2018 ᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ (1)
ᠨᠡᠶᠢᠲᠡᠯᠡᠭᠰᠡᠨ ᠴᠠᠭ᠄
2018/1/9
ᠵᠠᠰᠠᠭ ᠤᠨ ᠣᠷᠳᠤᠨ ᠤ ᠠᠵᠢᠯ ᠤᠨ ᠢᠯᠡᠳᠭᠡᠯ           — 2017 ᠣᠨ ᠤ 12 ᠰᠠᠷ᠎ᠠ ᠶᠢᠨ 6 ᠤ ᠡᠳᠤᠷ ᠨᠢᠩᠴᠧᠩ ᠰᠢᠶᠠᠨ ᠤ       ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ        ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ                                              ᠰᠢᠶᠠᠨ ᠤ ᠳᠠᠷᠤᠭ᠎ᠠ ᠮᠠ ᠵᠠᠨ ᠭᠦᠸᠧ ᠲᠥᠯᠥᠭᠡᠯᠡᠭᠴᠢᠳ ᠡ᠄ :     ᠣᠳᠣ᠂ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠃  ᠬᠢᠨᠠᠨ ᠵᠦᠪᠯᠡᠬᠦ ᠪᠤᠯᠪᠠᠦ᠂ ᠲᠡᠷᠡᠴᠢᠯᠡᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ  ᠤᠷᠤᠯᠴᠠᠬᠰᠠᠳ ᠰᠠᠨᠠᠯ ᠢᠶᠠᠨ ᠳᠤᠷᠠᠳᠬᠤ ᠪᠣᠯᠪᠠᠤ᠃     ᠥᠩᠭᠡᠷᠡᠭᠰᠡᠨ ᠲᠠᠪᠤᠨ ᠵᠢᠯ ᠤᠨ ᠠᠵᠢᠯ ᠤᠨ ᠲᠣᠪᠴᠢ ᠡᠷᠭᠢᠴᠡᠭᠦᠯᠦᠯ    ᠥᠩᠭᠡᠷᠡᠭᠰᠡᠨ ᠲᠠᠪᠤᠨ ᠵᠢᠯ ᠳᠤ᠂ ᠰᠢᠶᠠᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠢᠶᠠᠨ ᠤ ᠤᠯᠤᠰ ᠲᠥᠷᠤ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠰᠢᠶᠠᠨ ᠤ ᠡᠯ᠎ᠡ ᠦᠨᠳᠦᠰᠦᠲᠡᠨ ᠤ ᠠᠷᠠᠳ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ᠂ ᠬᠦᠴᠢᠷ ᠪᠡᠷᠬᠡᠰᠢᠶᠡᠯ ᠢ ᠬᠠᠮᠲᠤᠪᠠᠷ ᠲᠤᠭᠤᠯᠤᠨ᠂ ᠰᠡᠳᠬᠢᠯ ᠰᠢᠭᠤᠳᠤᠨ ᠴᠢᠷᠮᠠᠶᠢᠨ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠢ ᠢᠳᠡᠪᠬᠢᠲᠡᠶ ᠬᠥᠲᠥᠯᠥᠨ ᠳᠠᠭᠠᠭᠤᠯᠵᠤ᠂ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃    — ᠲᠠᠪᠤᠨ ᠵᠢᠯ ᠤᠨ ᠲᠤᠷᠰᠢ᠂ ᠪᠢᠳᠡ ᠠᠷᠠᠳ ᠢᠶᠠᠨ ᠪᠠᠶᠠᠵᠢᠭᠤᠯᠵᠤ ᠰᠢᠶᠠᠨ ᠢᠶᠠᠨ ᠬᠦᠴᠦᠷᠬᠡᠭᠵᠢᠭᠦᠯᠬᠦ ᠪᠠᠷ ᠬᠠᠷᠠᠯᠲᠠ ᠪᠤᠯᠭᠠᠬᠤ ᠶᠢ ᠪᠠᠷᠢᠮᠳᠠᠯᠠᠨ᠂ ᠬᠥᠭᠵᠢᠭᠦᠯᠬᠦ ᠶᠢ ᠲᠡᠷᠢᠭᠦᠨ ᠴᠢᠬᠤᠯᠠ ᠶᠠᠪᠤᠳᠠᠯ ᠪᠣᠯᠭᠠᠨ ᠴᠢᠩᠭ᠎ᠠ ᠠᠳᠬᠤᠵᠤ ᠂ ᠶᠡᠷᠦᠩᠬᠡᠶᠢᠯᠡᠭᠰᠡᠨ ᠪᠣᠳᠠᠲᠤ ᠬᠦᠴᠦᠨ ᠰᠢᠨ᠎ᠡ ᠳᠡᠭᠡᠭᠰᠢᠯᠡᠯᠲᠡ ᠲᠠᠢ᠃    ᠵᠢᠱᠢᠯᠲᠡ ᠪᠠᠷ ᠵᠢᠯ ᠤᠨ ᠡᠴᠦᠰ ᠪᠣᠯᠲᠠᠯ᠎ᠠ᠂ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠤᠢᠷᠳᠡᠭ 198 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 7.8 % ᠪᠠᠷ ᠨᠡᠮᠡᠭᠳᠡᠪᠡ᠂ ᠭᠤᠷᠪᠠᠨ ᠠᠵᠤ ᠦᠢᠯᠡᠰ ᠤᠨ ᠬᠠᠷᠢᠴᠠᠯ ᠨᠢ 22᠄ 47᠄ 31 ᠠᠴᠠ 20᠄ 41᠄ 39 ᠪᠤᠯᠤᠨ ᠲᠣᠬᠢᠷᠠᠭᠤᠯᠤᠭᠳᠠᠪᠠ᠃ ᠡ᠊ᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 4.6 ᠳ᠋ᠦᠩᠰᠢᠭᠤᠷ ᠲᠥᠭᠦᠷᠢᠭ᠃ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 126.6  ᠳ᠋ᠦᠩᠰᠢᠭᠤᠷ ᠲᠥᠭᠦᠷᠢᠭ᠂ ᠵᠢᠯ ᠪᠦᠷᠢ ᠳᠤᠮᠳᠠᠴᠢ ᠪᠠᠷ 16.4% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠨᠢ 71 ᠳ᠋ᠦᠩᠰᠢᠭᠤᠷ ᠲᠥᠭᠦᠷᠢᠭ᠂ ᠵᠢᠯ ᠪᠦᠷᠢ ᠳᠤᠮᠳᠠᠴᠢ ᠪᠠᠷ 11% ᠪᠠᠷ ᠨᠡᠮᠡᠭᠳᠡᠪᠡ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠬᠡᠷᠡᠭᠯᠡᠵᠦ ᠪᠣᠯᠬᠤ ᠳᠤᠮᠳᠠᠴᠢ ᠣᠷᠣᠯᠭ᠎ᠠ 17976 ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 29369 ᠲᠥᠭᠦᠷᠢᠭ ᠪᠤᠯᠵᠦ᠂ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠬᠡᠷᠡᠭᠯᠡᠵᠦ ᠪᠣᠯᠬᠤ ᠳᠤᠮᠳᠠᠴᠢ ᠣᠷᠣᠯᠭ᠎ᠠ 6502 ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 10414 ᠲᠥᠭᠦᠷᠢᠭ ᠪᠣᠯᠪᠠ᠃ ᠠᠮᠤ ᠪᠤᠳᠠᠭᠠᠨ ᠤ ᠭᠠᠷᠤᠯᠲᠠ ᠲᠠᠪᠤᠨ ᠵᠢᠯ ᠳᠠᠷᠠᠭᠠᠯᠠᠨ 15 ᠳ᠋ᠦᠩᠰᠢᠭᠤᠷ ᠵᠢᠩ ᠣᠷᠴᠢᠮ ᠪᠠᠶᠢᠬᠤ ᠶᠢ ᠪᠠᠳᠣᠯᠠᠪᠠ᠃ ᠮᠥᠩᠭᠦᠨ ᠭᠦᠢᠯᠭᠡᠭᠡᠨ ᠤ ᠪᠠᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ 177.3 ᠳ᠋ᠦᠩᠰᠢᠭᠤᠷ ᠲᠥᠭᠦᠷᠢᠭ᠂ ᠵᠢᠭᠡᠯᠡᠯᠭᠡ ᠶᠢᠨ ᠦᠯᠡᠳᠡᠪᠦᠷᠢ ᠲᠤᠭ᠎ᠠ 94.4 ᠳ᠋ᠦᠩᠰᠢᠭᠤᠷ ᠲᠥᠭᠦᠷᠢᠭ ᠲᠤ ᠬᠦᠷᠴᠦ᠂ ᠲᠤᠰ ᠲᠤᠰ 66.7 ᠳ᠋ᠦᠩᠰᠢᠭᠤᠷ ᠲᠥᠭᠦᠷᠢᠭ᠂ 35.4 ᠳ᠋ᠦᠩᠰᠢᠭᠤᠷ ᠲᠥᠭᠦᠷᠢᠭ ᠨᠡᠮᠡᠭᠳᠡᠪᠡ᠃ ᠬᠥᠳᠡᠭᠡ ᠲᠣᠰᠬᠤᠨ ᠤ ᠠᠵᠤ ᠦᠢᠯᠡᠰ ᠢ ᠠᠭᠤᠰᠣᠯᠴᠠᠭᠤᠯᠤᠨ ᠬᠦᠭᠵᠢᠬᠦᠯᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠰᠢᠶᠠᠨ᠂ ᠰᠡᠯᠡᠭᠦᠴᠡᠯ ᠤᠨ ᠲᠠᠷᠢᠶᠠᠯᠠᠩ ᠪᠣᠯᠤᠨ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠢᠶᠠᠨ᠂ ᠪᠣᠬᠢᠷᠲᠤᠯ ᠦᠭᠡᠢ ᠢᠳᠡᠭᠡᠨ ᠤ ᠲᠦᠭᠦᠬᠡᠶ ᠮᠠᠲ᠋ᠧᠷᠢᠶᠠᠯ ᠤᠨ ︵ᠡᠷᠳᠡᠨᠢ ᠰᠢᠰᠢ︶ ᠪᠠᠷᠢᠮᠵᠢᠶᠠᠴᠢᠯᠠᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠭᠠᠭ᠋ᠠᠶ ᠶᠢ ᠭᠠᠳᠠᠭᠰᠢ ᠤᠯᠠᠨ ᠭᠠᠷᠭᠠᠬᠤ ᠰᠢᠶᠠᠨ᠂ ᠦᠬᠡᠷ ᠬᠤᠨᠢ ᠶᠢ ᠭᠠᠳᠠᠭᠰᠢ ᠤᠯᠠᠨ ᠭᠠᠷᠭᠠᠬᠤ ᠰᠢᠶᠠᠨ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠤᠨ ᠵᠢᠱᠢᠶ᠎ᠡ ᠦᠵᠡᠭᠦᠯᠬᠦ ᠰᠢᠶᠠᠨ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠩᠬᠠᠨ ᠤ ᠪᠦᠯᠦᠭ ᠰᠢᠶᠠᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠲᠡᠷᠢᠭᠦᠨ ᠤ ᠰᠢᠶᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠦᠨᠳᠦᠰᠦᠨ ᠳᠡᠭᠡᠨ ᠲᠡᠩᠴᠡᠭᠦᠷᠢᠲᠡᠶ ᠰᠢᠶᠠᠨ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠨᠢᠭᠡᠴᠡ᠂ ᠬᠠᠤᠯᠢ ᠲᠦᠷᠢᠮ ᠤᠨ ᠤᠬᠠᠭᠤᠯᠭ᠎ᠠ ᠬᠥᠮᠦᠵᠢᠯ ᠤᠨ ᠲᠡᠷᠢᠭᠦᠨ ᠤ ᠰᠢᠶᠠᠨ ᠵᠡᠷᠭᠡ ᠣᠯᠠᠨ ᠲᠥᠷᠥᠯ ᠤᠨ ᠤᠯᠤᠰ ᠤᠨ ᠲᠡᠰ ᠤᠨ ᠢᠷᠠᠭᠤ ᠠᠯᠳᠠᠷ ᠤᠨ ᠴᠣᠯᠠ ᠶᠢ ᠬᠦᠷᠲᠡᠪᠡ᠃ — ᠲᠠᠪᠤᠨ ᠵᠢᠯ ᠤᠨ ᠲᠤᠷᠰᠢ᠂ ᠪᠢᠳᠡ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠᠷ ᠤᠳᠤᠷᠢᠳᠤᠮᠵᠢ ᠪᠤᠯᠭᠠᠬᠤ ᠶᠢ ᠪᠡᠷᠢᠮᠳᠠᠯᠠᠵᠦ᠂ ᠠᠵᠤ ᠦᠢᠯᠡᠰ ᠤᠨ ᠪᠠᠶᠢᠷᠢᠰᠢᠭᠤᠯᠤᠯ ᠢ ᠬᠦᠴᠦᠯᠡᠨ ᠰᠢᠯᠢᠳᠡᠭᠵᠢᠭᠦᠯᠵᠦ᠂ ᠪᠦᠲᠦᠴᠡ ᠶᠢᠨ ᠳᠤᠬᠢᠷᠠᠭᠤᠯᠤᠯᠲᠠ ᠰᠢᠨ᠎ᠡ ᠠᠯᠬᠤᠮ ᠢ ᠠᠯᠬᠤᠪᠠ᠃   ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠪᠡ᠃ ᠴᠠᠬᠢᠯᠭᠠᠨ ᠤ ᠦᠨ᠎ᠡ ᠶᠢᠨ ᠨᠥᠬᠦᠪᠥᠷᠢ ᠥᠭᠬᠦ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢ ᠪᠠᠭᠠᠰᠬᠠᠬᠤ ᠤᠳᠠᠭᠠᠰᠢᠷᠠᠭᠤᠯᠬᠤ ᠬᠡᠯᠲᠦᠷᠢᠭᠦᠯᠬᠦ ᠵᠡᠷᠭᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠡᠳᠬᠦᠨ ᠳᠡᠮᠵᠢᠬᠦ ᠪᠡᠯᠡ ᠮᠥᠩᠭᠦ ᠶᠢ 1.2 ᠳ᠋ᠦᠩᠰᠢᠭᠤᠷ ᠲᠥᠭᠦᠷᠢᠭ ᠤᠷᠤᠭᠤᠯᠤᠨ᠂ ᠠᠵᠤ ᠠᠬᠤᠶᠢᠯᠠᠯ ᠢ ᠬᠠᠪᠰᠤᠷᠴᠤ ᠪᠠᠶᠢᠭᠠᠳ ᠥᠪᠡᠷ ᠤᠨ ᠥᠷᠲᠡᠭ ᠢ ᠪᠠᠭᠤᠷᠠᠭᠤᠯᠵᠤ ᠳᠠᠷᠤᠭᠠᠰᠤ ᠶᠢ ᠨᠢ ᠬᠥᠩᠭᠡᠷᠡᠭᠦᠯᠵᠦ᠂ ᠦᠢᠯᠡᠳᠪᠦᠷᠢᠯᠡᠯ ᠢ ᠲᠤᠬᠳᠠᠭᠤᠨ ᠪᠠᠶᠢᠯᠭᠠᠨ᠂ ᠠᠵᠤ ᠦᠢᠯᠡᠳᠪᠦᠷᠢ ᠶᠢᠨ ᠦᠷᠳᠡᠭ 66.8 ᠳ᠋ᠦᠩᠰᠢᠭᠤᠷ ᠲᠥᠭᠦᠷᠢᠭ ᠨᠡᠮᠡᠭᠳᠡᠪᠡ᠃ ᠢᠳᠡᠭᠡᠨ᠂ ᠬᠢᠮᠢ ᠶᠢᠨ ᠠᠵᠤ ᠦᠢᠯᠡᠳᠪᠦᠷᠢ ᠶᠢᠨ ᠬᠤᠶᠠᠷ ᠶᠡᠭᠡ ᠠᠵᠤ ᠦᠢᠯᠡᠰ ᠤᠨ ᠭᠤᠣᠯᠯᠠᠬᠤ ᠪᠠᠶᠢᠷᠢ ᠰᠠᠭᠤᠷᠢ ᠶᠢ ᠦᠷᠭᠦᠯᠵᠢᠯᠡᠨ ᠪᠠᠬᠢᠵᠢᠭᠦᠯᠦᠨ᠂ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠶᠢ ᠲᠥᠷᠭᠡᠳᠭᠡᠵᠦ᠂ ᠮᠠᠰᠢᠨ ᠦᠢᠯᠡᠳᠬᠦ᠂ ᠰᠢᠨ᠎ᠡ ᠡᠨᠧᠷᠭᠢ ᠂ ᠰᠢᠨ᠎ᠡ ᠮᠠᠲ᠋ᠧᠷᠢᠶᠠᠯ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠠᠯᠬᠤᠮ ᠠᠯᠬᠤᠮ ᠢᠶᠠᠷ ᠬᠥᠭᠵᠢᠭᠦᠯᠦᠨ ᠪᠤᠵᠠᠭᠠᠶᠢᠷᠠᠭᠤᠯᠤᠨ᠂ ᠳ᠋ᠦᠩ ᠹᠠᠩ ᠸᠠᠨ ᠴᠢ ᠳᠤᠮᠳᠠᠳᠤ ᠤᠯᠤᠰ ᠤᠨ ᠨᠡᠷᠡᠳᠥ ᠲᠠᠸᠠᠷ ᠤᠨ ᠲᠡᠮᠳᠡᠭ ᠢ ᠬᠦᠷᠲᠡᠨ᠂ ᠰᠠᠢ ᠹᠸᠢ ᠶᠠ ᠪᠣᠯᠤᠨ ᠴᠠᠩ ᠮᠢᠩ ᠮᠧᠬᠠᠨᠢᠭ ᠭᠤᠷᠪᠠᠳᠤᠭᠠᠷ ᠰᠢᠨ᠎ᠡ ᠳᠡᠯᠭᠡᠴᠡ ᠫᠠᠶᠢᠰᠠ ᠡᠯᠭᠦᠬᠦ ᠶᠢ ᠪᠡᠶᠡᠯᠡᠭᠦᠯᠵᠦ᠂ ᠲᠢᠶᠠᠨ ᠢᠦᠢ ᠬᠢᠮᠢ ᠶᠢᠨ ᠠᠵᠤ ᠦᠢᠯᠡᠳᠪᠦᠷᠢ ᠶᠢᠨ ᠳᠤᠮᠳᠠ ᠳᠡᠭᠡᠳᠦ ᠳᠡᠰ ᠤᠨ ᠦᠢᠯᠡᠳᠬᠦᠨ ᠢ ᠳᠡᠯᠡᠬᠡᠶ ᠶᠢᠨ ᠵᠠᠬ᠎ᠠ ᠳᠡᠯᠭᠡᠭᠦᠷ ᠲᠤ ᠤᠷᠤᠭᠤᠯᠤᠨ᠂ ᠵᠢᠶᠠᠨ ᡁᠢ ᠬᠤᠭᠤᠯᠠᠶ ᠶᠢᠨ ᠦᠢᠯᠡᠰ ᠤᠨ ᠬᠡᠪᠴᠢᠶ᠎ᠡ ᠲᠠᠰᠤᠷᠠᠯᠳᠠ ᠦᠭᠡᠢ ᠥᠷᠭᠡᠳᠴᠦ᠂ ᠯᠦᠩ ᠶᠤᠸᠠᠨ ᠰᠠᠯᠬᠢᠨ ᠴᠠᠬᠢᠯᠭᠠᠨ ᠢ ᠲᠤᠤᠷ ᠨᠡᠶᠢᠯᠡᠭᠦᠯᠦᠨ ᠴᠠᠬᠢᠯᠭᠠᠨ ᠭᠠᠷᠭᠠᠬᠤ᠂ ᠾᠦᠢ ᠷᠦᠨ ᠬᠦᠩᠭᠡᠨ ᠪᠡᠶᠡᠲᠦ ᠮᠠᠲ᠋ᠧᠷᠢᠶᠠᠯ ᠵᠡᠷᠭᠡ ᠵᠢᠵᠢᠭ ᠪᠢᠴᠢᠯ ᠠᠵᠤ ᠠᠬᠤᠶᠢᠯᠠᠯ ᠦᠳᠲᠡᠷ ᠲᠦᠷᠭᠡᠨ ᠢᠶᠠᠷ ᠦᠰᠤᠨ ᠪᠤᠶᠢᠵᠢᠪᠠ᠃ 1000 ᠲᠦᠮᠡᠨ ᠲᠥᠭᠦᠷᠢᠭ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠲᠥᠷᠥᠯ ᠵᠤᠶᠢᠯ ᠢ 200 ᠵᠤᠶᠢᠯ ᠬᠡᠷᠩᠵᠢᠭᠦᠯᠵᠦ᠂ 215 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠶᠠᠨᠵᠢᠩ ᠫᠢᠸᠣ᠋ ᠶᠢ ᠨᠡᠭᠦᠯᠭᠡᠨ ᠪᠠᠶᠢᠭᠤᠯᠬᠤ᠂  ᠺᠠᠩ ᠵᠢᠶᠠᠨ ᠠᠮᠢᠳᠤ ᠭᠠᠭ᠋ᠠᠶ᠂ ᠾᠧᠩ ᠷᠦᠩ ᠬᠢᠮᠢ ᠶᠢᠨ ᠠᠵᠤ ᠦᠢᠯᠡᠳᠪᠦᠷᠢ᠂ ᠾᠧᠩ ᠰᠢᠶᠠᠩ ᠬᠢᠮᠢ ᠶᠢᠨ ᠠᠵᠤ ᠦᠢᠯᠡᠳᠪᠦᠷᠢ᠂ ᠪᠥᠸᠧ ᠷᠦᠩ ᠪᠣᠯᠤᠳ ᠬᠥᠩᠭᠡᠨᠴᠠᠭᠠᠨ ᠤ ᠰᠠᠪᠠ᠂ ᠳᠤᠮᠳᠠ ᠡᠨᠧᠷᠭᠢ ᠠᠷᠪᠢᠯᠠᠬᠤ ᠭᠡᠷᠡᠯ ᠸᠣᠯᠲ ᠴᠠᠬᠢᠯᠭᠠᠨ ᠭᠠᠷᠭᠠᠬᠤ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠤᠶᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ 3.2 ᠳ᠋ᠦᠩᠰᠢᠭᠤᠷ ᠲᠥᠭᠦᠷᠢᠭ ᠢ ᠪᠡᠯᠡ ᠣᠷᠣᠭᠤᠯᠵᠤ᠂ ᠬᠦᠷᠢᠶᠡᠯᠡᠩ ᠲᠣᠭᠤᠷᠢᠭ ᠤᠨ ᠵᠠᠮ ᠢ 5.8 ᠺᠢᠯᠣᠮᠧᠲᠷ ᠰᠢᠨ᠎ᠡ ᠪᠠᠷ ᠵᠠᠰᠠᠨ᠂ ᠡᠯ᠎ᠡ ᠲᠦᠷᠦᠯ ᠤᠨ ᠬᠤᠭᠤᠯᠠᠶ ᠶᠢ 35.2 ᠺᠢᠯᠣᠮᠧᠲᠷ ᠲᠡᠪᠢᠰᠴᠦ᠂ ᠴᠠᠬᠢᠯᠭᠠᠨ ᠬᠦᠴᠦᠨ ᠤ ᠬᠡᠯᠬᠢᠶ᠎ᠡ ᠶᠢ 15.6 ᠺᠢᠯᠣᠮᠧᠲᠷ ᠪᠤᠰᠬᠠᠨ ᠤᠬᠰᠠᠷᠠᠵᠦ᠂ ᠰᠢ ᠽᠢ ᠬᠦᠷᠢᠶᠡᠯᠡᠩ ᠲᠣᠭᠤᠷᠢᠭ ᠤᠨ ᠵᠠᠰᠠᠮᠠᠯ ᠵᠠᠮ ᠲᠡᠮᠦᠷ ᠵᠠᠮ ᠤᠨ ᠵᠥᠷᠢᠯᠢᠭ ᠵᠡᠮ᠂ ᠯᠢᠦᠶ ᠶᠤᠸᠠᠨ ᠪᠣᠬᠢᠷ ᠤᠰᠤ ᠰᠢᠶ᠋ᠳᠪᠦᠷᠢᠯᠡᠬᠦ ᠦᠢᠯᠡᠳᠪᠦᠷᠢ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠪᠠ᠃   ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠨᠢ ᠬᠦᠴᠦᠯᠢᠭ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ  ᠤᠨ ᠬᠥᠭᠵᠢᠯᠲᠡ ᠶᠢᠨ ᠬᠡᠪᠴᠢᠶ᠎ᠡ᠂ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢᠨ ︽ᠬᠤᠶᠠᠷ ᠳᠡᠭᠡᠳᠦ ᠬᠢᠵᠠᠭᠠᠷ ᠢ ᠪᠠᠶᠢᠭᠤᠯᠬᠤ ᠦᠭᠡᠢ︾ ᠲᠦᠷᠦ ᠶᠢᠨ ᠪᠤᠳᠤᠯᠭ᠎ᠠ ᠶᠢ ᠬᠡᠷᠩᠵᠢᠭᠦᠯᠵᠦ᠂ 4.8 ᠳ᠋ᠥᠩᠰᠢᠭᠤᠷ ᠲᠥᠭᠦᠷᠢᠭ ᠢ ᠪᠡᠯᠡ ᠣᠷᠣᠭᠤᠯᠵᠤ᠂ ᠪᠡᠯᠡᠳᠭᠡᠮᠵᠢᠳᠤ ᠲᠠᠷᠢᠶᠠᠯᠠᠩ 20.3 ᠲᠥᠮᠡᠨ ᠮᠦ᠂ ᠵᠢᠮᠢᠰ ᠤᠨ ᠮᠣᠳᠣ ᠠᠵᠤ ᠠᠬᠤᠶ ᠶᠢᠨ ᠤᠢ 11 ᠲᠦᠮᠡᠨ ᠮᠥ ᠰᠢᠨ᠎ᠡ ᠪᠠᠷ ᠨᠡᠮᠡᠭᠳᠡᠨ᠂ ᠶᠡᠷᠦᠩᠬᠡᠶ ᠲᠠᠯᠠᠪᠠᠶ ᠨᠢ ᠲᠤᠰ ᠲᠤᠰ 43.6 ᠲᠦᠮᠡᠨ ᠮᠥ ᠪᠠ 20.3 ᠲᠥᠮᠡᠨ ᠮᠦ  ᠬᠦᠷᠴᠦ᠂ ᠪᠥᠬᠦ ᠣᠷᠣᠨ ᠳᠠᠬᠢ ᠲᠡᠷᠢᠭᠦᠨ ᠪᠠᠶᠢᠷᠢ ᠪᠠᠨ ᠦᠷᠭᠦᠯᠵᠢᠯᠡᠨ ᠪᠠᠳᠤᠯᠠᠪᠠ᠂ ᠲᠡᠵᠢᠭᠡᠵᠦ ᠪᠠᠶᠢᠭ᠎ᠠ ᠭᠡᠷ ᠤᠨ ᠲᠡᠵᠢᠭᠡᠪᠦᠷᠢ 45 ᠲᠥᠮᠡᠨ ᠰᠢᠨ᠎ᠡ ᠪᠠᠷ ᠨᠡᠮᠡᠭᠳᠡᠵᠦ᠂ ᠶᠡᠷᠦᠩᠬᠡᠶ ᠲᠤᠭ᠎ᠠ ᠨᠢ 181 ᠲᠥᠮᠡ ᠬᠦᠷᠴᠡᠢ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ ᠲᠠᠭᠠᠭᠤᠯᠤᠭᠴᠢ ᠠᠵᠤ ᠠᠬᠤᠶᠢᠯᠠᠯ 15 ᠡᠷᠤᠭᠡ ᠰᠢᠨ᠎ᠡ ᠪᠠᠷ ᠨᠡᠮᠡᠭᠳᠡᠵᠦ᠂ ᠸᠧᠨ ᠣᠪᠣᠭᠲᠤ ᠶᠢᠨ ᠪᠥᠯᠥᠭᠯᠡᠯ ᠤᠳᠤ ᠦᠶ᠎ᠡ ᠶᠢᠨ ᠠᠮᠢᠳᠤ ᠭᠠᠭ᠋ᠠᠶ ᠶᠢᠨ ᠠᠵᠤ ᠦᠢᠯᠡᠰ᠂ ᠵᠢᠶᠧ ᠢᠦᠢ ᠤᠳᠤ ᠦᠶ᠎ᠡ ᠶᠢᠨ ᠲᠠᠷᠢᠶᠠᠯᠠᠩ ᠤᠨ ᠣᠷᠣᠨ ᠲᠣᠭᠤᠷᠢᠭ ᠵᠡᠷᠭᠡ ᠲᠥᠷᠥᠯ ᠵᠤᠶᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠲᠠᠷᠢᠶᠠᠴᠢᠳ ᠤᠨ ᠲᠤᠰᠬᠠᠶ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ 680 ᠡᠷᠤᠭᠡ ᠶᠢ ᠵᠢᠷᠤᠮᠵᠢᠭᠤᠯᠤᠨ ᠬᠥᠭᠵᠢᠭᠦᠯᠵᠦ᠂ ᠨᠢᠩᠴᠧᠩ ᠤᠨ ᠠᠯᠮᠤᠷᠠᠳ᠂ ᠨᠢᠩᠴᠧᠩ ᠤᠨ ᠲᠥᠪᠡᠳ ᠬᠠᠰᠢ ᠵᠡᠷᠭᠡ ᠤᠯᠤᠰ ᠤᠨ ᠭᠠᠵᠠᠷ ᠵᠦᠢ ᠶᠢᠨ ᠪᠡᠯᠭᠡ ᠳᠡᠮᠳᠡᠭ ᠢ ᠭᠡᠷᠡᠴᠢᠯᠡᠭᠰᠡᠨ ᠲᠠᠸᠠᠷ ᠤᠨ ᠲᠡᠮᠳᠡᠭᠲᠦ ᠶᠢ 7 ᠵᠤᠶᠢᠯ ᠲᠠᠩᠰᠠᠯᠠᠭᠤᠯᠣᠨ᠂ ᠪᠣᠬᠢᠷᠲᠤᠯ ᠦᠭᠡᠶ᠂ ᠨᠣᠭᠤᠭᠠᠯᠢᠭ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ 19 ᠵᠤᠶᠢᠯ ᠰᠢᠨ᠎ᠡ ᠪᠠᠷ ᠨᠡᠮᠡᠭᠳᠡᠪᠡ᠃ ᠳᠤᠮᠳᠠᠳᠤ ᠤᠯᠤᠰ ᠤᠨ ᠲᠥᠭᠦᠭᠡᠷᠤᠮᠵᠢᠲᠦ ᠴᠡᠴᠡᠷᠯᠢᠭ ᠤᠨ ᠡᠷᠳᠡᠮ ᠰᠢᠨᠵᠢᠯᠡᠭᠡᠨ ᠤ ᠡᠭᠡᠯᠵᠢᠲᠦ ᠬᠤᠷᠠᠯ ᠢ ᠠᠮᠵᠢᠯᠲᠠ ᠲᠠᠢ ᠪᠠᠷ ᠳᠠᠭᠠᠭᠠᠨ ᠡᠷᠬᠢᠯᠡᠵᠦ᠂ ᠱᠧᠦ ᠨᠥᠩ ᠪᠦᠯᠦᠭᠯᠡᠯ᠂ ᠱᠠᠩᠬᠠᠶ ᠶᠢᠨ ᠵᠢᠶᠠᠩ ᠴᠢᠶᠣᠣ ᠵᠠᠬ᠎ᠠ ᠳᠡᠯᠭᠡᠭᠦᠷ ᠵᠡᠷᠭᠡ 10 ᠭᠠᠷᠤᠶ ᠠᠵᠤ ᠠᠬᠤᠶᠢᠯᠠᠯ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠲᠤᠬᠳᠠᠭᠠᠵᠦ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠤ ᠤᠯᠠᠷᠢᠯ ᠰᠥᠷᠬᠦ ᠴᠢᠨᠠᠷ ᠰᠠᠶᠢᠲᠠᠶ ᠢᠳᠡᠰᠢᠨ ᠨᠣᠭᠤᠭ᠎ᠠ ᠬᠠᠩᠭᠠᠬᠤ ᠰᠠᠭᠤᠷᠢᠨ ᠭᠠᠵᠠᠷ ᠪᠣᠯᠪᠠ᠃ 4.2 ᠳ᠋ᠦᠩᠰᠢᠭᠤᠷ ᠲᠥᠭᠦᠷᠢᠭ ᠢ ᠪᠡᠯᠡ ᠤᠷᠤᠭᠤᠯᠤᠨ᠂ ᠴᠥᠭᠦᠷᠥᠮ ᠤᠨ ᠠᠶᠤᠯ ᠢ ᠠᠷᠢᠯᠭᠠᠨ ᠴᠥᠭᠦᠷᠥᠮ ᠢ ᠪᠠᠬᠢᠯᠡᠬᠦ᠂ ᠤᠰᠤᠯᠠᠯᠲᠠ ᠶᠢᠨ ᠣᠷᠣᠨ ᠤ ᠦᠷᠭᠦᠯᠵᠢᠯᠡᠨ ᠪᠦᠲᠦᠭᠡᠨ ᠪᠠᠶᠢᠭᠤᠯᠵᠤ ᠢᠵᠢ ᠪᠦᠷᠢᠳᠦᠭᠦᠯᠬᠦ᠂ ᠭᠤᠣᠯ ᠮᠥᠷᠡᠨ ᠤ ᠦᠶᠡᠷ ᠢ ᠰᠡᠷᠬᠡᠶᠢᠯᠡᠨ ᠵᠠᠰᠠᠬᠤ ᠵᠡᠷᠭᠡ ᠢᠨᠵᠧᠨᠧᠷᠢᠩ ᠢ ᠬᠡᠷᠩᠵᠢᠭᠦᠯᠵᠦ᠂ ᠤᠰᠤ ᠶᠢ ᠬᠠᠮᠠᠭᠠᠯᠠᠨ ᠵᠠᠰᠠᠬᠤ ᠲᠠᠯᠠᠪᠠᠢ ᠶᠢ 10 ᠲᠦᠮᠡᠨ ᠮᠦ᠂ ᠥᠨᠳᠥᠷ ᠠᠰᠢᠬᠲᠦ ᠤᠰᠤ ᠠᠷᠪᠢᠯᠠᠬᠤ ᠤᠰᠤᠯᠠᠯᠲᠡ ᠶᠢ 42 ᠲᠦᠮᠡᠨ ᠮᠦ ᠰᠢᠨ᠎ᠡ ᠪᠠᠷ ᠨᠡᠮᠡᠭᠳᠡᠭᠦᠯᠪᠡ᠂  ᠬᠥᠮᠦᠨ ᠤ ᠤᠤᠭᠤᠬᠤ ᠤᠰᠤᠨ ᠤ ᠢᠨᠵᠧᠨᠧᠷᠢᠩ ᠢ 249 ᠪᠠᠶᠢᠭᠤᠯᠵᠦ᠂14.6 ᠲᠥᠮᠡᠨ ᠬᠥᠮᠥᠨ ᠤ ᠤᠤᠭᠤᠬᠤ ᠤᠰᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠤᠷᠢᠯᠡᠪᠡ᠃ 42.2 ᠲᠥᠮᠡᠨ ᠮᠦ ᠤᠢ ᠰᠢᠭᠤᠶ ᠶᠢ ᠡᠵᠡᠩᠨᠡᠨ ᠤᠶᠢᠵᠢᠭᠤᠯᠵᠦ᠂ ᠭᠤᠣᠯᠳᠠᠯᠭ᠎ᠠ ᠲᠠᠢ ᠣᠷᠣᠨ ᠢ 5 ᠲᠦᠮᠡᠨ ᠮᠦ ᠨᠤᠭᠤᠭᠠᠷᠠᠭᠤᠯᠤᠨ᠂ ᠤᠢ ᠰᠢᠭᠤᠶ ᠶᠢᠨ ᠪᠦᠷᠬᠦᠴᠡ ᠶᠢᠨ ᠨᠤᠷᠮ᠎ᠠ ᠶᠢ 46.7% ᠠᠴᠠ 47.9% ᠪᠣᠯᠲᠠᠯ᠎ᠠ ᠳᠡᠭᠡᠭᠰᠢᠯᠡᠭᠦᠯᠪᠡ᠃ ᠭᠤᠷᠪᠠᠳᠤᠭᠠᠷ ᠠᠵᠤ ᠦᠢᠯᠡᠰ ᠤᠨ ᠠᠮᠢᠳᠤ ᠰᠣᠷᠭᠤᠭ ᠬᠦᠴᠦᠨ ᠲᠤᠪᠤᠶᠢᠮ᠎ᠠ᠃ 8.5 ᠳ᠋ᠦ᠋ᠩᠰᠢᠭᠤᠷ ᠲᠥᠭᠦᠷᠢᠭ ᠢ ᠪᠡᠯᠡ ᠤᠷᠤᠭᠤᠯᠤᠨ᠂ ᠵᠢᠭᠤᠯᠴᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠢ 15 ᠲᠦᠷᠦᠯ ᠵᠦᠢᠯ ᠬᠡᠷᠩᠵᠢᠭᠦᠯᠵᠦ ᠂ ᠳ᠋ᠤᠤ ᠰᠢᠤᠢ ᠭᠧᠤ ᠦᠵᠡᠮᠵᠢᠲᠦ ᠣᠷᠣᠨ ᠤᠯᠤᠰ ᠤᠨ 4 A ᠲᠠᠰ ᠤᠨ ᠦᠵᠡᠮᠵᠢᠲᠦ ᠣᠷᠣᠨ ᠢ ᠠᠮᠵᠢᠯᠲᠠ ᠡᠭᠦᠳᠦᠨ ᠪᠠᠶᠢᠭᠤᠯᠵᠤ᠂ ᠽᠠᠩ ᠯᠥᠩ ᠭᠦ᠋᠂ ᠽᠢ ᠮᠧᠩ ᠬᠡᠦ ᠨᠠᠭᠤᠷ 3 A ᠲᠠᠰ ᠤᠨ ᠦᠵᠡᠮᠵᠢᠲᠦ ᠣᠷᠣᠨ ᠤ ᠡᠩᠨᠡᠭᠡᠨ ᠳᠤ ᠣᠷᠣᠵᠤ᠂ ᠰᠦᠩ ᠹᠧᠩ ᠱᠠᠨ ᠠᠭᠤᠯᠠᠨ ᠲᠤᠰᠬᠤᠨ ᠨᠢ ᠪᠦᠬᠦ ᠤᠯᠤᠰ ᠤᠨ ᠰᠡᠯᠡᠭᠦᠴᠡᠯ ᠤᠨ ᠲᠠᠷᠢᠶᠠᠯᠠᠩ ᠪᠣᠯᠤᠨ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠪᠣᠯᠣᠨ᠂ ᠰᠢᠩ ᠵᠢᠶᠠ ᠶᠢᠩᠽᠢ᠂ ᠱᠠᠨ ᠱᠧᠨ ᠮᠢᠶᠣᠣ ᠵᠡᠷᠭᠡ 30 ᠭᠠᠷᠤᠶ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠤᠰᠬᠤᠨ ᠢ ᠪᠠᠶᠢᠭᠤᠯᠪᠠ᠃ 2017 ᠣᠨ ᠳᠤ ᠵᠢᠭᠤᠯᠴᠢᠯᠠᠭᠴᠢᠳ ᠢ 185 ᠲᠥᠮᠡᠨ ᠬᠥᠮᠥᠨ ᠤᠳᠠᠭ᠎ᠠ ᠤᠭᠲᠤᠵᠤ᠂ ᠵᠢᠭᠤᠯᠴᠢᠯᠠᠯ ᠤᠨ ᠣᠷᠣᠯᠭ᠎ᠠ 22 ᠳ᠋ᠦᠩᠰᠢᠭᠤᠷ ᠲᠥᠭᠦᠷᠢᠭ᠂ ᠳᠤᠰ ᠳᠤᠰ 2012 ᠣᠨ ᠤ  ᠬᠢ ᠠᠴᠠ 2.3 ᠲᠠᠬᠢᠨ ᠪᠠ 7.3 ᠲᠠᠬᠢᠨ ᠪᠣᠯᠪᠠ᠃ ᠬᠤᠳᠠᠯᠳᠤᠭ᠎ᠠ ᠠᠷᠠᠯᠵᠢᠶᠠᠨ ᠤ ᠭᠤᠣᠯᠳᠠᠯᠭ᠎ᠠ ᠲᠠᠢ ᠲᠥᠷᠥᠯ ᠵᠤᠶᠢᠯ ᠢ 30 ᠵᠦᠢᠯ ᠬᠡᠷᠡᠭᠵᠢᠭᠦᠯᠵᠦ᠂ 16 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ ᠂ ᠬᠠᠢ ᠳ᠋ᠠ ᠠᠭᠤᠳᠠᠮ ᠲᠠᠯᠠᠪᠠᠢ᠂ ᠢ ᠴᠢ ᠳ᠋ᠠ ᠵᠦᠩ 4 S ᠳᠡᠯᠭᠡᠭᠦᠷ᠂ ᠤᠯᠠᠨ ᠤᠯᠤᠰ ᠤᠨ ᠪᠠᠭᠤᠳᠠᠯ ᠵᠡᠷᠭᠡ ᠨᠢᠭᠡ ᠪᠥᠯᠥᠭ ᠤᠳᠤ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠲᠦᠷᠭᠡᠨ ᠢᠶᠠᠷ ᠬᠥᠭᠵᠢᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠲᠦᠷᠭᠡᠨ ᠬᠥᠭᠵᠢᠵᠦ᠂ ᠲᠤᠮᠤ ᠬᠡᠯᠪᠡᠷᠢ ᠶᠢᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ 18 ᠡᠷᠤᠬᠡ ᠰᠢᠨ᠎ᠡ ᠪᠠᠷ ᠨᠡᠮᠡᠭᠳᠡᠨ᠂ ᠣᠷᠣᠵᠤ ᠰᠠᠭᠤᠷᠢᠰᠢᠬᠰᠠᠨ ᠬᠤᠳᠠᠯᠳᠣᠭᠠᠨ ᠤ ᠡᠷᠤᠬᠡ 745 ᠡᠷᠦᠬᠡ ᠪᠠᠶᠢᠵᠦ᠂ ᠪᠦᠷᠬᠦᠴᠡ ᠶᠢᠨ ᠨᠤᠷᠮ᠎ᠠ ᠨᠢ ᠪᠦᠬᠦ ᠬᠤᠲᠠ ᠳᠤ ᠨᠢᠭᠡᠳᠦᠭᠡᠷ  ᠲᠤ ᠤᠡᠤᠪᠠ᠃  ᠡᠯ᠎ᠡ ᠵᠤᠶᠢᠯ ᠤᠨ ᠵᠠᠬ᠎ᠠ ᠳᠡᠯᠭᠡᠭᠦᠷ ᠢ 23 ᠰᠢᠨ᠎ᠡ ᠪᠠᠷ ᠪᠠᠶᠢᠭᠤᠯᠬᠤ ᠪᠤᠶᠦ ᠥᠭᠡᠷᠡᠴᠢᠯᠡᠨ᠂ ᠰᠢᠶᠤᠤ ᠴᠧᠩ ᠽᠢ᠂ ᠳ᠋ᠠ ᠱᠤᠸᠠᠩ ᠮᠢᠶᠣᠣ ᠵᠡᠷᠭᠡ ᠬᠠᠩᠭᠠᠨ ᠪᠣᠷᠣᠯᠠᠭᠤᠯᠬᠤ ᠬᠤᠷᠰᠢᠶ᠎ᠠ ᠶᠢ 10 ᠰᠡᠷᠭᠦᠭᠡᠨ ᠲᠠᠬᠢᠨ ᠪᠥᠳᠥᠭᠡᠨ ᠪᠠᠶᠢᠭᠤᠯᠪᠠ᠃ ᠮᠥᠩᠭᠦᠨ ᠭᠦᠢᠯᠭᠡᠭᠡᠨ ᠤ ᠣᠷᠣᠨ ᠨᠤᠲᠤᠭ ᠤᠨ ᠠᠵᠤ ᠠᠬᠤᠶ ᠳᠤ ᠤᠶᠢᠯᠡᠴᠢᠯᠡᠬᠦ ᠡᠷᠴᠢᠮ ᠲᠠᠰᠤᠷᠠᠯᠳᠠ ᠦᠭᠡᠢ ᠴᠢᠩᠭᠠᠷᠠᠵᠤ᠂ 371.2 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠲᠠᠯᠪᠢᠪᠠ᠃   — ᠲᠠᠪᠤᠨ ᠵᠢᠯ ᠤᠨ ᠲᠤᠷᠰᠢ᠂ ᠪᠢᠲᠡ ᠤᠯᠠᠨ ᠲᠦᠮᠡᠨ ᠤ ᠠᠰᠢᠭ ᠲᠤᠰᠠ ᠪᠠᠷ ᠭᠤᠣᠯᠳᠠᠯᠭ᠎ᠠ ᠪᠤᠯᠭᠠᠬᠤ ᠶᠢ ᠪᠡᠷᠢᠮᠳᠠᠯᠠᠵᠦ᠂ ᠬᠤᠳᠠ ᠬᠥᠳᠡᠭᠡ ᠶᠢ ᠨᠢᠭᠡᠳᠦᠯᠲᠡᠶ ᠪᠠᠷ ᠲᠥᠯᠥᠪᠯᠡᠨ ᠬᠥᠭᠵᠢᠭᠦᠯᠬᠦ ᠶᠢ ᠠᠬᠢᠭᠤᠯᠵᠤ᠂ ᠬᠤᠳᠠ ᠬᠥᠳᠡᠭᠡ ᠶᠢᠨ ᠪᠦᠲᠦᠬᠡᠨ ᠪᠠᠶᠢᠭᠤᠯᠤᠯᠲᠠ ᠶᠢ ᠲᠠᠭᠢᠨ ᠰᠢᠨ᠎ᠡ ᠳᠡᠭᠲᠡᠷ ᠲᠤ ᠭᠠᠷᠭᠠᠪᠠ᠃    ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠡᠳᠦᠷ ᠢᠷᠡᠭᠦᠶ᠎ᠡ ᠰᠢᠨᠡᠳᠪᠠ᠃ ᠬᠤᠳᠠ ᠶᠢᠨ ᠶᠡᠷᠦᠩᠬᠡᠶ ᠲᠥᠯᠥᠪᠵᠢᠭᠦᠯᠭᠡ ᠪᠣᠯᠤᠨ ᠭᠠᠵᠠᠷ ᠬᠡᠰᠡᠭ ᠤᠨ ᠬᠢᠵᠠᠭᠠᠷᠯᠠᠬᠤ ᠴᠢᠨᠠᠷᠲᠠᠶ ᠲᠥᠯᠥᠪᠵᠢᠭᠦᠯᠭᠡ ᠶᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ 15 ᠰᠢᠶᠠᠩ ᠪᠠᠯᠭᠠᠰᠤ᠂ 305 ᠵᠠᠰᠠᠭ ᠵᠠᠬᠢᠷᠭᠠᠨ ᠤ ᠲᠤᠰᠬᠤᠨ ᠪᠣᠯᠤᠨ 1498 ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠪᠠ᠃ 63 ᠳ᠋ᠦᠩᠰᠢᠭᠤᠷ ᠲᠥᠭᠦᠷᠢᠭ ᠢ ᠪᠡᠯᠡ ᠤᠷᠤᠭᠤᠯᠤᠨ᠂ ᠲᠢᠶᠠᠨ ᠢ ᠬᠤᠲᠠ ᠲᠣᠭᠤᠷᠢᠭ ᠤᠨ ᠪᠠᠶᠢᠭᠤᠯᠤᠯᠲᠠ ᠶᠢ ᠲᠦᠷᠭᠡᠳᠬᠡᠵᠦ᠂ 16 ᠵᠤᠷᠪᠤᠰ ᠵᠡᠭᠡᠯᠢ ᠶᠢᠨ ᠵᠠᠮ᠂ 18 ᠺᠢᠯᠣᠮᠧᠲᠷ ᠰᠢᠨ᠎ᠡ ᠪᠠᠷ ᠪᠠᠶᠢᠭᠤᠯᠤᠨ ᠥᠭᠡᠷᠡᠴᠢᠯᠡᠨ᠂ ᠰᠡᠯᠪᠢᠨ ᠵᠠᠰᠠᠬᠰᠠᠨ ᠵᠡᠭᠡᠯᠢ ᠶᠢᠨ ᠵᠠᠮ 18.9 ᠲᠥᠮᠡᠨ ᠲᠡᠭᠰᠢ ᠳᠥᠷᠪᠡᠯᠵᠢᠨ ᠮᠧᠲᠷ᠂ ︽ᠵᠢᠷᠭᠤᠭᠠᠨ ᠬᠥᠨᠳᠡᠯᠡᠨ ᠵᠢᠷᠭᠤᠭᠠᠨ ᠭᠤᠯᠳᠦ ᠨᠢᠭᠡ ᠴᠠᠭᠠᠷᠢᠭ︾ ᠵᠠᠮ ᠤᠨ ᠲᠣᠣᠷ ᠢ ᠦᠨᠳᠦᠰᠦᠨ ᠳᠡᠭᠡᠨ ᠪᠦᠷᠢᠯᠳᠦᠭᠦᠯᠵᠡᠶ᠂ ᠬᠤᠭ ᠨᠣᠪᠰᠢ ᠶᠢ ᠬᠤᠣᠷ ᠥᠬᠡᠶᠢᠳᠡᠭᠦᠯᠦᠨ ᠰᠢᠶ᠋ᠳᠪᠦᠷᠢᠯᠡᠬᠦ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠡᠷᠭᠡ ᠬᠤᠲᠠ ᠶᠢᠨ ᠶᠠᠪᠤᠳᠠᠯ ᠤᠨ ᠪᠠᠷᠢᠯᠭ᠎ᠠ ᠶᠢ 27 ᠵᠦᠢᠯ ᠬᠡᠷᠡᠭᠵᠢᠭᠦᠯᠵᠦ᠂ ᠡᠯ᠎ᠡ ᠲᠦᠷᠦᠯ ᠤᠨ ᠬᠤᠭᠤᠯᠠᠶ ᠲᠣᠣᠷ ᠢ 86.6 ᠺᠢᠯᠣᠮᠧᠲᠷ ᠳᠡᠪᠢᠰᠴᠦ᠂ ᠠᠭᠤᠳᠠᠮ ᠲᠠᠯᠠᠪᠠᠢ ᠴᠡᠴᠡᠷᠯᠢᠭ ᠢ 8 ᠰᠢᠨ᠎ᠡ ᠪᠠᠷ ᠪᠠᠶᠢᠭᠤᠯᠤᠨ᠂ ᠨᠣᠭᠤᠭᠠᠷᠠᠭᠤᠯᠤᠯᠲᠠ ᠶᠢ 58.2 ᠲᠥᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠂ ᠣᠷᠣᠰᠢᠨ ᠰᠠᠭᠤᠬᠤ ᠳᠤ ᠲᠣᠬᠢᠷᠠᠮᠵᠢᠲᠠᠶ ᠢᠯᠡᠳᠬᠡᠭᠴᠢ ᠲᠤᠭ᠎ᠠ ᠢᠯᠡᠳᠲᠡ ᠳᠡᠭᠡᠭᠰᠢᠯᠡᠪᠡ᠂ ᠬᠤᠳᠠ ᠶᠢᠨ ᠲᠤᠮᠳᠠᠬᠢ ᠲᠣᠰᠬᠤᠨ ᠵᠢᠴᠢ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠬᠦ ᠶᠢ 1822 ᠡᠷᠦᠬᠡ ᠭᠡᠷᠩᠵᠢᠭᠦᠯᠦᠨ᠂ ᠲᠥᠪᠬᠢᠨᠡᠭᠦᠯᠬᠦ ᠭᠡᠷ ᠪᠠᠶᠢᠰᠢᠩ ᠢ 1229 ᠢᠵᠢ᠂ 14.5 ᠲᠦᠮᠡ ᠲᠡᠭᠰᠢ ᠳᠥᠷᠪᠡᠯᠵᠢᠨ ᠮᠧᠲᠷ ᠪᠠᠶᠢᠭᠤᠯᠤᠨ᠂ ᠬᠡᠷ ᠪᠠᠶᠢᠰᠢᠩ ᠤᠨ ᠬᠥᠷᠥᠩᠭᠡ ᠶᠢᠨ ᠬᠥᠮᠥᠷᠭᠡᠯᠡᠯᠲᠡ ᠶᠢ ᠪᠠᠭᠠᠰᠬᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠪᠦᠲᠤᠭᠡᠨ ᠪᠠᠶᠢᠭᠤᠯᠤᠭᠰᠠᠨ ᠬᠤᠲᠠ ᠲᠣᠭᠤᠷᠢᠭ ᠤᠨ ᠲᠠᠯᠠᠪᠠᠢ 16 ᠲᠡᠭᠰᠢ ᠳᠥᠷᠪᠡᠯᠵᠢᠨ ᠺᠢᠯᠣᠮᠧᠲᠷ ᠠᠴᠠ 25 ᠲᠡᠭᠰᠢ ᠳᠥᠷᠪᠡᠯᠵᠢᠨ ᠺᠢᠯᠣᠮᠧᠲᠷ ᠬᠦᠷᠲᠡᠯ᠎ᠡ ᠥᠷᠭᠡᠳᠬᠡᠵᠦ᠂ ᠪᠠᠶᠢᠩᠭᠤ ᠰᠠᠭᠤᠭ᠎ᠠ ᠬᠥᠮᠦᠨ ᠠᠮᠠ ᠨᠡᠶᠢᠲᠡ 14.5 ᠲᠦᠮᠡ ᠬᠦᠷᠴᠦ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ ᠠᠮᠵᠢᠯᠲᠠ ᠡᠭᠦᠳᠦᠨ ᠪᠠᠶᠢᠭᠤᠯᠪᠠ᠃ 3.9 ᠳ᠋ᠦᠩᠰᠢᠭᠤᠷ ᠲᠥᠭᠦᠷᠢᠭ ᠢ ᠪᠡᠯᠡ ᠤᠷᠤᠭᠤᠯᠤᠨ᠂ ᠵᠢᠵᠢᠭ ᠬᠤᠲᠠ ᠪᠠᠯᠭᠠᠰᠤ ᠶᠢᠨ ᠪᠦᠳᠤᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠂ ᠰᠢᠨ᠎ᠡ ᠪᠠᠷ ᠪᠠᠶᠢᠭᠤᠯᠬᠤ ᠦᠭᠡᠷᠡᠴᠢᠯᠡᠭᠰᠡᠨ ᠵᠠᠮ 172 ᠺᠢᠯᠣᠮᠧᠲᠷ᠂ ᠠᠭᠤᠳᠠᠮ ᠲᠠᠯᠠᠪᠠᠢ  ᠶᠢ 2 ᠪᠦᠲᠦᠭᠡᠨ ᠪᠠᠶᠢᠭᠤᠯᠤᠨ᠂ ᠰᠢ ᠽᠢ᠂ ᠬᠠᠯᠠᠭᠤᠨ ᠷᠠᠰᠢᠶᠠᠨ ᠵᠡᠷᠭᠡ 4 ᠪᠠᠯᠭᠠᠰᠤ ᠣᠷᠣᠨ ᠤ ᠲᠥᠪᠯᠡᠷᠡᠭᠦᠯᠦᠨ ᠢᠯᠴᠢ ᠬᠠᠩᠭᠠᠬᠤ ᠶᠢ ᠪᠡᠶᠡᠯᠡᠭᠦᠯᠦᠨ᠂ ᠪᠤᠷᠬᠠᠨᠲᠤ ᠨᠢ ᠪᠦᠬᠦ ᠤᠯᠤᠰ ᠤᠨ ᠠᠩᠬᠠᠨ ᠤ ᠪᠦᠯᠦᠭ ᠣᠨᠴᠠᠯᠢᠭ ᠪᠦᠬᠦᠢ ᠵᠢᠵᠢᠭ ᠪᠠᠯᠭᠠᠰᠤ ᠪᠠᠷ ᠵᠢᠭᠰᠠᠭᠠᠭᠳᠠᠵᠤ᠂ ᠬᠤᠷᠬᠤᠭ ᠨᠢ ᠪᠦᠬᠦ ᠤᠯᠤᠰ ᠤᠨ ᠠᠩᠬᠠᠨ ᠤ ᠪᠦᠯᠦᠭ ᠪᠡᠶ᠎ᠡ ᠶᠢᠨ ᠲᠠᠮᠢᠷ ᠤᠨ ᠰᠡᠯᠡᠭᠦᠴᠡᠯ ᠤᠨ ᠵᠢᠵᠢᠭ ᠪᠠᠯᠭᠠᠰᠤ ᠪᠠᠷ ᠰᠣᠩᠭᠤᠭᠳᠠᠨ᠂ ᠰᠢ ᠽᠢ ᠨᠢ ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ ᠪᠠᠷ ᠦᠨᠡᠯᠡᠭᠳᠡᠪᠡ᠃ ᠬᠤᠲᠠ ᠪᠠᠯᠭᠠᠰᠤᠵᠢᠬᠰᠠᠨ ᠨᠣᠷᠮ᠎ᠠ ᠨᠢ 38%  ᠠᠴᠠ 48 % ᠬᠦᠷᠲᠡᠯ᠎ᠡ ᠳᠡᠭᠡᠭᠰᠢᠯᠡᠪᠡ᠃ ᠬᠤᠳᠠ ᠬᠥᠳᠡᠭᠡ ᠶᠢᠨ ᠲᠥᠯᠥᠪᠵᠢᠭᠦᠯᠭᠡ ᠳᠤ ᠴᠢᠩᠭ᠎ᠠ ᠪᠠᠷ ᠬᠠᠤᠯᠢ ᠬᠡᠷᠩᠵᠢᠬᠦᠯᠦᠨ᠂ ᠳᠥᠷᠢᠮ ᠠᠴᠠ ᠵᠥᠷᠢᠴᠡᠭᠰᠡᠨ ᠪᠠᠷᠢᠯᠭ᠎ᠠ ᠶᠢ 2538 ᠭᠠᠵᠠᠷ᠂ 11.6 ᠲᠦᠮᠡᠨ ᠲᠡᠭᠰᠢ ᠳᠥᠷᠪᠡᠯᠵᠢᠨ ᠮᠧᠲᠷ ᠨᠤᠷᠠᠭᠠᠪᠠ᠃ ᠬᠥᠳᠡᠭᠡ ᠲᠣᠰᠬᠤᠨ ᠤ ᠳᠥᠷᠢ ᠲᠥᠷᠬᠦ ᠰᠢᠨ᠎ᠡ ᠪᠠᠶᠢᠳᠠᠯ ᠲᠠᠢ᠃ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ  ᠤ ᠪᠦᠲᠦᠭᠡᠨ ᠪᠠᠶᠢᠭᠤᠯᠤᠯᠲᠠ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠴᠡᠭᠴᠡᠯᠡᠨ ᠵᠠᠰᠠᠬᠤ ᠶᠢ ᠲᠥᠯᠬᠢᠨ ᠠᠬᠢᠭᠤᠯᠵᠤ᠂ ᠬᠥᠳᠡᠭᠡ ᠲᠣᠰᠬᠤᠨ ᠳᠤ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠭᠠᠭᠰᠠᠨ ᠪᠠᠶᠢᠨ᠎ᠠ᠃ 38.8 ᠳ᠋ᠦᠩᠰᠢᠭᠤᠷ ᠲᠥᠭᠦᠷᠢᠭ ᠢ ᠪᠡᠯᠡ ᠤᠷᠤᠭᠤᠯᠤᠨ᠂ 18817 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠰᠢᠷᠤᠢ ᠶᠢᠨ ᠪᠠᠶᠢᠰᠢᠩ᠂  287 ᠲᠦᠮᠡᠨ ᠲᠡᠭᠰᠢ ᠳᠥᠷᠪᠡᠯᠵᠢᠨ ᠮᠧᠲᠷ ᠰᠢᠷᠣᠶ ᠶᠢᠨ ᠬᠡᠷᠡᠮ ᠢ ᠦᠭᠡᠷᠡᠴᠢᠯᠡᠨ᠂ 4764 ᠺᠢᠯᠣᠮᠧᠲᠷ ᠵᠡᠭᠡᠯᠢ ᠭᠤᠳᠤᠮᠵᠢ ᠶᠢ ᠬᠠᠲᠠᠭᠤᠷᠠᠭᠤᠯᠤᠨ᠂ 793 ᠠᠶᠢᠯ ᠲᠣᠰᠬᠤᠨ ᠢ ᠨᠣᠭᠤᠭᠠᠷᠠᠭᠤᠯᠤᠨ᠂ ᠰᠣᠶᠣᠯ ᠤᠨ ᠠᠵᠢᠯᠯᠠᠭᠠᠨ ᠤ ᠠᠭᠤᠳᠠᠮ ᠳᠠᠯᠠᠪᠠᠢ ᠶᠢ 357᠂ ᠠᠷᠠᠳ ᠲᠤ ᠳᠥᠭᠦᠮ ᠦᠵᠡᠭᠦᠯᠬᠦ ᠬᠤᠯᠪᠤᠭᠠᠲᠦ ᠬᠡᠳᠦ ᠳᠡᠯᠭᠡᠭᠦᠷ ᠢ 309᠂ ᠬᠤᠭ ᠨᠣᠪᠰᠢ ᠶᠢ ᠪᠤᠯᠠᠰᠢᠯᠠᠬᠤ ᠭᠠᠵᠠᠷ ᠢ 253 ᠪᠠᠶᠢᠭᠤᠯᠤᠨ ᠂ ᠭᠠᠵᠠᠷ ᠤᠨ ᠨᠡᠷ᠎ᠡ ᠶᠢᠨ ᠲᠡᠮᠳᠡᠭ ᠢ 2761 ᠤᠬᠰᠠᠷᠠᠨ᠂ 1533 ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠪᠠ᠂ ᠠᠮᠢ ᠠᠬᠤᠶ ᠶᠢᠨ ᠨᠡᠭᠦᠳᠡᠯ ᠠᠷᠠᠳ ᠤᠨ ᠰᠢᠨ᠎ᠡ ᠲᠣᠰᠬᠤᠨ ᠢ 3 ᠰᠢᠨ᠎ᠡ ᠪᠠᠷ ᠪᠠᠶᠢᠭᠤᠯᠤᠨ᠂ ᠳ᠋ᠠ ᠱᠤᠸᠠᠩ ᠮᠢᠶᠣᠣ ᠶᠢᠨ ︽ᠥᠷᠭᠡᠰᠦᠲᠦ ᠬᠡᠮᠬᠡ ᠶᠢᠨ ᠵᠢᠵᠢᠭ ᠪᠠᠯᠭᠠᠰᠤ︾᠂ ᠣᠭᠤᠷ ᠤᠨ ︽ ᠪᠠᠯᠲᠦ ᠵᠠᠮ︾᠂ ᠰᠢᠶᠤᠤ ᠴᠧᠩ ᠽᠢ ᠶᠢᠨ ︽ᠬᠤᠪᠢᠰᠬᠠᠯᠲᠤ ᠠᠶᠠᠯᠠᠯ︾᠂ ᠶᠡᠭᠡ ᠵᠦᠩ ᠤᠨ ︽ᠲᠦᠮᠡᠨ ᠮᠦ ᠬᠠᠰᠢ ᠶᠢᠨ ᠰᠢᠶᠠᠩ︾ ᠵᠡᠷᠭᠡ ᠰᠣᠳᠣᠨ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠢ ᠪᠠᠶᠢᠭᠤᠯᠪᠠ᠃   ᠬᠤᠳᠠ ᠬᠥᠳᠡᠭᠡ ᠶᠢᠨ ᠰᠠᠭᠤᠷᠢ ᠤᠯᠠᠮ ᠲᠡᠭᠦᠯᠳᠡᠷᠵᠢᠪᠡ᠃ ᠪᠡᠭᠡᠵᠢᠩ ᠮᠦᠭᠳᠡᠨ ᠤ ᠳᠡᠭᠡᠳᠦ ᠬᠤᠷᠳᠤᠴᠠᠲᠤ ᠲᠡᠮᠦᠷ ᠵᠠᠮ ᠤᠨ ᠤᠯᠠᠭᠠᠨᠬᠠᠲᠠ ᠬᠠᠷᠠᠴᠢᠨ ᠵᠡᠭᠦᠨ ᠭᠠᠷᠤᠨ ᠬᠤᠰᠢᠭᠤᠨ ᠤ ᠵᠠᠯᠭᠠᠯᠲᠠ ᠱᠤᠭᠤᠮ ᠪᠠ ᠪᠠᠶᠢᠰᠢᠩᠲᠤ ᠤᠯᠠᠭᠠᠨᠬᠠᠳᠠ ᠶᠢᠨ ᠳᠡᠮᠦᠷ ᠵᠠᠮ ᠤᠨ ᠴᠠᠬᠢᠯᠭᠠᠨᠵᠢᠭᠤᠯᠤᠯᠲᠠ ᠶᠢ ᠥᠭᠡᠷᠡᠴᠢᠯᠡᠬᠦ ᠲᠥᠷᠥᠯ ᠵᠤᠶᠢᠯ ᠤᠨ ᠪᠦᠬᠦ ᠱᠤᠭᠤᠮ ᠠᠵᠢᠯ ᠢᠶᠠᠨ ᠡᠬᠢᠯᠡᠭᠦᠯᠪᠡ᠃11.9 ᠳ᠋ᠦᠩᠰᠢᠭᠤᠷ ᠲᠥᠭᠦᠷᠢᠭ ᠢ ᠪᠡᠯᠡ ᠤᠷᠤᠭᠤᠯᠤᠨ᠂ ᠷᠠᠰᠢᠶᠠᠨ ᠠᠴᠠ ᠹᠦ᠋ ᠹᠧᠩ ᠱᠠᠨ ᠠᠭᠤᠯᠠᠨ ᠵᠢᠭᠤᠯᠴᠢᠯᠠᠯ ᠤᠨ ᠵᠠᠰᠠᠮᠠᠯ ᠵᠡᠮ ᠢ ᠨᠡᠪᠲᠡᠷᠡᠭᠦᠯᠵᠦ᠂ ᠬᠠᠯᠠᠭᠤᠨ ᠷᠠᠰᠢᠶᠠᠨ᠂ ᠤᠯᠤᠰ ᠤᠨ ᠪᠠ ᠮᠤᠵᠢ ᠶᠢᠨ ᠭᠤᠣᠯ ᠱᠤᠭᠤᠮ ᠢ 82 ᠺᠢᠯᠣᠮᠧᠲᠷ ᠶᠡᠭᠡᠪᠡᠷ ᠵᠠᠰᠠᠨ᠂ 33 ᠰᠠᠤᠷᠢ ᠬᠥᠭᠦᠷᠭᠡ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ᠂ ᠲᠣᠰᠬᠤᠨ ᠳᠤ ᠨᠡᠪᠳᠡᠷᠡᠭᠦᠯᠬᠦ ᠲᠤᠰᠤᠨ ᠵᠠᠮ ︵ᠱᠦᠢᠨᠢ ᠵᠠᠮ︶ ᠢ 109 ᠵᠤᠷᠪᠤᠰ᠂ 852.3 ᠺᠢᠯᠣᠮᠧᠲᠷ ᠵᠠᠰᠠᠵᠤ ᠨᠡᠪᠲᠡᠷᠡᠭᠦᠯᠦᠨ᠂ ᠵᠠᠰᠠᠭ ᠵᠠᠬᠢᠷᠭᠠᠨ ᠤ ᠲᠤᠰᠬᠤᠨ ᠳᠤ ᠴᠠᠷᠳᠠᠮᠠᠯ ᠵᠠᠮ ᠢ ᠨᠡᠪᠲᠡᠷᠡᠭᠦᠯᠬᠦ ᠪᠥᠬᠦᠨ ᠢ ᠬᠠᠮᠤᠷᠬᠤ ᠶᠢ ᠪᠡᠶᠡᠯᠡᠭᠦᠯᠪᠡ᠃ 5.3 ᠳ᠋ᠦᠩᠰᠢᠭᠤᠷ ᠲᠥᠭᠦᠷᠢᠭ ᠢ ᠪᠡᠯᠡ ᠤᠷᠤᠭᠤᠯᠤᠨ᠂ ᠪᠠᠶᠢᠷᠢᠨ ᠤ ᠴᠠᠬᠢᠯᠭᠠᠨ ᠬᠤᠪᠢᠰᠬᠠᠭᠤᠷ ᠢ ᠰᠢᠨ᠎ᠡ ᠪᠠᠷ ᠪᠠᠶᠢᠭᠤᠯᠬᠤ ᠪᠠ ᠨᠢᠩ ᠢ ᠴᠠᠬᠢᠯᠭᠠᠨ ᠬᠤᠪᠢᠰᠬᠠᠭᠤᠷ ᠢ ᠨᠡᠭᠦᠯᠭᠡᠨ ᠪᠠᠶᠢᠭᠤᠯᠬᠤ ᠲᠦᠷᠥᠯ ᠵᠤᠶᠢᠯ ᠠᠰᠢᠭᠯᠠᠯᠲᠠ ᠳᠤ ᠤᠷᠤᠵᠦ᠂ 3 ᠰᠠᠤᠷᠢ 220 kv ᠬᠦᠴᠦᠳᠡᠯ ᠦᠭᠡᠷᠡᠴᠢᠯᠡᠬᠦ ᠦᠷᠲᠡᠭᠡ ᠴᠠᠬᠢᠯᠭᠠᠨ ᠬᠠᠩᠭᠠᠬᠤ ᠶᠢ ᠪᠡᠶᠡᠯᠡᠭᠦᠯᠪᠡ᠂ 66 ᠺᠢᠯᠣᠸᠣᠯᠲ ᠬᠦᠴᠦᠳᠡᠯ ᠦᠭᠡᠷᠡᠴᠢᠯᠡᠬᠦ ᠦᠷᠲᠡᠭᠡ ᠶᠢ 5 ᠪᠦᠲᠦᠭᠡᠨ ᠪᠠᠶᠢᠭᠤᠯᠵᠦ᠂ ᠳᠣᠣᠷ᠎ᠠ ᠬᠦᠴᠦᠳᠡᠯᠲᠦ  ᠣᠷᠣᠨ ᠢ 859 ᠦᠭᠡᠷᠡᠴᠢᠯᠡᠨ᠂ 1302 ᠺᠢᠯᠣᠮᠧᠲᠷ ᠴᠠᠬᠢᠯᠭᠠᠨ ᠤᠲᠠᠰᠤ ᠶᠢ ᠳᠠᠲᠠᠪᠠ᠃   — ᠲᠠᠪᠤᠨ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠥᠳᠡᠯᠭᠡᠭᠴᠢ ᠬᠦᠴᠦ ᠪᠣᠯᠭᠠᠬᠤ ᠶᠢ ᠪᠠᠷᠢᠮᠲᠠᠯᠠᠵᠤ᠂ ᠭᠠᠳᠠᠭᠠᠲᠦ ᠨᠡᠭᠡᠭᠡᠯᠳᠡ ᠶᠢ ᠲᠠᠰᠤᠷᠠᠯᠳᠡ ᠦᠭᠡᠢ ᠥᠷᠭᠡᠳᠬᠡᠵᠦ᠂ ᠠᠵᠤ ᠠᠬᠤᠶ ᠨᠡᠶᠢᠭᠡᠮ ᠰᠢᠨ᠎ᠡ ᠠᠮᠢᠵᠢᠷᠠᠯ ᠤᠨ ᠬᠦᠴᠦᠨ ᠪᠢᠯᠬᠠᠮ᠎ᠠ᠃    ᠡᠯ᠎ᠡ ᠵᠦᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠢᠳᠡᠪᠬᠢᠲᠡᠶ ᠪᠠᠷ ᠲᠥᠯᠬᠢᠨ ᠠᠬᠢᠭᠤᠯᠵᠤ᠂ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠥᠯᠥ ᠬᠥᠳᠡᠯᠬᠦ ᠬᠦᠷᠦᠩᠭᠡ ᠶᠢ ᠳᠠᠩᠰᠠᠯᠠᠬᠤ ᠲᠣᠪᠴᠢᠶ᠎ᠠ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠭᠠᠶᠢᠯᠢ ᠰᠦᠢᠳᠬᠡᠯ ᠤᠨ ᠬᠠᠮᠢᠶᠠᠷᠤᠯᠲᠠ ᠶᠢᠨ ᠲᠥᠪ ᠢ ᠵᠤᠬᠢᠶᠠᠨ ᠪᠠᠶᠢᠭᠤᠯᠪᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ 17 ᠬᠢᠨᠠᠨ ᠵᠥᠪᠰᠢᠶᠡᠷᠡᠬᠦ ᠵᠤᠶᠢᠯ ᠢ ᠬᠦᠴᠦᠨ ᠦᠭᠡᠶ ᠪᠣᠯᠭᠠᠨ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠬᠤ ᠲᠣᠳᠣᠷᠬᠠᠶ ᠳᠠᠩᠰᠠ ᠶᠢ ᠲᠤᠬᠳᠠᠭᠠᠪᠠ᠃ ︽ᠡᠷᠬᠡ ᠪᠠᠨ ᠥᠷᠭᠡᠳᠬᠡᠨ ᠰᠢᠶᠠᠨ ᠢᠶᠠᠨ ᠬᠦᠴᠦᠷᠬᠡᠭᠵᠢᠭᠦᠯᠬᠦ︾ ᠲᠤᠷᠰᠢᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠡᠷᠬᠡ ᠶᠢᠨ ᠬᠡᠪᠴᠢᠶ᠎ᠡ ᠶᠢ 55 ᠵᠤᠷᠪᠤᠰ ᠳᠣᠷᠣᠭᠰᠢ ᠪᠠᠭᠤᠯᠭᠠᠪᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠲᠦᠷᠭᠡᠪᠴᠢᠯᠡᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ 1.5 ᠲᠦᠮᠡᠨ ᠡᠷᠦᠬᠡ ᠰᠢᠨ᠎ᠡ ᠪᠠᠷ ᠨᠡᠮᠡᠭᠳᠡᠪᠡ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠬᠦᠷᠢᠶᠡᠨ ᠳᠠᠬᠢ ᠥᠭᠡᠷᠡᠴᠢᠯᠡᠯᠲᠡ ᠶᠢ ᠶᠡᠬᠡᠪᠡᠷ ᠬᠡᠷᠡᠭᠵᠢᠭᠦᠯᠵᠦ᠂ ᠰᠢᠶᠠᠩ ᠪᠠᠯᠭᠠᠰᠤ ᠶᠢᠨ ᠡᠳ᠋ ᠤᠨ ᠵᠠᠰᠠᠭ ᠤᠨ ᠪᠠᠶᠢᠭᠤᠯᠤᠯ ᠢ ᠲᠤᠬᠢᠷᠠᠭᠤᠯᠤᠨ᠂ ︽ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠬᠦ︾ ᠶᠢ ᠬᠡᠷᠩᠵᠢᠭᠦᠯᠵᠦ᠂ ᠤᠯᠤᠰ ᠤᠨ ᠥᠮᠴᠢᠯᠡᠯ ᠤᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠠᠪᠴᠠᠩ ᠢ 6 ᠡᠷᠤᠬᠡ᠂ ᠬᠤᠳᠠᠯᠳᠤᠭᠠᠨ ᠤ ᠪᠠᠩᠬᠢ ᠶᠢ 1 ᠡᠷᠤᠬᠡ ᠵᠤᠬᠢᠶᠠᠨ ᠪᠠᠶᠢᠭᠤᠯᠪᠠ᠃ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠠᠴᠠ ᠲᠣᠭᠲᠠᠭᠠᠭᠰᠠᠨ ᠡᠮ ᠤᠨ ᠵᠦᠢᠯ ᠢ ᠪᠦᠬᠦᠨ ᠢ ᠳᠡᠭ ᠵᠥᠷᠢᠶᠡᠲᠦ ᠨᠤᠷᠮ᠎ᠠ ᠪᠠᠷ ᠪᠤᠷᠤᠯᠠᠭᠤᠯᠪᠠ᠃ ᠠᠯᠪᠠᠨ ᠶᠠᠪᠤᠳᠠᠯ ᠳᠤ ᠲᠡᠷᠭᠡ ᠬᠡᠷᠡᠭᠯᠡᠬᠦ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠵᠤᠯᠭᠠᠭᠤᠯᠬᠤ᠂ ᠭᠤᠣᠯ ᠤᠨ ᠳᠠᠷᠤᠭ᠎ᠠ ᠶᠢᠨ ᠳᠦᠷᠢᠮ᠂ ᠲᠠᠷᠢᠶᠠᠯᠠᠩ ᠤᠨ ︽ᠭᠤᠷᠪᠠᠨ ᠵᠦᠢᠯ ᠤᠨ ᠨᠥᠬᠦᠪᠥᠷᠢ︾ ᠵᠡᠷᠭᠡ ᠥᠭᠡᠷᠡᠴᠢᠯᠡᠯᠲᠡ ᠶᠢᠨ 153 ᠵᠦᠢᠯ ᠢ ᠪᠡᠶᠡᠯᠡᠭᠦᠯᠪᠡ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠱᠠᠩᠨᠠᠬᠤ ᠠᠷᠭ᠎ᠠ ᠶᠢ ᠨᠡᠶᠢᠲᠡᠯᠡᠵᠦ᠂ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂  ᠠᠷᠠᠯᠵᠢᠶᠠᠴᠢᠨ ᠤᠷᠢᠬᠤ ᠠᠷᠭ᠎ᠠ ᠰᠢᠨ᠎ᠡ ᠶᠢ ᠡᠭᠦᠳᠦᠨ᠂ ︽ᠨᠢᠭᠡ ᠠᠯᠪᠠᠨ ᠭᠡᠷ ᠠᠷᠪᠠᠨ ᠲᠣᠪᠴᠢᠶ᠎ᠠ︾ ᠶᠢ ᠪᠠᠶᠢᠭᠤᠯᠤᠨ᠂ᠬᠠᠨᠳᠤᠯᠭᠠᠲᠤ ᠴᠢᠨᠠᠷᠳᠡᠢ ᠠᠷᠠᠯᠵᠢᠶᠠᠴᠢᠨ ᠤᠷᠢᠬᠤ᠂ ᠴᠡᠭ ᠲᠣᠭᠲᠠᠭᠠᠨ ᠠᠷᠠᠯᠵᠢᠶᠠᠴᠢᠨ ᠤᠷᠢᠬᠤ᠂ ᠲᠤᠰᠬᠠᠶ ᠮᠡᠷᠭᠡᠵᠢᠯ ᠤᠨ ᠬᠤᠳᠠᠯᠳᠤᠭᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠠᠵᠢᠯ ᠢ ᠭᠦᠨᠵᠡᠭᠡᠶ ᠥᠷᠨᠢᠭᠦᠯᠵᠦ᠂ ᠭᠡᠷ᠎ᠡ ᠲᠣᠭᠲᠠᠭᠰᠠᠨ ᠲᠥᠷᠥᠯ ᠵᠦᠢᠯ 545᠂ ᠪᠣᠳᠠᠲᠠᠶᠢᠵᠢᠭᠤᠯᠤᠭᠰᠠᠨ ᠪᠡᠯᠡ ᠮᠥᠩᠭᠦ 370 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 19% ᠪᠠᠷ ᠨᠡᠮᠡᠭᠳᠡᠪᠡ᠃ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ 4515 ᠲᠥᠭᠦᠷᠢᠭ ᠬᠠᠪᠰᠤᠷᠤᠨ ᠲᠡᠳᠬᠦᠬᠦ ᠪᠡᠯᠡ ᠮᠥᠩᠭᠦ ᠶᠢ ᠣᠯᠵᠦ᠂ ᠲᠦᠭᠦᠭᠡᠷᠤᠮᠵᠢᠲᠤ ᠲᠠᠷᠢᠶᠠᠯᠠᠩ᠂ ᠤᠢ ᠰᠢᠭᠤᠶ ᠵᠢᠮᠢᠰ ᠤᠨ ᠠᠵᠤ ᠦᠢᠯᠡᠰ᠂ ᠳᠤᠮᠳᠠᠳᠤ ᠰᠤᠷᠭᠠᠭᠤᠯᠢ ᠪᠠᠭ᠎ᠠ ᠰᠤᠷᠭᠠᠭᠤᠯᠢ᠂ ᠡᠷᠡᠭᠦᠯ ᠬᠠᠮᠠᠭᠠᠯᠠᠯ ᠤᠨ ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠳᠡᠮᠵᠢᠪᠡ᠂ ᠪᠠᠭᠰᠢ ᠶᠢᠨ ᠳᠠᠪᠲᠠᠨ ᠪᠣᠯᠪᠠᠰᠤᠷᠠᠭᠤᠯᠬᠤ᠂ ᠡᠮ ᠡᠮᠨᠡᠯᠭᠡ ᠶᠢᠨ ᠬᠠᠪᠰᠤᠷᠤᠨ ᠲᠡᠳᠬᠦᠬᠦ᠂ ᠵᠢᠭᠤᠯᠴᠢᠯᠠᠯ ᠤᠨ ᠬᠥᠭᠵᠢᠯᠲᠡ ᠵᠡᠷᠭᠡ ᠲᠠᠯ᠎ᠠ ᠪᠠᠷ ᠬᠠᠮᠲᠤᠷᠠᠯᠴᠠᠭ᠎ᠠ ᠤᠯᠠᠮ ᠨᠢᠬᠲᠠᠷᠠᠪᠠ᠃   — ᠲᠠᠪᠤᠨ ᠵᠢᠯ ᠤᠨ ᠲᠤᠷᠰᠢ᠂  ᠪᠢᠳᠡ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠭᠤᠣᠯ ᠡᠭᠦᠷᠭᠡ ᠪᠠᠨ ᠪᠣᠯᠭᠠᠬᠤ ᠶᠢ ᠪᠡᠷᠢᠮᠲᠡᠯᠡᠵᠦ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠢ ᠲᠤᠪᠤᠶᠢᠮ᠎ᠠ ᠰᠠᠶᠢᠲᠤᠷ ᠠᠳᠬᠤᠵᠤ᠂ ᠨᠡᠶᠢᠭᠡᠮ ᠤᠨ ᠪᠠᠶᠢᠭᠤᠯᠤᠯᠲᠠ ᠰᠢᠨ᠎ᠡ ᠰᠢᠪᠲᠤᠯᠤᠯᠲᠠ ᠶᠢ ᠣᠯᠪᠠ᠃    ᠶᠠᠳᠠᠭᠤ ᠠᠴᠠ ᠠᠩᠬᠢᠵᠢᠷᠠᠭᠤᠯᠤᠨ ᠪᠣᠭᠤᠮᠲᠠ ᠰᠢᠪᠲᠤᠯᠬᠤ ᠠᠵᠢᠯ ᠤᠨ ᠠᠯᠬᠤᠮ ᠲᠣᠭᠲᠠᠭᠤᠨ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠠᠮᠤᠭ ᠤᠨ ᠶᠡᠭᠡ ᠤᠯᠤᠰ ᠲᠦᠷᠦ ᠶᠢᠨ ᠡᠭᠦᠷᠭᠡ᠂ ᠲᠡᠷᠢᠭᠦᠨ ᠴᠢᠬᠤᠯᠠ ᠶᠠᠪᠤᠳᠠᠯ ᠪᠠ ᠠᠷᠠᠳ ᠤᠨ ᠠᠮᠢᠳᠤᠷᠠᠯ ᠤᠨ ᠨᠢᠭᠡᠳᠦᠭᠡᠷ ᠢᠨᠵᠧᠨᠧᠷᠢᠩ ᠪᠣᠯᠭᠠᠨ ᠠᠳᠬᠤᠵᠤ᠂ ᠲᠥᠪ ᠤᠨ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠶᠢ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠮᠡᠨ ᠺᠠᠳ᠋ᠷ ᠬᠥᠳᠡᠭᠡ ᠪᠠᠭᠤᠬᠤ ᠠᠵᠢᠯᠯᠠᠭ᠎ᠠ ᠶᠢ ᠥᠷᠨᠢᠭᠦᠯᠵᠦ᠂ ᠡᠯ᠎ᠡ ᠲᠤᠰᠬᠤᠨ ᠳᠤ ᠨᠢᠭᠡᠳᠦᠭᠡᠷ ᠱᠦᠵᠢ 307 ᠬᠥᠮᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠭᠡᠰᠢᠭᠦᠨ ᠢ 1063 ᠬᠥᠮᠦᠨ ᠲᠣᠮᠢᠯᠠᠨ ᠰᠠᠭᠤᠯᠭᠠᠵᠤ᠂ 96 ᠨᠢᠭᠡᠴᠡ ᠶᠢ ᠵᠣᠬᠢᠶᠠᠨ ᠪᠠᠶᠢᠭᠤᠯᠤᠨ ᠴᠡᠭ ᠲᠣᠭᠲᠠᠭᠠᠨ 98 ᠶᠠᠳᠠᠭᠤ ᠬᠦᠴᠢᠷᠳᠡᠯᠲᠡᠶ ᠲᠤᠰᠬᠤᠨ ᠢ ᠬᠠᠪᠰᠤᠷᠤᠨ ᠲᠡᠳᠭᠦᠨ᠂ 5830 ᠺᠠᠳ᠋ᠷ 1.3 ᠲᠦᠮᠡᠨ ᠶᠠᠳᠠᠭᠤ ᠬᠦᠴᠢᠷᠳᠡᠯ ᠲᠠᠢ ᠡᠷᠦᠬᠡ ᠶᠢ ᠬᠤᠣᠰᠯᠠᠨ ᠬᠠᠪᠰᠤᠷᠴᠤ ᠲᠡᠳᠬᠦᠪᠡ᠃ ︽ᠲᠠᠪᠤᠨ ᠨᠢᠭᠡ ᠪᠦᠯᠦᠭ︾ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠵᠦ᠂ ︽ᠭᠤᠷᠪᠠ ᠶᠢ ᠲᠣᠰᠬᠤᠨ ᠬᠢᠭᠡᠳ ᠡᠷᠦᠬᠡ ᠳᠤ ᠬᠦᠷᠦᠭᠦᠯᠬᠦ︾᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ᠂ ᠤᠯᠤᠰ ᠤᠨ ᠴᠠᠬᠢᠯᠭᠠᠨ ᠤ ᠨᠠᠮᠤᠷ ᠤᠨ ᠤᠯᠠᠷᠢᠯ ᠤᠨ ᠰᠤᠷᠤᠯᠭ᠎ᠠ ᠲᠡᠳᠬᠦᠬᠦ ᠵᠡᠷᠭᠡ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠭᠦᠨᠵᠡᠭᠡᠶ ᠲᠦᠯᠬᠢᠨ ᠠᠬᠢᠭᠤᠯᠵᠤ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ 3.8 ᠳ᠋ᠦᠩᠰᠢᠭᠤᠷ ᠲᠥᠭᠦᠷᠢᠭ ᠤᠷᠤᠭᠤᠯᠤᠨ᠂ ᠮᠥᠩᠭᠦᠨ ᠭᠦᠢᠯᠭᠡᠭᠡᠨ ᠤ ᠠᠷᠠᠳ ᠢ ᠪᠠᠶᠠᠵᠢᠭᠤᠯᠬᠤ ᠶᠠᠳᠠᠭᠤ ᠶᠢ ᠲᠡᠳᠬᠦᠬᠦ ᠵᠢᠭᠡᠯᠡᠯᠭᠡ ᠶᠢ 5.8 ᠳ᠋ᠦᠩᠰᠢᠭᠤᠷ ᠲᠥᠭᠦᠷᠢᠭ ᠲᠠᠷᠬᠠᠭᠠᠨ᠂ 6 ᠲᠦᠮᠡᠨ ᠶᠠᠳᠠᠭᠤ ᠬᠦᠴᠢᠷᠳᠡᠯᠲᠡᠶ ᠤᠯᠠᠨ ᠲᠦᠮᠡᠨ ᠢ ᠶᠠᠳᠠᠭᠤ ᠠᠴᠠ ᠲᠣᠭᠲᠠᠪᠤᠷᠢᠲᠠᠶ ᠠᠩᠭᠢᠵᠢᠷᠠᠭᠤᠯᠬᠤ ᠶᠢ ᠪᠡᠶᠡᠯᠡᠭᠦᠯᠪᠡ᠃    ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠥᠷᠨᠢᠨ ᠬᠦᠭᠵᠢᠪᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ 32 ᠵᠤᠶᠢᠯ ᠬᠡᠷᠩᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠠᠴᠠ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠨᠢ 56%  ᠠᠴᠠ 59%  ᠪᠣᠯᠣᠨ ᠳᠡᠭᠡᠭᠰᠢᠯᠡᠪᠡ᠃ 5.8 ᠳ᠋ᠦᠩᠰᠢᠭᠤᠷ ᠲᠥᠭᠦᠷᠢᠭ ᠢ ᠪᠡᠯᠡ ᠤᠷᠤᠭᠤᠯᠤᠨ᠂ ᠲᠢᠶᠠᠨ ᠢ ᠲᠤᠷᠰᠢᠯᠲᠠ ᠶᠢᠨ ᠪᠠᠭ᠎ᠠ ᠰᠤᠷᠭᠠᠭᠤᠯᠢ ᠶᠢ ᠨᠡᠭᠦᠯᠭᠡᠨ ᠪᠠᠶᠢᠭᠤᠯᠬᠤ᠂ ᠠᠯᠪᠠᠨ ᠠᠴᠠ ᠡᠷᠭᠢᠯᠡᠭᠰᠡᠨ ᠪᠠᠭ᠎ᠠ ᠰᠤᠷᠭᠠᠭᠤᠯᠢ ᠶᠢ 1᠂ ᠬᠡᠦᠬᠡᠳ ᠤᠨ ᠴᠡᠴᠡᠷᠯᠢᠭ ᠢ 2 ᠰᠢᠨ᠎ᠡ ᠪᠠᠷ ᠪᠠᠶᠢᠭᠤᠯᠤᠨ᠂ ᠰᠤᠷᠭᠠᠭᠤᠯᠢ ᠶᠢᠨ ᠪᠠᠶᠢᠷᠢ ᠶᠢᠨ ᠭᠡᠷ ᠢ 21.3 ᠲᠥᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠬᠤ ᠪᠤᠶᠤ ᠦᠭᠡᠷᠡᠴᠢᠯᠠᠨ᠂ ᠰᠤᠷᠤᠭᠴᠢ ᠵᠥᠭᠡᠭᠡᠪᠦᠷᠢᠯᠡᠬᠦ ᠲᠡᠷᠭᠡ ᠶᠢ 36 ᠰᠢᠨ᠎ᠡ ᠪᠠᠷ ᠨᠡᠮᠡᠭᠳᠡᠭᠦᠯᠵᠦ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠵᠢᠩᠬᠢᠨᠢ ᠠᠩᠭᠢ ᠳᠤ ᠤᠷᠤᠬᠰᠠᠨ ᠨᠣᠷᠮ᠎ᠠ 2012 ᠣᠨ ᠤ ᠬᠢ ᠠᠴᠠ 14.8 ᠵᠠᠭᠤᠨ ᠤ ᠬᠤᠪᠢ ᠶᠢᠨ ᠴᠢᠭ ᠳᠡᠭᠡᠭᠰᠢᠯᠡᠪᠡ᠃ 8976 ᠳ᠋ᠦᠩᠰᠢᠭᠤᠷ ᠲᠥᠭᠦᠷᠢᠭ ᠢ ᠪᠡᠯᠡ ᠤᠷᠤᠭᠤᠯᠤᠨ᠂ ᠰᠢᠶᠠᠨ ᠤ ᠰᠣᠶᠣᠯ ᠤᠨ ᠲᠥᠪ ᠤᠨ ᠶᠡᠷᠦᠩᠬᠡᠶᠢᠯᠡᠭᠰᠡᠨ ᠠᠰᠠᠷ᠂ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠰᠣᠶᠣᠯ ᠤᠨ ᠦᠷᠳᠡᠭᠡ 27᠂ ᠲᠤᠰᠬᠤᠨ ᠤ ᠱᠠᠲᠤᠨ ᠤ ᠰᠣᠶᠣᠯ ᠤᠨ ᠬᠥᠳᠡᠯᠭᠡᠭᠡᠨ ᠤ ᠲᠠᠰᠤᠭ 305 ᠢ ᠪᠠᠶᠢᠭᠤᠯᠪᠠ᠃ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ  ᠫᠠᠶᠢᠰᠡ ᠨᠡᠭᠡᠭᠡᠨ᠂ ᠰᠢᠶᠤᠤ ᠾᠸᠢ ᠱᠢ᠂ ᠨᠠᠨ ᠱᠠᠨ ᠭᠧᠨ ᠵᠡᠷᠭᠡ 3 ᠪᠠᠭᠤᠷᠢ ᠨᠢ ᠳᠣᠯᠣᠳᠤᠭᠠᠷ ᠪᠦᠯᠦᠭ ᠤᠨ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠢᠶᠠᠷ ᠬᠠᠮᠠᠭᠠᠯᠠᠭᠳᠠᠬᠤ ᠨᠢᠭᠡᠴᠡ ᠪᠣᠯᠣᠨ᠂ ︽ᠨᠢᠩᠴᠧᠩ ᠤᠨ ᠲᠥᠳᠡᠭ ᠭᠠᠯ︾ ᠨᠢ ᠪᠦᠬᠦ ᠤᠯᠤᠰ ᠤᠨ ᠲᠣᠭᠤᠷᠢᠨ ᠲᠣᠭᠯᠠᠬᠤ ᠰᠢᠯᠢᠳᠡᠭ ᠵᠦᠴᠦᠭᠡ ᠳᠤ ᠣᠷᠣᠪᠠ᠃ ᠪᠦᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢ ᠳᠡᠯᠭᠡᠷᠡᠭᠦᠯᠬᠦ ᠲᠤᠷᠰᠢᠯᠲᠠ ᠶᠢᠨ ᠰᠢᠶᠠᠨ ᠪᠤᠯᠵᠦ᠂ ᠤᠯᠠᠭᠠᠨᠬᠠᠳᠠ ᠶᠢᠨ ᠵᠦᠩ ᠵᠢᠩ ᠬᠥᠯ ᠪᠥᠮᠪᠦᠭᠡ ᠶᠢᠨ ᠰᠤᠷᠭᠠᠭᠤᠯᠢ ᠶᠢ ᠪᠠᠶᠢᠭᠤᠯᠤᠨ᠂ 3.2 ᠲᠦᠮᠡᠨ ᠲᠡᠭᠰᠢ ᠳᠥᠷᠪᠡᠯᠵᠢᠨ ᠮᠧᠲᠷ ᠬᠥᠯ ᠪᠥᠮᠪᠦᠭᠡ ᠶᠢᠨ ᠲᠠᠯᠠᠪᠤᠷ ᠢ ᠰᠢᠨ᠎ᠡ ᠪᠠᠷ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠤᠳᠠᠭᠠᠨ ᠤ ᠲᠡᠮᠢᠷ ᠤᠨ ᠴᠤᠭᠯᠠᠭᠠᠨ ᠲᠡᠭᠡᠷ᠎ᠡ 15 ᠠᠯᠲᠠᠠ ᠮᠧᠳᠠᠯ᠂ 8 ᠮᠥᠩᠭᠦᠨ ᠮᠧᠳᠠᠯ᠂ 10 ᠬᠦᠷᠡᠯ ᠮᠧᠳᠠᠯ ᠣᠯᠪᠠ᠃ ᠤᠲᠠᠰᠤᠲᠤ ᠲᠧᠯᠸᠢᠰ ᠢ 3 ᠲᠦᠮᠡᠨ ᠡᠷᠦᠬᠡ᠂ ᠡᠷᠦᠬᠡ ᠪᠦᠷᠢ ᠳᠤ ᠨᠡᠪᠲᠡᠷᠡᠭᠦᠯᠭᠦ ᠶᠢ 2 ᠲᠦᠮᠡᠨ ᠡᠷᠦᠬᠡ᠂ ᠲᠤᠰᠬᠤᠨ ᠪᠦᠬᠦᠨ ᠳᠤ  ᠬᠠᠩᠬᠢᠨᠠᠭᠤᠯᠬᠤ ᠶᠢ 305 ᠤᠬᠰᠠᠷᠠᠪᠠ᠃ 4.4 ᠳ᠋ᠦᠩᠰᠢᠭᠤᠷ ᠲᠥᠭᠦᠷᠢᠭ ᠢ ᠪᠡᠯᠡ ᠤᠷᠤᠭᠤᠯᠤᠨ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠱᠠᠲᠤᠨ ᠤ ᠡᠷᠡᠭᠦᠯ ᠬᠠᠮᠠᠭᠠᠯᠠᠯ  ᠤᠨ ᠲᠠᠰᠤᠭ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ ᠢ 362 ᠵᠤᠶᠢᠯ ᠬᠡᠷᠡᠭᠵᠢᠭᠦᠯᠵᠦ᠂ ᠰᠢᠶᠠᠨ ᠤ ᠡᠮᠨᠡᠯᠭᠡ ᠶᠢᠨ ᠬᠤᠷᠢᠶ᠎ᠠ ᠨᠢ ᠤᠯᠤᠰ ᠤᠨ ᠭᠤᠷᠪᠠᠳᠤᠭᠠᠷ ᠵᠡᠷᠭᠡ ᠶᠢᠨ ᠬᠥᠬᠡᠭᠴᠢᠨ ᠵᠡᠷᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠣᠨ ᠲᠡᠪᠰᠢᠨ᠂ ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠨᠢ ᠪᠦᠬᠦ ᠣᠷᠣᠨ ᠤ ᠬᠤᠰᠢᠭᠤ ᠰᠢᠶᠠᠨ ᠤ ᠳᠣᠲᠣᠷᠠᠬᠢ ᠴᠣᠷ ᠤᠨ ᠭᠠᠭᠴᠠ ᠭᠤᠷᠪᠠᠳᠤᠭᠠᠷ ᠱᠠᠲᠤᠨ ᠤ ᠬᠦᠭᠡ ᠲᠡᠰ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠡ ᠪᠣᠯᠪᠠ᠃ ︽ᠬᠤᠶᠠᠳᠠᠬᠢ ᠬᠡᠤᠬᠡᠳ ᠠᠪᠴᠤ ᠪᠣᠯᠬᠤ︾ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠬᠥᠮᠦᠨ ᠠᠮᠠ ᠶᠢᠨ ᠲᠦᠷᠦᠯᠳᠡ ᠶᠢᠨ ᠨᠤᠷᠮ᠎ᠠ᠂ ᠠᠶᠠᠨᠳᠠᠭᠠᠨ ᠨᠡᠮᠡᠭᠳᠡᠬᠦ ᠨᠤᠷᠮ᠎ᠠ ᠶᠢ ᠲᠤᠰ ᠲᠤᠰ 8.0 ‰ ᠪᠠ 6.5 ‰ ᠶᠢᠨ ᠳᠣᠲᠣᠷ᠎ᠠ ᠬᠢᠵᠠᠭᠠᠷᠯᠠᠪᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠡᠷᠡᠰ ᠪᠠᠲᠤ ᠬᠦᠴᠦᠨ ᠲᠡᠭᠦᠯᠳᠡᠷ᠃ ᠬᠤᠳᠠ ᠪᠠᠯᠭᠠᠰᠤᠨ ᠤ ᠠᠵᠢᠯ ᠣᠯᠣᠬᠰᠠᠨ ᠬᠦᠮᠦᠨ ᠤ ᠲᠤᠭ᠎ᠠ 11308 ᠨᠡᠮᠡᠭᠳᠡᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ  ᠶᠢ 3332 ᠨᠡᠭᠡᠭᠡᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.0 % ᠶᠢᠨ ᠳᠣᠲᠣᠷ᠎ᠠ  ᠬᠢᠵᠠᠭᠠᠷᠯᠠᠪᠠ᠃ ᠵᠢᠯ ᠳᠤ ᠬᠥᠳᠡᠭᠡ ᠲᠣᠰᠬᠤᠨ ᠤ ᠦᠯᠡᠭᠦᠦ ᠬᠥᠳᠡᠯᠮᠦᠷᠢ ᠬᠦᠴᠦ ᠶᠢ 10 ᠲᠦᠮᠡᠨ ᠬᠥᠮᠦᠨ ᠠᠴᠠ ᠳᠡᠭᠡᠭᠰᠢ ᠰᠢᠯᠵᠢᠬᠦᠯᠪᠡ᠃ ᠠᠷᠠᠳ ᠳᠠᠶᠠᠭᠠᠷ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠩᠵᠢᠭᠦᠯᠵᠦ᠂ ᠡᠮᠨᠡᠯᠭᠡ ᠶᠢᠨ ᠳᠠᠭᠠᠳᠬᠠᠯ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠤᠷᠤᠭᠰᠠᠨ ᠬᠥᠮᠦᠨ ᠤ ᠲᠤᠭ᠎ᠠ ᠲᠤᠰ ᠲᠤᠰ 52 ᠲᠦᠮᠡᠨ ᠬᠥᠮᠦᠨ ᠪᠠ 31 ᠲᠦᠮᠡᠨ ᠬᠥᠮᠦᠨ ᠳᠤ ᠬᠦᠷᠪᠡ᠃ ᠬᠠᠮᠤᠭ ᠤᠨ ᠳᠣᠣᠷ᠎ᠠ ᠪᠠᠲᠤᠯᠠᠪᠤᠷᠢ ᠶᠢᠨ ᠪᠠᠷᠢᠮᠵᠢᠶ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠂ ᠳᠣᠣᠷ᠎ᠠ ᠠᠮᠢᠳᠤᠷᠠᠯ ᠤᠨ ᠪᠠᠳᠤᠯᠠᠭ᠎ᠠ ᠶᠢᠨ ᠮᠥᠩᠬᠦ ᠶᠢ 4.3 ᠳ᠋ᠦᠩᠰᠢᠭᠤᠷ ᠲᠥᠭᠦᠷᠢᠭ ᠲᠡᠷᠬᠠᠭᠠᠨ᠂ 4 ᠲᠦᠮᠡᠨ ᠬᠦᠴᠢᠷᠳᠡᠯᠲᠡᠶ ᠤᠯᠠᠨ ᠲᠦᠮᠡᠨ ᠤ ᠠᠮᠢᠳᠤᠷᠠᠯ ᠢ ᠪᠠᠲᠤᠯᠠᠭ᠎ᠠ ᠲᠠᠢ ᠪᠣᠯᠭᠠᠪᠠ᠃ ᠣᠨᠴᠠ ᠬᠦᠴᠢᠷᠳᠡᠯᠲᠡᠶ ᠬᠥᠮᠦᠰ ᠲᠤ ᠪᠠᠲᠤᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠥᠷᠥᠯ ᠤᠨ ᠠᠪᠤᠷᠠᠨ ᠲᠤᠰᠠᠯᠠᠬᠤ ᠮᠥᠩᠭᠦ ᠶᠢ 1.2 ᠳ᠋ᠦᠩᠰᠢᠭᠤᠷ ᠲᠥᠭᠦᠷᠢᠭ ᠲᠠᠷᠬᠠᠭᠠᠨ᠂ 19.1 ᠲᠥᠮᠡᠨ ᠬᠥᠮᠦᠨ ᠤᠳᠠᠭ᠎ᠠ ᠠᠪᠤᠷᠠᠨ ᠲᠤᠰᠠᠯᠠᠪᠠ᠃ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ 318 ᠢᠵᠢ ᠪᠠᠶᠢᠭᠤᠯᠪᠠ᠃    ᠨᠡᠶᠢᠭᠡᠮ ᠤᠨ ᠵᠠᠰᠠᠯᠲᠠ ᠲᠠᠰᠤᠷᠠᠯᠲᠠ ᠦᠭᠡᠢ ᠰᠢᠨ᠎ᠡ ᠶᠢ ᠡᠭᠦᠳᠪᠡ᠃ ᠠᠮᠤᠷ ᠲᠦᠪᠰᠢᠨ ᠢ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠦᠷᠭᠦᠯᠵᠢᠯᠡᠨ ᠲᠣᠭᠲᠠᠭᠤᠨ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 16 ᠨᠢᠭᠡᠴᠡ ᠨᠠᠮ ᠵᠠᠰᠠᠭ ᠤᠨ ᠬᠠᠮᠲᠤᠷᠠᠭᠰᠠᠨ ᠰᠤᠷᠪᠤᠯᠵᠢᠯᠠᠭ᠎ᠠ ᠶᠢ ᠬᠦᠯᠢᠶᠡᠨ ᠠᠪᠬᠤ ᠲᠥᠪ ᠲᠤ ᠰᠠᠭᠤᠷᠢᠰᠢᠵᠤ᠂ ᠤᠯᠠᠨ ᠲᠦᠮᠡᠨ ᠤ ᠵᠦᠢ ᠵᠣᠬᠢᠰᠲᠠᠶ ᠭᠤᠮᠣᠳᠠᠯ ᠱᠠᠭᠠᠷᠳᠠᠯᠭ᠎ᠠ ᠶᠢ ᠴᠠᠭ ᠲᠤᠬᠠᠶ ᠳᠤᠨᠢ ᠰᠢᠢᠳᠪᠤᠷᠢᠯᠡᠨ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ 468 ᠬᠤᠪᠢ ᠰᠢᠢᠳᠪᠤᠷᠢᠯᠡᠪᠡ᠃  ᠬᠠᠤᠯᠢ ᠶᠣᠰᠣᠭᠠᠷ ᠰᠢᠶᠠᠨ ᠢᠶᠠᠨ ᠵᠠᠰᠠᠬᠤ ᠠᠬᠢᠴᠠ ᠶᠢ ᠲᠦᠯᠬᠢᠨ ᠠᠬᠢᠭᠤᠯᠵᠤ᠂ ᠪᠦᠬᠦ ᠨᠡᠶᠢᠭᠡᠮ ᠤᠨ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠷᠠᠪᠠ᠃ ᠠᠶᠤᠯᠭᠦᠶ ᠦᠢᠯᠡᠳᠪᠦᠷᠢᠯᠡᠯ ᠤᠨ ᠲᠠᠯ᠎ᠠ ᠪᠠᠷ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠬᠦᠨᠳᠦ ᠶᠡᠭᠡ ᠣᠨᠴᠠ ᠶᠡᠭᠡ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠭᠠᠷᠤᠭᠰᠠᠨ ᠤᠢᠭᠡᠢ᠃ ᠢᠳᠡᠭᠡᠨ ᠪᠠ ᠡᠮ ᠤᠨ ᠵᠦᠢᠯ ᠤᠨ ᠲᠤᠰᠬᠠᠶ ᠵᠠᠰᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠢᠳᠡᠭᠡᠨ ᠤ ᠵᠦᠢᠯ ᠡᠮ ᠤᠨ ᠵᠦᠢᠯ ᠤᠨ ᠶᠠᠰᠤ ᠴᠢᠨᠠᠷ ᠤᠨ ᠠᠶᠤᠯᠭᠦᠶ ᠶᠢ ᠪᠦᠲᠦᠮᠵᠢᠲᠡᠶ ᠪᠠᠲᠤᠯᠠᠪᠠ᠃ ᠦᠨᠳᠦᠰᠦᠲᠡᠨ ᠱᠠᠰᠢᠨ ᠰᠤᠷᠲᠠᠬᠤᠨ ᠤ ᠭᠤᠷᠪᠠᠨ ᠱᠠᠲᠤᠨ ᠤ ᠠᠵᠢᠯ ᠤᠨ ᠲᠣᠣᠷ ᠰᠦᠯᠵᠢᠶ᠎ᠡ ᠶᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠪᠠᠬᠢᠵᠢᠭᠦᠯᠪᠡ᠃ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ ᠪᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠬᠢ ᠪᠠᠶᠠᠯᠢᠭ ᠣᠷᠴᠢᠨ ᠠᠬᠤᠶ ᠶᠢ ᠪᠦᠲᠦᠮᠵᠢᠲᠡᠶ ᠪᠠᠷ ᠬᠠᠮᠠᠭᠠᠯᠠᠵᠠᠶ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠠᠷᠠᠳ ᠤᠨ ᠵᠡᠪᠰᠡᠭᠲᠦ ᠬᠦᠴᠦ᠂ ᠠᠷᠠᠳ ᠤᠨ ᠠᠭᠠᠷ ᠤᠨ ᠰᠡᠷᠭᠡᠶᠢᠯᠡᠯᠲᠡ᠂ ᠠᠵᠢᠯᠳᠠᠨ ᠤ ᠶᠠᠪᠤᠳᠠᠯ ᠤᠨ ᠴᠢᠳᠠᠪᠤᠷᠢᠲᠠᠨ᠂  ᠲᠤᠭ᠎ᠠ ᠪᠦᠷᠢᠳᠬᠡᠯ᠂ ᠳᠠᠩᠰᠠ ᠡᠪᠬᠡᠮᠡᠯ᠂ ᠰᠢᠶᠠᠨ ᠤ ᠣᠶᠢᠯᠠᠯᠭ᠎ᠠ ᠶᠢ ᠦᠷᠭᠦᠯᠵᠢᠯᠡᠨ ᠵᠠᠰᠠᠬᠤ᠂ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠴᠥᠮ ᠰᠢᠨ᠎ᠡ ᠠᠮᠵᠢᠯᠲᠠ ᠣᠯᠵᠠᠶ᠃   — ᠲᠠᠪᠤᠨ ᠵᠢᠯ ᠤᠨ ᠲᠤᠷᠰᠢ᠂ ᠪᠢᠲᠡ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠᠷ ᠭᠤᠣᠯᠳᠠᠯᠭ᠎ᠠ ᠪᠣᠯᠭᠠᠬᠤ  ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠂ ᠲᠤᠰ ᠪᠡᠶ᠎ᠡ ᠶᠢᠨ ᠪᠠᠶᠢᠭᠤᠯᠤᠯᠲᠠ ᠰᠢᠨ᠎ᠡ ᠳᠠᠪᠰᠢᠯᠲᠠ ᠲᠠᠢ ᠪᠣᠯᠪᠠ᠃    ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠠᠬᠢᠴᠠ ᠲᠦᠷᠭᠡᠳᠪᠡ᠃  ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠴᠢᠯᠥᠭᠡᠲᠡᠶ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠶᠡᠬᠡᠪᠡᠷ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ᠂ ᠵᠠᠭᠤᠴᠢ ᠦᠢᠯᠡᠴᠢᠯᠡᠭᠡᠨ ᠤ ᠤᠴᠢᠷ ᠶᠠᠪᠤᠳᠠᠯ ᠤᠨ ᠲᠣᠳᠣᠷᠬᠠᠶ ᠬᠠᠭᠤᠳᠠᠰᠤ ᠪᠠ ᠲᠠᠰᠢᠷᠠᠮ ᠤᠨ ᠪᠠᠶᠢᠴᠠᠭᠠᠯᠲᠠ ᠵᠦᠢᠯ ᠤᠨ ᠲᠣᠳᠣᠷᠬᠠᠶ ᠬᠠᠭᠤᠳᠠᠰᠤ ᠶᠢ ᠲᠤᠬᠳᠠᠭᠠᠨ ᠨᠡᠶᠢᠲᠡᠯᠡᠪᠡ᠃ ᠠᠷᠠᠳ ᠲᠤ ᠳᠦᠭᠦᠮ ᠦᠵᠡᠭᠦᠯᠬᠦ ᠠᠵᠤ ᠠᠬᠤᠶᠢᠯᠠᠯ ᠳᠤ ᠲᠥᠬᠦᠮ ᠦᠵᠡᠭᠦᠯᠬᠦ ᠭᠤᠷᠪᠠᠨ ᠱᠠᠲᠤᠨ ᠤ ᠦᠢᠯᠡᠴᠢᠯᠡᠭᠡᠨ   ᠤ ᠲᠣᠣᠷ ᠰᠦᠯᠵᠢᠶᠡᠨ ᠤ ᠪᠥᠳᠥᠭᠡᠨ ᠪᠠᠶᠢᠭᠤᠯᠤᠯᠲᠠ ᠶᠢ ᠶᠡᠬᠡᠪᠡᠷ ᠲᠡᠭᠦᠯᠳᠡᠷᠵᠢᠭᠦᠯᠪᠡ᠂ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠪᠠᠯᠭᠠᠰᠤ ᠰᠢᠶᠠᠩ ᠵᠡᠭᠡᠯᠢ ᠶᠢᠨ ᠣᠯᠠᠨ ᠲᠦᠮᠡᠨ ᠳᠤ ᠳᠥᠭᠦᠮ ᠦᠵᠡᠭᠦᠯᠬᠦ ᠦᠢᠯᠡᠴᠢᠯᠡᠭᠡᠨ ᠤ ᠲᠢᠩᠬᠢᠮ 16᠂ ᠲᠤᠰᠬᠤᠨ ᠤ ᠱᠠᠲᠤᠨ ᠤ ᠣᠯᠠᠨ ᠲᠦᠮᠡᠨ ᠳᠤ ᠳᠥᠭᠦᠮ ᠦᠵᠡᠭᠦᠯᠬᠦ ᠦᠢᠯᠡᠴᠢᠯᠡᠬᠦ ᠴᠡᠭ ᠢ 324 ᠪᠠᠶᠢᠭᠤᠯᠪᠠ᠃ ︽ᠬᠢᠵᠠᠭᠠᠷ ᠲᠠᠢ ᠴᠠᠭ ᠲᠤᠳᠤᠷ᠎ᠠ  ᠭᠦᠢᠴᠡᠳᠬᠡᠵᠦ ᠳᠠᠭᠤᠰᠬᠤ ᠲᠥᠷᠢᠮ︾ ᠢ ᠪᠦᠬᠦ ᠬᠦᠴᠦᠨ ᠢᠶᠠᠷ ᠢᠶᠠᠨ ᠶᠠᠪᠤᠭᠤᠯᠵᠤ᠂ ᠲᠠᠬᠢᠨ ᠪᠦᠲᠦᠭᠡᠬᠦ ᠬᠢᠨᠠᠨ ᠵᠥᠪᠰᠢᠶᠡᠷᠡᠬᠦ ᠴᠤᠪᠤᠷᠠᠯ ᠤᠨ 561 ᠵᠤᠷᠪᠤᠰ ᠰᠢᠯᠢᠳᠡᠭᠵᠢᠭᠦᠯᠵᠦ᠂ ᠭᠦᠢᠴᠡᠳᠬᠡᠬᠦ ᠴᠠᠭ ᠢ 40% ᠪᠣᠭᠤᠨᠢᠰᠬᠠᠪᠠ᠃ ᠵᠠᠰᠠᠭ ᠤᠨ ᠣᠷᠳᠣᠨ ᠤ ᠬᠠᠷᠠᠯᠲᠠᠲᠤ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠢᠨᠠᠨ ᠪᠠᠶᠢᠴᠠᠭᠠᠵᠤ ᠰᠢᠯᠭᠠᠬᠤ ᠶᠢ ᠡᠷᠴᠢᠮᠵᠢᠭᠦᠯᠦᠨ᠂ ᠴᠠᠭ ᠲᠤᠬᠠᠶ ᠳᠤᠨᠢ ᠮᠥᠷᠳᠡᠨ ᠦᠷ᠎ᠡ ᠠᠰᠢᠭ ᠢ ᠠᠰᠠᠭᠤᠨ᠂ ᠠᠵᠢᠯ ᠤᠨ ᠦᠷ᠎ᠡ ᠪᠦᠲᠦᠮᠵᠢ ᠶᠢ ᠢᠯᠡᠳᠲᠡ  ᠳᠡᠭᠡᠭᠰᠢᠯᠡᠪᠡ᠃   ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠭᠦᠨᠵᠡᠭᠡᠢ ᠠᠬᠢᠭᠤᠯᠪᠠ᠃ ᠠᠷᠠᠳᠴᠢᠯᠠᠯ ᠲᠥᠪᠯᠡᠷᠡᠯ ᠤᠨ ᠶᠣᠰᠣ ᠶᠢ ᠡᠷᠡᠰ ᠲᠤᠤᠱᠯᠠᠭᠤᠯᠵᠤ᠂ ︽ᠭᠤᠷᠪᠠᠨ ᠴᠢᠬᠤᠯᠠ ᠨᠢᠭᠡ ᠶᠡᠭᠡ︾ ᠬᠠᠮᠲᠤ ᠪᠠᠷ ᠰᠢᠶ᠋ᠳᠪᠦᠷᠢᠲᠦ ᠪᠤᠳᠤᠯᠭ᠎ᠠ ᠲᠣᠭᠲᠠᠭᠠᠬᠤ ᠲᠥᠷᠢᠮ ᠢ ᠪᠠᠷᠢᠮᠲᠠᠯᠠᠨ᠂ ᠤᠯᠠᠨ ᠨᠡᠶᠢᠲᠡ ᠶᠢᠨ ᠣᠷᠣᠯᠴᠠᠬᠤ᠂ ᠲᠤᠰᠬᠠᠶ ᠮᠡᠷᠭᠡᠵᠢᠯᠲᠡᠳ ᠤᠨ ᠨᠤᠲᠠᠯᠠᠯᠲᠠ᠂ ᠲᠦᠭᠰᠢᠭᠦᠷᠢ ᠶᠢᠨ ᠦᠨᠡᠯᠡᠯᠲᠡ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠵᠡᠷᠭᠡ ᠳᠡᠰ ᠳᠠᠷᠠᠭᠠᠯᠠᠯ ᠢ ᠴᠢᠩᠭᠠᠳᠬᠠᠨ᠂ ᠬᠠᠤᠯᠢ ᠶᠣᠰᠣᠭᠠᠷ ᠰᠢᠶ᠋ᠳᠪᠦᠷᠢᠲᠦ ᠪᠤᠳᠤᠯᠭ᠎ᠠ ᠲᠣᠭᠲᠠᠭᠠᠬᠤ ᠬᠢᠷᠢ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠪᠡ᠃ ᠰᠢᠶᠠᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠶᠢ ᠡᠷᠡᠰ ᠲᠠᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠲᠡᠭᠦᠨ ᠤ ᠪᠠᠶᠢᠩᠭᠤ ᠶᠢᠨ ᠬᠤᠷᠢᠶᠠᠨ ᠤ ᠰᠢᠶ᠋ᠳᠪᠦᠷᠢ ᠲᠤᠬᠳᠠᠭᠠᠯ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ  ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ 727 ᠵᠤᠶᠢᠯ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ 580 ᠵᠤᠶᠢᠯ ᠬᠦᠢᠴᠡᠳᠭᠡᠪᠡ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠶᠢ ᠴᠢᠩᠭᠠᠳᠬᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠶ ᠪᠠᠷ ᠬᠠᠷᠢᠭᠤᠯᠲᠠ ᠦᠭᠬᠦᠨ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠤᠯᠠᠮ ᠨᠢᠭᠡ ᠠᠯᠬᠤᠮ ᠴᠢᠩᠭᠠᠷᠠᠪᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾ ᠲᠥᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ᠂ ᠬᠢᠨᠠᠨ ᠪᠤᠳᠤᠬᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ︽ᠳᠥᠷᠪᠡᠨ ᠰᠤᠷᠲᠠᠯ︾ ᠪᠠ ᠢᠯᠵᠠᠷᠠᠯ ᠤᠨ ᠠᠰᠠᠭᠤᠳᠠᠯ ᠢ ᠪᠠᠶᠢᠴᠠᠭᠠᠨ ᠰᠢᠢᠳᠪᠤᠷᠢᠯᠡᠪᠡ᠃ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠣᠳᠠᠲᠠᠶ︾ ᠶᠢᠨ ᠲᠤᠰᠬᠠᠶ ᠰᠡᠳᠦᠪᠲᠦ ᠬᠥᠮᠦᠵᠢᠯ ᠪᠣᠯᠤᠨ ︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠦᠵᠢᠯ ᠢ ᠯᠠᠪᠳᠠᠭᠤᠨ ᠢᠶᠠᠷ ᠥᠷᠨᠢᠭᠦᠯᠪᠡ᠂ ︽ᠦᠯᠦ ᠦᠢᠯᠡᠳᠬᠦᠶ᠂ ᠤᠳᠠᠭᠠᠨ ᠦᠢᠯᠡᠳᠬᠦᠶ᠂ ᠳᠤᠷ᠎ᠠ ᠪᠠᠷ ᠦᠢᠯᠡᠳᠬᠦᠶ︾ ᠪᠠ ︽ᠭᠤᠷᠪᠠ ᠶᠢ ᠠᠳᠠᠯᠢᠳᠬᠠᠬᠤ ᠨᠢᠭᠡ ᠶᠢ ᠴᠡᠭᠴᠡᠯᠡᠬᠦ︾  ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠠᠶᠢᠭᠤᠯᠭ᠎ᠠ ᠶᠢᠨ ᠺᠠᠳ᠋ᠷ ᠤᠨ ᠰᠤᠷᠲᠠᠯ ᠢᠯᠡᠳᠲᠡ ᠰᠠᠶᠢᠵᠢᠷᠠᠪᠠ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠪᠣᠯᠤᠨ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠨᠠᠮ ᠤᠨ ᠬᠤᠷᠢᠶ᠎ᠠ ᠶᠢᠨ ᠢᠵᠢ ᠪᠦᠷᠢᠳᠦᠭᠦᠯᠦᠭᠰᠡᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠯᠪᠠᠨ ᠶᠠᠪᠤᠳᠠᠯ ᠳᠤ ᠲᠡᠷᠭᠡ ᠬᠡᠷᠡᠭᠯᠡᠬᠦ᠂ ᠬᠦᠯᠢᠶᠡᠠ ᠠᠪᠬᠤ᠂ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠵᠡᠷᠭᠡ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ 32.8% ᠪᠠᠷ ᠪᠠᠭᠤᠷᠠᠵᠤ᠂ ᠡᠳ᠋ ᠤᠨ ᠵᠠᠰᠠᠭ ᠤᠨ ᠬᠢᠨᠠᠨ ᠰᠢᠯᠭᠠᠬᠤ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠪᠡᠯᠡ ᠮᠥᠩᠭᠦ ᠶᠢ 13.9 ᠳ᠋ᠦᠩᠰᠢᠭᠤᠷ ᠲᠥᠭᠦᠷᠢᠭ ᠠᠷᠪᠢᠯᠠᠪᠠ᠃    ᠲᠥᠯᠥᠭᠡᠯᠡᠭᠴᠢᠳ ᠡ᠄ ᠥᠩᠭᠡᠷᠡᠭᠰᠡᠨ ᠲᠠᠪᠤᠨ ᠵᠢᠯ ᠨᠢ᠂ ᠥᠷᠢᠰᠥᠯᠳᠦᠭᠡᠨ ᠢᠶᠠᠷ ᠳᠦᠭᠦᠷᠦᠭᠰᠡᠨ ᠲᠠᠪᠤᠨ ᠵᠢᠯ᠂ ᠣᠯᠤᠭᠰᠠᠨ ᠠᠮᠵᠢᠯᠲᠠ ᠨᠢ ᠬᠢᠯᠪᠡᠷ ᠪᠣᠰᠦ᠃ ᠡᠲᠡᠬᠡᠷ ᠦᠷ᠎ᠡ ᠪᠦᠲᠦᠮᠵᠢ ᠶᠢ ᠣᠯᠤᠭᠰᠠᠨ ᠨᠢ ᠰᠢᠶᠠᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ ᠰᠢᠶ᠋ᠳᠪᠦᠷᠢᠲᠦ ᠪᠤᠳᠤᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂  ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠬᠦᠴᠦᠲᠡᠶ ᠬᠢᠨᠠᠯᠲᠠ᠂ ᠬᠦᠴᠦᠲᠡᠶ ᠳᠡᠮᠵᠢᠯᠭᠡ ᠶᠢᠨ ᠦᠷ᠎ᠡ ᠳ᠋ᠦᠩ ᠮᠥᠨ᠂ ᠦᠩᠭᠡᠷᠡᠭᠰᠡᠨ ᠬᠤᠭᠤᠴᠠᠭᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠥᠬᠦᠷᠡᠰᠢ ᠦᠭᠡᠢ ᠴᠢᠷᠮᠠᠶᠢᠵᠤ᠂ ᠤᠷᠲᠤ ᠬᠤᠭᠤᠴᠠᠭ᠎ᠠ ᠪᠠᠷ ᠬᠤᠷᠠᠮᠳᠣᠭᠤᠯᠤᠬᠰᠠᠨ ᠤ ᠦᠷ᠎ᠡ ᠳ᠋ᠦᠩ ᠮᠥᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠷᠭ᠎ᠠ ᠤᠬᠠᠭᠠᠨ ᠭᠠᠷᠭᠠᠨ᠂ ᠬᠦᠴᠦ ᠪᠠᠨ ᠨᠢᠭᠡᠳᠬᠡᠨ ᠬᠠᠮᠲᠤᠷᠠᠨ ᠠᠵᠢᠯᠯᠯᠠᠬᠰᠡᠨ ᠤ ᠦᠷ᠎ᠡ ᠳ᠋ᠦᠩ ᠮᠥᠨ᠂ ᠨᠡᠩ ᠴᠤ ᠪᠦᠬᠦ ᠰᠢᠶᠠᠨ ᠤ ᠠᠷᠠᠳ ᠲᠦᠮᠡᠨ ᠤ ᠴᠢᠷᠮᠡᠶᠢᠨ ᠲᠡᠮᠡᠴᠡᠨ᠂ ᠰᠢᠷᠭᠠᠭᠤ ᠠᠵᠢᠯᠯᠯᠠᠬᠰᠡᠨ ᠤ ᠦᠷ᠎ᠡ ᠳ᠋ᠦᠩ ᠮᠥᠨ᠃ ᠡ᠊ᠨᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠨᠢᠩᠴᠧᠩ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠭᠡ ᠰᠢᠷᠭᠠᠭᠤ ᠬᠦᠳᠡᠯᠮᠤᠷᠢᠯᠡᠨ᠂ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠦᠬᠦ ᠰᠢᠶᠠᠨ ᠤ ᠨᠤᠲᠤᠭ ᠤᠨ ᠬᠢᠨ᠂ ᠵᠠᠰᠠᠭ ᠤᠨ ᠣᠷᠳᠣᠨ ᠤ ᠠᠵᠢᠯ ᠢ ᠶᠡᠬᠡᠪᠡᠷ ᠳᠡᠮᠵᠢᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠠ ᠤᠯᠤᠰ ᠲᠦ᠋ᠷᠦ ᠶᠢᠨ ᠵᠥᠪᠯᠡᠯᠭᠡᠨ ᠤ ᠭᠡᠰᠢᠭᠦᠳ᠂ ᠨᠢᠩᠴᠧᠩ ᠤᠨ ᠴᠡᠴᠡᠭᠯᠡᠨ ᠭᠦᠭᠵᠢᠯᠲᠡ ᠶᠢ ᠬᠠᠷᠠᠭᠠᠯᠵᠠᠨ  ᠬᠠᠪᠰᠤᠷᠤᠭᠰᠠᠨ ᠨᠡᠶᠢᠭᠡᠮ ᠤᠨ ᠡᠯ᠎ᠡ ᠡᠲᠡᠭᠡᠳ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕    ᠲᠥᠯᠥᠭᠡᠯᠡᠭᠴᠢᠳ ᠡ᠄ ᠥᠩᠭᠡᠷᠡᠭᠰᠡᠨ ᠲᠠᠪᠤᠨ ᠵᠢᠯ ᠨᠢ᠂ ᠠᠮᠵᠢᠯᠲᠠ ᠣᠯᠤᠯᠲᠠ ᠳᠦᠭᠦᠷᠡᠩ ᠲᠠᠪᠤᠨ ᠵᠢᠯ᠂ ᠬᠤᠷᠠᠮᠲᠣᠭᠤᠯᠬᠰᠠᠨ ᠲᠤᠷᠰᠢᠯᠭ᠎ᠠ ᠪᠣᠯ ᠡᠷᠬᠢᠮ ᠨᠠᠨᠳᠢᠨ ᠶᠤᠮ᠃ ᠡᠭᠦᠨ ᠳᠤ ᠭᠤᠣᠯᠳᠠᠭᠤ᠄ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢ ᠡᠷᠢᠯᠬᠢᠯᠡᠬᠦ ᠶᠢ ᠢᠮᠠᠭᠲᠠ ᠪᠠᠷᠢᠮᠲᠠᠯᠠᠵᠤ᠂ ᠪᠦᠲᠦᠭᠡᠯᠴᠢ ᠴᠢᠨᠠᠷᠲᠠᠶ ᠪᠠᠷ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠰᠢᠶᠠᠨ ᠤ ᠨᠠᠮ ᠤᠨ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠩᠴᠧᠩ ᠤᠨ ᠪᠣᠳᠠᠲᠤ ᠪᠠᠶᠢᠳᠠᠯ ᠲᠠᠢ ᠨᠡᠶᠢᠴᠡᠭᠰᠡᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠵᠠᠮ ᠢ ᠬᠠᠶᠢᠨ ᠰᠦᠪᠡᠭᠴᠢᠯᠡᠵᠦ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ ᠣᠶᠤᠨ ᠴᠢᠳᠠᠯ ᠢ ᠨᠢᠭᠲᠠᠷᠠᠭᠤᠯᠵᠤ ᠠᠵᠢᠯ ᠦᠢᠯᠡᠰ ᠢᠶᠠᠨ ᠰᠠᠶᠢᠲᠤᠷ ᠬᠢᠬᠦ ᠶᠢ ᠢᠮᠠᠭᠲᠠ ᠪᠠᠷᠢᠮᠲᠠᠯᠠᠵᠤ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠵᠠᠰᠠᠭ ᠤᠨ ᠠᠵᠢᠯ ᠢ ᠠᠷᠠᠳ ᠠᠴᠠ ᠠᠰᠠᠭᠤᠬᠤ᠂ ᠠᠷᠠᠳ ᠠᠴᠠ ᠠᠷᠭ᠎ᠠ ᠤᠬᠠᠭᠠᠨ ᠰᠦᠪᠡᠭᠴᠢᠯᠡᠬᠦ᠂ ᠪᠦᠭᠦ ᠰᠢᠶᠠᠨ ᠤ ᠡᠯ᠎ᠡ ᠦᠨᠳᠦᠰᠦᠲᠡᠨ ᠤ ᠠᠷᠠᠳ ᠲᠦᠮᠡᠨ ᠲᠠᠢ ᠪᠦᠯᠬᠦᠮᠳᠡᠬᠦ ᠮᠥᠷᠲᠡᠭᠡᠨ ᠲᠡᠳᠡᠨᠡᠷ ᠢ ᠲᠦᠰᠢᠭᠯᠡᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠪᠠ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ ᠰᠠᠭᠤᠷᠢ ᠶᠢᠨ ᠰᠡᠯᠭᠦᠬᠦ ᠬᠦᠴᠦᠨ ᠢ ᠪᠠᠲᠤᠳᠬᠠᠬᠤ ᠶᠢ ᠢᠮᠠᠭᠲᠠ ᠪᠠᠷᠢᠮᠲᠠᠯᠠᠵᠤ᠂ ᠡᠬᠢ ᠪᠠᠶᠠᠯᠢᠭ ᠰᠢᠯᠢᠳᠡᠭ ᠪᠢᠰᠢ᠂ ᠰᠠᠭᠤᠷᠢ ᠪᠠᠭᠤᠷᠠᠶ ᠪᠠᠶᠢᠭ᠎ᠠ ᠰᠢᠶᠠᠨ ᠤ ᠪᠠᠶᠢᠳᠠᠯ ᠳᠤ ᠬᠠᠨᠳᠤᠭᠤᠯᠤᠨ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠵᠣᠷᠢᠭ ᠰᠠᠨᠠᠭ᠎ᠠ᠂ ᠡᠷᠡᠰ ᠴᠢᠩᠭ᠎ᠠ  ᠬᠠᠷᠢᠭᠤᠴᠠᠯᠭ᠎ᠠ ᠪᠠᠷ ᠲᠦᠷᠦᠯ ᠵᠦᠢᠯ ᠪᠠᠶᠢᠭᠤᠯᠤᠨ᠂ ᠳᠤᠲᠠᠭᠤᠳᠠᠯ ᠢ ᠨᠦᠭᠦᠪᠤᠷᠢᠯᠡᠨ᠂ ᠬᠥᠭᠵᠢᠯᠲᠡ ᠶᠢᠨ ᠪᠣᠭᠤᠮᠢ ᠶᠢ  ᠰᠢᠪᠳᠤᠯᠤᠨ ᠬᠥᠭᠵᠢᠯᠲᠡ ᠶᠢᠨ ᠰᠡᠯᠭᠦᠬᠦ ᠬᠦᠴᠦᠨ ᠢ ᠨᠡᠮᠡᠭᠳᠡᠭᠦᠯᠪᠡ ᠃ ᠬᠥᠮᠦᠨ ᠢᠶᠠᠷ ᠦᠨᠳᠦᠰᠦ ᠪᠤᠯᠠᠭᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠤ ᠵᠣᠯ ᠵᠢᠷᠭᠠᠯ ᠢ ᠨᠡᠮᠡᠭᠳᠡᠭᠦᠯᠬᠦ ᠶᠠᠪᠤᠳᠠᠯ ᠢ ᠠᠯᠢᠪᠠ ᠠᠵᠢᠯ ᠤᠨ ᠡᠭᠦᠰᠦᠯᠲᠡ ᠪᠠ ᠲᠡᠭᠦᠰᠦᠯᠲᠡ ᠪᠣᠯᠭᠠᠵᠤ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠵᠤ ᠰᠠᠶᠢᠵᠢᠷᠠᠭᠤᠯᠤᠨ᠂ ᠤᠯᠠᠨ ᠲᠦᠮᠡᠨ ᠲᠠᠢ ᠨᠢᠭᠲᠠ ᠬᠤᠯᠪᠣᠭ᠎ᠠ ᠲᠠᠢ ᠨᠢᠭᠡ ᠪᠦᠯᠦᠭ ᠪᠣᠳᠠᠲᠠᠶ ᠠᠰᠠᠭᠤᠳᠠᠯ ᠪᠠ ᠬᠦᠴᠢᠷᠳᠡᠯ ᠢ ᠰᠢᠢᠳᠪᠤᠷᠢᠯᠡᠪᠡ᠃      ᠥᠩᠭᠡᠷᠡᠭᠰᠡᠨ ᠲᠠᠪᠤᠨ ᠵᠢᠯ ᠢ ᠡᠷᠬᠢᠴᠡᠭᠦᠯᠪᠡᠯ᠂ ᠬᠡᠳᠦ᠋ᠢᠪᠡᠷ ᠵᠣᠬᠢᠬᠤ ᠬᠡᠮᠵᠢᠶᠡᠨ ᠤ ᠠᠮᠵᠢᠯᠲᠠ ᠤᠯᠤᠬᠰᠠᠨ ᠪᠣᠯᠪᠠᠴᠤ ᠪᠢᠳᠠ ᠡᠷᠬᠡᠪᠰᠢ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠪᠠᠨ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠂ ᠡᠭᠦᠨ ᠳᠤ ᠭᠤᠣᠯᠳᠠᠭᠤ᠄ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠬᠥᠮᠦᠨ ᠪᠦᠷᠢ ᠳᠤ ᠲᠡᠭᠰᠢᠳᠬᠡᠭᠰᠡᠨ ᠬᠢᠷᠢ ᠬᠡᠮᠵᠢᠶ᠎ᠡ ᠳᠣᠣᠷ᠎ᠠ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠳᠠᠷᠤᠯᠲᠠ ᠶᠡᠭᠡ ᠪᠠᠶᠢᠬᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠥᠨᠳᠥᠷ ᠪᠢᠰᠢ᠂ ᠰᠢᠨ᠎ᠡ ᠶᠢ ᠡᠭᠦᠳᠬᠦ ᠴᠢᠳᠠᠪᠤᠷᠢ ᠭᠦᠢᠴᠡᠳ ᠪᠤᠰᠤ᠂ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠢ ᠪᠠᠶᠢᠬᠤ᠂ ᠬᠤᠳᠡ ᠪᠠᠯᠭᠠᠰᠤᠨ ᠤ ᠴᠢᠳᠠᠮᠵᠢ ᠲᠡᠭᠦᠯᠳᠡᠷ ᠪᠣᠰᠦ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠮᠦᠨ ᠪᠠᠭᠤᠷᠠᠶ ᠪᠠᠶᠢᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠪᠡᠷᠬᠡ ᠬᠠᠲᠠᠭᠤᠵᠢᠯᠲᠠᠶ ᠪᠠᠶᠢᠬᠤ᠂ ᠶᠠᠳᠠᠭᠤ ᠠᠴᠠ ᠠᠩᠬᠢᠵᠢᠷᠠᠭᠤᠯᠤᠨ ᠪᠣᠭᠤᠮᠲᠠ ᠰᠢᠪᠲᠤᠯᠬᠤ ᠡᠭᠦᠷᠭᠡ ᠬᠠᠲᠠᠭᠤ ᠪᠡᠷᠬᠡ ᠪᠠᠶᠢᠬᠤ᠂ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠪᠠᠭᠤᠷᠠᠶ ᠭᠤᠭᠴᠤᠭ᠎ᠠ ᠪᠠᠶᠢᠬᠤ᠂ ᠤᠯᠠᠨ ᠲᠦᠮᠡᠨ ᠤ ᠠᠵᠢᠯ ᠤᠯᠬᠤ᠂ ᠰᠤᠷᠭᠠᠨ ᠬᠥᠮᠥᠵᠢᠯ᠂ ᠡᠮ ᠡᠮᠨᠡᠯᠭᠡ᠂ ᠤᠷᠤᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ ᠪᠠᠰᠠ ᠴᠥᠭᠡᠨ ᠪᠤᠰᠤ ᠬᠦᠴᠢᠷ ᠰᠡᠳᠦᠪ ᠪᠠᠶᠢᠨ᠎ᠠ᠂ ᠣᠨᠴᠠ ᠵᠠᠷᠢᠮ ᠰᠠᠯᠠᠭ᠎ᠠ ᠮᠥᠴᠢᠷ ᠤᠨ ᠰᠢᠨ᠎ᠡ ᠶᠢ ᠡᠭᠦᠳᠬᠦ ᠦᠵᠡᠯ ᠤᠬᠠᠮᠰᠠᠷ᠂ ᠬᠠᠷᠢᠭᠤᠴᠠᠯᠭᠠᠲᠤ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠴᠢᠩᠭ᠎ᠠ ᠪᠢᠰᠢ᠂ ᠠᠵᠢᠯ ᠶᠠᠪᠤᠳᠠᠯ ᠬᠢᠵᠦ ᠠᠳᠠᠯ ᠦᠢᠯᠡᠰ ᠴᠣᠭᠴᠠᠯᠠᠬᠤ ᠠᠭᠤᠷ ᠠᠮᠢᠰᠬᠤᠯ ᠥᠳᠬᠡᠨ ᠪᠣᠰᠦ᠂ ᠵᠡᠷᠢᠮ ᠺᠠᠳ᠋ᠷᠴᠤᠳ ᠤᠨ ᠠᠵᠢᠯᠯᠠᠬᠤ ᠠᠷᠭ᠎ᠠ ᠪᠣᠯᠤᠨ ᠠᠵᠢᠯᠯᠠᠬᠤ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠬᠤ ᠴᠢᠬᠤᠯᠠᠳᠠᠢ᠃ ᠡᠳᠡᠭᠡᠷ ᠠᠰᠠᠭᠤᠳᠠᠯ ᠢ ᠬᠤᠶᠢᠰᠢᠳᠠ ᠶᠢᠨ ᠠᠵᠢᠯ ᠤᠨ ᠳᠤᠮᠳᠠ ᠪᠠᠨ ᠡᠷᠬᠡᠪᠰᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠦᠨᠡᠨ ᠬᠦ ᠰᠢᠢᠳᠪᠤᠷᠢᠯᠡᠬᠦ ᠪᠤᠯᠤᠨ᠎ᠡ᠃    ᠬᠤᠶᠢᠰᠢᠳᠠ ᠶᠢᠨ ᠲᠠᠪᠤᠨ ᠵᠢᠯ ᠤᠨ ᠭᠤᠣᠯ ᠡᠭᠦᠷᠭᠡ    ᠬᠤᠶᠢᠰᠢᠳᠠ ᠶᠢᠨ ᠲᠠᠪᠤᠨ ᠵᠢᠯ ᠪᠣᠯ᠂ ᠮᠠᠨ ᠤ ᠰᠢᠶᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠶ᠋ᠳᠪᠦᠷᠢᠲᠦ ᠢᠯᠠᠯᠲᠠ ᠶᠢ ᠤᠯᠬᠤ ᠴᠠᠭ ᠦᠶ᠎ᠡ᠂ ᠪᠠᠰᠠ ᠴᠤ ᠤᠳᠤᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠮᠥᠨ᠃ ᠵᠠᠰᠠᠭ ᠤᠨ ᠣᠷᠳᠣᠨ ᠤ ᠬᠤᠶᠢᠰᠢᠳᠠ ᠶᠢᠨ ᠲᠠᠪᠤᠨ ᠵᠢᠯ ᠤᠨ ᠠᠵᠢᠯ ᠢ ᠰᠠᠶᠢᠲᠤᠷ ᠬᠢᠬᠦ ᠳᠤ᠂ ᠵᠠᠪᠠᠯ ᠰᠢᠶᠠᠨ ᠤ ᠪᠠᠶᠢᠳᠠᠯ ᠢᠶᠠᠨ ᠵᠥᠪ ᠢᠶᠠᠷ ᠲᠠᠨᠢᠵᠤ᠂ ᠣᠳᠣᠬᠠᠨ ᠤ ᠬᠥᠭᠵᠢᠯᠲᠡ ᠶᠢᠨ ᠪᠠᠶᠢᠳᠠᠯ ᠢ ᠡᠵᠡᠮᠳᠡᠨ᠎ᠡ᠃ ᠬᠤᠷᠸ᠎ᠠ ᠪᠠᠶᠢᠳᠠᠯ ᠠᠴᠠ ᠦᠵᠡᠪᠡᠯ᠂ ᠤᠯᠤᠰ ᠠᠴᠠ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠰᠢᠯᠢ ᠶᠢᠨ ᠭᠤᠣᠯ ᠣᠯᠠᠭᠠᠨᠬᠠᠲᠠ ᠲᠥᠩᠯᠢᠶᠤᠤ ᠶᠢᠨ ᠠᠵᠤ ᠠᠬᠤᠶ ᠶᠢᠨ ᠣᠷᠣᠨ ᠪᠠ ᠥᠪᠥᠷ ᠮᠣᠩᠭᠤᠯ ᠤᠨ ᠵᠡᠭᠦᠨ ᠬᠡᠰᠡᠭ ᠤᠨ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠵᠦ᠂ ᠵᠡᠭᠦᠨ ᠬᠡᠰᠡᠭ ᠤᠨ ᠠᠶᠢᠮᠠᠭ ᠬᠤᠲᠠ ᠶᠢᠨ ᠬᠥᠭᠵᠢᠯᠲᠡ ᠶᠢ ᠲᠦᠷᠭᠡᠳᠬᠡᠵᠦ᠂ ᠮᠠᠨ ᠤ ᠰᠢᠶᠠᠨ ᠤ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ᠂ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠶᠠᠪᠤᠳᠠᠯ ᠳᠤ ᠲᠦᠢᠯ ᠤᠨ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠪᠡ᠃ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠠᠴᠠ ᠦᠵᠡᠪᠡᠯ᠂ ᠮᠠᠨ ᠤ ᠰᠢᠶᠠᠨ ᠪᠣᠯ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠬᠦ ᠣᠷᠣᠨ᠂ ᠠᠩᠬᠠᠨ ᠤ ᠪᠦᠯᠦᠭ ᠡᠷᠬᠡ ᠪᠠᠨ ᠥᠷᠭᠡᠳᠬᠡᠵᠦ ᠰᠢᠶᠠᠨ ᠢᠶᠠᠨ ᠬᠦᠴᠦᠷᠬᠡᠭᠵᠢᠭᠦᠯᠬᠦ ᠲᠤᠷᠰᠢᠯᠲᠠ ᠶᠢᠨ ᠰᠢᠶᠠᠨ᠂  ᠡᠭᠦᠨ ᠤ ᠬᠠᠮᠲᠦ ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠤ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ᠂ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠭᠰᠠᠨ ᠬᠥᠭᠵᠢᠯᠲᠡ ᠵᠡᠷᠭᠡ ᠤᠯᠠᠨ ᠴᠢᠬᠤᠯᠠ ᠲᠦᠷᠦ ᠶᠢᠨ ᠪᠤᠳᠤᠯᠭ᠎ᠠ ᠶᠢ ᠡᠳ᠋ᠯᠡᠵᠦ᠂ ᠭᠠᠵᠠᠷ ᠰᠢᠷᠣᠶ᠂ ᠲᠥᠷᠥᠯ ᠵᠤᠶᠢᠯ᠂ ᠪᠡᠯᠡ ᠮᠥᠩᠭᠦ ᠵᠡᠷᠭᠡ ᠲᠠᠯ᠎ᠠ ᠪᠠᠷ ᠴᠥᠮ ᠨᠡᠩ ᠶᠡᠭᠡ ᠳᠡᠮᠵᠢᠯᠭᠡ ᠶᠢ ᠬᠦᠷᠲᠡᠬᠦ ᠪᠣᠯᠤᠨ᠎ᠡ᠃ ᠬᠥᠭᠵᠢᠯᠲᠡ ᠶᠢᠨ ᠳᠠᠯᠳᠠ ᠬᠦᠴᠦᠨ ᠠᠴᠠ ᠦᠵᠡᠪᠡᠯ᠂ ᠣᠯᠠᠨ ᠵᠢᠯ ᠤᠨ ᠬᠥᠭᠵᠢᠯᠲᠡ ᠪᠠᠷ ᠳᠡᠮᠵᠢᠨ᠂ ᠠᠵᠤ ᠦᠢᠯᠡᠰ ᠤᠨ ᠰᠠᠭᠤᠷᠢ ᠢᠯᠡᠳᠲᠡ ᠴᠢᠩᠭᠠᠷᠠᠵᠤ᠂ ᠰᠠᠭᠤᠷᠢ ᠲᠥᠬᠦᠭᠡᠷᠦᠮᠵᠢ ᠢᠯᠡᠷᠬᠡᠶ ᠰᠠᠶᠢᠵᠢᠷᠠᠵᠤ᠂ ᠢᠯᠠᠩᠭᠤᠶ᠎ᠠ ᠪᠦᠬᠦ ᠰᠢᠶᠠᠨ ᠤ ᠳᠡᠭᠡᠷ᠎ᠡ ᠳᠣᠣᠷ᠎ᠠ ᠪᠦᠯᠬᠦᠮᠳᠡᠨ ᠨᠢᠭᠲᠠᠷᠠᠵᠤ ᠡᠷᠡᠯᠬᠡᠭᠯᠡᠨ ᠤᠷᠤᠭᠰᠢᠯᠠᠭᠰᠠᠨ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠵᠦ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃   ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠳᠤ ᠲᠣᠭᠲᠠᠭᠠᠭᠰᠠᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠤᠰᠤᠭᠠᠷ᠂ ᠲᠠᠪᠤᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠮᠠᠨ ᠤ ᠰᠢᠶᠠᠨ ᠢᠶᠠᠨ ᠤᠯᠤᠰ ᠤᠨ ᠪᠣᠬᠢᠷᠲᠤᠯ ᠦᠬᠡᠢ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ᠂ ᠳᠤᠮᠳᠠᠳᠤ ᠤᠯᠤᠰ ᠤᠨ ᠤᠮᠠᠷᠠᠲᠤ ᠣᠷᠣᠨ ᠤ ᠰᠣᠶᠣᠯ ᠠᠮᠢ ᠠᠬᠤᠶ ᠶᠢᠨ ᠵᠢᠭᠤᠯᠴᠢᠯᠠᠯ ᠤᠨ ᠠᠮᠠᠷᠠᠯᠲᠠ ᠥᠩᠭᠡᠷᠡᠭᠡᠬᠦ ᠪᠡᠶ᠎ᠡ ᠰᠤᠪᠢᠯᠠᠬᠤ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠤᠨᠤᠭ ᠲᠥᠬᠦᠭᠡᠷᠦᠮᠵᠢ ︵ᠲᠠᠷᠢᠶᠠᠯᠠᠩ ᠤᠨ ᠮᠠᠰᠢᠨ︶ ᠢ ᠦᠢᠯᠡᠳᠬᠦ ᠰᠠᠭᠤᠷᠢᠨ ᠭᠠᠵᠠᠷ᠂ ᠣᠷᠣᠨ ᠪᠦᠰᠡ ᠶᠢᠨ ᠴᠢᠨᠠᠷᠲᠠᠶ ᠠᠵᠤ ᠦᠢᠯᠡᠰ ᠤᠨ ᠰᠢᠯᠵᠢᠯᠲᠡ ᠶᠢ ᠵᠠᠯᠭᠠᠵᠤ ᠠᠪᠬᠤ ᠰᠠᠭᠤᠷᠢᠨ ᠭᠠᠵᠠᠷ᠂ ᠤᠯᠠᠭᠠᠨᠬᠠᠳᠠ ᠬᠤᠲᠠ ᠶᠢᠨ ᠡᠮᠦᠨᠡᠲᠦ ᠬᠡᠰᠡᠭ ᠤᠨ ᠲᠥᠪ ᠬᠤᠳᠠ ᠪᠣᠯᠤᠨ ᠴᠢᠬᠤᠯᠠ ᠬᠤᠳᠠ ᠪᠤᠯᠭᠠᠨ ᠪᠠᠶᠢᠭᠤᠯᠤᠨ᠎ᠠ᠃    ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠲᠤᠮᠳᠠᠳᠦ ᠤᠯᠣᠰ ᠤᠨ ᠤᠠᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠠᠳᠣᠷ ᠮᠠᠨᠳᠤᠭᠤᠯᠤᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠂ ᠶᠡᠷᠦᠩᠬᠡᠶ ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠵᠡᠷᠭᠡ ᠴᠢᠬᠤᠯᠠᠴᠢᠯᠠᠬᠤ ᠶᠢ ᠪᠡᠷᠢᠮᠳᠠᠯᠠᠨ᠂ ᠠᠵᠤ ᠦᠢᠯᠡᠰ ᠤᠨ ᠳᠡᠰ ᠳᠡᠪᠰᠢᠬᠦ ᠪᠠ ᠪᠦᠲᠦᠴᠡ ᠳᠤ ᠲᠣᠬᠢᠷᠠᠭᠤᠯᠤᠯᠲᠠ ᠬᠢᠬᠦ ᠠᠯᠬᠤᠴᠠ ᠶᠢ ᠲᠦᠷᠭᠡᠳᠬᠡᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠦ ᠤᠶᠢᠯᠡᠰ ᠢ ᠠᠭᠤᠰᠤᠯᠴᠠᠭᠤᠯᠤᠨ ᠬᠦᠭᠵᠢᠬᠦᠯᠬᠦ ᠶᠢ ᠠᠬᠢᠭᠤᠯᠵᠦ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ᠂ ᠵᠡᠩᠬᠢᠴᠢᠯᠡᠯᠳᠠ᠂ ᠬᠤᠳᠠ ᠪᠠᠯᠭᠠᠰᠤᠵᠢᠯᠳᠡ ᠪᠠ ᠲᠠᠷᠢᠶᠠᠯᠠᠩ ᠤᠨ ᠣᠳᠣᠬᠢᠴᠢᠯᠠᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠨ᠂ ᠤᠳᠤᠬᠢᠴᠢᠯᠠᠬᠰᠠᠨ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠦᠵᠡᠰᠭᠦᠯᠡᠩ ᠰᠠᠶᠢᠬᠠᠨ᠂ ᠠᠮᠢᠵᠢᠷᠠᠯ ᠤᠨ ᠬᠦᠴᠦᠨ ᠲᠠᠢ᠂ ᠵᠣᠯ ᠵᠢᠷᠭᠠᠯᠲᠤ ᠰᠢᠨ᠎ᠡ ᠨᠢᠩᠴᠧᠩ ᠢ ᠪᠦᠳᠦᠭᠡᠨ ᠪᠠᠶᠢᠭᠤᠯᠤᠨ᠎ᠠ᠃    ᠲᠡᠮᠡᠴᠡᠬᠦ ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠥᠷᠲᠡᠭ ᠢ ᠵᠢᠯ ᠳᠤᠮᠳᠠᠴᠢ ᠪᠠᠷ 8 % ᠣᠷᠴᠢᠮ ᠪᠠᠷ ᠨᠡᠮᠡᠭᠳᠡᠭᠦᠯᠵᠦ᠂ 290 ᠳ᠋ᠦᠩᠰᠢᠭᠤᠷ ᠲᠥᠭᠦᠷᠢᠭ ᠲᠤ ᠬᠦᠷᠭᠡᠨ᠎ᠡ᠂ ᠡ᠊ᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 7 %  ᠪᠠᠷ ᠨᠡᠮᠡᠭᠳᠡᠭᠦᠯᠵᠦ᠂ 6.5 ᠳ᠋ᠦᠩᠰᠢᠭᠤᠷ ᠲᠥᠭᠦᠷᠢᠭ ᠲᠤ ᠬᠦᠷᠭᠡᠨ᠎ᠡ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ 12 % ᠪᠠᠷ ᠨᠡᠮᠡᠭᠳᠡᠭᠦᠯᠵᠦ᠂ 223 ᠳ᠋ᠦᠩᠰᠢᠭᠤᠷ ᠲᠥᠭᠦᠷᠢᠭ ᠲᠤ ᠬᠦᠷᠭᠡᠨ᠎ᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢ ᠵᠢᠯ ᠪᠦᠷᠢ ᠳᠤᠮᠳᠠᠴᠢ ᠪᠠᠷ 10 % ᠪᠠᠷ ᠨᠡᠮᠡᠭᠳᠡᠭᠦᠯᠵᠦ᠂ 114 ᠳ᠋ᠦᠩᠰᠢᠭᠤᠷ ᠲᠥᠭᠦᠷᠢᠭ ᠲᠤ ᠬᠦᠷᠭᠡᠨ᠎ᠡ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠳᠤᠮᠳᠠᠴᠢ ᠪᠠᠷ 11% ᠪᠠᠷ ᠨᠡᠮᠡᠭᠳᠡᠭᠦᠯᠵᠦ᠂ 49490 ᠲᠥᠭᠦᠷᠢᠭ ᠲᠤ ᠬᠦᠷᠭᠡᠨ᠎ᠡ᠂ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠵᠢᠯ ᠪᠦᠷᠢ ᠳᠤᠮᠳᠠᠴᠢ ᠪᠠᠷ 13 % ᠪᠠᠷ ᠨᠡᠮᠡᠭᠳᠡᠭᠦᠯᠵᠦ᠂ 19190 ᠲᠥᠭᠦᠷᠢᠭ ᠲᠤ ᠬᠦᠷᠭᠡᠨ᠎ᠡ᠃    ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠲᠤᠬᠠᠶ ᠭᠤᠣᠯᠳᠠᠭᠤ ᠳᠣᠣᠷᠠᠬᠢ ᠬᠡᠳᠦᠨ ᠵᠠᠷᠴᠢᠮ ᠢ ᠪᠠᠷᠢᠮᠲᠠᠯᠠᠬᠤ ᠬᠡᠷᠡᠭᠲᠡᠶ᠄     ᠰᠢᠨᠵᠢᠯᠡᠬᠦ ᠤᠬᠠᠭᠠᠨᠴᠢ ᠬᠥᠭᠵᠢᠯᠲᠡ ᠶᠢ ᠪᠠᠷᠢᠮᠲᠠᠯᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠨ᠎ᠠ᠃ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠦᠴᠦᠯᠡᠨ ᠬᠤᠪᠢᠷᠠᠭᠤᠯᠵᠤ᠂ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠦᠨ᠂ ᠠᠵᠤ ᠦᠢᠯᠡᠰ ᠤᠨ ᠲᠠᠰ ᠳᠠᠪᠬᠤᠷᠭ᠎ᠠ ᠶᠢ ᠳᠡᠭᠡᠭᠰᠢᠯᠡᠭᠦᠯᠦᠨ᠎ᠡ᠂ ᠤᠳᠤᠬᠢᠴᠢᠯᠠᠬᠰᠠᠨ ᠠᠵᠤ ᠠᠬᠤᠶ ᠶᠢᠨ ᠰᠢᠰᠲ᠋ᠧᠮ ᠢ ᠪᠠᠶᠢᠭᠤᠯᠵᠦ᠂ ᠬᠤᠷᠳᠤᠴᠠ ᠶᠠᠰᠤ ᠴᠢᠨᠠᠷ ᠠᠷᠭ᠎ᠠ ᠶᠢ ᠵᠡᠷᠭᠡᠪᠡᠷ ᠡᠷᠬᠢᠮᠯᠡᠬᠦ ᠪᠥᠭᠡᠳ ᠥᠨᠳᠥᠷ ᠪᠦᠲᠦᠮᠵᠢᠲᠡᠶ ᠬᠥᠭᠵᠢᠯᠲᠡ ᠶᠢ ᠴᠢᠷᠮᠠᠶᠢᠨ ᠪᠡᠶᠡᠯᠡᠭᠦᠯᠵᠦ᠂ ᠠᠵᠤ ᠠᠬᠤᠶ ᠨᠡᠶᠢᠭᠡᠮ ᠢ ᠵᠡᠷᠭᠡᠪᠡᠷ ᠵᠣᠬᠢᠴᠠᠩᠭᠤᠶ ᠬᠦᠭᠵᠢᠬᠦᠯᠦᠨ᠂ ᠬᠤᠲᠠ ᠪᠠᠯᠭᠠᠰᠤ ᠬᠥᠳᠡᠭᠡ ᠲᠣᠰᠬᠤᠨ ᠤ  ᠬᠠᠷᠢᠯᠴᠠᠨ ᠬᠦᠳᠡᠯᠤᠯᠴᠡᠬᠦ ᠶᠢ ᠨᠢᠭᠡᠳᠦᠯᠲᠡᠶ ᠲᠥᠯᠥᠪᠯᠡᠨ ᠬᠦᠭᠵᠢᠬᠦᠯᠦᠨ᠂ ᠬᠥᠮᠦᠨ ᠠᠮᠠ᠂ ᠡᠬᠢ ᠰᠤᠷᠪᠤᠯᠵᠢ᠂ ᠣᠷᠴᠢᠨ ᠠᠬᠤᠶ ᠶᠢᠨ ᠰᠠᠶᠢᠨ ᠣᠷᠴᠢᠯ ᠢ ᠦᠷᠭᠦᠯᠵᠢᠯᠡᠨ ᠬᠦᠭᠵᠢᠭᠦᠯᠦᠨ᠎ᠡ᠃ ᠠᠷᠠᠳ ᠲᠤ ᠠᠰᠢᠭ ᠬᠦᠷᠲᠡᠭᠡᠬᠦ ᠠᠷᠠᠳ ᠢ ᠪᠠᠶᠠᠵᠢᠭᠤᠯᠬᠤ ᠶᠢ ᠪᠠᠷᠢᠮᠳᠠᠯᠠᠬᠤ ᠶᠢ ᠲᠡᠷᠢᠬᠦᠨ ᠴᠢᠬᠤᠯᠠ ᠬᠥᠭᠡᠭᠡᠴᠡᠯᠳᠦᠯ ᠪᠤᠯᠭᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠭᠦᠯᠬᠦ ᠨᠢ ᠠᠷᠠᠳ ᠲᠦᠮᠡᠨ ᠤ ᠲᠥᠯᠥᠭᠡ ᠪᠠᠶᠢᠬᠤ᠂ ᠬᠥᠭᠵᠢᠭᠦᠯᠬᠦ ᠳᠤ ᠠᠷᠠᠳ ᠲᠦᠮᠡᠨ ᠢ ᠲᠦᠰᠢᠭᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠬᠦ ᠶᠢ ᠪᠡᠶᠡᠯᠡᠭᠦᠯᠦᠨ᠎ᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠵᠤ ᠰᠠᠶᠢᠵᠢᠷᠠᠭᠤᠯᠤᠨ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠳᠠᠰᠤᠷᠠᠯᠲᠠ ᠦᠭᠡᠢ ᠬᠠᠩᠭᠠᠵᠤ᠂ ᠤᠯᠠᠨ ᠲᠦᠮᠡᠨ ᠢ ᠨᠡᠩ ᠶᠡᠭᠡ ᠬᠦᠷᠲᠡᠭᠡᠯ ᠤᠨ ᠮᠡᠳᠡᠷᠡᠮᠵᠢ᠂ ᠵᠣᠯ ᠵᠢᠷᠭᠠᠯ ᠤᠨ ᠰᠡᠳᠬᠢᠭᠳᠡᠯ ᠲᠠᠢ ᠪᠤᠯᠭᠠᠨ᠎ᠠ᠃     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠷᠢᠮᠳᠠᠯᠠᠬᠤ ᠶᠢ ᠲᠡᠷᠢᠬᠦᠨ ᠴᠢᠬᠤᠯᠠ ᠭᠠᠷᠳᠠᠴᠠ ᠪᠣᠯᠭᠠᠨ᠎ᠠ᠃ ᠠᠵᠤ ᠠᠬᠤᠶ ᠶᠢᠨ ᠠᠵᠢᠯ ᠢ ᠲᠥᠷᠥᠯ ᠵᠥᠢᠯᠵᠢᠬᠦᠯᠬᠦ ᠣᠶᠢᠯᠠᠭᠠᠭᠳᠠᠬᠤᠨ ᠢ ᠪᠠᠲᠤ ᠪᠠᠬᠢ ᠪᠣᠯᠭᠠᠨ᠂ ᠲᠥᠷᠥᠯ ᠵᠦᠢᠯ  ᠢ ᠣᠷᠣᠭᠤᠯᠬᠤ ᠲᠡᠮᠡᠴᠡᠨ ᠤᠯᠬᠤ ᠪᠠ ᠨᠠᠶᠢᠳᠠᠪᠤᠷᠢᠵᠢᠭᠤᠯᠬᠤ ᠶᠢ ᠰᠠᠯᠠᠭ᠎ᠠ ᠮᠥᠴᠢᠷ ᠤᠨ ᠠᠵᠢᠯ ᠤᠨ ᠪᠦᠲᠦᠮᠵᠢ ᠪᠣᠯᠤᠨ ᠺᠠᠳ᠋ᠷ ᠤᠨ ᠴᠢᠳᠠᠪᠤᠷᠢ ᠶᠢ ᠰᠢᠯᠭᠠᠨ ᠪᠠᠶᠢᠴᠠᠭᠠᠬᠤ ᠴᠢᠬᠤᠯᠠ ᠪᠠᠷᠢᠮᠵᠢᠶ᠎ᠠ ᠪᠣᠯᠭᠠᠵᠤ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ  ᠦᠨᠡᠨ ᠬᠦ ᠲᠦᠯᠬᠢᠨ ᠠᠬᠢᠭᠤᠯᠤᠨ ᠪᠣᠳᠠᠲᠠᠶ ᠲᠥᠷᠥᠯ ᠵᠤᠶᠢᠯ ᠢ ᠣᠷᠣᠭᠤᠯᠬᠤ᠂ ᠪᠦᠳᠦᠬᠡᠨ ᠪᠠᠶᠢᠭᠤᠯᠬᠤ᠂ ᠦᠷ᠎ᠡ ᠠᠰᠢᠭ ᠤᠯᠬᠤ ᠳᠡᠭᠡᠷ᠎ᠡ ᠨᠠᠶᠢᠳᠠᠪᠤᠷᠢᠵᠢᠭᠤᠯᠤᠨ᠎ᠠ᠃     ᠣᠷᠴᠢᠨ ᠠᠬᠤᠶ ᠨᠥᠬᠦᠷᠰᠡᠭ ᠪᠠᠶᠢᠬᠤ ᠶᠢ ᠪᠠᠷᠢᠮᠳᠠᠯᠠᠬᠤ ᠶᠢ ᠲᠡᠷᠢᠬᠦᠨ ᠴᠢᠬᠤᠯᠠ ᠬᠠᠷᠢᠭᠤᠴᠠᠯᠭ᠎ᠠ ᠪᠣᠯᠭᠠᠨ᠎ᠠ᠃ ᠨᠣᠮᠢᠨ ᠤᠰᠤ ᠬᠥᠬᠡᠮᠳᠦᠭ ᠠᠭᠤᠯᠠ ᠪᠣᠯ ᠳᠠᠷᠤᠶ ᠠᠯᠲᠠᠨ ᠠᠭᠤᠯᠠ ᠮᠥᠩᠭᠦᠨ ᠠᠭᠤᠯᠠ ᠮᠥᠨ ᠭᠡᠬᠦ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠶᠢ ᠪᠠᠷᠢᠮᠲᠠᠯᠠᠵᠤ᠂ ᠪᠣᠬᠢᠷᠲᠤᠯ ᠦᠭᠡᠢ ᠠᠵᠤ ᠠᠬᠤᠶ ᠶᠢ ᠬᠦᠭᠵᠢᠭᠦᠯᠦᠨ᠂ ᠪᠣᠬᠢᠷᠲᠤᠯ ᠦᠭᠡᠢ ᠦᠢᠯᠡᠳᠪᠦᠷᠢᠯᠡᠯ ᠢ ᠲᠥᠯᠬᠢᠨ ᠠᠬᠢᠭᠤᠯᠵᠦ᠂ ᠪᠣᠬᠢᠷᠲᠤᠯ ᠦᠭᠡᠢ ᠬᠡᠷᠡᠭᠯᠡᠭᠡ ᠶᠢ ᠰᠠᠨᠠᠭᠠᠴᠢᠯᠠᠵᠤ᠂ ᠠᠭᠤᠯᠠ ᠤᠰᠤ ᠤᠢ ᠳᠠᠷᠢᠶ᠎ᠠ ᠭᠤᠣᠯ ᠤᠨ ᠤᠰᠤ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠯᠡᠵᠦ᠂ ᠨᠣᠮᠢᠨ ᠤᠰᠤ ᠬᠥᠬᠡᠮᠳᠦᠭ ᠠᠭᠤᠯᠠ ᠶᠢ ᠡᠭᠦᠷᠢᠳᠡ ᠪᠠᠶᠢᠯᠭᠠᠨ ᠠᠯᠲᠠᠨ ᠠᠭᠤᠯᠠ ᠮᠥᠩᠭᠦᠨ ᠠᠭᠤᠯᠠ ᠮᠡᠲᠦ ᠥᠨᠢ ᠡᠭᠦᠷᠢᠳᠡ ᠦᠷᠭᠦᠯᠵᠢᠯᠡᠨ ᠪᠠᠶᠢᠯᠭᠠᠨ᠎ᠠ᠃    ᠨᠡᠶᠢᠭᠡᠮ ᠤᠨ ᠡᠶ᠎ᠡ ᠵᠣᠬᠢᠴᠠᠯ ᠢ ᠪᠠᠷᠢᠮᠳᠠᠯᠠᠬᠤ ᠶᠢ ᠲᠡᠷᠢᠬᠦᠨ ᠴᠢᠬᠤᠯᠠ ᠬᠠᠷᠠᠯᠲᠠ ᠪᠣᠯᠭᠠᠨ᠎ᠠ᠃ ᠠᠷᠠᠳᠴᠢᠯᠠᠯ ᠬᠠᠤᠯᠢ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠬᠠᠤᠯᠢ ᠪᠠᠷ ᠰᠢᠶᠠᠨ ᠢᠶᠠᠨ ᠵᠠᠰᠠᠬᠤ ᠶᠢ ᠲᠦᠯᠬᠢᠨ ᠠᠬᠢᠭᠤᠯᠬᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠤᠨ᠎ᠠ᠃ ᠠᠶᠤᠯᠭᠦᠶ ᠬᠥᠭᠵᠢᠯᠲᠡ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠨᠡᠶᠢᠭᠡᠮ ᠢ ᠵᠠᠰᠠᠬᠤ ᠲᠠᠯ᠎ᠠ ᠪᠠᠷ ᠰᠢᠨ᠎ᠡ ᠶᠢ ᠡᠭᠦᠳᠦᠨ᠂ ᠤᠯᠠᠨ ᠨᠡᠶᠢᠳᠡ ᠶᠢᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ  ᠶᠢ ᠦᠢᠯᠡᠳᠦᠯᠭᠡᠵᠢᠭᠦᠯᠦᠨ᠎ᠡ᠂ ᠨᠢᠩᠴᠧᠩ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠥᠮᠦᠨ ᠰᠣᠶᠣᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠨ᠎ᠠ᠃    ᠬᠤᠶᠢᠰᠢᠳᠠ ᠶᠢᠨ ᠲᠠᠪᠤᠨ ᠵᠢᠯ ᠳᠤ ᠳᠣᠣᠷᠠᠬᠢ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄    ᠨᠢᠭᠡ᠂ ᠤᠳᠤᠬᠢᠴᠢᠯᠠᠬᠰᠠᠨ ᠠᠵᠤ ᠠᠬᠤᠶ ᠶᠢᠨ ᠰᠢᠰᠲ᠋ᠧᠮ ᠢ ᠪᠠᠶᠢᠭᠤᠯᠵᠦ᠂ ᠶᠠᠰᠤ ᠴᠢᠨᠠᠷ ᠦᠷ᠎ᠡ ᠠᠰᠢᠭ ᠤᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠦᠨ᠎ᠠ      ︵ᠨᠢᠭᠡ︶ ᠠᠵᠤ ᠦᠢᠯᠡᠳᠪᠦᠷᠢ ᠶᠢᠨ ᠠᠵᠤ ᠠᠬᠤᠶ ᠶᠢᠨ ᠦᠷᠭᠦᠯᠵᠢᠯᠡᠨ ᠲᠡᠰ ᠲᠡᠪᠰᠢᠬᠦ ᠶᠢ ᠲᠥᠯᠬᠢᠨ ᠠᠬᠢᠭᠤᠯᠤᠨ᠎ᠠ  ᠠᠵᠤ ᠦᠢᠯᠡᠳᠪᠦᠷᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠂ ᠠᠵᠤ ᠦᠢᠯᠡᠰ ᠤᠨ ᠪᠦᠲᠦᠴᠡ ᠶᠢᠨ ᠳᠤᠬᠢᠷᠠᠭᠤᠯᠤᠯᠲᠠ ᠶᠢ ᠲᠥᠷᠭᠡᠳᠭᠡᠨ᠂ ᠤᠯᠠᠮᠵᠢᠯᠠᠯᠲᠤ ᠠᠵᠤ ᠦᠢᠯᠡᠰ ᠢ ᠤᠷᠲᠤᠳᠬᠠᠬᠤ᠂ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠤᠨ ᠲᠥᠪᠯᠡᠷᠡᠯ᠂ ᠵᠢᠵᠢᠭ ᠪᠢᠴᠢᠯ ᠠᠵᠤ ᠠᠬᠤᠶᠢᠯᠠᠯ ᠤᠨ ᠪᠦᠯᠦᠭᠯᠡᠯ ᠢ ᠠᠬᠢᠭᠤᠯᠵᠤ᠂ ᠵᠡᠭᠦᠨ ᠬᠡᠰᠡᠭ ᠤᠨ ᠭᠠᠵᠠᠷ ᠣᠷᠣᠨ ᠤ ︽ᠠᠵᠤ ᠦᠢᠯᠡᠳᠪᠦᠷᠢ ᠶᠢᠨ ᠬᠤᠩᠭᠢᠯ︾ ᠢ ᠪᠠᠶᠢᠭᠤᠯᠤᠨ᠎ᠠ᠃ 2022 ᠣᠨ ᠪᠣᠯᠬᠤ ᠳᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠠᠶᠢᠯᠢ ᠲᠠᠲᠠᠪᠤᠷᠢ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 75 % ᠣᠷᠴᠢᠮ  ᠪᠤᠯᠭᠠᠨ᠎ᠠ᠃      ᠤᠯᠠᠮᠵᠢᠯᠠᠯᠲᠤ ᠠᠵᠤ ᠤᠶᠢᠯᠡᠰ ᠢ ᠬᠦᠴᠦᠯᠡᠨ ᠲᠡᠰ ᠲᠡᠪᠰᠢᠭᠦᠯᠦᠨ᠎ᠡ᠃ ᠢᠳᠡᠭᠡᠨ ᠤ ᠠᠵᠤ ᠤᠶᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠰᠠᠢ ᠹᠸᠢ ᠶᠠ᠂ ᠳ᠋ᠦᠩ ᠹᠠᠩ ᠸᠠᠨ ᠴᠢ ᠶᠢ ᠳᠡᠮᠵᠢᠵᠦ ᠭᠤᠣᠯ ᠵᠠᠬ᠎ᠠ ᠳᠡᠯᠭᠡᠭᠦᠷ ᠲᠤ ᠭᠠᠷᠭᠠᠬᠤ ᠶᠢ ᠪᠡᠶᠡᠯᠡᠭᠦᠯᠦᠨ᠎ᠡ᠂ ᠺᠠᠩ ᠵᠢᠶᠠᠨ ᠠᠮᠢᠳᠤ ᠭᠠᠭ᠋ᠠᠶ᠂ ᠢ ᠬᠤᠤ ᠠᠯᠠᠰᠢᠨ ᠬᠤᠨᠢ ᠵᠡᠷᠭᠡ ᠠᠵᠤ ᠠᠬᠤᠶᠢᠯᠠᠯ ᠤᠨ ᠵᠠᠬ᠎ᠠ ᠳᠡᠯᠭᠡᠭᠦᠷ ᠡᠵᠡᠯᠡᠬᠦ ᠨᠤᠷᠮ᠎ᠠ ᠶᠢ ᠳᠡᠭᠡᠭᠰᠢᠯᠡᠭᠦᠯᠦᠨ᠎ᠡ᠃ ᠠᠷᠢᠬᠢᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠬᠡᠷᠡᠭᠵᠢᠭᠦᠯᠵᠦ᠂  ᠨᠢᠩᠴᠧᠩ ᠤᠨ ᠬᠠᠭᠤᠴᠢᠨ ᠵᠤᠭᠤᠷᠢᠲᠦ ᠶᠢᠨ ᠲᠠᠸᠠᠷ ᠤᠨ ᠰᠡᠷᠭᠦᠨ ᠮᠠᠨᠳᠤᠯᠲᠠ ᠶᠢ ᠲᠦᠯᠬᠢᠨ ᠠᠬᠢᠭᠤᠯᠵᠤ᠂ ᠨᠢᠩ ᠾᠧ ᠶᠤᠸᠠᠨ᠂ ᠮᠢᠨ ᠽᠦ ᠬᠤᠩ ᠵᠡᠷᠭᠡ ᠰᠢᠨ᠎ᠡ ᠪᠠᠷ ᠪᠤᠢ ᠪᠣᠯᠤᠭᠰᠠᠨ ᠲᠠᠸᠠᠷ ᠤᠨ ᠬᠥᠭᠵᠢᠨ ᠮᠠᠨᠳᠤᠯᠲᠠ ᠶᠢ ᠠᠬᠢᠭᠤᠯᠵᠤ᠂ ᠶᠠᠨᠵᠢᠩ ᠫᠢᠸᠣ᠋ ᠶᠢᠨ ᠵᠠᠬ᠎ᠠ ᠳᠡᠯᠭᠡᠭᠦᠷ ᠲᠤ ᠡᠵᠡᠯᠡᠬᠦ ᠬᠤᠪᠢ ᠶᠢᠨ ᠲᠤᠭ᠎ᠠ ᠶᠢ ᠦᠷᠭᠡᠳᠭᠡᠨ᠂ ᠰᠠᠭᠠᠯᠢ ᠶᠢᠨ ᠠᠷᠢᠬᠢ᠂ ᠪᠡᠶ᠎ᠡ ᠰᠤᠪᠢᠯᠠᠬᠤ ᠠᠷᠢᠬᠢ᠂ ᠡᠷᠡᠭᠦᠯ ᠮᠡᠡᠳᠦ ᠶᠢ ᠬᠠᠮᠠᠭᠠᠯᠠᠬᠤ ᠠᠷᠢᠬᠢ ᠵᠡᠷᠭᠡ ᠥᠪᠡᠷᠮᠢᠴᠡ ᠣᠨᠴᠠᠯᠢᠭ ᠲᠠᠢ ᠠᠷᠢᠬᠢᠨ ᠠᠵᠤ ᠠᠬᠤᠶᠢᠯᠠᠯ ᠤᠨ ᠬᠦᠭᠵᠢᠯᠲᠡ ᠶᠢ ᠲᠥᠷᠭᠡᠳᠭᠡᠨ᠎ᠡ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠬᠤ ᠪᠠ ᠡᠮᠬᠢᠯᠡᠨ ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠱᠸᠦ ᠰᠢᠨ ᠶᠤᠸᠠᠨ ᠠᠭᠤᠷᠬᠠᠶ ᠶᠢᠨ ᠦᠢᠯᠡᠰ ᠤᠨ ᠲᠣᠭᠲᠠᠭᠤᠨ ᠤᠶᠢᠯᠳᠪᠤᠷᠢᠯᠡᠯ᠂ ᠬᠤᠩ ᠳ᠋ᠠ ᠠᠭᠤᠷᠬᠠᠶ ᠶᠢᠨ ᠦᠢᠯᠡᠰ ᠤᠨ ᠦᠢᠯᠡᠳᠬᠦᠨ ᠢ ᠥᠭᠡᠷᠡᠲᠦᠭᠦᠯᠬᠦ᠂ ᠰᠢᠨ ᠮᠠ ᠴᠢᠳᠬᠤᠬᠤ ᠦᠢᠯᠡᠰ ᠢ ᠲᠡᠬᠢᠠ ᠰᠡᠷᠭᠦᠭᠡᠬᠦ ᠶᠢ ᠠᠬᠢᠭᠤᠯᠤᠨ᠎ᠠ᠃ ᠴᠢᠭᠢᠭᠯᠢᠭ ᠰᠢᠷᠣᠶ ᠶᠢᠨ ᠠᠵᠤ ᠠᠬᠤᠶᠢᠯᠠᠯ ᠤᠨ ᠨᠠᠷᠢᠯᠢᠭ ᠪᠣᠯᠪᠠᠰᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠿᠢ ᠶᠤᠸᠠᠢ ᠰᠢᠩ᠂ ᠽᠦᠨ ᠯᠢᠶᠠᠨ ᠵᠡᠷᠭᠡ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠰᠢᠨ᠎ᠡ ᠦᠢᠯᠡᠳᠬᠦᠨ ᠢ ᠰᠤᠳᠤᠯᠤᠨ ᠨᠡᠭᠡᠭᠡᠨ᠎ᠡ᠂ ᠵᠤᠤᠶᠠᠩ ᠣᠷᠴᠢᠨ ᠠᠬᠤᠶ ᠶᠢ ᠬᠠᠮᠠᠭᠠᠯᠠᠬᠤ᠂ ᠡᠩᠬᠦᠷᠡᠶ ᠲᠡᠵᠢᠭᠡᠪᠦᠷᠢ ᠶᠢ ᠳᠣᠲᠣᠨᠣᠴᠢᠯᠠᠨ ᠬᠠᠶᠢᠷᠠᠯᠠᠬᠤ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠪᠴᠢᠶ᠎ᠡ ᠪᠠᠨ ᠦᠷᠭᠡᠳᠭᠡᠬᠦ ᠶᠢ ᠳᠡᠮᠵᠢᠨ᠎ᠡ᠂ ᠳᠤᠮᠳᠠᠳᠤ ᠤᠯᠤᠰ ᠤᠨ ᠤᠮᠠᠷᠠᠲᠤ ᠣᠷᠣᠨ ᠤ ᠮᠤᠤᠷ ᠡᠯᠡᠰᠦ ᠦᠢᠯᠡᠳᠪᠦᠷᠢᠯᠡᠯ ᠤᠨ ᠰᠠᠭᠤᠷᠢᠨ ᠭᠠᠵᠠᠷ ᠢ ᠡᠭᠦᠳᠦᠨ᠎ᠡ᠃ ᠬᠢᠮᠢ ᠶᠢᠨ ᠪᠤᠷᠳᠤᠭᠤᠷ ᠤᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠯᠢᠶᠣᠣ ᠵᠦᠩ ᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠱᠢ ᠳ᠋ᠠ ᠬᠢᠮᠢ ᠶᠢᠨ ᠪᠤᠷᠳᠤᠭᠤᠷ ᠢ ᠬᠤᠲᠠ ᠠᠴᠠ ᠭᠠᠷᠭᠠᠵᠤ ᠬᠦᠷᠢᠶᠡᠯᠡᠩ ᠲᠤ ᠣᠷᠣᠭᠤᠯᠬᠤ ᠠᠯᠬᠤᠴᠠ ᠪᠠᠨ ᠲᠦᠷᠭᠡᠳᠭᠡᠨ᠎ᠡ᠂ ᠤᠳᠤᠬᠢᠴᠢᠯᠠᠬᠰᠠᠨ ᠰᠢᠬᠢᠷ ᠤᠨ ᠦᠢᠯᠡᠳᠪᠦᠷᠢ ᠶᠢ ᠰᠡᠷᠭᠦᠨ ᠪᠠᠶᠢᠭᠤᠯᠬᠤ ᠶᠢ ᠶᠡᠭᠡ ᠬᠦᠴᠦ ᠣᠷᠣᠭᠤᠯᠤᠨ ᠲᠦᠯᠬᠢᠨ ᠠᠬᠢᠭᠤᠯᠤᠨ᠎ᠠ᠃ ᠮᠠᠰᠢᠨ ᠦᠢᠯᠡᠳᠬᠦ ᠠᠵᠤ ᠦᠢᠯᠡᠰ ᠤᠨ ᠬᠥᠭᠵᠢᠯᠲᠡ ᠲᠡᠰ ᠳᠠᠪᠬᠤᠷᠭ᠎ᠠ ᠶᠢ ᠳᠡᠭᠡᠭᠰᠢᠯᠡᠭᠦᠯᠵᠦ᠂ ᠴᠠᠩ ᠮᠢᠩ ᠮᠠᠰᠢᠨ᠂ ᠵᠢᠤᠢ ᠴᠠᠩ ᠲᠠᠷᠢᠶᠠᠯᠠᠩ ᠤᠨ ᠮᠠᠰᠢᠨ ᠵᠡᠷᠭᠡ ᠠᠵᠤ ᠠᠬᠤᠶᠢᠯᠠᠯ ᠤᠨ ᠪᠦᠬᠦᠯᠢ ᠮᠠᠰᠢᠨ ᠢ ᠦᠢᠯᠡᠳᠪᠦᠷᠢᠯᠡᠬᠦ ᠶᠢ ᠵᠣᠷᠢᠭᠵᠢᠭᠤᠯᠵᠤ᠂ ᠲᠤᠮᠤ ᠬᠡᠯᠪᠡᠷᠢ ᠶᠢᠨ ᠮᠠᠰᠢᠨ ᠲᠥᠬᠦᠭᠡᠷᠦᠮᠵᠢ᠂ ᠰᠠᠭᠤᠷᠢ ᠮᠠᠰᠢᠨ᠂ ᠮᠠᠰᠢᠨ ᠲᠡᠷᠭᠡᠨ ᠤ ᠰᠡᠯᠪᠢᠭᠡᠰᠦ ᠲᠤᠨᠤᠭ ᠵᠡᠷᠭᠡ ᠶᠢ ᠦᠢᠯᠡᠳᠬᠦ ᠠᠵᠤ ᠠᠬᠤᠶᠢᠯᠠᠯ ᠢ ᠳᠠᠲᠠᠨ ᠤᠷᠤᠭᠤᠯᠤᠨ᠎ᠠ᠃   ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠭᠡ ᠪᠠᠷ ᠪᠣᠶᠢᠵᠢᠭᠤᠯᠤᠨ᠎ᠠ᠃ ᠳᠤᠮᠳᠠ ᠡᠨᠧᠷᠭᠢ ᠠᠷᠪᠢᠯᠠᠬᠤ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠳ᠋ᠦᠩ ᠰᠢᠤᠢ ᠭᠤᠸᠠᠩ ᠸᠣᠯᠲ ᠴᠠᠬᠢᠯᠭᠠᠨ ᠭᠠᠷᠭᠠᠬᠤ᠂ ᠶᠤᠸᠠᠨ ᠢ ᠠᠮᠢᠳᠤ ᠪᠣᠳᠠᠰ ᠤᠨ ᠮᠠᠰ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠡᠨᠧᠷᠭᠢ ᠶᠢᠨ ᠲᠥᠷᠥᠯ ᠵᠦᠢᠯ ᠢ ᠪᠠᠶᠢᠭᠤᠯᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠭᠡᠭᠵᠢᠭᠦᠯᠦᠨ᠎ᠡ᠃ ᠳ᠋ᠧ ᠹᠧᠩ ᠬᠡᠦᠷᠰᠢᠭᠦᠯᠬᠦ ᠬᠤᠶᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ ᠶᠢ ᠬᠡᠷᠩᠵᠢᠬᠦᠯᠦᠨ᠎ᠡ᠂ ᠾᠧᠩ ᠷᠦᠩ᠂ ᠾᠧᠩ ᠰᠢᠶᠠᠩ᠂  ᠾᠦᠢ ᠹᠧᠩ ᠵᠡᠷᠭᠡ ᠠᠵᠤ ᠠᠬᠤᠶᠢᠯᠠᠯ ᠤᠨ ᠬᠥᠭᠵᠢᠯᠲᠡ ᠶᠢᠨ ᠳᠣᠣᠷ᠎ᠠ ᠴᠠᠷᠠᠭ᠎ᠠ ᠳᠠᠬᠢ ᠠᠵᠤ ᠦᠢᠯᠡᠰ ᠢ ᠳᠡᠮᠵᠢᠵᠦ᠂ ᠨᠠᠷᠢᠯᠢᠭ ᠬᠢᠮᠢ ᠶᠢᠨ ᠠᠵᠤ ᠦᠢᠯᠡᠳᠪᠦᠷᠢ  ᠶᠢᠨ ᠠᠵᠤ ᠦᠢᠯᠡᠰ ᠤᠨ ᠴᠤᠭᠯᠠᠷᠠᠯ ᠢ ᠪᠠᠶᠢᠭᠤᠯᠤᠨ᠎ᠠ᠃ ᠵᠢᠶᠠᠨ ᡁᠢ ᠬᠤᠭᠤᠯᠠᠶ ᠶᠢᠨ ᠦᠢᠯᠡᠰ ᠢ ᠥᠷᠭᠡᠳᠬᠡᠨ ᠪᠠᠶᠢᠭᠤᠯᠬᠤ ᠶᠢ ᠠᠬᠢᠭᠤᠯᠵᠤ᠂ ᠮᠢᠩ ᠠᠨ ᠲᠡᠮᠦᠷᠯᠢᠭ᠂ ᠱᠧᠩ ᠹᠦ᠋ ᠨᠡᠭᠡᠯᠡᠬᠡᠶ ᠵᠡᠷᠭᠡ ᠲᠥᠷᠥᠯ ᠵᠦᠢᠯ ᠠᠵᠢᠯ ᠡᠬᠢᠯᠡᠭᠦᠯᠵᠦ ᠪᠦᠲᠦᠭᠡᠨ ᠪᠠᠶᠢᠭᠤᠯᠤᠨ᠂ ᠦᠪᠡᠷᠲᠡᠭᠡᠨ ᠵᠠᠰᠠᠬᠤ ᠤᠷᠤᠨ ᠤ ᠬᠤᠭᠤᠯᠠᠢ ᠲᠤᠨᠤᠭ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠡᠭᠦᠳᠦᠨ᠎ᠡ᠃ ᠵᠢᠩ ᠳ᠋ᠦ᠋ ᠴᠠᠷᠳᠠᠭᠤᠯ ᠢ ᠳᠠᠬᠢᠨ ᠵᠣᠬᠢᠶᠠᠨ ᠪᠠᠶᠢᠭᠤᠯᠬᠤ ᠠᠵᠢᠯ ᠢ ᠲᠦᠷᠭᠡᠳᠬᠡᠵᠦ᠂ ᠯᠢᠦᠢ ᠠᠨ ᠵᠢᠶᠠ ᠤᠰᠤ ᠦᠭᠡᠶᠢᠳᠡᠬᠦᠯᠦᠭᠰᠡᠨ ᠨᠣᠭᠤᠭ᠎ᠠ ᠦᠢᠯᠡᠳᠪᠦᠷᠢᠯᠡᠬᠦ ᠴᠢᠳᠠᠪᠤᠷᠢ ᠶᠢ ᠥᠷᠭᠡᠳᠬᠡᠵᠦ᠂ ᠳᠣᠯᠣᠨᠣ ᠰᠢᠬᠢᠷᠯᠡᠭᠰᠡᠨ ᠵᠢᠮᠢᠰ᠂ ᠰᠢᠬᠢᠷᠯᠢᠭ ᠡᠷᠳᠡᠨᠢ ᠰᠢᠰᠢ ᠵᠡᠷᠭᠡ ᠲᠥᠷᠥᠯ ᠵᠦᠢᠯ ᠢ ᠪᠠᠶᠢᠭᠤᠯᠤᠨ  ᠂ ᠵᠢᠮᠢᠰ ᠤᠨ ᠰᠢᠭᠦᠰᠦ᠂ ᠭᠤᠸᠠᠨᠲ᠋ᠧᠦ ᠵᠡᠷᠭᠡ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠬᠦᠴᠦᠯᠡᠨ ᠲᠡᠰ ᠲᠡᠪᠰᠢᠭᠦᠯᠦᠨ᠎ᠡ᠃ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠲᠥᠷᠥᠯ ᠵᠦᠢᠯ ᠢ ᠵᠦᠢ ᠵᠣᠬᠢᠰᠲᠠᠶ ᠪᠠᠶᠢᠷᠢᠯᠠᠭᠤᠯᠤᠨ  ᠂ ︽ᠦᠬᠦᠳᠡᠯ︾ ᠠᠵᠤ ᠠᠬᠤᠶᠢᠯᠠᠯ ᠢ ᠴᠡᠪᠡᠷᠯᠡᠨ᠂ ᠭᠠᠵᠠᠷ ᠰᠢᠷᠣᠶ ᠶᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠰᠢᠨ᠎ᠡ ᠣᠷᠣᠨ ᠵᠠᠶ ᠶᠢ ᠥᠷᠭᠡᠳᠬᠡᠨ᠎ᠡ᠃ ᠰᠢ ᠽᠢ ᠬᠦᠷᠢᠶᠡᠯᠡᠩ ᠲᠣᠭᠤᠷᠢᠭ ᠤᠨ66Kv ᠬᠦᠴᠦᠳᠡᠯ ᠥᠭᠡᠷᠡᠴᠢᠯᠡᠬᠦ ᠦᠷᠳᠡᠭᠡ ᠶᠢ ᠠᠵᠢᠯ ᠡᠬᠢᠯᠡᠭᠦᠯᠦᠨ ᠪᠥᠳᠥᠭᠡᠨ ᠪᠠᠶᠢᠭᠤᠯᠵᠤ᠂ ᠵᠦᠩ ᠵᠢᠩ ᠬᠦᠷᠢᠶᠡᠯᠡᠩ ᠲᠣᠭᠤᠷᠢᠭ ᠤᠨ ᠬᠤᠣᠰ ᠱᠤᠭᠤᠮ ᠤᠲᠠᠰᠤ ᠶᠢ ᠳᠠᠳᠠᠨ᠂ ᠵᠠᠮ᠂ ᠤᠰᠤ ᠬᠠᠩᠭᠠᠬᠤ᠂ ᠢᠯᠴᠢ ᠬᠠᠩᠭᠠᠬᠤ᠂ ᠪᠣᠬᠢᠷ ᠤᠰᠤ ᠪᠠ ᠬᠤᠭ ᠨᠣᠪᠰᠢ ᠶᠢ ᠰᠢᠶ᠋ᠳᠪᠦᠷᠢᠯᠡᠬᠦ ᠵᠡᠷᠭᠡ ᠶᠢᠨ ᠰᠠᠭᠤᠷᠢ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠪᠠ ᠦᠢᠯᠡᠴᠢᠯᠡᠭᠡᠨ  ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠳᠡᠭᠡᠳᠦ ᠰᠢᠨ᠎ᠡ ᠮᠡᠷᠭᠡᠵᠢᠯ ᠤᠨ ᠦᠢᠯᠡᠰ ᠤᠨ ᠨᠡᠭᠡᠭᠡᠯᠲᠡ ᠶᠢᠨ ᠤᠷᠤᠨ ᠢ ᠪᠠᠶᠢᠭᠤᠯᠤᠨ᠎ᠠ᠃      ︵ᠬᠤᠶᠠᠷ︶  ᠤᠳᠤᠬᠢᠴᠢᠯᠠᠬᠰᠠᠨ ᠲᠠᠷᠢᠶᠠᠯᠠᠩ ᠤᠨ ᠬᠥᠭᠵᠢᠯᠲᠡ ᠶᠢᠨ ᠠᠯᠬᠤᠴᠠ ᠶᠢ ᠲᠦᠷᠭᠡᠳᠭᠡᠨ᠎ᠡ     ᠮᠠᠯ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠲᠦᠷᠭᠡᠪᠴᠢᠯᠡᠨ ᠪᠤᠶᠢᠵᠢᠭᠤᠯᠵᠤ᠂ ᠬᠥᠳᠡᠭᠡ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ᠂ ᠬᠥᠳᠡᠭᠡ ᠲᠣᠰᠬᠤᠨ ᠤ ᠴᠡᠴᠡᠭᠯᠡᠯᠲᠡ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃     ᠬᠡᠪᠴᠢᠶᠡᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠰᠢᠨ᠎ᠡ ᠲᠦᠷᠦᠯ ᠵᠦᠢᠯ ᠰᠢᠨ᠎ᠡ ᠲᠧᠭᠨᠢᠭ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠰᠠᠶᠢᠵᠢᠷᠠᠭᠤᠯᠤᠨ᠂ ᠠᠮᠤ ᠪᠤᠳᠠᠭᠠᠨ ᠤ ᠭᠠᠷᠤᠯᠲᠠ  ᠶᠢ15 ᠳ᠋ᠥᠩᠰᠢᠭᠤᠷ ᠵᠢᠩ ᠠᠴᠠ ᠳᠡᠭᠡᠭᠰᠢ ᠲᠣᠭᠲᠠᠭᠤᠨ ᠪᠠᠶᠢᠯᠭᠠᠨ᠎ᠠ᠃ ︽ᠬᠤᠶᠠᠷ ᠳᠡᠭᠡᠳᠦ ᠬᠢᠵᠠᠭᠠᠷ  ᠪᠠᠶᠢᠭᠤᠯᠬᠤ ᠦᠭᠡᠢ︾ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠬᠥᠳᠡᠭᠡ ᠠᠵᠤ ᠠᠬᠤᠶ ᠶᠢᠨ ᠦᠢᠯᠡᠳᠪᠦᠷᠢᠯᠡᠯ ᠤᠨ ᠪᠠᠷᠢᠮᠵᠢᠶ᠎ᠠ ᠶᠢ ᠴᠢᠩᠭ᠎ᠠ ᠪᠠᠶᠢᠭᠤᠯᠵᠤ᠂ ᠵᠢᠯ ᠪᠦᠷᠢ ᠪᠡᠯᠡᠳᠬᠡᠮᠵᠢᠳᠦ ᠲᠠᠷᠢᠶᠠᠯᠠᠩ ᠢ 5 ᠲᠦᠮᠡᠨ ᠮᠥ᠂ ᠠᠵᠤ ᠠᠬᠤᠶ ᠵᠢᠮᠢᠰ ᠤᠨ ᠤᠢ ᠶᠢ 2 ᠲᠦᠮᠡᠨ ᠮᠦ᠂ ᠣᠨᠴᠠᠯᠢᠭ ᠪᠦᠬᠦᠢ ᠲᠡᠷᠢᠮᠡᠯ ᠢ 2000 ᠮᠦ᠂ ᠰᠢᠨ᠎ᠡ ᠪᠠᠷ ᠨᠡᠮᠡᠭᠳᠡᠭᠦᠯᠦᠨ᠎ᠡ᠂ ᠲᠦᠮᠡᠨ ᠮᠦ ᠨᠡᠷᠡᠨ ᠤ ᠭᠡᠷᠡᠯ ᠤᠨ ᠬᠦᠯᠡᠮᠵᠢ ᠶᠢᠨ ᠬᠦᠷᠢᠶᠡᠯᠡᠩ ᠲᠣᠭᠤᠷᠢᠭ ᠢ 4 ᠪᠠᠶᠢᠭᠤᠯᠤᠨ᠂ ᠢᠮᠠᠭᠠᠲᠤ ᠶᠢᠨ ᠭᠤᠣᠯ᠂ ᠬᠥᠨᠳᠡᠯᠡᠨ ᠭᠤᠣᠯ᠂ ᠬᠤᠷᠬᠤᠭ ᠭᠤᠣᠯ᠂ ᠷᠠᠰᠢᠶᠠᠨ ᠭᠤᠣᠯ᠂ ᠣᠯᠠᠭᠠᠨᠬᠠᠲᠠ ᠠᠴᠠ ᠯᠢᠩᠶᠤᠸᠠᠨ ᠬᠦᠷᠬᠦ‍ ᠨᠢᠭᠡ ᠲᠡᠰ ᠤᠨ ᠵᠠᠮ 5 ᠵᠤᠷᠪᠤᠰ ᠤᠢ ᠰᠢᠭᠤᠶ ᠵᠢᠮᠢᠰ ᠤᠨ ᠠᠵᠤ ᠦᠢᠯᠡᠰ ᠤᠨ ᠪᠦᠰᠡ ᠪᠠ ᠪᠠ ᠰᠦ ᠲᠠᠢ᠂ ᠴᠤᠪᠠ ᠶᠢᠨ ᠭᠤᠤ᠂ ᠰᠣᠩᠭᠢᠨ᠎ᠠ ᠶᠢᠨ ᠭᠤᠤ᠂ ᠵᠢᠶ ᠭᠤᠸᠠᠨ ᠱᠠᠨ᠂ ᠱᠤᠸᠠᠩ ᠮᠢᠶᠣᠣ ᠯᠦᠩ ᠲᠠᠨ 5 ᠲᠦᠮᠡᠨ ᠮᠦ ᠰᠠᠪᠠ ᠭᠠᠵᠠᠷ ᠤᠨ ᠤᠢ ᠰᠢᠭᠤᠶ ᠵᠢᠮᠢᠰ ᠤᠨ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃ ᠲᠡᠵᠢᠭᠡᠵᠦ ᠪᠠᠶᠢᠭ᠎ᠠ ᠭᠡᠷ ᠤᠨ ᠲᠡᠵᠢᠭᠡᠪᠦᠷᠢ ᠶᠢ 200 ᠲᠥᠮᠡ᠂ ᠢᠳᠡᠰᠢᠨ ᠤ ᠨᠤᠭᠤᠰᠤ  ᠶᠢ1000 ᠲᠥᠮᠡ ᠰᠢᠨ᠎ᠡ ᠪᠠᠷ ᠨᠡᠮᠡᠭᠳᠡᠭᠦᠯᠵᠦ᠂ 100 ᠲᠥᠮᠡᠨ ᠠᠮᠢᠳᠤ ᠭᠠᠭ᠋ᠠᠶ᠂ 60 ᠲᠥᠮᠡᠨ ᠢᠳᠡᠰᠢᠨ ᠦᠬᠡᠷ ᠂ 60 ᠲᠥᠮᠡᠨ ᠠᠯᠠᠰᠢᠨ ᠬᠤᠨᠢ᠂ 30 ᠲᠥᠮᠡᠨ ᠢᠳᠡᠰᠢᠨ ᠡᠯᠵᠢᠭᠡ ᠶᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠ ᠪᠦᠬᠦ ᠤᠯᠤᠰ ᠤᠨ ᠬᠠᠮᠤᠭ ᠤᠨ ᠶᠡᠭᠡ  ᠪᠠᠷᠢᠮᠵᠢᠭᠤᠯᠤᠬᠰᠠᠨ ᠢᠳᠡᠰᠢᠨ ᠤ ᠨᠤᠭᠤᠰᠤ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃    ᠠᠵᠤ ᠦᠢᠯᠡᠰᠵᠢᠯᠲᠡ ᠶᠢᠨ ᠬᠥᠭᠵᠢᠯᠲᠡ ᠶᠢ ᠲᠦᠷᠭᠡᠳᠭᠡᠨ᠎ᠡ᠃ ᠬᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠡᠷᠢᠶ᠎ᠠ ᠴᠡᠴᠡᠷᠯᠢᠭ ᠢ ᠶᠡᠷᠦᠩᠬᠡᠶᠢᠯᠡᠭᠰᠡᠨ ᠴᠤᠬᠴᠠ ᠵᠡᠷᠭᠡ ᠪᠠᠷ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠶᠡᠭᠡ ᠪᠠᠷ ᠪᠤᠶᠢᠵᠢᠭᠤᠯᠵᠤ᠂ ᠭᠠᠵᠠᠷ ᠰᠢᠷᠣᠶ ᠶᠢᠨ ᠡᠬᠢ ᠪᠠᠶᠠᠯᠢᠭ ᠢᠶᠠᠨ ᠠᠮᠢᠳᠤᠯᠢᠭ ᠢᠶᠠᠷ ᠠᠰᠢᠭᠯᠠᠵᠤ ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ ᠲᠠᠭᠠᠭᠤᠯᠤᠭᠴᠢ ᠠᠵᠤ ᠠᠬᠤᠶᠢᠯᠠᠯ ᠢ 15 ᠡᠷᠦᠬᠡ ᠰᠢᠨ᠎ᠡ ᠪᠠᠷ ᠨᠡᠮᠡᠭᠳᠡᠭᠦᠯᠵᠦ᠂  ᠲᠠᠷᠢᠶᠠᠴᠢᠳ ᠤᠨ ᠲᠤᠰᠬᠠᠶ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ 400 ᠡᠷᠦᠬᠡ ᠵᠢᠷᠤᠮᠵᠢᠭᠤᠯᠤᠨ ᠬᠥᠭᠵᠢᠭᠦᠯᠵᠦ᠂ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠤᠬᠠᠶ ᠶᠢᠨ ᠭᠠᠵᠠᠷ ᠲᠤᠨᠢ ᠪᠣᠯᠪᠠᠰᠤᠷᠠᠭᠤᠯᠤᠨ ᠬᠤᠪᠢᠷᠠᠭᠤᠯᠬᠤ ᠨᠤᠷᠮ᠎ᠠ᠂ ᠬᠠᠮᠲᠤᠷᠠᠨ ᠠᠵᠢᠯᠯᠠᠬᠤ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠶᠢᠨ ᠨᠤᠷᠮ᠎ᠠ ᠶᠢ ᠲᠤᠰ ᠲᠤᠰ 67 % ᠪᠣᠯᠤᠨ 75 % ᠲᠤ ᠬᠦᠷᠭᠡᠨ᠎ᠡ᠂ ᠠᠵᠤ ᠦᠢᠯᠡᠰᠵᠢᠭᠰᠡᠨ ᠡᠵᠡᠩᠨᠡᠯᠲᠡ ᠶᠢᠨ ᠲᠠᠷᠢᠶᠠᠴᠢᠨ ᠡᠷᠦᠬᠡ 14 ᠲᠥᠮᠡᠨ ᠡᠷᠦᠬᠡ ᠶᠢ ᠲᠡᠪᠠᠭᠤᠯᠵᠦ᠂ ᠠᠵᠤ ᠦᠢᠯᠡᠰᠵᠢᠭᠰᠡᠨ ᠡᠵᠡᠩᠨᠡᠯᠲᠡ ᠶᠢᠨ ᠣᠷᠣᠯᠭ᠎ᠠ ᠨᠢ ᠲᠠᠷᠢᠶᠠᠴᠢᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 65 % ᠠᠴᠠ ᠳᠡᠭᠡᠭᠰᠢ ᠶᠢ ᠡᠵᠡᠯᠡᠭᠦᠯᠥᠨ᠎ᠡ᠃ ︽ ᠭᠤᠷᠪᠠᠨ ᠲᠠᠸᠠᠷ ᠨᠢᠭᠡ ᠲᠡᠮᠳᠡᠭ︾ ᠤᠨ ᠭᠡᠷᠡᠴᠢᠯᠠᠯ ᠢ ᠭᠦᠨᠵᠡᠭᠡᠶᠢᠷᠡᠭᠦᠯᠦᠨ ᠳᠥᠯᠭᠢᠨ ᠠᠬᠢᠭᠤᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠤᠯᠠᠨ ᠨᠡᠶᠢᠲᠡ ᠶᠢᠨ ᠲᠦᠷᠦᠯ ᠲᠡᠮᠳᠡᠭ ᠢ ᠡᠭᠦᠳᠦᠨ ᠪᠠᠶᠢᠭᠤᠯᠤᠨ᠂ ᠵᠠᠬ᠎ᠠ ᠳᠡᠯᠭᠡᠭᠦᠷ ᠲᠠᠬᠢ ᠡᠵᠡᠯᠡᠬᠦ ᠨᠤᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠠᠷᠤᠯᠲᠠ ᠶᠢᠨ ᠣᠷᠣᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠪᠣᠷᠣᠯᠠᠭᠤᠯᠬᠤ ᠲᠥᠪ᠂ ᠬᠠᠶ ᠡᠯ ᠶᠦᠨ ᠴᠦ ᠵᠡᠷᠭᠡ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠤᠮᠠᠷᠠᠲᠤ ᠣᠷᠣᠨ ᠤ ᠥᠨᠳᠦᠷᠯᠢᠭ ᠬᠦᠢᠳᠡᠨ ᠭᠠᠵᠠᠷ ᠤᠨ ᠤᠯᠠᠷᠢᠯ ᠰᠥᠷᠬᠦ ᠨᠣᠭᠤᠭᠠᠨ ᠢᠳᠡᠰᠢᠨ ᠨᠣᠭᠤᠭ᠎ᠠ ᠬᠠᠩᠭᠠᠬᠤ ᠰᠠᠭᠤᠷᠢᠨ ᠭᠠᠵᠠᠷ ᠢ ᠪᠤᠢ ᠪᠤᠯᠭᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠥᠪᠰᠢᠨ ᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠵᠤ᠂ ᠣᠷᠣᠭᠤᠯᠤᠯᠲᠠ ᠶᠢᠨ ᠵᠦᠢᠯ ᠪᠠ ᠦᠢᠯᠡᠳᠪᠦᠷᠢᠯᠡᠵᠦ ᠭᠠᠷᠭᠠᠬᠤ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠶᠢᠨ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠦᠢᠯᠡᠳᠪᠦᠷᠢᠯᠡᠬᠦ ᠭᠤᠭᠴᠤᠭ᠎ᠠ ᠠᠴᠠ ᠡᠬᠢᠯᠡᠭᠡᠳ ᠪᠣᠷᠣᠯᠠᠭᠤᠯᠤᠨ ᠬᠤᠳᠠᠯᠳᠤᠬᠤ ᠡᠴᠦᠰ ᠤᠨ ᠴᠡᠭ ᠬᠦᠷᠲᠡᠯᠡᠬᠢ ᠪᠦᠬᠦ ᠶᠠᠪᠤᠴᠠ ᠶᠢ ᠮᠦᠷᠲᠡᠭᠦ ᠶᠢ ᠪᠡᠶᠡᠯᠡᠬᠦᠯᠦᠨ᠎ᠡ᠃     ᠦᠷᠭᠦᠯᠵᠢᠯᠡᠨ ᠬᠥᠭᠵᠢᠭᠦᠯᠬᠦ ᠶᠢ ᠬᠦᠴᠦᠯᠡᠨ ᠲᠦᠯᠬᠢᠨ ᠠᠬᠢᠭᠤᠯᠤᠨ᠎ᠠ᠃ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠪᠡᠭᠡᠵᠢᠩ ᠲᠢᠶᠠᠨᠵᠢᠨ ᠤ ᠰᠠᠯᠬᠢ ᠲᠣᠭᠤᠰᠣᠨ ᠤ ᠡᠬᠢ ᠰᠤᠷᠪᠤᠯᠵᠢ ᠶᠢ ᠵᠠᠰᠠᠬᠤ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠵᠡᠷᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠤᠢ ᠰᠢᠭᠤᠶ ᠶᠢᠨ ᠪᠦᠷᠬᠦᠴᠡ ᠶᠢᠨ ᠨᠤᠷᠮ᠎ᠠ ᠶᠢ 50 % ᠲᠤ ᠬᠦᠷᠭᠡᠨ᠎ᠡ᠃ ᠳ᠋ᠠ ᠬᠡᠦ ᠱᠢ ᠤᠰᠤ ᠬᠠᠩᠭᠠᠬᠤ ᠢᠨᠵᠧᠨᠧᠷᠢᠩ ᠢ ᠲᠦᠯᠬᠢᠨ ᠠᠬᠢᠭᠤᠯᠤᠨ᠂ ᠪᠠᠷᠠᠭᠤᠨᠳᠠᠬᠢ ᠤᠰᠤ ᠶᠢ ᠵᠡᠭᠦᠨᠰᠢ ᠳᠠᠮᠵᠢᠭᠤᠯᠬᠤ ᠶᠢ ᠪᠡᠶᠡᠯᠡᠭᠦᠯᠦᠨ᠂ ᠲᠢᠶᠠᠨ ᠢ ᠲᠣᠭᠤᠷᠢᠭ ᠪᠠ ᠭᠤᠣᠯᠳᠠᠯᠭ᠎ᠠ ᠲᠠᠢ ᠬᠤᠲᠠ ᠪᠠᠯᠭᠠᠰᠤᠨ ᠤ ᠤᠰᠤᠨ ᠤ ᠠᠮᠢ ᠠᠬᠤᠶ ᠶᠢᠨ ᠰᠢᠰᠲ᠋ᠧᠮ ᠢ ᠪᠠᠶᠢᠭᠤᠯᠤᠨ᠎ᠠ᠃ ᠯᠤᠤᠬ᠎ᠠ ᠶᠢᠨ ᠭᠤᠣᠯ ᠤᠨ ᠦᠶᠡᠷ ᠢ ᠰᠡᠷᠭᠡᠶᠢᠯᠡᠨ ᠵᠠᠰᠠᠬᠤ᠂ ᠷᠠᠰᠢᠶᠠᠨ ᠭᠤᠤᠯ ᠢ ᠴᠡᠭᠴᠡᠯᠡᠨ ᠵᠠᠰᠠᠬᠤ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠤᠰᠤ ᠶᠢ ᠬᠠᠮᠠᠭᠠᠯᠠᠨ ᠵᠠᠰᠠᠬᠤ ᠲᠡᠯᠡᠪᠡᠢ ᠶᠢ 25.5 ᠲᠥᠮᠡᠨ ᠮᠦ ᠰᠢᠨ᠎ᠡ ᠪᠠᠷ ᠨᠡᠮᠡᠭᠳᠡᠭᠦᠯᠦᠨ᠂  ᠣᠶᠣᠨᠯᠢᠭ ᠪᠥᠭᠡᠳ ᠥᠨᠳᠥᠷ ᠪᠦᠲᠦᠮᠵᠢᠲᠡᠶ ᠤᠰᠤ ᠠᠷᠪᠢᠯᠠᠬᠤ ᠥᠭᠡᠷᠡᠴᠢᠯᠡᠯᠲᠡ ᠶᠢ 15 ᠲᠦᠮᠡᠨ ᠮᠦ ᠪᠡᠶᠡᠯᠡᠭᠦᠯᠦᠨ᠎ᠡ᠃ ᠬᠥᠮᠦᠨ ᠤ ᠤᠤᠭᠤᠬᠤ ᠤᠰᠤᠨ ᠤ ᠢᠨᠵᠧᠨᠧᠷᠢᠩ ᠢ 93 ᠪᠠᠶᠢᠭᠤᠯᠵᠦ᠂ 5.5 ᠲᠥᠮᠡᠨ ᠬᠥᠮᠥᠨ ᠤ ᠤᠰᠤ ᠤᠮᠳᠠ ᠶᠢᠨ ᠠᠮᠤᠷ ᠲᠦᠪᠰᠢᠨ ᠤ ᠠᠰᠠᠭᠤᠳᠠᠯ ᠢ ᠰᠠᠶᠢᠵᠢᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠬᠢᠷᠢ ᠬᠡᠮᠵᠢᠶ᠎ᠡ ᠶᠢ 86 % ᠲᠤ ᠬᠦᠷᠭᠡᠨ᠎ᠡ᠃   ︵ᠭᠤᠷᠪᠠ︶ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠟  ᠣᠷᠣᠨ ᠪᠠᠶᠢᠷᠢ᠂ ᠵᠠᠮ ᠬᠠᠷᠢᠯᠴᠠᠭ᠎ᠠ᠂ ᠠᠵᠤ ᠦᠢᠯᠡᠰ ᠪᠠ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠪᠦᠬᠦ ᠴᠠᠭ ᠦᠶ᠎ᠡ ᠪᠦᠬᠦ ᠤᠯᠠᠷᠢᠯ ᠪᠦᠬᠦ ᠠᠵᠢᠯ ᠲᠥᠷᠥᠯ ᠪᠦᠭᠦ ᠠᠷᠠᠳ ᠪᠦᠬᠦ ᠤᠷᠤᠨ ᠪᠦᠰᠡ ᠶᠢᠨ ᠵᠢᠭᠤᠯᠴᠢᠯᠠᠯ ᠢ ᠲᠦᠷᠭᠡᠳᠬᠡᠵᠦ᠂ ᠤᠳᠤᠬᠢᠴᠢᠯᠠᠬᠰᠠᠨ ᠦᠢᠯᠡᠴᠢᠯᠡᠭᠡᠨ ᠤ ᠦᠢᠯᠡᠰ ᠢ ᠢᠳᠡᠪᠬᠢᠳᠡᠢ ᠬᠦᠭᠵᠢᠬᠦᠯᠦᠨ᠂ ᠭᠤᠷᠪᠠᠳᠤᠭᠠᠷ ᠠᠵᠤ ᠦᠢᠯᠡᠰ ᠤᠨ ᠠᠮᠢᠵᠢᠷᠠᠯ ᠤᠨ ᠬᠦᠴᠦᠨ ᠢ ᠬᠦᠭᠵᠢᠬᠡᠨ᠎ᠡ᠃    ᠪᠦᠭᠦ ᠣᠷᠣᠨ ᠪᠦᠰᠡ ᠶᠢᠨ ᠵᠢᠭᠤᠯᠴᠢᠯᠠᠯ ᠢ ᠲᠦᠷᠭᠡᠳᠭᠡᠨ ᠬᠦᠭᠵᠢᠬᠦᠯᠦᠨ᠎ᠡ᠃ ︽ᠵᠢᠭᠤᠯᠴᠢᠯᠠᠯ ᠤᠨ +︾ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠠᠵᠤ ᠦᠢᠯᠡᠰ᠂ ᠰᠣᠶᠣᠯ᠂ ᠵᠢᠭᠤᠯᠴᠢᠯᠠᠯ ᠤᠨ ᠬᠠᠷᠢᠯᠴᠠᠨ ᠳᠠᠪᠠᠭᠤᠯᠢᠭ ᠪᠣᠯᠬᠤ᠂ ᠬᠠᠷᠢᠯᠴᠠᠨ ᠨᠦᠬᠦᠴᠡᠯ ᠪᠣᠯᠬᠤ᠂ ᠭᠦᠨᠵᠡᠭᠡᠶ ᠨᠡᠶᠢᠯᠡᠯ ᠢ ᠲᠥᠯᠬᠢᠨ ᠠᠬᠢᠭᠤᠯᠵᠤ᠂ ᠵᠢᠭᠤᠯᠴᠢᠯᠠᠯ ᠤᠨ ᠠᠵᠤ ᠦᠢᠯᠡᠰ ᠢ ᠲᠦᠷᠭᠡᠨ ᠲᠡᠰ ᠲᠡᠪᠰᠢᠬᠦᠯᠬᠦ ᠶᠢ ᠲᠠᠶᠢᠴᠢᠯᠠᠨ᠎ᠠ᠃ ᠮᠠᠩᠯᠠᠶ ᠦᠵᠡᠮᠵᠢᠲᠦ ᠣᠷᠣᠨ ᠪᠠ ᠭᠤᠣᠯ ᠦᠵᠡᠮᠵᠢ ᠶᠢᠨ ᠭᠠᠵᠠᠷ ᠢ ᠨᠠᠷᠢᠨ ᠡᠭᠦᠳᠦᠨ᠂ ᠬᠥᠳᠡᠭᠡ ᠲᠣᠰᠬᠤᠨ ᠤ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ︽ᠦᠵᠡᠮᠵᠢᠲᠦ ᠱᠤᠭᠤᠮ︾ ᠵᠡᠷᠭᠡ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠯᠤᠤᠬ᠎ᠠ ᠶᠢᠨ ᠭᠤᠣᠯ ᠯᠢᠶᠤᠤ ᠣᠯᠣᠰ ᠤᠨ ᠲᠤᠮᠳᠠᠳᠦ ᠨᠡᠶᠢᠰᠯᠡᠯ ᠤᠨ ᠵᠢᠭᠤᠯᠴᠢᠯᠠᠯ ᠤᠨ ᠠᠵᠤ ᠦᠢᠯᠡᠰ ᠤᠨ ᠪᠦᠰᠡ ᠪᠣᠯᠤᠨ ᠬᠤᠷᠬᠤᠭ ᠬᠡᠦ ᠯᠦ ᠢᠦᠢ ᠬᠤᠪᠢ ᠶᠢᠨ ᠮᠠᠰᠢᠨ ᠢᠶᠠᠷ ᠵᠤᠭᠠᠴᠠᠬᠤ ᠦᠵᠡᠮᠵᠢ ᠶᠢᠨ ᠱᠤᠭᠤᠮ ᠢᠶᠠᠷ ᠭᠤᠣᠯ ᠰᠢᠵᠢᠮ ᠪᠣᠯᠭᠠᠵᠤ᠂ ᠪᠤᠷᠬᠠᠨᠲᠤ ︵ᠷᠠᠰᠢᠶᠠᠨ︶ ᠣᠨᠴᠠᠯᠢᠭ ᠪᠦᠬᠦᠢ ᠵᠢᠵᠢᠭ ᠪᠠᠯᠭᠠᠰᠤ᠂ ᠬᠤᠷᠬᠤᠭ ᠤᠨ ᠪᠡᠶ᠎ᠡ ᠶᠢᠨ ᠲᠠᠮᠢᠷ ᠤᠨ ᠰᠡᠯᠡᠭᠦᠴᠡᠯ ᠤᠨ ᠵᠢᠵᠢᠭ ᠪᠠᠯᠭᠠᠰᠤ᠂ ᠨᠢᠩᠴᠧᠩ ᠤᠨ ᠪᠠᠷᠠᠭᠤᠨ ᠬᠡᠰᠡᠭ ᠤᠨ  ᠤᠯᠤᠰ ᠤᠨ ᠴᠡᠴᠡᠷᠯᠢᠭ᠂ ᠯᠢᠶᠤᠤ ᠣᠯᠣᠰ ᠤᠨ ᠲᠤᠮᠳᠠᠳᠦ ᠨᠡᠶᠢᠰᠯᠡᠯ ᠤᠨ ᠪᠠᠭᠤᠷᠢ ᠶᠢᠨ ᠴᠡᠴᠡᠷᠯᠢᠭ ᠢᠶᠠᠷ ᠲᠤᠯᠭᠠᠭᠤᠷᠢ ᠪᠣᠯᠭᠠᠵᠤ᠂ ᠬᠥᠳᠡᠭᠡ ᠲᠣᠰᠬᠤᠨ ᠤ ᠵᠢᠭᠤᠯᠴᠢᠯᠠᠯ ᠢᠶᠠᠷ ᠨᠥᠬᠦᠪᠥᠷᠢ ᠪᠣᠯᠭᠠᠭᠰᠠᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠶᠡᠭᠡ ᠪᠠᠶᠢᠷᠢᠰᠢᠯ ᠢ ᠪᠤᠶ ᠪᠣᠯᠭᠠᠵᠤ᠂ ᠪᠡᠭᠡᠵᠢᠩ ᠲᠢᠶᠠᠨᠵᠢᠨ ᠾᠧᠪᠸᠢ ᠶᠢᠨ ᠵᠣᠴᠢᠳ ᠤᠨ ᠰᠤᠷᠪᠤᠯᠵᠢ ᠨᠢ ᠤᠬᠳᠣᠬᠤ ᠲᠦᠷᠦᠭᠦᠨ ᠤ  ᠦᠷᠲᠡᠭᠡ ᠶᠢ ᠪᠠᠶᠢᠭᠤᠯᠤᠨ᠎ᠠ᠃ ᠤᠬᠠᠭᠤᠯᠭ᠎ᠠ ᠪᠤᠷᠤᠯᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠲᠠᠪᠤᠨ ᠬᠠᠭᠤᠳᠠᠰᠦ ᠵᠢᠭᠤᠯᠴᠢᠯᠠᠯ ᠤᠨ ︽ᠨᠡᠷ᠎ᠡ ᠶᠢᠨ ᠬᠠᠭᠤᠳᠠᠰᠤ ︾ ᠪᠠ ᠲᠠᠪᠤᠳᠤᠭᠠᠷ ᠵᠤᠷᠪᠤᠰ ᠰᠣᠳᠣᠨ ᠵᠠᠮ ᠱᠤᠭᠤᠮ ᠢ ᠲᠠᠨᠢᠯᠴᠠᠭᠤᠯᠤᠨ᠂ ᠪᠠᠶᠠᠷ ᠳᠤᠷᠠᠰᠬᠠᠯ ᠤᠨ ᠠᠵᠢᠯᠯᠠᠭ᠎ᠠ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠥᠷᠥᠯ ᠲᠡᠮᠳᠡᠭ ᠢ ᠪᠤᠶᠢᠵᠢᠭᠤᠯᠤᠨ᠎ᠠ᠃ ᠰᠣᠶᠣᠯ ᠤᠨ ᠵᠢᠭᠤᠯᠴᠢᠯᠠᠯ ᠤᠨ ᠪᠠᠶᠢᠭᠤᠯᠤᠯ ᠲᠣᠭᠲᠠᠴᠠ ᠰᠢᠨ᠎ᠡ ᠶᠢ ᠡᠭᠦᠳᠦᠨ᠂ ᠵᠢᠭᠤᠯᠴᠢᠯᠠᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠦ᠂ ᠤᠶᠤᠨᠯᠢᠭ ᠵᠢᠭᠤᠯᠴᠢᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ 2022 ᠣᠨ ᠪᠣᠯᠬᠤ ᠳᠤ᠂ ᠵᠢᠯ ᠳᠤ ᠵᠢᠭᠤᠯᠴᠢᠯᠠᠭᠴᠢᠳ ᠢ ᠬᠥᠯᠢᠶᠡᠨ ᠠᠪᠬᠤ ᠲᠤᠭ᠎ᠠ 300 ᠲᠦᠮᠡᠨ ᠬᠥᠮᠦᠨ ᠤᠳᠠᠭ᠎ᠠ ᠶᠢ ᠲᠠᠪᠠᠭᠤᠯᠤᠨ᠂ ᠶᠡᠷᠦᠩᠬᠡᠶ ᠣᠷᠣᠯᠭ᠎ᠠ 45 ᠳ᠋ᠦᠩᠰᠢᠭᠤᠷ ᠲᠥᠭᠦᠷᠢᠭ ᠲᠤ ᠬᠦᠷᠬᠡᠨ᠂ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠢᠶᠠᠨ ᠤ ᠡᠩᠨᠡᠭᠡᠨ ᠳᠤ ᠤᠷᠤᠭᠤᠯᠤᠨ᠎ᠠ᠃     ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠢ ᠶᠡᠬᠡᠪᠡᠷ ᠬᠦᠭᠵᠢᠬᠦᠯᠦᠨ᠎ᠡ᠃ ᠵᠧᠩ ᠵᠢᠢ ᠪᠦᠷᠢᠨ ᠪᠠᠷᠠᠭᠠᠲᠤ ᠪᠠᠷ ᠭᠤᠣᠯᠳᠠᠯᠭ᠎ᠠ ᠪᠣᠯᠭᠠᠨ᠂ ᠮᠥᠩᠭᠦᠨ ᠭᠦᠢᠯᠭᠡᠭᠡᠨ ᠤ ᠵᠡᠭᠡᠯᠢ ᠶᠢᠨ ᠡᠷᠬᠢᠨ ᠲᠣᠭᠤᠷᠢᠨ ᠤ ᠬᠤᠳᠠᠯᠳᠤᠭ᠎ᠠ  ᠶᠢ ᠨᠡᠭᠡᠭᠡᠨ ᠬᠥᠭᠵᠢᠭᠦᠯᠬᠦ ᠶᠢ  ᠲᠦᠷᠭᠡᠪᠴᠢᠯᠡᠨ ᠠᠬᠢᠭᠤᠯᠵᠤ᠂ ᠵᠧᠩ ᠵᠢᠢ ᠰᠢᠨ᠎ᠡ ᠴᠠᠭ ᠡᠷᠡᠨ ᠠᠭᠤᠳᠠᠮ ᠲᠠᠯᠠᠪᠠᠢ  ᠶᠢ ᠪᠠᠶᠢᠭᠤᠯᠵᠦ᠂ ᠲᠡᠮᠤᠷ ᠵᠠᠮ ᠤᠨ ᠪᠠᠷᠠᠭᠤᠨᠳᠡᠬᠢ ᠬᠤᠳᠠᠯᠳᠤᠭᠠᠨ ᠤ ᠲᠣᠭᠤᠷᠢᠭ ᠢ ᠡᠭᠦᠳᠦᠨ᠎ᠡ᠃ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠲᠦᠰᠢᠭᠯᠡᠨ᠂ ᠢ ᠴᠢ ᠳ᠋ᠠ ᠵᠦᠩ 4 S ᠳᠡᠯᠭᠡᠭᠦᠷ᠂ ᠣᠣ ᠨᠥᠩ ᠪᠠᠷᠠᠭᠠᠨ ᠤ ᠭᠦᠢᠯᠭᠡᠭᠡ ᠵᠡᠷᠭᠡ ᠠᠵᠤ ᠠᠬᠤᠶᠢᠯᠠᠯ ᠢᠶᠠᠷ ᠬᠥᠲᠥᠯᠥᠨ ᠳᠠᠭᠠᠭᠤᠯᠵᠤ᠂ ᠨᠢᠩ ᠯᠢᠦᠢ ᠮᠠᠰᠢᠨ ᠤ ᠠᠷᠠᠯᠵᠢᠶ᠎ᠠ ᠂ ᠲᠤᠰᠬᠤᠨ ᠪᠠᠯᠭᠠᠰᠤᠨ ᠳᠤ ᠨᠡᠪᠲᠡᠷᠡᠭᠦᠯᠬᠦ᠂ ᠬᠤᠩ ᠹᠧᠩ ᠲᠠᠷᠢᠶᠠᠯᠠᠩ ᠤᠨ ᠠᠷᠠᠯᠵᠢᠶ᠎ᠠ ᠵᠡᠷᠭᠡ ᠲᠦᠷᠦᠯ ᠵᠦᠢᠯ ᠢ ᠪᠠᠶᠢᠭᠤᠯᠤᠨ᠎ᠠ᠂ ᠮᠠᠰᠢᠨ ᠲᠡᠷᠭᠡ ᠪᠣᠷᠣᠯᠠᠭᠤᠯᠬᠤ ᠲᠥᠪᠯᠡᠷᠡᠭᠰᠡᠨ ᠣᠷᠣᠨ ᠪᠣᠯᠤᠨ ᠦᠢᠯᠡᠳᠪᠦᠷᠢᠯᠡᠯ ᠤᠨ ᠬᠡᠷᠡᠭᠰᠡᠯ ᠲᠣᠬᠢᠷᠠᠭᠤᠯᠤᠨ ᠬᠦᠷᠭᠡᠬᠦ ᠲᠥᠪᠯᠡᠷᠡᠭᠰᠡᠨ ᠣᠷᠣᠨ ᠢ ᠪᠠᠶᠢᠭᠤᠯᠤᠨ᠎ᠠ᠃ ᠶᠦᠩ ᠱᠧᠩ ᠬᠤᠳᠠᠯᠳᠤᠭᠠᠨ ᠤ ᠶᠠᠪᠤᠳᠠᠯ ᠢᠶᠠᠷ ᠲᠦᠷᠦᠭᠦᠯᠡᠭᠦᠯᠵᠦ᠂ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠤᠷᠤᠭᠤᠯᠤᠬᠰᠠᠨ ᠵᠢᠱᠢᠶ᠎ᠡ ᠦᠵᠡᠭᠦᠯᠬᠦ ᠰᠢᠶᠠᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠤᠶᠢᠯᠡᠰ ᠤᠨ ᠬᠦᠷᠢᠶᠡᠯᠡᠩ ᠢ ᠲᠥᠯᠥᠪᠵᠢᠭᠦᠯᠦᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠪᠣᠯᠤᠨ ᠪᠠᠷᠠᠭᠠᠨ ᠤ ᠭᠦᠢᠯᠭᠡᠭᠡᠨ ᠤ ᠬᠤᠪᠢᠶᠠᠨ ᠢᠯᠭᠠᠬᠤ ᠲᠥᠪ ᠢ ᠪᠠᠶᠢᠭᠤᠯᠤᠨ᠂ ᠡᠯᠧᠺᠲᠷᠣᠨ ᠬᠤᠳᠠᠯᠳᠤᠭ᠎ᠠ ᠲᠥᠪᠯᠡᠷᠡᠭᠰᠡᠨ ᠣᠷᠣᠨ ᠢ ᠪᠠᠶᠢᠭᠤᠯᠤᠨ᠎ᠠ᠃    ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠬᠥᠭᠵᠢᠭᠦᠯᠦᠨ᠎ᠡ᠃ ᠨᠠᠰᠤᠲᠠᠨ ᠢ ᠠᠰᠠᠷᠠᠬᠤ ᠬᠦᠷᠢᠶᠡᠯᠡᠩ᠂ ᠥᠲᠡᠭᠦᠰ ᠤᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ᠂ ᠨᠡᠶᠢᠭᠡᠮ ᠲᠣᠭᠤᠷᠢᠭ ᠤᠨ ᠡᠳᠦᠷ ᠲᠣᠲᠣᠮ ᠤᠨ  ᠬᠠᠷᠠᠭᠠᠯᠵᠠᠬᠤ ᠲᠥᠪ ᠤᠨ ᠪᠥᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠡᠷᠬᠢᠯᠡᠬᠦ ᠶᠢ ᠵᠣᠷᠢᠭᠵᠢᠭᠤᠯᠤᠨ᠂ ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠬᠤ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠭᠡᠷ ᠲᠤᠨᠢ ᠠᠰᠠᠷᠠᠮᠵᠢ ᠬᠦᠷᠲᠡᠭᠡᠬᠦ ᠤᠶᠢᠯᠡᠴᠢᠯᠡᠭᠡᠨ ᠤ ᠭᠢᠨᠵᠢ ᠶᠢ ᠤᠷᠲᠤᠳᠬᠠᠨ᠂ ᠡᠷᠡᠭᠦᠯ ᠮᠠᠨᠳᠦ ᠰᠤᠪᠢᠯᠠᠯᠲᠠ   ᠲᠠᠢ ᠨᠢᠩᠴᠧᠩ ᠢ ᠪᠠᠶᠢᠭᠤᠯᠤᠨ᠎ᠠ᠃ ᠤᠳᠤ ᠦᠶ᠎ᠡ ᠶᠢᠨ ᠬᠡᠷᠡᠭᠯᠡᠭᠡᠨ ᠤ ᠬᠡᠷᠡᠭᠴᠡᠭᠡ ᠶᠢᠨ ᠬᠠᠯᠠᠭᠤᠨ ᠴᠡᠭ ᠢ ᠪᠤᠳᠤᠯᠬᠢᠯᠠᠵᠦ᠂ ᠮᠡᠳᠡᠭᠡ ᠵᠠᠩᠭᠢ  ᠶᠢᠨ ᠯᠠᠪᠯᠠᠯᠭ᠎ᠠ᠂ ᠰᠣᠶᠣᠯ ᠤᠨ ᠵᠤᠭ᠎ᠠ ᠵᠢᠴᠢ ᠪᠠᠭᠯᠠᠭ᠎ᠠ ᠪᠣᠭᠤᠳᠠᠯ ᠤᠨ ᠵᠢᠷᠤᠭ ᠲᠥᠯᠥᠪᠯᠡᠭᠡ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ︽ᠢᠨᠲ᠋ᠧᠷ ᠰᠦᠯᠵᠢᠶ᠎ᠡ +︾ ᠵᠡᠷᠭᠡ ᠤᠯᠠᠨ ᠵᠦᠢᠯ ᠤᠨ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠵᠤ᠂ ᠰᠢᠨ᠎ᠡ ᠠᠵᠦ ᠠᠬᠤᠢ ᠶᠢᠨ ᠨᠡᠮᠡᠭᠳᠡᠯ ᠤᠨ ᠴᠡᠭ ᠢ ᠪᠤᠶ  ᠪᠣᠯᠭᠠᠨ᠎ᠠ᠃ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠬᠦᠯᠦᠨ᠂ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠶ ᠶᠢᠨ ᠴᠢᠳᠠᠪᠤᠷᠢ ᠶᠢ ᠨᠡᠮᠡᠭᠳᠡᠬᠦᠯᠦᠨ᠂ ᠮᠥᠩᠭᠦᠨ ᠭᠦᠢᠯᠭᠡᠭᠡᠨ ᠤ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ ᠶᠢ 260 ᠳ᠋ᠥᠩᠰᠢᠭᠤᠷ ᠲᠥᠭᠦᠷᠢᠭ ᠲᠤ ᠬᠦᠷᠭᠡᠨ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 136 ᠳ᠋ᠥᠩᠰᠢᠭᠤᠷ ᠲᠥᠭᠦᠷᠢᠭ ᠲᠤ ᠬᠦᠷᠭᠡᠨ᠎ᠡ᠃   ᠬᠤᠶᠠᠷ᠂ ᠬᠤᠳᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠳᠠ ᠬᠥᠳᠡᠭᠡ ᠶᠢᠨ ᠰᠢᠨ᠎ᠡ ᠬᠦᠴᠦᠨ ᠢ ᠳᠡᠭᠡᠭᠰᠢᠯᠡᠭᠦᠯᠦᠨ᠎ᠡ   ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠪᠴᠢᠯᠡᠨ ᠨᠥᠬᠦᠪᠥᠷᠢᠯᠡᠬᠦ᠂ ᠬᠤᠳᠠ ᠬᠥᠳᠡᠭᠡ ᠶᠢᠨ ᠨᠢᠭᠡ ᠴᠤᠭᠴᠠᠵᠢᠭᠤᠯᠤᠯᠳᠡ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠶᠢ ᠪᠦᠬᠦ ᠬᠦᠴᠦ ᠪᠠᠷ ᠢᠶᠠᠨ ᠠᠬᠢᠭᠤᠯᠵᠤ᠂ ᠪᠥᠬᠦ ᠤᠯᠤᠰ ᠤᠨ ᠪᠣᠯᠪᠠᠰᠤᠨ ᠰᠢᠶᠠᠨ ᠤ ᠬᠤᠲᠠ ᠶᠢ ᠪᠠᠶᠢᠭᠤᠯᠤᠨ᠎ᠠ᠃    ︵ᠨᠢᠭᠡ︶  ᠤᠳᠤᠬᠢᠴᠢᠯᠠᠬᠰᠠᠨ ᠬᠤᠲᠠ ᠶᠢ ᠪᠥᠳᠥᠭᠡᠨ ᠪᠠᠶᠢᠭᠤᠯᠤᠨ᠎ᠠ   ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠲᠠ ᠶᠢᠨ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠶᠢ ᠪᠡᠶᠡᠯᠡᠭᠦᠯᠦᠨ᠎ᠡ᠃ ᠬᠤᠳᠠ ᠶᠢᠨ ᠪᠣᠷᠣ ᠲᠥᠯᠥᠪ ᠢ ᠦᠷᠭᠦᠯᠵᠢᠯᠡᠨ ᠲᠠᠲᠠᠵᠤ᠂ ᠳᠡᠭᠡᠳᠦ ᠬᠤᠷᠳᠤᠴᠠᠲᠤ ᠳᠡᠮᠦᠷ ᠵᠠᠮ ᠪᠠ ᠪᠠᠶᠢᠰᠢᠩᠲᠤ ᠤᠯᠠᠭᠠᠨᠬᠠᠳᠠ ᠶᠢᠨ ᠳᠡᠮᠦᠷ ᠵᠠᠮ ᠢ ᠥᠭᠡᠷᠡᠴᠢᠯᠡᠬᠦ  ᠲᠠᠢ ᠤᠶᠠᠯᠳᠤᠭᠤᠯᠤᠨ᠂ ᠯᠤᠤᠬ᠎ᠠ ᠶᠢᠨ ᠭᠤᠣᠯ ᠵᠡᠭᠡᠯᠢ᠂ ᠱᠤᠸᠠᠩ ᠶᠢᠩ ᠵᠡᠭᠡᠯᠢ᠂ ᠬᠥᠨᠳᠡᠯᠡᠨ ᠵᠡᠭᠡᠯᠢ᠂ ᠳ᠋ᠠ ᠮᠢᠩ ᠵᠡᠭᠡᠯᠢ᠂ ᠰᠠᠷᠠᠨ᠎ᠠ ᠵᠡᠭᠡᠯᠢ 5 ᠵᠠᠰᠠᠮᠠᠯ ᠵᠠᠮ ᠲᠡᠮᠦᠷ ᠵᠠᠮ ᠤᠨ ᠠᠭᠤᠯᠵᠠᠷ ᠵᠠᠮ ᠤᠨ ᠪᠣᠰᠤᠭ᠎ᠠ ᠬᠥᠭᠦᠷᠭᠡ ᠶᠢ ᠰᠢᠨ᠎ᠡ ᠪᠠᠷ ᠪᠠᠶᠢᠭᠤᠯᠵᠤ᠂ ᠵᠡᠭᠡᠯᠢ ᠶᠢᠨ ᠵᠠᠮ ᠢ 29 ᠵᠤᠷᠪᠤᠰ᠂ 33.9 ᠺᠢᠯᠣᠮᠧᠲᠷ ᠰᠢᠨ᠎ᠡ ᠪᠠᠷ ᠪᠠᠶᠢᠭᠤᠯᠵᠤ᠂ ᠬᠠᠪᠰᠤᠷᠤᠭ᠎ᠠ ᠵᠠᠮ ᠪᠠ ᠶᠡᠷᠦᠩᠬᠡᠶᠢᠯᠡᠭᠰᠡᠨ  ᠬᠤᠭᠤᠯᠠᠶ ᠶᠢᠨ ᠬᠤᠨᠭ᠍ᠭᠢᠯ ᠤᠨ ᠪᠠᠶᠢᠭᠤᠯᠤᠯᠲᠠ ᠶᠢ ᠵᠡᠷᠭᠡ ᠪᠠᠷ ᠲᠥᠯᠬᠢᠨ ᠠᠬᠢᠭᠤᠯᠤᠨ᠎ᠠ᠃ ᠬᠤᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ︽ᠬᠤᠳᠠ ᠶᠢᠨ ᠬᠤᠣᠰ ᠵᠠᠰᠠᠬᠤ︾ ᠢᠨᠵᠧᠨᠧᠷᠢᠩ ᠪᠠ ᠳᠡᠭᠡᠳᠦ ᠬᠤᠷᠳᠤᠴᠠᠲᠤ ᠲᠡᠮᠦᠷ ᠵᠠᠮ ᠤᠨ ᠦᠷᠲᠡᠭᠡᠨ ᠤ ᠡᠷᠬᠢᠨ ᠲᠣᠭᠤᠷᠢᠨ ᠤ ᠭᠠᠵᠠᠷ ᠰᠢᠷᠣᠶ ᠶᠢ ᠨᠡᠭᠡᠭᠡᠨ ᠠᠰᠢᠭᠯᠠᠬᠤ ᠶᠢ ᠬᠡᠷᠩᠵᠢᠭᠦᠯᠦᠨ᠂ ︽ᠭᠤᠷᠪᠠᠨ ᠬᠦᠷᠢᠶᠡᠯᠡᠩ ᠨᠢᠭᠡ ᠲᠠᠯᠠᠪᠠᠢ ᠨᠢᠭᠡ ᠬᠤᠩᠬᠢᠯ ᠨᠢᠭᠡ ᠨᠣᠭᠤᠭᠠᠨ ᠭᠠᠵᠠᠷ︾ ᠢ ᠪᠦᠲᠦᠭᠡᠨ ᠪᠠᠶᠢᠭᠤᠯᠤᠨ᠂  ᠬᠤᠳᠠᠯᠳᠤᠭᠠᠨ ᠤ ᠶᠠᠪᠤᠳᠠᠯ ᠤᠨ ᠠᠵᠢᠯᠯᠠᠬᠤ ᠭᠠᠵᠠᠷ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠰᠡᠯᠡᠭᠦᠴᠡᠯ᠂ ᠢᠳᠡᠭᠡᠨ ᠤᠮᠳᠠᠭᠠᠨ ᠨᠠᠶᠢᠷ ᠨᠠᠭᠠᠳᠤᠮ ᠢ ᠨᠢᠭᠡ ᠴᠤᠭᠴᠠᠵᠢᠭᠤᠯᠤᠭᠰᠠᠨ ᠬᠤᠳᠠ ᠶᠢᠨ ᠶᠡᠷᠦᠩᠬᠡᠶ ᠴᠣᠭᠴᠠ ᠶᠢ ᠡᠭᠦᠳᠦᠨ ᠪᠠᠶᠢᠭᠤᠯᠤᠨ᠎ᠠ᠃ ᠬᠤᠳᠠ ᠶᠢᠨ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠢᠯᠴᠢ ᠴᠠᠬᠢᠯᠭᠠᠨ ᠤ ᠬᠠᠮᠲᠤᠷᠠᠭᠰᠠᠨ ᠦᠢᠯᠡᠳᠪᠦᠷᠢᠯᠡᠯ ᠤᠨ ᠲᠥᠪᠯᠡᠷᠡᠭᠦᠯᠦᠨ ᠢᠯᠴᠢ ᠬᠠᠩᠭᠠᠬᠤ ᠢᠨᠵᠧᠨᠧᠷᠢᠩ ᠢ ᠡᠬᠢᠯᠡᠭᠦᠯᠵᠦ᠂ ᠬᠠᠭᠤᠴᠢᠨ ᠬᠤᠭᠤᠯᠠᠶ ᠶᠢᠨ ᠲᠣᠣᠷ ᠢ ᠥᠭᠡᠷᠡᠴᠢᠯᠡᠵᠦ᠂ ᠬᠤᠭ ᠨᠣᠪᠰᠢ ᠳᠠᠮᠵᠢᠭᠤᠯᠬᠤ ᠦᠷᠳᠡᠭᠡ᠂ ᠤᠰᠤ ᠪᠠᠷ ᠵᠣᠷᠯᠣᠩ ᠢ ᠰᠢᠭᠤᠳ ᠠᠷᠢᠭᠤᠳᠬᠠᠬᠤ᠂ ᠲᠡᠷᠭᠡᠨ ᠵᠣᠭᠰᠣᠭᠠᠯ ᠵᠡᠷᠭᠡ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢ ᠪᠠᠶᠢᠭᠤᠯᠵᠦ᠂ ᠨᠡᠶᠢᠭᠡᠮᠴᠢᠯᠡᠭᠰᠡᠨ ᠵᠠᠬ᠎ᠠ ᠳᠡᠯᠭᠡᠭᠦᠷᠴᠢᠯᠡᠭᠰᠡᠨ ᠤᠶᠢᠯᠡᠴᠢᠯᠡᠭᠡ ᠶᠢ ᠲᠦᠯᠬᠢᠨ ᠠᠬᠢᠭᠤᠯᠤᠨ᠎ᠠ᠃ ᠬᠠᠶᠢᠮᠢᠶᠠᠨ ᠰᠢᠭ ᠬᠤᠳᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠬᠤᠳᠠ ᠶᠢᠨ ᠦᠶᠡᠷ ᠤᠨ ᠤᠰᠤ ᠶᠢ ᠭᠠᠳᠠᠬᠰᠢᠯᠠᠭᠤᠯᠬᠤ ᠰᠢᠰᠲ᠋ᠧᠮ ᠢ ᠡᠭᠦᠳᠴᠦ᠂ ᠳ᠋ᠠ ᠮᠢᠩ ᠵᠡᠭᠡᠯᠢ ᠶᠢᠨ ᠤᠰᠤ ᠲᠠᠲᠠᠷᠠᠭᠤᠯᠬᠤ ᠬᠥᠭᠡᠷᠭᠡ ᠶᠢᠨ ᠦᠷᠳᠡᠭᠡ᠂ ᠰᠢᠨ᠎ᠡ ᠤᠰᠤᠨ ᠰᠤᠷᠪᠤᠯᠵᠢ ᠶᠢᠨ ᠭᠠᠵᠠᠷ ᠢ ᠰᠢᠨ᠎ᠡ ᠪᠠᠷ ᠪᠠᠶᠢᠭᠤᠯᠤᠨ᠂ ᠪᠣᠬᠢᠷ ᠤᠰᠤ ᠰᠢᠶ᠋ᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠶᠢ ᠠᠬᠢᠭᠤᠯᠤᠨ᠎ᠠ᠃ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠥᠭᠵᠢᠯᠲᠡ ᠶᠢᠨ ᠣᠷᠣᠨ ᠵᠠᠶ ᠶᠢ ᠥᠷᠭᠡᠳᠬᠡᠵᠦ᠂ ᠣᠷᠣᠨ ᠰᠠᠭᠤᠴᠠ ᠳᠤ ᠬᠡᠷᠡᠭᠯᠡᠬᠦ ᠭᠠᠵᠠᠷ ᠢ ᠵᠦᠢ ᠵᠣᠬᠢᠰᠲᠠᠶ ᠨᠡᠮᠡᠭᠳᠡᠭᠦᠯᠵᠦ᠂ ᠬᠤᠲᠠ ᠶᠢᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠪᠠ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠶᠢᠨ ᠰᠠᠨ ᠵᠢᠶᠣᠣ ᠶᠢᠨ ᠵᠠᠬ᠎ᠠ ᠳᠡᠯᠭᠡᠭᠦᠷ᠂ ᠬᠤᠸᠠ ᠰᠢᠨ ᠬᠤᠶᠠᠳᠤᠭᠠᠷ ᠬᠤᠭᠤᠴᠠᠭ᠎ᠠ ᠵᠡᠷᠭᠡ 15 ᠣᠷᠣᠨ ᠢ ᠲᠥᠯᠥᠪᠯᠡᠭᠡ ᠲᠠᠢ ᠨᠡᠭᠡᠭᠡᠨ ᠬᠦᠭᠵᠢᠬᠦᠯᠦᠨ᠂ ᠴᠢᠨᠠᠷ ᠰᠠᠶᠢᠲᠠᠶ ᠣᠷᠣᠨ ᠰᠠᠭᠤᠴᠠ ᠶᠢᠨ ᠲᠣᠭᠤᠷᠢᠭ ᠢ ᠪᠠᠶᠢᠭᠤᠯᠤᠨ ᠰᠠᠶᠢᠵᠢᠷᠠᠭᠤᠯᠤᠨ᠂  ᠤᠯᠠᠨ ᠭᠤᠣᠯ ᠴᠣᠭᠴᠠᠲᠤ ᠬᠠᠩᠭᠠᠯᠠᠭ᠎ᠠ᠂ ᠤᠯᠠᠨ ᠠᠷᠭ᠎ᠠ ᠵᠠᠮ ᠤᠨ ᠪᠠᠳᠣᠯᠠᠭ᠎ᠠ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠶᠠᠪᠤᠭᠤᠯᠬᠤ ᠣᠷᠣᠨ ᠰᠠᠭᠤᠴᠠ ᠶᠢᠨ ᠳᠦᠷᠢᠮ ᠢ ᠠᠯᠬᠤᠮ ᠠᠯᠬᠤᠮ ᠢᠶᠠᠷ ᠲᠦᠯᠬᠢᠨ ᠠᠬᠢᠭᠤᠯᠵᠤ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠴᠤᠬᠴᠠ ᠶᠢᠨ ᠮᠠᠶ᠋ᠢᠭ ᠢ ᠲᠤᠷᠰᠢᠨ᠎ᠡ᠃ ᠬᠤᠳᠠ ᠶᠢᠨ ᠬᠠᠮᠢᠶᠠᠷᠤᠯᠲᠠ ᠶᠢ  ᠴᠢᠩᠭᠠᠳᠬᠠᠨ᠂ ᠬᠤᠳᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠳᠤᠷ᠎ᠠ ᠪᠠᠷ ᠢᠶᠠᠨ ᠤᠰᠤ ᠰᠠᠴᠤᠬᠤ ᠬᠤᠭ ᠬᠠᠶᠠᠬᠤ᠂ ᠵᠠᠮ ᠡᠵᠡᠯᠡᠵᠦ ᠡᠵᠡᠩᠨᠡᠭᠰᠡᠨ ᠵᠡᠷᠭᠡ ᠪᠣᠯᠪᠠᠰᠤᠨ ᠪᠤᠰᠤ ᠠᠵᠢᠯᠯᠠᠭ᠎ᠠ ᠶᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠨᠡᠶᠢᠭᠡᠮ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠪᠠ ᠤᠯᠠᠨ ᠨᠡᠶᠢᠲᠡ ᠶᠢᠨ ᠲᠥᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ ᠶᠢ ᠴᠢᠩᠭᠠᠳᠬᠠᠨ᠎ᠠ᠃   ︵ᠬᠤᠶᠠᠷ︶ ᠥᠪᠡᠷᠮᠢᠴᠡ ᠣᠨᠴᠠᠯᠢᠭᠳᠤ ᠵᠢᠵᠢᠭ ᠪᠠᠯᠭᠠᠰᠤ ᠶᠢ ᠪᠠᠶᠢᠭᠤᠯᠤᠨ᠎ᠠ   ᠬᠥᠮᠦᠨ ᠢᠶᠠᠷ ᠭᠤᠣᠯᠯᠠᠭᠤᠯᠤᠭᠰᠠᠨ ᠬᠤᠳᠠ ᠪᠠᠯᠭᠠᠰᠣᠵᠢᠯᠳᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠂ ᠳᠡᠭᠡᠲᠦ ᠲᠡᠰ ᠤᠨ  ᠲᠥᠯᠥᠪᠵᠢᠭᠦᠯᠬᠡ᠂ ᠥᠨᠳᠥᠷ ᠪᠠᠷᠢᠮᠵᠢᠶ᠎ᠠ ᠪᠠᠷ ᠪᠤᠷᠬᠠᠨᠲᠤ ︵ᠷᠠᠰᠢᠶᠠᠨ︶ ᠥᠪᠡᠷᠮᠢᠴᠡ ᠣᠨᠴᠠᠯᠢᠭᠳᠤ ᠵᠢᠵᠢᠭ ᠪᠠᠯᠭᠠᠰᠤ ᠶᠢ  ᠪᠠᠶᠢᠭᠤᠯᠤᠨ᠂ ᠤᠯᠠᠨ ᠨᠡᠶᠢᠲᠡ ᠶᠢᠨ ᠦᠢᠯᠡᠴᠢᠯᠡᠭᠡ ᠲᠡᠰᠢ ᠬᠡᠯᠪᠠᠶᠢᠯᠭᠡᠬᠦ ᠡᠷᠴᠢᠮ ᠢ ᠴᠢᠩᠭᠠᠷᠠᠭᠤᠯᠵᠤ᠂ ᠪᠠᠷᠠᠭᠤᠨ ᠬᠡᠰᠡᠭ ᠤᠨ ᠭᠤᠣᠯ ᠬᠤᠲᠠ ᠪᠠᠯᠭᠠᠰᠤ ᠶᠢ ᠪᠠᠶᠢᠭᠤᠯᠤᠨ᠎ᠠ᠃ ᠬᠤᠷᠬᠤᠭ ᠤᠨ ᠪᠡᠶ᠎ᠡ ᠶᠢᠨ ᠲᠠᠮᠢᠷ ᠤᠨ ᠰᠡᠯᠡᠭᠦᠴᠡᠯ ᠤᠨ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦ ᠪᠠᠷ ᠢᠶᠠᠨ ᠠᠬᠢᠭᠤᠯᠵᠤ᠂ ᠰᠢ ᠽᠢ ᠠᠵᠤ ᠦᠢᠯᠡᠳᠪᠦᠷᠢ ᠶᠢᠨ ᠳᠠᠶᠢᠴᠢᠯᠠᠨ ᠳᠠᠭᠠᠭᠤᠯᠬᠤ ᠬᠡᠯᠪᠡᠷᠢ᠂ ᠳ᠋ᠠ ᠱᠤᠸᠠᠩ ᠮᠢᠶᠣᠣ — ᠪᠢᠰᠠᠷ ᠤᠨ ᠨᠢᠭᠡ ᠴᠤᠭᠴᠠᠵᠢᠭᠤᠯᠤᠭᠰᠠᠨ ᠬᠥᠭᠵᠢᠯᠲᠡ ᠶᠢᠨ ︽ᠥᠨᠳᠥᠷ ᠦᠷ᠎ᠡ ᠪᠦᠲᠦᠮᠵᠢᠲᠡᠶ ᠵᠤᠭᠠᠴᠠᠬᠤ ᠬᠡᠯᠪᠡᠷᠢ︾ ᠵᠡᠷᠭᠡ ᠠᠵᠤ ᠦᠢᠯᠡᠰ ᠪᠣᠯᠤᠨ ᠬᠤᠳᠠ ᠠᠭᠤᠰᠤᠯᠳᠤᠭᠰᠠᠨ ᠣᠨᠴᠠᠯᠢᠭ ᠪᠦᠬᠦᠢ ᠵᠢᠵᠢᠭ ᠪᠠᠯᠭᠠᠰᠤ ᠶᠢᠨ ᠪᠦᠳᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠰᠠᠭᠤᠷᠢ ᠳᠦᠬᠦᠬᠡᠷᠤᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠦ᠂ 22 ᠺᠢᠯᠣᠮᠧᠲᠷ ᠵᠠᠮ ᠢ ᠰᠢᠨ᠎ᠡ ᠪᠠᠷ ᠵᠠᠰᠠᠨ᠂ ᠵᠡᠭᠡᠯᠢ ᠶᠢᠨ ᠵᠠᠮ ᠤᠨ ᠬᠠᠲᠠᠭᠤᠷᠠᠭᠤᠯᠬᠤ᠂ ᠨᠣᠭᠤᠭᠠᠷᠠᠭᠤᠯᠬᠤ ᠪᠠ ᠭᠡᠷᠡᠯᠲᠦᠭᠦᠯᠭᠡ ᠶᠢ 12 ᠲᠦᠮᠡᠨ ᠲᠡᠭᠰᠢ ᠳᠥᠷᠪᠡᠯᠵᠢᠨ ᠮᠧᠲᠷ ᠬᠡᠷᠡᠭᠵᠢᠭᠦᠯᠵᠦ᠂ 9 ᠰᠣᠶᠣᠯ ᠤᠨ ᠠᠭᠤᠳᠠᠮ ᠲᠠᠯᠠᠪᠠᠶ ᠂ 9ᠲᠥᠪᠯᠡᠷᠡᠭᠦᠯᠦᠨ ᠢᠯᠴᠢ ᠬᠠᠩᠭᠠᠬᠤ ᠥᠷᠲᠡᠭᠡ᠂ 6 ᠬᠤᠭ ᠨᠣᠪᠰᠢ ᠰᠢᠶ᠋ᠳᠪᠦᠷᠢᠯᠡᠬᠦ ᠲᠠᠯᠠᠪᠠᠢ᠂ 10 ᠬᠤᠭ ᠨᠣᠪᠰᠢ ᠳᠠᠮᠵᠢᠭᠤᠯᠬᠤ ᠦᠷᠳᠡᠭᠡ᠂ 4 ᠪᠣᠬᠢᠷ ᠤᠰᠤ ᠰᠢᠶ᠋ᠳᠪᠦᠷᠢᠯᠡᠬᠦ ᠦᠢᠯᠡᠳᠪᠦᠷᠢ ᠶᠢ ᠪᠠᠶᠢᠭᠤᠯᠤᠨ᠂ ᠤᠰᠤ ᠵᠠᠯᠠᠬᠤ ᠬᠤᠭᠤᠯᠠᠶ ᠶᠢᠨ ᠲᠣᠣᠷ ᠢ 441.7 ᠺᠢᠯᠣᠮᠧᠲᠷ ᠲᠡᠪᠢᠰᠦᠨ᠎ᠡ᠃ ᠬᠤᠳᠠᠯᠳᠤᠭᠠᠨ ᠤ ᠰᠠᠭᠤᠬᠤ ᠠᠰᠠᠷ ᠢ 25.3 ᠲᠥᠮᠡᠨ ᠲᠡᠭᠰᠢ ᠳᠥᠷᠪᠡᠯᠵᠢᠨ ᠮᠧᠲᠷ᠂ ᠨᠡᠶᠢᠲᠡ ᠶᠢᠨ ᠠᠰᠠᠷᠠᠮᠵᠢ ᠶᠢᠨ ᠭᠡᠷ ᠪᠠᠶᠢᠰᠢᠩ ᠢ 4.7 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠤᠯᠤᠨ᠎ᠠ᠃   ︵ᠭᠤᠷᠪᠠ︶ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠢ ᠬᠥᠭᠵᠢᠭᠦᠯᠦᠨ ᠮᠡᠨᠳᠣᠭᠤᠯᠣᠨ᠎ᠠ  ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ ᠭᠠᠴᠠᠭ᠎ᠠ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠤᠭ ᠨᠣᠪᠰᠢ᠂ ᠪᠣᠬᠢᠷ ᠤᠰᠤ ᠶᠢ ᠰᠢᠶ᠋ᠳᠪᠦᠷᠢᠯᠡᠬᠦ ᠵᠡᠷᠭᠡ ᠰᠠᠭᠤᠷᠢ ᠲᠥᠬᠦᠭᠡᠷᠦᠮᠵᠢ ᠶᠢ ᠪᠠᠶᠢᠭᠤᠯᠤᠨ᠎ᠠ᠃ ᠰᠢᠶᠠᠨ ᠰᠢᠶᠠᠩ ᠲᠣᠰᠬᠤᠨ ᠡᠷᠦᠭᠡ ᠲᠦᠷᠪᠡᠨ ᠳᠡᠰ ᠤᠨ ᠣᠷᠣᠭᠤᠯᠤᠯᠲᠠ  ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢ ᠬᠠᠮᠢᠶᠠᠷᠴᠤ ᠬᠠᠮᠠᠭᠠᠯᠠᠬᠤ ᠤᠷᠳᠤ ᠬᠤᠭᠤᠴᠠᠭᠠᠨ   ᠤ ᠦᠷ᠎ᠡ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠲᠠᠷᠢᠶᠠᠴᠢᠳ ᠤᠨ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ︽ᠬᠠᠤᠯᠢ ᠰᠠᠬᠢᠬᠰᠠᠨ᠂ ᠮᠣᠷᠠᠯ ᠲᠠᠢ᠂ ᠮᠡᠷᠭᠡᠵᠢᠯ ᠡᠵᠡᠮᠰᠢᠭᠰᠡᠨ︾ ᠰᠢᠨ᠎ᠡ ᠮᠠᠶ᠋ᠢᠭ ᠤᠨ ᠲᠠᠷᠢᠶᠠᠴᠢᠨ ᠢ ᠶᠡᠬᠡᠪᠡᠷ ᠬᠥᠮᠦᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠪᠣᠯᠣᠨ ᠵᠢᠭᠤᠯᠴᠢᠯᠠᠯ᠂ ᠰᠤᠷᠭᠠᠨ ᠬᠥᠮᠥᠵᠢᠯ᠂ ᠰᠣᠶᠣᠯ᠂ ᠡᠷᠡᠭᠦᠯ ᠮᠠᠨᠳᠦ ᠶᠢᠨ ᠰᠤᠪᠢᠯᠠᠯᠲᠠ ᠬᠢᠬᠦ ᠵᠡᠷᠭᠡ ᠠᠵᠤ ᠦᠢᠯᠡᠰ ᠢ ᠭᠦᠨᠵᠡᠭᠡᠶ ᠠᠭᠤᠰᠤᠯᠴᠠᠯ ᠢ ᠲᠦᠷᠭᠡᠪᠴᠢᠯᠡᠨ ᠲᠦᠯᠬᠢᠨ  ᠠᠬᠢᠭᠤᠯᠤᠨ᠎ᠠ᠂ ᠠᠵᠤ ᠦᠢᠯᠡᠰ ᠤᠨ ᠰᠠᠭᠤᠷᠢ ᠰᠠᠶᠢᠨ᠂ ᠰᠣᠶᠣᠯ ᠤᠨ  ᠰᠠᠭᠤᠷᠢ ᠭᠦᠨ ᠵᠤᠵᠠᠭᠠᠨ᠂ ᠠᠮᠢ ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ ᠥᠪᠡᠷᠮᠢᠴᠡ ᠣᠨᠴᠠᠯᠢᠭᠳᠤ ᠲᠣᠰᠬᠤᠨ ᠢ ᠰᠣᠩᠭᠤᠵᠤ᠂ ᠡᠯ᠎ᠡ ᠲᠥᠷᠥᠯ ᠤᠨ ᠴᠢᠬᠤᠯᠠ ᠬᠦᠴᠦᠨ ᠢ ᠲᠥᠪᠯᠡᠷᠡᠭᠦᠯᠦᠨ ᠭᠤᠣᠯᠳᠠᠯᠭ᠎ᠠ ᠲᠠᠢ ᠪᠠᠶᠢᠭᠤᠯᠤᠨ᠎ᠠ᠂ ᠨᠢᠭᠡ ᠪᠦᠯᠦᠭ ᠠᠵᠤ ᠦᠢᠯᠡᠰ ᠴᠡᠴᠡᠭᠯᠡᠨ ᠬᠥᠭᠵᠢᠵᠦ᠂ ᠠᠮᠢ ᠠᠬᠤᠶ ᠰᠠᠶᠢᠨ ᠰᠠᠭᠤᠷᠢᠰᠢᠬᠤ ᠳᠤ ᠲᠠᠭᠠᠯᠠᠮᠵᠢᠳᠠᠢ᠂ ᠵᠠᠩ ᠰᠤᠷᠲᠠᠯ ᠪᠣᠯᠪᠠᠰᠤᠨ᠂ ᠵᠠᠰᠠᠨ ᠴᠡᠭᠴᠡᠯᠡᠯᠲᠡ ᠪᠦᠲᠦᠮᠵᠢᠲᠡᠶ᠂ ᠴᠢᠨᠡᠭᠡᠯᠢᠭ ᠠᠮᠢᠳᠤᠷᠠᠯ ᠲᠠᠢ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠤᠨ᠎ᠠ᠃      ︵ᠲᠦᠷᠪᠡ︶ ᠬᠤᠳᠠ ᠬᠥᠳᠡᠭᠡ ᠶᠢᠨ ᠰᠠᠭᠤᠷᠢ ᠶᠢ ᠲᠡᠭᠦᠯᠳᠡᠷᠵᠢᠬᠦᠯᠦᠨ᠎ᠡ    ᠵᠠᠮ ᠬᠠᠷᠢᠯᠴᠠᠭᠠᠨ ᠤ ᠬᠦᠢᠰᠦ ᠪᠣᠯᠤᠨ ᠠᠶᠠᠨᠴᠢᠳ ᠢ ᠲᠥᠪᠯᠡᠷᠡᠭᠦᠯᠦᠨ ᠲᠠᠷᠬᠠᠭᠠᠬᠤ ᠲᠥᠪ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠵᠦ᠂ ᠲᠡᠮᠤᠷ ᠵᠠᠮ᠂ ᠵᠠᠰᠠᠮᠠᠯ ᠵᠠᠮ ᠵᠡᠷᠭᠡ ᠤᠯᠠᠨ ᠵᠦᠢᠯ ᠤᠨ ᠵᠠᠮ ᠬᠠᠷᠢᠯᠴᠠᠭᠠᠨ ᠤ ᠠᠷᠭ᠎ᠠ ᠮᠠᠶ᠋ᠢᠭ ᠢ ᠵᠠᠪᠰᠠᠷ ᠦᠬᠡᠢ ᠵᠣᠯᠭᠠᠭᠤᠯᠵᠤ᠂ ᠠᠶᠠᠨᠴᠢᠨ ᠤ ᠵᠠᠮ ᠬᠠᠷᠢᠯᠴᠠᠭᠠᠨ ᠤ ᠪᠠᠭᠠᠵᠢ ᠰᠣᠯᠢᠵᠤ ᠰᠠᠭᠤᠬᠤ  ᠳᠤ ᠲᠦᠭᠦᠮ ᠪᠠᠶᠢᠬᠤ ᠶᠢ ᠪᠡᠶᠡᠯᠡᠬᠦᠯᠦᠨ᠎ᠡ᠃ ᠪᠦᠬᠦ ᠬᠦᠴᠦᠨ ᠢᠶᠠᠷ ᠢᠶᠠᠨ ᠬᠠᠮᠵᠢᠯᠴᠠᠨ᠂ ᠪᠡᠭᠡᠵᠢᠩ ᠮᠦᠭᠳᠡᠨ ᠤ ᠳᠡᠭᠡᠳᠦ ᠬᠤᠷᠳᠤᠴᠠᠲᠤ ᠲᠡᠮᠦᠷ ᠵᠠᠮ ᠤᠨ ᠤᠯᠠᠭᠠᠨᠬᠠᠲᠠ ᠬᠠᠷᠠᠴᠢᠨ ᠵᠡᠭᠦᠨ ᠭᠠᠷᠤᠨ ᠬᠤᠰᠢᠭᠤᠨ ᠤ ᠵᠠᠯᠭᠠᠯᠲᠠ ᠱᠤᠭᠤᠮ ᠪᠠ ᠪᠠᠶᠢᠰᠢᠩᠲᠤ ᠤᠯᠠᠭᠠᠨᠬᠠᠳᠠ ᠶᠢᠨ ᠳᠡᠮᠦᠷ ᠵᠠᠮ ᠤᠨ ᠴᠠᠬᠢᠯᠭᠠᠨᠵᠢᠭᠤᠯᠤᠯᠲᠠ ᠶᠢ ᠥᠭᠡᠷᠡᠴᠢᠯᠡᠬᠦ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢ ᠥᠷᠭᠡᠳᠬᠡᠨ ᠰᠠᠶᠢᠵᠢᠷᠠᠭᠤᠯᠬᠤ ᠶᠢ ᠪᠡᠶᠡᠯᠡᠭᠦᠯᠦᠨ᠂ 2019 ᠣᠨ ᠳᠤ ᠪᠠᠶᠢᠭᠤᠯᠵᠤ ᠳᠠᠭᠤᠰᠬᠠᠭᠠᠳ ᠲᠡᠷᠭᠡ ᠨᠡᠪᠳᠡᠷᠡᠭᠦᠯᠬᠦ ᠶᠢ ᠦᠨᠡᠨ ᠬᠦ ᠪᠠᠳᠣᠯᠠᠨ᠎ᠠ᠃ ᠵᠠᠰᠠᠮᠠᠯ ᠵᠡᠮ ᠤᠨ ᠰᠠᠭᠠᠳ ᠦᠬᠡᠢ ᠨᠡᠪᠲᠡᠷᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠠᠭᠠᠨᠬᠠᠲᠠ ᠠᠴᠠ ᠯᠢᠩᠶᠤᠸᠠᠨ ᠬᠦᠷᠬᠦ ᠨᠢᠭᠡᠳᠦᠭᠡᠷ ᠳᠡᠰ ᠤᠨ ᠵᠠᠮ ᠢ ᠲᠦᠷᠭᠡᠨ ᠳᠠᠪᠬᠢᠬᠤ ᠵᠠᠰᠠᠮᠠᠯ ᠵᠠᠮ ᠪᠤᠯᠭᠠᠨ ᠲᠡᠰ ᠲᠡᠪᠰᠢᠭᠦᠯᠬᠦ ᠶᠢ ᠲᠦᠯᠬᠢᠨ ᠠᠬᠢᠭᠤᠯᠵᠤ᠂ ᠣᠯᠣᠰ ᠤᠨ ᠵᠠᠮ 508 ᠱᠤᠭᠤᠮ ᠤᠨ ᠰᠢᠶᠤᠤ ᠴᠧᠩ ᠽᠢ ᠠᠴᠠ ᠫᠢᠩ ᠴᠢᠤᠸᠠᠨ ᠬᠦᠷᠬᠦ ︵ᠥᠪᠥᠷ ᠮᠣᠩᠭᠤᠯ ᠪᠣᠯᠤᠨ ᠾᠧᠪᠸᠢ ᠶᠢᠨ ᠵᠠᠭᠠᠭ︶ ᠬᠡᠰᠡᠭ ᠲᠤ ᠨᠢᠭᠡᠳᠦᠭᠡᠷ ᠳᠡᠰ ᠤᠨ ᠵᠠᠰᠠᠮᠠᠯ ᠵᠠᠮ ᠢ ᠰᠢᠨ᠎ᠡ ᠪᠠᠷ ᠪᠠᠶᠢᠭᠤᠯᠤᠨ᠎ᠠ᠂ ᠳᠡᠰ ᠳᠡᠪᠰᠢᠭᠦᠯᠦᠨ ᠥᠭᠡᠷᠡᠴᠢᠯᠡᠬᠦ ᠳᠤ ᠤᠯᠤᠰ ᠪᠠ ᠮᠤᠵᠢ ᠶᠢᠨ ᠭᠤᠣᠯ ᠱᠤᠭᠤᠮ ᠪᠠᠶᠢᠬᠤ ᠮᠥᠷᠲᠡᠭᠡᠨ ᠰᠢᠶᠠᠨ ᠤ ᠱᠠᠲᠤᠨ ᠤ ᠵᠠᠰᠠᠮᠠᠯ ᠵᠠᠮ ᠪᠠᠶᠢᠨ᠎ᠠ᠂ ᠰᠢᠶᠠᠨ ᠰᠢᠶᠠᠩ ᠳᠤ ᠬᠤᠶᠠᠳᠤᠭᠠᠷ ᠳᠡᠰ ᠤᠨ ᠵᠠᠰᠠᠮᠠᠯ ᠵᠠᠮ ᠨᠡᠪᠲᠡᠷᠡᠭᠦᠯᠬᠦ ᠶᠢ ᠪᠡᠶᠡᠯᠡᠭᠦᠯᠦᠨ᠂ ᠲᠤᠰᠬᠤᠨ ᠤ ᠳᠤᠭᠤᠶᠢᠯᠠᠩ ᠳᠤ ᠬᠦᠷᠲᠡᠯ᠎ᠡ ᠨᠡᠪᠲᠡᠷᠡᠬᠦ ᠵᠠᠰᠠᠮᠠᠯ ᠵᠠᠮ ᠢ ᠴᠠᠭ ᠲᠤᠨᠢ ᠲᠣᠬᠢᠷᠠᠭᠤᠯᠤᠨ ᠡᠬᠢᠯᠡᠨ ᠪᠠᠶᠢᠭᠤᠯᠵᠤ᠂ ᠡᠵᠡᠩᠨᠡᠯᠲᠡ ᠶᠢᠨ ᠴᠢᠨᠠᠷᠲᠠᠶ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡ ᠶᠢ ᠪᠦᠬᠦ ᠲᠠᠯ᠎ᠠ ᠪᠠᠷ ᠬᠦᠴᠦᠨ ᠦᠭᠡᠢ ᠪᠤᠯᠭᠠᠨ᠎ᠠ᠃ ᠵᠠᠮ ᠬᠠᠷᠢᠯᠴᠠᠭ᠎ᠠ ᠵᠢᠭᠤᠯᠴᠢᠯᠠᠯ ᠢ ᠤᠶᠠᠯᠳᠤᠭᠤᠯᠤᠨ ᠬᠥᠭᠵᠢᠭᠦᠯᠬᠦ ᠶᠢ ᠲᠦᠷᠭᠡᠳᠭᠡᠵᠦ᠂ ᠦᠵᠡᠮᠵᠢᠲᠦ ᠰᠤᠨᠢᠷᠬᠠᠬᠤ ᠵᠠᠮ ᠤᠨ ᠦᠢᠯᠡᠴᠢᠯᠡᠭᠡᠨ ᠤ ᠲᠣᠭᠤᠷᠢᠭ᠂ ᠵᠢᠭᠤᠯᠴᠢᠯᠠᠯ ᠤᠨ ᠤᠯᠠᠭ᠎ᠠ ᠥᠷᠲᠡᠭᠡ ᠶᠢᠨ ᠢᠵᠢ ᠪᠦᠷᠢᠳᠦᠭᠦᠯᠬᠦ ᠪᠡᠯᠡᠳᠬᠡᠮᠵᠢ ᠶᠢ ᠪᠠᠶᠢᠭᠤᠯᠤᠨ᠎ᠠ᠃ ᠴᠠᠬᠢᠯᠭᠠᠨ ᠬᠦᠴᠦᠨ ᠤ ᠪᠠᠲᠤᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠨᠢᠭᠡ ᠡᠭᠡᠯᠵᠢ ᠶᠢᠨ ᠬᠥᠳᠡᠭᠡ ᠲᠣᠰᠬᠤᠨ ᠤ ᠴᠠᠬᠢᠯᠭᠠᠨ ᠲᠣᠣᠷ ᠢ ᠳᠡᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠦᠨ᠎ᠡ᠃ ᠭᠤᠷᠪᠠ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠬᠥᠭᠵᠢᠯᠲᠡ ᠲᠠᠪᠰᠢᠯᠳᠠ ᠶᠢᠨ ᠰᠢᠨ᠎ᠡ ᠠᠮᠢᠳᠤ ᠰᠣᠷᠭᠤᠭ ᠬᠦᠴᠦᠨ ᠴᠢᠳᠠᠯ ᠢ ᠨᠡᠮᠡᠷᠢᠯᠡᠨ᠎ᠡ   ᠬᠥᠭᠵᠢᠯᠲᠡ ᠶᠢ ᠨᠥᠯᠥᠭᠡᠯᠡᠬᠦ ᠪᠠᠶᠢᠭᠤᠯᠤᠯ ᠪᠠ ᠲᠣᠭᠲᠠᠴᠠ ᠶᠢ ᠪᠦᠬᠦᠨ ᠢ ᠡᠷᠡᠰ ᠢᠶᠠᠷ ᠠᠷᠢᠯᠭᠠᠵᠤ᠂ ᠡᠯ᠎ᠡ ᠲᠦᠷᠦᠯ ᠤᠨ ᠥᠭᠡᠷᠡᠴᠢᠯᠡᠯᠲᠡ ᠶᠢ ᠲᠠᠰᠤᠷᠠᠯᠳᠠ ᠦᠭᠡᠢ ᠬᠦᠨᠵᠡᠭᠡᠶᠢᠷᠡᠭᠦᠯᠦᠨ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠨᠡᠶᠢᠯᠡᠨ ᠣᠷᠣᠵᠤ᠂ ᠭᠠᠳᠠᠭᠠᠲᠦ ᠨᠡᠭᠡᠭᠡᠯᠲᠡ ᠶᠢᠨ ᠬᠢᠷᠢ ᠬᠡᠮᠵᠢᠶ᠎ᠡ ᠪᠠᠨ ᠥᠷᠭᠡᠳᠬᠡᠵᠦ ᠳᠡᠭᠡᠭᠰᠢᠯᠡᠭᠦᠯᠦᠨ᠂ ᠠᠵᠤ ᠠᠬᠤᠶ ᠨᠡᠶᠢᠭᠡᠮ ᠤᠨ ᠨᠡᠩ ᠲᠥᠷᠭᠡᠨ ᠬᠦᠭᠵᠢᠬᠦ ᠳᠤ ᠪᠠᠷᠠᠭᠳᠠᠰᠢ ᠦᠭᠡᠢ ᠬᠥᠳᠡᠯᠭᠡᠭᠴᠢ ᠬᠦᠴᠦᠨ ᠬᠠᠩᠭᠠᠨ᠎ᠠ᠃  ︵ᠨᠢᠭᠡ︶ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠬᠦᠨᠵᠡᠭᠡᠶᠢᠷᠡᠬᠦᠯᠦᠨ᠎ᠡ  ᠠᠵᠤ ᠠᠬᠤᠶ ᠶᠢᠨ ᠪᠠᠶᠢᠭᠤᠯᠤᠯ ᠪᠣᠯᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ ᠠᠵᠢᠯ ᠦᠢᠯᠡᠰ ᠤᠨ ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ︽ᠬᠠᠲᠠᠭᠤ ᠶᠠᠰᠤ︾ ᠶᠢ ᠡᠷᠡᠰ ᠵᠤᠬᠰᠤᠭᠠᠨ᠎ᠠ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠢᠨ᠎ᠡ ᠠᠷᠭ᠎ᠠ ᠵᠠᠮ ᠢ ᠪᠦᠲᠦᠮᠵᠢᠲᠡᠶ ᠬᠠᠶᠢᠨ ᠰᠦᠪᠡᠭᠴᠢᠯᠡᠵᠦ᠂ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠥᠷᠭᠡᠳᠭᠡᠨ᠎ᠡ᠃ ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠠᠬᠤ ᠥᠭᠡᠷᠡᠴᠢᠯᠡᠯᠲᠡ︾ ᠪᠠ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠪᠦᠬᠦ ᠬᠦᠴᠦ ᠪᠠᠷ ᠢᠶᠠᠨ ᠠᠬᠢᠭᠤᠯᠵᠤ᠂ ᠲᠠᠷᠢᠶᠠᠴᠢᠳ ᠤᠨ ᠡᠳ᠋ ᠬᠦᠷᠦᠩᠭᠡ ᠶᠢᠨ ᠡᠷᠬᠡ ᠠᠰᠢᠭ ᠢ ᠪᠠᠲᠤᠯᠠᠨ᠂ ᠬᠠᠮᠲᠦ ᠶᠢᠨ ᠠᠵᠦ ᠠᠬᠤᠢ ᠶᠢ ᠪᠤᠵᠠᠭᠠᠶᠢᠷᠠᠭᠤᠯᠤᠨ᠎ᠠ᠃ ᠤᠰᠤᠨ ᠤ ᠡᠷᠬᠡ ᠤᠰᠤᠨ ᠤ ᠦᠨ᠎ᠡ ᠶᠢᠨ ᠳᠦᠷᠢᠮ ᠤᠨ ᠥᠭᠡᠷᠡᠴᠢᠯᠡᠯᠲᠡ ᠶᠢ ᠲᠣᠭᠲᠠᠭᠤᠨ ᠢᠶᠠᠷ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤᠨ ᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠎ᠡ᠃ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠬᠡᠷᠡᠭᠵᠢᠭᠦᠯᠵᠦ᠂ ᠲᠣᠭᠠᠴᠢᠯᠠᠭᠰᠠᠨ ᠤᠶᠤᠨᠴᠢᠯᠠᠭᠰᠠᠨ ᠬᠤᠳᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠵᠠᠮ ᠬᠠᠷᠢᠯᠴᠠᠭᠠᠨ ᠤ ᠨᠢᠭᠡ ᠴᠤᠬᠴᠠᠵᠢᠭᠤᠯᠤᠯᠳᠠ ᠶᠢᠨ ᠲᠤᠷᠰᠢᠯᠲᠠ ᠶᠢᠨ ᠠᠵᠢᠯ ᠢ ᠡᠬᠢᠯᠡᠭᠦᠯᠦᠨ᠎ᠡ᠃ ᠥᠭᠡᠷᠡᠴᠢᠯᠡᠯᠲᠡ ᠶᠢᠨ ᠰᠢᠨ᠎ᠡ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠰᠢᠯᠵᠢᠯᠲᠡ᠂ ᠬᠥᠳᠡᠭᠡ ᠲᠣᠰᠬᠤᠨ ᠤ ᠬᠥᠭᠵᠢᠯ ᠮᠠᠨᠳᠤᠯ᠂ ᠣᠷᠣᠨ ᠪᠦᠰᠡ ᠶᠢᠨ ᠬᠤᠷᠰᠢᠯᠴᠠᠭ᠎ᠠ᠂ ᠶᠠᠳᠠᠭᠤ ᠠᠴᠠ ᠠᠩᠬᠢᠵᠢᠷᠠᠭᠤᠯᠤᠨ ᠪᠤᠭᠤᠮᠲᠠ ᠰᠢᠪᠳᠤᠯᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠥᠭᠡᠷᠡᠴᠢᠯᠡᠯᠲᠡ ᠶᠢᠨ ᠡᠬᠢ ᠬᠥᠳᠡᠯᠭᠡᠬᠦ ᠬᠦᠴᠦᠨ ᠢ ᠦᠨᠡᠨ ᠬᠦ  ᠨᠡᠮᠡᠭᠳᠡᠭᠦᠯᠦᠨ ᠴᠢᠩᠭᠠᠳᠬᠠᠨ᠎ᠠ᠃    ︵ᠬᠤᠶᠠᠷ︶ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ    ᠭᠤᠣᠯᠳᠠᠯᠭ᠎ᠠ ᠲᠠᠢ ᠳᠦᠷᠦᠯ ᠵᠦᠢᠯ ᠤᠨ ︽ᠲᠠᠪᠤᠨ ᠨᠢᠭᠡ︾ ᠲᠤᠰᠬᠠᠶ ᠵᠦᠢᠯ ᠢᠶᠠᠷ ᠲᠦᠯᠬᠢᠠ ᠠᠬᠢᠭᠤᠯᠬᠤ ᠪᠠ ᠠᠮᠤᠷ ᠲᠦᠪᠰᠢᠨ ᠤ ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢᠨ ᠳᠥᠷᠢᠮ ᠢ ᠦᠷᠭᠦᠯᠵᠢᠯᠡᠨ ᠬᠡᠷᠡᠭᠵᠢᠭᠦᠯᠵᠦ᠂ ᠭᠠᠷ ᠭᠦᠢᠴᠡᠳᠬᠡᠯ ᠢ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠦᠨ᠂ ᠨᠡᠶᠢᠯᠡᠭᠦᠯᠵᠦ ᠬᠠᠮᠲᠤᠷᠠᠨ ᠬᠢᠨᠠᠨ ᠵᠥᠪᠰᠢᠶᠡᠷᠡᠬᠦ᠂ ᠲᠦᠷᠭᠡᠨ ᠬᠢᠨᠠᠨ ᠲᠦᠷᠭᠡᠨ  ᠵᠦᠪᠰᠢᠶᠡᠷᠡᠬᠦ ᠶᠢ ᠪᠡᠶᠡᠯᠡᠭᠦᠯᠦᠨ᠎ᠡ᠂ ᠲᠦᠷᠣᠯ ᠵᠦᠢᠯ ᠤᠨ ᠠᠵᠢᠯ ᠡᠬᠢᠯᠡᠭᠦᠯᠬᠦ ᠨᠥᠬᠦᠴᠡᠯ ᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠨ᠎ᠠ᠃ ᠲᠦᠷᠦᠯ ᠵᠦᠢᠯ ᠢ ᠵᠣᠬᠢᠴᠠᠭᠤᠯᠬᠤ ᠶᠢ ᠴᠢᠩᠭᠠᠷᠠᠭᠤᠯᠤᠨ᠂ ᠪᠠᠶᠢᠯᠳᠤᠭᠠᠨ ᠤ ᠵᠢᠷᠤᠭ ᠢ ᠡᠯᠬᠦᠬᠦ ᠶᠢ ᠬᠡᠷᠩᠵᠢᠬᠦᠯᠦᠨ᠂ ᠨᠢᠭᠡ ᠪᠦᠯᠦᠭ ᠴᠢᠬᠤᠯᠠ ᠶᠡᠭᠡ ᠲᠥᠷᠥᠯ ᠵᠤᠶᠢᠯ ᠢ ᠪᠠᠶᠢᠭᠤᠯᠤᠨ᠎ᠠ᠃ ᠤᠯᠤᠰ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠡᠯᠡ ᠮᠥᠩᠭᠦᠨ ᠤ ᠣᠷᠣᠭᠤᠯᠤᠯᠲᠠ ᠶᠢᠨ ᠬᠠᠨᠳᠤᠰᠢ ᠶᠢ ᠣᠨᠣᠪᠴᠢᠲᠠᠶ ᠡᠵᠡᠮᠰᠢᠵᠦ᠂ ᠳᠠᠪᠠᠭᠤᠯᠢᠭ ᠠᠵᠤ ᠦᠢᠯᠡᠰ ᠲᠤ ᠰᠠᠭᠤᠷᠢᠯᠠᠨ᠂ ᠲᠥᠷᠥᠯ ᠵᠦᠢᠯ ᠢ ᠰᠢᠭᠰᠢᠨ ᠰᠣᠩᠭᠤᠬᠤ ᠪᠠ ᠲᠠᠨᠢᠯᠴᠠᠭᠤᠯᠭ᠎ᠠ ᠶᠢ ᠰᠠᠶᠢᠲᠤᠷ ᠬᠢᠵᠦ᠂ ᠨᠠᠩ ᠠᠷᠪᠢᠨ ᠲᠦᠷᠦᠯ ᠵᠦᠢᠯ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠪᠠᠭ ᠲᠤ ᠤᠷᠤᠬᠤ ᠶᠢ ᠬᠦᠴᠦᠯᠡᠨ ᠲᠡᠮᠡᠴᠡᠨ᠎ᠡ᠃ ᠡᠯ᠎ᠡ ᠱᠠᠲᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠭᠦᠨᠵᠡᠭᠡᠶ ᠬᠠᠮᠲᠤᠷᠠᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠬᠥᠷᠥᠩᠭᠡ ᠶᠢᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠣᠷᠣᠯᠴᠠᠬᠤ ᠶᠢ ᠵᠣᠷᠢᠭᠵᠢᠭᠤᠯᠬᠤ ᠪᠠ ᠲᠠᠲᠠᠨ ᠠᠪᠴᠢᠷᠠᠨ᠎ᠠ᠃   ︵ᠭᠤᠷᠪᠠ︶  ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠶᠢ ᠦᠷᠭᠦᠯᠵᠢᠯᠡᠨ ᠦᠷᠭᠡᠳᠭᠡᠨ᠎ᠡ᠟  ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠬᠠᠳᠠ ᠬᠤᠲᠠ ᠶᠢᠨ ᠣᠷᠣᠨ ᠪᠦᠰᠡ ᠶᠢᠨ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠨᠡᠶᠢᠯᠡᠨ ᠣᠷᠣᠵᠤ᠂ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠪᠠᠷ ᠬᠦᠯᠢᠶᠡᠨ ᠠᠪᠤᠨ᠎ᠠ᠃ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠵᠤ᠂ ᠠᠷᠠᠯᠵᠢᠶᠠᠴᠢᠨ ᠤᠷᠢᠬᠤ ᠠᠷᠭ᠎ᠠ ᠮᠠᠶ᠋ᠢᠭ ᠰᠢᠨ᠎ᠡ ᠶᠢ ᠡᠭᠦᠳᠦᠨ᠂ ᠪᠡᠯᠡ ᠮᠥᠩᠭᠦ ᠶᠢ 580 ᠳ᠋ᠦᠩᠰᠢᠭᠤᠷ ᠲᠥᠭᠦᠷᠢᠭ ᠣᠷᠣᠭᠤᠯᠵᠤ ᠢᠷᠡᠬᠦ ᠪᠠᠷ ᠴᠢᠷᠮᠠᠶᠢᠵᠤ᠂ ᠳᠤᠮᠳᠠᠴᠢ ᠪᠠᠷ ᠵᠢᠯ ᠪᠦᠷᠢ 15 % ᠪᠠᠷ ᠨᠡᠮᠡᠭᠳᠡᠭᠦᠯᠦᠨ᠎ᠡ᠃ ᠱᠢ ᠵᠢᠩ ᠱᠠᠨ ᠲᠣᠭᠤᠷᠢᠭ ᠯᠤᠭ᠎ᠠ ᠭᠠᠷ ᠬᠤᠯᠪᠣᠨ ᠴᠢᠨᠡᠭᠡᠯᠢᠭᠵᠢᠬᠦ ᠠᠰᠢᠭᠲᠠᠶ ᠠᠵᠠ ᠲᠣᠬᠢᠶᠠᠯ ᠢ ᠠᠰᠢᠭᠯᠠᠨ᠂ ᠲᠠᠷᠢᠶᠠᠯᠠᠩ ᠤᠨ ᠭᠠᠷᠤᠯᠲᠠ ᠶᠢ ᠬᠡᠳᠦ ᠳᠡᠯᠭᠡᠭᠦᠷ ᠲᠠᠢ ᠵᠣᠯᠭᠠᠭᠤᠯᠬᠤ ᠶᠢ ᠴᠢᠩᠭᠠᠳᠬᠠᠵᠤ᠂ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠨᠠᠮᠵᠢᠭᠤᠯᠬᠤ ᠪᠠ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠪᠠᠷ ᠵᠠᠯᠭᠠᠨ ᠠᠪᠴᠤ᠂ ᠰᠤᠷᠭᠠᠨ ᠬᠥᠮᠦᠵᠢᠯ᠂ ᠡᠮᠴᠢᠯᠡᠭᠡ ᠡᠷᠡᠭᠦᠯ ᠬᠠᠮᠠᠭᠠᠯᠠᠯ᠂ ᠵᠢᠭᠤᠯᠴᠢᠯᠠᠯ᠂ ᠠᠵᠢᠯ ᠣᠯᠭᠤᠯᠲᠠ ᠵᠡᠷᠭᠡ ᠬᠦᠷᠢᠶᠡᠨ ᠳᠤ ᠭᠦᠨᠵᠡᠭᠡᠶ ᠬᠠᠮᠲᠤᠷᠠᠯᠴᠠᠭ᠎ᠠ ᠪᠠᠨ ᠲᠥᠯᠬᠢᠨ ᠠᠬᠢᠭᠤᠯᠵᠦ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠳᠡᠰ ᠳᠠᠪᠬᠤᠷᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃    ᠲᠦᠷᠪᠡ  ᠂ ᠬᠦᠴᠦᠨ ᠴᠢᠳᠠᠯ ᠢᠶᠠᠨ ᠲᠥᠪᠯᠡᠷᠡᠭᠦᠯᠦᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ᠂ ᠰᠠᠶᠢᠨ ᠰᠠᠶᠢᠬᠠᠨ  ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠪᠠᠶᠠᠯᠠᠭᠦᠯᠦᠨ᠎ᠠ     ᠠᠷᠠᠳ ᠤᠨ ᠠᠮᠢᠳᠤᠷᠠᠯ ᠤᠨ ᠠᠰᠢᠭ ᠢ ᠢᠯᠡᠭᠦᠦ ᠪᠣᠳᠣᠯᠬᠢᠯᠠᠵᠤ᠂ ᠠᠷᠠᠳ ᠤᠨ ᠵᠣᠪᠠᠭᠤᠷᠢ ᠵᠦᠳᠡᠭᠦᠷᠢ ᠶᠢ ᠢᠯᠡᠭᠦᠬᠡᠨ ᠠᠷᠢᠯᠭᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠵᠦ ᠪᠦᠷᠢᠳᠦᠭᠦᠯᠦᠨ᠂ ᠨᠢᠯᠬ᠎ᠠ ᠬᠡᠤᠭᠡᠳ ᠴᠡᠴᠡᠷᠯᠢᠭ ᠲᠠᠢ ᠪᠠᠶᠢᠬᠤ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ ᠪᠠᠶᠢᠬᠤ᠂ ᠬᠥᠳᠡᠯᠮᠦᠷᠢᠯᠡᠪᠡᠰᠦ ᠬᠠᠷᠠᠮᠵᠢ ᠲᠠᠢ ᠪᠠᠶᠢᠬᠤ᠂ ᠡᠪᠡᠳᠴᠢᠯᠡᠪᠡᠯ ᠡᠮᠨᠡᠭᠦᠯᠬᠦ ᠭᠠᠵᠠᠷ ᠲᠠᠢ ᠪᠠᠶᠢᠬᠤ᠂ ᠦᠲᠡᠯᠪᠡᠯ ᠠᠰᠠᠷᠠᠮᠵᠢ ᠲᠠᠢ ᠪᠠᠶᠢᠬᠤ᠂ ᠰᠠᠭᠤᠬᠤ ᠠᠴᠠ ᠣᠷᠣᠨ ᠰᠠᠭᠤᠴᠠ ᠲᠠᠢ  ᠪᠠᠶᠢᠬᠤ᠂ ᠪᠠᠭᠤᠷᠠᠶ ᠳᠤ ᠲᠡᠳᠭᠦᠮᠵᠢ ᠲᠠᠢ ᠪᠠᠶᠢᠬᠤ ᠲᠠᠯ᠎ᠠ ᠪᠠᠷ ᠲᠠᠰᠤᠷᠠᠯᠲᠠ ᠦᠭᠡᠶ ᠰᠢᠨ᠎ᠡ ᠠᠬᠢᠴᠠ ᠲᠠᠢ ᠪᠣᠯᠵᠤ᠂ ᠪᠦᠬᠦ ᠰᠢᠶᠠᠨ ᠤ ᠠᠷᠠᠳ ᠲᠦᠮᠡᠨ ᠢ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠬᠥᠭᠵᠢᠯᠲᠡ ᠶᠢᠨ ᠳᠤᠮᠳᠠ ᠨᠡᠩ ᠶᠡᠭᠡ ᠬᠦᠷᠲᠡᠭᠡᠯ ᠤᠨ ᠮᠡᠳᠡᠷᠡᠮᠵᠢ ᠲᠠᠢ ᠪᠤᠯᠭᠠᠨ᠎ᠠ᠃    ︵ᠨᠢᠭᠡ︶ ᠶᠠᠳᠠᠭᠤ ᠠᠴᠠ ᠠᠩᠬᠢᠵᠢᠷᠠᠭᠤᠯᠤᠨ ᠪᠤᠭᠤᠮᠲᠠ ᠰᠢᠪᠲᠤᠯᠬᠤ ᠲᠠᠶᠢᠯᠠᠯᠲᠣᠭᠠᠨ ᠳᠤ ᠡᠷᠡᠰ ᠢᠯᠡᠨ᠎ᠠ    ᠶᠠᠳᠠᠭᠤ ᠠᠴᠠ ᠠᠩᠬᠢᠵᠢᠷᠠᠭᠤᠯᠤᠨ ᠪᠤᠭᠤᠮᠲᠠ ᠰᠢᠪᠲᠤᠯᠬᠤ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢ ᠶᠡᠷᠦᠩᠬᠡᠶᠢᠯᠡᠨ ᠵᠠᠬᠢᠷᠴᠤ᠂ ᠨᠠᠷᠢᠯᠢᠭ ᠣᠨᠣᠴᠢᠲᠠᠶ ᠪᠠᠷ ᠶᠠᠳᠠᠭᠤ ᠶᠢ ᠲᠡᠳᠬᠦᠬᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ  ᠶᠢ ᠪᠠᠷᠢᠮᠲᠠᠯᠠᠨ᠂ ᠶᠠᠳᠠᠭᠤ ᠶᠢ ᠲᠡᠳᠬᠦᠬᠦ ᠤᠷᠮ᠎ᠠ ᠵᠤᠷᠢᠭ ᠢ ᠲᠡᠳᠭᠦᠭᠦ᠂ ᠲᠡᠳᠭᠦᠭᠦ ᠪᠠ ᠤᠢ ᠤᠬᠠᠭᠠᠨ ᠬᠠᠷᠢᠯᠴᠠᠨ ᠤᠶᠠᠯᠳᠤᠬᠤ ᠶᠢ ᠴᠢᠬᠤᠯᠠᠴᠢᠯᠠᠵᠤ᠂ ᠮᠥᠩᠭᠦᠨ ᠭᠦᠢᠯᠭᠡᠭᠡᠨ ᠤ ᠠᠷᠠᠳ ᠢ ᠪᠠᠶᠠᠵᠢᠭᠤᠯᠬᠤ᠂ ᠣᠨᠳᠣᠣ ᠭᠠᠵᠠᠷ ᠰᠢᠯᠵᠢᠭᠦᠯᠦᠨ ᠨᠡᠭᠦᠯᠭᠡᠬᠦ ᠵᠡᠷᠭᠡ ᠲᠤᠰᠬᠠᠶ ᠵᠦᠢᠯ ᠢᠶᠠᠷ ᠶᠠᠳᠠᠭᠤ ᠶᠢ ᠲᠡᠳᠬᠦᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠵᠡᠷᠭᠡ ᠠᠵᠢᠯ ᠲᠥᠷᠥᠯ ᠢᠶᠠᠷ ᠶᠠᠳᠠᠭᠤ ᠶᠢ ᠲᠡᠳᠬᠦᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ ᠂ ᠲᠦᠮᠡᠨ ᠺᠠᠳ᠋ᠷ ᠶᠡᠭᠡ ᠪᠠᠷ ᠬᠥᠳᠡᠭᠡ ᠪᠠᠭᠤᠵᠤ ᠬᠠᠪᠰᠤᠷᠤᠨ ᠲᠡᠳᠬᠦᠬᠦ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ ᠶᠠᠳᠠᠭᠤ ᠶᠢ ᠲᠡᠳᠬᠦᠬᠦ ᠲᠤᠰᠬᠠᠶ ᠵᠦᠢᠯ᠂ ᠠᠵᠢᠯ ᠲᠥᠷᠥᠯ ᠢᠶᠠᠷ ᠶᠠᠳᠠᠭᠤ ᠶᠢ ᠲᠡᠳᠬᠦᠬᠦ᠂ ᠨᠡᠶᠢᠭᠡᠮ ᠳᠠᠶᠠᠭᠠᠷ ᠢᠶᠠᠷ ᠶᠠᠳᠠᠭᠤ ᠶᠢ ᠲᠡᠳᠬᠦᠬᠦ ︽ᠭᠤᠷᠪᠠ ᠶᠢ ᠨᠢᠭᠡ ᠴᠤᠭᠴᠠᠵᠢᠭᠤᠯᠬᠤ︾ ᠠᠵᠢᠯ ᠤᠨ ᠪᠠᠶᠢᠷᠢᠰᠢᠯ ᠢ ᠪᠠᠬᠢᠵᠢᠭᠦᠯᠵᠦ ᠲᠡᠭᠦᠯᠳᠡᠷᠵᠢᠬᠦᠯᠦᠨ᠎ᠡ᠃  ᠶᠠᠳᠠᠭᠤ ᠶᠢ ᠲᠡᠳᠬᠦᠬᠦ ᠲᠤᠰᠬᠠᠶ ᠵᠦᠢᠯ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠲᠦᠷᠦᠯ ᠤᠨ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠪᠦᠲᠦᠮᠵᠢᠲᠡᠶ ᠡᠮᠬᠢᠯᠡᠨ ᠨᠡᠶᠢᠯᠡᠬᠦᠯᠦᠨ᠂ ︽ᠲᠠᠪᠤᠨ ᠨᠢᠭᠡ ᠪᠦᠯᠦᠭ︾ ᠤᠨ ᠨᠠᠷᠢᠯᠢᠭ ᠣᠨᠣᠴᠢᠲᠠᠶ ᠲᠥᠷᠦ ᠶᠢᠨ ᠪᠣᠳᠣᠯᠭ᠎ᠠ   ᠶᠢ ᠭᠡᠷᠩᠵᠢᠬᠦᠯᠦᠨ᠂ ᠡᠷᠦᠬᠡ ᠳᠠᠷᠠᠭᠠᠯᠠᠨ ᠬᠠᠪᠰᠤᠷᠤᠨ ᠲᠡᠳᠬᠦᠬᠦ ᠲᠥᠷᠥᠯ ᠵᠦᠢᠯ᠂ ᠪᠡᠯᠡ ᠮᠥᠩᠭᠦ ᠪᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ 2019 ᠣᠨ ᠪᠣᠯᠬᠤ ᠳᠤ ᠶᠠᠳᠠᠭᠤ ᠬᠦᠴᠢᠷᠳᠡᠯ ᠲᠠᠢ ᠰᠢᠶᠠᠨ ᠤ ᠮᠠᠯᠠᠭᠠᠶ ᠪᠠᠨ ᠠᠪᠴᠦ ᠬᠠᠶᠠᠬᠤ ᠶᠢ ᠦᠨᠡᠨ ᠬᠦ ᠪᠠᠲᠤᠯᠠᠨ᠂ ᠶᠠᠳᠠᠭᠤ ᠬᠦᠴᠢᠷᠳᠡᠯ ᠲᠠᠢ ᠬᠥᠮᠦᠨ ᠠᠮᠠ ᠪᠦᠬᠦ ᠰᠢᠶᠠᠨ ᠤ ᠠᠷᠠᠳ ᠲᠦᠮᠡᠨ ᠲᠠᠢ ᠬᠠᠮᠲᠤ ᠪᠠᠷ ᠴᠢᠨᠡᠭᠡᠯᠢᠭ ᠨᠡᠶᠢᠭᠡᠮ ᠳᠤ ᠠᠯᠬᠤᠨ ᠤᠷᠤᠨ᠎ᠠ᠃    ︵ᠬᠤᠶᠠᠷ︶ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠦᠢᠯᠡᠰ ᠢ ᠭᠦᠭᠵᠢᠭᠦᠯᠦᠨ᠎ᠡ     ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠭᠦᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 62 % ᠲᠤ ᠬᠦᠷᠭᠡᠨ᠎ᠡ᠃ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠵᠣᠬᠢᠴᠠᠩᠭᠤᠶ ᠬᠥᠭᠵᠢᠯᠲᠡ ᠶᠢ ᠰᠠᠶᠢᠲᠤᠷ ᠠᠳᠬᠳᠨ᠂ ᠰᠤᠷᠬᠤ ᠨᠠᠰᠤᠨ ᠠᠴᠠ ᠡᠮᠤᠨᠡᠬᠢ ᠭᠤᠷᠪᠠᠨ ᠵᠢᠯ ᠤᠨ ᠴᠡᠴᠡᠷᠯᠢᠭ ᠲᠤ ᠣᠷᠣᠬᠤ ᠨᠤᠷᠮ᠎ᠠ ᠶᠢ 97 %  ᠲᠤ ᠬᠦᠷᠭᠡᠨ᠎ᠡ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠦᠭᠵᠢᠬᠦᠯᠦᠭᠰᠡᠨ ᠰᠢᠯᠢᠳᠡᠭ ᠰᠢᠶᠠᠨ ᠢ ᠪᠠᠶᠢᠭᠤᠯᠤᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠲᠦᠭᠡᠮᠡᠯᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠢ ᠤᠯᠤᠰ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠵᠢᠱᠢᠶ᠎ᠡ ᠦᠵᠡᠭᠦᠯᠬᠦ ᠰᠤᠷᠭᠠᠭᠤᠯᠢ ᠶᠢᠨ ᠡᠩᠨᠡᠭᠡᠨ ᠳᠤ ᠤᠷᠤᠭᠤᠯᠤᠨ᠂ ᠦᠨᠳᠦᠰᠦᠲᠡᠨ ᠤ ᠰᠤᠷᠭᠠᠨ ᠬᠥᠮᠦᠵᠢᠯ ᠪᠠ ᠣᠨᠴᠠᠭᠠᠶ ᠰᠤᠷᠭᠠᠨ ᠬᠥᠮᠦᠵᠢᠯ ᠢ  ᠴᠢᠬᠤᠯᠠᠴᠢᠯᠠᠵᠦ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠵᠢᠷᠤᠮᠵᠢᠭᠤᠯᠤᠨ᠎ᠠ᠃ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ︽ ᠮᠤᠷᠠᠯ ᠰᠤᠷᠲᠠᠯ ᠢ ᠲᠡᠷᠢᠭᠦᠨ ᠳᠤ ᠲᠠᠯᠪᠢᠬᠤ︾ ᠶᠢ ᠴᠢᠬᠤᠯᠠᠴᠢᠯᠠᠨ᠂ ᠰᠢᠨ᠎ᠡ ᠴᠠᠭ ᠦᠶ᠎ᠡ ᠶᠢᠨ ᠥᠨᠳᠥᠷ ᠬᠡᠪ ᠴᠢᠨᠠᠷ ᠲᠠᠢ ᠪᠠᠭᠰᠢ ᠶᠢᠨ ᠡᠩᠨᠡᠭᠡ ᠶᠢ ᠬᠦᠮᠦᠵᠢᠭᠦᠯᠦᠨ᠎ᠡ᠃ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ ᠬᠦᠴᠦ ᠪᠠᠷ ᠢᠶᠠᠨ ᠳᠡᠭᠡᠭᠰᠢᠯᠡᠭᠦᠯᠵᠦ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ  ᠵᠢᠩᠬᠢᠨᠢ ᠠᠩᠭᠢ ᠳᠤ ᠤᠷᠤᠬᠤ ᠨᠣᠷᠮ᠎ᠠ ᠶᠢ 20% ᠲᠤ ᠬᠦᠷᠭᠡᠵᠦ᠂ ᠴᠢᠩᠬᠤᠸᠠ ᠪᠡᠭᠡᠵᠢᠩ ᠶᠡᠭᠡ ᠰᠤᠷᠭᠠᠭᠤᠯᠢ ᠳᠤ  ᠰᠢᠯᠭᠠᠭᠤᠯᠤᠨ ᠤᠷᠤᠬᠤ ᠬᠥᠮᠦᠨ ᠤ ᠲᠤᠭ᠎ᠠ ᠰᠢᠨ᠎ᠡ ᠰᠢᠪᠲᠤᠯᠤᠯᠲᠠ ᠶᠢ ᠭᠠᠷᠭᠠᠨ᠎ᠠ᠃ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠂ ᠰᠤᠷᠤᠭᠴᠢ ᠵᠥᠭᠡᠭᠡᠪᠦᠷᠢᠯᠡᠬᠦ ᠲᠡᠷᠭᠡ᠂ ᠬᠤᠭᠤᠯᠠᠨ ᠲᠢᠩᠬᠢᠮ᠂ ᠪᠠᠶᠢᠷᠢ ᠶᠢᠨ ᠬᠠᠮᠢᠶᠠᠷᠤᠯᠲᠠ ᠪᠠᠷ ᠭᠤᠣᠯᠳᠠᠯᠭ᠎ᠠ ᠪᠣᠯᠭᠠᠨ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠲᠤᠬᠠᠶ ᠤᠬᠠᠮᠰᠠᠷ ᠢ ᠳᠡᠭᠡᠭᠰᠢᠯᠡᠭᠦᠯᠵᠦ᠂ ᠠᠮᠤᠷ ᠲᠠᠶᠢᠪᠤᠩ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠤᠨ᠎ᠠ᠃  ᠰᠣᠶᠣᠯ ᠤᠨ ᠴᠡᠴᠡᠭᠯᠡᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠂ ᠰᠣᠶᠣᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠢᠭᠤᠯᠠᠯᠲᠠ ᠶᠢᠨ ᠡᠷᠴᠢᠮ ᠢ ᠴᠢᠩᠭᠠᠷᠠᠭᠤᠯᠵᠦ᠂ ᠵᠦᠩ ᠵᠢᠩ ᠰᠣᠶᠣᠯ ᠤᠨ ᠪᠦᠲᠦᠭᠡᠯᠴᠢ ᠠᠵᠤ ᠦᠢᠯᠡᠰ ᠤᠨ ᠬᠦᠷᠢᠶᠡᠯᠡᠩ ᠢ ᠪᠦᠳᠦᠭᠡᠨ ᠪᠠᠶᠢᠭᠤᠯᠤᠨ᠎ᠠ᠃ ᠰᠣᠶᠣᠯ ᠤᠨ ᠲᠥᠪ ᠤᠨ ᠶᠡᠷᠦᠩᠬᠡᠶᠢᠯᠡᠭᠰᠡᠨ ᠠᠰᠠᠷ ᠢ ᠭᠦᠢᠴᠡᠳ ᠠᠰᠢᠭᠯᠠᠵᠤ᠂ ᠣᠳᠣᠬᠢᠴᠢᠯᠠᠭᠰᠠᠨ ᠨᠣᠮ ᠤᠨ ᠰᠠᠩ᠂ ᠰᠣᠶᠣᠯ ᠤᠨ ᠭᠡᠷ᠂ ᠺᠢᠨᠣ᠋ ᠵᠦᠴᠦᠭᠡ ᠶᠢᠨ ᠬᠦᠷᠢᠶᠡᠯᠡᠩ ᠢ ᠪᠠᠶᠢᠭᠤᠯᠤᠨ᠎ᠠ᠂ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠰᠣᠶᠣᠯ ᠤᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠨᠢᠭᠡ ᠪᠦᠯᠦᠭ ᠠᠷᠠᠳ ᠲᠥᠮᠡᠨ ᠤ ᠠᠮᠢᠳᠤᠷᠠᠯ ᠲᠠᠢ ᠤᠶᠢᠷᠬᠠᠨ ᠰᠣᠳᠣᠨ ᠪᠦᠲᠦᠭᠡᠯ ᠢ ᠴᠢᠷᠮᠠᠶᠢᠨ ᠡᠭᠦᠳᠦᠨ᠂ ᠫᠢᠩᠵᠢᠦᠶ ᠵᠦᠴᠦᠭᠡ ᠶᠢᠨ ᠨᠤᠲᠤᠭ᠂ ᠵᠦ ᠵᠦ ᠴᠠ ᠶᠢᠨ ᠨᠤᠲᠤᠭ ᠢ ᠪᠠᠶᠢᠭᠤᠯᠤᠨ᠂ ᠰᠣᠶᠣᠯ ᠤᠨ ᠵᠥᠭᠡᠯᠡᠨ ᠪᠣᠳᠠᠲᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠥᠷᠨᠢᠭᠦᠯᠵᠦ᠂ ᠤᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ ᠡᠯᠪᠡᠭ ᠪᠠᠶᠠᠯᠢᠭ ᠪᠣᠯᠭᠠᠨ᠎ᠠ᠃ ᠰᠣᠶᠣᠯ ᠤᠨ ᠥᠪ ᠢ ᠠᠭᠤᠳᠠᠯᠬᠤ᠂ ᠡᠮᠬᠢᠯᠡᠬᠦ ᠪᠠ ᠬᠠᠮᠠᠭᠠᠯᠠᠬᠤ ᠶᠢ ᠴᠢᠩᠭᠠᠳᠬᠠᠨ᠎ᠠ᠂ ᠰᠢᠶᠣᠣ ᠱᠢ ᠾᠧ ᠶᠢᠨ ᠪᠤᠩᠬᠤᠨ ᠤ ᠰᠥᠷᠦᠭ᠂ ᠬᠠᠨ ᠤ ᠴᠠᠭᠠᠨ ᠬᠡᠷᠡᠮ ᠤᠨ ᠪᠠᠭᠤᠷᠢ᠂ ᠬᠠᠷ᠎ᠠ ᠬᠤᠲᠠ ᠶᠢᠨ ᠪᠠᠭᠤᠷᠢ ᠪᠠ ᠨᠠᠨ ᠱᠠᠨ ᠭᠧᠨ ᠪᠠᠭᠤᠷᠢ ᠶᠢ ᠬᠠᠮᠠᠭᠠᠯᠠᠵᠤ ᠲᠥᠷᠥᠯ ᠵᠦᠢᠯ ᠢ ᠪᠡᠶᠡᠯᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠪᠦᠭᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠢᠶᠠᠷ ᠦᠷᠨᠢᠭᠦᠯᠦᠨ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠬᠦᠴᠦᠷᠬᠡᠭ ᠰᠢᠶᠠᠨ ᠢ ᠪᠠᠶᠢᠭᠤᠯᠤᠨ᠎ᠠ᠃ ᠷᠠᠳᠢᠣ᠋ ᠨᠡᠪᠲᠡᠷᠡᠭᠦᠯᠭᠡ ᠲᠧᠯᠸᠢᠰ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠣᠭᠠᠴᠢᠯᠠᠬᠰᠠᠨ ᠲᠧᠯᠸᠢᠰ ᠪᠦᠷᠢᠨ ᠬᠠᠮᠤᠷᠬᠤ ᠶᠢ ᠲᠡᠮᠡᠴᠡᠨ ᠪᠡᠶᠡᠯᠡᠭᠦᠯᠦᠨ᠎ᠡ᠃     ᠡᠷᠡᠭᠦᠯ ᠮᠡᠨᠳᠦ ᠨᠢᠩᠴᠧᠩ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠲᠠᠭᠤ ᠲᠤᠨᠤᠬ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠲᠡᠮᠤᠷ ᠵᠠᠮ ᠤᠨ ᠪᠠᠷᠠᠭᠤᠨᠲᠡᠬᠢ ᠬᠤᠪᠢᠶᠠᠷᠢ ᠬᠤᠷᠢᠶ᠎ᠠ᠂ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠡᠮᠴᠢᠯᠡᠭᠡ ᠪᠠ ᠰᠤᠪᠢᠯᠠᠯᠲᠠ ᠶᠢᠨ ᠲᠥᠪ ᠢ ᠪᠠᠶᠢᠭᠤᠯᠵᠦ᠂ ᠡᠮ ᠡᠮᠨᠡᠯᠭᠡ ᠶᠢᠨ ᠨᠡᠶᠢᠳᠡ ᠴᠣᠭᠴᠠ ᠪᠥᠬᠦᠢ ᠪᠥᠳᠥᠭᠡᠨ ᠪᠠᠶᠢᠭᠤᠯᠤᠯᠲᠠ ᠶᠢ ᠢᠳᠡᠪᠬᠢᠲᠡᠶ ᠳᠥᠯᠭᠢᠨ ᠠᠬᠢᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠤᠨ᠎ᠠ᠃ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠦᠨᠳᠦᠰᠦᠨ ᠡᠮ ᠤᠨ ᠵᠦᠢᠯ ᠤᠨ ᠲᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠨᠢᠭᠡ ᠪᠦᠯᠦᠭ ᠶᠡᠷᠦᠩᠬᠡᠶ ᠰᠠᠯᠠᠭᠠᠨ ᠤ ᠡᠮᠴᠢ ᠶᠢ ᠬᠥᠮᠥᠵᠢᠬᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠦᠨ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠬᠦ ᠪᠠ ᠬᠢᠵᠠᠭᠠᠷᠯᠠᠨ᠎ᠠ᠃ ᠲᠥᠯᠥᠪᠯᠡᠭᠡ ᠲᠠᠢ ᠪᠠᠷ ᠬᠡᠦᠬᠡᠳ ᠠᠪᠬᠤ ᠤᠯᠤᠰ ᠤᠨ ᠦᠨᠳᠦᠰᠦᠨ ᠪᠤᠳᠤᠯᠭ᠎ᠠ ᠶᠢ ᠪᠠᠷᠢᠮᠲᠠᠯᠠᠵᠤ᠂ ᠲᠦᠷᠦᠭᠦ ᠬᠥᠮᠦᠨ ᠠᠮᠠ ᠶᠢ ᠬᠢᠨᠠᠨ ᠬᠡᠮᠵᠢᠬᠦ ᠤᠷᠢᠳᠴᠢᠯᠠᠨ ᠰᠡᠷᠡᠮᠵᠢᠯᠡᠭᠦᠯᠬᠦ ᠪᠠ ᠬᠠᠷᠠᠯᠳᠠᠳᠦ ᠬᠥᠮᠦᠰ ᠲᠤ ᠦᠢᠯᠡᠴᠢᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃   ︵ᠭᠤᠷᠪᠠ︶ ᠠᠵᠢᠯ ᠣᠯᠭᠤᠬᠤ ᠪᠠ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠨ᠎ᠠ    ᠠᠵᠢᠯ ᠣᠯᠭᠤᠯᠲᠠ ᠶᠢᠨ ᠢᠳᠡᠪᠬᠢᠲᠡᠶ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ︽ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ︾ ᠶᠢ ᠭᠦᠨᠵᠡᠭᠡᠶ ᠲᠦᠯᠬᠢᠨ ᠠᠬᠢᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠶᠡᠭᠡ ᠬᠡᠪᠴᠢᠶ᠎ᠡ ᠪᠠᠷ ᠥᠷᠨᠢᠭᠦᠯᠵᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠲᠠᠶᠢᠴᠢᠯᠠᠬᠤ ᠶᠢ ᠵᠤᠷᠢᠭᠵᠢᠭᠤᠯᠤᠨ᠂ ᠨᠠᠩ ᠥᠨᠳᠥᠷ ᠴᠢᠨᠠᠷ ᠴᠢᠨᠰᠠᠭ᠎ᠠ ᠲᠠᠢ ᠪᠠ ᠨᠡᠩ ᠭᠦᠢᠴᠡᠳ ᠠᠵᠢᠯ  ᠤᠯᠭᠤᠯᠲᠠ ᠶᠢ ᠪᠡᠶᠡᠯᠡᠭᠦᠯᠦᠨ᠎ᠡ᠃ ᠵᠢᠯ ᠪᠦᠷᠢ ᠶᠢᠨ ᠬᠤᠳᠠ ᠪᠠᠯᠭᠠᠰᠤᠨ ᠤ ᠠᠵᠢᠯ ᠤᠯᠭᠤᠯᠲᠠ ᠶᠢ 2000 ᠬᠥᠮᠦᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ 400 ᠰᠢᠨ᠎ᠡ ᠪᠠᠷ  ᠨᠡᠮᠡᠭᠳᠡᠭᠦᠯᠦᠨ᠂ ᠠᠵᠢᠯ ᠠᠯᠳᠠᠬᠤ ᠨᠤᠷᠮ᠎ᠠ ᠶᠢ 4.0 % ᠶᠢᠨ ᠳᠣᠲᠣᠷ᠎ᠠ ᠬᠢᠵᠠᠭᠠᠷᠯᠠᠨ᠎ᠠ᠂ ᠬᠥᠳᠡᠭᠡ ᠲᠣᠰᠬᠤᠨ ᠤ ᠦᠯᠡᠭᠦᠦ ᠬᠥᠳᠡᠯᠮᠦᠷᠢ ᠶᠢᠨ ᠬᠦᠴᠦᠨ ᠤ ᠰᠢᠯᠵᠢᠬᠦᠯᠵᠦ ᠠᠵᠢᠯ ᠣᠯᠭᠤᠬᠤ ᠶᠢ ᠦᠷᠭᠦᠯᠵᠢᠯᠡᠨ ᠴᠢᠩᠭᠠᠳᠬᠠᠨ᠎ᠠ᠃ ᠬᠤᠳᠠ ᠬᠥᠳᠡᠭᠡ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠡᠷᠴᠢᠮ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠨᠠᠷᠢᠨ ᠨᠢᠬᠲᠠ ᠨᠡᠶᠢᠭᠡᠮ ᠤᠨ ᠪᠠᠲᠤᠯᠠᠭ᠎ᠠ ᠶᠢᠨ ᠲᠣᠣᠷ ᠢ ᠪᠤᠢ ᠪᠤᠯᠭᠠᠨ᠎ᠠ᠃ 2022 ᠣᠨ ᠪᠣᠯᠬᠤ ᠳᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ 34 ᠲᠦᠮᠡᠨ ᠬᠥᠮᠦᠨ   ᠳᠤ ᠬᠦᠷᠭᠡᠵᠦ᠂ ᠡᠮ ᠡᠮᠨᠡᠯᠭᠡ ᠶᠢᠨ ᠳᠠᠭᠠᠳᠬᠠᠯ ᠤᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠨ᠂ ᠣᠨᠴᠠ ᠬᠦᠴᠢᠷᠳᠡᠯᠳᠡᠢ ᠬᠥᠮᠥᠰ ᠤᠨ ᠠᠪᠤᠷᠠᠨ ᠲᠤᠰᠠᠯᠠᠯᠲᠠ ᠪᠥᠬᠦᠨ ᠢ ᠬᠠᠮᠤᠷᠬᠤ ᠶᠢ ᠪᠡᠶᠡᠯᠡᠭᠦᠯᠦᠨ᠎ᠡ᠃    ︵ᠲᠦᠷᠪᠡ︶ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠦᠨ᠎ᠡ   ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠪᠣᠰᠤᠭ᠎ᠠ ᠴᠣᠭᠴᠠᠲᠤ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠵᠦ᠂ ᠬᠠᠤᠯᠢ ᠶᠢ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠶ᠋ᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠬᠠᠤᠯᠢ ᠶᠣᠰᠣᠭᠠᠷ  ᠭᠤᠮᠣᠳᠠᠯ ᠱᠠᠭᠠᠷᠳᠠᠯᠭ᠎ᠠ ᠪᠠᠨ ᠵᠦᠢ ᠵᠣᠬᠢᠰᠲᠠᠶ ᠲᠤᠰᠬᠠᠨ᠎ᠠ᠃ ︽ᠳᠣᠯᠣᠳᠤᠭᠠᠷ ᠲᠠᠪᠤᠨ ᠵᠢᠯ ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠥᠷᠨᠢᠭᠦᠯᠵᠦ᠂ ᠬᠠᠤᠯᠢ ᠪᠠᠷ  ᠰᠢᠶᠠᠨ ᠢᠶᠠᠨ ᠵᠠᠰᠠᠬᠤ ᠠᠬᠢᠴᠠ ᠶᠢ ᠲᠦᠯᠬᠢᠨ ᠠᠬᠢᠭᠤᠯᠤᠨ᠎ᠠ᠃ ᠠᠮᠢ ᠨᠠᠰᠤ ᠶᠢ ᠡᠷᠬᠢᠮᠨᠡᠨ ᠦᠵᠡᠵᠦ᠂ ᠠᠶᠤᠯᠭᠦᠶ ᠶᠢ ᠲᠡᠷᠢᠭᠦᠨ ᠳᠤ ᠲᠠᠯᠪᠢᠬᠤ ᠦᠵᠡᠯ ᠰᠠᠨᠠᠭ᠎ᠠ ᠶᠢ ᠪᠠᠳᠠᠷᠠᠭᠤᠯᠵᠤ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠵᠦ ᠂ ᠶᠡᠭᠡ ᠵᠢᠬᠰᠠᠭᠠᠨ ᠪᠠᠶᠢᠴᠠᠭᠠᠬᠤ ᠶᠡᠭᠡ ᠪᠠᠢᠴᠠᠭᠠᠯᠲᠠ ᠬᠢᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠲᠦᠷᠦᠯ ᠤᠨ ᠦᠢᠯᠡᠳᠪᠦᠷᠢᠯᠡᠯ ᠤᠨ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ︽ᠳᠥᠷᠪᠡᠨ ᠴᠢᠩᠭ᠎ᠠ ᠪᠠᠶᠢᠬᠤ︾ ᠱᠠᠭᠠᠷᠳᠠᠯᠭ᠎ᠠ ᠶᠣᠰᠣᠭᠠᠷ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠷᠠᠳ ᠣᠯᠠᠠ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠤᠯᠤᠰ ᠤᠨ ᠭᠠᠵᠠᠷ ᠰᠢᠷᠣᠶ ᠡᠬᠢ ᠪᠠᠶᠠᠯᠢᠭ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠪᠠ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠢ ᠭᠦᠨᠵᠡᠭᠡᠶ ᠥᠷᠨᠢᠭᠦᠯᠵᠦ᠂ ᠣᠷᠴᠢᠨ ᠲᠣᠭᠤᠷᠢᠨ ᠢ ᠰᠡᠷᠭᠦᠭᠡᠨ ᠵᠠᠰᠠᠬᠤ ᠪᠠ ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠴᠡᠭᠴᠡᠯᠡᠨ ᠦᠭᠡᠷᠡᠴᠢᠯᠡᠬᠦ ᠶᠢ ᠰᠠᠶᠢᠲᠤᠷ ᠬᠢᠨ᠎ᠡ᠃ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠤᠬᠠᠶ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ᠂ ᠡᠶ᠎ᠡ ᠵᠣᠬᠢᠴᠠᠯ ᠲᠠᠢ ᠶᠡᠭᠡ ᠰᠠᠶᠢᠨ ᠪᠠᠶᠢᠳᠠᠯ ᠢ ᠪᠠᠬᠢᠵᠢᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢ ᠭᠦᠨᠵᠡᠭᠡᠶ ᠥᠷᠨᠢᠭᠦᠯᠵᠦ᠂ ᠴᠡᠷᠢᠭ ᠠᠷᠠᠳ ᠤᠨ ᠠᠭᠤᠰᠤᠯᠴᠠᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠬᠦ᠂ ᠡᠷᠦᠬᠡ ᠶᠢᠨ ᠴᠡᠷᠢᠭ ᠪᠡᠯᠡᠳᠬᠡᠯ ᠠᠯᠪᠠ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠨ᠎ᠡ᠃ ᠲᠤᠭ᠎ᠠ ᠪᠦᠷᠢᠳᠬᠡᠯ᠂ ᠠᠵᠢᠯᠳᠠᠨ ᠤ ᠶᠠᠪᠤᠳᠠᠯ ᠴᠢᠳᠠᠪᠤᠷᠢᠲᠠᠨ᠂ ᠳᠠᠩᠰᠠ ᠡᠪᠬᠡᠮᠡᠯ᠂ ᠡᠭᠡ ᠨᠢᠯᠬᠠᠰ᠂ ᠥᠲᠡᠭᠦᠰ ᠨᠠᠰᠤᠲᠠᠨ᠂ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃      ᠲᠠᠪᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠬᠤᠯᠠᠴᠢᠯᠠᠵᠤ᠂ ᠠᠷᠠᠳ ᠲᠦᠮᠡᠨ ᠤ ᠲᠥᠯᠥᠭᠡ ᠪᠣᠳᠠᠲᠤ ᠠᠵᠢᠯᠯᠠᠭ᠎ᠠ ᠶᠢ ᠬᠢᠬᠦ ᠰᠢᠨ᠎ᠡ ᠳᠦᠷᠢ ᠲᠥᠷᠬᠦ ᠶᠢ ᠪᠤᠢ ᠪᠣᠯᠭᠠᠨ᠎ᠠ     ᠲᠡᠮᠦᠷ ᠳᠠᠪᠲᠠᠬᠤ ᠳᠤ ᠡᠷᠬᠡᠪᠰᠢ ᠲᠤᠰ ᠪᠡᠶ᠎ᠡ ᠶᠢᠨ ᠬᠠᠲᠠᠭᠤ ᠪᠠᠶᠢᠬᠤ ᠬᠡᠷᠩᠳᠡᠢ᠃ ᠬᠠᠲᠠᠭᠤ ᠪᠡᠷᠬᠡ ᠪᠥᠭᠡᠳ ᠨᠠᠷᠢᠨ ᠪᠤᠳᠤᠯᠢᠶᠠᠨᠲᠠᠶ ᠥᠭᠡᠷᠡᠴᠢᠯᠡᠯᠲᠡ ᠬᠥᠭᠵᠢᠭᠦᠯᠦᠯᠲᠡ ᠶᠢᠨ ᠡᠭᠦᠷᠭᠡ ᠶᠢᠨ ᠡᠮᠦᠨ᠎ᠡ᠂ ᠪᠢᠳᠡ ᠴᠠᠭ ᠢᠮᠠᠭᠲᠠ ᠶᠠᠳᠠᠭᠤ ᠬᠦᠴᠢᠷᠳᠡᠯ ᠢ ᠢᠯᠡᠨ ᠲᠠᠪᠠᠵᠦ ᠴᠢᠨᠡᠭᠡᠯᠢᠭ ᠠᠮᠢᠳᠤᠷᠠᠯ ᠲᠠᠢ ᠪᠣᠯᠭᠠᠬᠤ ᠰᠢᠶ᠋ᠳᠪᠦᠷᠢᠲᠦ ᠢᠯᠠᠯᠲᠠ ᠶᠢ ᠤᠯᠬᠤ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠶ ᠡᠭᠦᠷᠭᠡᠯᠡᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠰᠢᠨᠲᠠᠷᠠᠰᠢ ᠦᠭᠡᠢ ᠴᠢᠩᠭᠠᠳᠬᠠᠵᠤ᠂ ᠵᠠᠰᠠᠭ ᠶᠠᠪᠤᠭᠤᠯᠬᠤ ᠴᠢᠳᠠᠪᠤᠷᠢ ᠪᠣᠯᠤᠨ ᠲᠦᠷᠦ ᠪᠠᠷᠢᠬᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠰᠠᠭ ᠤᠨ ᠣᠷᠳᠣᠨ ᠢ ᠬᠦᠴᠦᠯᠡᠨ  ᠪᠠᠶᠢᠭᠤᠯᠤᠨ᠎ᠠ᠃   ︵ᠨᠢᠭᠡ︶  ᠪᠣᠳᠠᠲᠠᠶ ᠠᠵᠢᠯᠯᠠᠬᠤ ᠵᠠᠰᠠᠭ ᠤᠨ ᠣᠷᠳᠣᠨ ᠢ ᠪᠥᠳᠥᠭᠡᠨ ᠪᠠᠶᠢᠭᠤᠯᠤᠨ᠎ᠠ   ᠺᠠᠳ᠋ᠷ ᠤᠨ ᠰᠤᠷᠤᠯᠴᠠᠯᠭ᠎ᠠ ᠶᠢ ᠴᠢᠩᠭᠠᠳᠬᠠᠬᠤ ᠶᠢ ᠢᠮᠠᠬᠲᠠ ᠴᠢᠳᠠᠪᠤᠷᠢ ᠶᠢ ᠳᠡᠭᠡᠭᠰᠢᠯᠡᠭᠦᠯᠬᠦ᠂ ᠬᠦᠴᠢᠷ ᠰᠡᠳᠦᠪ ᠢ ᠰᠢᠶ᠋ᠳᠪᠦᠷᠢᠯᠡᠬᠦ᠂ ᠠᠵᠢᠯ ᠢ ᠳᠥᠯᠭᠢᠨ ᠠᠬᠢᠭᠤᠯᠬᠤ ᠶᠢᠨ ᠴᠢᠬᠤᠯᠠ ᠠᠷᠭ᠎ᠠ ᠵᠠᠮ ᠬᠡᠵᠦ ᠦᠵᠡᠨ᠂ ᠤᠯᠤᠰ ᠲᠥᠷᠥ ᠶᠢᠨ ᠣᠨᠣᠯ᠂ ᠤᠳᠤ ᠦᠶ᠎ᠡ ᠶᠢᠨ ᠠᠵᠤ ᠠᠬᠤᠶ᠂ ᠨᠡᠶᠢᠭᠡᠮ ᠤᠨ ᠬᠠᠮᠢᠶᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ ᠬᠠᠤᠯᠢ ᠴᠠᠭᠠᠵᠠ ᠵᠡᠷᠭᠡ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠰᠠᠶᠢᠨ ᠰᠤᠷᠤᠯᠴᠠᠨ ᠴᠢᠳᠠᠮᠠᠭᠠᠶ ᠪᠠᠷ ᠬᠡᠷᠡᠭᠯᠡᠵᠦ᠂ ᠦᠨᠡᠨ ᠬᠦ ᠰᠤᠷᠴᠤ ᠦᠨᠡᠨ ᠬᠦ ᠬᠡᠷᠡᠭᠯᠡᠬᠦ ᠴᠢᠳᠠᠬᠤ ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠤᠨ᠎ᠠ᠃ ︽ᠬᠠᠳᠠᠭᠠᠰᠤ ᠬᠠᠳᠠᠬᠤ︾ ᠠᠵᠢᠯ ᠤᠨ ᠣᠪᠣᠷ ᠪᠠ ︽ ᠬᠦᠮᠦᠨ ᠶᠠᠪᠤᠪᠠᠯ ᠮᠦᠷ ᠢᠶᠠᠨ᠂ ᠭᠠᠯᠠᠭᠤ ᠶᠠᠪᠤᠪᠠᠯ ᠨᠡᠷ᠎ᠡ ᠪᠠᠨ︾ ᠠᠵᠢᠯ ᠤᠨ ᠰᠤᠷᠲᠠᠯ ᠢᠶᠠᠷ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠴᠢᠩᠭ᠎ᠠ ᠠᠳᠬᠤᠵᠤ ᠰᠢᠷᠭᠠᠭᠤ ᠠᠵᠢᠯᠯᠠᠨ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠲᠡᠷᠢᠭᠦᠨ ᠤ ᠠᠵᠢᠯ ᠤᠨ ᠠᠮᠵᠢᠯᠲᠠ ᠪᠦᠲᠦᠮᠵᠢ ᠶᠢ ᠴᠢᠷᠮᠡᠶᠢᠨ ᠡᠭᠦᠳᠦᠨ᠎ᠡ᠃ ᠵᠠᠰᠠᠭ ᠤᠨ ᠶᠠᠪᠤᠳᠠᠯ ᠢ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ  ᠂ ᠬᠢᠨᠠᠨ ᠰᠢᠯᠭᠠᠬᠤ ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠵᠦ᠂ ᠬᠢᠨᠠᠨ ᠰᠢᠯᠭᠠᠯᠲᠠ ᠶᠢ ᠲᠡᠭᠦᠯᠳᠡᠷᠵᠢᠭᠦᠯᠵᠦ᠂ ᠠᠵᠢᠯ ᠢᠶᠠᠨ ᠰᠠᠶᠢᠲᠤᠷ  ᠨᠠᠶᠢᠳᠠᠪᠤᠷᠢᠵᠢᠭᠤᠯᠤᠨ᠎ᠠ᠃    ︵ᠬᠤᠶᠠᠷ︶ ᠦᠢᠯᠡᠴᠢᠯᠡᠬᠦ ᠵᠠᠰᠠᠭ ᠤᠨ ᠣᠷᠳᠣᠨ ᠢ ᠪᠠᠶᠢᠭᠤᠯᠤᠨ᠎ᠠ    ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠴᠢᠯᠥᠭᠡᠲᠡᠶ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂  ᠰᠢᠯᠢᠳᠡᠭᠵᠢᠭᠰᠡᠨ ᠤᠶᠢᠯᠡᠴᠢᠯᠡᠭᠡ ᠶᠢ ᠶᠡᠬᠡᠪᠡᠷ ᠲᠦᠯᠬᠢᠨ ᠠᠬᠢᠭᠤᠯᠵᠤ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠲᠥᠪ ᠭᠤᠣᠯᠴᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠬᠦᠴᠦ ᠲᠠᠯᠪᠢᠨ ᠪᠤᠢ ᠪᠣᠯᠭᠠᠵᠤ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠭᠦᠢᠴᠡᠳ ᠬᠦᠭᠵᠢᠭᠡᠨ᠎ᠡ᠃ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠠᠷᠠᠳ ᠲᠦᠮᠡᠨ ᠬᠠᠮᠤᠭ ᠤᠨ ᠶᠡᠭᠡ ᠬᠦᠰᠡᠯ ᠲᠠᠯᠪᠢᠵᠤ ᠪᠠᠶᠢᠭ᠎ᠠ ᠵᠤᠶᠢᠯ ᠳᠤ ᠠᠷᠠᠳ ᠤᠨ ᠰᠡᠳᠬᠢᠯ ᠢ ᠠᠮᠤᠷᠵᠢᠭᠤᠯᠵᠤ᠂ ᠤᠯᠠᠨ ᠲᠦᠮᠡᠨ ᠤ ᠬᠠᠮᠤᠭ ᠤᠨ ᠲᠤᠯᠭᠠᠮ᠎ᠠ ᠱᠠᠭᠠᠷᠳᠠᠭᠳᠠᠵᠤ ᠪᠠᠶᠢᠭ᠎ᠠ ᠵᠤᠶᠢᠯ ᠳᠤ ᠬᠠᠮᠤᠭ ᠬᠦᠴᠦ ᠪᠠᠨ ᠲᠠᠯᠪᠢᠵᠤ᠂ ᠠᠷᠠᠳ ᠲᠦᠮᠡᠨ ᠬᠠᠮᠤᠭ ᠤᠨ ᠬᠡᠷᠡᠭᠴᠡᠭᠡ ᠲᠠᠢ  ᠵᠤᠶᠢᠯ ᠳᠤ ᠠᠷᠢᠭᠤᠨ ᠬᠠᠶᠢᠷ᠎ᠠ ᠪᠠᠨ ᠡᠷᠭᠦᠵᠦ᠂ ᠣᠯᠠᠨ ᠲᠦᠮᠡᠨ ᠲᠠᠢ ᠬᠠᠷᠢᠯᠴᠠᠵᠦ ᠤᠶᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠣᠮᠧᠲᠷ ︾ ᠢ ᠦᠨᠡᠨ ᠬᠦ ᠨᠡᠪᠲᠡᠷᠡᠭᠦᠯᠵᠦ᠂ ᠠᠷᠠᠳ ᠤᠯᠠᠨ ᠳᠤ ᠨᠡᠩ ᠰᠢᠯᠢᠳᠡᠭ ᠨᠡᠶᠢᠲᠡ ᠶᠢᠨ ᠤᠶᠢᠯᠡᠴᠢᠯᠡᠭᠡ ᠶᠢ ᠬᠠᠩᠭᠠᠨ᠎ᠠ᠃   ︵ᠭᠤᠷᠪᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ   ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠡᠷᠬᠡᠪᠰᠢ ᠬᠦᠢᠴᠡᠳᠭᠡᠬᠦ᠂ ᠬᠠᠤᠯᠢ ᠠᠴᠠ ᠡᠷᠬᠡ ᠣᠯᠭᠤᠭᠰᠠᠨ ᠦᠭᠡᠢ ᠵᠤᠶᠢᠯ ᠢ ᠦᠯᠦ ᠬᠢᠬᠦ ᠶᠢ ᠪᠡᠷᠢᠮᠲᠡᠯᠡᠨ᠂ ᠬᠠᠤᠯᠢ ᠶᠢᠨ ᠭᠠᠳᠠᠨ᠎ᠠ ᠡᠷᠬᠡ ᠪᠤᠰᠠᠬᠠᠬᠤ᠂ ᠡᠷᠬᠡ ᠮᠡᠳᠡᠯ ᠢᠶᠠᠨ ᠶᠡᠬᠡᠰᠬᠡᠬᠦ ᠶᠢ ᠴᠢᠩᠭ᠎ᠠ ᠴᠠᠭᠠᠵᠠᠯᠠᠨ᠎ᠠ᠃ ᠰᠢᠶ᠋ᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂  ᠵᠠᠰᠠᠭ ᠤᠨ ᠣᠷᠳᠣᠨ ᠤ ᠠᠵᠢᠯ ᠤᠨ ᠵᠠᠷᠴᠢᠮ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ᠭᠤᠷᠪᠠᠨ ᠴᠢᠬᠤᠯᠠ ᠨᠢᠭᠡ ᠶᠡᠭᠡ︾ ᠰᠢᠶ᠋ᠳᠪᠦᠷᠢᠲᠦ ᠪᠤᠳᠤᠯᠭ᠎ᠠ ᠲᠣᠭᠲᠠᠭᠠᠬᠤ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭᠠᠳᠬᠠᠨ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠦᠴᠦᠯᠡᠨ ᠵᠢᠷᠤᠮᠵᠢᠭᠤᠯᠤᠨ᠎ᠠ᠃ ᠰᠢᠶᠠᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠶᠢᠨ ᠳᠣᠣᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠰᠢᠶ᠋ᠳᠪᠦᠷᠢᠲᠦ ᠪᠤᠳᠤᠯᠭ᠎ᠠ ᠲᠣᠭᠲᠠᠭᠠᠬᠤ᠂ ᠭᠦᠢᠴᠡᠳᠬᠡᠬᠦ᠂ ᠬᠠᠮᠢᠶᠠᠷᠤᠯᠲᠠ᠂ ᠤᠶᠢᠯᠡᠴᠢᠯᠡᠭᠡ᠂ ᠦᠷ᠎ᠡ ᠳ᠋ᠦᠩ ᠢ ᠢᠯᠡ ᠪᠣᠯᠭᠠᠬᠤ ᠶᠢ ᠢᠳᠡᠪᠬᠢᠲᠡᠶ ᠲᠦᠯᠬᠢᠨ ᠠᠬᠢᠭᠤᠯᠵᠤ᠂  ᠨᠡᠶᠢᠭᠡᠮ ᠨᠡᠶᠢᠲᠡ ᠶᠢᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠤ ᠠᠵᠢᠯ  ᠲᠤᠩᠭᠠᠯᠠᠭ ᠢᠯᠡ ᠪᠠᠶᠢᠬᠤ ᠶᠢ ᠦᠨᠡᠨ ᠬᠦ ᠪᠠᠲᠤᠯᠠᠨ᠎ᠠ᠃  ︵ᠳᠥᠷᠪᠡ︶ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ  ᠲᠥᠪ ᠬᠤᠷᠢᠶᠠᠨ ᠤ ︽ᠨᠠᠢᠮᠠᠨ ᠵᠦᠢᠯ ᠤᠨ ᠲᠣᠭᠲᠠᠭᠠᠯ︾ ᠪᠠ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠨᠠᠮ ᠤᠨ ᠬᠤᠷᠢᠶ᠎ᠠ ᠶᠢᠨ ᠢᠵᠢ ᠪᠦᠷᠢᠳᠦᠭᠦᠯᠦᠭᠰᠡᠨ ᠲᠣᠭᠲᠠᠭᠠᠯ ᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠬᠤ ᠳᠤᠮᠳᠠ ᠠᠵᠢᠯ ᠢᠶᠠᠨ ᠰᠠᠶᠢᠲᠤᠷ ᠬᠢᠵᠦ᠂ ᠳᠦᠷᠢᠮ ᠲᠤᠬᠳᠠᠭᠠᠯ ᠤᠨ ᠬᠢᠵᠠᠭᠠᠷᠯᠠᠯ ᠳᠣᠣᠷ᠎ᠠ ᠠᠵᠢᠯ ᠬᠢᠵᠦ ᠦᠢᠯᠡᠰ ᠪᠣᠰᠬᠠᠨ᠂ ᠴᠢᠩᠭ᠎ᠠ ᠬᠠᠤᠯᠢ ᠰᠠᠬᠢᠯᠭ᠎ᠠ ᠶᠢᠨ ᠳᠤᠮᠳᠠ ᠬᠠᠷᠢᠭᠤᠴᠠᠯᠭ᠎ᠠ ᠡᠭᠦᠷᠭᠡᠯᠡᠵᠦ᠂ ᠰᠠᠭᠤᠷᠢ ᠱᠤᠭᠤᠮ ᠢ ᠪᠠᠲᠤ ᠰᠠᠬᠢᠵᠤ᠂ ᠬᠤᠷᠢᠭ᠎ᠠ ᠱᠤᠭᠤᠮ ᠲᠠᠢ ᠬᠠᠯᠲᠠᠬᠤ ᠦᠬᠡᠢ᠃ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠣᠳᠠᠲᠠᠶ︾ ᠲᠤᠰᠬᠠᠶ ᠰᠡᠳᠦᠪᠲᠦ ᠬᠥᠮᠦᠵᠢᠯ ᠬᠢᠭᠰᠡᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ ᠂  ︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ︾  ᠰᠤᠷᠤᠯᠴᠠᠯᠭ᠎ᠠ ᠦᠢᠯᠡᠳᠦᠯᠦᠭᠡ ᠶᠢᠨ ᠠᠵᠢᠯ ᠢ ᠪᠠᠶᠢᠩᠭᠤᠵᠢᠭᠤᠯᠬᠤ ᠳᠦᠷᠢᠮᠵᠢᠭᠦᠯᠬᠦ ᠶᠢ ᠭᠦᠨᠵᠡᠭᠡᠶ ᠲᠦᠯᠬᠢᠨ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠬᠤᠪᠢᠷᠠᠭᠤᠯᠬᠤ ᠶᠢ ᠠᠬᠢᠭᠤᠯᠤᠨ᠎ᠠ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠢ ᠡᠷᠡᠰ ᠵᠠᠯᠠᠷᠠᠭᠤᠯᠤᠨ᠂ ︽ᠨᠣᠭᠤᠭᠠᠨ ᠪᠠᠶᠢᠭᠤᠯᠤᠯᠭ᠎ᠠ︾  ᠶᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠲᠥᠪ ᠭᠤᠣᠯᠴᠢ ᠠᠷᠢᠭᠤᠨ ᠴᠢᠬᠡᠴᠢ ᠵᠠᠰᠠᠭ ᠤᠨ ᠣᠷᠳᠣᠨ ᠤ ᠳᠦᠷᠢ ᠲᠥᠷᠬᠦ ᠶᠢ ᠬᠦᠴᠦᠯᠡᠨ ᠪᠤᠢ ᠪᠣᠯᠭᠠᠨ᠎ᠠ᠃    ᠲᠥᠯᠥᠭᠡᠯᠡᠭᠴᠢᠳ ᠡ᠄ ᠰᠢᠨ᠎ᠡ ᠴᠠᠭ ᠦᠶ᠎ᠡ ᠳᠤ ᠤᠷᠤᠵᠦ᠂ ᠰᠢᠨ᠎ᠡ ᠬᠥᠭᠵᠢᠯᠲᠡ ᠶᠢ ᠬᠦᠭᠡᠭᠡᠴᠡᠯᠳᠦᠨ᠂ ᠰᠢᠨ᠎ᠡ ᠰᠢᠪᠲᠤᠯᠤᠯᠲᠠ ᠶᠢ ᠪᠡᠶᠡᠯᠡᠭᠦᠯᠭᠦ ᠪᠣᠯ ᠮᠠᠨ ᠤ ᠢᠷᠠᠭᠤ ᠠᠯᠳᠠᠷᠲᠤ ᠡᠭᠦᠷᠭᠡ ᠪᠠ ᠳᠠᠷᠬᠠᠨ ᠡᠭᠦᠷᠭᠡ ᠬᠠᠷᠢᠭᠤᠴᠠᠯᠭ᠎ᠠ ᠮᠥᠨ᠂ ᠪᠠᠰᠠ ᠴᠤ ᠪᠦᠬᠦ ᠰᠢᠶᠠᠨ ᠤ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃ ᠪᠢᠳᠡ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠶ᠋ᠳᠪᠦᠷᠢᠲᠦ ᠢᠯᠠᠯᠲᠠ ᠶᠢ ᠤᠯᠤᠨ᠂ ᠤᠳᠤᠬᠢᠴᠢᠯᠠᠬᠰᠠᠨ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠦᠵᠡᠰᠭᠦᠯᠡᠩ ᠰᠠᠶᠢᠬᠠᠨ᠂ ᠠᠮᠢᠵᠢᠷᠠᠯ ᠤᠨ ᠬᠦᠴᠦᠨ ᠲᠠᠢ᠂ ᠵᠣᠯ ᠵᠢᠷᠭᠠᠯᠲᠤ ᠰᠢᠨ᠎ᠡ ᠨᠢᠩᠴᠧᠩ ᠢ ᠪᠦᠳᠦᠭᠡᠨ ᠪᠠᠶᠢᠭᠤᠯᠬᠤ ᠰᠢᠨ᠎ᠡ ᠰᠦᠷᠯᠢᠭ ᠰᠠᠶᠢᠬᠠᠨ ᠬᠠᠭᠤᠳᠠᠰᠤ ᠶᠢ ᠪᠢᠴᠢᠭᠯᠡᠶ᠎ᠡ︕
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号