ᠦᠨᠳᠥᠷ ᠨᠠᠰᠤᠨ ᠤ ᠨᠡᠮᠡᠭᠦᠷᠢ ᠠᠪᠬᠤ ᠶᠢ ᠭᠦᠢᠴᠡᠳᠬᠡᠬᠦ
ᠨᠡᠶᠢᠲᠡᠯᠡᠭᠰᠡᠨ ᠴᠠᠭ᠄
2018/12/19
    2011ᠣᠨ ᠳᠤ᠂ ︽ᠥᠪᠡᠷᠲᠡᠭᠡᠨ ᠵᠠᠰᠠᠬᠤ ᠣᠷᠣᠨ ᠤ 80 ᠨᠠᠰᠤᠨ ᠠᠴᠠ ᠳᠡᠭᠡᠭᠰᠢᠬᠢ ᠣᠷᠣᠯᠭ᠎ᠠ ᠪᠠᠭᠠᠲᠠᠢ ᠨᠠᠰᠤᠲᠠᠶᠢᠴᠤᠳ ᠲᠤ ᠦᠨᠳᠥᠷ ᠨᠠᠰᠤᠨ ᠤ ᠨᠡᠮᠡᠭᠦᠷᠢ ᠣᠯᠭᠤᠬᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠪᠠ᠂ ᠳᠣᠷᠣᠭᠰᠢ ᠨᠡᠮᠡᠭᠦᠷᠢ ᠣᠯᠭᠤᠬᠤ ᠳᠡᠰ ᠳᠠᠷᠠᠭᠠᠯᠠᠯ᠂ ᠣᠯᠭᠤᠬᠤ ᠪᠠᠷᠢᠮᠵᠢᠶ᠎ᠠ ᠬᠢᠭᠡᠳ  ᠬᠡᠪᠴᠢᠶ᠎ᠡ ᠶᠢᠨ ᠬᠡᠯᠡᠯᠴᠡᠭᠡᠨ ᠶᠡᠬᠡᠲᠡᠢ ᠠᠰᠠᠭᠤᠯᠲᠠ ᠳᠤ ᠬᠠᠷᠢᠭᠤᠯᠲᠠ ᠬᠢᠨ᠎ᠡ᠃      ᠦᠨᠳᠥᠷ ᠨᠠᠰᠤᠨ ᠤ ᠨᠡᠮᠡᠭᠦᠷᠢ ᠠᠪᠬᠤ ᠨᠦᠬᠦᠴᠡᠯ᠄      ᠣᠳᠣᠬᠠᠨ ᠳᠤ᠂ ᠠᠵᠢᠯ ᠠᠴᠠ ᠠᠮᠠᠷᠠᠵᠤ ᠠᠵᠢᠯ ᠠᠴᠠ ᠪᠠᠭᠤᠭᠰᠠᠨ ᠤ ᠴᠠᠯᠢᠩ᠂ ᠨᠡᠶᠢᠭᠡᠮ ᠤᠨ  ᠳᠠᠭᠠᠳᠬᠠᠯ ᠤᠨ ᠠᠵᠢᠯ ᠠᠴᠠ ᠪᠠᠭᠤᠭᠰᠠᠨ ᠤ ᠴᠠᠯᠢᠩ ᠪᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ  ᠮᠦᠩᠭᠦ ᠠᠪᠴᠤ ᠪᠠᠶᠢᠭ᠎ᠠ ᠦᠨᠳᠥᠷ ᠨᠠᠰᠤᠲᠠᠢ ᠨᠠᠰᠤᠲᠠᠶᠢᠴᠤᠳ ᠦᠨᠳᠥᠷ ᠨᠠᠰᠤᠨ ᠤ ᠨᠡᠮᠡᠭᠦᠷᠢ ᠶᠢ ᠲᠦᠷ ᠬᠦᠷᠲᠡᠬᠦ ᠦᠭᠡᠢ᠃ ᠳᠡᠭᠡᠷ᠎ᠡ ᠳᠤᠷᠠᠲᠤᠭᠰᠠᠨ ᠭᠤᠷᠪᠠᠨ ᠵᠦᠢᠯ ᠤᠨ ᠪᠠᠶᠢᠳᠠᠯ ᠢ ᠭᠠᠷᠭᠠᠪᠠᠯ᠂ ᠪᠤᠰᠤᠳ ᠦᠨᠳᠥᠷ ᠨᠠᠰᠤᠲᠠᠢ ᠨᠠᠰᠤᠲᠠᠶᠢᠴᠤᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠬᠠᠷᠢᠶ᠎ᠠ ᠲᠠᠢ ᠪᠦᠭᠡᠳ ᠪᠦᠬᠦᠯᠢ 80 ︵ᠪᠦᠬᠦᠯᠢ 80  ᠨᠠᠰᠤᠨ ᠤ ᠬᠢ ᠪᠠᠭᠲᠠᠨ᠎ᠠ︶ ᠨᠠᠰᠤᠨ ᠠᠴᠠ ᠳᠡᠭᠡᠭᠰᠢ ᠪᠠᠶᠢᠪᠠᠯ᠂ ᠴᠦᠮ  ᠬᠠᠮᠢᠶᠠᠷᠤᠯᠲᠠ ᠶᠢᠨ ᠠᠷᠭ᠎ᠠ ᠶᠢᠨ ᠶᠣᠰᠣᠭᠠᠷ ᠨᠡᠮᠡᠭᠦᠷᠢ ᠠᠪᠴᠤ ᠪᠣᠯᠣᠨ᠎ᠠ᠃      ᠦᠨᠳᠥᠷ ᠨᠠᠰᠤᠨ ᠤ ᠨᠡᠮᠡᠭᠦᠷᠢ ᠣᠯᠭᠤᠬᠤ ᠪᠠᠷᠢᠮᠵᠢᠶ᠎ᠠ᠄ ᠨᠥᠬᠦᠴᠡᠯ ᠳᠤ ᠨᠡᠶᠢᠴᠡᠬᠦ ᠦᠨᠳᠥᠷ ᠨᠠᠰᠤᠲᠠᠢ ᠨᠠᠰᠤᠲᠠᠶᠢᠴᠤᠳ ᠨᠠᠰᠤ ᠵᠢᠯ ᠤᠨ ᠦᠶᠡᠯᠡᠯ ᠶᠣᠰᠣᠭᠠᠷ ᠨᠡᠮᠡᠭᠦᠷᠢ ᠠᠪᠴᠤ ᠪᠣᠯᠣᠨ᠎ᠠ᠃ ᠪᠠᠷᠢᠮᠵᠢᠶ᠎ᠠ ᠨᠢ ᠪᠦᠬᠦᠯᠢ 80 ᠠᠴᠠ 99 ᠨᠠᠰᠤ ᠬᠦᠷᠲᠡᠯ᠎ᠡ᠂ ᠬᠥᠮᠥᠨ ᠪᠣᠯᠭᠠᠨ ᠤ ᠰᠠᠷ᠎ᠠ ᠪᠦᠷᠢ 100 ᠲᠥᠬᠦᠷᠢᠭ︔ ᠪᠦᠬᠦᠯᠢ 100  ᠨᠠᠰᠤᠨ ᠠᠴᠠ ᠳᠡᠭᠡᠭᠰᠢᠬᠢ ︵ᠪᠦᠬᠦᠯᠢ 100 ᠨᠠᠰᠤᠨ ᠤ ᠬᠢ ᠪᠠᠭᠲᠠᠨ᠎ᠠ︶ ᠶᠢᠨ ᠬᠥᠮᠥᠨ ᠪᠣᠯᠭᠠᠨ ᠤ ᠰᠠᠷ᠎ᠠ ᠪᠦᠷᠢ  300 ᠲᠥᠬᠦᠷᠢᠭ  ᠪᠣᠯᠣᠨ᠎ᠠ᠃     ᠨᠥᠬᠦᠴᠡᠯ ᠳᠤ ᠨᠡᠶᠢᠴᠡᠬᠦ ᠦᠨᠳᠥᠷ ᠨᠠᠰᠤᠲᠠᠢ ᠨᠠᠰᠤᠲᠠᠶᠢᠴᠤᠳ ᠤᠨ ᠦᠨᠳᠥᠷ ᠨᠠᠰᠤᠨ ᠤ ᠨᠡᠮᠡᠭᠦᠷᠢ  ᠠᠪᠬᠤ ᠪᠠᠷ ᠮᠡᠳᠡᠭᠦᠯᠬᠦ ᠮᠠᠲ᠋ᠧᠷᠢᠶᠠᠯ᠄      ᠲᠤᠰ ᠬᠦᠮᠥᠨ ᠤ ᠪᠡᠶ᠎ᠡ ᠶᠢᠨ ᠦᠨᠡᠮᠯᠡᠯ ᠪᠤᠶᠤ ᠡᠷᠦᠭᠡ ᠠᠮᠠ ᠶᠢᠨ ᠳᠡᠪᠲᠡᠷ ᠤᠨ ᠤᠭ ᠵᠦᠢᠯ᠂ ᠲᠤᠰ  ᠬᠦᠮᠥᠨ ᠤ ᠪᠡᠶ᠎ᠡ ᠶᠢᠨ ᠦᠨᠡᠮᠯᠡᠯ ᠪᠤᠶᠤ ᠡᠷᠦᠭᠡ ᠠᠮᠠ ᠶᠢᠨ ᠳᠡᠪᠲᠡᠷ ᠤᠨ ᠬᠠᠭᠤᠯᠪᠤᠷᠢ 3 ᠬᠤᠪᠢ᠂ ᠨᠠᠰᠤᠲᠠᠨ ᠤ  ᠣᠶᠢᠷ᠎ᠠ ᠶᠢᠨ ᠬᠤᠭᠤᠴᠠᠭᠠᠨ ᠤ  ᠬᠤᠶᠠᠷ ᠢᠮᠠᠬᠤ ᠵᠢᠨ‌‍ᠲ᠋ᠥ᠋ᠪ ᠭᠡᠷᠡᠯ ᠵᠢᠷᠤᠭ 3 ᠬᠤᠪᠢ︔      ᠠᠩᠬᠠᠷᠬᠤ ᠴᠢᠬᠤᠯᠠᠲᠠᠢ ᠨᠢ᠂ ᠬᠡᠷᠪᠡ ᠨᠠᠰᠤᠲᠠᠨ ᠤ ᠡᠷᠦᠬᠡ ᠠᠮᠠ ᠶᠢᠨ ᠬᠠᠷᠢᠶ᠎ᠠ ᠶᠢᠨ ᠪᠠᠶᠢᠭ᠎ᠠ ᠭᠠᠵᠠᠷ   ᠨᠢ ᠪᠠᠶᠢᠩᠭᠤ ᠰᠠᠭᠤᠭ᠎ᠠ ᠭᠠᠵᠠᠷ ᠯᠤᠭ᠎ᠠ ᠪᠠᠨ ᠨᠢᠭᠡᠲᠥᠯ ᠦᠭᠡᠢ ᠪᠣᠯ ᠪᠠᠰᠠ ᠪᠠᠶᠢᠩᠭᠤ ᠰᠠᠭᠤᠭ᠎ᠠ ᠭᠠᠵᠠᠷ ᠤᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠤᠨ  ᠬᠢᠵᠦ ᠦᠭᠭᠦᠭᠰᠡᠨ ᠣᠷᠣᠰᠢᠨ ᠰᠠᠭᠤᠭ᠎ᠠ ᠶᠢᠨ ᠭᠡᠷᠡᠴᠢ ᠪᠠ ᠬᠦᠴᠦᠨ ᠪᠦᠬᠦᠢ ᠬᠠᠷᠢᠯᠴᠠᠬᠤ ᠠᠷᠭ᠎ᠠ ᠵᠠᠮ ᠪᠠ ᠬᠠᠷᠢᠯᠴᠠᠬᠤ ᠠᠷᠭ᠎ᠠ ᠮᠠᠶ᠋ᠢᠭ ᠪᠠᠶᠢᠬᠤ ᠬᠡᠷᠡᠭᠲᠡᠢ︔ ᠬᠡᠷᠪᠡ ᠪᠡᠶ᠎ᠡ ᠶᠢᠨ ᠦᠨᠡᠮᠯᠡᠯ ᠤᠨ ᠨᠣᠮᠧᠷ ᠪᠤᠶᠤ ᠨᠠᠰᠦ ᠵᠢᠯ ᠤᠨ ᠮᠡᠳᠡᠭᠡ ᠵᠠᠩᠭᠢ  ᠳᠤᠨᠢ ᠤᠨᠳᠣᠤ ᠰᠠᠨᠠᠯ ᠲᠠᠢ ᠪᠣᠯ  ᠪᠠᠰᠠ ᠡᠷᠦᠭᠡ ᠠᠮᠠ ᠶᠢᠨ ᠬᠠᠷᠢᠶ᠎ᠠ ᠶᠢᠨ ᠪᠠᠶᠢᠭ᠎ᠠ ᠭᠠᠵᠠᠷ ᠤᠨ  ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠶᠢᠨ ᠬᠢᠵᠦ ᠥᠭᠭᠦᠭᠰᠡᠨ ᠡᠷᠦᠭᠡ ᠠᠮᠠ ᠶᠢᠨ ᠬᠠᠷᠢᠶ᠎ᠠ ᠶᠢᠨ ᠭᠡᠷᠡᠴᠢ ᠪᠠᠶᠢᠬᠤ ᠬᠡᠷᠡᠭᠲᠡᠢ︔ ᠪᠤᠰᠤᠳ ᠲᠤ ᠨᠠᠶᠢᠳᠠᠵᠤ ᠭᠦᠢᠴᠡᠳᠭᠡᠯᠭᠡᠪᠡᠯ᠂ ᠪᠠᠰᠠ ᠭᠤᠶᠣᠴᠢᠯᠠᠭᠴᠢ ᠲᠤᠰ ᠬᠦᠮᠥᠨ ᠤ ᠨᠠᠶᠢᠳᠠᠯᠭ᠎ᠠ ᠶᠢᠨ ᠪᠢᠴᠢᠭ ᠪᠠ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠦᠨᠡᠮᠯᠡᠯ ᠤᠨ ᠤᠭ ᠵᠦᠢᠯ ᠬᠢᠭᠡᠳ ᠭᠤᠷᠪᠠᠨ  ᠬᠤᠪᠢ ᠬᠠᠭᠤᠯᠪᠤᠷᠢ ᠶᠢ ᠬᠠᠩᠭᠠᠬᠤ ᠬᠡᠷᠡᠭᠲᠡᠢ᠃      ᠭᠤᠶᠤᠴᠢᠯᠠᠬᠤ ᠭᠠᠵᠠᠷ᠄ ᠡᠷᠦᠬᠡ ᠠᠮᠠ ᠶᠢᠨ ᠬᠠᠷᠢᠶ᠎ᠠ ᠶᠢᠨ ᠪᠠᠶᠢᠭ᠎ᠠ ᠭᠠᠵᠠᠷ ᠤᠨ ᠭᠠᠴᠠᠭ᠎ᠠ  ᠲᠤᠰᠬᠤᠨ ᠤ ᠠᠷᠠᠳ ᠤᠨ  ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ  ︶      ᠬᠥᠰᠥᠨᠥᠭᠲᠦ ᠲᠠᠭᠯᠠᠬᠤ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 80  ᠨᠠᠰᠤᠨ ᠠᠴᠠ ᠳᠡᠭᠡᠭᠰᠢᠬᠢ ᠣᠷᠣᠯᠭ᠎ᠠ ᠪᠠᠭᠠᠲᠢ ᠨᠠᠰᠤᠲᠠᠶᠢᠴᠤᠳ ᠤᠨ ᠦᠨᠳᠥᠷ ᠨᠠᠰᠤᠨ ᠤ ᠨᠡᠮᠡᠭᠦᠷᠢ ᠭᠤᠶᠤᠴᠢᠯᠠᠬᠤ ᠬᠦᠰᠥᠨᠥᠭᠲᠦ︾ ᠨᠢᠭᠡ ᠶᠠᠩᠵᠤ ᠶᠢᠨ ᠭᠤᠷᠪᠠᠨ ᠬᠤᠪᠢ ︵ᠬᠡᠷᠡᠭᠰᠡᠬᠦ ᠬᠦᠰᠥᠨᠥᠭᠲᠦ ᠶᠢ ᠭᠤᠶᠣᠴᠢᠯᠠᠬᠤ ᠭᠠᠵᠠᠷ ᠠᠴᠠ ᠠᠪᠬᠤ ᠪᠤᠶᠤ ᠲᠤᠰ ᠨᠢᠭᠤᠷ ᠤᠨ ᠳᠣᠣᠷᠠᠲᠦ ᠲᠠᠯ᠎ᠠ ᠶᠢᠨ ᠳᠠᠭᠠᠯᠳᠤᠭᠤᠯᠤᠯ ᠠᠴᠠ ᠪᠠᠭᠤᠯᠭᠠᠵᠤ ᠠᠪᠤᠨ᠎ᠠ︶      ᠭᠤᠶᠤᠴᠢᠯᠠᠨ ᠮᠡᠳᠡᠭᠦᠯᠬᠦ ᠲᠡᠰ ᠳᠠᠷᠠᠭᠠᠯᠠᠯ ᠤᠨ ᠴᠤᠪᠤᠷᠠᠯ︖     ᠭᠤᠭᠴᠤᠭ᠎ᠠ 1᠄ ᠭᠠᠴᠠᠭ᠎ᠠ ᠲᠤᠰᠬᠤᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ ᠤᠨ  ᠰᠠᠭᠤᠭᠠᠯᠢ ᠠᠷᠠᠳ ᠤᠨ ᠵᠥᠪᠯᠡᠯ︶ ᠭᠤᠶᠤᠴᠢᠯᠠᠯ ᠢ ᠬᠦᠯᠢᠶᠡᠨ ᠠᠪᠤᠭᠠᠳ ᠬᠢᠨᠠᠮᠠᠭᠠᠢ ᠬᠢᠨᠠᠵᠦ᠂ ᠲᠠᠪᠤᠨ ᠠᠵᠢᠯᠯᠠᠬᠤ ᠡᠳᠦᠷ ᠤᠨ ᠳᠤᠲᠤᠷ᠎ᠠ ᠠᠩᠬ᠎ᠠ ᠬᠢᠨᠠᠵᠦ ᠵᠥᠪᠯᠡᠨ ᠲᠣᠭᠳᠠᠭᠠᠬᠤ ᠶᠢ ᠪᠡᠶᠡᠯᠡᠭᠦᠯᠥᠨ᠂ ᠠᠯᠪᠠᠨ ᠲᠠᠮᠠᠭ᠎ᠠ ᠪᠠᠨ ᠳᠠᠷᠤᠭᠠᠳ  ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠠᠭᠠᠨ ᠮᠡᠳᠡᠭᠦᠯᠵᠦ ᠳᠠᠬᠢᠨ ᠬᠢᠨᠠᠭᠤᠯᠤᠨ᠎ᠠ︔      ᠭᠤᠭᠴᠤᠭ᠎ᠠ 2᠄ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ  ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶  ᠲᠣᠰ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠤᠭᠠᠳ ᠲᠠᠪᠤᠨ  ᠠᠵᠢᠯᠯᠠᠬᠤ ᠡᠳᠦᠷ ᠤᠨ ᠲᠤᠳᠤᠷ᠎ᠠ ᠭᠤᠶᠤᠴᠢᠯᠠᠯ ᠤᠨ ᠮᠠᠲ᠋ᠧᠷᠢᠶᠠᠯ ᠢ ᠬᠢᠨᠠᠬᠤ᠂ ᠲᠡᠮᠳᠡᠭᠯᠡᠬᠦ ᠪᠠ ᠳᠠᠩᠰᠠᠯᠠᠬᠤ ᠶᠢ  ᠪᠡᠶᠡᠯᠡᠭᠦᠯᠥᠨ᠂ ᠠᠯᠳᠠᠭ᠎ᠠ ᠪᠤᠷᠤᠭᠤ ᠦᠭᠡᠢ ᠪᠣᠯ ᠰᠠᠨᠠᠯ ᠢᠶᠠᠨ ᠪᠢᠴᠢᠵᠦ ᠲᠠᠮᠠᠭ᠎ᠠ ᠪᠠᠨ ᠳᠠᠷᠤᠭᠠᠳ᠂ ᠬᠤᠰᠢᠭᠤ  ᠰᠢᠶᠠᠨ ᠬᠤᠲᠠ ᠲᠣᠭᠤᠷᠢᠭ ᠤᠨ ᠦᠳᠡᠭᠦᠰ ᠤᠨ ᠠᠵᠢᠯ ᠤᠨ ᠵᠥᠪᠯᠡᠯ ᠤᠨ ᠠᠯᠪᠠᠨ ᠭᠡᠷ ᠲᠤ ᠬᠦᠷᠭᠡᠨ ᠬᠢᠨᠠᠨ  ᠵᠥᠪᠰᠢᠶᠡᠷᠡᠭᠦᠯᠦᠨ᠎ᠡ︔      ᠭᠤᠭᠴᠤᠭ᠎ᠠ 3: ᠬᠤᠰᠢᠭᠤ ᠰᠢᠶᠠᠨ ᠬᠤᠲᠠ ᠲᠣᠭᠤᠷᠢᠭ ᠤᠨ ᠦᠳᠡᠭᠦᠰ ᠤᠨ ᠠᠵᠢᠯ ᠤᠨ ᠵᠥᠪᠯᠡᠯ ᠤᠨ ᠠᠯᠪᠠᠨ ᠭᠡᠷ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠤᠭᠠᠳ ᠲᠠᠪᠤᠨ ᠠᠵᠢᠯᠯᠠᠬᠤ ᠡᠳᠦᠷ ᠲᠤ ᠬᠢᠨᠡᠨ ᠵᠥᠪᠰᠢᠶᠡᠷᠡᠬᠦ ᠶᠢ ᠭᠦᠢᠴᠡᠳᠬᠡᠵᠦ ᠳᠠᠭᠤᠰᠬᠠᠨ᠂ ᠨᠥᠬᠦᠴᠡᠯ ᠳᠤ ᠨᠡᠶᠢᠴᠡᠬᠦ ᠭᠤᠶᠤᠴᠢᠯᠠᠭᠴᠢᠳ ᠢ ᠨᠢᠭᠡᠳᠦᠯᠲᠡᠢ  ᠲᠡᠮᠳᠡᠭᠯᠡᠨ ᠳᠠᠩᠰᠠᠯᠠᠵᠤ᠂ ᠦᠨᠳᠥᠷ ᠨᠠᠰᠤᠨ ᠤ ᠨᠡᠮᠡᠭᠦᠷᠢ ᠣᠯᠭᠤᠬᠤ ᠬᠡᠪᠴᠢᠶᠡᠨ ᠳᠤ ᠣᠷᠣᠭᠤᠯᠤᠨ᠎ᠠ᠃  ᠨᠥᠬᠦᠴᠡᠯ ᠳᠤ ᠨᠡᠶᠢᠴᠡᠬᠦ ᠦᠭᠡᠢ ᠳᠤᠨᠢ᠂ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠰᠢᠯᠲᠠᠭᠠᠨ ᠢ   ᠨᠢ ᠲᠤᠳᠤᠷᠬᠠᠶᠢᠯᠠᠵᠤ ᠦᠭᠭᠦᠨ᠎ᠡ᠃      ᠦᠨᠳᠥᠷ ᠨᠠᠰᠤᠨ ᠤ ᠨᠡᠮᠡᠭᠦᠷᠢ ᠠᠪᠬᠤ ᠴᠠᠭ ᠬᠤᠭᠤᠴᠠᠭ᠎ᠠ᠄ ᠬᠡᠷᠪᠡ ᠨᠥᠬᠦᠴᠡᠯ ᠳᠤ ᠨᠡᠶᠢᠴᠡᠵᠦ  ᠪᠠᠶᠢᠪᠠᠯ᠂ ᠬᠤᠰᠢᠭᠤ ᠰᠢᠶᠠᠨ ᠬᠤᠲᠠ ᠲᠣᠭᠤᠷᠢᠭ ᠤᠨ ᠦᠳᠡᠭᠦᠰ ᠤᠨ ᠠᠵᠢᠯ ᠤᠨ ᠵᠥᠪᠯᠡᠯ ᠤᠨ ᠠᠯᠪᠠᠨ ᠭᠡᠷ ᠤᠨ  ᠵᠦᠪᠰᠢᠶᠡᠷᠡᠭᠰᠡᠨ ᠰᠠᠷ᠎ᠠ ᠠᠴᠠ ᠡᠬᠢᠯᠡᠵᠦ ᠨᠡᠮᠡᠭᠦᠷᠢ ᠠᠪᠤᠨ᠎ᠠ᠃       ᠦᠪᠦᠷ ᠮᠣᠩᠭᠤᠯ ᠤᠨ ᠵᠠᠰᠠᠭ ᠤᠨ ᠣᠷᠳᠤᠨ  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号