ᠨᠢᠩᠴᠧᠩ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠪᠠᠶᠢᠭᠤᠯᠤᠬᠳᠠᠬᠰᠠᠨ ᠲᠤᠬᠠᠢ ᠨᠢᠩᠴᠧᠩ ᠰᠢᠶᠠᠨ ᠤ  ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018/11/2
ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠬᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠰᠦᠷᠦᠭᠵᠢᠯ ᠤᠨ ᠪᠠᠶᠢᠭᠤᠯᠤᠯᠲᠠ ᠶᠢᠨ ᠠᠵᠢᠯ ᠤᠨ ᠲᠥᠰᠦᠯ ᠤᠨ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ︹ 2013 ︺173 ᠳ᠋ᠤᠭᠠᠷ ᠲᠣᠭᠠᠲᠤ︶ ᠪᠣᠯᠤᠨ 10 ᠰᠠᠷ᠎ᠠ ᠶᠢᠨ 31 ᠤ ᠡᠳᠦᠷ ᠬᠤᠷᠠᠯᠳᠤᠭᠰᠠᠨ ᠪᠥᠬᠦ ᠬᠤᠲᠠ ᠶᠢᠨ ᠮᠣᠩᠭᠤᠯ ᠬᠡᠯᠡᠨ ᠤ ᠰᠦᠯᠵᠢᠶᠡᠨ ᠤ ᠰᠦᠷᠦᠭᠵᠢᠯ ᠤᠨ ᠪᠠᠶᠢᠭᠤᠯᠤᠯᠲᠠ ᠶᠢᠨ ᠪᠣᠯᠪᠠᠰᠤᠷᠠᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠪᠣᠯᠤᠨ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠨᠢᠩᠴᠧᠩ ᠰᠢᠶᠠᠨ ᠤ ᠵᠠᠰᠠᠭ ᠤᠨ ᠣᠷᠳᠣᠨ ᠠᠴᠠ ᠨᠢᠩᠴᠧᠩ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ  ᠪᠠᠶᠢᠭᠤᠯᠬᠤ ᠪᠠᠷ ᠲᠤᠬᠳᠠᠪᠠ᠂ ᠬᠤᠯᠪᠤᠬᠳᠠᠯ ᠪᠦᠬᠦᠢ ᠤᠴᠢᠷ ᠳᠣᠣᠷᠠᠬᠢ ᠮᠡᠲᠦ᠄     ᠨᠢᠭᠡ᠂ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ  ᠄ ᠳᠤᠭᠤᠶᠢᠯᠠᠩ ᠤᠨ ᠳᠠᠷᠤᠭ᠎ᠠ᠄  ᠴᠢᠶᠠᠨ ᠷᠥᠩ ᠰᠢᠨ     ᠨᠢᠩᠴᠧᠩ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠳᠤᠭᠤᠶᠢᠯᠠᠩ ᠤᠨ ᠳᠡᠳ᠋ ᠳᠠᠷᠤᠭ᠎ᠠ᠄ ᠭᠤᠣ ᠮᠢᠩ ᠹᠧᠢ       ᠨᠢᠩᠴᠧᠩ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠯᠢ ᠹᠧᠩ ᠮᠢᠩ        ᠨᠢᠩᠴᠧᠩ ᠰᠢᠶᠠᠨ ᠤ ᠵᠠᠰᠠᠭ ᠤᠨ ᠣᠷᠳᠣᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠳᠡᠳ᠋ ᠡᠷᠬᠢᠯᠡᠭᠴᠢ ᠴᠧᠨ ᠸᠧᠢ ᠳ᠋ᠦᠩ      ᠨᠢᠩᠴᠧᠩ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠳᠡᠳ᠋ ᠡᠷᠬᠢᠯᠡᠭᠴᠢ  ᠪᠠᠢ ᠾᠦᠢ ᠯᠢᠶᠠᠩ    ᠨᠢᠩᠴᠧᠩ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠲᠤᠪᠴᠢᠶᠠᠨ ᠳᠡᠳ᠋ ᠳᠠᠷᠤᠭ᠎ᠠ ᠪᠦᠷᠢᠯᠳᠦᠬᠦᠨ᠄  ᠤᠷᠳᠤᠪᠠᠶᠠᠷ          ᠨᠢᠩᠴᠧᠩ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠮᠣᠩᠭᠤᠯ ᠬᠡᠯᠡ ᠪᠢᠴᠢᠭ ᠤᠨ ᠠᠵᠢᠯ ᠤᠨ ᠠᠯᠪᠠᠨ ᠭᠡᠷ ᠤᠨ ᠡᠷᠬᠢᠯᠡᠭᠴᠢ ᠰᠡᠴᠡᠨᠳᠤᠶᠠᠭ᠎ᠠ        ᠨᠢᠩᠴᠧᠩ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠷᠢᠨ ᠪᠢᠴᠢᠭᠡᠴᠢ ᠪᠠᠢ ᠰᠢᠶᠣᠣ ᠯᠢ       ᠨᠢᠩᠴᠧᠩ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠷᠢᠨ ᠪᠢᠴᠢᠭᠡᠴᠢ ᠴᠢᠦ ᡁᠢ ᠪᠥᠸᠧ      ᠨᠢᠩᠴᠧᠩ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠷᠢᠨ ᠪᠢᠴᠢᠭᠡᠴᠢ ᠵᠠᠩ ᠬᠤᠩ ᠯᠢᠶᠠᠩ   ᠨᠢᠩᠴᠧᠩ ᠰᠢᠶᠠᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠨᠠᠷᠢᠨ ᠪᠢᠴᠢᠭᠡᠴᠢ    ᠬᠤᠶᠠᠷ᠂ ᠪᠣᠰᠣᠳ ᠵᠤᠶᠢᠯ  ︵ᠨᠢᠭᠡ︶ ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠪᠠᠶᠢᠭᠤᠯᠵᠤ᠂ ᠠᠯᠪᠠᠨ ᠬᠡᠷ ᠢ ᠨᠢᠩᠴᠧᠩ ᠰᠢᠶᠠᠨ ᠤ ᠵᠠᠰᠠᠭ ᠤᠨ ᠣᠷᠳᠣᠨ ᠤ ᠰᠤᠷᠠᠭ ᠵᠠᠩᠭᠢ ᠶᠢᠨ   ᠬᠠᠮᠢᠶᠠᠷᠤᠯᠲᠠ ᠶᠢᠨ ᠲᠥᠪ ᠲᠤ ᠲᠤᠬᠢᠷᠠᠭᠤᠯᠵᠦ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠭᠤᠣ ᠮᠢᠩ ᠹᠧᠢ ᠲᠤᠰᠢᠶᠠᠯ ᠬᠠᠪᠰᠤᠷᠭᠠᠨ ᠬᠠᠷᠢᠭᠤᠴᠠᠨ᠎ᠠ᠃ ᠠᠯᠪᠠᠨ ᠭᠡᠷ ᠤᠨ ᠬᠠᠷᠢᠯᠴᠠᠬᠤ ᠬᠦᠮᠦᠨ᠄ ᠰᠡᠴᠡᠨᠳᠤᠶᠠᠭ᠎ᠠ᠂ ᠴᠢᠦ ᡁᠢ ᠪᠥᠸᠧ᠂ ᠬᠠᠷᠢᠯᠴᠠᠬᠤ ᠠᠷᠭ᠎ᠠ ᠮᠠᠶ᠋ᠢᠭ᠄ 0476-4237980 ︵ᠬᠤᠶᠠᠷ︶ ᠬᠤᠯᠪᠤᠬᠳᠠᠯ ᠪᠦᠬᠦᠢ ᠠᠵᠢᠯ ᠤᠨ ᠡᠬᠦᠷᠭᠡ ᠶᠢ ᠬᠦᠢᠴᠡᠳᠭᠡᠵᠦ ᠲᠠᠭᠤᠰᠤᠬᠰᠠᠨ ᠤ ᠳᠠᠷᠠᠭ᠎ᠠ᠂ ᠤᠳᠤᠷᠢᠳᠬᠤ ᠲᠤᠭᠤᠶᠢᠯᠠᠩ ᠦᠪᠡᠷᠲᠡᠭᠡᠨ ᠬᠦᠴᠦᠨ ᠦᠭᠡᠢ ᠪᠤᠯᠤᠨ᠎ᠠ᠃                                                   2014 ᠣᠨ ᠤ 11 ᠰᠠᠷ᠎ᠠ ᠶᠢᠨ 28  ᠤ ᠡᠳᠤᠷ
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号