ᠨᠢᠩᠴᠧᠩ ᠰᠢᠶᠠᠨ᠄ ᠡᠯᠧᠺᠲᠷᠣᠨ ᠡ᠊ᠩ ᠤᠨ ᠫᠠᠰᠫᠣᠷᠲ ᠢ ᠠᠩᠬ᠎ᠠ ᠤᠳᠠᠭ᠎ᠠ ᠭᠤᠶᠤᠴᠢᠯᠠᠬᠤ᠂ ᠨᠥᠬᠦᠨ ᠣᠯᠭᠤᠬᠤ᠂ ᠰᠣᠯᠢᠵᠤ ᠥᠭᠬᠦ ᠶᠢ ᠭᠦᠢᠴᠡᠳᠬᠡᠬᠦ ᠵᠢᠭᠠᠯᠲᠠ
ᠨᠡᠶᠢᠲᠡᠯᠡᠭᠰᠡᠨ ᠴᠠᠭ᠄
2017/5/27
ᠵᠦᠢᠯᠡᠰ ᠤᠨ ᠨᠡᠷᠡᠶᠢᠳᠦᠯ᠄ ᠡᠯᠧᠺᠲᠷᠣᠨ ᠡ᠊ᠩ ᠤᠨ ᠫᠠᠰᠫᠣᠷᠲ ᠢ ᠠᠩᠬ᠎ᠠ ᠤᠳᠠᠭ᠎ᠠ ᠭᠤᠶᠤᠴᠢᠯᠠᠬᠤ᠂ ᠨᠥᠬᠦᠨ ᠣᠯᠭᠤᠬᠤ᠂ ᠰᠣᠯᠢᠵᠤ ᠥᠭᠬᠦ ᠶᠢ ᠭᠦᠢᠴᠡᠳᠬᠡᠬᠦ ᠵᠢᠭᠠᠯᠲᠠ ᠬᠠᠤᠯᠢ ᠴᠠᠭᠠᠵᠠ ᠶᠢᠨ ᠦᠨᠳᠦᠰᠦ ᠪᠠᠷᠢᠮᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠫᠠᠰᠫᠣᠷᠲ ᠤᠨ ᠬᠠᠤᠯᠢ︾ ᠰᠢᠢᠳᠪᠤᠷᠢᠯᠡᠬᠦ  ᠲᠡᠰ ᠳᠠᠷᠠᠭᠠᠯᠠᠯ : 1᠂ ᠬᠢᠯᠢ ᠪᠠᠷ ᠣᠷᠣᠵᠤ ᠭᠠᠷᠬᠤ ᠰᠠᠯᠠᠭ᠎ᠠ ᠮᠥᠴᠢᠷ ᠤᠨ ᠨᠡᠶᠢᠭᠡᠮ ᠤᠨ ᠦᠢᠯᠡᠴᠢᠯᠡᠭᠡᠨ ᠤ ᠭᠡᠷᠡᠯ ᠵᠢᠷᠤᠭ ᠤᠨ ᠴᠡᠭ ᠲᠤ ᠬᠢᠯᠢ ᠪᠠᠷ ᠭᠠᠷᠴᠤ ᠣᠷᠣᠬᠤ ᠭᠡᠷᠡᠴᠢ ᠲᠡᠮᠳᠡᠭ ᠤᠨ ᠵᠢᠷᠤᠭ ᠢ ᠰᠡᠭᠦᠳᠠᠷᠯᠡᠨ᠎ᠠ᠃ 2᠂ ᠪᠦᠷᠢᠨ ᠪᠦᠲᠦᠨ ᠭᠤᠶᠤᠴᠢᠯᠠᠯ ᠤᠨ ᠬᠦᠰᠦᠨᠦᠭᠲᠦ ᠲᠠᠭᠯᠠᠨ ᠪᠢᠴᠢᠵᠦ ᠳᠡᠪᠰᠢᠭᠦᠯᠦᠨ ᠲᠤᠰᠢᠶᠠᠬᠤ ᠪᠥᠭᠡᠳ ᠬᠢᠯᠢ ᠪᠠᠷ ᠭᠠᠷᠴᠤ ᠣᠷᠣᠬᠤ ᠭᠡᠷᠡᠴᠢ ᠲᠡᠮᠳᠡᠭ  ᠤᠨ ᠣᠶᠢᠷ᠎ᠠ ᠶᠢᠨ ᠬᠤᠭᠤᠴᠠᠭᠠᠨ ᠤ ᠮᠠᠯᠠᠭᠠᠶ ᠦᠬᠡᠢ ᠪᠤᠳᠤᠭᠲᠤ ᠲᠥᠪ ᠭᠡᠷᠡᠯ ᠵᠢᠷᠤᠭ ᠢ ᠨᠠᠭᠠᠨ᠎ᠠ᠃3᠂  ᠲᠤᠰ ᠬᠥᠮᠥᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠣᠯᠤᠨ ᠬᠠᠭᠤᠯᠪᠤᠷᠢ ︵ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠠᠪᠬᠤ᠂ ᠰᠤᠯᠢᠵᠤ ᠠᠪᠬᠤ᠂ ᠨᠥᠬᠦᠵᠦ ᠠᠪᠬᠤ ᠬᠤᠭᠤᠴᠠᠭᠠᠨ ᠳᠤ᠂ ᠲᠦᠷ ᠴᠠᠭ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ ᠡᠷᠦᠬᠡ ᠠᠮᠠ ᠶᠢᠨ ᠲᠡᠪᠳᠡᠷ ᠵᠢᠴᠢ ᠬᠠᠭᠤᠯᠪᠤᠷᠢ ︶ ᠶᠢ ᠲᠤᠰᠢᠶᠠᠨ᠎ᠠ᠃    4᠂ ᠭᠤᠶᠤᠴᠢᠯᠠᠭᠴᠢ ᠨᠢ ᠡᠷᠬᠡᠪᠰᠢ ᠪᠡᠶ᠎ᠡ ᠪᠠᠷ ᠢᠶᠠᠨ ᠲᠤᠬᠠᠶ ᠶᠢᠨ ᠭᠠᠵᠠᠷ ᠲᠤᠨᠢ ᠬᠦᠷᠴᠦ᠂ ᠦᠨᠡᠮᠯᠡᠯ ᠠᠪᠬᠤ ᠭᠤᠶᠤᠴᠢᠯᠠᠯ ᠭᠠᠷᠭᠠᠨ᠂ ᠨᠢᠭᠤᠷᠳᠠᠨ ᠵᠤᠯᠭᠠᠬᠤ ᠪᠠ ᠯᠠᠪᠯᠠᠨ ᠠᠰᠠᠭᠤᠯᠲᠠ ᠶᠢ ᠬᠥᠯᠢᠶᠡᠬᠦ ᠶᠢᠨ ᠬᠠᠮᠲᠤ ᠲᠤᠬᠠᠶ ᠶᠢᠨ ᠭᠠᠵᠠᠷ ᠲᠤᠨᠢ  ᠰᠡᠭᠦᠳᠡᠷ ᠲᠠᠳᠠᠨ᠎ᠠ᠃   5᠂ ᠫᠠᠰᠫᠣᠷᠲ ᠢ ᠰᠣᠯᠢᠵᠤ ᠥᠭᠬᠦ᠄ ᠬᠠᠭᠤᠴᠢᠨ ᠫᠠᠰᠫᠣᠷᠲ ᠤᠨ ᠤᠭ ᠮᠠᠲ᠋ᠧᠷᠢᠶᠠᠯ ᠪᠣᠯᠤᠨ ᠬᠠᠭᠤᠯᠪᠤᠷᠢ ᠶᠢ ᠲᠤᠰᠢᠶᠠᠬᠤ ᠬᠡᠷᠡᠭᠲᠡᠶ᠃    6᠂  ᠪᠦᠬᠦᠯᠢ 16 ᠨᠠᠰᠤ ᠬᠦᠷᠦᠭᠡᠳᠦᠢ ᠠᠷᠠᠳ ᠢᠷᠭᠡᠨ ᠪᠣᠯ ᠠᠰᠠᠷᠠᠨ ᠬᠠᠷᠠᠭᠠᠯᠵᠠᠭᠴᠢ ᠪᠠᠷ ᠪᠠᠷ᠎ᠠ ᠪᠣᠯᠭᠠᠬᠤ ᠶᠢᠨ ᠬᠠᠮᠲᠤ ᠠᠰᠠᠷᠠᠨ ᠬᠠᠷᠠᠭᠠᠯᠵᠠᠭᠴᠢ ᠶᠢᠨ ᠬᠢᠨᠢ ᠬᠢᠵᠦ ᠥᠭᠭᠦᠭᠰᠡᠨ ᠬᠢᠯᠢ ᠪᠠᠷ ᠭᠠᠷᠬᠤ ᠶᠢ ᠵᠥᠪᠰᠢᠶᠡᠷᠡᠭᠰᠡᠨ ᠰᠠᠨᠠᠯ᠂ ᠠᠰᠠᠷᠠᠨ ᠬᠠᠷᠠᠭᠠᠯᠵᠠᠭᠴᠢ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠤᠶᠤ ᠡᠷᠦᠭᠡ ᠠᠮᠠ ᠶᠢᠨ ᠳᠡᠪᠲᠡᠷ᠂ ᠫᠠᠰᠫᠣᠷᠲ ᠬᠢᠭᠡᠳ ᠬᠠᠭᠤᠯᠪᠤᠷᠢ ᠶᠢ ᠲᠤᠰᠢᠶᠠᠨ᠎ᠠ  ᠃   7᠂ ᠲᠠᠩᠰᠠᠯᠭᠤᠯᠤᠬᠰᠠᠨ ᠤᠯᠤᠰ ᠤᠨ ᠠᠵᠢᠯᠲᠠᠳ ᠪᠤᠯ᠂ ᠦᠪᠡᠷ ᠤᠨ ᠬᠠᠷᠢᠶᠠᠯᠠᠭᠳᠠᠬᠤ ᠠᠵᠢᠯ ᠤᠨ ᠨᠢᠭᠡᠴᠡ ᠪᠤᠶᠤ ᠳᠡᠭᠡᠷ᠎ᠡ ᠱᠠᠲᠤᠨ ᠤ ᠭᠤᠣᠯᠴᠢᠯᠠᠨ ᠬᠠᠮᠢᠶᠠᠷᠬᠤ ᠨᠢᠭᠡᠴᠡ  ᠶᠢᠨ ᠰᠠᠨᠠᠯ ᠢ ᠲᠤᠰᠢᠶᠠᠨ᠎ᠠ︔   8᠂ ᠭᠠᠳᠠᠭᠠᠳᠦ ᠳᠤ ᠭᠠᠷᠴᠦ ᠲᠥᠷᠥ ᠶᠢᠨ ᠪᠠᠷᠠᠳᠠᠯᠠᠭ᠎ᠠ ᠬᠢᠬᠦ᠂ ᠬᠥᠳᠡᠯᠮᠦᠷᠢ ᠦᠢᠯᠡᠴᠢᠯᠡᠭᠡ ᠵᠢᠴᠢ ᠭᠠᠳᠠᠭᠠᠳᠤ ᠳᠤ ᠬᠡᠦᠬᠡᠳ ᠢ ᠡᠷᠭᠦᠨ ᠲᠡᠵᠢᠭᠡᠬᠦ ᠳᠤ ᠬᠤᠯᠪᠣᠭᠳᠠᠬᠤ ᠭᠡᠷᠡᠴᠢᠯᠡᠬᠦ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ  ᠃  9᠂ ᠳᠣᠲᠣᠭᠠᠳᠤ ᠶᠢ ᠬᠠᠮᠠᠭᠠᠯᠠᠬᠤ ᠬᠢᠯᠢ ᠪᠠᠷ ᠭᠠᠷᠬᠤ ᠣᠷᠣᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠰᠢᠶᠠᠬᠤ ᠴᠢᠬᠤᠯᠠᠲᠠᠶ ᠭᠡᠵᠦ ᠦᠵᠡᠭᠰᠡᠨ ᠪᠤᠰᠤᠳ ᠮᠠᠲ᠋ᠧᠷᠢᠶᠠᠯ ᠢ ᠲᠤᠰᠢᠶᠠᠨ᠎ᠠ᠃ ᠭᠦᠢᠴᠡᠳᠬᠡᠬᠦ ᠪᠠᠶᠢᠭᠤᠯᠤᠮᠵᠢ᠄ ᠨᠢᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠤᠨ ᠬᠢᠯᠢ ᠪᠠᠷ ᠭᠠᠷᠬᠤ ᠣᠷᠣᠬᠤ ᠶᠢ ᠬᠠᠮᠢᠶᠠᠷᠬᠤ ᠶᠡᠭᠡ ᠠᠩᠭᠢ ᠰᠢᠢᠳᠪᠤᠷᠢᠯᠡᠬᠦ ᠭᠠᠵᠠᠷ᠄ ᠨᠢᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ  ᠲᠤᠪᠴᠢᠶᠡᠨ ᠤ ᠪᠠᠷᠠᠭᠤᠨ ᠲᠠᠯ᠎ᠠ ᠶᠢᠨ ᠠᠯᠪᠠᠨ ᠠᠰᠠᠷ ᠤᠨ ᠨᠢᠭᠡᠳᠦᠭᠡᠷ ᠳᠠᠪᠬᠤᠷᠯᠢᠭ ᠬᠠᠷᠢᠯᠴᠠᠬᠤ ᠤᠲᠠᠰᠤ᠄ 0476-4272513 ᠮᠥᠩᠭᠦ ᠬᠤᠷᠢᠶᠠᠬᠤ ᠪᠠᠷᠢᠮᠵᠢᠶ᠎ᠠ ᠵᠢᠴᠢ ᠦᠨᠳᠦᠰᠦ ᠪᠠᠷᠢᠮᠲᠠ᠄ ᠡᠯᠧᠺᠲᠷᠣᠨ ᠡ᠊ᠩ ᠤᠨ ᠫᠠᠰᠫᠣᠷᠲ 200 ᠲᠥᠭᠦᠷᠢᠭ ᠂ ᠰᠣᠯᠢᠵᠤ ᠥᠭᠬᠦ ᠡᠯᠧᠺᠲᠷᠣᠨ ᠡ᠊ᠩ ᠤᠨ ᠫᠠᠰᠫᠣᠷᠲ 220 ᠲᠥᠭᠦᠷᠢᠭ ︵ᠵᠡᠭᠦᠯᠲᠡ 20 ᠲᠥᠭᠦᠷᠢᠭ ᠢ ᠪᠠᠭᠳᠠᠭᠠᠨ᠎ᠠ︶᠂ ᠨᠥᠬᠦᠵᠦ ᠥᠭᠬᠦ ︵ᠡᠪᠳᠡᠨ ᠰᠦᠢᠳᠬᠡᠵᠦ᠂ ᠬᠤᠯᠠᠭᠠᠶᠢᠯᠠᠭᠳᠠᠭᠰᠠᠨ︶ ᠡᠯᠧᠺᠲᠷᠣᠨ ᠡ᠊ᠩ ᠤᠨ ᠫᠠᠰᠫᠣᠷᠲ 220 ᠲᠥᠭᠦᠷᠢᠭ ︵ᠵᠡᠭᠦᠯᠲᠡ 20 ᠲᠥᠭᠦᠷᠢᠭ ᠢ ᠪᠠᠭᠳᠠᠭᠠᠨ᠎ᠠ︶︔ ᠤᠯᠤᠰ ᠤᠨ ᠬᠥᠭᠵᠢᠭᠦᠯᠦᠯᠲᠡ ᠲᠥᠯᠥᠪᠯᠡᠭᠡᠨ ᠤ ᠵᠥᠪᠯᠡᠯ᠂ ᠡᠳ᠋ ᠤᠨ ᠵᠠᠰᠠᠭ ᠤᠨ ᠶᠠᠮᠤᠨ ᠤ ᠬᠡᠮᠵᠢᠭᠦᠷ ᠦᠨ᠎ᠡ ︵2000 ᠣᠨ︶ 293 ᠳ᠋ᠤᠭᠠᠷ᠂ ᠤᠯᠤᠰ ᠤᠨ ᠪᠠᠷᠠᠭᠠᠨ ᠤ ᠦᠨ᠎ᠡ ᠶᠢᠨ ᠲᠣᠪᠴᠢᠶ᠎ᠠ  ᠂ ᠡᠳ᠋ ᠤᠨ ᠵᠠᠰᠠᠭ ᠤᠨ ᠶᠠᠮᠤᠨ ﹇1993﹈ ᠦᠨ᠎ᠡ ᠪᠠᠷ ᠰᠦᠢᠳᠬᠡᠯ ᠦᠰᠦᠭ 164 ᠳ᠋ᠤᠭᠡᠷ ᠢ ᠦᠨᠳᠦᠰᠦᠯᠡᠪᠡ᠃ ᠬᠦᠢᠴᠡᠳᠭᠡᠬᠦ ᠴᠠᠭ ᠬᠤᠭᠤᠴᠠᠭ᠎ᠠ᠄ 10 ᠠᠵᠢᠯᠯᠠᠬᠤ ᠡᠳᠦᠷ ᠤᠨ ᠳᠣᠲᠣᠷ᠎ᠠ ᠭᠡᠷᠡᠴᠢ ᠦᠨᠡᠮᠯᠡᠯ ᠢ ᠬᠢᠨᠠᠨ ᠵᠥᠪᠰᠢᠶᠡᠷᠡᠬᠦ ᠭᠠᠷ ᠤᠨ ᠦᠰᠦᠭ ᠵᠢᠷᠤᠵᠤ ᠶᠠᠪᠤᠭᠤᠯᠬᠤ ᠠᠵᠢᠯ ᠢ  ᠪᠡᠶᠡᠯᠡᠬᠦᠯᠦᠨ᠎ᠡ ︵ᠭᠡᠷᠡᠴᠢ ᠲᠡᠮᠳᠡᠭ ᠢ ᠪᠣᠴᠠᠭᠠᠬᠤ ᠴᠠᠭ ᠢ ᠪᠠᠭᠳᠠᠭᠠᠬᠤ ᠦᠭᠡᠶ︶ ᠰᠢᠢᠳᠪᠤᠷᠢᠯᠡᠬᠦ ᠴᠠᠭ ᠬᠤᠭᠤᠴᠠᠭ᠎ᠠ᠄  ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠡᠪᠦᠯ ᠤᠨ ᠡᠳᠦᠷ ᠤᠨ ᠦᠳᠡ ᠶᠢᠨ ᠡᠮᠦᠨ᠎ᠡ 8᠄ 00 — 11᠄ 30                  ᠦᠳᠡ ᠶᠢᠨ ᠬᠤᠶᠢᠨ᠎ᠠ 14 : 00 —17 : 00 ᠵᠤᠨ ᠤ ᠡᠳᠦᠷ ᠤᠨ ᠦᠳᠡ ᠶᠢᠨ ᠡᠮᠦᠨ᠎ᠡ 8᠄ 00 — 11᠄ 30                 ᠦᠳᠡ ᠶᠢᠨ ᠬᠤᠶᠢᠨ᠎ᠠ 14᠄ 30 —17᠄ 30
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号