ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠪᠠᠶᠢᠭᠤᠯᠤᠯᠲᠠ ᠶᠢ ᠴᠢᠩᠭᠠᠳᠬᠠᠵᠤ᠂ ᠨᠢᠩᠴᠧᠩ ᠤᠨ ᠠᠵᠤ | ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠰᠠᠭᠤᠷᠢᠨ ᠭᠠᠵᠠᠷ ᠢ ᠪᠠᠶᠢᠭᠤᠯᠤᠨ᠎ᠠ | | | | ᠰᠤᠷᠪᠤᠯᠵᠢᠯᠠᠭᠰᠠᠨ ᠵᠤᠴᠢᠨ᠄ ᠨᠢᠩᠴᠧᠩ ᠰᠢᠶᠠᠨ ᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠬᠡᠰᠢᠬᠦᠨ ᠶᠡᠷᠦᠩᠬᠡᠶᠢᠯᠡᠭᠰᠡᠨ ᠠᠯᠪᠠᠨ ᠭᠡᠷ ᠤᠨ ᠡᠷᠬᠢᠯᠡᠭᠴᠢ ᠴᠧᠨ ᠴᠢᠶᠠᠩ | ᠰᠤᠷᠪᠤᠯᠵᠢᠯᠠᠭᠰᠠᠨ ᠴᠠᠭ᠄ 2017 ᠣᠨ ᠤ 8 ᠰᠠᠷ᠎ᠠ ᠶᠢᠨ 20 ᠤ ᠡᠳᠤᠷ | ᠰᠤᠷᠪᠤᠯᠵᠢᠯᠠᠭᠰᠠᠨ ᠭᠠᠵᠠᠷ᠄ ᠨᠢᠩᠴᠧᠩ ᠰᠢᠶᠠᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠢᠨ ᠭᠡᠷ | ᠬᠥᠲᠥᠯᠥᠭᠴᠢ᠄ ᠰᠦᠯᠵᠢᠶᠡᠨ ᠠᠨᠳᠠ ᠨᠠᠷ᠂ ᠲᠠ ᠪᠦᠬᠦᠨ ᠰᠠᠶᠢᠨ ᠪᠠᠶᠢᠵᠠᠭᠠᠨ᠎ᠠ︖ ᠠᠵᠤ ᠦᠢᠯᠡᠳᠪᠦᠷᠢ ᠪᠣᠯ ᠠᠵᠤ | ᠠᠬᠤᠶ ᠶᠢᠨ ᠬᠥᠭᠵᠢᠯᠲᠡ ᠶᠢᠨ ᠠᠮᠢᠨ ᠰᠤᠳᠠᠰᠤ ᠪᠣᠯᠤᠨ᠎ᠠ᠃ ᠥᠨᠥᠳᠦᠷ᠂ ᠨᠢᠩᠴᠧᠩ ᠰᠢᠶᠠᠨ ᠤ ᠠᠵᠤ ᠠᠬᠤᠶ ᠶᠢᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠬᠡᠰᠢᠬᠦᠨ ᠶᠡᠷᠦᠩᠬᠡᠶᠢᠯᠡᠭᠰᠡᠨ ᠠᠯᠪᠠᠨ ᠭᠡᠷ ᠤᠨ ᠡᠷᠬᠢᠯᠡᠭᠴᠢ | ᠴᠧᠨ ᠴᠢᠶᠠᠩ ᠨᠥᠬᠦᠷ ᠢ ᠰᠢᠶᠠᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ | ᠪᠤᠯᠤᠩ ᠲᠤ ᠤᠷᠢᠨ ᠠᠪᠴᠢᠷᠠᠪᠠ᠂ ᠲᠤᠤᠷ᠎ᠠ ᠴᠧᠨ ᠡᠷᠬᠢᠯᠡᠭᠴᠢ ᠶᠢ ᠤᠷᠢᠵᠦ ᠨᠢᠩᠴᠧᠩ ᠰᠢᠶᠠᠨ ᠤ ᠠᠵᠤ | ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠤᠶ᠎ᠠ᠃ | ᠵᠣᠴᠢᠨ ᠴᠧᠨ ᠴᠢᠶᠠᠩ᠄ ᠬᠥᠲᠥᠯᠥᠭᠴᠢ᠂ ᠲᠠ ᠰᠠᠢᠨ ᠤᠤ︖᠂ ᠥᠷᠭᠡᠨ ᠣᠯᠠᠨ ᠰᠦᠯᠵᠢᠶᠡᠨ ᠠᠨᠳᠠ ᠨᠠᠷ | ᠰᠠᠶᠢᠨ ᠪᠠᠶᠢᠨ᠎ᠠ᠃ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠲᠤ ᠰᠠᠭᠠᠳᠠᠬᠰᠠᠨ ᠳᠠᠭᠠᠨ ᠮᠠᠰᠢ | ᠪᠠᠶᠠᠷᠯᠠᠵᠤ ᠪᠠᠶᠢᠨ᠎ᠠ᠂ ᠦᠷᠭᠡᠨ ᠤᠯᠠᠨ ᠰᠦᠯᠵᠢᠶᠡᠨ ᠠᠨᠳᠠ ᠨᠠᠷ ᠨᠢᠩᠴᠧᠩ ᠰᠢᠶᠠᠨ ᠤ ᠠᠵᠤ ᠠᠬᠤᠶ ᠶᠢᠨ | ᠨᠡᠭᠡᠭᠡᠯᠲᠡ ᠶᠢᠨ ᠲᠤᠭᠤᠷᠢᠭ ᠢ ᠠᠩᠬᠠᠷᠴᠤ ᠳᠡᠮᠵᠢᠵᠦ ᠪᠠᠶᠢᠬᠤ ᠳᠤ ᠲᠠᠯᠠᠷᠬᠠᠵᠦ ᠪᠠᠶᠢᠨ᠎ᠠ᠂ ᠪᠠᠰᠠ ᠰᠥᠯᠵᠢᠶᠡᠨ | ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠨᠢ ᠥᠷᠭᠡᠨ ᠣᠯᠠᠨ ᠰᠦᠯᠵᠢᠶᠡᠨ ᠠᠨᠳᠠ ᠲᠠᠢ ᠰᠣᠯᠢᠯᠴᠠᠭ᠎ᠠ ᠬᠢᠬᠦ ᠡᠶᠢᠮᠦ | ᠨᠢᠭᠡᠨ ᠵᠠᠪᠰᠢᠶᠠᠨ ᠬᠠᠩᠭᠠᠬᠰᠠᠨ ᠳᠤ ᠲᠠᠯᠠᠷᠬᠠᠵᠤ ᠪᠠᠶᠢᠨ᠎ᠠ᠃ | ᠬᠥᠲᠥᠯᠥᠭᠴᠢ᠄ ᠶᠠᠭᠤᠨ ᠤ ᠡᠮᠦᠨ᠎ᠡ ᠴᠧᠨ ᠡᠷᠬᠢᠯᠡᠭᠴᠢ ᠶᠢ ᠤᠷᠢᠵᠦ ᠨᠢᠩᠴᠧᠩ ᠰᠢᠶᠠᠨ ᠤ ᠠᠵᠤ ᠠᠬᠤᠶ ᠶᠢᠨ | ᠨᠡᠭᠡᠭᠡᠯᠲᠡ ᠶᠢᠨ ᠲᠤᠭᠤᠷᠢᠭ ᠤᠨ ᠬᠥᠭᠵᠢᠯᠲᠡ ᠶᠢᠨ ᠣᠳᠣᠬᠢ ᠪᠠᠶᠢᠳᠠᠯ ᠢ ᠲᠠᠨᠢᠯᠴᠠᠭᠤᠯᠤᠶ᠎ᠠ︖ | ᠵᠣᠴᠢᠨ ᠴᠧᠨ ᠴᠢᠶᠠᠩ᠄ ᠪᠤᠯᠤᠨ᠎ᠠ᠃ ᠨᠢᠩᠴᠧᠩ ᠰᠢᠶᠠᠨ ᠤ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠪᠣᠯ | ᠥᠪᠡᠷᠲᠡᠭᠡᠨ ᠵᠠᠰᠠᠬᠤ ᠣᠷᠣᠨ ᠤ ᠲᠡᠰ ᠤᠨ ᠨᠡᠭᠡᠭᠡᠯᠳᠡ ᠶᠢᠨ ᠣᠷᠣᠨ ᠪᠤᠯᠤᠨ᠎ᠠ᠂ ᠬᠠᠷᠢᠶ᠎ᠠ ᠳᠤ ᠨᠢ ᠵᠦᠩ ᠵᠢᠩ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ᠂ ᠪᠤᠷᠬᠠᠨᠲᠤ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠤᠢ᠃ ᠶᠡᠷᠦᠩᠬᠡᠶ | ᠲᠥᠯᠥᠪᠵᠢᠭᠦᠯᠭᠡ ᠶᠢᠨ ᠲᠠᠯᠠᠪᠠᠶ 40.94 ᠲᠡᠭᠰᠢ ᠳᠥᠷᠪᠡᠯᠵᠢᠨ ᠺᠢᠯᠣᠮᠧᠲᠷ᠂ ᠪᠠᠶᠢᠭᠤᠯᠤᠬᠰᠠᠨ ᠲᠠᠯᠠᠪᠠᠶ ᠨᠢ 6.12 | ᠲᠡᠭᠰᠢ ᠳᠥᠷᠪᠡᠯᠵᠢᠨ ᠺᠢᠯᠣᠮᠧᠲᠷ ᠪᠠᠶᠢᠨ᠎ᠠ᠃ ᠬᠦᠷᠢᠶᠡᠯᠡᠩ ᠲᠣᠭᠤᠷᠢᠭ ᠲᠤ ᠤᠳᠤ ᠨᠢᠭᠡᠨᠲᠡ ᠣᠷᠣᠵᠤ ᠰᠠᠭᠤᠭ᠎ᠠ | ᠠᠵᠤ ᠠᠬᠤᠶᠢᠯᠠᠯ 87 ᠡᠷᠤᠭᠡ ᠪᠠᠶᠢᠵᠦ᠂ ᠱᠦᠨ ᠰᠢᠨ ᠨᠢᠩᠴᠧᠩ ᠤᠨ ᠬᠠᠭᠤᠴᠢᠨ ᠵᠤᠭᠤᠷᠢᠲᠦ ᠠᠷᠢᠬᠢᠨ ᠤ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠠᠢ ᠹᠸᠢ ᠶᠠ ᠢᠳᠡᠭᠡᠨ ᠤ ᠬᠢᠵᠠᠭᠠᠷᠲᠤ ᠺᠣᠮᠫᠠᠨᠢ᠂ ᠶᠠᠨᠵᠢᠩ ᠫᠢᠸᠣ᠋᠂ | ᠳ᠋ᠦᠩ ᠹᠠᠩ ᠸᠠᠨ ᠴᠢ᠂ ᠵᠢᠶᠠᠨ ᡁᠢ ᠬᠤᠭᠤᠯᠠᠶ ᠲᠤᠨᠤᠭ ᠵᠡᠷᠭᠡ ᠬᠡᠪᠴᠢᠶ᠎ᠡ ᠪᠠᠷ ᠨᠡᠯᠢᠶᠡᠳ ᠶᠡᠭᠡ᠂ ᠨᠡᠷ᠎ᠡ ᠠᠯᠳᠠᠷ | ᠶᠡᠬᠡᠲᠡᠶ ᠠᠵᠤ ᠠᠬᠤᠶᠢᠯᠠᠯ ᠪᠣᠢ᠃ 2012 ᠣᠨ ᠳᠤ᠂ ᠨᠢᠩᠴᠧᠩ ᠤᠨ ᠠᠵᠤ ᠠᠬᠤᠶ ᠶᠢᠨ ᠨᠡᠭᠡᠭᠡᠯᠳᠡ ᠶᠢᠨ | ᠲᠣᠭᠤᠷᠢᠭ ᠤᠨ ᠦᠢᠯᠡᠳᠬᠦᠨ ᠤ ᠦᠷᠳᠡᠭ᠂ ᠣᠷᠣᠯᠭ᠎ᠠ ᠨᠢ ᠴᠥᠮ ᠵᠠᠭᠤᠨ ᠳ᠋ᠦᠩᠰᠢᠭᠤᠷ ᠲᠦᠭᠦᠷᠢᠭ ᠤᠨ ᠶᠡᠭᠡ | ᠪᠣᠭᠤᠮᠲᠠ ᠶᠢ ᠲᠠᠪᠠᠵᠦ᠂ ᠪᠦᠬᠦ ᠬᠤᠲᠠ ᠶᠢᠨ ᠭᠤᠷᠪᠠᠨ ᠶᠡᠭᠡ ᠵᠠᠭᠤᠨ ᠳ᠋ᠦᠩᠰᠢᠭᠤᠷ ᠲᠦᠬᠦᠷᠢᠭ ᠤᠨ ᠬᠦᠷᠢᠶᠡᠯᠡᠩ | ᠲᠣᠭᠤᠷᠢᠭ ᠤᠨ ᠨᠢᠭᠡ ᠨᠢ ᠪᠤᠯᠤᠬᠰᠠᠨ ᠪᠣᠯᠤᠨ᠎ᠠ᠃ 2016 ᠣᠨ ᠳᠤ᠂ ᠨᠢᠩᠴᠧᠩ ᠤᠨ ᠠᠵᠤ ᠠᠬᠤᠶ ᠶᠢᠨ | ᠨᠡᠭᠡᠭᠡᠯᠳᠡ ᠶᠢᠨ ᠲᠣᠭᠤᠷᠢᠭ ᠨᠢ 139.7 ᠳ᠋ᠥᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ ᠂ 135.5 | ᠳ᠋ᠥᠩᠰᠢᠭᠤᠷ ᠲᠥᠭᠦᠷᠢᠭ ᠤᠨ ᠪᠣᠷᠣᠯᠠᠭᠤᠯᠤᠯᠲᠠ ᠶᠢᠨ ᠣᠷᠣᠯᠭ᠎ᠠ ᠲᠥᠭᠦᠷᠢᠭ ᠢ ᠪᠡᠶᠡᠯᠡᠭᠦᠯᠵᠦ᠂ 1.98 | ᠳ᠋ᠦᠩᠰᠢᠭᠤᠷ ᠲᠥᠭᠦᠷᠢᠭ ᠤᠨ ᠠᠰᠢᠭ ᠭᠠᠶᠢᠯᠢ ᠶᠢ ᠪᠡᠶᠡᠯᠡᠭᠦᠯᠦᠨ᠂ 8400 ᠢᠯᠡᠬᠦᠦ ᠬᠥᠮᠦᠨ ᠤ ᠠᠵᠢᠯ | ᠣᠯᠭᠤᠯᠲᠠ ᠶᠢ ᠰᠢᠢᠳᠪᠤᠷᠢᠯᠡᠪᠡ᠃ ᠨᠢᠩᠴᠧᠩ ᠤᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠨᠢ ᠨᠢᠭᠡᠨᠲᠡ | ᠮᠠᠨ ᠤ ᠰᠢᠶᠠᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠲᠠᠪᠴᠠᠩ ᠪᠣᠯᠤᠬᠰᠠᠨ | ᠪᠠᠶᠢᠨ᠎ᠠ᠃ | ᠬᠥᠲᠥᠯᠥᠭᠴᠢ᠄ ᠨᠡᠭᠡᠷᠡᠨ ᠰᠢᠤ᠂ ᠨᠢᠩᠴᠧᠩ ᠤᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠨᠢ ᠡᠨᠡ ᠬᠡᠳᠦᠨ | ᠵᠢᠯ ᠤᠨ ᠲᠤᠷᠰᠢᠬᠢ ᠬᠥᠭᠵᠢᠯᠲᠡ ᠪᠠᠷ ᠳᠠᠮᠵᠢᠨ ᠮᠡᠳᠡᠭᠳᠡᠮ᠎ᠡ ᠦᠷ᠎ᠡ ᠪᠦᠲᠦᠮᠵᠢ ᠤᠯᠵᠦ ᠨᠢᠩᠴᠧᠩ ᠤᠨ ᠠᠵᠤ | ᠠᠬᠤᠶ ᠶᠢᠨ ᠲᠦᠷᠭᠡᠨ ᠬᠥᠭᠵᠢᠯᠲᠡ ᠳᠤ ᠰᠠᠭᠤᠷᠢ ᠲᠠᠯᠪᠢᠨ ᠥᠭᠴᠡᠶ᠂ ᠡᠲᠡᠬᠡᠷ ᠦᠷ᠎ᠡ ᠪᠦᠲᠦᠮᠵᠢ ᠶᠢ ᠣᠯᠤᠭᠰᠠᠨ ᠨᠢ | ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠪᠠ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠴᠢᠷᠮᠠᠶᠢᠯᠭ᠎ᠠ ᠠᠴᠠ ᠰᠠᠯᠤᠰᠢ ᠦᠭᠡᠢ | ᠶᠤᠮ᠂ ᠨᠡᠭᠡᠭᠡᠯᠲᠡ ᠶᠢᠨ ᠲᠣᠭᠤᠷᠢᠭ ᠢ ᠨᠡᠭᠡᠭᠡᠨ ᠭᠦᠭᠵᠢᠬᠦᠯᠬᠦ ᠶᠠᠪᠤᠴᠠ ᠳᠤ᠂ ᠪᠢᠳᠡᠨ ᠤ ᠨᠡᠭᠡᠭᠡᠯᠲᠡ ᠶᠢᠨ ᠲᠣᠭᠤᠷᠢᠭ | ᠨᠢ ᠶᠠᠮᠠᠷ ᠶᠠᠮᠠᠷ ᠳᠠᠪᠠᠭᠤᠯᠢᠭ ᠲᠠᠯ᠎ᠠ ᠪᠠᠶᠢᠬᠤ ᠲᠤᠬᠠᠢ ᠶᠠᠷᠢᠭᠠᠳ ᠦᠭᠬᠦᠨ᠎ᠡ︖ | ᠵᠣᠴᠢᠨ ᠴᠧᠨ ᠴᠢᠶᠠᠩ᠄ ᠲᠠᠨ ᠤ ᠬᠡᠯᠡᠭᠰᠡᠨ ᠳᠤᠩ ᠵᠦᠢᠲᠡᠶ᠃ ᠨᠢᠩᠴᠧᠩ ᠰᠢᠶᠠᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠠᠴᠠ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠪᠦᠳᠤᠭᠡᠨ ᠪᠠᠶᠢᠭᠤᠯᠤᠯᠲᠠ ᠶᠢᠨ | ᠠᠵᠢᠯ ᠢ ᠮᠠᠰᠢ ᠴᠢᠬᠤᠯᠠᠴᠢᠯᠠᠨ ᠦᠵᠡᠵᠦ ᠪᠠᠶᠢᠨ᠎ᠠ᠃ ᠤᠢᠢᠷ᠎ᠠ ᠶᠢᠨ ᠵᠢᠯ ᠤᠳ ᠲᠤ᠂ ᠰᠢᠶᠠᠨ ᠤ ᠡᠳ᠋ ᠤᠨ | ᠵᠠᠰᠠᠭ ᠠᠴᠠ ᠦᠯᠡᠮᠵᠢ ᠤᠯᠠᠨ ᠪᠡᠯᠡ ᠮᠥᠩᠭᠦ ᠶᠢ ᠤᠷᠤᠭᠤᠯᠤᠨ᠂ ᠨᠡᠭᠡᠭᠡᠯᠲᠡ ᠶᠢᠨ ᠲᠣᠭᠤᠷᠢᠭ ᠤᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠡᠯ᠎ᠡ ᠲᠥᠷᠥᠯ ᠤᠨ ᠲᠥᠷᠥᠯ ᠵᠦᠢᠯ ᠤᠷᠤᠵᠦ | ᠰᠠᠭᠤᠷᠢᠰᠢᠬᠤ ᠳᠤ ᠠᠴᠢᠶᠠᠯᠠᠬᠤ ᠲᠠᠪᠴᠠᠩ ᠬᠠᠩᠭᠠᠭᠰᠠᠨ ᠪᠠᠶᠢᠨ᠎ᠠ᠃ ᠨᠢᠩᠴᠧᠩ ᠤᠨ ᠠᠵᠤ ᠠᠬᠤᠶ ᠶᠢᠨ | ᠨᠡᠭᠡᠭᠡᠯᠲᠡ ᠶᠢᠨ ᠲᠣᠭᠤᠷᠢᠭ ᠤᠨ ᠬᠥᠭᠵᠢᠯᠲᠡ ᠮᠠᠰᠢ ᠬᠤᠷᠳᠤᠨ᠂ ᠲᠡᠭᠦᠨ ᠤ ᠭᠤᠣᠯ ᠳᠠᠪᠠᠭᠤᠯᠢᠭ ᠳᠣᠣᠷᠠᠬᠢ ᠬᠡᠳᠦᠨ | ᠵᠦᠢᠯ ᠪᠤᠢ᠄ | 1 . ᠣᠷᠣᠨ ᠪᠠᠶᠢᠷᠢ ᠶᠢᠨ ᠳᠠᠪᠠᠭᠤᠯᠢᠭ ᠢᠯᠡᠳᠲᠡ | ᠨᠢᠩᠴᠧᠩ ᠰᠢᠶᠠᠨ ᠤᠯᠠᠭᠠᠨᠬᠠᠳᠠ ᠬᠤᠲᠠ ᠶᠢᠨ ᠡᠮᠦᠨᠡᠲᠦ ᠬᠡᠰᠡᠭ ᠲᠤ ᠪᠠᠶᠢᠷᠢᠯᠠᠵᠤ᠂ ᠨᠢᠩᠴᠧᠩ ᠤᠨ ᠠᠵᠤ | ᠠᠬᠤᠶ ᠶᠢᠨ ᠨᠡᠭᠡᠭᠡᠯᠳᠡ ᠶᠢᠨ ᠲᠣᠭᠤᠷᠢᠭ ᠲᠤᠤᠷᠠᠬᠢ ᠭᠤᠷᠪᠠᠨ ᠬᠦᠷᠢᠶᠡᠯᠡᠩ ᠲᠣᠭᠤᠷᠢᠭ ᠨᠢ ᠲᠤᠰ ᠲᠤᠰ ᠨᠢᠩᠴᠧᠩ | ᠰᠢᠶᠠᠨ ᠤ ᠲᠢᠶᠠᠨ ᠢ᠂ ᠰᠢ ᠽᠢ᠂ ᠪᠤᠷᠬᠠᠨᠲᠤ ᠭᠤᠷᠪᠠᠨ ᠪᠠᠯᠭᠠᠰᠤ ᠳᠤ ᠪᠠᠶᠢᠷᠢᠯᠡᠵᠦ ᠪᠠᠶᠢᠨ᠎ᠠ᠃ ᠨᠢᠩᠴᠧᠩ ᠤᠨ | ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠬᠤᠶᠢᠲᠤ ᠲᠠᠯ᠎ᠠ ᠪᠠᠷ ᠢᠶᠠᠨ ᠲᠠᠯ᠎ᠠ ᠨᠤᠲᠤᠭ ᠲᠠᠢ ᠲᠦᠰᠢᠭᠯᠡᠵᠦ᠂ | ᠡᠮᠦᠨ᠎ᠡ ᠲᠠᠯ᠎ᠠ ᠪᠠᠷ ᠢᠶᠠᠨ ᠪᠦᠸᠧᠬᠠᠢ ᠲᠠᠩᠭᠢᠰ ᠤᠨ ᠲᠤᠭᠤᠷᠢᠭ ᠲᠤ ᠪᠠᠶᠢᠵᠦ᠂ ᠵᠡᠭᠦᠨ ᠲᠠᠯ᠎ᠠ ᠪᠠᠷ ᠢᠶᠠᠨ ᠵᠡᠭᠦᠨ | ᠬᠤᠶᠢᠲᠤ ᠣᠷᠣᠨ ᠤ ᠭᠤᠷᠪᠠᠨ ᠮᠤᠵᠢ ᠲᠠᠢ ᠨᠢᠭᠤᠷᠯᠠᠵᠦ᠂ ᠪᠠᠷᠠᠭᠤᠨ ᠲᠠᠯ᠎ᠠ ᠪᠠᠷ ᠢᠶᠠᠨ ᠪᠡᠭᠡᠵᠢᠩ ᠲᠢᠶᠠᠨᠵᠢᠨ ᠾᠧᠪᠧᠶ | ᠲᠠᠢ ᠵᠠᠯᠭᠠᠯᠳᠤᠵᠦ᠂ ᠪᠡᠭᠡᠵᠢᠩ ᠲᠢᠶᠠᠨᠵᠢᠨ ᠲᠠᠩᠱᠠᠨ ᠪᠠ ᠯᠢᠶᠤᠤᠨᠢᠩ ᠵᠡᠷᠭᠡ ᠠᠵᠤ ᠠᠬᠤᠶ ᠬᠥᠭᠵᠢᠭᠰᠡᠨ ᠭᠠᠵᠠᠷ | ᠣᠷᠣᠨ ᠤ ᠨᠥᠯᠥᠭᠡᠯᠡᠯ ᠢ ᠬᠦᠯᠢᠶᠡᠨ ᠠᠪᠳᠠᠭ᠃ ᠡᠭᠦᠨ ᠤ ᠬᠠᠮᠲᠤ ᠪᠡᠭᠡᠵᠢᠩ ᠬᠤᠳᠠ ᠠᠴᠠ 380 ᠺᠢᠯᠣᠮᠧᠲᠷ᠂ | ᠮᠦᠭᠲᠡᠨ ᠬᠤᠲᠠ ᠠᠴᠠ 450 ᠺᠢᠯᠣᠮᠧᠲᠷ᠂ ᠴᠢᠨ ᠬᠤᠸᠠᠩ ᠳ᠋ᠣᠣ ᠠᠴᠠ300 ᠺᠢᠯᠣᠮᠧᠲᠷ᠂ ᠶᠢᠨ ᠵᠦ ᠭᠠᠷᠠᠮ ᠠᠴᠠ | 230 ᠺᠢᠯᠣᠮᠧᠲᠷ ᠵᠠᠶᠢᠳᠠᠢ ᠪᠠᠶᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠲᠠᠯᠠᠢ ᠳᠤ | ᠭᠠᠷᠬᠤ ᠭᠠᠷᠠᠮ ᠬᠦᠷᠬᠦ ᠳᠤ ᠬᠠᠮᠤᠭ ᠣᠶᠢᠷ᠎ᠠ ᠶᠤᠮ᠃ ᠤᠯᠤᠰ ᠤᠨ ᠵᠠᠰᠠᠮᠠᠯ ᠵᠠᠮ ᠤᠨ 306 ᠱᠤᠭᠤᠮ᠂ | ᠤᠯᠠᠭᠠᠨᠬᠠᠳᠠ ᠯᠢᠩᠶᠤᠸᠠᠨ ᠤ ᠨᠢᠭᠡᠳᠤᠭᠡᠷ ᠱᠠᠲᠤᠨ ᠤ ᠵᠠᠮ᠂ ᠪᠠᠶᠢᠰᠢᠩᠲᠦ ᠤᠯᠠᠭᠠᠨᠬᠠᠲᠠ ᠶᠢᠨ ᠲᠡᠮᠦᠷ ᠵᠠᠮ ᠲᠤᠰ | ᠲᠤᠰ ᠬᠦᠷᠢᠶᠡᠯᠡᠩ ᠲᠣᠭᠤᠷᠢᠭ ᠢᠶᠠᠷ ᠦᠩᠭᠡᠷᠡᠨ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ | ᠬᠥᠭᠵᠢᠯᠲᠡ ᠳᠤ ᠰᠠᠶᠢᠨ ᠰᠠᠭᠤᠷᠢ ᠶᠢ ᠲᠠᠯᠪᠢᠵᠤ ᠥᠭᠭᠦᠭᠰᠡᠨ ᠶᠤᠮ᠃ | 2 . ᠰᠠᠭᠤᠷᠢ ᠲᠥᠬᠦᠭᠡᠷᠦᠮᠵᠢ ᠶᠢ ᠲᠡᠭᠦᠯᠳᠡᠷ | ᠡᠯ᠎ᠡ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠦᠨᠳᠦᠰᠦᠨ ᠳᠡᠭᠡᠨ ᠪᠦᠷᠢᠨ ᠲᠡᠭᠦᠯᠳᠡᠷ᠂ ᠵᠠᠮ᠂ | ᠴᠠᠬᠢᠯᠭᠠᠨ᠂ ᠴᠢᠮᠡᠭᠡ ᠬᠤᠯᠪᠣᠭ᠎ᠠ᠂ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠶ᠋ᠳᠪᠦᠷᠢᠯᠡᠬᠦ ᠵᠡᠷᠭᠡ ᠰᠠᠭᠤᠷᠢ | ᠲᠥᠬᠦᠭᠡᠷᠦᠮᠵᠢ ᠨᠢᠭᠡᠨᠲᠡ ᠦᠨᠳᠦᠰᠦᠨ ᠳᠡᠭᠡᠨ ᠲᠡᠭᠦᠯᠳᠡᠷᠵᠢᠪᠡ᠃ ᠨᠡᠶᠢᠲᠡ 29.4 ᠺᠢᠯᠣᠮᠧᠲᠷ ᠵᠠᠮ ᠲᠡᠪᠢᠰᠴᠥ᠂ | ᠡᠯ᠎ᠡ ᠵᠦᠢᠯ ᠤᠨ ᠴᠠᠬᠢᠯᠭᠠᠨ ᠬᠦᠴᠦᠨ ᠤ ᠬᠡᠯᠬᠢᠶ᠎ᠡ 48.98 ᠺᠢᠯᠣᠮᠧᠲᠷ᠂ ᠬᠠᠶᠠᠭᠳᠠᠮᠠᠯ ᠢ ᠭᠠᠳᠠᠭᠰᠢᠯᠠᠭᠤᠯᠬᠤ | ᠬᠠᠮᠢᠶᠠᠷᠤᠯᠲᠠ ᠶᠢᠨ ᠲᠣᠣᠷ 42 ᠺᠢᠯᠣᠮᠧᠲᠷ᠂ ᠴᠢᠮᠡᠭᠡ ᠬᠤᠯᠪᠣᠭᠠᠨ ᠤ ᠱᠤᠭᠤᠮ ᠢ 18.76 ᠺᠢᠯᠣᠮᠧᠲᠷ᠂ ᠵᠠᠰᠠᠮᠠᠯ | ᠵᠠᠮ ᠲᠡᠮᠦᠷ ᠵᠠᠮ ᠤᠨ ᠠᠭᠤᠯᠵᠠᠷ ᠵᠠᠮ ᠤᠨ ᠪᠣᠰᠤᠭ᠎ᠠ ᠬᠥᠭᠦᠷᠭᠡ 1 ᠰᠠᠭᠤᠷᠢ᠂ ᠲᠡᠮᠦᠷ ᠵᠠᠮ ᠤᠨ ᠪᠠᠷᠠᠭᠠᠨ ᠤ ᠲᠠᠯᠠᠪᠤᠷ | 1᠂ 220 kv ᠬᠦᠴᠦᠳᠡᠯ ᠥᠭᠡᠷᠡᠴᠢᠯᠡᠬᠦ ᠦᠷᠲᠡᠭᠡ 1 ᠰᠠᠭᠤᠷᠢ᠂ 66 kv ᠬᠦᠴᠦᠳᠡᠯ ᠥᠭᠡᠷᠡᠴᠢᠯᠡᠬᠦ | ᠦᠷᠳᠡᠭᠡ 4 ᠰᠠᠭᠤᠷᠢ᠂ ᠪᠣᠬᠢᠷ ᠤᠰᠤ ᠰᠢᠶ᠋ᠳᠪᠦᠷᠢᠯᠡᠬᠦ ᠦᠢᠯᠡᠳᠪᠦᠷᠢ 1 ᠰᠠᠭᠤᠷᠢ ᠪᠠᠶᠢᠵᠦ᠂ ᠠᠵᠤ ᠠᠬᠤᠶᠢᠯᠠᠯ ᠤᠨ | ᠪᠠᠶᠢᠭᠤᠯᠤᠯᠲᠠ ᠪᠠ ᠦᠢᠯᠡᠳᠪᠦᠷᠢᠯᠡᠯ ᠤᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ ᠴᠢᠳᠠᠨ᠎ᠠ᠃ | 3 . ᠭᠠᠷ ᠭᠦᠢᠴᠡᠳᠬᠡᠯ ᠳᠥᠭᠦᠮ ᠳᠥᠲᠡ | ᠨᠢᠩᠴᠧᠩ ᠤᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠨᠢ ᠰᠢᠶᠠᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠨᠡᠭᠡᠭᠡᠯᠳᠡ ᠶᠢᠨ ᠲᠣᠭᠤᠷᠢᠭ ᠢᠶᠠᠷ ᠲᠥᠪ ᠪᠤᠯᠭᠠᠬᠰᠠᠨ᠂ ᠡᠯ᠎ᠡ | ᠰᠠᠯᠠᠭ᠎ᠠ ᠮᠥᠴᠢᠷ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠲᠠᠢ ᠢᠳᠡᠪᠬᠢᠲᠡᠶ ᠬᠠᠮᠵᠢᠯᠴᠠᠬᠰᠠᠨ | ᠬᠦᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠪᠦᠷᠢᠯᠳᠦᠬᠦᠯᠵᠦ᠂ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ | ᠨᠢ ᠡᠷᠬᠡ ᠶᠢ ᠥᠷᠭᠡᠳᠬᠡᠵᠦ ᠰᠢᠶᠠᠨ ᠢ ᠬᠦᠴᠦᠷᠬᠡᠭᠵᠢᠭᠦᠯᠬᠦ ᠲᠤᠷᠰᠢᠯᠲᠠ ᠶᠢᠨ ᠠᠰᠢᠭᠲᠠᠶ ᠨᠥᠬᠦᠴᠡᠯ ᠢ ᠠᠰᠢᠭᠯᠠᠨ᠂ | ᠶᠡᠬᠡᠩᠬᠢ ᠬᠡᠰᠡᠭ ᠭᠠᠷ ᠭᠦᠢᠴᠡᠳᠬᠡᠯ ᠢ ᠰᠢᠶᠠᠨ ᠤ ᠱᠠᠲᠤᠨ ᠳᠤ ᠬᠦᠢᠴᠡᠳᠭᠡᠭᠦ ᠶᠢ ᠪᠡᠶᠡᠯᠡᠭᠦᠯᠪᠡ᠃ ᠨᠡᠭᠡᠭᠡᠯᠳᠡ ᠶᠢᠨ | ᠲᠣᠭᠤᠷᠢᠭ ᠤᠨ ᠲᠤᠳᠤᠷ᠎ᠠ ᠰᠠᠭᠤᠷᠢᠰᠢᠬᠰᠠᠨ ᠠᠯᠢᠪᠠ ᠪᠦᠳᠤᠭᠡᠨ ᠪᠠᠶᠢᠭᠤᠯᠤᠯᠲᠠ ᠶᠢᠨ ᠲᠥᠷᠥᠯ ᠵᠤᠶᠢᠯ ᠳᠤ᠂ | ᠨᠡᠭᠡᠭᠡᠯᠳᠡ ᠶᠢᠨ ᠲᠣᠭᠤᠷᠢᠭ ᠨᠢ ᠬᠠᠪᠰᠤᠷᠤᠨ ᠬᠦᠢᠴᠡᠳᠭᠡᠭᠦ ᠳᠠᠭᠠᠭᠤᠯᠤᠨ ᠬᠦᠢᠴᠡᠳᠭᠡᠭᠦ ᠲᠥᠷᠢᠮ ᠢ ᠭᠡᠷᠩᠵᠢᠬᠦᠯᠦᠨ | ᠂ ᠲᠤᠰᠬᠠᠶ ᠬᠥᠮᠦᠨ ᠢ ᠲᠣᠭᠲᠠᠭᠠᠵᠤ ᠲᠥᠷᠥᠯ ᠵᠦᠢᠯ ᠳᠤ ᠵᠢᠯᠤᠭᠤᠳᠤᠯᠭ᠎ᠠ ᠬᠢᠵᠦ᠂ ᠠᠵᠤ ᠠᠬᠤᠶᠢᠯᠠᠯ ᠤᠨ ᠡᠵᠡᠳ ᠢ | ᠬᠥᠲᠥᠯᠥᠨ ᠵᠢᠯᠣᠭᠤᠳᠴᠤ ᠡᠯ᠎ᠡ ᠵᠦᠢᠯ ᠤᠨ ᠭᠠᠷ ᠭᠦᠢᠴᠡᠳᠬᠡᠯ ᠬᠢᠬᠦ ᠪᠥᠭᠡᠳ ᠰᠢᠶ᠋ᠳᠪᠦᠷᠢᠯᠡᠵᠦ ᠪᠠᠶᠢᠭ᠎ᠠ | ᠠᠬᠢᠴᠠ ᠶᠢ ᠮᠥᠷᠳᠡᠨ᠂ ᠲᠦᠷᠦᠯ ᠵᠦᠢᠯ ᠤᠨ ᠪᠠᠷᠢᠯᠭ᠎ᠠ ᠪᠠᠨ ᠡᠬᠢᠯᠡᠭᠦᠯᠬᠦ ᠳᠤ ᠨᠥᠬᠦᠴᠡᠯ ᠪᠦᠷᠢᠯᠳᠦᠭᠦᠯᠵᠦ ᠥᠭᠴᠡᠶ᠃ | | 4 . ᠠᠵᠤ ᠦᠢᠯᠡᠰ ᠤᠨ ᠪᠠᠶᠢᠷᠢ ᠲᠣᠭᠲᠠᠭᠠᠯᠲᠠ ᠲᠣᠳᠣᠷᠬᠠᠶ | ᠨᠢᠩᠴᠧᠩ ᠰᠢᠶᠠᠨ ᠤ ᠠᠵᠤ ᠦᠢᠯᠡᠰ ᠤᠨ ᠣᠳᠣᠬᠢ ᠪᠠᠶᠢᠳᠠᠯ ᠳᠤ ᠤᠶᠠᠯᠳᠤᠭᠤᠯᠵᠤ᠂ ᠨᠢᠩᠴᠧᠩ ᠤᠨ ᠠᠵᠤ | ᠠᠬᠤᠶ ᠶᠢᠨ ᠨᠡᠭᠡᠭᠡᠯᠳᠡ ᠶᠢᠨ ᠲᠣᠭᠤᠷᠢᠭ ᠳᠣᠣᠷ᠎ᠠ ᠨᠢ ᠬᠦᠷᠢᠶᠡᠯᠡᠩ ᠲᠣᠭᠤᠷᠢᠭ ᠢ ᠭᠤᠷᠪᠠᠨ ᠠᠵᠤ ᠦᠢᠯᠡᠰ ᠤᠨ | ᠣᠷᠣᠨ ᠪᠣᠯᠭᠠᠨ ᠬᠤᠪᠢᠶᠠᠵᠤ᠂ ᠢᠳᠡᠭᠡᠨ᠂ ᠮᠧᠬᠠᠨᠢᠭ᠂ ᠪᠠᠷᠢᠯᠭ᠎ᠠ ᠶᠢᠨ ᠮᠠᠲ᠋ᠧᠷᠢᠶᠠᠯ᠂ ᠨᠡᠬᠡᠮᠡᠯ ᠬᠤᠪᠴᠠᠰᠤᠨ ᠤ ᠠᠵᠤ | ᠦᠢᠯᠡᠰ ᠢᠶᠠᠷ ᠭᠤᠣᠯ ᠪᠣᠯᠭᠠᠭᠰᠠᠨ ᠵᠦᠩ ᠵᠢᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠢᠮᠢ ᠶᠢᠨ | ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠥᠩᠭᠡᠲᠦ ᠲᠡᠮᠦᠷᠯᠢᠭ ᠢᠶᠠᠷ ᠤᠳᠤᠷᠢᠳᠤᠮᠵᠢ ᠠᠵᠤ | ᠦᠢᠯᠡᠰ ᠪᠣᠯᠭᠠᠭᠰᠠᠨ ᠰᠢ ᠽᠢ ᠠᠵᠤ ᠦᠢᠯᠡᠳᠪᠦᠷᠢ ᠶᠢᠨ ᠲᠣᠭᠤᠷᠢᠭ᠂ ᠠᠷᠢᠬᠢᠨ ᠤ ᠵᠦᠢᠯ᠂ ᠤᠮᠳᠠᠭᠠᠨ ᠤ | ᠦᠢᠯᠡᠳᠪᠦᠷᠢᠯᠡᠯ ᠢᠶᠠᠷ ᠭᠤᠣᠯ ᠪᠣᠯᠭᠠᠭᠰᠠᠨ ᠪᠤᠷᠬᠠᠨᠲᠤ ᠠᠵᠤ ᠦᠢᠯᠡᠳᠪᠦᠷᠢ ᠶᠢᠨ ᠲᠤᠭᠤᠷᠢᠭ ᠢ ᠪᠦᠷᠢᠯᠳᠦᠭᠦᠯᠪᠡ᠃ | 5. ᠬᠢᠨᠠᠨ ᠵᠥᠪᠰᠢᠶᠡᠷᠡᠬᠦ ᠳᠥᠭᠦᠮ ᠪᠥᠭᠡᠳ ᠥᠨᠳᠥᠷ ᠪᠦᠲᠦᠮᠵᠢᠲᠡᠶ | ᠨᠢᠩᠴᠧᠩ ᠤᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠲᠤ ᠤᠷᠤᠵᠦ ᠰᠠᠭᠤᠷᠢᠰᠢᠬᠰᠠᠨ ᠲᠥᠷᠥᠯ | ᠵᠦᠢᠯ ᠤᠨ ᠭᠠᠷ ᠭᠦᠢᠴᠡᠳᠬᠡᠯ ᠬᠢᠬᠦ ᠶᠢ ᠳᠠᠭᠠᠭᠠᠴᠢᠯᠠᠨ ᠬᠦᠢᠴᠡᠳᠭᠡᠭᠦ ᠳᠠᠭᠠᠭᠤᠯᠤᠨ ᠬᠦᠢᠴᠡᠳᠭᠡᠭᠦ ᠶᠢ | ᠬᠡᠷᠩᠵᠢᠬᠦᠯᠬᠦ ᠶᠢᠨ ᠬᠠᠮᠲᠤ᠂ 2014 ᠣᠨ ᠳᠤ ᠨᠡᠭᠡᠭᠡᠯᠲᠡ ᠶᠢᠨ ᠲᠣᠭᠤᠷᠢᠭ ᠤᠨ ᠲᠥᠯᠥᠪᠵᠢᠭᠦᠯᠦᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢ ᠪᠠᠶᠢᠭᠤᠯᠪᠠ᠃ ᠲᠣᠭᠤᠷᠢᠭ ᠲᠤ ᠤᠷᠤᠵᠦ ᠰᠠᠭᠤᠷᠢᠰᠢᠬᠰᠠᠨ ᠲᠥᠷᠥᠯ | ᠵᠦᠢᠯ ᠳᠤ᠂ ᠨᠢᠩᠴᠧᠩ ᠤᠨ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ ᠤᠨ ᠲᠥᠯᠥᠪᠵᠢᠭᠦᠯᠦᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ︽ᠬᠤᠶᠠᠷ ᠦᠨᠡᠮᠯᠡᠯ ᠨᠢᠭᠡ ᠪᠢᠴᠢᠭ︾ ᠢ ᠬᠠᠷᠭᠤᠭᠤᠯᠤᠨ | ᠲᠡᠷᠬᠠᠭᠠᠬᠤ᠂ ᠠᠶᠤᠯᠭᠦᠶ ᠤᠶᠢᠯᠡᠳᠪᠤᠷᠢᠯᠠᠯ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠢᠯᠭᠠᠨ | ᠠᠪᠬᠤ ᠵᠡᠷᠭᠡ ᠠᠵᠢᠯ ᠢ ᠬᠠᠷᠢᠭᠤᠴᠠᠨ᠂ ᠲᠥᠷᠥᠯ ᠵᠤᠶᠢᠯ ᠤᠨ ᠠᠵᠢᠯ ᠡᠬᠢᠯᠡᠭᠦᠯᠬᠦ ᠬᠤᠷᠳᠤᠴᠠ ᠶᠢ ᠶᠡᠭᠡ ᠪᠠᠷ | ᠳᠡᠭᠡᠭᠰᠢᠯᠡᠭᠦᠯᠦᠭᠰᠡᠨ ᠪᠠᠶᠢᠨ᠎ᠠ᠃ ᠡᠳᠡᠭᠡᠷ ᠠᠷᠭ᠎ᠠ ᠬᠡᠮᠵᠢᠶ᠎ᠡ ᠨᠢ ᠨᠡᠭᠡᠭᠡᠯᠲᠡ ᠶᠢᠨ ᠲᠤᠭᠤᠷᠢᠭ ᠤᠨ ᠦᠢᠯᠡᠴᠢᠯᠡᠭᠡᠨ ᠤ | ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃ | 6 . ᠲᠥᠷᠥ ᠶᠢᠨ ᠪᠤᠳᠤᠯᠭ᠎ᠠ ᠶᠢᠨ ᠲᠡᠳᠬᠦᠮᠵᠢ ᠲᠡᠮᠵᠢᠯᠭᠡ ᠠᠮᠢᠳᠤᠯᠢᠭ | ᠤᠯᠤᠰ ᠤᠨ ᠨᠡᠶᠢᠲᠡᠯᠡᠭᠰᠡᠨ ᠪᠢᠴᠢᠭ ᠮᠠᠲ᠋ᠧᠷᠢᠶᠠᠯ ︵ᠲᠦᠷᠦ ᠲᠠᠷᠬᠠᠭᠠᠭᠰᠠᠨ ﹇2014﹈ 62 ᠲᠣᠭᠠᠲᠤ᠂ | ᠲᠥᠷᠥ ᠲᠠᠷᠬᠠᠭᠠᠭᠰᠠᠨ ﹇2015﹈ 25 ᠲᠣᠭᠠᠲᠤ ᠵᠡᠷᠭᠡ︶ ᠲᠤᠬᠳᠠᠭᠠᠯ ᠢ ᠦᠨᠳᠦᠰᠦᠯᠡᠨ᠂ ᠨᠢᠩᠴᠧᠩ ᠤᠨ | ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠨᠢ ᠤᠯᠤᠰ ᠤᠨ ᠪᠢᠴᠢᠭ ᠮᠠᠲ᠋ᠧᠷᠢᠶᠠᠯ ᠤᠨ ᠲᠤᠬᠳᠠᠭᠠᠯ ᠢ | ᠭᠡᠷᠩᠵᠢᠬᠦᠯᠬᠦ ᠶᠢᠨ ᠬᠠᠮᠲᠤ᠂ ᠲᠣᠭᠤᠷᠢᠭ ᠲᠤ ᠣᠷᠣᠵᠤ ᠰᠠᠭᠤᠭᠰᠠᠨ ᠠᠵᠤ ᠦᠢᠯᠡᠳᠪᠦᠷᠢ ᠶᠢᠨ ᠲᠥᠷᠥᠯ ᠵᠤᠶᠢᠯ ᠳᠤ᠂ | ᠴᠥᠮ ︽ᠠᠰ ᠠᠰ ᠢᠶᠠᠷ ᠨᠢ ᠵᠥᠪᠯᠡᠬᠦ︾ ᠬᠡᠯᠪᠡᠷᠢ ᠶᠢ ᠠᠪᠴᠤ᠂ ᠠᠵᠤ ᠠᠬᠤᠶᠢᠯᠠᠯ ᠤᠨ ᠲᠥᠷᠥᠯ ᠵᠤᠶᠢᠯ ᠳᠤ | ᠠᠳᠠᠯᠢ ᠪᠤᠰᠤ ᠬᠡᠮᠵᠢᠶᠡᠨ ᠤ ᠳᠡᠮᠵᠢᠯᠭᠡ ᠪᠠ ᠲᠡᠳᠬᠦᠮᠵᠢ ᠶᠢ ᠦᠵᠡᠬᠦᠯᠪᠡ᠃ | ᠬᠥᠲᠥᠯᠥᠭᠴᠢ᠄ ᠨᠢᠩᠴᠧᠩ ᠤᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠤᠨ ᠢᠷᠡᠭᠡᠳᠦᠶ ᠶᠢᠨ | ᠬᠥᠭᠵᠢᠯᠲᠡ ᠶᠢᠨ ᠬᠠᠷᠠᠯᠲᠠ ᠨᠢ ᠶᠠᠮᠠᠷ ᠪᠤᠢ︖ | ᠵᠣᠴᠢᠨ ᠴᠧᠨ ᠴᠢᠶᠠᠩ᠄ ︽ᠨᠢᠩᠴᠧᠩ ᠤᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠤᠨ ᠲᠣᠭᠲᠠᠭᠠᠭᠰᠠᠨ | ᠢᠷᠡᠭᠡᠳᠦᠶ ᠶᠢᠨ ᠬᠥᠭᠵᠢᠯᠲᠡ ᠶᠢᠨ ᠬᠠᠷᠠᠯᠲᠠ ᠪᠣᠯ᠂ 2025 ᠣᠨ ᠪᠣᠯᠬᠤ ᠳᠤ᠂ ᠪᠣᠷᠣᠯᠠᠭᠤᠯᠭ᠎ᠠ ᠶᠢᠨ ᠣᠷᠣᠯᠭ᠎ᠠ ᠶᠢ | 280 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠠᠶᠢᠭᠤᠯᠤᠯᠲᠠ ᠶᠢᠨ ᠲᠠᠯᠠᠪᠠᠶ ᠶᠢ 30 ᠲᠡᠭᠰᠢ ᠳᠥᠷᠪᠡᠯᠵᠢᠨ | ᠺᠢᠯᠣᠮᠧᠲᠷ ᠪᠤᠯᠭᠠᠨ᠎ᠠ᠃ | ᠬᠥᠲᠥᠯᠥᠭᠴᠢ᠄ ᠪᠢᠳᠡ ᠭᠤᠣᠯᠳᠠᠭᠤ ᠶᠠᠮᠠᠷ ᠶᠠᠮᠠᠷ ᠪᠠᠲᠤᠯᠠᠬᠤ ᠠᠷᠭ᠎ᠠ ᠬᠡᠮᠵᠢᠶ᠎ᠡ ᠠᠪᠴᠤ ᠪᠠᠶᠢᠭᠠᠳ ᠡᠨᠡᠬᠦ | ᠬᠠᠷᠠᠯᠲᠠ ᠶᠢ ᠪᠡᠶᠡᠯᠡᠭᠦᠯᠬᠦ ᠪᠤᠢ︖ | ᠵᠣᠴᠢᠨ ᠴᠧᠨ ᠴᠢᠶᠠᠩ᠄ ᠡᠨᠡ ᠠᠰᠠᠭᠤᠳᠠᠯ ᠲᠣᠩ ᠰᠠᠶᠢᠨ᠂ ᠡᠭᠦᠨ ᠠᠴᠠ ᠬᠤᠶᠢᠰᠢᠬᠢ ᠨᠢᠭᠡ ᠬᠤᠭᠤᠴᠠᠭᠠᠨ ᠳᠤ᠂ | ᠪᠢᠳᠡ ᠲᠤᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠭᠤᠣᠯᠳᠠᠭᠤ ᠳᠣᠣᠷᠠᠬᠢ ᠬᠡᠳᠦᠨ ᠠᠷᠭ᠎ᠠ | ᠬᠡᠮᠵᠢᠶ᠎ᠡ ᠶᠢ ᠠᠪᠤᠨ᠎ᠠ᠄ | 1 . ᠲᠠᠪᠤᠨ ᠶᠡᠭᠡ ᠰᠠᠭᠤᠷᠢᠨ ᠭᠠᠵᠠᠷ ᠢ ᠡᠬᠦᠳᠦᠨ᠎ᠡ᠃ ᠠᠯᠠᠰᠢᠨ ᠦᠬᠡᠷ᠂ ᠭᠠᠭ᠋ᠠᠶ᠂ ᠠᠯᠠᠰᠢᠨ ᠬᠤᠨᠢ᠂ | ᠢᠳᠡᠰᠢᠨ ᠤ ᠨᠤᠭᠤᠰᠤ ᠲᠡᠵᠢᠭᠡᠨ ᠦᠷᠡᠵᠢᠭᠦᠯᠬᠦ᠂ ᠠᠯᠠᠵᠤ ᠨᠢᠲᠤᠯᠬᠤ ᠪᠠ ᠪᠣᠯᠪᠠᠰᠤᠷᠠᠭᠤᠯᠬᠤ ᠶᠢ ᠨᠢᠭᠡ ᠴᠣᠭᠴᠠ | ᠪᠣᠯᠭᠠᠭᠰᠠᠨ ᠮᠢᠬᠠᠨ ᠢᠳᠡᠭᠡᠨ ᠤ ᠠᠵᠤ ᠦᠢᠯᠡᠰ ᠢ ᠬᠦᠭᠵᠢᠬᠦᠯᠵᠦ᠂ ᠪᠡᠭᠡᠵᠢᠩ ᠲᠢᠶᠠᠨᠵᠢᠨ ᠾᠧᠪᠸᠢ ᠣᠷᠣᠨ ᠤ | ᠮᠢᠬᠠᠨ ᠢᠳᠡᠭᠡᠨ ᠬᠠᠩᠭᠠᠬᠤ ᠰᠠᠭᠤᠷᠢᠨ ᠭᠠᠵᠠᠷ ᠢ ᠪᠠᠶᠢᠭᠤᠯᠵᠦ᠂ ᠨᠢᠩᠴᠧᠩ ᠤᠨ ᠬᠠᠭᠤᠴᠢᠨ ᠵᠤᠭᠤᠷᠢᠲᠦ ᠠᠷᠢᠬᠢ᠂ | ᠶᠠᠨᠵᠢᠩ ᠫᠢᠸᠣ᠋ ᠪᠠᠷ ᠭᠤᠣᠯ ᠪᠣᠯᠭᠠᠭᠰᠠᠨ ᠠᠷᠢᠬᠢᠨ ᠤ ᠵᠦᠢᠯ ᠤᠨ ᠠᠵᠤ ᠦᠢᠯᠡᠰ ᠢ ᠬᠥᠭᠵᠢᠭᠦᠯᠵᠦ᠂ ᠳᠤᠮᠳᠠᠳᠤ | ᠤᠯᠤᠰ ᠤᠨ ᠤᠮᠠᠷᠠᠲᠤ ᠣᠷᠣᠨ ᠤ ᠨᠡᠷᠡᠲᠦ ᠠᠷᠢᠬᠢ ᠦᠢᠯᠡᠰ ᠤᠨ ᠲᠥᠷᠥᠯ ᠤᠨ ᠠᠵᠤ ᠦᠢᠯᠡᠰ ᠤᠨ ᠰᠠᠭᠤᠷᠢᠨ | ᠭᠠᠵᠠᠷ ᠪᠤᠯᠭᠠᠨ᠎ᠠ᠂ ᠴᠠᠩ ᠮᠢᠩ᠂ ᠵᠢᠤᠢ ᠴᠠᠩ ᠮᠠᠰᠢᠨ ᠮᠧᠬᠠᠨᠢᠭ ᠢᠶᠠᠷ ᠲᠣᠯᠣᠭᠠᠶᠢᠯᠠᠭᠤᠯᠵᠤ᠂ ᠲᠠᠷᠢᠶᠠᠯᠠᠩ ᠤᠨ | ᠮᠠᠰᠢᠨ ᠦᠢᠯᠡᠳᠬᠦ ᠠᠵᠤ ᠦᠢᠯᠡᠰ ᠢ ᠬᠦᠭᠵᠢᠬᠦᠯᠵᠦ᠂ ᠤᠮᠠᠷᠠᠲᠤ ᠣᠷᠣᠨ ᠤ ᠭᠠᠵᠠᠷ ᠣᠷᠣᠨ ᠤ ᠳᠤᠮᠳᠠ ᠵᠢᠵᠢᠭ | ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ ᠶᠢᠨ ᠴᠢᠬᠤᠯᠠ ᠭᠠᠷᠤᠯᠲᠠ ᠶᠢᠨ ᠣᠷᠣᠨ ᠪᠤᠯᠭᠠᠨ᠎ᠠ᠂ ᠵᠢᠶᠠᠨ ᡁᠢ᠂ | ᠹᠠᠨ ᠳ᠋ᠡ ᠴᠣᠷᠭᠤᠲᠤ ᠲᠣᠨᠤᠭ ᠢᠶᠠᠷ ᠲᠣᠯᠣᠭᠠᠶᠢᠯᠠᠭᠤᠯᠵᠤ᠂ ᠤᠮᠠᠷᠡᠲᠦ ᠶᠢᠨ ᠨᠡᠯᠢᠶᠡᠳ ᠶᠡᠭᠡ ᠤᠰᠤᠨ | ᠳᠤᠯᠠᠭᠠᠯᠠᠯᠲᠠ ᠶᠢᠨ ᠪᠠᠭᠠᠵᠢ ᠬᠡᠷᠡᠭᠰᠡᠯ ᠦᠢᠯᠡᠳᠪᠦᠷᠢᠯᠡᠨ ᠪᠣᠯᠪᠠᠰᠤᠷᠠᠭᠤᠯᠬᠤ ᠰᠠᠭᠤᠷᠢᠨ ᠭᠠᠵᠠᠷ ᠪᠤᠯᠭᠠᠨ | ᠭᠦᠭᠵᠢᠬᠦᠯᠦᠨ᠎ᠡ᠂ ᠴᠢᠭᠢᠭᠯᠢᠭ ᠰᠢᠷᠣᠶ ᠶᠢᠨ ᠡᠬᠢ ᠪᠠᠶᠠᠯᠢᠭ ᠤᠨ ᠳᠠᠪᠠᠭᠤᠯᠢᠭ ᠲᠠᠯ᠎ᠠ ᠶᠢ ᠠᠰᠢᠭᠯᠠᠨ᠂ ᠥᠪᠡᠷᠲᠡᠭᠡᠨ | ᠵᠠᠰᠠᠬᠤ ᠣᠷᠣᠨ ᠤ ᠴᠢᠭᠢᠭᠯᠢᠭ ᠰᠢᠷᠣᠶ ᠶᠢᠨ ᠣᠨᠴᠠᠯᠢᠭ ᠪᠦᠬᠦᠢ ᠶᠢ ᠭᠦᠨᠵᠡᠭᠡᠶ ᠪᠤᠯᠪᠠᠰᠤᠷᠠᠭᠤᠯᠬᠤ ᠰᠠᠭᠤᠷᠢᠨ ᠭᠠᠵᠠᠷ ᠢ | ᠪᠥᠳᠥᠭᠡᠨ ᠪᠠᠶᠢᠭᠤᠯᠤᠨ᠎ᠠ᠃ | 2 . ᠬᠠᠩᠭᠠᠯᠭ᠎ᠠ ᠶᠢᠨ ᠲᠠᠯ᠎ᠠ ᠶᠢᠨ ᠪᠦᠲᠦᠴᠡ ᠳᠤ ᠥᠭᠡᠷᠡᠴᠢᠯᠡᠯᠲᠡ ᠬᠢᠬᠦ ᠶᠢ ᠠᠬᠢᠭᠤᠯᠤᠨ᠎ᠠ᠃ ᠤᠯᠤᠰ ᠠᠴᠠ | ᠬᠤᠷᠸ᠎ᠠ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ᠂ ᠲᠦᠷᠦ ᠠᠴᠠ ᠲᠠᠷᠬᠠᠭᠠᠭᠰᠠᠨ ﹇2014﹈ 62 ᠳ᠋ᠤᠭᠠᠷ | ᠲᠣᠭᠠᠲᠤ ᠪᠣᠯᠤᠨ ᠲᠥᠷᠥ ᠠᠴᠠ ᠲᠠᠷᠬᠠᠭᠠᠭᠰᠠᠨ ﹇2015﹈ 25 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ | ᠨᠡᠶᠢᠳᠡᠯᠡᠬᠦ ᠶᠢ ᠳᠠᠭᠠᠯᠳᠤᠨ᠂ ᠣᠷᠣᠨ ᠨᠤᠲᠤᠭ ᠤᠨ ᠠᠵᠤ ᠠᠬᠤᠶᠢᠯᠠᠯ ᠳᠤ ᠭᠠᠵᠠᠷ ᠰᠢᠷᠣᠶ ᠬᠠᠩᠭᠠᠬᠤ᠂ ᠭᠠᠶᠢᠯᠢ | ᠲᠠᠲᠠᠪᠤᠷᠢ ᠵᠡᠷᠭᠡ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠳᠤ ᠰᠢᠨ᠎ᠡ ᠲᠣᠭᠲᠠᠭᠠᠯ ᠭᠠᠷᠭᠠᠪᠠ᠃ ᠨᠢᠩᠴᠧᠩ ᠤᠨ | ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠨᠢ ᠴᠦ ᠳᠠᠭᠠᠯᠳᠤᠨ ᠬᠤᠯᠪᠣᠭᠳᠠᠯ ᠪᠦᠬᠦᠢ ᠲᠦᠷᠦ ᠶᠢᠨ | ᠪᠤᠳᠤᠯᠭ᠎ᠠ ᠳᠤ ᠲᠤᠬᠢᠷᠠᠭᠤᠯᠤᠯᠳᠠ ᠬᠢᠵᠦ᠂ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ ᠢ ᠢᠯᠭᠠᠷᠠᠭᠤᠯᠤᠨ | ᠴᠡᠭᠴᠡᠯᠡᠬᠦ ᠠᠵᠢᠯ ᠢ ᠥᠷᠨᠢᠭᠦᠯᠵᠦ ᠪᠠᠶᠢᠨ᠎ᠠ᠃ ᠭᠠᠵᠠᠷ ᠰᠢᠷᠣᠶ ᠶᠢᠨ ᠬᠠᠩᠭᠠᠯᠭ᠎ᠠ ᠶᠢᠨ ᠪᠠᠴᠢᠮ ᠪᠠᠶᠢᠳᠠᠯ ᠳᠣᠣᠷ᠎ᠠ᠂ | ᠨᠢᠩᠴᠧᠩ ᠤᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠨᠢ ᠲᠣᠭᠤᠷᠢᠭ ᠤᠨ ᠳᠣᠲᠣᠷᠠᠬᠢ ᠦᠷ᠎ᠡ | ᠪᠦᠲᠦᠮᠵᠢ ᠪᠠᠷ ᠳᠣᠣᠷ᠎ᠠ ᠪᠠᠶᠢᠬᠤ᠂ ᠦᠢᠯᠡᠳᠪᠦᠷᠢᠯᠡᠯ ᠵᠤᠬᠰᠤᠬᠰᠠᠨ᠂ ᠬᠠᠭᠠᠰ ᠵᠤᠬᠰᠤᠬᠰᠠᠨ᠂ ᠡᠨᠧᠷᠭᠢ ᠶᠢᠨ | ᠬᠤᠷᠣᠭᠳᠠᠯ ᠶᠡᠬᠡᠲᠡᠶ ᠵᠢᠴᠢ ᠦᠬᠦᠰᠢᠷᠡᠮᠡᠯ ᠠᠵᠤ ᠠᠬᠤᠶᠢᠯᠠᠯ ᠤᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ᠂ | ᠪᠦᠳᠦᠭᠡᠨ ᠪᠠᠶᠢᠭᠤᠯᠬᠤ ᠦᠭᠡᠶ᠂ ᠪᠠᠶᠢᠭᠤᠯᠣᠭᠠᠳ ᠦᠢᠯᠡᠳᠪᠤᠷᠢᠯᠡᠬᠦ ᠦᠭᠡᠢ᠂ ᠦᠢᠯᠡᠳᠪᠦᠷᠢᠯᠡᠯ ᠢᠶᠠᠨ ᠰᠡᠷᠭᠦᠭᠡᠬᠦ | ᠡᠷᠡᠮᠡᠯᠵᠡᠯ ᠦᠭᠡᠢ ᠠᠵᠤ ᠠᠬᠤᠶᠢᠯᠠᠯ ᠪᠤᠶᠤ ᠲᠦᠷᠦᠯ ᠵᠦᠢᠯ ᠳᠤ᠂ ᠴᠡᠪᠡᠷᠯᠡᠯᠲᠠ ᠶᠢ ᠡᠷᠡᠰ ᠶᠠᠪᠤᠬᠳᠠᠭᠤᠯᠪᠠ᠃ | ᠲᠤᠬᠠᠶ ᠶᠢᠨ ᠭᠠᠵᠠᠷ ᠲᠤᠨᠢ ᠲᠤᠬᠢᠷᠠᠬᠰᠠᠨ ︽ᠣᠭᠤᠷᠴᠤᠭ ᠬᠠᠷᠢᠶ᠎ᠠ ᠭᠠᠵᠠᠷ ᠤᠨ ᠠᠵᠤ ᠠᠬᠤᠶ︾ ᠶᠢᠨ ᠬᠡᠪ | ᠵᠠᠭᠪᠤᠷ ᠢ ᠠᠪᠴᠦ᠂ ᠬᠠᠮᠤᠭ ᠤᠨ ᠶᠡᠭᠡ ᠬᠡᠮᠵᠢᠶ᠎ᠡ ᠪᠠᠷ ᠪᠡᠯᠡ ᠬᠥᠷᠥᠩᠭᠡ ᠶᠢ ᠠᠮᠢᠳᠤᠯᠢᠭ ᠪᠣᠯᠭᠠᠵᠤ᠂ ᠨᠢᠩᠴᠧᠩ ᠤᠨ | ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠤᠨ ᠵᠠᠯᠭᠠᠮᠵᠢ ᠭᠦᠭᠵᠢᠯᠲᠡ ᠳᠤ ᠦᠨᠳᠦᠰᠦᠨ ᠪᠠᠲᠤᠯᠠᠭ᠎ᠠ ᠬᠠᠩᠭᠠᠨ᠎ᠠ | ᠃ | 3 . ᠵᠢᠵᠢᠭ ᠪᠢᠴᠢᠯ ᠠᠵᠤ ᠠᠬᠤᠶᠢᠯᠠᠯ ᠤᠨ ᠬᠦᠷᠢᠶᠡᠯᠡᠩ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ | ᠨᠢᠩᠴᠧᠩ ᠤᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠵᠦᠩ ᠵᠢᠩ ᠵᠢᠵᠢᠭ ᠪᠢᠴᠢᠯ ᠴᠡᠴᠡᠷᠯᠢᠭ ᠪᠠ ᠮᠠᠰᠢᠨ | ᠮᠧᠬᠠᠨᠢᠭ ᠤᠨ ᠵᠢᠵᠢᠭ ᠪᠢᠴᠢᠯ ᠴᠡᠴᠡᠷᠯᠢᠭ ᠢ ᠲᠥᠯᠥᠪᠵᠢᠭᠦᠯᠵᠦ᠂ ᠲᠤᠰ ᠭᠠᠵᠠᠷ ᠤᠨ ᠬᠡᠰᠡᠭ ᠪᠦᠯᠦᠭ ᠵᠢᠵᠢᠭ ᠪᠢᠴᠢᠯ | ᠠᠵᠤ ᠠᠬᠤᠶᠢᠯᠠᠯ ᠢ ᠳᠠᠲᠠᠨ ᠲᠤᠭᠤᠷᠢᠭ ᠲᠤ ᠤᠷᠤᠭᠤᠯᠵᠦ ᠪᠠᠶᠢᠨ᠎ᠠ᠃ ᠠᠵᠤ ᠠᠬᠤᠶᠢᠯᠠᠯ ᠤᠨ ᠬᠥᠭᠵᠢᠯᠲᠡ ᠶᠢᠨ | ᠤᠳᠤᠬᠢ ᠪᠠᠶᠢᠳᠠᠯ ᠠᠴᠠ ᠠᠪᠴᠤ ᠦᠵᠡᠪᠡᠯ᠂ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ | ᠰᠠᠶᠢᠨ ᠪᠠᠶᠢᠬᠤ ᠪᠠᠷ ᠪᠠᠷᠠᠬᠤ ᠦᠭᠡᠢ ᠠᠷᠠᠳ ᠤᠨ ᠳᠤᠮᠳᠠᠬᠢ ᠰᠤᠯᠠ ᠲᠠᠯᠪᠢᠭᠳᠠᠵᠤ ᠪᠠᠶᠢᠭ᠎ᠠ ᠬᠦᠷᠦᠩᠭᠡ ᠶᠢ ᠦᠷ᠎ᠡ | ᠪᠦᠲᠦᠮᠵᠢᠲᠡᠶ ᠪᠠᠷ ᠠᠰᠢᠭᠯᠠᠨ᠂ ᠲᠤᠬᠠᠶ ᠶᠢᠨ ᠭᠠᠵᠠᠷ ᠤᠨ ᠠᠵᠢᠯ ᠣᠯᠭᠤᠯᠲᠠ ᠶᠢ ᠳᠠᠶᠢᠴᠢᠯᠠᠨ᠂ ᠨᠡᠶᠢᠭᠡᠮ ᠳᠤ | ᠦᠷᠳᠡᠭ ᠡᠭᠦᠳᠦᠨ ᠦᠭᠴᠦ᠂ ᠳᠤᠮᠳᠠ ᠵᠢᠵᠢᠭ ᠠᠵᠤ ᠠᠬᠤᠶᠢᠯᠠᠯ ᠤᠨ ᠨᠡᠪᠴᠢᠭᠦᠯᠬᠦ ᠪᠣᠯᠤᠮᠵᠢ ᠲᠠᠢ ᠪᠠᠶᠢᠨ᠎ᠠ᠃ | ᠨᠢᠩᠴᠧᠩ ᠤᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠨᠢ ᠠᠷᠠᠳ ᠤᠨ ᠲᠤᠮᠳᠠᠬᠢ ᠬᠦᠷᠦᠩᠬᠡ ᠪᠡᠯᠠ | ᠤᠷᠤᠭᠤᠯᠤᠬᠰᠠᠨ ᠲᠤᠰ ᠭᠠᠵᠠᠷ ᠤᠨ ᠵᠢᠵᠢᠭ ᠠᠵᠤ ᠠᠬᠤᠶᠢᠯᠠᠯ ᠢ ᠤᠯᠠᠮ ᠨᠢᠭᠡ ᠠᠯᠬᠤᠮ ᠬᠠᠤᠯᠢ ᠶᠣᠰᠣᠨ ᠤ ᠪᠠ | ᠵᠦᠢ ᠵᠣᠬᠢᠰᠲᠠᠶ ᠬᠥᠲᠥᠯᠥᠨ ᠵᠢᠯᠣᠭᠤᠳᠴᠤ ᠪᠠᠶᠢᠭᠠᠳ᠂ ᠠᠵᠤ ᠠᠬᠤᠶ ᠶᠢᠨ ᠬᠥᠭᠵᠢᠯᠲᠡ ᠳᠤ ᠠᠮᠢᠳᠤ ᠰᠣᠷᠭᠤᠭ | ᠰᠢᠨ᠎ᠡ ᠬᠦᠴᠦᠨ ᠢ ᠨᠡᠮᠡᠷᠢᠯᠡᠭᠦᠯᠦᠨᠡ᠃ | ᠬᠥᠲᠥᠯᠥᠭᠴᠢ᠄ ᠴᠧᠨ ᠡᠷᠬᠢᠯᠡᠭᠴᠢ ᠶᠢᠨ ᠲᠠᠶᠢᠯᠤᠮᠵᠢ ᠠᠴᠠ᠂ ᠪᠢᠳᠡ ᠨᠢᠩᠴᠧᠩ ᠤᠨ ᠠᠵᠤ ᠠᠬᠤᠶ ᠶᠢᠨ | ᠨᠡᠭᠡᠭᠡᠯᠳᠡ ᠶᠢᠨ ᠲᠣᠭᠤᠷᠢᠭ ᠤᠨ ᠲᠤᠬᠠᠶ ᠨᠡᠩ ᠭᠦᠨᠵᠡᠭᠡᠶ ᠣᠶᠢᠯᠠᠭᠠᠵᠤ ᠪᠠᠶᠢᠨ᠎ᠠ᠃ ᠵᠠᠯᠭᠠᠭᠠᠳ ᠰᠦᠯᠵᠢᠶᠡᠨ ᠤ | ᠨᠠᠶᠢᠵᠠ ᠨᠠᠷ ᠠᠴᠠ ᠠᠰᠠᠭᠤᠯᠲᠠ ᠠᠰᠠᠭᠤᠬᠤ ᠴᠠᠭ ᠪᠤᠯᠤᠯ᠎ᠠ᠂ ᠤᠯᠠᠨ ᠢᠶᠠᠷ ᠢᠶᠠᠨ ᠶᠠᠮᠠᠷ ᠠᠰᠠᠭᠤᠯᠲᠠ ᠪᠠᠶᠢᠪᠠᠯ ᠴᠧᠨ | ᠡᠷᠬᠢᠯᠡᠭᠴᠢ ᠠᠴᠠ ᠠᠰᠠᠭᠤᠭᠠᠷᠠᠢ︖ | ᠰᠦᠯᠵᠢᠶᠡᠨ ᠠᠨᠳᠠ᠄ ᠤᠳᠤᠬᠠᠨ ᠳᠤ ᠨᠡᠬᠡᠬᠡᠯᠲᠡ ᠶᠢᠨ ᠲᠤᠭᠤᠷᠢᠭ ᠲᠤ ᠰᠠᠭᠤᠷᠢᠰᠢᠭ᠎ᠠ ᠪᠤᠢ ᠪᠦᠬᠦᠢ ᠲᠥᠷᠥᠯ ᠵᠦᠢᠯ | ᠨᠢ᠂ ᠨᠡᠬᠡᠬᠡᠯᠲᠡ ᠶᠢᠨ ᠲᠤᠭᠤᠷᠢᠭ ᠲᠤ ᠠᠵᠢᠯ ᠡᠬᠢᠯᠡᠭᠦᠯᠬᠦ ᠭᠠᠷᠳᠠᠮ ᠬᠦᠢᠴᠡᠳᠭᠡᠵᠦ ᠪᠣᠯᠤᠨ᠎ᠠ︖ | ᠵᠣᠴᠢᠨ ᠴᠧᠨ ᠴᠢᠶᠠᠩ᠄ ᠪᠤᠯᠤᠨ᠎ᠠ᠂ 2014 ᠣᠨ ᠳᠤ ᠨᠡᠭᠡᠭᠡᠯᠲᠡ ᠶᠢᠨ ᠲᠣᠭᠤᠷᠢᠭ ᠤᠨ ᠲᠥᠯᠥᠪᠵᠢᠭᠦᠯᠦᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢ ᠪᠠᠶᠢᠭᠤᠯᠵᠦ᠂ ᠲᠣᠭᠤᠷᠢᠭ ᠲᠤ ᠣᠷᠣᠵᠤ ᠰᠠᠭᠤᠭᠰᠠᠨ ᠠᠵᠤ | ᠠᠬᠤᠶᠢᠯᠠᠯ ᠳᠤ ᠨᠡᠭᠡᠭᠡᠯᠲᠡ ᠶᠢᠨ ᠲᠣᠭᠤᠷᠢᠭ ᠤᠨ ᠲᠥᠯᠥᠪᠵᠢᠭᠦᠯᠦᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠠᠴᠠ ᠲᠥᠯᠥᠪᠵᠢᠭᠦᠯᠭᠡ ᠶᠢᠨ ᠪᠦᠳᠦᠬᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠭᠠᠷᠳᠠᠮ ᠤᠨ ᠬᠢᠨᠠᠨ | ᠵᠥᠪᠰᠢᠶᠡᠷᠡᠬᠦ ᠠᠵᠢᠯ ᠢ ᠬᠠᠷᠢᠭᠤᠴᠠᠨ᠎ᠠ᠃ | ᠰᠦᠯᠵᠢᠶᠡᠨ ᠠᠨᠳᠠ᠄ ᠴᠧᠨ ᠡᠷᠬᠢᠯᠡᠭᠴᠢ᠂ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠨᠢ ᠪᠢᠲᠠᠨ ᠤ ᠨᠡᠭᠡᠭᠡᠯᠳᠡ ᠶᠢᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠮᠥᠨ︖᠂ ᠲᠠ | ᠳᠦᠭᠦᠮ ᠢᠶᠠᠷ ᠬᠡᠯᠡᠭᠡᠳ ᠦᠭᠬᠦᠨ᠎ᠡ︖ | ᠵᠣᠴᠢᠨ ᠴᠧᠨ ᠴᠢᠶᠠᠩ᠄ ᠲᠡᠶᠢᠮᠦ ᠡ᠃ ᠨᠢᠩᠴᠧᠩ ᠤᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠢ | ᠨᠢᠩᠴᠧᠩ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠺᠣᠮᠢᠰ ᠬᠠᠷᠢᠭᠤᠴᠠᠨ | ᠬᠠᠮᠢᠶᠠᠷᠴᠤ᠂ ᠨᠢᠩᠴᠧᠩ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠺᠣᠮᠢᠰ ᠨᠢ | ᠨᠢᠩᠴᠧᠩ ᠰᠢᠶᠠᠨ ᠤ ᠵᠠᠰᠠᠭ ᠤᠨ ᠣᠷᠳᠣᠨ ᠤ ᠲᠣᠮᠢᠯᠠᠭᠰᠠᠨ ᠪᠠᠶᠢᠭᠤᠯᠤᠮᠵᠢ ᠪᠠᠶᠢᠵᠦ᠂ ᠬᠡᠪ ᠪᠠᠷᠢᠮᠵᠢᠶ᠎ᠠ ᠨᠢ ᠳᠡᠳ᠋ | ᠭᠠᠵᠠᠷ ᠤᠨ ᠳᠡᠰ ᠪᠤᠯᠤᠨ᠎ᠠ᠃ ᠨᠢᠩᠴᠧᠩ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠺᠣᠮᠢᠰ ᠤᠨ ᠳᠣᠣᠷ᠎ᠠ ᠪᠠᠨ ᠳᠥᠷᠪᠡᠨ ᠠᠯᠪᠠᠨ ᠭᠡᠷ ᠪᠠᠶᠢᠭᠤᠯᠵᠦ ︵ᠵᠦᠩ ᠵᠢᠩ ᠤᠨ ᠬᠦᠷᠢᠶᠡᠯᠡᠩ | ᠲᠣᠭᠤᠷᠢᠭ ᠤᠨ ᠠᠯᠪᠠᠨ ᠭᠡᠷ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠠᠯᠪᠠᠨ ᠭᠡᠷ᠂ ᠪᠤᠷᠬᠠᠨᠲᠤ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠯᠪᠠᠨ ᠭᠡᠷ᠂ | ᠶᠡᠷᠦᠩᠬᠡᠶᠢᠯᠡᠭᠰᠡᠨ ᠠᠯᠪᠠᠨ ᠭᠡᠷ︶᠂ ᠬᠠᠷᠢᠶ᠎ᠠ ᠬᠦᠷᠢᠶᠡᠯᠡᠩ ᠲᠣᠭᠤᠷᠢᠭ ᠲᠤ ᠬᠡᠰᠡᠭ ᠬᠤᠪᠢᠶᠠᠨ ᠬᠠᠮᠢᠶᠠᠷᠤᠯᠲᠠ ᠬᠢᠵᠦ | ᠪᠠᠶᠢᠨ᠎ᠠ᠃ | ᠬᠥᠲᠥᠯᠥᠭᠴᠢ᠄ ᠰᠠᠶᠢᠨ ᠪᠤᠯᠤᠯ᠎ᠠ᠂ ᠴᠧᠨ ᠡᠷᠬᠢᠯᠡᠭᠴᠢ ᠨᠠᠨᠳᠢᠨ ᠴᠠᠭ ᠢᠶᠠᠨ ᠭᠠᠷᠤᠵᠠᠭᠤᠯᠵᠦ ᠮᠠᠨ ᠤ ᠶᠠᠷᠢᠯᠴᠠᠬᠤ | ᠬᠤᠷᠠᠯ ᠳᠤ ᠤᠷᠤᠯᠴᠠᠬᠰᠠᠨ ᠳᠤ ᠲᠦᠢᠯ ᠢᠶᠠᠷ ᠲᠠᠯᠠᠷᠬᠠᠵᠤ ᠪᠠᠶᠢᠨ᠎ᠠ᠂ ᠥᠨᠥᠳᠦᠷ ᠤᠨ ᠰᠤᠷᠪᠤᠯᠵᠢᠯᠠᠭ᠎ᠠ ᠠᠳᠡ | ᠭᠦᠷᠦᠭᠡᠳ ᠲᠡᠭᠦᠰᠦᠯ᠎ᠡ᠃ ᠰᠦᠯᠵᠢᠶᠡᠨ ᠠᠨᠳᠠ ᠨᠠᠷ᠂ ᠪᠠᠶᠠᠷᠲᠠᠶ︕ |