯᠭᠠᠰᠤ ᠰᠢᠶᠠᠩ ᠵᠡᠭᠡᠯᠢ ᠶᠢ ᠲᠡᠮᠵᠢᠵᠦ ᠲᠤᠰ ᠪᠡᠶ᠎ᠡ ᠶᠢᠨ ᠣᠨᠴᠠᠯᠢᠭ ᠪᠣᠯᠤᠨ ᠴᠢᠳᠠᠮᠵᠢ ᠶᠢᠨ ᠣᠷᠣᠨ ᠪᠠᠶᠢᠷᠢ ᠲᠠᠢ | ᠪᠠᠨ ᠤᠶᠠᠯᠳᠤᠭᠤᠯᠤᠨ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠢᠵᠢ ᠪᠦᠷᠢᠳᠦᠭᠰᠡᠨ ᠠᠵᠤ ᠦᠢᠯᠡᠰ ᠢ | ᠬᠥᠭᠵᠢᠭᠦᠯᠵᠦ᠂ ᠬᠥᠳᠡᠭᠡ ᠲᠣᠰᠬᠤᠨ ᠤ ᠬᠥᠮᠦᠨ ᠠᠮᠠ ᠶᠢ ᠬᠤᠲᠠ ᠪᠠᠯᠭᠠᠰᠤ ᠵᠦᠭ ᠰᠢᠯᠵᠢᠭᠦᠯᠬᠦ᠂ ᠪᠦᠬᠦ ᠰᠢᠶᠠᠨ ᠤ | ᠬᠤᠲᠠ ᠪᠠᠯᠭᠠᠰᠤᠵᠢᠯᠲᠠ ᠶᠢᠨ ᠨᠤᠷᠮ᠎ᠠ ᠶᠢ ᠵᠠᠭᠤᠨ ᠤ 2 ᠨᠢᠭᠡᠴᠢ ᠪᠠᠷ ᠲᠡᠭᠡᠭᠰᠢᠯᠡᠬᠦᠯᠦᠨ᠎ᠡ᠃ ᠤᠯᠠᠨ ᠵᠦᠢᠯ ᠤᠨ | ᠪᠡᠯᠡ ᠴᠤᠭᠯᠠᠭᠤᠯᠬᠤ ᠠᠷᠭ᠎ᠠ ᠶᠢ ᠠᠪᠴᠦ᠂ 9400 ᠲᠥᠮᠡᠨ ᠲᠥᠭᠦᠷᠢᠭ ᠢ ᠪᠡᠯᠡ ᠤᠷᠤᠭᠤᠯᠤᠨ᠂ 16.2 | ᠺᠢᠯᠣᠮᠧᠲᠷ ᠵᠠᠮ ᠢ ᠰᠢᠨ᠎ᠡ ᠪᠠᠷ ᠵᠠᠰᠠᠨ ᠦᠭᠡᠷᠡᠴᠢᠯᠠᠨ᠂ 11.5 ᠺᠢᠯᠣᠮᠧᠲᠷ ᠵᠠᠮ ᠢ ᠬᠠᠲᠠᠭᠤᠷᠠᠭᠤᠯᠬᠤ᠂ | ᠬᠡᠷᠠᠯᠲᠤᠭᠦᠯᠭᠦ᠂ ᠨᠣᠭᠤᠭᠠᠷᠠᠭᠤᠯᠬᠤ ᠶᠢ ᠭᠡᠷᠩᠵᠢᠬᠦᠯᠵᠦ᠂ ᠰᠣᠶᠣᠯ ᠤᠨ ᠠᠭᠤᠳᠠᠮ ᠲᠠᠯᠠᠪᠠᠶ 4 ᠭᠠᠵᠠᠷ᠂ | ᠲᠥᠪᠯᠡᠷᠡᠭᠦᠯᠦᠨ ᠢᠯᠴᠢ ᠬᠠᠩᠭᠠᠬᠤ ᠥᠷᠲᠡᠭᠡ 2 ᠭᠠᠵᠠᠷ᠂ ᠬᠤᠭ ᠨᠣᠪᠰᠢ ᠰᠢᠢᠳᠪᠤᠷᠢᠯᠡᠬᠦ ᠲᠠᠯᠠᠪᠠᠢ 3 ᠭᠠᠵᠠᠷ᠂ | ᠪᠣᠬᠢᠷ ᠤᠰᠤ ᠰᠢᠶ᠋ᠳᠪᠦᠷᠢᠯᠡᠬᠦ ᠦᠢᠯᠡᠳᠪᠦᠷᠢ 1 ᠭᠠᠵᠠᠷ ᠪᠠᠶᠢᠭᠤᠯᠵᠦ᠂ 3200 ᠮᠧᠲᠷ ᠤᠰᠤ ᠵᠠᠯᠠᠬᠤ ᠬᠤᠭᠤᠯᠠᠶ | ᠶᠢ ᠲᠠᠪᠢᠰᠤᠨᠠ᠃ ᠵᠢᠵᠢᠭ ᠬᠤᠳᠠ ᠶᠢᠨ ᠬᠠᠮᠢᠶᠠᠷᠤᠯᠲᠠ ᠪᠠ ᠣᠷᠴᠢᠨ ᠠᠬᠤᠶ ᠶᠢ ᠴᠡᠭᠴᠡᠯᠡᠨ ᠵᠠᠰᠠᠬᠤ ᠠᠵᠢᠯ ᠢ | ᠲᠦᠯᠬᠢᠨ ᠠᠬᠢᠭᠤᠯᠵᠤ᠂ ᠪᠠᠯᠭᠠᠰᠤ ᠶᠢᠨ ᠲᠥᠷᠢ ᠲᠥᠷᠬᠦ ᠳᠦᠷᠰᠦ ᠪᠠᠶᠢᠳᠠᠯ ᠢ ᠲᠠᠰᠤᠷᠠᠯᠲᠠ ᠦᠭᠡᠢ ᠬᠤᠪᠢᠷᠠᠭᠤᠯᠬᠤ | ᠶᠢ ᠠᠬᠢᠭᠤᠯᠤᠨ᠎ᠠ᠃ | ᠵᠠᠮ ᠬᠠᠷᠢᠯᠴᠠᠭ᠎ᠠ ᠤᠰᠤᠨ ᠠᠰᠢᠭᠯᠠᠯᠲᠠ ᠶᠢᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠠᠭᠠᠨᠬᠠᠲᠠ ᠠᠴᠠ | ᠪᠡᠭᠡᠵᠢᠩ ᠮᠦᠭᠳᠡᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠬᠠᠷᠠᠴᠢᠨ ᠵᠡᠭᠦᠨ ᠥᠷᠲᠡᠭᠡ ᠪᠠ ᠪᠠᠶᠢᠰᠢᠩᠳᠤ | ᠠᠴᠠ ᠤᠯᠠᠭᠠᠨᠬᠠᠲᠠ ᠬᠦᠷᠬᠦ ᠱᠤᠭᠤᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠲᠥᠷᠥᠯ ᠵᠦᠢᠯ ᠤᠨ | ᠪᠥᠳᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠠ᠃ ᠨᠡᠶᠢᠳᠡᠮ ᠬᠡᠷᠡᠭᠯᠡᠬᠦ ᠨᠢᠰᠬᠡᠯ ᠤᠨ | ᠪᠠᠭᠤᠳᠠᠯ ᠤᠨ ᠲᠥᠷᠥᠯ ᠵᠦᠢᠯ ᠤᠨ ᠬᠢᠨᠠᠨ ᠵᠥᠪᠰᠢᠶᠡᠷᠡᠯ ᠢ ᠪᠠᠶᠠᠯᠡᠬᠦᠯᠦᠨ᠎ᠡ᠃ ᠤᠯᠤᠰ ᠤᠨ ᠵᠠᠰᠠᠮᠠᠯ ᠵᠠᠮ ᠤᠨ 306 | ᠱᠤᠭᠤᠮ ᠤᠨ ᠲᠢᠶᠧ ᠶᠢᠩᠽᠢ ᠠᠴᠠ ᠪᠠᠭ᠎ᠠ ᠵᠦᠩ ᠬᠦᠷᠬᠦ ᠬᠡᠰᠡᠭ ᠤᠨ15.5 ᠺᠢᠯᠣᠮᠧᠲᠷ ᠵᠠᠮ ᠢ ᠶᠡᠭᠡᠪᠡᠷ ᠵᠠᠰᠠᠬᠤ | ᠶᠢ ᠬᠡᠷᠡᠭᠵᠢᠭᠦᠯᠵᠦ᠂ ᠤᠯᠤᠰ ᠤᠨ ᠵᠠᠰᠠᠮᠠᠯ ᠵᠠᠮ ᠤᠨ 508 ᠱᠤᠭᠤᠮ ᠰᠢᠶᠤᠤ ᠴᠧᠩ ᠽᠢ ᠠᠴᠠ ᠫᠢᠩ ᠴᠢᠤᠸᠠᠨ | ᠬᠦᠷᠬᠦ᠂ ᠮᠤᠵᠢ ᠶᠢᠨ ᠵᠡᠮ 505 ᠱᠤᠭᠤᠮ ᠤᠨ ᠲᠢᠶᠠᠨ ᠢ ᠠᠴᠠ ᠸᠠᠩ ᠶᠧ ᠳ᠋ᠢᠶᠠᠨ ᠬᠦᠷᠳᠡᠯᠡᠬᠢ ᠵᠠᠰᠠᠮᠠᠯ ᠵᠠᠮ ᠢ | ᠳᠡᠰ ᠳᠡᠪᠰᠢᠭᠦᠯᠬᠦ ᠥᠭᠡᠷᠡᠴᠢᠯᠡᠯᠲᠡ ᠶᠢᠨ ᠪᠠᠷᠢᠯᠭ᠎ᠠ ᠤᠨ ᠡᠮᠦᠨᠡᠬᠢ ᠬᠤᠭᠤᠴᠠᠭᠠᠨ ᠤ ᠠᠵᠢᠯ ᠢ ᠲᠥᠯᠬᠢᠨ | ᠠᠬᠢᠭᠤᠯᠤᠨ᠎ᠠ᠃ ᠲᠣᠰᠬᠤᠨ ᠳᠤ ᠨᠡᠪᠳᠡᠷᠡᠬᠦᠯᠬᠦ ᠲᠤᠰᠤᠨ ᠵᠠᠮ ᠢ ︵ᠱᠦᠢᠨᠢ ᠵᠠᠮ︶ 48 ᠵᠤᠷᠪᠤᠰ᠂ 386 | ᠺᠢᠯᠣᠮᠧᠲᠷ ᠰᠢᠨ᠎ᠡ ᠪᠠᠷ ᠵᠠᠰᠠᠨ᠂ ᠵᠠᠰᠠᠭ ᠵᠠᠬᠢᠷᠭᠠᠨ ᠤ ᠲᠣᠰᠬᠤᠨ ᠳᠤ ᠲᠣᠰᠣᠨ ᠵᠠᠮ ᠨᠡᠪᠳᠡᠷᠡᠭᠦᠯᠬᠦ ᠨᠤᠷᠮ᠎ᠠ ᠶᠢ | 100% ᠳᠤ ᠬᠦᠷᠦᠭᠦᠯᠦᠨ᠎ᠡ᠃ ᠪᠠᠶᠢᠷᠢᠨ ᠤ 220kv ᠬᠦᠴᠦᠳᠡᠯ ᠥᠭᠡᠷᠡᠴᠢᠯᠡᠬᠦ ᠣᠢᠷᠲᠡᠭᠡ ᠶᠢ ᠠᠰᠢᠭᠯᠠᠯᠲᠠ ᠳᠤ | ᠣᠷᠣᠭᠤᠯᠵᠤ ᠶᠢ ᠲᠥᠯᠬᠢᠨ ᠠᠬᠢᠭᠤᠯᠵᠤ᠂ ᠨᠢᠩ ᠢ ᠬᠦᠴᠦᠳᠡᠯ ᠥᠭᠡᠷᠡᠴᠢᠯᠡᠬᠦ ᠣᠢᠷᠲᠡᠭᠡ ᠶᠢ ᠨᠡᠬᠦᠯᠬᠡᠨ ᠪᠠᠶᠢᠭᠤᠯᠬᠤ | ᠶᠢ ᠪᠡᠶᠡᠯᠡᠬᠦᠯᠦᠨ᠎ᠡ᠃ ᠡᠷᠳᠡᠨᠢ ᠰᠢᠰᠢ ᠶᠢ ᠪᠦᠷᠬᠦᠭᠦᠯ ᠤᠨ ᠳᠣᠣᠷ᠎ᠠ ᠳᠤᠰᠤᠯᠭᠠᠨ ᠤᠰᠤᠯᠠᠬᠤ 2 ᠲᠦᠮᠡᠨ ᠮᠤ᠋ ᠰᠢᠨ᠎ᠡ | ᠪᠠᠷ ᠨᠡᠮᠡᠭᠳᠡᠬᠦᠯᠵᠦ᠂ ᠲᠠᠷᠢᠶᠠᠴᠢᠨ ᠡᠷᠦᠭᠡ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ | ᠪᠠᠬᠢᠵᠢᠬᠦᠯᠬᠦ ᠶᠢ ᠤᠳᠤᠷᠢᠳᠤᠨ ᠲᠡᠳᠭᠦᠨ ᠲᠡᠮᠵᠢᠨ᠎ᠡ᠃ ᠳ᠋ᠠ ᠬᠤ᠋ ᠱᠢ ᠤᠰᠤᠨ ᠴᠥᠭᠦᠷᠥᠮ ᠤᠨ ᠤᠰᠤ ᠬᠠᠩᠭᠠᠬᠤ | ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠠᠵᠢᠯ ᠡᠬᠢᠯᠡᠭᠦᠯᠦᠨ ᠪᠥᠳᠥᠭᠡᠨ ᠪᠠᠶᠢᠭᠤᠯᠵᠤ᠂ ᠯᠤᠤᠬ᠎ᠠ ᠶᠢᠨ ᠭᠤᠤᠯ ᠢ | ᠵᠠᠰᠠᠨ ᠴᠡᠭᠴᠡᠯᠡᠬᠦ᠂ ᠳ᠋ᠢᠶᠠᠨ ᠽᠢ ᠤᠰᠤᠯᠠᠯᠲᠠ ᠶᠢᠨ ᠣᠷᠣᠨ ᠢ ᠲᠢᠶᠠᠨ ᠢ ᠤᠰᠤᠨ ᠴᠥᠭᠦᠷᠥᠮ ᠲᠠᠢ ᠨᠡᠪᠳᠡᠷᠡᠬᠦᠯᠬᠦ | ᠢᠨᠵᠧᠨᠧᠷᠢᠩ ᠢ ᠬᠦᠴᠦᠯᠡᠨ ᠭᠡᠷᠩᠵᠢᠬᠦᠯᠦᠨ᠂ ᠬᠠᠯᠠᠭᠤᠨ ᠤᠰᠤᠨ ᠤ ᠵᠢᠭᠠᠰᠤᠨ ᠤ ᠡᠭᠦᠯᠳᠡᠷ ᠤᠨ ᠲᠠᠯᠠᠪᠤᠷ ᠢ | ᠨᠡᠬᠦᠯᠭᠡᠨ ᠪᠠᠶᠢᠭᠤᠯᠬᠤ᠂ ᠳ᠋ᠦᠩ ᠰᠢᠶᠣᠣ ᠾᠧ ᠤᠨ ᠦᠶᠡᠷ ᠢ ᠰᠡᠷᠭᠡᠶᠢᠯᠡᠨ ᠵᠠᠰᠠᠬᠤ ᠢᠨᠵᠧᠨᠧᠷᠢᠩ ᠢ | ᠪᠡᠶᠡᠯᠡᠬᠦᠯᠦᠨ᠎ᠡ᠃ | ︵ᠲᠦᠷᠪᠡ︶ ᠥᠭᠡᠷᠡᠴᠢᠯᠡᠯᠲᠡ ᠨᠡᠭᠡᠭᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠬᠥᠭᠵᠢᠯᠲᠡ ᠶᠢᠨ ᠠᠮᠢᠳᠤᠯᠢᠭ | ᠬᠦᠴᠦᠨ ᠬᠥᠳᠡᠯᠭᠡᠬᠦ ᠬᠦᠴᠦᠨ ᠢ ᠨᠡᠮᠡᠭᠳᠡᠬᠦᠯᠦᠨ᠎ᠡ | ᠡᠯ᠎ᠡ ᠵᠦᠢᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠷᠢᠭᠤᠴᠠᠯᠭ᠎ᠠ ᠶᠢᠨ ᠲᠣᠳᠣᠷᠬᠠᠶ | ᠬᠠᠭᠤᠳᠠᠰᠤ ᠶᠢ ᠪᠠᠶᠢᠭᠤᠯᠬᠤ᠂ ᠲᠠᠬᠢᠨ ᠪᠦᠲᠦᠭᠡᠬᠦ ᠶᠠᠪᠤᠴᠠ ᠶᠢ ᠰᠢᠯᠢᠳᠡᠭᠵᠢᠭᠦᠯᠦᠨ᠂ ᠨᠡᠶᠢᠯᠡᠭᠦᠯᠵᠦ ᠬᠠᠮᠲᠤᠷᠠᠨ | ᠬᠢᠨᠠᠨ ᠵᠥᠪᠰᠢᠶᠡᠷᠡᠬᠦ ᠶᠢ ᠠᠬᠢᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠲᠦᠷᠭᠡᠳᠬᠡᠵᠦ᠂ ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠲᠥᠰᠦᠪ ᠤᠨ ᠲᠥᠪ ᠴᠢᠩᠭ᠎ᠠ | ᠴᠢᠨᠠᠷ ᠪᠣᠯᠤᠨ ᠦᠷ᠎ᠡ ᠪᠥᠳᠥᠮᠵᠢᠳᠤ ᠴᠢᠨᠠᠷ ᠢ ᠲᠡᠭᠡᠭᠰᠢᠯᠡᠬᠦᠯᠦᠨ᠎ᠡ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠶᠢᠨ | ᠳᠦᠷᠢᠮ ᠢ ᠬᠢᠯᠪᠠᠷ ᠲᠥᠬᠦᠮ ᠪᠣᠯᠭᠠᠬᠤ ᠶᠢ ᠲᠦᠷᠭᠡᠳᠬᠡᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠥᠭᠡᠷᠡᠴᠢᠯᠡᠯᠲᠡ ᠶᠢᠨ ᠦᠷᠬᠦᠯᠵᠢᠯᠡᠯ ᠠᠵᠢᠯ ᠢ ᠠᠬᠢᠭᠤᠯᠤᠨ᠎ᠠ᠃ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠲᠦᠷᠢᠮ ᠪᠣᠯᠤᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠥᠭᠡᠷᠡᠴᠢᠯᠡᠯᠲᠡ ᠶᠢ ᠡᠬᠢᠯᠡᠬᠦᠯᠵᠦ᠂ | ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠨᠡᠶᠢᠯᠡᠭᠦᠯᠬᠦ ᠶᠢ ᠪᠡᠶᠡᠯᠡᠬᠦᠯᠦᠨ᠎ᠡ᠃ ᠭᠠᠵᠠᠷ | ᠰᠢᠷᠣᠶ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠣᠷᠣᠨ | ᠰᠠᠭᠤᠴᠠ ᠶᠢᠨ ᠭᠠᠵᠠᠷ᠂ ᠬᠠᠮᠲᠤ ᠶᠢᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠥᠮᠴᠢᠯᠡᠬᠦ ᠡᠷᠬᠡ ᠶᠢ ᠲᠦᠯᠬᠢᠨ ᠠᠬᠢᠭᠤᠯᠤᠨ᠎ᠠ᠃ ᠥᠷᠭᠡᠨ ᠤᠯᠠᠨ ᠲᠠᠷᠢᠶᠠᠴᠢᠳ ᠤᠨ ᠠᠰᠢᠭ ᠲᠤᠰᠠ ᠶᠢ ᠦᠨᠡᠨ ᠬᠦ | ᠬᠠᠮᠠᠭᠠᠯᠠᠬᠤ ᠪᠠᠷ ᠴᠥᠮ᠎ᠠ ᠪᠣᠯᠭᠠᠵᠤ᠂ ᠲᠣᠯᠣᠭᠠᠶᠢᠯᠠᠭᠴᠢ ᠠᠵᠤ ᠠᠬᠤᠶᠢᠯᠠᠯ ᠪᠣᠯᠤᠨ ᠲᠠᠷᠢᠶᠠᠴᠢᠳ ᠤᠨ ᠨᠢᠭᠲᠠ | ᠬᠤᠯᠪᠣᠯᠳᠤᠬᠤ ᠬᠡᠯᠪᠡᠷᠢ ᠶᠢᠨ ᠠᠰᠢᠭ ᠲᠤᠰᠠ ᠪᠠᠨ ᠬᠤᠯᠪᠣᠬᠤ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ | ᠲᠡᠭᠦᠯᠳᠡᠷᠵᠢᠬᠦᠯᠦᠨ᠎ᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ | ᠠᠬᠢᠭᠤᠯᠵᠤ᠂ ᠰᠢᠰᠲ᠋ᠧᠮ ᠲᠡᠬᠦᠯᠳᠡᠷᠵᠢᠭᠰᠡᠨ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠰᠢᠰᠲ᠋ᠧᠮ ᠢ | ᠲᠦᠷᠭᠡᠪᠴᠢᠯᠡᠨ ᠪᠠᠶᠢᠭᠤᠯᠤᠨ᠎ᠠ᠃ | ᠭᠠᠳᠠᠭᠠᠳᠤ ᠨᠡᠭᠡᠭᠡᠯᠳᠡ ᠶᠢ ᠴᠢᠷᠮᠠᠶᠢᠨ ᠦᠷᠭᠡᠳᠭᠡᠨ᠎ᠡ᠃ ᠪᠡᠭᠡᠵᠢᠩ ᠲᠢᠶᠠᠨᠵᠢᠨ ᠡᠾᠧᠪᠸᠢ ᠶᠢᠨ ᠬᠠᠮᠵᠢᠯᠴᠠᠭ᠎ᠠ᠂ ︽ | ᠨᠢᠭᠡ ᠪᠦᠰᠡ ᠨᠢᠭᠡ ᠵᠠᠮ︾ ᠵᠡᠷᠭᠡ ᠤᠯᠤᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠴᠢᠩᠭ᠎ᠠ ᠠᠳᠬᠤᠵᠤ᠂ | 《ᠪᠦᠸᠧᠬᠠᠶ ᠲᠠᠩᠭᠢᠰ ᠳᠠᠭᠠᠤ ᠭᠠᠵᠠᠷ ᠣᠷᠣᠨ ᠤ ᠬᠠᠮᠲᠤᠷᠠᠯᠴᠠᠭ᠎ᠠ ᠶᠢ ᠬᠥᠭᠵᠢᠭᠦᠯᠬᠦ ᠬᠥᠲᠥᠯᠪᠦᠷᠢ ᠶᠢᠨ ᠲᠣᠪᠴᠢ︾ | ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ᠂ ᠠᠵᠤ ᠦᠢᠯᠡᠰ ᠤᠨ ᠰᠢᠯᠵᠢᠯᠲᠡ ᠶᠢ ᠢᠳᠠᠪᠬᠢᠳᠠᠢ ᠬᠦᠯᠢᠶᠡᠨ ᠠᠪᠤᠨ᠎ᠠ | ᠃ ︽ᠡᠷᠬᠡ ᠶᠢ ᠥᠷᠭᠡᠳᠬᠡᠵᠦ ᠰᠢᠶᠠᠨ ᠢ ᠬᠦᠴᠦᠷᠬᠡᠭᠵᠢᠭᠦᠯᠬᠦ︾ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠪᠠ | ᠳᠤᠮᠳᠠ ᠵᠢᠵᠢᠭ ᠠᠵᠤ ᠠᠬᠤᠶᠢᠯᠠᠯ ᠤᠨ ᠰᠠᠭᠤᠷᠢ ᠮᠥᠩᠭᠦ ᠶᠢᠨ ᠦᠢᠯᠡᠳᠦᠯ ᠢ ᠪᠠᠳᠠᠷᠠᠭᠤᠯᠤᠨ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ︽ᠵᠠᠭᠤᠨ ᠡᠳᠦᠷ ᠤᠨ ᠪᠠᠬᠢᠯᠡᠯᠲᠡ ᠰᠢᠪᠲᠤᠯᠬᠤ︾ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠪᠡᠭᠡᠵᠢᠩ ᠲᠢᠶᠠᠨᠵᠢᠨ ᠡᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ | ᠭᠤᠷᠪᠠᠯᠵᠢᠨ ᠬᠤᠶᠢᠭ ᠵᠡᠷᠭᠡ ᠬᠥᠭᠵᠢᠭᠰᠡᠨ ᠭᠠᠵᠠᠷ ᠣᠷᠣᠨ ᠢ ᠤᠨᠢᠯᠠᠵᠦ᠂ ᠠᠷᠠᠳ ᠨᠡᠶᠢᠲᠡ ᠢᠶᠠᠷ ᠢᠶᠠᠨ | ᠠᠷᠠᠯᠵᠢᠶᠠᠴᠢᠨ ᠤᠷᠢᠬᠤ᠂ ᠲᠤᠰᠬᠠᠶ ᠬᠤᠳᠠᠯᠳᠤᠭᠠᠴᠢᠨ ᠤᠷᠢᠬᠤ ᠶᠢ ᠭᠡᠷᠩᠵᠢᠬᠦᠯᠵᠦ᠂ ᠨᠢᠭᠡ ᠪᠦᠯᠦᠭ ᠶᠡᠭᠡ ᠰᠠᠶᠢᠨ | ᠲᠦᠷᠦᠯ ᠵᠦᠢᠯ ᠢ ᠣᠷᠣᠭᠤᠯᠵᠤ ᠢᠷᠡᠬᠦ ᠪᠠᠷ ᠴᠢᠷᠮᠠᠶᠢᠵᠤ᠂ ᠪᠤᠳᠠᠳᠠᠢ ᠪᠡᠯᠡ ᠮᠥᠩᠭᠦ ᠶᠢ 60 ᠳ᠋ᠦᠩᠰᠢᠭᠤᠷ | ᠲᠥᠭᠦᠷᠢᠭ᠂ 10 % ᠪᠠᠷ ᠨᠡᠮᠡᠭᠳᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ | ᠬᠠᠮᠲᠤᠷᠠᠯᠴᠠᠭᠠᠨ ᠤ ᠳᠡᠰ ᠳᠠᠪᠬᠤᠷᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠮᠲᠤᠷᠠᠨ ᠠᠵᠢᠯᠯᠠᠬᠤ | ᠬᠦᠷᠢᠶ᠎ᠡ ᠪᠠᠨ ᠥᠷᠭᠡᠵᠢᠭᠦᠯᠦᠨ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠭᠦᠨᠴᠡ᠂ ᠰᠢᠰᠲ᠋ᠧᠮᠵᠢᠭᠦᠯᠬᠦ | ᠬᠥᠭᠵᠢᠭᠦᠯᠬᠦ ᠶᠢ ᠠᠬᠢᠭᠤᠯᠤᠨ᠎ᠠ ᠃ | ︵ᠲᠠᠪᠤ︶ ᠨᠡᠶᠢᠭᠡᠮ ᠤᠨ ᠪᠥᠳᠥᠭᠡᠨ ᠪᠠᠶᠢᠭᠤᠯᠬᠤ ᠡᠷᠴᠢᠮ ᠢᠶᠠᠨ ᠨᠡᠮᠡᠭᠳᠡᠭᠦᠯᠦᠨ᠂ ᠲᠡᠩᠴᠡᠭᠦᠷᠢᠲᠡᠶ ᠬᠠᠮᠳᠤᠪᠡᠷ ᠡᠳ᠋ᠯᠡᠬᠦ | ᠬᠥᠭᠵᠢᠯᠲᠡ ᠶᠢ ᠠᠬᠢᠭᠤᠯᠤᠨ᠎ᠠ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠰᠢᠭ ᠢ ᠴᠢᠩᠭᠠᠳᠬᠠᠨ᠎ᠠ᠃ ᠠᠵᠤ ᠠᠬᠤᠶᠢᠯᠠᠯ ᠢᠶᠠᠷ | ᠪᠡᠶᠡᠴᠢ ᠴᠣᠭᠴᠠ ᠪᠣᠯᠭᠠᠭᠰᠠᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠬᠢᠭᠡᠳ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠰᠢᠨ᠎ᠡ | ᠮᠠᠶ᠋ᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠶᠢ ᠲᠦᠯᠬᠢᠨ | ᠠᠬᠢᠭᠤᠯᠵᠤ᠂ ︽ ᠲᠢᠶᠠᠨ ᠢᠦᠢ ᠪᠥᠯᠥᠭᠯᠡᠯ ᠤᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ | ᠪᠠᠶᠢᠯᠳᠤᠬᠤ ᠪᠣᠳᠣᠯᠭ᠎ᠠ ᠶᠢᠨ ᠬᠤᠯᠪᠣᠭ᠎ᠠ︾ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠮᠠᠰᠢᠨ ᠲᠤᠨᠤᠭ ᠲᠥᠬᠦᠭᠡᠷᠦᠮᠵᠢ ᠶᠢᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ︾ ᠶᠢ | ᠵᠣᠬᠢᠶᠠᠨ ᠪᠠᠶᠢᠭᠤᠯᠤᠨ᠎ᠠ᠃ ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠢ ᠰᠢᠯᠢᠳᠡᠭᠵᠢᠭᠦᠯᠦᠨ ᠲᠡᠰ | ᠳᠡᠪᠰᠢᠭᠦᠯᠬᠦ᠂ ᠪᠥᠬᠦᠳᠡ ᠣᠯᠠᠨ ᠢᠶᠠᠷ ᠢᠶᠠᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ | ᠦᠢᠯᠡᠴᠢᠯᠡᠭᠡᠨ ᠤ ᠲᠥᠪ ᠢ ᠪᠠᠶᠢᠭᠤᠯᠤᠨ᠎ᠠ᠃ | ᠠᠷᠠᠳ ᠲᠦᠮᠡᠨ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ ᠲᠢᠶᠠᠨ ᠢ ᠳᠥᠷᠪᠡᠳᠦᠭᠡᠷ ᠪᠠᠭ᠎ᠠ | ᠰᠤᠷᠭᠠᠭᠤᠯᠢ ᠪᠠ ᠳᠥᠷᠪᠡᠳᠦᠭᠡᠷ ᠬᠡᠦᠬᠡᠳ ᠤᠨ ᠴᠡᠴᠡᠷᠯᠢᠭ ᠢ ᠡᠬᠢᠯᠡᠭᠦᠯᠦᠨ ᠪᠠᠶᠢᠭᠤᠯᠵᠤ᠂ ᠨᠢᠭᠡᠳᠤᠭᠡᠷ ᠬᠡᠤᠭᠡᠳ ᠤᠨ | ᠴᠡᠴᠡᠷᠯᠢᠭ ᠢ ᠨᠡᠬᠦᠯᠬᠡᠭᠦ᠂ ᠬᠤᠲᠠ ᠲᠤᠭᠤᠷᠢᠭ ᠤᠨ ᠰᠤᠷᠭᠠᠭᠤᠯᠢ ᠳᠤ ᠤᠷᠤᠬᠤ ᠳᠤ ᠬᠥᠴᠢᠷ ᠠᠰᠠᠭᠤᠳᠠᠯ ᠢ | ᠨᠠᠮᠳᠠᠭᠤᠯᠤᠨ᠎ᠠ᠃ ᠠᠷᠠᠳ ᠤᠨ ᠲᠤᠮᠳᠠᠬᠢ ᠪᠡᠯᠡ ᠮᠥᠩᠬᠦ ᠶᠢ ᠠᠰᠢᠭᠯᠠᠨ ᠯᠠᠨ ᠲᠢᠶᠠᠨ᠂ ᠠᠯᠳᠠᠨ ᠠᠯᠮᠤᠷᠠᠳ᠂ | ᠲᠢᠶᠠᠨ ᠰᠢᠩ ᠭᠤᠷᠪᠠᠨ ᠰᠠᠤᠷᠢ ᠠᠷᠠᠳ ᠠᠴᠠ ᠡᠷᠬᠢᠯᠡᠭᠰᠡᠨ ᠴᠡᠴᠡᠷᠯᠢᠭ ᠤᠨ ᠪᠠᠶᠢᠭᠤᠯᠤᠯᠲᠠ ᠶᠢ ᠠᠬᠢᠭᠤᠯᠤᠨ᠎ᠠ᠃ | ᠲᠤᠰᠬᠠᠢ ᠮᠠᠷᠭᠡᠵᠢᠯ ᠤᠨ ᠰᠤᠷᠭᠠᠨ ᠬᠥᠮᠥᠵᠢᠯ ᠢ ᠴᠢᠩᠭᠠᠳᠬᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠲᠥᠪ ᠤᠨ ᠬᠤᠯᠪᠤᠭᠠᠯᠠᠨ ᠰᠤᠷᠭᠠᠭᠤᠯᠢ ᠡᠷᠬᠢᠯᠡᠬᠦ ᠶᠢ ᠠᠬᠢᠭᠤᠯᠤᠨ᠎ᠠ᠃ ᠥᠨᠳᠣᠰᠣᠳᠠᠨ ᠤ ᠰᠤᠷᠭᠠᠨ ᠬᠥᠮᠥᠵᠢᠯ ᠤᠨ | ᠲᠥᠷᠥ ᠶᠢᠨ ᠪᠤᠳᠤᠯᠭ᠎ᠠ ᠶᠢ ᠰᠠᠶᠢᠳᠤᠷ ᠭᠡᠷᠩᠵᠢᠬᠦᠯᠦᠨ᠎ᠡ᠃ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠨ᠂ ᠪᠤᠯᠪᠠᠰᠤᠷᠠᠯ ᠢ ᠲᠡᠬᠦᠯᠳᠡᠷᠵᠢᠬᠦᠯᠬᠦ᠂ ᠠᠵᠢᠯ ᠰᠢᠯᠵᠢᠬᠦᠯᠬᠦ ᠪᠠ ᠠᠵᠢᠯ ᠤᠨ ᠪᠠᠶᠢᠷᠢ ᠳᠤ | ᠥᠷᠢᠰᠥᠯᠳᠦᠵᠦ ᠭᠠᠷᠬᠤ ᠲᠣᠭᠲᠠᠴᠠ ᠶᠢ ᠪᠤᠢ ᠪᠤᠯᠭᠠᠨ᠎ᠠ᠃ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ | ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠨᠠᠷᠠ ᠶᠢᠨ ᠳᠠᠷᠠᠭᠠᠯᠠᠯ ᠢ ᠤᠷᠦᠬᠰᠢ ᠰᠢᠯᠵᠢᠬᠦᠯᠦᠨ᠂ ᠳᠡᠭᠡᠳᠦ ᠰᠤᠷᠭᠠᠭᠤᠯᠢ ᠳᠤ ᠰᠢᠯᠭᠠᠭᠰᠠᠨ ᠬᠢᠷᠢ | ᠪᠦᠲᠦᠮᠵᠢ ᠲᠡᠬᠢᠨ ᠬᠢᠯᠠᠯᠵᠠᠬᠰᠠᠨ ᠲᠡᠤᠭᠡ ᠶᠢ ᠡᠬᠦᠳᠦᠭᠦ ᠪᠠᠷ ᠬᠦᠴᠦᠯᠡᠨ ᠲᠡᠮᠡᠴᠡᠨ᠂ ᠵᠢᠩᠬᠢᠨᠢ ᠠᠩᠬᠢ ᠳᠤ 850 | ᠰᠤᠷᠤᠬᠴᠢ ᠡᠯᠰᠡᠭᠳᠡᠬᠦ᠂ ᠴᠢᠩᠬᠤᠸᠠ᠂ ᠪᠡᠭᠡᠵᠢᠩ ᠶᠡᠭᠡ ᠰᠤᠷᠭᠠᠭᠤᠯᠢ ᠳᠤ 6 ᠰᠤᠷᠤᠬᠴᠢ ᠡᠯᠰᠡᠭᠳᠡᠬᠦ ᠬᠠᠷᠠᠯᠲᠠ ᠶᠢ | ᠪᠡᠶᠡᠯᠡᠬᠦᠯᠦᠨ᠎ᠡ᠃ | ᠰᠤᠶᠤᠯ ᠲᠠᠮᠢᠷ ᠤᠨ ᠤᠶᠢᠯᠡᠰ ᠢ ᠬᠦᠭᠵᠢᠬᠦᠯᠦᠨ᠎ᠡ᠃ ᠺᠢᠨᠣ᠋ ᠶᠢᠨ ᠠᠰᠠᠷ ᠢ ᠠᠰᠢᠭᠯᠠᠯᠲᠠ ᠳᠤ ᠣᠷᠣᠭᠤᠯᠵᠤ᠂ | ᠲᠦᠯᠬᠢᠨ ᠠᠬᠢᠭᠤᠯᠵᠤ ᠪᠠᠶᠢᠨ᠎ᠠ᠃ ᠰᠣᠶᠣᠯ ᠤᠨ ᠰᠣᠳᠣᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ | ᠤᠷᠠᠯᠢᠭ ᠤᠨ ᠵᠣᠬᠢᠶᠠᠨ ᠪᠦᠲᠦᠭᠡᠬᠦ ᠠᠵᠢᠯ ᠢ ᠥᠷᠨᠢᠭᠦᠯᠵᠦ᠂ ︽ᠫᠢᠩᠵᠢᠦᠶ ᠵᠦᠴᠦᠭᠡ ᠶᠢᠨ ᠥᠯᠥᠭᠡᠶ︾ ᠶᠢ | ᠡᠬᠦᠳᠦᠨ᠎ᠡ᠃ ᠰᠣᠶᠣᠯ ᠤᠨ ᠡᠬᠢ ᠪᠠᠶᠠᠯᠢᠭ ᠢ ᠢᠯᠡᠷᠡᠬᠦᠯᠬᠦ᠂ ᠡᠮᠬᠢᠯᠡᠬᠦ ᠪᠠ ᠬᠠᠮᠠᠭᠠᠯᠠᠬᠤ ᠶᠢ ᠴᠢᠩᠭᠠᠳᠬᠠᠵᠤ᠂ ᠯᠢᠶᠤᠤ | ᠤᠯᠤᠰ ᠤᠨ ᠲᠤᠮᠳᠠᠳᠤ ᠨᠡᠶᠢᠰᠯᠡᠯ ᠤᠨ ᠪᠠᠭᠤᠷᠢ ᠶᠢ ᠬᠠᠮᠭᠠᠯᠠᠬᠤ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ | ᠪᠡᠶᠡᠯᠡᠬᠦᠯᠦᠨ᠎ᠡ᠃ ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠶᠡᠬᠡᠪᠡᠷ | ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢ ᠡᠩ ᠲᠡᠷᠢᠭᠦᠨ ᠳᠤ ᠬᠥᠭᠵᠢᠭᠦᠯᠵᠦ᠂ ᠬᠥᠯ | ᠪᠥᠮᠪᠥᠭᠡᠨ ᠤ ᠲᠤᠰᠬᠠᠶ ᠴᠢᠳᠠᠪᠤᠷᠢᠲᠠᠨ ᠢ ᠬᠦᠮᠦᠵᠢᠬᠦᠯᠦᠨ᠎ᠡ᠃ ᠪᠤᠷᠬᠠᠨᠲᠤ ᠳᠤᠮᠳᠠᠳᠤ ᠰᠤᠷᠭᠠᠭᠤᠯᠢ ᠳᠤ ᠬᠥᠯ | ᠪᠥᠮᠪᠥᠭᠡᠨ ᠤ ᠣᠷᠳᠣᠨ ᠢ ᠪᠠᠶᠢᠭᠤᠯᠤᠨ᠎ᠠ᠃ ᠷᠠᠳᠢᠣ᠋ ᠨᠡᠪᠲᠡᠷᠡᠭᠦᠯᠭᠡ ᠲᠧᠯᠸᠢᠰ ᠤᠨ ᠫᠷᠤᠭ᠍ᠷᠠᠮ ᠤᠨ ᠶᠠᠰᠤ ᠴᠢᠨᠠᠷ ᠢ | ᠲᠡᠭᠡᠭᠰᠢᠯᠡᠬᠦᠯᠦᠨ᠎ᠡ᠃ | ᠡᠷᠡᠬᠦᠯ ᠬᠠᠮᠭᠠᠯᠠᠯ ᠲᠥᠯᠥᠪᠯᠡᠭᠡᠲᠤ ᠦᠷᠡᠵᠢᠯ ᠤᠨ ᠦᠢᠯᠡᠴᠢᠯᠡᠭᠡ ᠶᠢ ᠰᠢᠯᠢᠳᠡᠭᠵᠢᠬᠦᠯᠦᠨ᠎ᠡ᠃ ᠤᠯᠤᠰ ᠠᠴᠠ ᠪᠡᠯᠡ | ᠤᠷᠤᠭᠤᠯᠤᠬᠰᠠᠨ ᠡᠷᠡᠭᠦᠯ ᠬᠠᠮᠠᠭᠠᠯᠠᠯ ᠤᠨ ᠬᠤᠷᠢᠶᠠᠨ ᠤ ᠲᠥᠷᠥᠯ ᠵᠦᠢᠯ ᠢ 3 ᠲᠡᠮᠡᠴᠡᠨ ᠤᠯᠤᠨ᠎ᠠ᠃ ᠡᠷᠡᠭᠦᠯ | ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠢᠶᠠᠨ᠂ ᠰᠢᠶᠠᠩ᠂ | ᠲᠤᠰᠬᠤᠨ ᠭᠤᠷᠪᠠᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ | ᠦᠢᠯᠡᠴᠢᠯᠡᠭᠡᠨ ᠤ ᠰᠢᠰᠲ᠋ᠧᠮ ᠢ ᠲᠡᠬᠦᠯᠳᠡᠷᠵᠢᠬᠦᠯᠦᠨ᠎ᠡ᠃ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠮ ᠡᠮᠨᠡᠯᠭᠡ ᠶᠢᠨ | ᠪᠠᠶᠢᠭᠤᠯᠤᠮᠵᠢ ᠶᠢᠨ ᠶᠡᠷᠦᠩᠬᠡᠶ ᠰᠠᠯᠠᠭᠠᠨ ᠤ ᠡᠮᠴᠢ ᠶᠢ 5 —8 ᠬᠥᠮᠦᠨ ᠶᠢ ᠬᠥᠮᠥᠵᠢᠬᠦᠯᠦᠨᠡ᠃ ᠪᠡᠭᠡᠵᠢᠩ ᠤᠨ | ᠡᠯ᠎ᠡ ᠶᠡᠭᠡ ᠡᠮᠨᠡᠯᠭᠡ ᠶᠢᠨ ᠬᠤᠷᠢᠶ᠎ᠠ ᠲᠠᠢ ᠬᠠᠷᠢᠯᠴᠠᠵᠦ ᠬᠤᠷᠰᠢᠯᠴᠠᠬᠤ ᠪᠠᠨ ᠦᠷᠭᠦᠯᠵᠢᠯᠡᠨ ᠴᠢᠩᠭᠠᠳᠬᠠᠵᠤ᠂ | ᠭᠤᠷᠪᠠᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠪᠦᠬᠦ ᠲᠠᠯ᠎ᠠ ᠪᠠᠷ | ᠲᠡᠭᠡᠭᠰᠢᠯᠡᠬᠦᠯᠦᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠠᠳᠬᠤᠵᠤ᠂ ᠬᠥᠨᠳᠦ | ᠶᠡᠭᠡ ᠬᠠᠯᠳᠠᠪᠤᠷᠢᠲᠤ ᠡᠪᠡᠳᠴᠢᠨ ᠡᠭᠦᠰᠬᠦ ᠶᠢ ᠴᠢᠩᠭ᠎ᠠ ᠬᠤᠷᠢᠬᠯᠠᠨ᠎ᠠ᠃ ︽ᠬᠤᠶᠠᠷ ᠬᠡᠦᠬᠡᠳ ᠠᠪᠴᠤ ᠪᠣᠯᠬᠤ︾ | ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠪᠠ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠤᠯᠠᠨ | ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠦᠬᠡᠳ ᠠᠪᠬᠤ ᠶᠢ | ᠵᠢᠷᠤᠮᠵᠢᠭᠤᠯᠵᠤ᠂ ᠵᠢᠷᠮᠦᠰᠦᠯᠡᠬᠦ ᠠᠴᠠ ᠡᠮᠤᠨᠡᠬᠢ ᠦᠷᠡᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠰᠤᠶᠢᠳᠭᠡᠯ | ᠬᠤᠷᠢᠶᠠᠬᠤ ᠦᠭᠡᠢ ᠢᠨᠵᠧᠨᠧᠷᠢᠩ ᠢ ᠥᠷᠬᠦᠯᠵᠢᠯᠡᠨ ᠠᠬᠢᠭᠤᠯᠵᠦ᠂ ᠬᠥᠮᠦᠨ ᠠᠮᠠ ᠶᠢᠨ ᠲᠦᠷᠦᠵᠤ ᠨᠡᠮᠡᠭᠳᠡᠬᠦ | ᠨᠤᠷᠮ᠎ᠠ ᠶᠢ 12.7 ‰ ᠶᠢᠨ ᠳᠣᠲᠣᠷ᠎ᠠ ᠬᠢᠵᠠᠭᠠᠷᠯᠠᠨ᠂ ᠠᠶᠠᠨᠳᠠᠭᠠᠨ ᠨᠡᠮᠡᠭᠳᠡᠬᠦ ᠨᠤᠷᠮ᠎ᠠ ᠶᠢ 7 ‰ ᠶᠢᠨ ᠳᠣᠲᠣᠷ᠎ᠠ | ᠭ᠊ ᠬᠢᠵᠠᠭᠠᠷᠯᠠᠨ᠂ ᠲᠦᠷᠦᠵᠦ ᠮᠡᠨᠳᠦᠯᠡᠬᠦ ᠬᠥᠮᠦᠨ ᠠᠮᠠ ᠶᠢᠨ ᠬᠦᠦ ᠬᠡᠦᠬᠡᠨ ᠤ ᠬᠠᠷᠢᠴᠠᠯ ᠢ ᠪᠦᠲᠦᠮᠵᠢᠲᠡᠶ ᠪᠠᠷ | ᠬᠢᠵᠠᠭᠠᠷᠯᠠᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠬᠤ ᠡᠷᠴᠢᠮ ᠢ ᠴᠢᠩᠭᠠᠷᠠᠭᠤᠯᠵᠤ᠂ ᠤᠯᠠᠨ ᠲᠦᠮᠡᠨ ᠤ ᠵᠣᠯ | ᠵᠢᠷᠭᠠᠯ ᠤᠨ ᠵᠢᠭᠠᠯᠲᠠ ᠲᠤᠭ᠎ᠠ ᠶᠢ ᠲᠡᠭᠡᠭᠰᠢᠯᠡᠬᠦᠯᠦᠨ᠎ᠡ | ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠤᠯᠤᠰ ᠤᠨ | ᠨᠠᠷᠢᠯᠢᠭ ᠣᠨᠣᠴᠢᠲᠠᠶ ᠪᠠᠷ ᠶᠠᠳᠠᠭᠤ ᠶᠢ ᠲᠡᠳᠬᠦᠬᠦ᠂ ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠬᠢᠵᠢᠷᠠᠭᠤᠯᠬᠤ | ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠦᠢᠯᠡᠳᠪᠦᠷᠢᠯᠡᠯ ᠢ ᠬᠥᠭᠵᠢᠭᠦᠯᠵᠦ ᠨᠢᠭᠡ ᠪᠦᠯᠦᠭ ᠢ | ᠶᠠᠳᠠᠭᠤ ᠠᠴᠠ ᠠᠩᠭᠢᠵᠢᠷᠠᠭᠤᠯᠬᠤ᠂ ᠣᠨᠳᠣᠣ ᠭᠠᠵᠠᠷ ᠨᠡᠬᠦᠯᠬᠡᠵᠥ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ | ᠂ ᠠᠮᠢ ᠠᠬᠤᠶ ᠶᠢᠨ ᠨᠥᠬᠦᠪᠥᠷᠢ ᠤᠯᠭᠤᠵᠦ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ᠂ ᠰᠤᠷᠭᠠᠨ | ᠬᠥᠮᠦᠵᠢᠯ ᠢ ᠭᠦᠭᠵᠢᠬᠦᠯᠵᠦ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ᠂ ᠨᠡᠶᠢᠭᠡᠮ ᠤᠨ ᠪᠠᠲᠤᠯᠠᠭ᠎ᠠ ᠪᠠᠷ | ᠨᠢᠭᠡ ᠪᠦᠯᠦᠭ ᠢ ᠠᠷᠢᠯᠭᠠᠬᠤ᠂ ︽ᠲᠠᠪᠤᠨ ᠨᠢᠭᠡ ᠪᠦᠯᠦᠭ︾ ᠤᠨ ᠶᠠᠳᠠᠭᠤ ᠠᠴᠠ ᠠᠩᠭᠢᠵᠢᠷᠠᠭᠤᠯᠬᠤ ᠠᠵᠢᠯᠯᠠᠭ᠎ᠠ | ᠪᠠᠷ ᠲᠠᠮᠵᠢᠭᠤᠯᠤᠨ᠂ ᠲᠡᠳᠬᠦᠭᠳᠡᠬᠦ ᠡᠲᠡᠭᠡᠳ ᠨᠠᠷᠢᠯᠢᠭ ᠤᠨᠤᠴᠢᠳᠠᠢ᠂ ᠲᠥᠷᠥᠯ ᠵᠤᠶᠢᠯ ᠤᠨ ᠲᠤᠬᠢᠷᠠᠭᠤᠯᠤᠯᠲᠠ | ᠨᠠᠷᠢᠯᠢᠭ ᠤᠨᠤᠴᠢᠳᠠᠢ ᠂ ᠪᠡᠯᠡ ᠮᠥᠩᠭᠦ ᠬᠡᠷᠡᠭᠯᠡᠬᠦ ᠨᠠᠷᠢᠯᠢᠭ ᠤᠨᠤᠴᠢᠳᠠᠢ᠂ ᠠᠷᠭ᠎ᠠ ᠬᠡᠮᠵᠢᠶ᠎ᠡ ᠡᠷᠥᠭᠡ ᠳᠤ ᠬᠦᠷᠦᠭᠦᠯᠬᠦ | ᠨᠠᠷᠢᠯᠢᠭ ᠤᠨᠤᠴᠢᠳᠠᠢ᠂ ᠲᠤᠰᠬᠤᠨ ᠳᠤ ᠬᠥᠮᠦᠨ ᠲᠤᠮᠢᠯᠠᠬᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ | ᠨᠠᠷᠢᠯᠢᠭ ᠣᠨᠣᠴᠢᠲᠠᠶ ︽ᠵᠢᠷᠭᠤᠭᠠᠨ ᠨᠠᠷᠢᠯᠢᠭ ᠣᠨᠣᠴᠢᠲᠠᠶ》ᠶᠠᠳᠠᠭᠤ ᠠᠴᠠ ᠠᠩᠬᠢᠵᠢᠷᠠᠭᠤᠯᠬᠤ ᠬᠠᠷᠠᠯᠲᠠ ᠶᠢ | ᠪᠡᠶᠡᠯᠡᠬᠦᠯᠦᠨ᠎ᠡ᠃ ᠮᠤᠵᠢ ᠶᠢᠨ ᠱᠠᠳᠤᠨ ᠤ ᠤᠳᠤᠷᠢᠳᠤᠯᠭ᠎ᠠ ᠺᠠᠳ᠋ᠷ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠲᠠᠢ | ᠬᠠᠷᠢᠴᠠᠬᠤ᠂ ᠬᠤᠳᠠ ᠶᠢᠨ ᠱᠠᠲᠤᠨ ᠤ ᠤᠳᠤᠷᠢᠳᠤᠯᠭ᠎ᠠ ᠺᠠᠳ᠋ᠷ ᠪᠠᠯᠭᠠᠰᠤ ᠰᠢᠶᠠᠩ ᠲᠠᠢ ᠬᠠᠷᠢᠴᠠᠬᠤ ᠠᠵᠠ ᠲᠣᠬᠢᠶᠠᠯ | ᠢ ᠴᠢᠩᠭ᠎ᠠ ᠠᠳᠬᠤᠨ᠂ ᠰᠢᠶᠠᠨ ᠤ ᠭᠠᠵᠠᠷ ᠤᠨ ᠳᠡᠰ ᠤᠨ ᠤᠳᠤᠷᠢᠳᠤᠯᠭ᠎ᠠ ᠪᠠᠯᠭᠠᠰᠤ ᠰᠢᠶᠠᠩ ᠢ ᠳᠠᠭᠠᠭᠠᠵᠤ | ᠲᠡᠳᠬᠦᠬᠦ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠠᠳᠠᠭᠤ ᠬᠦᠴᠢᠷᠳᠡᠯᠲᠡᠶ ᠭᠠᠴᠠᠭ᠎ᠠ ᠲᠠᠢ ᠬᠤᠣᠰᠯᠠᠨ | ᠬᠠᠪᠰᠤᠷᠴᠤ ᠲᠡᠳᠬᠦᠬᠦ ᠠᠵᠢᠯ ᠢ ᠦᠷᠬᠦᠯᠵᠢᠯᠠᠨ ᠰᠠᠶᠢᠳᠤᠷ ᠬᠢᠨ᠎ᠡ᠃ ᠠᠮᠢ ᠠᠬᠤᠶ ᠶᠢᠨ ᠠᠷᠠᠳ ᠢ ᠨᠡᠭᠦᠯᠭᠡᠬᠦ ᠂ | ᠣᠨᠳᠣᠣ ᠭᠠᠵᠠᠷ ᠶᠠᠳᠠᠭᠤ ᠶᠢ ᠲᠡᠳᠬᠦᠨ ᠨᠡᠭᠦᠯᠭᠡᠬᠦ ᠲᠥᠷᠥᠯ ᠵᠦᠢᠯ ᠢ ᠭᠡᠷᠩᠵᠢᠬᠦᠯᠦᠨ᠂ 443ᠡᠷᠦᠬᠡ᠂ 1550 | ᠬᠥᠮᠦᠨ ᠢ ᠨᠡᠬᠦᠯᠭᠡᠨ᠎ᠡ᠃ ︽ᠭᠤᠷᠪᠠ ᠶᠢ ᠲᠣᠰᠬᠤᠨ ᠬᠢᠭᠡᠳ ᠡᠷᠦᠬᠡ ᠳᠤ ᠬᠦᠷᠦᠭᠦᠯᠬᠦ︾ ᠨᠠᠷᠢᠯᠢᠭ ᠣᠨᠣᠴᠢᠲᠠᠶ | ᠶᠠᠳᠠᠭᠤ ᠶᠢ ᠲᠡᠳᠬᠦᠬᠦ᠂ ᠡᠷᠲᠡ ᠴᠢᠯᠥᠭᠡᠯᠡᠭᠳᠡᠭᠰᠡᠨ ᠣᠷᠣᠨ ᠳᠤ ᠰᠢᠯᠵᠢᠭᠦᠯᠦᠨ ᠥᠭᠬᠦ ᠵᠡᠷᠭᠡ ᠶᠠᠳᠠᠭᠤ ᠶᠢ ᠲᠡᠳᠬᠦᠬᠦ | ᠲᠤᠰᠬᠠᠶ ᠪᠠᠯᠠ ᠮᠥᠩᠭᠦ ᠶᠢ 6410 ᠲᠥᠮᠡᠨ ᠲᠥᠭᠦᠷᠢᠭ ᠪᠡᠯᠡ ᠤᠷᠤᠭᠤᠯᠤᠨ᠂ ᠮᠥᠩᠭᠦᠨ ᠭᠦᠢᠯᠭᠡᠭᠡᠨ ᠤ ᠶᠠᠳᠠᠭᠤ | ᠶᠢ ᠲᠡᠳᠬᠦᠵᠦ ᠠᠷᠠᠳ ᠢ ᠪᠠᠶᠠᠵᠢᠭᠤᠯᠬᠤ ᠵᠢᠭᠡᠯᠡᠯᠭᠡ ᠶᠢ 1.2 ᠳ᠋ᠥᠩᠰᠢᠭᠤᠷ ᠲᠥᠭᠦᠷᠢᠭ ᠨᠡᠮᠡᠨ ᠲᠠᠷᠬᠠᠭᠠᠵᠦ᠂ | ᠶᠠᠳᠠᠭᠤ ᠬᠦᠴᠢᠷᠳᠡᠯᠲᠡᠶ ᠤᠯᠠᠨ ᠲᠦᠮᠡᠨ ᠢ ᠡᠷᠦᠬᠡ ᠳᠠᠷᠠᠭᠠᠯᠠᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ᠂ 6000 ᠶᠠᠳᠠᠭᠤ ᠬᠦᠴᠢᠷᠳᠡᠯᠲᠡᠶ ᠤᠯᠠᠨ ᠲᠦᠮᠡᠨ ᠢ ᠶᠠᠳᠠᠭᠤ ᠠᠴᠠ ᠠᠩᠭᠢᠵᠢᠷᠠᠭᠤᠯᠬᠤ ᠶᠢ | ᠲᠤᠬᠳᠠᠭᠤᠨ ᠢᠶᠠᠷ ᠪᠡᠶᠡᠯᠡᠬᠦᠯᠦᠨ᠎ᠡ᠃ | ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠵᠢᠯ ᠤᠨ ᠡᠭᠦᠷᠭᠡ ᠶᠢ ᠪᠦᠬᠦ ᠲᠠᠯ᠎ᠠ ᠪᠠᠷ ᠪᠠᠶᠠᠯᠠᠬᠦᠯᠦᠨ᠎ᠠ | ᠃ ᠠᠯᠢᠪᠠ ᠵᠠᠰᠠᠭ ᠵᠠᠬᠢᠷᠭᠠᠨ ᠤ ᠲᠤᠰᠬᠤᠨ ᠪᠤᠯᠤᠨ ᠨᠠᠯᠢᠶᠠᠳ ᠶᠡᠭᠡ ᠪᠠᠶᠢᠭᠠᠯᠢ ᠲᠤᠰᠬᠤᠨ ᠤ《 ᠠᠷᠪᠠ ᠶᠢ | ᠬᠠᠮᠤᠷᠬᠤ》 ᠶᠢ ᠭᠤᠤᠯᠳᠠᠯᠭ᠎ᠠ ᠪᠤᠯᠭ᠎ᠠ ᠪᠡᠶᠡᠯᠡᠭᠦᠯᠵᠦ᠂ ᠡᠯ᠎ᠡ ᠵᠤᠶᠢᠯ ᠤᠨ ᠢᠨᠵᠧᠨᠧᠷᠢᠩ ᠢ ᠭᠡᠷᠩᠵᠢᠬᠦᠯᠬᠦ ᠶᠢ ᠪᠦᠬᠦ | ᠬᠥᠴᠥᠨ ᠢᠶᠠᠷ ᠲᠥᠯᠬᠢᠨ ᠠᠬᠢᠭᠤᠯᠤᠨ᠎ᠠ᠃ 917 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ | ᠂ ᠤᠤᠭᠤᠬᠤ ᠤᠰᠤᠨ ᠤ ᠠᠮᠤᠷ ᠲᠥᠪᠰᠢᠨ ᠤ ᠢᠨᠵᠧᠨᠧᠷᠢᠩ ᠢ 112 ᠪᠠᠶᠢᠭᠤᠯᠵᠤ ᠦᠭᠡᠷᠡᠴᠢᠯᠡᠵᠦ 3.1 ᠲᠥᠮᠡᠨ | ᠬᠦᠮᠦᠨ ᠢ ᠬᠠᠮᠤᠷᠤᠨ᠎ᠠ᠃ 3315 ᠺᠢᠯᠣᠮᠧᠲᠷ ᠵᠡᠭᠡᠯᠢ ᠭᠤᠳᠤᠮᠵᠢ ᠶᠢ ᠬᠠᠳᠠᠭᠤᠷᠠᠭᠤᠯᠬᠤ᠂ 8250 ᠡᠷᠦᠬᠡ ᠳᠤ | ᠲᠧᠯᠸᠢᠰ ︽ᠡᠷᠦᠬᠡ ᠪᠣᠯᠭᠠᠨ ᠳᠤ ᠨᠡᠪᠲᠡᠷᠡᠭᠦᠯᠬᠦ︾ ᠶᠢ ᠭᠡᠷᠩᠵᠢᠬᠦᠯᠬᠦ᠂ ᠰᠤᠷᠭᠠᠭᠤᠯᠢ ᠶᠢᠨ ᠬᠡᠷ ᠪᠠᠷᠢᠯᠭ᠎ᠠ ᠶᠢᠨ | ᠪᠦᠳᠦᠬᠡᠨ ᠪᠠᠶᠢᠭᠤᠯᠤᠯᠲᠠ ᠵᠢᠴᠢ ᠠᠮᠤᠷ ᠲᠥᠪᠰᠢᠨ ᠤ ᠦᠭᠡᠷᠡᠴᠢᠯᠡᠯᠲᠡ ᠶᠢ 77 ᠰᠠᠤᠷᠢ ᠭᠡᠷᠩᠵᠢᠬᠦᠯᠬᠦ᠂ | ᠪᠠᠷᠢᠮᠵᠢᠶᠠᠵᠢᠭᠤᠯᠤᠭᠰᠠᠨ ᠡᠷᠡᠭᠦᠯ ᠬᠠᠮᠠᠭᠠᠯᠠᠯ ᠤᠨ ᠲᠠᠰᠤᠭ᠂ ᠰᠣᠶᠣᠯ ᠲᠣᠭᠯᠠᠭᠠᠮ ᠤᠨ ᠦᠷᠦᠬᠡ᠂ ᠠᠷᠠᠳ ᠲᠤ | ᠳᠥᠭᠦᠮ ᠦᠵᠡᠭᠦᠯᠬᠦ ᠬᠤᠯᠪᠣᠯᠳᠤᠭᠰᠠᠨ ᠬᠡᠳᠦ ᠳᠡᠯᠭᠡᠭᠦᠷ ᠢ ᠲᠤᠰᠪᠤᠷᠢ 9 ᠰᠢᠨ᠎ᠡ ᠪᠠᠷ ᠪᠠᠶᠢᠭᠤᠯᠬᠤ᠂ ᠨᠡᠶᠢᠭᠡᠮ ᠤᠨ | ᠪᠠᠲᠤᠯᠠᠭ᠎ᠠ ᠶᠢᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠳᠤ ᠬᠥᠷᠭᠡᠨ᠎ᠡ᠃ ︽ᠨᠢᠭᠡ ᠰᠢᠶᠠᠩ ᠨᠢᠭᠡ ᠦᠢᠯᠡᠰ | ᠡᠷᠬᠢᠯᠡᠬᠦ᠂ ᠨᠢᠭᠡ ᠲᠤᠰᠬᠤᠨ ᠨᠢᠭᠡ ᠦᠢᠯᠡᠳᠬᠦᠨ ᠲᠠᠢ ᠪᠠᠶᠢᠬᠤ︾ ᠬᠥᠭᠵᠢᠯᠲᠡ ᠶᠢᠨ ᠰᠡᠳᠬᠢᠴᠡ ᠶᠤᠰᠤᠭᠠᠷ᠂ ᠡᠯ᠎ᠡ | ᠭᠠᠴᠠᠭᠠᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠭᠵᠢᠭᠦᠯᠵᠦ ᠪᠠᠶᠠᠵᠢᠭᠤᠯᠬᠤ ᠠᠵᠤ ᠦᠢᠯᠡᠰ ᠢ | ᠵᠢᠯᠣᠭᠤᠳᠤᠨ ᠲᠠᠮᠵᠢᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠴᠡᠭᠴᠡᠯᠡᠨ ᠵᠠᠰᠠᠬᠤ ᠤᠷᠳᠤ | ᠬᠤᠭᠤᠴᠠᠭᠠᠨ ᠤ ᠦᠷ᠎ᠡ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠨᠢᠭᠡ ᠪᠦᠯᠦᠭ ᠲᠤᠰ ᠲᠤᠰ ᠤᠨ ᠣᠨᠴᠠᠯᠢᠭ | ᠪᠦᠬᠦᠢ ᠬᠡᠭᠡᠨᠴᠢᠷ ᠰᠠᠶᠢᠬᠠᠨ ᠬᠥᠳᠡᠭᠡ ᠲᠣᠰᠬᠤᠨ ᠢ ᠪᠠᠶᠢᠭᠤᠯᠤᠨ᠎ᠠ᠃ | ᠠᠳᠠᠯ ᠦᠢᠯᠡᠰ ᠴᠣᠭᠴᠠᠯᠠᠬᠤ ᠠᠵᠢᠯ ᠣᠯᠭᠤᠬᠤ ᠶᠢ ᠪᠦᠬᠦ ᠲᠠᠯ᠎ᠠ ᠪᠠᠷ ᠲᠦᠯᠬᠢᠨ ᠠᠭᠢᠭᠤᠯᠤᠨ᠎ᠠ᠃ ᠨᠡᠩ ᠢᠳᠡᠪᠬᠢᠲᠡᠶ | ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠭᠡᠷᠩᠵᠢᠬᠦᠯᠵᠦ᠂ ᠶᠠᠳᠠᠭᠤ ᠬᠦᠴᠢᠷᠳᠡᠯᠲᠡᠶ ᠭᠡᠷ ᠪᠦᠯᠢ ᠶᠢᠨ | ᠢᠯᠠᠩᠭᠤᠶ᠎ᠠ ᠠᠵᠢᠯ ᠣᠯᠤᠭᠠᠳᠤᠶ ᠭᠡᠷ ᠪᠦᠯᠢ᠂ ᠳᠡᠭᠡᠳᠦ ᠰᠤᠷᠭᠠᠭᠤᠯᠢ ᠲᠡᠭᠦᠰᠦᠭᠰᠡᠳ ᠪᠠ ᠴᠡᠷᠢᠭ ᠠᠴᠠ | ᠬᠠᠯᠠᠭᠳᠠᠭᠰᠠᠳ ᠲᠤ ᠠᠵᠢᠯ ᠣᠯᠭᠤᠬᠤ ᠠᠰᠠᠭᠤᠳᠠᠯ ᠢ ᠨᠢᠭᠡᠳᠦᠯᠲᠡᠶ ᠲᠥᠯᠥᠪᠯᠡᠨ ᠰᠠᠶᠢᠲᠤᠷ ᠰᠢᠶ᠋ᠳᠪᠦᠷᠢᠯᠡᠵᠦ᠂ | ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ᠂ ᠠᠳᠠᠯ ᠦᠢᠯᠡᠰ ᠪᠤᠰᠬᠠᠬᠤ ᠰᠠᠭᠤᠷᠢᠨ ᠭᠠᠵᠠᠷ ᠵᠡᠷᠭᠡ | ᠤᠯᠠᠨ ᠲᠦᠮᠡᠨ ᠳᠤ ᠬᠠᠨᠳᠤᠭᠤᠯᠵᠤ ᠠᠳᠠᠯ ᠦᠢᠯᠡᠰ ᠪᠤᠰᠬᠠᠬᠤ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠵᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠤᠯᠬᠤ ᠴᠢᠳᠠᠪᠤᠷᠢ ᠶᠢ ᠲᠠᠶᠢᠴᠢᠯᠠᠬᠤ ᠶᠢ | ᠲᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢᠨ ᠠᠵᠢᠯ ᠣᠯᠭᠤᠯᠲᠠ ᠶᠢ2200 ᠬᠥᠮᠦᠨ ᠰᠢᠨ᠎ᠡ ᠪᠠᠷ ᠨᠡᠮᠡᠭᠳᠡᠬᠦᠯᠵᠦ᠂ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.0% ᠳᠣᠲᠣᠷ᠎ᠠ ᠬᠢᠵᠠᠭᠠᠷᠯᠠᠨ᠎ᠠ᠃ ᠠᠳᠠᠯ ᠦᠢᠯᠡᠰ | ᠴᠤᠬᠴᠠᠯᠠᠬᠤ ᠬᠥᠭᠵᠢᠯᠲᠡ ᠶᠢᠨ ᠰᠠᠭᠤᠷᠢ ᠮᠥᠩᠭᠦ 300 ᠲᠦᠮᠡᠨ ᠲᠥᠭᠦᠷᠢᠭ ᠪᠡᠯᠡᠳᠭᠡᠵᠦ᠂ ᠠᠳᠠᠯ ᠦᠢᠯᠡᠰ | ᠴᠣᠭᠴᠠᠯᠠᠬᠤ ᠨᠡᠪᠴᠢᠬᠦᠯᠬᠦ ᠬᠦᠷᠢᠶᠡᠯᠡᠩ ᠢ 3 ᠭᠠᠵᠠᠷ ᠰᠢᠨ᠎ᠡ ᠪᠠᠷ ᠪᠠᠶᠢᠭᠤᠯᠤᠨ᠎ᠠ᠃ ᠪᠠᠭ᠎ᠠ ᠲᠣᠭᠠᠨ ᠤ | ᠲᠠᠭᠠᠭᠠᠯᠳᠠᠳᠤ ᠵᠢᠭᠡᠯᠡᠯᠭᠡ ᠶᠢ 1500 ᠲᠦᠮᠡᠨ ᠲᠥᠭᠦᠷᠢᠭ ᠲᠠᠷᠬᠠᠭᠠᠵᠦ᠂ 300 ᠢᠯᠡᠬᠦᠦ ᠬᠦᠮᠦᠨ ᠢ ᠲᠡᠮᠵᠢᠵᠦ | ᠤᠶᠢᠯᠡᠰ ᠴᠤᠬᠴᠠᠯᠠᠭᠤᠯᠤᠨ᠂ 1000 ᠢᠯᠡᠬᠦᠦ ᠬᠥᠮᠥᠨ ᠤ ᠠᠵᠢᠯ ᠣᠯᠭᠤᠯᠲᠠ ᠶᠢ ᠲᠠᠶᠢᠴᠢᠯᠠᠨ᠎ᠠ᠃ ᠬᠥᠳᠡᠭᠡ | ᠲᠣᠰᠬᠤᠨ ᠤ ᠦᠯᠡᠭᠦᠦ ᠬᠥᠳᠡᠯᠮᠦᠷᠢ ᠬᠦᠴᠦ 10 ᠲᠦᠮᠡᠨ ᠢᠡᠯᠬᠦᠦ ᠬᠥᠮᠦᠨ ᠳᠤ ᠰᠢᠯᠵᠢᠬᠦᠯᠦᠨ ᠠᠵᠢᠯ | ᠤᠯᠭᠤᠵᠦ᠂ ᠬᠥᠳᠡᠯᠮᠦᠷᠢ ᠦᠢᠯᠡᠴᠢᠯᠡᠭᠡᠨ ᠤ ᠣᠷᠣᠯᠭ᠎ᠠ ᠶᠢ 15 ᠳ᠋ᠦᠩᠰᠢᠭᠤᠷ ᠲᠥᠭᠦᠷᠢᠭ ᠠᠴᠠ ᠳᠡᠭᠡᠭᠰᠢ | ᠪᠡᠶᠡᠯᠡᠬᠦᠯᠦᠨ᠎ᠡ᠃ | ᠨᠡᠶᠢᠭᠡᠮ ᠤᠨ ᠪᠠᠲᠤᠯᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠠᠷᠠᠳᠨᠡᠶᠢᠲᠡ ᠪᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ 5 ᠲᠦᠮᠡ ᠬᠥᠮᠦᠨ ᠳᠤ ᠭᠦᠷᠬᠡᠵᠦ᠂ | ᠬᠤᠲᠠ ᠪᠠᠯᠭᠠᠰᠤᠨ ᠤ ᠠᠵᠢᠯᠲᠠᠨ ᠠᠵᠢᠯᠴᠢᠳ ᠤᠨ ᠨᠠᠰᠤᠵᠢᠯ ᠤᠨ ᠠᠰᠠᠷᠠᠮᠵᠢ᠂ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ ᠲᠤᠰ ᠲᠤᠰ 500 ᠬᠥᠮᠦᠨ ᠰᠢᠨ᠎ᠡ ᠪᠠᠷ | ᠨᠡᠮᠡᠭᠳᠡᠬᠦᠯᠵᠦ᠂ ᠬᠤᠲᠠ ᠪᠠᠯᠭᠠᠰᠤ ᠶᠢᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ | 11 ᠲᠦᠮᠡᠨ ᠬᠥᠮᠦᠨ ᠠᠴᠠ ᠳᠡᠭᠡᠭᠰᠢ ᠪᠠᠶᠢᠯᠭᠠᠵᠤ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ | ᠡᠮᠨᠡᠯᠭᠡ ᠳᠤ ᠣᠷᠣᠯᠴᠠᠭᠰᠠᠨ ᠬᠥᠮᠦᠨ ᠤ ᠲᠤᠭ᠎ᠠ ᠶᠢ 45 ᠲᠦᠮᠡᠨ ᠬᠥᠮᠦᠨ ᠪᠤᠯᠭᠠᠨ᠎ᠠ᠃ ᠬᠡᠦᠬᠡᠳ ᠤᠨ | ᠠᠰᠠᠷᠠᠮᠵᠢ ᠶᠢᠨ ᠬᠦᠷᠢᠶᠡᠯᠡᠩ᠂ ᠲᠢᠶᠠᠨ ᠢ ᠲᠥᠪ ᠨᠠᠰᠤᠲᠠᠨ ᠠᠰᠠᠷᠠᠬᠤ ᠬᠦᠷᠢᠶᠡᠯᠡᠩ ᠤᠨ ᠲᠥᠷᠥᠯ ᠵᠦᠢᠯ ᠤᠨ | ᠪᠥᠳᠥᠭᠡᠨ ᠪᠠᠶᠢᠭᠤᠯᠤᠯᠲᠠ ᠶᠢ ᠠᠬᠢᠭᠤᠯᠵᠦ᠂ ᠰᠢᠶᠠᠩ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠢ 6 | ᠰᠠᠤᠷᠢ ᠰᠢᠨ᠎ᠡ ᠪᠠᠷ ᠪᠠᠶᠢᠭᠤᠯᠬᠤ ᠥᠭᠡᠷᠡᠴᠢᠯᠡᠨ᠂ A ᠲᠥᠷᠥᠯ ᠤᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠨᠥᠬᠦᠪᠥᠷᠢ ᠶᠢᠨ ᠬᠢᠷᠢ ᠬᠡᠮᠵᠢᠶ᠎ᠡ ᠶᠢ ᠵᠣᠬᠢᠰᠲᠠᠶ ᠪᠠᠷ ᠳᠡᠭᠡᠭᠰᠢᠯᠡᠭᠦᠯᠦᠨ᠎ᠡ᠃ ᠡᠮᠨᠡᠯᠭᠡ ᠶᠢᠨ ᠠᠪᠤᠷᠠᠨ | ᠲᠤᠰᠠᠯᠠᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠵᠡᠮᠳᠡᠭᠴᠦᠳ ᠤᠨ ᠬᠤᠯᠪᠣᠭᠠᠲᠤ ᠬᠤᠷᠠᠯ᠂ | ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠬᠦᠨᠳᠦ ᠡᠪᠡᠳᠴᠢᠳᠠᠨ ᠤ ᠠᠪᠤᠷᠠᠨ ᠲᠤᠰᠠᠯᠠᠯᠲᠠ ᠶᠢᠨ | ᠪᠠᠳᠤᠯᠠᠭ᠎ᠠ ᠶᠢ ᠴᠢᠩᠭᠠᠷᠠᠭᠤᠯᠵᠤ᠂ ᠬᠥᠴᠢᠷᠳᠡᠯᠳᠡᠢ ᠪᠠᠭᠤᠷᠠᠢ ᠤᠯᠠᠨ ᠲᠥᠮᠡᠨ ᠢ ᠴᠢᠷᠮᠠᠶᠢᠨ ᠠᠪᠤᠷᠠᠨ ᠲᠤᠰᠠᠯᠠᠨ᠎ᠠ᠃ | ᠵᠤᠭᠤᠰᠴᠢᠯᠠᠬᠤ ᠠᠷᠭ᠎ᠠ ᠮᠠᠶ᠋ᠢᠭ ᠢ ᠠᠪᠴᠤ᠂ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ 90 | ᠢᠵᠢ ᠰᠢᠢᠳᠪᠤᠷᠢᠯᠡᠵᠦ᠂ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ 50 ᠡᠷᠦᠬᠡ ᠶᠢ | ᠦᠭᠡᠷᠡᠴᠢᠯᠡᠨ᠎ᠡ᠃ | ︵ᠲᠤᠯᠤᠭ᠎ᠠ︶ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ ᠴᠢᠩᠭᠠᠳᠬᠠᠵᠤ᠂ ᠨᠡᠶᠢᠭᠡᠮ ᠤᠨ ᠡᠶ᠎ᠡ | ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠭᠠᠯᠠᠨᠠ | ᠠᠮᠢ ᠠᠬᠤᠶ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠡᠭᠡᠵᠢᠩ ᠲᠢᠶᠠᠨᠵᠢᠨ ᠤ ᠰᠠᠯᠬᠢ ᠲᠣᠭᠤᠰᠣᠨ ᠤ ᠡᠬᠢ ᠶᠢ | ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠮᠢ ᠠᠬᠤᠶ ᠶᠢᠨ | ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠤᠰᠤ ᠰᠢᠷᠤᠢ ᠶᠢ ᠬᠠᠮᠭᠠᠯᠠᠵᠦ ᠵᠠᠰᠠᠬᠤ 5 ᠲᠦᠮᠡᠨ ᠮᠣ᠋᠂ ᠤᠢ | ᠰᠢᠭᠤᠶ ᠶᠢ ᠡᠵᠡᠩᠨᠡᠨ ᠣᠶᠢᠵᠢᠭᠤᠯᠬᠤ 1.5 ᠲᠦᠮᠡᠨ ᠮᠤ᠋᠂ ᠭᠤᠣᠯᠳᠠᠯᠭ᠎ᠠ ᠲᠠᠢ ᠣᠷᠣᠨ ᠪᠦᠰᠡ ᠶᠢᠨ | ᠨᠣᠭᠤᠭᠠᠷᠠᠭᠤᠯᠤᠯᠲᠠ ᠶᠢ1.5 ᠲᠦᠮᠡᠨ ᠮᠥ ᠰᠢᠨ᠎ᠡ ᠪᠠᠷ ᠨᠡᠮᠡᠭᠳᠡᠬᠦᠯᠦᠨ᠎ᠡ᠃᠂ ᠤᠯᠠᠭᠠᠨᠬᠠᠲᠠ ᠠᠴᠠ ᠯᠢᠩᠶᠤᠸᠠᠨ | ᠭᠦᠷᠭᠦ ᠨᠢᠭᠡ ᠲᠡᠰ ᠤᠨ ᠵᠠᠮ ᠢ ᠣᠶ ᠰᠢᠭᠤᠶ ᠵᠢᠮᠢᠰ ᠢᠶᠠᠷ ᠨᠣᠭᠤᠭᠠᠷᠠᠭᠤᠯᠬᠤ 200 ᠮᠣ᠋ ᠶᠢ ᠭᠡᠷᠩᠵᠢᠬᠦᠯᠦᠨ᠂ ᠤᠢ | ᠵᠢᠮᠢᠰ ᠤᠨ ᠨᠣᠭᠤᠭᠠᠷᠠᠭᠤᠯᠬᠤ ᠰᠣᠳᠣᠨ ᠲᠤᠰᠬᠤᠨ ᠢ 35 ᠪᠠᠶᠢᠭᠤᠯᠤᠨ᠎ᠠ᠃ ᠭᠤᠣᠯᠳᠠᠯᠭ᠎ᠠ ᠲᠠᠢ ᠣᠷᠣᠨ | ᠪᠦᠰᠡ ᠶᠢᠨ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠠᠭᠤᠷᠬᠠᠶ ᠶᠢᠨ ᠭᠠᠷᠤᠯᠲᠠ ᠶᠢᠨ | ᠡᠬᠢ ᠪᠠᠶᠠᠯᠢᠭ ᠢ ᠴᠡᠭᠴᠡᠯᠡᠬᠦ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠲᠢᠶᠠᠨ ᠢ ᠵᠡᠭᠡᠯᠢ ᠲᠣᠭᠤᠷᠢᠭ ᠤᠨ ᠬᠤᠭᠤᠯᠠ ᠤᠮᠳᠠᠭᠠᠨ | ᠤ ᠨᠢᠭᠡᠴᠡ ᠶᠢ ᠪᠦᠬᠦᠨ ᠢ ᠴᠡᠪᠡᠷᠰᠢᠭᠦᠯᠬᠦ ᠲᠥᠬᠦᠭᠡᠷᠦᠮᠵᠢ ᠤᠬᠰᠠᠷᠠᠭᠤᠯᠤᠨ᠂ 10 ᠲᠣᠨ ᠵᠢᠴᠢ ᠲᠡᠭᠦᠨ ᠠᠴᠠ | ᠳᠣᠷᠣᠭᠰᠢᠬᠢ ᠠᠵᠤ ᠦᠢᠯᠡᠳᠪᠦᠷᠢ ᠶᠢᠨ ᠨᠡᠭᠦᠷᠡᠰᠦ ᠰᠢᠲᠠᠭᠠᠬᠤ ᠬᠥᠸᠧᠯᠤ ᠶᠢᠨ ᠲᠣᠭᠤᠰᠣ ᠠᠷᠢᠯᠭᠠᠬᠤ ᠬᠦᠬᠦᠷ | ᠥᠬᠡᠶᠢᠳᠡᠭᠦᠯᠬᠦ ᠪᠠᠷᠢᠮᠵᠢᠶ᠎ᠠ ᠶᠢ ᠦᠭᠡᠷᠡᠴᠢᠯᠡᠬᠦ ᠶᠢ ᠠᠬᠢᠭᠤᠯᠤᠨ᠎ᠠ᠃ ᠤᠰᠤᠨ ᠂ ᠬᠦᠷᠦᠰᠦ ᠰᠢᠷᠤᠢ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠶᠢ ᠡᠬᠢᠯᠡᠭᠦᠯᠵᠦ᠂ ᠵᠢᠯ ᠤᠨ ᠰᠡᠷᠭᠡᠶᠢᠯᠡᠨ ᠵᠠᠰᠠᠬᠤ ᠡᠭᠦᠷᠭᠡ ᠶᠢ | ᠪᠡᠶᠡᠯᠡᠬᠦᠯᠦᠨ᠎ᠡ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠮᠢ ᠠᠬᠤᠶ ᠶᠢᠨ ᠴᠢᠳᠠᠮᠵᠢᠳᠤ ᠣᠷᠣᠨ ᠪᠣᠯᠤᠨ ᠠᠮᠢ | ᠠᠬᠤᠶ ᠶᠢᠨ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢ ᠴᠢᠩᠭᠠᠷᠠᠭᠤᠯᠤᠨ᠂ ᠭᠤᠣᠯᠳᠠᠯᠭ᠎ᠠ ᠲᠠᠢ ᠠᠵᠢᠯ | ᠲᠦᠷᠦᠯ᠂ ᠭᠤᠣᠯᠳᠠᠯᠭ᠎ᠠ ᠲᠠᠢ ᠬᠦᠷᠢᠶ᠎ᠡ ᠣᠷᠴᠢᠨ ᠠᠬᠤᠶ ᠶᠢᠨ ᠠᠶᠤᠯ ᠲᠦᠭᠰᠢᠭᠦᠷᠢ ᠲᠠᠯᠳᠠ ᠭᠡᠮ ᠢ ᠲᠤᠰᠬᠠᠶ | ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠬᠦᠯᠦᠨ᠂ ᠠᠷᠠᠳ ᠤᠯᠠᠨ ᠤ ᠣᠷᠴᠢᠨ ᠠᠬᠤᠶ ᠶᠢᠨ ᠡᠷᠬᠡ | ᠠᠰᠢᠭ ᠢ ᠪᠠᠳᠤᠯᠠᠨ᠎ᠠ᠃ | ᠨᠡᠶᠢᠭᠡᠮ ᠢ ᠵᠠᠰᠠᠬᠤ ᠲᠠᠯ᠎ᠠ ᠪᠠᠷ ᠰᠢᠨ᠎ᠡ ᠶᠢ ᠡᠬᠦᠳᠦᠨ᠎ᠡ᠃ ︽ᠳᠣᠯᠣᠳᠤᠭᠠᠷ ᠲᠠᠪᠤᠨ 》 ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠡᠬᠢᠯᠡᠬᠦᠯᠵᠦ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ | ᠭᠦᠨᠵᠡᠭᠡᠶ ᠥᠷᠨᠢᠭᠦᠯᠵᠦ᠂ ᠬᠠᠤᠯᠢ ᠪᠠᠷ ᠰᠢᠶᠠᠨ ᠢᠶᠠᠨ ᠵᠠᠰᠠᠬᠤ ᠠᠬᠢᠴᠠ ᠶᠢ ᠲᠦᠯᠬᠢᠨ ᠠᠬᠢᠭᠤᠯᠵᠤ᠂ ᠠᠷᠠᠳ | ᠨᠡᠶᠢᠲᠡ ᠶᠢᠨ ᠬᠠᠤᠯᠢ ᠪᠠᠷ ᠵᠠᠰᠠᠬᠤ ᠦᠵᠡᠯ ᠤᠬᠠᠮᠰᠠᠷ ᠪᠠ ᠪᠦᠬᠦ ᠨᠡᠶᠢᠭᠡᠮ ᠤᠨ ᠬᠠᠤᠯᠢ ᠪᠠᠷ ᠵᠠᠰᠠᠬᠤ ᠬᠢᠷᠢ | ᠬᠡᠮᠵᠢᠶ᠎ᠡ ᠶᠢ ᠲᠡᠭᠡᠭᠰᠢᠯᠡᠬᠦᠯᠦᠨ᠎ᠡ᠃ ᠠᠮᠤᠷ ᠲᠦᠪᠰᠢᠨ ᠨᠢᠩᠴᠧᠩ ᠢ ᠪᠠᠶᠢᠭᠤᠯᠬᠤ ᠶᠢ ᠬᠥᠨᠵᠡᠬᠡᠶᠢᠷᠡᠬᠦᠯᠦᠨ᠂ | ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠡᠮᠬᠢ ᠳᠢᠭᠯᠢᠮ ᠲᠣᠭᠲᠠᠭᠤᠨ | ᠪᠠᠶᠢᠬᠤ ᠶᠢ ᠪᠠᠳᠤᠯᠠᠨ᠎ᠠ᠃ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠨᠡᠶᠢᠭᠡᠮ ᠤᠨ ᠶᠠᠷᠢᠶ᠎ᠠ ᠭᠡᠯᠡᠯᠴᠡᠭᠡ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠬᠤ ᠪᠠ | ᠬᠠᠷᠢᠭᠤᠯᠲᠠ ᠥᠭᠭᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠦᠨᠳᠦᠰᠦᠨ ᠱᠠᠲᠤᠨ ᠤ ᠰᠠᠭᠤᠷᠢ ᠠᠵᠢᠯ ᠢ | ᠴᠢᠩᠭᠠᠳᠬᠠᠵᠤ᠂ ᠡᠯ᠎ᠡ ᠵᠦᠢᠯ ᠤᠨ ᠵᠥᠷᠢᠴᠡᠯ ᠢ ᠴᠠᠭ ᠲᠤᠬᠠᠶ ᠳᠤᠨᠢ ᠰᠢᠶ᠋ᠳᠪᠦᠷᠢᠯᠡᠵᠦ᠂ ᠨᠢᠭᠡ ᠪᠦᠯᠦᠭ ᠳᠠᠷᠤᠭᠳᠠᠮᠠᠯ | ᠭᠡᠷᠩ ᠬᠥᠴᠢᠷ ᠬᠡᠷᠡᠭ ᠢ ᠰᠢᠢᠳᠪᠤᠷᠢᠯᠡᠨ᠎ᠠ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠡ᠊ᠨᠳᠡᠯ ᠡᠬᠦᠰᠬᠦ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠨ᠎ᠠ᠃ ᠬᠥᠳᠡᠯᠮᠦᠷᠢ ᠶᠢᠨ ᠬᠠᠤᠯᠢ | ᠬᠡᠷᠡᠭᠵᠢᠭᠦᠯᠬᠦ ᠬᠢᠨᠠᠨ ᠪᠠᠶᠢᠴᠠᠭᠠᠬᠤ ᠡᠷᠴᠢᠮ ᠢ ᠨᠡᠮᠡᠭᠳᠡᠭᠦᠯᠵᠦ᠂ ᠬᠦᠯᠦᠰᠦᠨ ᠠᠵᠢᠯᠴᠢᠨ ᠤ ᠴᠠᠯᠢᠩ ᠢ ᠥᠷᠢᠲᠦᠬᠦ | ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠨ᠎ᠡ᠃ ᠨᠠᠮ ᠤᠨ | ᠦᠨᠳᠦᠰᠦᠲᠡᠨ ᠱᠠᠰᠢᠨ ᠰᠤᠷᠲᠠᠬᠤᠨ ᠤ ᠲᠤᠬᠠᠶ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠪᠦᠯᠬᠦᠮᠳᠡᠯ ᠲᠠᠢ ᠪᠥᠭᠡᠳ ᠡᠶ᠎ᠡ ᠵᠣᠬᠢᠴᠠᠯ ᠲᠠᠢᠠᠰᠤᠷᠤ ᠰᠠᠶᠢᠨ ᠪᠠᠶᠢᠳᠠᠯ ᠢ ᠬᠠᠮᠭᠠᠯᠠᠨᠠ᠃ ᠬᠤᠶᠠᠳᠤᠭᠠᠷ | ᠤᠳᠠᠭᠠᠨ ᠤ ᠭᠠᠵᠠᠷ ᠤᠨ ᠨᠡᠷ᠎ᠡ ᠶᠢᠨ ᠨᠡᠶᠢᠳᠡᠮ ᠪᠠᠶᠢᠴᠠᠭᠠᠯᠲᠠ ᠶᠢ ᠭᠦᠨᠵᠡᠭᠡᠶ ᠥᠷᠨᠢᠭᠦᠯᠵᠦ᠂ ᠭᠠᠵᠠᠷ ᠤᠨ ᠨᠡᠷ᠎ᠡ ᠶᠢᠨ | ᠲᠡᠮᠳᠡᠭ ᠫᠠᠶᠢᠰᠠ ᠪᠠᠶᠢᠷᠢᠯᠠᠭᠤᠯᠬᠤ ᠶᠢ ᠪᠡᠶᠡᠯᠡᠬᠦᠯᠵᠦ᠂ ᠨᠥᠭᠴᠢᠭᠰᠡᠨ ᠪᠠᠭᠠᠲᠤᠷ ᠤᠨ ᠤᠡᠭᠭᠤᠨᠲᠤ ᠬᠦᠷᠢᠶᠡᠯᠡᠩ ᠪᠠ | ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠨᠡᠭᠦᠯᠭᠡᠨ ᠪᠠᠶᠢᠭᠤᠯᠬᠤ ᠶᠢ ᠠᠬᠢᠭᠤᠯᠤᠨ᠎ᠠ ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠭᠦᠨᠵᠡᠭᠡᠶ ᠥᠷᠨᠢᠭᠦᠯᠵᠦ᠂ ᠬᠤᠶᠠᠷ ᠢ ᠬᠦᠷᠢᠶᠡᠯᠡᠬᠦ᠂ ᠵᠡᠪᠰᠡᠭᠲᠦ ᠬᠦᠴᠦᠨ | ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠲᠤᠭ᠎ᠠ ᠪᠦᠷᠢᠳᠬᠡᠯ᠂ | ᠠᠵᠢᠯᠲᠠᠨ ᠤ ᠶᠠᠪᠤᠳᠠᠯ ᠤᠨ ᠴᠢᠳᠠᠪᠤᠷᠢᠲᠠᠨ᠂ ᠳᠠᠩᠰᠠ ᠡᠪᠬᠡᠮᠡᠯ᠂ ᠰᠢᠶᠠᠨ ᠤ ᠣᠶᠢᠯᠠᠯᠭ᠎ᠠ ᠶᠢ ᠦᠷᠭᠦᠯᠵᠢᠯᠡᠨ ᠵᠠᠰᠠᠬᠤ | ᠵᠡᠷᠭᠡ ᠠᠵᠢᠯ ᠢ ᠦᠷᠬᠦᠯᠵᠢᠯᠡᠨ ᠰᠠᠶᠢᠳᠤᠷ ᠬᠢᠨ᠎ᠡ᠃ | ︵ᠨᠠᠢᠮᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠦᠢᠯᠡᠴᠢᠯᠡᠭᠡᠨ ᠤ | ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠲᠡᠭᠡᠭᠰᠢᠯᠡᠬᠦᠯᠦᠨ᠎ᠡ | ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠰᠢᠶᠠᠨ ᠤ ᠨᠠᠮ ᠤᠨ ᠬᠤᠷᠢᠶᠠᠨ ᠤ ᠤᠳᠤᠷᠢᠳᠤᠯᠭ᠎ᠠ | ᠳᠣᠣᠷ᠎ᠠ᠂ ᠤᠬᠠᠮᠰᠠᠷ ᠠᠴᠠ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠯ ᠤᠨ ᠬᠢᠨᠠᠯᠲᠠ ᠶᠢ ᠬᠦᠯᠢᠶᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠳᠤ ᠠᠵᠢᠯ ᠢᠶᠠᠨ ᠮᠡᠳᠡᠭᠦᠯᠬᠦ᠂ ᠤᠯᠤᠰ ᠲᠦᠷᠤ ᠶᠢᠨ ᠵᠥᠪᠯᠡᠯᠭᠡᠨ ᠳᠤ ᠪᠠᠶᠢᠳᠠᠯ ᠢᠶᠠᠨ ᠮᠡᠳᠡᠬᠦᠯᠦᠨ᠎ᠡ᠃ | ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠪᠠᠷ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠬᠥᠭᠵᠢᠯᠲᠡ ᠶᠢ ᠠᠬᠢᠭᠤᠯᠵᠤ᠂ ᠵᠥᠷᠢᠴᠡᠯ ᠢ ᠰᠢᠶ᠋ᠳᠪᠦᠷᠢᠯᠡᠵᠦ᠂ ᠬᠠᠤᠯᠢ ᠳᠤ ᠲᠣᠭᠲᠠᠭᠠᠭᠰᠠᠨ | ᠡᠷᠬᠡ ᠶᠢᠨ ᠬᠡᠪᠴᠢᠶ᠎ᠡ ᠪᠠ ᠲᠠᠰ ᠲᠠᠷᠠᠭᠠᠯᠠᠯ ᠲᠠᠢ ᠡᠷᠭᠡ ᠪᠠᠨ ᠭᠡᠷᠩᠯᠡᠬᠦ ᠶᠢ ᠵᠢᠷᠤᠮᠯᠠᠨ᠂ ᠲᠤᠰᠢᠶᠠᠯ | ᠬᠠᠷᠢᠭᠤᠴᠠᠯᠭ᠎ᠠ ᠪᠠᠨ ᠬᠥᠢᠴᠡᠳᠭᠡᠨᠡ᠃ ᠰᠢᠨᠵᠢᠯᠡᠬᠦ ᠤᠬᠠᠭᠠᠨᠴᠢ ᠰᠢᠶ᠋ᠳᠪᠦᠷᠢᠲᠦ ᠪᠤᠳᠤᠯᠭ᠎ᠠ᠂ ᠵᠥᠪᠯᠡᠬᠦ | ᠠᠷᠠᠳᠴᠢᠯᠠᠯ ᠤᠨ ᠲᠣᠭᠲᠠᠴᠠ ᠶᠢ ᠲᠡᠭᠦᠯᠳᠡᠷᠵᠢᠬᠦᠯᠵᠦ᠂ ᠴᠢᠬᠤᠯᠠ ᠶᠡᠭᠡ ᠵᠦᠢᠯᠡᠰ ᠢ ᠲᠤᠰᠬᠠᠶ ᠮᠡᠷᠭᠡᠵᠢᠯᠲᠡᠨ ᠠᠴᠠ | ᠵᠥᠪᠯᠡᠯᠭᠡ ᠠᠪᠬᠤ᠂ ᠲᠦᠭᠰᠢᠭᠦᠷᠢ ᠶᠢ ᠦᠨᠡᠯᠡᠨ ᠵᠢᠱᠢᠬᠦ᠂ ᠨᠡᠶᠢᠭᠡᠮ ᠳᠤ ᠵᠠᠷᠯᠠᠨ ᠨᠡᠶᠢᠲᠡᠯᠡᠵᠦ᠂ ᠬᠠᠮᠲᠤ ᠪᠠᠷ | ᠰᠢᠶ᠋ᠳᠪᠦᠷᠢᠲᠦ ᠪᠤᠳᠤᠯᠭ᠎ᠠ ᠲᠣᠭᠲᠠᠭᠠᠬᠤ ᠵᠡᠷᠭᠡ ᠲᠦᠷᠢᠮ ᠢ ᠪᠠᠷᠢᠮᠳᠠᠯᠠᠵᠦ᠂ ᠰᠢᠶ᠋ᠳᠪᠦᠷᠢᠲᠦ ᠪᠤᠳᠤᠯᠭ᠎ᠠ | ᠲᠣᠭᠲᠠᠭᠠᠬᠤ ᠶᠢ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢ ᠳᠦᠷᠢᠮᠵᠢᠭᠦᠯᠬᠦ ᠬᠢᠷᠢ ᠬᠡᠮᠵᠢᠶ᠎ᠡ ᠶᠢ | ᠲᠡᠭᠡᠭᠰᠢᠯᠡᠬᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ | ᠦᠨᠡᠨ ᠬᠦ ᠴᠢᠩᠭ᠎ᠠ ᠵᠢᠷᠤᠮᠵᠢᠬᠦᠨ ᠲᠥᠪ ᠭᠤᠣᠯᠴᠢ ᠪᠣᠯᠪᠠᠰᠤᠨ ᠢᠶᠠᠷ ᠬᠠᠤᠯᠢ ᠭᠡᠷᠩᠵᠢᠬᠦᠯᠦᠨ᠎ᠡ᠃ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠶᠡᠬᠡᠪᠡᠷ ᠠᠬᠢᠭᠤᠯᠵᠦ᠂ ᠠᠷᠠᠳ ᠤᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ | ᠡᠷᠬᠡ᠂ ᠢᠯᠡᠳᠬᠡᠬᠦ ᠡᠷᠬᠡ ᠶᠢ ᠪᠠᠳᠤᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠵᠥᠪᠯᠡᠯᠭᠡ ᠶᠢ ᠨᠠᠷᠢᠨ ᠬᠢᠨᠠᠮᠠᠭᠠᠶ ᠬᠦᠢᠴᠡᠳᠭᠡᠵᠦ᠂ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ | ᠤ ᠬᠤᠯᠪᠣᠭᠠᠲᠤ ᠡᠪᠯᠡᠯ᠂ ᠨᠠᠮ ᠪᠦᠯᠦᠭ ᠤᠨ ᠪᠤᠰᠤ ᠬᠥᠮᠦᠰ ᠪᠠ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ | ᠥᠷᠭᠡᠨ ᠢᠶᠠᠷ ᠰᠤᠨᠤᠰᠤᠨ᠎ᠠ᠃ | ᠦᠷ᠎ᠡ ᠪᠥᠳᠥᠮᠵᠢᠳᠤ ᠵᠠᠰᠠᠭ ᠤᠨ ᠣᠷᠳᠣᠨ ᠢ ᠪᠠᠶᠢᠭᠤᠯᠤᠨ᠎ᠠ᠃ ᠠᠷᠠᠳ ᠣᠯᠠᠨ ᠤ ᠵᠠᠰᠠᠭ ᠤᠨ ᠣᠷᠳᠣᠨ ᠤ | ᠠᠵᠢᠯ ᠤᠨ ᠦᠷ᠎ᠡ ᠪᠦᠲᠦᠭᠡᠯ ᠢᠶᠠᠨ ᠳᠡᠭᠡᠭᠰᠢᠯᠡᠭᠦᠯᠬᠦ ᠲᠤᠬᠠᠶ ᠰᠢᠨ᠎ᠡ ᠬᠦᠰᠡᠯ ᠡᠷᠡᠮᠡᠯᠵᠡᠯ᠂ ᠰᠢᠨ᠎ᠡ ᠱᠠᠭᠠᠷᠳᠠᠯᠭ᠎ᠠ ᠶᠢ | ᠰᠠᠨᠠᠭᠠᠴᠢᠯᠠᠭ᠎ᠠ ᠠᠴᠠ ᠪᠠᠨ ᠨᠡᠶᠢᠴᠡᠬᠦᠯᠵᠦ᠂ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ | ᠬᠦᠨᠵᠡᠬᠡᠶᠢᠷᠡᠬᠦᠯᠦᠨ᠂ ᠵᠠᠰᠠᠭ ᠵᠠᠬᠢᠷᠭᠠᠨ ᠤ ᠴᠢᠳᠠᠮᠵᠢ ᠶᠢ ᠶᠡᠬᠡᠪᠡᠷ ᠲᠡᠭᠡᠭᠰᠢᠯᠡᠬᠦᠯᠦᠨ᠎ᠡ᠃ ᠵᠠᠰᠠᠭ ᠵᠠᠬᠢᠷᠭᠠᠨ ᠤ ᠡᠬᠢ | ᠪᠠᠶᠠᠯᠢᠭ ᠢ ᠵᠦᠢ ᠵᠣᠬᠢᠰᠲᠠᠶ ᠲᠣᠬᠢᠷᠠᠭᠤᠯᠬᠤ᠂ ᠠᠵᠢᠯ ᠶᠠᠪᠤᠳᠠᠯ ᠤᠨ ᠡᠷᠬᠡ ᠬᠢᠭᠡᠳ ᠡᠷᠬᠡ ᠲᠤᠰᠢᠶᠠᠯ ᠬᠠᠷᠢᠯᠴᠠᠨ | ᠨᠢᠭᠡᠳᠦᠯᠲᠡᠶ ᠪᠠᠶᠢᠬᠤ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠲᠤᠰᠢᠶᠠᠯ ᠴᠢᠳᠠᠪᠤᠷᠢ ᠶᠢᠨ ᠪᠠᠶᠢᠷᠢ ᠲᠤᠳᠠᠬᠤ | ᠂ ᠪᠠᠶᠢᠷᠢ ᠳᠠᠪᠠᠭ᠋ᠤ᠂ ᠪᠠᠶᠢᠷᠢ ᠪᠤᠷᠤᠭᠤᠳᠠᠬᠤ ᠵᠡᠷᠭᠡ ᠠᠰᠠᠭᠤᠳᠠᠯ ᠢ ᠪᠥᠳᠥᠮᠵᠢᠳᠠᠢ ᠰᠢᠢᠳᠪᠤᠷᠢᠯᠠᠨ᠎ᠠ᠃ ︽ᠭᠤᠷᠪᠠᠨ | ᠴᠢᠩᠭ᠎ᠠ ᠭᠤᠷᠪᠠᠨ ᠪᠣᠳᠠᠲᠠᠶ︾ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠰᠠᠬᠢᠯᠭ᠎ᠠ ᠪᠠᠲᠤ ᠶᠢ ᠰᠠᠬᠢᠬᠤ᠂ | ᠳᠦᠷᠢᠮ ᠭᠤᠷᠢᠮ ᠢ ᠡᠷᠬᠢᠮᠯᠡᠬᠦ᠂ ᠬᠦᠴᠦᠨ ᠴᠢᠳᠠᠪᠤᠷᠢ ᠶᠢ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠵᠤ᠂ ︽ᠠᠵᠢᠯ | ᠬᠢᠬᠦ ᠦᠭᠡᠢ᠂ ᠠᠵᠢᠯᠯᠠᠭ᠎ᠠ ᠨᠢ ᠤᠳᠠᠭᠠᠨ ᠪᠠᠶᠢᠬᠤ᠂ ᠤᠶᠢᠯᠡ ᠠᠵᠢᠯᠯᠠᠭ᠎ᠠ ᠳᠤᠷ᠎ᠠ ᠪᠠᠷ ᠢᠶᠠᠨ︾ ᠶᠢ ᠲᠤᠰᠬᠠᠶ | ᠴᠡᠭᠴᠡᠯᠡᠬᠦ ᠶᠢ ᠬᠦᠨᠵᠡᠭᠡᠢ ᠦᠷᠨᠢᠬᠦᠯᠵᠦ᠂ ᠠᠵᠢᠯ ᠳᠤ ︽ᠠᠯᠵᠠᠭᠤ ᠵᠠᠯᠬᠠᠭᠤ︾᠂ ᠬᠠᠷᠢᠭᠤᠴᠠᠯᠭ᠎ᠠ ᠪᠠᠨ ᠠᠯᠳᠠᠵᠤ | ᠲᠤᠰᠢᠶᠠᠯ ᠢᠶᠠᠨ ᠭᠤᠲᠤᠭᠠᠭᠰᠠᠨ᠂ ᠨᠣᠶᠠᠨ ᠰᠠᠭᠤᠭᠠᠳ ᠠᠵᠢᠯ ᠥᠯᠥ ᠬᠢᠬᠦ ᠵᠡᠷᠭᠡ ᠠᠰᠠᠭᠤᠳᠠᠯ ᠢ ᠦᠨᠡᠨ ᠬᠦ | ᠰᠢᠢᠳᠪᠤᠷᠢᠯᠡᠨ᠂ ᠵᠠᠰᠠᠭ ᠤᠨ ᠣᠷᠳᠣᠨ ᠤ ᠭᠦᠢᠴᠡᠳᠬᠡᠬᠦ ᠬᠦᠴᠦᠨ ᠢᠶᠠᠨ ᠲᠡᠭᠡᠭᠰᠢᠯᠡᠬᠦᠯᠦᠨ᠎ᠡ᠃ ᠰᠢᠶᠠᠨ ᠤ | ᠵᠠᠰᠠᠭ ᠤᠨ ᠣᠷᠳᠣᠨ ᠪᠠ ᠪᠦᠷᠢᠯᠳᠦᠬᠦᠨ ᠪᠣᠯᠬᠤ ᠰᠠᠯᠠᠭ᠎ᠠ ᠮᠥᠴᠢᠷ ᠲᠣᠭᠲᠠᠭᠠᠭᠰᠠᠨ ᠬᠠᠷᠠᠯᠲᠠ ᠡᠭᠦᠷᠭᠡ ᠲᠠᠢ ᠨᠢᠭᠲᠠ | ᠤᠶᠠᠯᠳᠤᠭᠤᠯᠤᠨ᠂ ᠬᠥᠯᠢᠶᠡᠰᠤᠯᠡᠯ ᠢ ᠰᠢᠪᠳᠤᠯᠤᠨ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠴᠠᠭ ᠢ ᠠᠮᠵᠢᠨ | ᠂ ᠪᠤᠱᠢᠭᠤ ᠱᠠᠯᠠᠮᠠᠭᠠᠶ᠂ ᠬᠡᠯᠡᠪᠡᠯ ᠬᠢᠬᠦ ᠠᠵᠢᠯ ᠤᠨ ᠰᠤᠷᠲᠠᠯ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ | ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠣᠯᠠᠨ ᠲᠦᠮᠡᠨᠴᠢ ᠱᠤᠭᠤᠮ ᠤᠨ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠲᠥᠪ ᠬᠤᠷᠢᠶᠠᠨ ᠤ ᠨᠠᠶ᠋ᠮᠠᠨ ᠵᠤᠷᠪᠤᠰ | ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠦᠷᠭᠦᠯᠵᠢᠯᠡᠨ ᠡᠰᠡᠷᠬᠦᠴᠡᠨ᠂ | ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠵᠠᠰᠠᠭ ᠤᠨ ᠰᠤᠷᠲᠠᠯ ᠢ ᠰᠠᠶᠢᠵᠢᠷᠠᠭᠤᠯᠤᠨ᠎ᠠ᠃ ᠨᠠᠮ ᠤᠨ ᠰᠤᠷᠲᠠᠯ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ | ᠲᠠᠯᠪᠢᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠬᠤᠶᠠᠷ | ᠬᠠᠷᠢᠭᠤᠴᠠᠯᠭ᠎ᠠ ︾ ᠶᠢ ᠦᠨᠡᠨ ᠬᠦ ᠭᠦᠢᠴᠡᠳᠬᠡᠵᠦ᠂ ᠢᠯᠵᠠᠷᠠᠯ ᠢ ᠵᠠᠯᠬᠠᠭᠠᠨ ᠰᠢᠳᠬᠡᠬᠦ ᠪᠠ ᠤᠷᠢᠳᠴᠢᠯᠠᠨ | ᠰᠡᠷᠭᠡᠶᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠢᠯᠵᠠᠷᠠᠯ ᠢ ᠬᠤᠷᠢᠭᠯᠠᠨ ᠬᠤᠪᠢᠷᠡᠬᠤ ᠶᠢ ᠰᠡᠷᠭᠡᠶᠢᠯᠡᠬᠦ ︽ᠲᠡᠮᠦᠷ | ᠬᠡᠷᠡᠮ ᠪᠣᠯᠣᠳ ᠬᠠᠨ᠎ᠠ︾ ᠶᠢ ᠪᠠᠶᠢᠭᠤᠯᠤᠨ᠎ᠠ᠃ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠰᠢᠯᠢᠳᠡᠭ ᠰᠤᠷᠲᠠᠯ᠂ | ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠢᠮᠠᠭᠲᠠ ᠪᠠᠷᠢᠮᠳᠠᠯᠠᠨ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ | ᠬᠢᠵᠠᠭᠠᠷᠯᠠᠵᠤ᠂ ᠤᠯᠠᠨ ᠨᠡᠶᠢᠲᠡ ᠶᠢᠨ ᠡᠳ᠋ ᠤᠨ ᠵᠠᠰᠠᠭ ᠢ ᠠᠷᠠᠳ ᠤᠨ ᠠᠮᠢᠳᠤᠷᠠᠯ ᠳᠤ ᠨᠡᠩ ᠢᠯᠡᠭᠦᠦ ᠭᠡᠷᠩᠯᠡᠨᠡ᠃ | ᠲᠦᠷᠢᠮ ᠤᠨ ᠲᠥᠷᠢᠮᠵᠢᠬᠦᠨ ᠬᠢᠵᠠᠭᠠᠷᠯᠠᠬᠤ ᠬᠦᠴᠦᠨ ᠢ ᠴᠢᠩᠭᠠᠳᠬᠠᠵᠤ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠤᠯᠤᠰ ᠤᠨ ᠥᠮᠴᠢᠯᠡᠯ ᠤᠨ ᠡᠳ᠋ | ᠭᠦᠷᠤᠩᠭᠡ ᠶᠢᠨ ᠡᠵᠡᠩᠨᠡᠯᠲᠡ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠬᠢᠨᠠᠨ ᠪᠠᠶᠢᠴᠠᠭᠠᠵᠤ᠂ ᠬᠢᠨᠠᠨ ᠪᠤᠳᠤᠬᠤ᠂ ᠡᠳ᠋ ᠤᠨ ᠵᠠᠰᠠᠭ ᠤᠨ ᠬᠢᠨᠠᠯᠲᠠ | ᠲᠠᠯᠪᠢᠬᠤ ᠡᠷᠴᠢᠮ ᠢ ᠴᠢᠩᠭᠠᠯᠠᠵᠤ᠂ ᠡᠯ᠎ᠡ ᠲᠦᠷᠦᠯ ᠤᠨ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ | ᠬᠡᠷᠡᠭ ᠢ ᠴᠢᠩᠭ᠎ᠠ ᠪᠠᠶᠢᠴᠠᠭᠠᠨ ᠰᠢᠶ᠋ᠳᠪᠦᠷᠢᠯᠡᠵᠦ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ | ᠪᠤᠰᠤ ᠰᠤᠷᠲᠠᠯ ᠢ ᠡᠷᠡᠰ ᠵᠠᠯᠠᠷᠠᠭᠤᠯᠵᠤ᠂ ᠺᠠᠳ᠋ᠷᠴᠤᠳ ᠤᠨ ᠲᠥᠪ ᠰᠢᠳᠤᠷᠭᠤ᠂ ᠵᠠᠰᠠᠭ ᠤᠨ ᠣᠷᠳᠣᠨ ᠤ ᠠᠷᠢᠭᠤᠨ | ᠴᠢᠬᠡᠴᠢ᠂ ᠤᠯᠤᠰ ᠲᠦᠷᠦ ᠲᠤᠳᠤ ᠢᠯᠡ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠶᠢ ᠴᠢᠷᠮᠠᠶᠢᠨ | ᠡᠭᠦᠳᠤᠨ᠎ᠠ᠃ | ᠲᠥᠯᠥᠭᠡᠯᠡᠭᠴᠢᠳ ᠡ᠂ ︽ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠥᠪᠵᠢᠭᠦᠯᠭᠡ ᠶᠢᠨ ᠬᠤᠭᠤᠴᠠᠭ᠎ᠠ | ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠶ᠋ᠳᠪᠦᠷᠢᠲᠦ ᠱᠠᠲᠤᠨ᠂ ᠠᠷᠠᠳ ᠢ | ᠪᠠᠶᠠᠵᠢᠭᠤᠯᠵᠤ ᠰᠢᠶᠠᠨ ᠢ ᠬᠦᠴᠦᠷᠬᠡᠭᠵᠢᠭᠦᠯᠬᠦ ᠶᠢ ᠲᠦᠷᠭᠡᠪᠴᠢᠯᠡᠨ ᠠᠬᠢᠭᠤᠯᠬᠤ ᠶᠠᠪᠤᠴᠠ ᠶᠢᠨ ᠵᠠᠩᠭᠢᠯᠠᠭ᠎ᠠ ᠶᠢᠨ ᠴᠠᠭ | ᠦᠶ᠎ᠡ ᠮᠥᠨ᠃ ᠠᠯᠤᠰ ᠤᠨ ᠠᠶᠠᠨ ᠠᠩᠬᠠᠨ ᠤ ᠠᠯᠬᠤᠮ ᠠᠴᠠ ᠡᠬᠢᠯᠡᠳᠡᠭ᠂ 2016 ᠣᠨ ᠨᠢ ᠡᠬᠢᠯᠡᠯᠲᠡ ᠶᠢᠨ | ᠵᠢᠯ᠂ ᠪᠠᠰᠠ ᠴᠤ ᠰᠠᠭᠤᠷᠢ ᠲᠠᠯᠪᠢᠬᠤ ᠵᠢᠯ ᠪᠣᠯᠤᠨ᠎ᠠ᠃ ᠪᠢᠳᠡ ᠰᠢᠶᠠᠨ ᠤ ᠨᠠᠮ ᠤᠨ ᠬᠤᠷᠢᠶᠠᠨ ᠤ ᠡᠷᠡᠰ ᠴᠢᠩᠭ᠎ᠠ | ᠤᠳᠤᠷᠢᠳᠤᠯᠭ᠎ᠠ ᠶᠢᠨ ᠳᠣᠣᠷ᠎ᠠ᠂ ᠪᠦᠯᠬᠦᠮᠳᠡᠨ ᠨᠢᠭᠡᠳᠴᠦ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠬᠠᠷᠰᠢ | ᠰᠠᠭᠠᠳ ᠢ ᠢᠯᠠᠨ ᠳᠠᠪᠠᠵᠤ᠂ ᠪᠡᠷᠬᠡ ᠶᠢ ᠬᠠᠮᠲᠤᠪᠠᠷ ᠲᠤᠭᠤᠯᠤᠨ᠂ ᠪᠠᠶᠠᠨ ᠴᠢᠨᠡᠭᠡᠯᠢᠭ᠂ ᠪᠣᠯᠪᠠᠰᠤᠨ᠂ ᠬᠠᠤᠯᠢ ᠪᠠᠷ | ᠵᠠᠰᠠᠬᠤ᠂ ᠡᠶ᠎ᠡ ᠵᠣᠬᠢᠴᠠᠯ ᠲᠠᠢ᠂ ᠦᠵᠡᠰᠬᠦᠯᠡᠩ ᠰᠠᠶᠢᠬᠠᠨ ᠨᠢᠩᠴᠧᠩ ᠢ ᠪᠠᠶᠢᠭᠤᠯᠬᠤ ᠪᠠᠷ ᠴᠢᠷᠮᠠᠶᠢᠨ ᠲᠡᠮᠡᠴᠡᠵᠡᠭᠡᠶ᠎ᠡ︕ | |