3ᠰᠠᠷ᠎ᠠ ᠶᠢᠨ 15 ᠤ ᠡᠳᠦᠷ ᠠᠴᠠ ᠡᠬᠢᠯᠡᠨ᠂ ᠰᠦᠯᠵᠢᠶᠡᠨ ᠠᠴᠠ ᠪᠠᠷᠠᠭ᠎ᠠ ᠬᠤᠳᠠᠯᠳᠤᠨ ᠠᠪᠳᠠᠭ | ᠬᠡᠷᠡᠭᠯᠡᠭᠴᠢᠳ ᠪᠠᠰᠠᠢᠯᠡᠭᠦᠦ ᠨᠢᠭᠡ ᠳᠠᠪᠬᠤᠷ ᠪᠠᠲᠤᠯᠠᠭ᠎ᠠ ᠲᠠᠢ ᠪᠣᠯᠣᠭᠰᠠᠨ ᠪᠠᠶᠢᠨ᠎ᠠ᠃ ᠤᠯᠤᠰ ᠤᠨ | ᠦᠢᠯᠡᠳᠪᠦᠷᠢ ᠬᠤᠳᠠᠯᠳᠤᠭᠠᠨ ᠤ ᠶᠡᠷᠦᠩᠬᠡᠢᠲ᠋ᠣᠪᠴᠢᠶᠠ ᠠᠴᠠ ᠨᠡᠶᠢᠲᠡᠯᠡᠭᠰᠡᠨ ︽ᠰᠦᠯᠵᠢᠶᠡᠨ ᠳᠡᠭᠡᠷ᠎ᠡ ᠠᠴᠠ | ᠬᠤᠳᠠᠯᠳᠤᠨ ᠠᠪᠤᠭᠰᠠᠨ ᠲᠠᠸᠠᠷ ᠢ ᠳᠣᠯᠣᠭᠠᠨ ᠡᠳᠦᠷ ᠤᠨ ᠳᠣᠲᠣᠷᠠᠤᠴᠢᠷ ᠰᠢᠯᠲᠠᠭᠠᠨ ᠦᠭᠡᠢ ᠪᠠᠷ ᠪᠤᠴᠠᠭᠠᠬᠤ | ᠲᠤᠬᠠᠢ ᠲᠦᠷ ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾ ᠬᠡᠮᠡᠨ ᠲᠣᠪᠴᠢᠯᠠᠨ᠎ᠠ︶ ᠵᠢᠵᠢᠩᠬᠢᠨᠢ ᠪᠠᠷ | ᠬᠡᠷᠡᠭᠵᠢᠭᠦᠯᠪᠡ᠃ ᠲᠣᠣᠷ ᠰᠦᠯᠵᠢᠶᠡᠨ ᠳᠡᠭᠡᠷ᠎ᠡ ᠲᠠᠸᠠᠷ ᠪᠣᠷᠣᠯᠠᠭᠤᠯᠤᠭᠴᠢ ᠲᠠᠸᠠᠷ ᠢ ᠳᠣᠯᠣᠭᠠᠨ ᠡᠳᠦᠷ ᠤᠨ | ᠳᠣᠲᠣᠷᠠᠤᠴᠢᠷ ᠰᠢᠯᠲᠠᠭᠠᠨ ᠦᠭᠡᠢ ᠪᠠᠷ ᠪᠤᠴᠠᠭᠠᠬᠤ ᠡᠭᠦᠷᠭᠡ ᠪᠠᠨ ᠬᠠᠥᠯᠢ ᠶᠣᠰᠣᠭᠠᠷ ᠭᠦᠢᠴᠡᠳᠬᠡᠬᠦ | ᠬᠡᠷᠡᠭᠲᠡᠢ ᠬᠡᠮᠡᠨ ︽ᠠᠷᠭ᠎ᠠ︾ ᠳ᠋ᠤ᠋ᠲ᠋ᠣᠭᠲᠠᠭᠠᠵᠠᠢ᠃ ᠡᠭᠦᠨ ᠤ ᠬᠠᠮᠲᠤ ᠪᠠᠰᠠ ︽ᠳᠣᠯᠣᠭᠠᠨ ᠡᠳᠦᠷ ᠤᠨ ᠳᠣᠲᠣᠷ᠎ᠠ | ᠤᠴᠢᠷ ᠰᠢᠯᠲᠠᠭᠠᠨ ᠦᠭᠡᠢ ᠪᠠᠷ ᠪᠤᠴᠠᠭᠠᠬᠤ︾ᠲᠣᠭᠲᠠᠭᠠᠯ ᠳᠤ ᠵᠣᠬᠢᠴᠠᠬᠤ ᠦᠭᠡᠢ ᠠᠭᠤᠯᠭ᠎ᠠ ᠶᠢ | ᠲᠣᠳᠣᠷᠬᠠᠶᠢᠯᠠᠭᠰᠠᠨ ᠪᠠᠶᠢᠨ᠎ᠠ᠃ | ︽ᠠᠷᠭ᠎ᠠ︾ ᠶᠢᠨ ᠲᠣᠭᠲᠠᠭᠠᠯ ᠢ ᠦᠨᠳᠦᠰᠦᠯᠡᠪᠡᠯ᠂ ᠲᠣᠣᠷ ᠰᠦᠯᠵᠢᠶᠡᠨ ᠳᠡᠭᠡᠷ᠎ᠡ ᠲᠠᠸᠠᠷ | ᠪᠣᠷᠣᠯᠠᠭᠤᠯᠤᠭᠴᠢ ᠲᠠᠸᠠᠷ ᠢᠲ᠋ᠣᠯᠣᠭᠠᠨ ᠡᠳᠦᠷ ᠤᠨ ᠳᠣᠲᠣᠷ᠎ᠠ ᠤᠴᠢᠷ ᠰᠢᠯᠲᠠᠭᠠᠨ ᠦᠭᠡᠢ ᠪᠠᠷ ᠪᠤᠴᠠᠭᠠᠬᠤ | ᠡᠭᠦᠷᠭᠡ ᠪᠠᠨ ᠬᠠᠥᠯᠢ ᠶᠣᠰᠣᠭᠠᠷ ᠭᠦᠢᠴᠡᠳᠬᠡᠬᠦᠬᠡᠷᠡᠭᠲᠡᠢ᠃ ᠰᠦᠯᠵᠢᠶᠡᠨ ᠳᠡᠭᠡᠷ᠎ᠡ ᠠᠷᠠᠯᠵᠢᠶᠠᠨ ᠤ ᠲᠡᠪᠴᠡᠩ | ᠬᠠᠩᠭᠠᠭᠴᠢ ᠲᠡᠪᠴᠡᠩ ᠳᠡᠭᠡᠷᠡᠬᠢ ᠲᠠᠸᠠᠷ ᠤᠨ ᠪᠣᠷᠣᠯᠠᠭᠤᠯᠤᠭᠴᠢ ᠲᠠᠸᠠᠷ ᠢ︽ᠳᠣᠯᠣᠭᠠᠨ ᠡᠳᠦᠷ ᠤᠨ ᠳᠣᠲᠣᠷ᠎ᠠ | ᠤᠴᠢᠷ ᠰᠢᠯᠲᠠᠭᠠᠨ ᠦᠭᠡᠢ ᠪᠠᠷ ᠪᠤᠴᠠᠭᠠᠬᠤ︾ ᠡᠭᠦᠷᠭᠡ ᠪᠠᠨ ᠭᠦᠢᠴᠡᠳᠬᠡᠬᠦ ᠶᠢ ᠬᠦᠲᠦᠯᠦᠨᠵᠢᠯᠤᠭᠤᠳᠬᠤ ᠪᠠ | ᠰᠢᠪᠠᠳᠠᠵᠤ᠂ ᠬᠢᠨᠠᠯᠲᠠ ᠲᠠᠯᠪᠢᠨ ᠪᠠᠶᠢᠴᠠᠭᠠᠬᠤ ᠶᠢᠨ ᠬᠠᠮᠲᠤ᠂ ᠮᠡᠷᠭᠡᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ᠃ | ᠲᠤᠰ ᠤᠳᠠᠭᠠᠨ ᠤ ︽ᠠᠷᠭ᠎ᠠ︾ ᠳᠤ ᠪᠠᠰᠠ︽ᠳᠣᠯᠣᠭᠠᠨ ᠡᠳᠦᠷ ᠤᠨ ᠳᠣᠲᠣᠷ᠎ᠠ ᠤᠴᠢᠷ | ᠰᠢᠯᠲᠠᠭᠠᠨ ᠦᠭᠡᠢ ᠪᠡᠷᠪᠤᠴᠠᠭᠠᠬᠤ︾ ᠲᠣᠭᠲᠠᠭᠠᠯ ᠳᠤ ᠵᠣᠬᠢᠴᠠᠬᠤ ᠦᠭᠡᠢ ᠠᠭᠤᠯᠭ᠎ᠠ ᠶᠢ ᠲᠣᠳᠣᠷᠬᠠᠶᠢᠯᠠᠭᠰᠠᠨ | ᠪᠠᠶᠢᠨ᠎ᠠ᠃ ᠲᠤᠬᠠᠶᠢᠯᠠᠪᠠᠯ᠄ ᠬᠡᠷᠡᠭᠯᠡᠭᠴᠢᠳᠵᠠᠬᠢᠶᠠᠯᠠᠭᠠ ᠪᠠᠷ ᠬᠢᠯᠭᠡᠭᠰᠡᠨ ᠲᠠᠸᠠᠷ︔ ᠠᠮᠢᠳᠤ ᠰᠣᠷᠭᠤᠭ ᠠᠮᠠᠷᠬᠠᠨ | ᠢᠯᠵᠢᠷᠡᠳᠡᠭ ᠲᠠᠸᠠᠷ︔ ᠰᠦᠯᠵᠢᠶᠡᠨ ᠠᠴᠠ ᠪᠠᠭᠤᠯᠭᠠᠭᠰᠠᠨ ᠪᠤᠶᠤᠬᠡᠷᠡᠭᠯᠡᠭᠴᠢᠳ ᠪᠢᠲᠡᠭᠦᠮᠵᠢ ᠶᠢ ᠨᠢᠭᠡᠨᠲᠡ | ᠵᠠᠳᠠᠯᠤᠭᠰᠠᠨ ᠳᠠᠭᠤᠤ ᠳᠦᠷᠰᠦ ᠰᠢᠩᠭᠡᠭᠡᠯᠲᠡ ᠶᠢᠨ ᠦᠢᠯᠡᠳᠬᠦᠨ᠂ ᠺᠣᠮᠫᠢᠦ᠋ᠲ᠋ᠧᠷ ᠤᠨ ᠵᠦᠭᠡᠯᠡᠨᠬᠡᠷᠡᠭᠰᠡᠯ ᠵᠡᠷᠭᠡ | ᠲᠣᠭᠠᠴᠠᠯᠠᠭᠰᠠᠨ ᠲᠠᠸᠠᠷ︔ ᠲᠤᠰᠢᠶᠠᠭᠰᠠᠨ ᠰᠣᠨᠢᠨ᠂ ᠬᠤᠭᠤᠴᠠᠭᠠᠲᠤ ᠰᠡᠳᠬᠦᠯ ᠵᠡᠷᠭᠡ᠃ | ᠡᠭᠦᠨ ᠠᠴᠠ ᠭᠠᠳᠠᠨ᠎ᠠ᠂ ᠳᠣᠣᠷ᠎ᠠ ᠵᠢᠭᠰᠠᠭᠠᠭᠰᠠᠨ ᠰᠢᠨᠵᠢ ᠴᠢᠨᠠᠷ ᠲᠠᠢ ᠲᠠᠸᠠᠷ ᠢ ᠬᠡᠷᠡᠭᠯᠡᠭᠴᠢᠳ | ᠬᠤᠳᠠᠯᠳᠤᠨ ᠠᠪᠬᠤ ᠳᠤ᠂︽ᠳᠣᠯᠣᠭᠠᠨ ᠡᠳᠦᠷ ᠤᠨ ᠳᠣᠲᠣᠷ᠎ᠠ ᠤᠴᠢᠷ ᠰᠢᠯᠲᠠᠭᠠᠨ ᠦᠭᠡᠢ ᠪᠠᠷ ᠪᠤᠴᠠᠭᠠᠬᠤ︾ | ᠲᠣᠭᠲᠠᠭᠠᠯ ᠶᠢ ᠬᠡᠷᠡᠭᠯᠡᠬᠦ ᠦᠭᠡᠢ ᠪᠠᠶᠢᠵᠤ ᠪᠣᠯᠣᠨ᠎ᠠ᠄ᠪᠤᠭᠤᠳᠠᠯ ᠪᠠᠭᠯᠠᠭ᠎ᠠ ᠶᠢ ᠨᠢ ᠵᠠᠳᠠᠯᠤᠭᠰᠠᠨ ᠤ ᠳᠠᠷᠠᠭ᠎ᠠ ᠬᠦᠮᠦᠨ ᠤ | ᠪᠡᠶ᠎ᠡ ᠶᠢᠨ ᠠᠮᠤᠷ ᠲᠦᠪᠰᠢᠨ ᠪᠤᠶᠤ ᠠᠮᠢ ᠨᠠᠰᠤ ᠡᠷᠡᠭᠦᠯ ᠮᠡᠨᠳᠦ ᠵᠢᠨᠦ᠋ᠯᠦᠭᠡᠯᠡᠬᠦ ᠲᠠᠸᠠᠷ᠂ ᠡᠰᠡᠪᠡᠯ ᠪᠤᠭᠤᠳᠠᠯ | ᠪᠠᠭᠯᠠᠭ᠎ᠠ ᠶᠢ ᠨᠢ ᠵᠠᠳᠠᠯᠤᠭᠰᠠᠨ ᠤ ᠳᠠᠷᠠᠭ᠎ᠠ ᠬᠢᠯᠪᠠᠷᠬᠠᠨ ᠶᠠᠰᠦ ᠴᠢᠨᠠᠷ ᠲᠤ ᠨᠢ ᠬᠤᠪᠢᠷᠠᠯᠲᠠᠭᠠᠷᠳᠠᠭ ᠲᠠᠸᠠᠷ︔ | ᠢᠳᠡᠪᠬᠢᠵᠢᠭᠦᠯᠬᠦ ᠪᠤᠶᠤ ᠲᠤᠷᠰᠢᠨ ᠬᠡᠷᠡᠭᠯᠡᠭᠰᠡᠨ ᠤ ᠳᠠᠷᠠᠭ᠎ᠠ ᠥᠷᠲᠡᠭ ᠨᠢ ᠶᠡᠬᠡᠪᠡᠷ ᠪᠠᠭᠤᠷᠠᠬᠤ ᠲᠠᠸᠠᠷ︔ | ᠪᠣᠷᠣᠯᠠᠭᠤᠯᠬᠤ ᠦᠶ᠎ᠡ ᠳᠤ ᠪᠠᠨ ᠴᠢᠨᠠᠷ ᠢ ᠪᠠᠲᠤᠯᠠᠬᠤ ᠬᠤᠭᠤᠴᠠᠭ᠎ᠠ ᠨᠢ ᠲᠤᠯᠬᠤ ᠣᠶᠢᠷᠠᠲᠤᠭᠰᠠᠨ ᠪᠤᠶᠤ ᠰᠡᠪ | ᠲᠠᠢ ᠶᠢ ᠲᠣᠳᠣᠷᠬᠠᠢᠢᠯᠡᠷᠬᠡᠶᠢᠯᠡᠭᠰᠡᠨ ᠲᠠᠸᠠᠷ ᠵᠡᠷᠭᠡ᠃ | ︽ᠠᠷᠭ᠎ᠠ︾ ᠳᠤ ᠪᠠᠰᠠ ᠡᠯ᠎ᠡ ᠲᠠᠯ᠎ᠠ ᠶᠢᠨ ᠪᠡᠶᠡᠴᠢ ᠴᠣᠭᠴᠠ ᠶᠢᠨ ᠲᠦᠷᠢᠮᠵᠢᠲᠦ ᠬᠦᠳᠡᠯᠭᠡᠭᠡᠨ᠂ ᠴᠠᠭ | ᠬᠤᠭᠤᠴᠠᠭ᠎ᠠ᠂ᠰᠠᠭᠠᠲᠠᠭᠰᠠᠨ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠬᠤ ᠶᠢᠨ ᠬᠠᠮᠲᠤ ᠤᠴᠢᠷ ᠰᠢᠯᠲᠠᠭᠠᠨ | ᠦᠭᠡᠢ ᠪᠠᠷ ᠲᠠᠸᠠᠷ ᠢ ᠪᠤᠴᠠᠭᠠᠬᠤᠬᠡᠷᠡᠭᠯᠡᠭᠴᠢᠳ ᠲᠠᠸᠠᠷ ᠢ ᠣᠯᠣᠭᠰᠠᠨ ᠡᠳᠦᠷ ᠠᠴᠠ ᠡᠬᠢᠯᠡᠨ ᠳᠣᠯᠣᠭᠠᠨ | ᠡᠳᠦᠷ ᠤᠨ ᠳᠣᠲᠣᠷ᠎ᠠ ᠰᠦᠯᠵᠢᠶ᠎ᠡ ᠪᠠᠷ ᠳᠠᠮᠵᠢᠨ ᠲᠠᠸᠠᠷᠪᠣᠷᠣᠯᠠᠭᠤᠯᠤᠭᠴᠢ ᠳᠤ ᠪᠤᠴᠠᠭᠠᠬᠤ ᠮᠡᠳᠡᠭᠳᠡᠯ ᠭᠠᠷᠭᠠᠬᠤ | ᠬᠡᠷᠡᠭᠲᠡᠢ ᠬᠡᠮᠡᠨ ᠲᠣᠭᠲᠠᠭᠠᠵᠠᠢ᠃ ᠳᠣᠯᠣᠭᠠᠨ ᠡᠳᠦᠷ ᠤᠨ ᠬᠤᠭᠤᠴᠠᠭ᠎ᠠ ᠵᠢᠬᠡᠷᠡᠭᠯᠡᠭᠴᠢ ᠭᠠᠷ ᠤᠨ ᠦᠰᠦᠭ | ᠵᠢᠷᠤᠵᠤ ᠲᠠᠸᠠᠷ ᠢ ᠬᠤᠷᠢᠶᠠᠭᠰᠠᠨ ᠡᠳᠦᠷ ᠤᠨ ᠳᠠᠷᠠᠭ᠎ᠠ ᠡᠳᠦᠷ ᠠᠴᠠ ᠡᠬᠢᠯᠡᠨ ᠪᠣᠳᠣᠨ᠎ᠠ᠃ | ᠰᠣᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠤᠰ ᠤᠳᠠᠭ᠎ᠠ ᠨᠡᠶᠢᠲᠡᠯᠡᠭᠰᠡᠨ ︽ᠠᠷᠭ᠎ᠠ︾ ᠳᠤ ᠪᠠᠰᠠ᠂ | ᠲᠠᠸᠠᠷ ᠤᠨ ᠪᠦᠷᠢᠨᠪᠦ᠋ᠲᠦᠨ ᠪᠠᠶᠢᠬᠤ ᠪᠠᠷᠢᠮᠵᠢᠶ᠎ᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠡᠷᠡᠭᠯᠡᠭᠴᠢ ᠶᠢᠨ ᠪᠤᠴᠠᠭᠠᠭᠰᠠᠨ | ᠲᠠᠸᠠᠷ ᠪᠦᠷᠢᠨ ᠪᠦᠲᠦᠨ ᠪᠠᠶᠢᠬᠤ ᠵᠢᠱᠠᠭᠠᠷᠳᠠᠭᠰᠠᠨ ᠪᠠᠶᠢᠨ᠎ᠠ᠃ ᠲᠠᠸᠠᠷ ᠨᠢ ᠤᠤᠯ ᠤᠨ ᠴᠢᠨᠠᠷ ᠴᠢᠨᠰᠠᠭ᠎ᠠ᠂ ᠴᠢᠳᠠᠮᠵᠢ᠂ | ᠲᠠᠸᠠᠷ ᠤᠨ ᠲᠤᠰ ᠪᠡᠶ᠎ᠡ᠂ ᠰᠡᠯᠪᠢᠭᠡᠰᠦ᠂ ᠲᠠᠸᠠᠷ ᠤᠨᠲ᠋ᠡᠮᠳᠡᠭᠲᠦ ᠶᠢᠨ ᠢᠯᠡᠳᠬᠡᠮᠵᠢ ᠲᠡᠮᠳᠡᠭ ᠨᠢ ᠪᠦᠷᠢᠨ ᠭᠦᠢᠴᠡᠳ | ᠪᠠᠶᠢᠪᠠᠯ ᠲᠠᠸᠠᠷ ᠢ ᠪᠦᠷᠢᠨ ᠪᠦᠲᠦᠨ ᠪᠠᠶᠢᠨ᠎ᠠ ᠭᠡᠵᠦ ᠦᠵᠡᠨ᠎ᠡ᠃ᠬᠡᠷᠡᠭᠯᠡᠭᠴᠢ ᠰᠢᠯᠭᠠᠨ ᠪᠠᠶᠢᠴᠠᠭᠠᠬᠤ | ᠬᠡᠷᠡᠭᠴᠡᠭᠡ ᠠᠴᠠ ᠪᠣᠯᠵᠤ ᠲᠠᠸᠠᠷ ᠤᠨ ᠪᠤᠭᠤᠳᠠᠯ ᠪᠠᠭᠯᠠᠭ᠎ᠠ ᠶᠢ ᠵᠠᠳᠠᠯᠤᠭᠰᠠᠨ ᠪᠤᠶᠤ ᠲᠠᠸᠠᠷ ᠤᠨ ᠴᠢᠨᠠᠷᠴᠢᠨᠰᠠᠭᠠ᠂ | ᠴᠢᠳᠠᠮᠵᠢ ᠶᠢ ᠨᠣᠲᠠᠯᠠᠨ ᠲᠣᠭᠲᠠᠭᠠᠬᠤ ᠪᠠᠷ ᠵᠦᠢ ᠵᠣᠬᠢᠰᠲᠠᠢ ᠲᠣᠬᠢᠷᠠᠭᠤᠯᠤᠯᠲᠠ ᠬᠢᠬᠦ ᠨᠢ ᠲᠠᠸᠠᠷ ᠤᠨ ᠪᠦᠷᠢᠨ | ᠪᠦᠲᠦᠨ ᠢᠨᠦ᠋ᠯᠦᠭᠡᠯᠡᠬᠦ ᠦᠭᠡᠢ᠃ | ᠡᠭᠦᠨ ᠠᠴᠠ ᠭᠠᠳᠠᠨ᠎ᠠ᠂ ᠪᠦᠬᠦ ᠤᠯᠤᠰ ᠤᠨ 12315 ᠢᠨᠲ᠋ᠧᠷ ᠰᠦᠯᠵᠢᠶᠡᠨ ᠤ ᠲᠡᠪᠴᠡᠩ15 ᠤ ᠡᠳᠦᠷ | ᠵᠢᠩᠬᠢᠨᠢ ᠪᠡᠷᠰᠦ᠋ᠯᠵᠢᠶᠡᠨ ᠳᠤ ᠣᠷᠣᠨ ᠠᠵᠢᠯᠯᠠᠵᠠᠢ᠂ ᠬᠡᠷᠡᠭᠯᠡᠭᠴᠢᠳ ᠲᠤᠰ ᠲᠡᠪᠴᠡᠩ ᠢᠶᠠᠷ ᠳᠠᠮᠵᠢᠨ ᠰᠢᠭᠤᠳ | ᠰᠦᠯᠵᠢᠶᠡᠨ ᠤ ᠠᠷᠭ᠎ᠠ ᠵᠠᠮ ᠵᠶ᠋ᠠᠷᠢᠯᠡᠴᠢᠯᠡᠨ ᠵᠠᠭᠠᠯᠳᠤᠵᠣ ᠪᠣᠯᠣᠨ᠎ᠠ᠂ ᠦᠷ᠎ᠡ ᠳ᠋ᠦᠩ ᠢ ᠨᠢ ᠴᠦ ᠲᠤᠰ | ᠲᠡᠪᠴᠡᠩ ᠠᠴᠠ ᠪᠠᠶᠢᠴᠠᠭᠠᠨ ᠡᠷᠢᠵᠤ ᠪᠣᠯᠣᠨ᠎ᠠ᠃ |