| 1. ᠰᠢᠶᠠᠨ ᠤ ᠵᠠᠰᠠᠭ ᠤᠨ ᠣᠷᠳᠣᠨ ᠤ ᠰᠦᠯᠵᠢᠶ᠎ᠡ ︵ᠮᠣᠩᠭᠤᠯ ᠬᠡᠯᠡ︶ ᠶᠢ ᠵᠠᠰᠠᠭ ᠤᠨ ᠣᠷᠳᠣᠨ ᠤ ᠠᠯᠪᠠᠨ | ᠬᠡᠷ ᠠᠴᠠ ᠰᠦᠯᠵᠢᠶᠡᠨ ᠤ ᠬᠠᠲᠠᠭᠤ ᠲᠤᠨᠤᠭ ᠲᠥᠬᠦᠭᠡᠷᠦᠮᠵᠢ ᠪᠣᠯᠤᠨ ᠵᠥᠭᠡᠯᠡᠨ ᠳᠤᠨᠤᠭ ᠤᠨ ᠰᠢᠰᠲ᠋ᠧᠮ ᠤᠨ | ᠠᠵᠢᠯᠯᠠᠭᠠᠨ ᠤ ᠬᠠᠮᠢᠶᠠᠷᠤᠯᠲᠠ ᠬᠢᠭᠡᠳ ᠲᠧᠭᠨᠢᠭ ᠮᠡᠷᠭᠡᠵᠢᠯ ᠪᠠᠲᠤᠯᠠᠨ ᠬᠠᠮᠠᠭᠠᠯᠠᠯᠲᠠ ᠶᠢ ᠬᠠᠷᠢᠭᠤᠴᠠᠵᠦ᠂ ᠡᠯ᠎ᠡ | ᠬᠤᠯᠪᠣᠭᠳᠠᠯ ᠪᠦᠬᠦᠢ ᠨᠢᠭᠡᠴᠢ ᠠᠴᠠ ᠬᠥᠭᠵᠢᠯᠲᠡ ᠶᠢᠨ ᠲᠥᠯᠥᠪᠵᠢᠭᠦᠯᠭᠡ᠂ ᠠᠭᠤᠯᠭ᠎ᠠ ᠶᠢᠨ ᠪᠠᠳᠤᠯᠠᠭ᠎ᠠ᠂ ᠵᠣᠬᠢᠶᠠᠨ | ᠪᠠᠶᠢᠭᠤᠯᠤᠨ ᠵᠣᠬᠢᠴᠠᠭᠤᠯᠬᠤ ᠵᠡᠷᠭᠡ ᠠᠵᠢᠯ ᠤᠨ ᠬᠠᠮᠢᠶᠠᠷᠤᠯᠲᠠ ᠶᠢ ᠬᠠᠮᠵᠢᠯᠴᠠᠨ ᠬᠦᠢᠴᠡᠳᠭᠡᠨ᠎ᠡ᠃ | 2. ᠰᠦᠯᠵᠢᠶᠡᠨ ᠤ ᠬᠠᠮᠢᠶᠠᠷᠤᠭᠴᠢ ᠠᠴᠠ ᠬᠠᠮᠢᠶᠠᠷᠤᠨ ᠬᠠᠮᠠᠭᠠᠯᠠᠬᠤ ᠠᠵᠢᠯᠲᠠᠨ ᠤ ᠡᠷᠬᠡ ᠶᠢᠨ ᠬᠡᠪᠴᠢᠶ᠎ᠡ ᠳᠤ | ᠡᠷᠬᠡ ᠶᠢᠨ ᠵᠠᠳᠠᠯᠤᠯᠲᠠ᠂ ᠡᠷᠬᠡ ᠣᠯᠭᠤᠬᠤ᠂ ᠲᠣᠬᠢᠷᠠᠭᠤᠯᠬᠤ᠂ ᠲᠦᠷ ᠵᠣᠭᠰᠣᠯᠲᠠ᠂ ᠡᠬᠢᠯᠡᠭᠦᠯᠵᠦ ᠬᠡᠷᠡᠭᠯᠡᠬᠦ᠂ | ᠲᠠᠩᠰᠠ ᠠᠴᠠ ᠬᠠᠰᠤᠬᠤ ᠪᠥᠭᠡᠳ ᠲᠡᠭᠦᠨ ᠳᠤ ᠲᠡᠩᠰᠡ ᠡᠪᠬᠡᠮᠡᠯ ᠪᠠᠶᠢᠭᠤᠯᠵᠤ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ | ᠃ | 3. ᠰᠦᠯᠵᠢᠶᠡᠨ ᠤ ᠬᠠᠮᠢᠶᠠᠷᠤᠭᠴᠢ ᠶᠢᠨ ᠬᠡᠷᠩᠯᠡᠵᠦ ᠪᠠᠶᠢᠭ᠎ᠠ ᠺᠣᠮᠫᠢᠦ᠋ᠲ᠋ᠧᠷ ᠡᠷᠬᠡᠪᠰᠢ ᠺᠣᠮᠫᠢᠦ᠋ᠲ᠋ᠧᠷ ᠤᠨ ᠸᠢᠷᠦ᠋ᠰ | ᠮᠡᠲᠦ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠠᠪᠴᠦ᠂ ᠵᠣᠬᠢᠴᠠᠩᠭᠤᠶ ᠠᠮᠤᠷ ᠲᠦᠪᠰᠢᠨ ᠤ ᠵᠥᠭᠡᠯᠡᠨ ᠲᠤᠨᠤᠭ ᠤᠨ | ᠬᠠᠮᠢᠶᠠᠷᠤᠯᠲᠠ ᠶᠢ ᠠᠪᠤᠨ᠎ᠠ᠃ ᠰᠦᠯᠵᠢᠶᠡᠨ ᠳᠤ ᠭᠠᠷᠬᠤ ᠨᠢᠭᠤᠴᠠ ᠨᠤᠮᠧᠷ ᠢ ᠰᠠᠶᠢᠲᠤᠷ ᠬᠠᠳᠠᠭᠠᠯᠠᠨ ᠬᠠᠮᠢᠶᠠᠷᠴᠤ᠂ | ᠬᠤᠪᠢ ᠬᠦᠮᠦᠨ ᠤ ᠰᠦᠯᠵᠢᠶᠡᠨ ᠳᠤ ᠭᠠᠷᠬᠤ ᠨᠣᠮᠧᠷ ᠪᠣᠯᠤᠨ ᠨᠢᠭᠤᠴᠠ ᠨᠣᠮᠧᠷ ᠢ ᠪᠣᠰᠤᠳ ᠲᠤ ᠬᠡᠷᠩᠯᠡᠭᠦᠯᠦᠨ | ᠵᠠᠳᠠᠷᠠᠭᠤᠯᠬᠤ ᠶᠢ ᠴᠢᠩᠭ᠎ᠠ ᠴᠠᠭᠠᠵᠠᠯᠠᠨ᠎ᠠ᠃ | 4. ᠰᠦᠯᠵᠢᠶᠡᠨ ᠤ ᠬᠠᠮᠢᠶᠠᠷᠤᠭᠴᠢ ᠦᠢᠯᠡᠴᠢᠯᠡᠭᠡᠨ ᠤ ᠰᠢᠰᠲ᠋ᠧᠮ ᠤᠨ ᠥ ᠰᠡᠪ ᠢ ᠴᠠᠭ ᠲᠤᠬᠠᠶ ᠳᠤᠨᠢ ᠡᠷᠢᠨ | ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ᠂ ᠲᠡᠷᠡ ᠳᠠᠷᠤᠶ ᠳᠤᠨᠢ | ᠴᠡᠭᠴᠡᠯᠡᠨ ᠥᠭᠡᠷᠡᠴᠢᠯᠡᠨ᠎ᠡ᠃ ᠬᠡᠷᠪᠡ ᠰᠦᠯᠵᠢᠶᠡᠨ ᠤ ᠠᠮᠤᠷ ᠲᠦᠪᠰᠢᠨ ᠤ ᠭᠡᠨᠡᠳᠲᠡ ᠶᠢᠨ ᠬᠡᠷᠡᠭ ᠭᠠᠷᠪᠠᠯ᠂ ᠲᠡᠷᠡ | ᠳᠠᠷᠤᠶ ᠳᠤᠨᠢ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ ᠰᠢᠢᠳᠪᠤᠷᠢᠯᠡᠬᠦᠯᠬᠦ ᠶᠢᠨ ᠬᠠᠮᠲᠤ ᠬᠤᠪᠢᠳᠠᠨ | ᠬᠠᠮᠢᠶᠠᠷᠴᠤ ᠪᠠᠶᠢᠭ᠎ᠠ ᠡᠷᠬᠢᠯᠡᠭᠴᠢ ᠪᠠ ᠡᠷᠬᠢᠯᠡᠭᠴᠢ ᠳᠤ ᠮᠡᠳᠡᠭᠦᠯᠦᠨ᠂ ᠡᠭᠦᠨ ᠤ ᠬᠠᠮᠲᠤ ᠠᠮᠤᠷ ᠲᠦᠪᠰᠢᠨ ᠤ | ᠭᠡᠨᠡᠳᠲᠡ ᠶᠢᠨ ᠬᠡᠷᠡᠭ ᠤᠨ ᠬᠦᠨᠳᠦ ᠬᠥᠩᠭᠡᠨ ᠢ ᠦᠵᠡᠵᠦ᠂ ᠴᠠᠭ ᠲᠤᠬᠠᠶ ᠳᠤᠨᠢ ᠰᠦᠯᠵᠢᠶᠡᠨ ᠤ ᠮᠡᠳᠡᠭᠡ ᠵᠠᠩᠭᠢ ᠶᠢᠨ | ᠠᠶᠤᠯᠬᠦᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠴᠢᠮᠡᠭᠡ | ᠬᠤᠯᠪᠣᠭ᠎ᠠ ᠶᠢᠨ ᠬᠠᠮᠢᠶᠠᠷᠤᠯᠲᠠ ᠶᠢᠨ ᠠᠯᠪᠠᠨ ᠭᠡᠷ ᠵᠡᠷᠭᠡ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ | ᠰᠢᠢᠳᠪᠤᠷᠢᠯᠡᠬᠦ ᠬᠡᠷᠡᠭᠲᠡᠶ᠃ | 5. ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ᠂ ᠵᠠᠷᠯᠠᠯ᠂ ᠰᠢᠯᠵᠢᠭᠦᠯᠦᠨ ᠨᠡᠶᠢᠲᠡᠯᠡᠬᠦ ᠶᠢ ᠡᠷᠬᠡᠪᠰᠢ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠪᠠ ᠢᠯᠡ ᠪᠣᠯᠭᠠᠬᠤ ᠬᠤᠯᠪᠣᠭᠳᠠᠯ ᠪᠦᠬᠦᠢ ᠬᠠᠤᠯᠢ | ᠲᠣᠭᠲᠠᠭᠠᠯ᠂ ᠲᠦᠷᠦ ᠶᠢᠨ ᠪᠤᠳᠤᠯᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠤᠯᠤᠰ ᠤᠨ ᠨᠢᠭᠤᠴᠠ᠂ | ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ ᠬᠤᠯᠪᠣᠭᠳᠠᠬᠤ ᠦᠭᠡᠢ᠂ ᠨᠡᠶᠢᠭᠡᠮ ᠤᠨ ᠣᠯᠠᠨ | ᠨᠡᠶᠢᠲᠡ ᠶᠢᠨ ᠬᠡᠪ ᠤᠨ ᠠᠵᠢᠯᠯᠠᠭᠠᠨ᠂ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠲᠠᠢ ᠵᠤᠬᠢᠴᠠᠬᠰᠠᠨ ᠠᠭᠤᠯᠭ᠎ᠠ ᠶᠢ | ᠪᠦᠷ ᠰᠦᠯᠵᠢᠶᠡᠨ ᠳᠡᠭᠡᠷ᠎ᠡ ᠨᠡᠶᠢᠲᠡᠯᠡᠵᠦ ᠪᠤᠯᠤᠨ᠎ᠠ᠃ | 6. ᠰᠦᠯᠵᠢᠶᠡᠨ ᠳᠡᠭᠡᠷ᠎ᠡ ᠤᠯᠤᠰ ᠣᠷᠣᠨ ᠤ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠤᠷ | ᠬᠦᠨᠦᠭᠡᠯ ᠲᠠᠢ᠂ ᠦᠨᠳᠦᠰᠦᠲᠡᠨ ᠤ ᠪᠦᠯᠬᠦᠮᠳᠡᠯ ᠢ ᠬᠤᠬᠢᠷᠠᠭᠤᠯᠬᠤ᠂ ᠤᠯᠤᠰ ᠤᠨ ᠨᠢᠭᠤᠴᠠ᠂ ᠬᠤᠳᠠᠯᠳᠤᠭᠠᠨ ᠤ | ᠨᠢᠭᠤᠴᠠ᠂ ᠬᠤᠪᠢ ᠬᠥᠮᠦᠨ ᠤ ᠨᠢᠭᠤᠴᠠ ᠲᠠᠢ ᠬᠤᠯᠪᠤᠬᠳᠠᠬᠰᠠᠨ᠂ ᠪᠤᠰᠤᠳ ᠤᠨ ᠬᠠᠤᠯᠢ ᠶᠣᠰᠣᠨ ᠤ ᠡᠷᠬᠡ | ᠠᠰᠢᠭ ᠲᠤ ᠬᠠᠯᠳᠠᠭᠰᠠᠨ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠠᠭᠤᠯᠭ᠎ᠠ ᠶᠢ | ᠨᠡᠶᠢᠲᠡᠯᠡᠵᠦ ᠪᠣᠯᠬᠤ ᠦᠭᠡᠢ᠃ | 7. ᠰᠦᠯᠵᠢᠶᠡᠨ ᠳᠡᠭᠡᠷ᠎ᠡ ᠵᠠᠰᠠᠭ ᠤᠨ ᠶᠠᠪᠤᠳᠠᠯ ᠤᠨ ᠪᠤᠰᠤ ᠢᠯᠡ ᠪᠣᠯᠭᠠᠬᠤ ᠲᠥᠷᠥᠯ ᠤᠨ ᠮᠡᠳᠡᠭᠡ ᠵᠠᠩᠭᠢ ᠶᠢ | ᠨᠡᠶᠢᠲᠡᠯᠡᠬᠦ ᠲᠥᠯᠥᠪᠯᠡᠭᠡ ᠲᠠᠢ ᠪᠣᠯ᠂ ᠮᠡᠳᠡᠭᠡ ᠵᠠᠩᠭᠢ ᠶᠢᠨ ᠲᠥᠪ ᠳᠤ ᠠᠩᠬᠠᠨ ᠤ ᠬᠢᠨᠠᠯᠲᠠ ᠶᠢ ᠬᠦᠢᠴᠡᠳᠭᠡᠨ᠂ | ᠡᠷᠭᠡᠪᠰᠢ ᠬᠤᠪᠢᠶᠠᠨ ᠬᠠᠮᠢᠶᠠᠷᠬᠤ ᠡᠷᠬᠢᠯᠡᠭᠴᠢ᠂ ᠬᠤᠪᠢᠳᠠᠨ ᠬᠠᠮᠢᠶᠠᠷᠴᠤ ᠪᠠᠶᠢᠭ᠎ᠠ ᠵᠠᠰᠠᠭ ᠤᠨ ᠶᠠᠪᠤᠳᠠᠯ ᠤᠨ ︵ | ᠨᠢᠭᠤᠴᠠ ᠶᠢ ᠬᠠᠮᠠᠭᠠᠯᠠᠬᠤ︶ ᠡᠷᠬᠢᠯᠡᠭᠴᠢ ᠪᠠᠷ ᠬᠢᠨᠠᠨ ᠵᠥᠪᠰᠢᠶᠡᠷᠡᠭᠦᠯᠬᠦ ᠬᠡᠷᠡᠭᠲᠡᠶ︔ ᠰᠦᠯᠵᠢᠶᠡᠨ ᠳᠡᠭᠡᠷ᠎ᠡ | ᠵᠠᠰᠠᠭ ᠤᠨ ᠶᠠᠪᠤᠳᠠᠯ ᠤᠨ ᠢᠯᠡ ᠪᠣᠯᠭᠠᠬᠤ ᠲᠥᠷᠥᠯ ᠤᠨ ᠮᠡᠳᠡᠭᠡ ᠵᠠᠩᠭᠢ ᠶᠢ ᠨᠡᠶᠢᠲᠡᠯᠡᠬᠦ ᠳᠤ᠂ ᠬᠠᠤᠯᠢ ᠲᠦᠷᠢᠮ ᠤᠨ | ᠠᠯᠪᠠᠨ ᠬᠡᠷ ᠲᠤ ᠠᠩᠬᠠᠨ ᠤ ᠬᠢᠨᠠᠯᠲᠠ ᠶᠢ ᠬᠦᠢᠴᠡᠳᠭᠡᠨ᠂ ᠡᠷᠬᠡᠪᠰᠢ ᠵᠠᠰᠠᠭ ᠤᠨ ᠣᠷᠳᠣᠨ ᠤ ᠢᠯᠡ ᠪᠠᠷ | ᠨᠡᠶᠢᠳᠡᠯᠡᠬᠦ ᠶᠢ ᠬᠤᠪᠢᠳᠠᠨ ᠬᠠᠮᠢᠶᠠᠷᠴᠤ ᠪᠠᠶᠢᠭ᠎ᠠ ᠡᠷᠬᠢᠯᠡᠭᠴᠢ ᠪᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ | ᠨᠡᠶᠢᠲᠡᠯᠡᠬᠦ ᠬᠡᠷᠩᠲᠡᠢ︔ ᠮᠣᠩᠭᠤᠯ ᠬᠡᠯᠡᠨ ᠤ ᠰᠦᠯᠵᠢᠶᠡᠨ ᠳᠡᠭᠡᠷ᠎ᠡ ᠮᠡᠳᠡᠭᠡ ᠵᠠᠩᠭᠢ ᠶᠢ ᠨᠡᠶᠢᠲᠡᠯᠡᠬᠦ ᠳᠤ᠂ ᠡᠷᠬᠡᠪᠰᠢ | ᠣᠷᠴᠢᠭᠤᠯᠬᠤ ᠲᠠᠰᠤᠭ ᠢᠶᠠᠷ ᠬᠢᠨᠠᠨ ᠵᠥᠪᠰᠢᠶᠡᠷᠡᠭᠦᠯᠦᠭᠰᠡᠨ ᠤ ᠲᠠᠷᠠᠭ᠎ᠠ ᠨᠡᠶᠢᠲᠡᠯᠡᠬᠦ ᠬᠡᠷᠩᠲᠡᠢ᠃ ᠬᠢᠨᠠᠨ | ᠵᠥᠪᠰᠢᠶᠡᠷᠡᠭᠦᠯᠦᠭᠰᠡᠨ ᠦᠭᠡᠢ ᠮᠡᠳᠡᠭᠡ ᠵᠠᠩᠭᠢ᠂ ᠮᠠᠲ᠋ᠧᠷᠢᠶᠠᠯ ᠵᠡᠷᠭᠡ ᠶᠢ ᠴᠥᠮ ᠰᠦᠯᠵᠢᠶᠡᠨ ᠳᠡᠭᠡᠷ᠎ᠡ ᠨᠡᠶᠢᠲᠡᠯᠡᠵᠦ | ᠪᠣᠯᠬᠤ ᠦᠭᠡᠢ᠂ ᠡᠰᠡ ᠲᠡᠭᠡᠪᠡᠯ ᠰᠥᠯᠵᠢᠶᠡᠨ ᠤ ᠬᠠᠮᠭᠠᠯᠠᠬᠴᠢ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | 8. ᠰᠦᠯᠵᠢᠶᠡᠨ ᠮᠡᠳᠡᠭᠡ ᠵᠠᠩᠭᠢ ᠨᠢ ᠬᠤᠯᠪᠤᠬᠳᠠᠯ ᠪᠦᠬᠦᠢ ᠦᠭᠡ ᠬᠡᠯᠡ ᠦᠰᠦᠭ ᠪᠢᠴᠢᠭ ᠤᠨ ᠵᠢᠷᠤᠮᠵᠢᠯ ᠤᠨ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠂ ᠬᠡᠮᠵᠢᠯᠲᠡ ᠶᠢᠨ ᠨᠢᠭᠡᠴᠢ ᠶᠢ ᠤᠯᠤᠰ ᠤᠨ ᠬᠠᠤᠯᠢ ᠪᠠᠷ | ᠲᠣᠭᠲᠠᠭᠠᠭᠰᠠᠨ ᠬᠡᠮᠵᠢᠯᠲᠡ ᠶᠢᠨ ᠨᠢᠭᠡᠴᠢ ᠪᠠᠷ ᠠᠪᠤᠨ᠎ᠠ᠃ | 9. ᠰᠦᠯᠵᠢᠶ᠎ᠡ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨᠡᠳᠭᠡᠨ᠂ ︽ᠦᠬᠦᠰᠢᠷᠡᠮᠡᠯ ᠰᠦᠯᠵᠢᠶ᠎ᠡ︾᠂ ︽ | ᠦᠬᠦᠰᠢᠷᠡᠮᠡᠯ ᠪᠤᠯᠤᠩ ︾ ᠢ ᠡᠷᠡᠰ ᠬᠤᠷᠢᠭᠯᠠᠬᠤ ᠬᠡᠷᠡᠭᠲᠡᠶ᠃ ᠰᠦᠯᠵᠢᠶᠡᠨ ᠳᠡᠭᠡᠷᠡᠬᠢ ᠰᠠᠨᠠᠯ ᠰᠤᠯᠢᠯᠴᠠᠬᠤ | ᠪᠤᠯᠤᠩ ᠤᠨ ᠠᠭᠤᠯᠭ᠎ᠠ ᠶᠢ ᠴᠠᠭ ᠲᠤᠬᠠᠶ ᠳᠤᠨᠢ ᠰᠢᠢᠳᠪᠤᠷᠢᠯᠡᠨ᠂ ᠴᠠᠭ ᠲᠤᠬᠠᠶ ᠳᠤᠨᠢ ᠬᠠᠷᠢᠭᠤᠯᠲᠠ ᠥᠭᠬᠦ ᠬᠡᠷᠡᠭᠲᠡᠶ | ᠃ | 10. ᠠᠯᠢᠪᠠ ᠰᠦᠯᠵᠢᠶ᠎ᠡ ᠳᠤ ᠨᠡᠶᠢᠲᠡᠯᠡᠭᠰᠡᠨ ᠮᠠᠲ᠋ᠧᠷᠢᠶᠠᠯ᠂ ᠮᠡᠳᠡᠭᠡ ᠵᠠᠩᠭᠢ ᠶᠢ ᠳᠠᠩᠰᠠ ᠡᠪᠬᠡᠮᠡᠯ ᠤᠨ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠤᠤᠯ ᠡᠬᠡ ᠪᠢᠴᠢᠭ ᠪᠤᠯᠤᠨ ᠬᠢᠨᠠᠵᠤ ᠭᠠᠷ ᠤᠨ | ᠥᠰᠥᠭ ᠵᠢᠷᠤᠵᠤ ᠨᠡᠶᠢᠲᠡᠯᠡᠭᠰᠡᠨ ᠡᠬᠡ ᠪᠢᠴᠢᠭ ᠢ ᠲᠣᠭᠲᠠᠮᠠᠯ ᠬᠤᠭᠤᠴᠠᠭ᠎ᠠ ᠲᠠᠢ ᠪᠠᠷ ᠡᠪᠭᠡᠮᠠᠯᠯᠠᠵᠦ ᠲᠠᠩᠰᠠᠨ ᠳᠤ | ᠬᠠᠳᠠᠭᠠᠯᠠᠬᠤ ᠶᠢᠨ ᠬᠠᠮᠲᠦ ᠲᠤᠰᠬᠠᠶ ᠬᠥᠮᠦᠨ ᠢᠶᠠᠷ ᠬᠠᠮᠢᠶᠠᠷᠤᠭᠤᠯᠬᠤ ᠬᠡᠷᠡᠭᠲᠡᠶ᠃ |