ᠬᠠᠪᠤᠷ ᠤᠨ ᠡᠬᠢᠨ ᠳᠤ ᠠᠭᠠᠷ ᠤᠨ ᠲᠤᠯᠠᠭᠠᠨ ᠦᠳᠳᠡᠷ ᠲᠡᠭᠡᠭᠰᠢᠯᠡᠳᠡᠭ ᠴᠦ ᠡᠪᠦᠯ ᠬᠠᠪᠤᠷ ᠤᠨ ᠠᠭᠤᠯᠵᠠᠷ | ᠪᠤᠯᠬᠤᠷ ᠦᠷᠭᠦᠯᠵᠢ ᠬᠦᠢᠳᠡᠨ ᠠᠭᠠᠷ ᠤᠨ ᠲᠠᠭᠠᠷᠢᠯᠳᠠ ᠳᠤ ᠤᠴᠠᠷᠠᠵᠤ ᠬᠠᠯᠠᠭᠤᠨ ᠬᠦᠢᠳᠡᠨ ᠲᠡᠭᠰᠢ ᠦᠭᠡᠢ ᠪᠠᠶᠢᠳᠠᠭ᠂ | ᠡᠨᠡ ᠦᠶᠡᠰ ᠬᠢᠴᠢᠶᠡᠬᠦ ᠦᠭᠡᠢ ᠪᠤᠯᠤᠭᠰᠠᠭᠠᠷ ᠬᠢᠮᠤᠷᠠᠭ᠎ᠠ ᠲᠠᠭᠰᠢᠭᠤᠷ ᠲᠤ ᠨᠡᠷᠪᠡᠭᠳᠡᠳᠡᠭ᠃ | ᠲᠤᠤᠷᠠᠬᠢ ᠬᠡᠳᠦᠨ ᠵᠦᠢᠯ ᠤᠨ ᠢᠳᠡᠭᠡᠨ ᠢ ᠢᠳᠡᠪᠡᠯ ᠬᠠᠯᠳᠠᠪᠤᠷᠢᠳᠤ ᠲᠠᠭᠰᠢᠭᠤᠷ ᠢ ᠰᠡᠷᠭᠡᠶᠢᠯᠡᠬᠦ ᠳᠤ | ᠲᠤᠰᠠᠳᠠᠢ᠃ | ᠨᠢᠭᠡ ᠳᠤ ᠰᠤᠩᠭᠢᠨ᠎ᠠ᠂ ᠭᠠ᠂ ᠰᠠᠷᠢᠮᠰᠠᠭ ᠵᠡᠷᠭᠡ ᠢᠳᠡᠭᠡᠨ ᠨᠢ ᠪᠠᠺᠲ᠋ᠧᠷᠢ ᠶᠢ ᠠᠯᠠᠵᠤ ᠡᠪᠡᠳᠴᠢᠨ ᠢ | ᠰᠡᠷᠭᠡᠶᠢᠯᠡᠨ᠂ ᠬᠢᠮᠤᠷᠠᠭ᠎ᠠ ᠲᠠᠭᠰᠢᠭᠤᠷ ᠢ ᠰᠡᠷᠭᠡᠶᠢᠯᠡᠬᠦ ᠦᠢᠯᠡᠳᠦᠯ ᠲᠠᠢ︔ | | ᠬᠤᠶᠠᠷ ᠲᠤ ᠠᠮᠢᠳᠠᠨ ᠤ ᠡᠯᠢᠭᠡ ᠲᠤᠳᠤᠷ ᠵᠡᠷᠭᠡ ᠸᠢᠲ᠋ᠠᠮᠢᠨ A ᠡᠯᠪᠡᠭ ᠠᠭᠤᠯᠬᠤ ᠢᠳᠡᠭᠡᠨ᠂ ᠡᠶᠢᠮᠦᠷᠬᠦ | ᠰᠢᠮ᠎ᠠ ᠲᠡᠵᠢᠭᠡᠯ ᠤᠨ ᠡᠳ᠋ ᠨᠢ ᠡᠭᠡᠯᠢᠯᠡᠭᠡ ᠶᠢᠨ ᠰᠢᠰᠲ᠋ᠧᠮ ᠳᠤ ᠴᠢᠬᠤᠯᠠ ᠦᠢᠯᠡᠳᠦᠯ ᠲᠠᠢ᠂ ᠲᠤᠳᠠᠭᠰᠠᠭᠠᠷ ᠠᠮᠢᠰᠬᠤᠯ᠂ | ᠰᠢᠩᠭᠡᠭᠡᠯᠳᠡ᠂ ᠰᠢᠭᠡᠰᠦ ᠰᠢᠭᠦᠷᠡᠭᠦᠯᠬᠦ᠂ ᠦᠷᠡᠵᠢᠯ ᠤᠨ ᠬᠠᠯᠢᠰᠤᠨ ᠡᠰ ᠡᠪᠡᠷᠰᠢᠵᠦ ᠬᠤᠪᠢᠷᠠᠨ᠂ ᠨᠡᠩ ᠠᠮᠠᠷᠬᠠᠨ | ᠪᠠᠺᠲ᠋ᠧᠷᠢ ᠶᠢᠨ ᠲᠠᠭᠠᠷᠢᠯᠳᠠ ᠳᠤ ᠤᠴᠠᠷᠠᠨ᠂ ᠠᠮᠢᠰᠬᠤᠯ ᠤᠨ ᠵᠠᠮ ᠪᠠ ᠬᠤᠳᠤᠭᠤᠳᠤ ᠭᠡᠳᠡᠰᠤᠨ ᠤ ᠬᠠᠯᠳᠠᠪᠤᠷᠢᠳᠤ | ᠡᠪᠡᠳᠴᠢᠨ ᠳᠤ ᠨᠡᠷᠪᠡᠭᠳᠡᠬᠦ ᠲᠦᠭᠰᠢᠭᠦᠷᠢ ᠨᠡᠮᠡᠭᠳᠡᠨ᠎ᠠ᠃ ᠠᠮᠢᠳᠠᠨ ᠤ ᠡᠯᠢᠭᠡ ᠲᠤᠳᠤᠷ ᠢ ᠲᠤᠬᠢᠷᠠᠮᠵᠢᠳᠠᠢ ᠢᠳᠡᠬᠦ ᠶᠢ | ᠠᠩᠬᠠᠷᠬᠤ ᠠᠴᠠ ᠭᠠᠳᠠᠨ᠎ᠠ᠂ ᠤᠷᠭᠤᠮᠠᠯ ᠤᠨ ᠴᠢᠨᠠᠷᠳᠠᠢ ᠢᠳᠡᠭᠡᠨ ᠲᠤᠳᠤᠷᠠᠬᠢ ᠬᠤ ᠯᠣᠣᠪᠠᠩ ᠤᠨ ᠡᠳ᠋ ᠨᠢ ᠪᠡᠶ᠎ᠠ | ᠲᠤᠳᠤᠷ᠎ᠠ ᠸᠢᠲ᠋ᠠᠮᠢᠨ A ᠪᠤᠯᠵᠤ ᠬᠤᠪᠢᠷᠠᠨ᠎ᠠ᠂ ᠬᠦᠨ ᠨᠤᠭᠤᠭᠠᠨ ᠦᠩᠭᠡᠳᠡᠢ ᠪᠠ ᠤᠯᠠᠭᠠᠨ ᠰᠢᠷ᠎ᠠ ᠦᠩᠭᠡᠳᠡᠢ | ᠵᠢᠮᠢᠰ ᠨᠤᠭᠤᠭ᠎ᠠ᠂ ᠵᠢᠱᠢᠶᠡᠯᠡᠪᠡᠯ ᠬᠤ ᠯᠣᠣᠪᠠᠩ᠂ ᠦᠷᠭᠡᠰᠦᠳᠦ ᠨᠤᠭᠤᠭ᠎ᠠ᠂ ᠴᠤᠭᠤᠷ ᠨᠤᠭᠤᠭ᠎ᠠ᠂ ᠠᠮᠳᠠᠳᠤ ᠲᠦᠮᠦᠰᠦ | ᠵᠡᠷᠭᠡ ᠳᠤ ᠸᠢᠲ᠋ᠠᠮᠢᠨ A ᠡᠯᠪᠡᠭ ᠠᠭᠤᠯᠤᠭᠳᠠᠨ᠎ᠠ︔ | | | ᠭᠤᠷᠪᠠᠳᠤᠭᠠᠷ ᠲᠤ᠂ ᠴᠢᠨᠵᠤᠤ᠂ ᠦᠷᠭᠡᠰᠦᠳᠦ ᠨᠤᠭᠤᠭ᠎ᠠ ᠵᠡᠷᠭᠡ ᠸᠢᠲ᠋ᠠᠮᠢᠨ C ᠡᠯᠪᠡᠭ ᠠᠭᠤᠯᠬᠤ | ᠢᠳᠡᠭᠡᠨ᠂ ᠸᠢᠲ᠋ᠠᠮᠢᠨ C ᠨᠢ ᠵᠠᠯᠬᠢᠬᠤ ᠡᠰ ᠤᠨ ᠢᠳᠡᠪᠬᠢ ᠴᠢᠨᠠᠷ ᠢ ᠲᠡᠭᠡᠭᠰᠢᠯᠡᠭᠦᠯᠵᠦ᠂ ᠡᠭᠡᠯᠢᠯᠡᠭᠡ ᠶᠢᠨ | ᠪᠤᠳᠠᠰ ᠤᠨ ᠨᠡᠶᠢᠯᠡᠯᠭᠡ ᠳᠤ ᠤᠷᠤᠯᠴᠠᠵᠤ᠂ ᠪᠡᠶ᠎ᠠ ᠴᠤᠭᠴᠠ ᠶᠢᠨ ᠡᠭᠡᠯᠢᠯᠡᠭᠡ ᠶᠢᠨ ᠴᠢᠳᠠᠪᠤᠷᠢ ᠶᠢ ᠲᠡᠭᠡᠭᠰᠢᠯᠡᠭᠦᠯᠳᠡᠭ᠃ |