ᠤᠢᠢᠷ᠎ᠠ ᠶᠢᠨ ᠵᠢᠯ ᠳᠤ᠂ ᠨᠢᠩᠴᠧᠩ ᠰᠢᠶᠠᠨ ᠤᠯᠤᠰ ᠣᠷᠣᠨ ᠪᠠ ᠣᠷᠣᠨ᠂ ᠬᠤᠲᠠ ᠶᠢᠨ ᠬᠤᠯᠪᠣᠭᠳᠠᠯ ᠪᠦᠬᠦᠢ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠬᠥᠳᠡᠭᠡ ᠶᠢᠨ ᠨᠢᠯᠬ᠎ᠠ ᠬᠡᠦᠬᠡᠳ ᠤᠨ ᠰᠤᠷᠭᠠᠨ ᠬᠥᠮᠦᠵᠢᠯ ᠤᠨ | ᠨᠢᠭᠡ ᠴᠤᠭᠴᠠᠵᠢᠭᠰᠠᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠪᠡ ᠃ | ᠤᠳᠤᠬᠠᠨ ᠳᠤ᠂ ᠪᠦᠬᠦ ᠰᠢᠶᠠᠨ ᠳᠤ 3 — 5 ᠪᠥᠬᠦᠯᠢ ᠨᠠᠰᠤᠨ ᠤ ᠬᠡᠦᠬᠡᠳ ᠤᠨ19171 ᠬᠥᠮᠦᠨ ᠪᠣᠢ᠂ | ᠡᠯ᠎ᠡ ᠱᠠᠲᠤᠨ ᠤ ᠡᠯ᠎ᠡ ᠲᠥᠷᠥᠯ ᠤᠨ ᠬᠡᠦᠬᠡᠳ ᠤᠨ ᠴᠡᠴᠡᠷᠯᠢᠭ ᠨᠡᠶᠢᠲᠡ 197 ᠪᠠᠶᠢᠵᠦ᠂ ᠡᠭᠦᠨ ᠳᠤ | ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ 128 ᠰᠠᠤᠷᠢ᠂ ᠠᠷᠠᠳ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ 69 ᠰᠠᠤᠷᠢ ᠪᠠᠶᠢᠭ᠎ᠠ ᠶᠤᠮ᠃ ᠴᠡᠴᠡᠷᠯᠢᠭ ᠲᠤ ᠪᠠᠶᠢᠭ᠎ᠠ ᠬᠡᠤᠭᠡᠳ ᠤᠨ ᠶᠡᠷᠦᠩᠬᠡᠶ ᠲᠤᠭ᠎ᠠ 18136 | ᠬᠥᠮᠦᠨ᠂ ᠠᠯᠪᠠᠨ ᠠᠴᠠ ᠡᠷᠬᠢᠯᠡᠭᠰᠡᠨ ᠴᠡᠴᠡᠷᠯᠢᠭ ᠲᠤ ᠪᠠᠶᠢᠭ᠎ᠠ ᠬᠡᠤᠭᠡᠳ 11231 ᠬᠥᠮᠦᠨ᠂ ᠠᠷᠠᠳ ᠠᠴᠠ | ᠡᠷᠬᠢᠯᠡᠭᠰᠡᠨ ᠴᠡᠴᠡᠷᠯᠢᠭ ᠲᠤ ᠪᠠᠶᠢᠭ᠎ᠠ ᠬᠡᠤᠭᠡᠳ 6905 ᠬᠥᠮᠦᠨ᠃ ᠬᠡᠦᠬᠡᠳ ᠤᠨ ᠴᠡᠴᠡᠷᠯᠢᠭ ᠤᠨ ᠪᠠᠭᠰᠢ | 1538 ᠬᠥᠮᠦᠨ ᠪᠠᠶᠢᠵᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠲᠤ ᠣᠷᠣᠨ ᠲᠤᠭ᠎ᠠ ᠲᠠᠢ ᠪᠠᠭᠰᠢ | 487 ᠬᠥᠮᠦᠨ᠂ ᠦᠪᠡᠷᠲᠡᠭᠡᠨ ᠤᠷᠢᠵᠦ ᠭᠡᠷᠩᠯᠡᠭᠡ ᠬᠡᠦᠬᠡᠳ ᠤᠨ ᠴᠡᠴᠡᠷᠯᠢᠭ ᠤᠨ ᠪᠠᠭᠰᠢ 428᠂ ᠠᠷᠠᠳ ᠠᠴᠠ | ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠠᠭᠰᠢ 623 ᠪᠣᠢ᠃ ᠰᠤᠷᠬᠤ ᠨᠠᠰᠤᠨ ᠠᠴᠠ ᠡᠮᠦᠨᠡᠬᠢ ᠨᠢᠭᠡᠳᠤᠭᠡᠷ | ᠵᠢᠯ ᠤᠨ ᠴᠡᠴᠡᠷᠯᠢᠭ ᠲᠤ ᠣᠷᠣᠬᠤ ᠨᠤᠷᠮ᠎ᠠ 100 % ᠳᠤ ᠬᠦᠷᠴᠦ᠂ ᠰᠤᠷᠬᠤ ᠨᠠᠰᠤᠨ ᠠᠴᠠ ᠡᠮᠦᠨᠡᠬᠢ ᠭᠤᠷᠪᠠᠨ | ᠵᠢᠯ ᠤᠨ ᠴᠡᠴᠡᠷᠯᠢᠭ ᠲᠤ ᠣᠷᠣᠬᠤ ᠨᠣᠷᠮ᠎ᠠ 94.6% ᠳᠤ ᠬᠦᠷᠪᠡ᠃ ᠬᠤᠲᠠ ᠬᠥᠳᠡᠭᠡ ᠶᠢᠨ ᠬᠡᠦᠬᠡᠳ ᠤᠨ | ᠰᠤᠷᠭᠠᠭᠤᠯᠢ ᠳᠤ ᠣᠷᠣᠬᠤ ᠬᠡᠷᠡᠭᠴᠡᠭᠡ ᠶᠢ ᠰᠢᠢᠳᠪᠤᠷᠢᠯᠡᠪᠡ᠃ |