ᠣᠢᠢᠷ᠎ᠠ ᠳᠤ᠂ ᠴᠡᠩᠬᠡᠯᠳᠡᠢ ᠮᠣᠩᠭᠤᠯ ᠦᠰᠦᠭ ᠪᠢᠴᠢᠭ ᠰᠣᠶᠣᠯ ᠤᠨ ᠰᠠᠭᠤᠷᠢ ᠮᠦᠩᠬᠦᠨ ᠤ | ᠨᠡᠶᠢᠬᠡᠮᠯᠢᠭ ᠠᠴᠠ ᠴᠡᠩᠬᠡᠯᠳᠡᠢ ᠰᠣᠶᠣᠯ ᠲᠣᠷᠠᠰᠬᠠᠯ ᠤᠨ ᠣᠷᠳᠣᠨ ᠡᠷᠦᠬᠡ ᠪᠠᠨ ᠰᠡᠬᠦᠬᠦ ᠶᠣᠰᠣᠯᠠᠯ ᠵᠢᠴᠢ ︽ | ᠨᠢᠩᠴᠧᠩ ᠰᠢᠶᠠᠨ ᠤ ᠮᠣᠩᠭᠤᠯ ᠭᠠᠵᠠᠷ ᠤᠨ ᠨᠡᠷ᠎ᠡ︾ ᠶᠢ ᠠᠩᠬ᠎ᠠ ᠲᠠᠷᠬᠠᠭᠠᠬᠤ ᠶᠣᠰᠣᠯᠠᠯ ᠶᠠᠪᠣᠬᠳᠠᠭᠤᠯᠪᠠ᠃ | ᠶᠣᠰᠣᠯᠠᠯ ᠳᠤ᠂ ᠨᠢᠩᠴᠧᠩ ᠰᠢᠶᠠᠨ ᠤ ᠬᠠᠮᠢᠶ᠎ᠠ ᠪᠦᠬᠦᠢ ᠪᠠᠶᠢᠭᠤᠯᠣᠯᠭ᠎ᠠ ᠨᠢᠬᠡᠴᠡ ᠶᠢᠨ ᠬᠠᠷᠢᠭᠤᠴᠠᠯᠭᠠᠳᠠᠨ | ᠣᠷᠣᠯᠴᠠᠵᠣ᠂ ᠰᠠᠭᠤᠷᠢ ᠮᠦᠩᠬᠦᠨ ᠤ ᠨᠡᠶᠢᠬᠡᠮᠯᠢᠭ ᠤᠨ ᠪᠦᠬᠦ ᠨᠦᠬᠦᠳ ᠵᠣᠬᠢᠶᠠᠨ ᠪᠠᠶᠢᠭᠤᠯᠣᠬᠰᠠᠨ ᠪᠠᠶᠢᠨ᠎ᠠ᠃ | ᠶᠣᠰᠣᠯᠠᠯ ᠳᠤ᠂ ᠨᠢᠩᠴᠧᠩ ᠰᠢᠶᠠᠨ ᠤ ᠣᠬᠠᠭᠤᠯᠬᠤ ᠬᠡᠯᠳᠡᠰ ᠤᠨ ᠬᠠᠷᠢᠭᠤᠴᠠᠯᠭᠠᠳᠠᠨ ᠠᠴᠠ ᠶᠠᠷᠢᠶ᠎ᠠ | ᠲᠠᠯᠪᠢᠵᠦ᠂ ᠴᠡᠩᠬᠡᠯᠳᠡᠢ ᠰᠠᠭᠤᠷᠢ ᠮᠦᠩᠬᠦᠨ ᠤ ᠨᠡᠶᠢᠬᠡᠮᠯᠢᠭ ᠨᠢ ᠮᠣᠩᠭᠤᠯ ᠦᠰᠦᠭ ᠪᠢᠴᠢᠭ ᠰᠣᠶᠣᠯ ᠢ ᠣᠯᠠᠮᠵᠢᠯᠠᠨ | ᠬᠦᠭᠵᠢᠬᠦᠯᠬᠦ ᠪᠠ ᠨᠢᠩᠴᠧᠩ ᠰᠢᠶᠠᠨ ᠤ ᠮᠣᠩᠭᠤᠯ ᠭᠠᠵᠠᠷ ᠤᠨ ᠨᠡᠷ᠎ᠡ ᠶᠢ ᠠᠭᠤᠳᠠᠯᠠᠬᠤ᠂ ᠴᠣᠬᠯᠠᠭᠤᠯᠣᠨ ᠡᠮᠬᠢᠳᠬᠡᠬᠦ | ᠠᠵᠢᠯ ᠳᠤ ᠲᠣᠩ ᠶᠡᠭᠡ ᠭᠠᠪᠢᠶ᠎ᠠ ᠵᠢᠳᠬᠦᠯ ᠦᠵᠡᠬᠦᠯᠵᠦ᠂ ᠰᠣᠶᠣᠯ ᠲᠣᠷᠠᠰᠬᠠᠯ ᠤᠨ ᠣᠷᠳᠣᠨ ᠤ ᠡᠷᠦᠬᠡ ᠪᠠᠨ | ᠰᠡᠬᠦᠭᠰᠡᠨ ᠪᠠ ︽ᠨᠢᠩᠴᠧᠩ ᠰᠢᠶᠠᠨ ᠤ ᠮᠣᠩᠭᠤᠯ ᠭᠠᠵᠠᠷ ᠤᠨ ᠨᠡᠷ᠎ᠡ︾ ᠶᠢᠨ ᠬᠡᠪᠯᠡᠭᠳᠡᠨ ᠲᠠᠷᠬᠠᠭᠠᠬᠳᠠᠬᠰᠠᠨ ᠨᠢ | ᠴᠢᠬᠤᠯᠠ ᠶᠡᠭᠡ ᠠᠴᠢ ᠬᠤᠯᠪᠣᠬᠳᠠᠯ ᠲᠠᠢ ᠬᠡᠵᠦ ᠦᠡᠳᠦᠷ ᠦᠨᠡᠯᠡᠯᠳᠡ ᠦᠭᠬᠦᠭᠰᠡᠨ ᠢᠶᠠᠷ ᠪᠠᠷᠠᠬᠤ ᠦᠬᠡᠢ ᠴᠡᠩᠬᠡᠯᠳᠡᠢ | ᠰᠠᠭᠤᠷᠢ ᠮᠦᠩᠬᠦᠨ ᠤ ᠨᠡᠶᠢᠬᠡᠮᠯᠢᠭ ᠨᠢᠩᠴᠧᠩ ᠰᠢᠶᠠᠨ ᠤ ᠠᠵᠢᠯ ᠤᠨ ᠪᠣᠳᠡᠳᠡᠢ ᠲᠠᠢ ᠪᠠᠨ ᠣᠶᠠᠯᠳᠣᠭᠤᠯᠣᠨ᠂ | ᠰᠣᠶᠣᠯ ᠲᠣᠷᠠᠰᠬᠠᠯ ᠤᠨ ᠣᠷᠳᠣᠨ ᠤ ᠬᠠᠮᠢᠶᠠᠷᠣᠯᠳᠠ ᠪᠠᠨ ᠴᠢᠩᠭᠠᠳᠬᠠᠨ᠂ ᠰᠠᠶᠢᠳᠣᠷ ᠬᠠᠮᠠᠭᠠᠯᠠᠨ᠂ ᠰᠣᠶᠣᠯ | ᠲᠣᠷᠠᠰᠬᠠᠯ ᠤᠨ ᠣᠷᠳᠣᠨ ᠤ ᠰᠣᠶᠣᠯ ᠤᠨ ᠠᠭᠤᠯᠣᠬᠳᠠᠬᠤᠨ ᠪᠠ ᠬᠡᠷᠡᠭᠯᠡᠬᠡᠨ ᠤ ᠦᠷᠳᠡᠭ ᠢ ᠲᠠᠰᠣᠷᠠᠯᠳᠠ ᠦᠬᠡᠢ | ᠲᠡᠬᠡᠭᠰᠢᠯᠡᠬᠦᠯᠵᠦ᠂ ᠲᠣᠭᠤᠷᠢᠨ ᠦᠵᠡᠭᠴᠢᠳ ᠲᠤ ᠨᠡᠩ ᠬᠠᠨᠣᠮᠵᠢᠳᠡᠢ ᠬᠠᠷᠢᠭᠤᠯᠳᠠ ᠦᠭᠬᠦ ᠶᠢ ᠬᠦᠰᠡᠭᠰᠡᠨ ᠪᠠᠶᠢᠨ᠎ᠠ᠃ | | ᠴᠡᠩᠬᠡᠯᠳᠡᠢ ᠨᠦᠬᠦᠷ ᠪᠣᠯ ᠲᠣᠮᠳᠠᠳᠦ ᠣᠯᠣᠰ ᠤᠨ ᠣᠳᠣ ᠦᠶ᠎ᠠ ᠶᠢᠨ ᠨᠡᠷᠡᠳᠦ ᠦᠡᠳᠦᠰᠦᠳᠡᠨ ᠤ ᠦᠬᠡ ᠬᠡᠯᠡ | ᠦᠰᠦᠭ ᠪᠢᠴᠢᠭ ᠤᠨ ᠣᠬᠠᠭᠠᠡᠳᠠᠨ᠂ ᠰᠣᠷᠭᠠᠨ ᠬᠦᠮᠦᠵᠢᠬᠦᠯᠦᠭᠴᠢ᠃ ᠮᠠᠨ ᠣᠯᠣᠰ ᠤᠨ ᠶᠡᠭᠡ ᠲᠡᠬᠡᠳᠦ | ᠰᠣᠷᠭᠠᠭᠤᠯᠢ ᠶᠢᠨ ᠮᠣᠩᠭᠤᠯ ᠦᠰᠦᠭ ᠪᠢᠴᠢᠭ ᠤᠨ ᠵᠢᠭᠠᠨ ᠰᠣᠷᠭᠠᠬᠴᠢ ᠪᠠ ᠡᠷᠳᠡᠮ ᠰᠢᠡᠵᠢᠯᠡᠬᠡᠨ ᠤ ᠠᠵᠢᠯ ᠤᠨ | ᠰᠠᠭᠤᠷᠢᠯᠠᠬᠴᠢ ᠮᠦᠨ ᠪᠦᠬᠡᠳ ᠦᠡᠳᠦᠰᠦᠳᠡᠨ ᠤ ᠣᠮᠣᠬᠰᠢᠯ ᠮᠦᠷᠳᠡᠬᠡᠨ ᠨᠡᠩ ᠴᠦ ᠨᠣᠳᠤᠭ ᠣᠰᠣᠨ ᠤ ᠠᠷᠠᠳ | ᠲᠦᠮᠡᠨ ᠤ ᠣᠮᠣᠬᠰᠢᠯ ᠪᠣᠯᠣᠨ᠎ᠠ᠃ ᠪᠢᠳᠡ ᠴᠡᠩᠬᠡᠯᠳᠡᠢ ᠨᠦᠬᠦᠷ ᠤᠨ ᠬᠠᠷᠠᠮᠵᠢ ᠦᠬᠡᠢ ᠬᠤᠪᠢ ᠨᠡᠮᠡᠷᠢ ᠦᠵᠡᠬᠦᠯᠬᠦ | ᠵᠣᠷᠢᠭ ᠰᠠᠨᠠᠭ᠎ᠠ ᠶᠢ ᠰᠣᠷᠣᠯᠴᠠᠨ᠂ ᠲᠡᠬᠦᠨ ᠤ ᠨᠣᠳᠤᠭ ᠣᠰᠣ ᠪᠠᠨ ᠮᠠᠷᠳᠠᠬᠤ ᠦᠬᠡᠢ᠂ ᠦᠡᠳᠦᠰᠦᠳᠡᠨ ᠢᠶᠠᠨ | ᠮᠠᠷᠳᠠᠬᠤ ᠦᠬᠡᠢ᠂ ᠮᠣᠩᠭᠤᠯ ᠦᠬᠡ ᠬᠡᠯᠡ ᠦᠰᠦᠭ ᠪᠢᠴᠢᠭ ᠰᠣᠶᠣᠯ ᠢᠶᠠᠨ ᠬᠠᠶᠢᠷᠠᠯᠠᠬᠤ ᠡᠷᠬᠢᠮ ᠲᠡᠬᠡᠳᠦ ᠵᠣᠷᠢᠭ | ᠰᠠᠨᠠᠭ᠎ᠠ ᠶᠢ ᠲᠠᠭᠠᠨ ᠰᠣᠷᠣᠯᠴᠠᠵᠣ᠂ ᠦᠡᠳᠦᠰᠦᠳᠡᠨ ᠤ ᠦᠬᠡ ᠬᠡᠯᠡ ᠦᠰᠦᠭ ᠪᠢᠴᠢᠭ ᠤᠨ ᠠᠵᠢᠯ ᠢ ᠰᠢᠨ᠎ᠡ ᠨᠢᠬᠡᠨ | ᠬᠢᠷᠢ ᠲᠦᠪᠰᠢᠨ ᠳᠤ ᠬᠦᠷᠬᠡᠬᠦ ᠪᠠᠷ ᠴᠢᠷᠮᠠᠶᠢᠪᠠᠯ ᠵᠣᠬᠢᠨ᠎ᠠ᠃ ᠴᠡᠩᠬᠡᠯᠳᠡᠢ ᠨᠦᠬᠦᠷ ᠠᠬᠠᠮᠠᠳ ᠨᠢᠬᠡ ᠦᠶ᠎ᠡ ᠶᠢᠨ ᠬᠢ ᠶᠢ | ᠵᠠᠯᠭᠠᠮᠵᠢᠯᠠᠵᠣ᠂ ᠬᠤᠶᠢᠴᠢ ᠨᠢᠬᠡ ᠦᠶ᠎ᠡ ᠳᠡᠭᠡᠨ ᠰᠡᠩᠬᠡᠷᠡᠬᠦᠯᠦᠯ ᠦᠯᠡᠳᠡᠬᠡᠵᠦ᠂ ᠦᠪᠡᠷ ᠤᠨ ᠬᠦᠴᠦ ᠪᠠᠷ ᠢᠶᠠᠨ | ᠴᠢᠷᠮᠠᠶᠢᠨ᠂ ᠦᠡᠳᠦᠰᠦᠳᠡᠨ ᠤ ᠰᠣᠶᠣᠯ ᠢᠶᠠᠨ ᠣᠯᠠᠮᠵᠢᠯᠠᠨ ᠬᠦᠭᠵᠢᠬᠦᠯᠬᠦ ᠪᠠ ᠨᠢᠩᠴᠧᠩ ᠰᠢᠶᠠᠨ ᠤ | ᠦᠡᠳᠦᠰᠦᠳᠡᠨ ᠤ ᠪᠦᠯᠬᠦᠮᠳᠡᠯ ᠢ ᠠᠬᠢᠭᠤᠯᠬᠤ ᠳᠤ ᠲᠣᠩ ᠶᠡᠭᠡ ᠬᠤᠪᠢ ᠨᠡᠮᠡᠷᠢ ᠦᠵᠡᠬᠦᠯᠦᠭᠰᠡᠨ ᠪᠠᠶᠢᠨ᠎ᠠ᠃ | ᠴᠡᠩᠬᠡᠯᠳᠡᠢ ᠰᠣᠶᠣᠯ ᠲᠣᠷᠠᠰᠬᠠᠯ ᠤᠨ ᠣᠷᠳᠣᠨ ᠤ ᠡᠷᠦᠬᠡ ᠪᠠᠨ ᠰᠡᠬᠦᠭᠰᠡᠨ ᠪᠠ ︽ᠨᠢᠩᠴᠧᠩ ᠰᠢᠶᠠᠨ ᠤ | ᠮᠣᠩᠭᠤᠯ ᠭᠠᠵᠠᠷ ᠤᠨ ᠨᠡᠷ᠎ᠡ︾ ᠶᠢ ᠬᠡᠪᠯᠡᠨ ᠲᠠᠷᠬᠠᠭᠠᠬᠰᠠᠨ ᠨᠢ᠂ ᠨᠢᠩᠴᠧᠩ ᠰᠢᠶᠠᠨ ᠤ ︽ᠰᠣᠶᠣᠯᠳᠦ ᠰᠢᠶᠠᠨ ᠢ | ᠪᠦᠳᠦᠬᠡᠨ ᠪᠠᠶᠢᠭᠤᠯᠬᠤ᠂ ᠡᠶ᠎ᠡ ᠵᠣᠬᠢᠴᠠᠯᠳᠦ ᠨᠡᠶᠢᠬᠡᠮ ᠢ ᠪᠦᠳᠦᠬᠡᠨ ᠪᠠᠶᠢᠭᠤᠯᠬᠤ︾ ᠶᠠᠪᠣᠴᠠ ᠳᠠᠬᠢ ᠨᠢᠬᠡᠨ ᠬᠢᠯᠡᠰ | ᠴᠡᠭ ᠪᠠᠶᠢᠵᠣ᠂ ᠲᠡᠷᠡ ᠨᠢ ᠦᠡᠳᠦᠰᠦᠳᠡᠨ ᠤ ᠰᠣᠶᠣᠯ ᠢ ᠣᠯᠠᠮᠵᠢᠯᠠᠬᠤ᠂ ᠬᠦᠭᠵᠢᠬᠦᠯᠬᠦ᠂ ᠰᠢᠨ᠎ᠡ ᠶᠢ ᠡᠬᠦᠳᠬᠦ ᠳᠤ | ᠲᠣᠩ ᠶᠡᠭᠡ ᠦᠢᠯᠡᠳᠦᠯ ᠦᠵᠡᠬᠦᠯᠬᠦ ᠮᠦᠷᠳᠡᠬᠡᠨ ᠦᠡᠳᠦᠰᠦᠳᠡᠨ ᠤ ᠬᠦᠭᠵᠢᠯᠳᠡ ᠶᠢ ᠠᠬᠢᠭᠤᠯᠬᠤ᠂ ᠦᠡᠳᠦᠰᠦᠳᠡᠨ ᠤ | ᠨᠢᠬᠳᠠᠷᠠᠯ ᠤᠨ ᠬᠦᠴᠦᠨ ᠢ ᠴᠢᠩᠭᠠᠳᠬᠠᠬᠤ ᠵᠡᠷᠬᠡ ᠲᠠᠯ᠎ᠠ ᠳᠤ ᠢᠳᠡᠪᠬᠢᠳᠡᠢ ᠲᠦᠯᠬᠢᠴᠡ ᠦᠢᠯᠡᠳᠦᠯ ᠦᠵᠡᠬᠦᠯᠬᠦ | ᠪᠣᠯᠣᠨ᠎ᠠ᠃ ᠡᠬᠦᠨ ᠤ ᠬᠠᠮᠳᠦ ᠬᠠᠷᠠᠴᠢᠨ ᠮᠣᠩᠭᠤᠯ ᠦᠡᠳᠦᠰᠦᠳᠡᠨ ᠤ ᠰᠣᠶᠣᠯ ᠤᠨ ᠠᠭᠤᠯᠣᠬᠳᠠᠬᠤᠨ ᠢ ᠣᠯᠠᠮ | ᠨᠢᠬᠡ ᠠᠯᠬᠤᠮ ᠬᠦᠡᠵᠡᠬᠡᠢ ᠠᠭᠤᠳᠠᠯᠠᠵᠣ᠂ ᠮᠣᠩᠭᠤᠯ ᠦᠬᠡ ᠬᠡᠯᠡ ᠪᠠᠨ ᠰᠠᠶᠢᠳᠣᠷ ᠰᠣᠷᠴᠦ ᠬᠡᠷᠡᠭᠯᠡᠬᠦ ᠶᠢ | ᠵᠣᠷᠢᠬᠵᠢᠭᠤᠯᠣᠨ᠂ ᠦᠡᠳᠦᠰᠦᠳᠡᠨ ᠤ ᠦᠬᠡ ᠬᠡᠯᠡ ᠰᠣᠶᠣᠯ ᠤᠨ ᠠᠵᠢᠯᠯᠠᠭᠠᠨ ᠢ ᠢᠳᠡᠪᠬᠢᠳᠡᠢ ᠦᠷᠨᠢᠬᠦᠯᠵᠦ᠂ | ᠨᠢᠩᠴᠧᠩ ᠰᠢᠶᠠᠨ ᠤ ᠦᠡᠳᠦᠰᠦᠳᠡᠨ ᠤ ᠭᠠᠵᠠᠷ ᠣᠷᠣᠨ ᠤ ᠠᠵᠣ ᠠᠬᠤᠢ ᠨᠡᠶᠢᠬᠡᠮ ᠤᠨ ᠡᠷᠡᠬᠦᠯ ᠢᠶᠠᠷ ᠬᠦᠭᠵᠢᠬᠦ ᠪᠠ | ᠰᠣᠶᠣᠯᠳᠦ ᠰᠢᠶᠠᠨ ᠢ ᠡᠬᠦᠳᠦᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠬᠦᠯᠵᠦ ᠪᠠᠶᠢᠨ᠎ᠠ᠃ |