ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢᠨ ᠪᠦᠳᠦᠭᠡᠨ ᠪᠠᠶᠢᠭᠤᠯᠣᠯᠲᠠ ᠶᠢᠨ ᠠᠵᠢᠯ ᠢ ᠬᠢᠨᠡᠨ ᠵᠢᠯᠣᠭᠤᠳᠴᠦ ᠪᠠᠶᠢᠴᠠᠭᠠᠬᠤ ᠲᠣᠭᠤᠶᠢᠯᠠᠩ ᠨᠢᠩᠴᠧᠩ ᠰᠢᠶᠠᠨ ᠳᠤ ᠢᠷᠡᠵᠦ ᠠᠵᠢᠯ ᠪᠠᠶᠢᠴᠠᠭᠠᠪᠠ
ᠨᠡᠶᠢᠲᠡᠯᠡᠭᠰᠡᠨ ᠴᠠᠭ᠄
2017/11/16
        2017 ᠣᠨ ᠤ 11 ᠰᠠᠷ᠎ᠠ ᠶᠢᠨ 13 ᠤ ᠦᠳᠡ ᠶᠢᠨ ᠡᠮᠦᠨ᠎ᠡ᠂  ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢᠨ ᠪᠦᠳᠦᠭᠡᠨ ᠪᠠᠶᠢᠭᠤᠯᠣᠯᠲᠠ ᠶᠢᠨ ᠠᠵᠢᠯ ᠢ ᠬᠢᠨᠡᠨ ᠵᠢᠯᠣᠭᠤᠳᠴᠦ ᠪᠠᠶᠢᠴᠠᠭᠠᠬᠤ ᠲᠣᠭᠤᠶᠢᠯᠠᠩ ᠨᠢ ᠮᠠᠨ ᠤ ᠰᠢᠶᠠᠨ ᠳᠤ ᠢᠷᠡᠵᠦ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢᠨ ᠪᠦᠳᠦᠭᠡᠨ ᠪᠠᠶᠢᠭᠤᠯᠣᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
       ᠬᠤᠷᠠᠯ ᠢ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠼᠦᠢ ᠸᠧᠢ ᠫᠢᠩ ᠡᠷᠬᠢᠯᠡᠵᠦ ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠰᠦᠯᠵᠢᠶ᠎ᠡ ᠶᠢᠨ ᠬᠤᠯᠪᠣᠭᠠᠯᠠᠯ ᠤᠨ ᠪᠦᠳᠦᠭᠡᠨ ᠪᠠᠶᠢᠭᠤᠯᠣᠯᠲᠠ ᠶᠢᠨ ᠣᠳᠣᠷᠢᠳᠬᠤ ᠲᠣᠭᠤᠶᠢᠯᠠᠩ ᠤᠨ ᠲᠡᠳ᠋ ᠲᠠᠷᠤᠭ᠎ᠠ ᠵᠢᠷᠭᠠᠯ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠰᠦᠯᠵᠢᠶ᠎ᠡ ᠶᠢᠨ ᠬᠤᠯᠪᠣᠭᠠᠯᠠᠯ  ᠤᠨ ᠪᠦᠳᠦᠭᠡᠨ ᠪᠠᠶᠢᠭᠤᠯᠣᠯᠲᠠ ᠶᠢᠨ ᠣᠳᠣᠷᠢᠳᠬᠤ ᠲᠣᠭᠤᠶᠢᠯᠠᠩ ᠤᠨ ᠲᠡᠳ᠋ ᠲᠠᠷᠤᠭ᠎ᠠ  ᠪᠠᠶᠠᠨᠪᠠᠭᠠᠳᠣᠷ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠣᠷᠴᠢᠭᠤᠯᠭ᠎ᠠ ᠶᠢᠨ ᠭᠠᠵᠠᠷ ᠤᠨ ᠪᠠᠶᠢᠴᠠᠭᠠᠨ ᠰᠣᠳᠣᠯᠣᠭᠴᠢ ᠬᠠᠰᠬᠤᠸᠠᠷ᠂ ᠦᠪᠦᠷ ᠮᠣᠩᠭᠤᠯ ᠤᠨ ᠨᠡᠶᠢᠭᠡᠮ ᠤᠨ ᠰᠢᠨᠵᠢᠯᠡᠬᠦ ᠣᠬᠠᠭᠠᠨ ᠤ ᠬᠦᠷᠢᠶᠡᠯᠡᠩ  ᠤᠨ ᠮᠣᠩᠭᠤᠯ ᠬᠡᠯᠡᠨ ᠤ ᠰᠣᠷᠠᠭ ᠵᠠᠩᠭᠢ ᠮᠡᠷᠭᠡᠵᠢᠯ ᠢ ᠰᠣᠳᠣᠯᠣᠨ ᠬᠦᠭᠵᠢᠬᠦᠯᠬᠦ ᠲᠦᠪ ᠤᠨ ᠰᠣᠳᠣᠯᠣᠭᠴᠢ᠂ ᠲᠡᠳ᠋ ᠡᠷᠬᠢᠯᠡᠭᠴᠢ  ᠪᠠᠢ ᠱᠣᠸᠠᠩ ᠴᠧᠩ᠂ ᠦᠪᠦᠷ ᠮᠣᠩᠭᠤᠯ ᠤᠨ ᠮᠦᠩᠬᠡᠭᠠᠯ ᠰᠣᠶᠣᠯ ᠤᠨ ᠬᠤᠪᠢᠴᠠᠭᠠᠲᠦ ᠬᠢᠵᠠᠭᠠᠷᠲᠦ ᠺᠣᠮᠫᠠᠨᠢ ᠶᠢᠨ ᠮᠡᠷᠭᠡᠵᠢᠯᠲᠡᠨ ᠰᠡᠴᠡᠨᠲᠣᠯᠭᠠᠭᠤᠷᠢ᠂ ᠬᠤᠲᠠ ᠶᠢᠨ ᠣᠷᠴᠢᠭᠤᠯᠭ᠎ᠠ ᠶᠢᠨ ᠭᠠᠵᠠᠷ ᠤᠨ ᠲᠠᠷᠤᠭ᠎ᠠ ᠴᠤᠭ ᠨᠠᠷ ᠬᠤᠷᠠᠯ ᠳᠤ ᠣᠷᠣᠯᠴᠠᠭᠰᠠᠨ ᠪᠦᠭᠡᠳ ᠰᠢᠶᠠᠨ ᠤ ᠤᠷᠴᠢᠭᠤᠯᠭ᠎ᠠ ᠶᠢᠨ ᠲᠠᠰᠤᠭ᠂ ᠰᠢᠶᠠᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠰᠢᠶᠠᠨ ᠤ ᠡᠳ᠋ ᠤᠨ ᠵᠠᠰᠠᠭ ᠤᠨ ᠬᠤᠯᠪᠣᠭᠳᠠᠯ ᠪᠦᠬᠦᠢ ᠬᠠᠷᠢᠭᠤᠴᠠᠯᠭᠠᠳᠠᠳ ᠣᠷᠣᠯᠴᠠᠭᠰᠠᠨ ᠪᠠᠶᠢᠨ᠎ᠠ᠃ ᠰᠢᠶᠠᠨ ᠤ ᠲᠡᠳ᠋ ᠲᠠᠷᠤᠭ᠎ᠠ ᠴᠧᠨ ᠶᠠᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ  ᠶᠢᠨ ᠪᠣᠳᠠᠳᠣ ᠪᠠᠶᠢᠳᠠᠯ᠂ ᠤᠷᠤᠰᠢᠵᠦ ᠪᠠᠶᠢᠭ᠎ᠠ ᠠᠰᠠᠭᠤᠳᠠᠯ ᠪᠠ ᠬᠤᠶᠢᠰᠢᠲᠠ ᠶᠢᠨ ᠠᠵᠢᠯ ᠤᠨ ᠲᠦᠯᠦᠪᠯᠡᠭᠡ ᠶᠢᠨ ᠲᠣᠬᠠᠢ ᠠᠵᠢᠯ ᠤᠨ ᠬᠠᠷᠢᠭᠤ ᠮᠡᠳᠡᠭᠦᠯᠦᠯᠲᠠ ᠬᠢᠭᠰᠡᠨ ᠪᠠᠶᠢᠨ᠎ᠠ᠃
       ᠬᠤᠷᠠᠯ ᠲᠡᠭᠡᠷ᠎ᠡ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠰᠦᠯᠵᠢᠶ᠎ᠡ ᠶᠢᠨ ᠬᠤᠯᠪᠣᠭᠠᠯᠠᠯ ᠤᠨ ᠪᠦᠳᠦᠭᠡᠨ ᠪᠠᠶᠢᠭᠤᠯᠣᠯᠲᠠ ᠶᠢᠨ ᠣᠳᠣᠷᠢᠳᠬᠤ ᠲᠣᠭᠤᠶᠢᠯᠠᠩ ᠤᠨ ᠲᠡᠳ᠋ ᠲᠠᠷᠤᠭ᠎ᠠ ᠵᠢᠷᠭᠠᠯ ᠶᠠᠷᠢᠶ᠎ᠠ ᠲᠠᠯᠪᠢᠵᠦ᠂ ᠮᠠᠨ ᠤ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢᠨ ᠪᠦᠳᠦᠭᠡᠨ ᠪᠠᠶᠢᠭᠤᠯᠣᠯᠲᠠ ᠶᠢᠨ ᠠᠵᠢᠯ ᠤᠨ ᠠᠮᠵᠢᠯᠲᠠ ᠶᠢ ᠬᠦᠢᠴᠡᠳ ᠨᠣᠳᠠᠯᠠᠬᠤ ᠶᠢᠨ ᠬᠠᠮᠲᠦ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢᠨ ᠪᠦᠳᠦᠭᠡᠨ ᠪᠠᠶᠢᠭᠤᠯᠣᠯᠲᠠ ᠶᠢᠨ ᠠᠵᠢᠯ ᠢ ᠬᠤᠶᠢᠰᠢᠲᠠ ᠨᠡᠩ ᠴᠢᠬᠤᠯᠠᠴᠢᠯᠠᠨ ᠰᠠᠶᠢᠳᠤᠷ ᠬᠢᠬᠦ ᠬᠡᠷᠡᠭᠳᠡᠢ ᠬᠡᠵᠦ ᠴᠢᠩᠭ᠎ᠠ ᠱᠠᠭᠠᠷᠳᠠᠭᠰᠠᠨ ᠪᠠᠶᠢᠨ᠎ᠠ᠃  
      ᠲᠣᠰ ᠬᠤᠷᠠᠯ ᠨᠢ ᠮᠠᠨ ᠤ ᠰᠢᠶᠠᠨ ᠤ ᠵᠠᠰᠠᠭ ᠤᠨ ᠣᠷᠳᠣᠨ ᠤ ᠣᠷᠴᠢᠭᠤᠯᠭ᠎ᠠ ᠶᠢᠨ ᠠᠵᠢᠯ ᠪᠠ ᠮᠣᠩᠭᠤᠯ ᠰᠦᠯᠵᠢᠶ᠎ᠡ ᠶᠢᠨ ᠪᠦᠳᠦᠭᠡᠨ ᠪᠠᠶᠢᠭᠤᠯᠣᠯᠲᠠ ᠶᠢᠨ ᠠᠵᠢᠯ ᠳᠤ  ᠲᠦᠯᠬᠢᠴᠡ ᠦᠢᠯᠡᠳᠦᠯ ᠦᠵᠡᠭᠦᠯᠬᠦ ᠨᠢ ᠯᠠᠪᠳᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号