| ᠵᠣᠴᠢᠨ ᠤ ᠲᠣᠪᠴᠢ ᠲᠠᠨᠢᠯᠴᠠᠭᠤᠯᠭ᠎ᠠ᠄ ᠲᠢᠶᠠᠨ ᠢ ᠪᠠᠯᠭᠠᠰᠣᠨ ᠤ ᠵᠧᠦ ᠵᠧᠩ ᠼᠠᠢ | ᠰᠤᠷᠪᠤᠯᠵᠢᠯᠠᠭᠰᠠᠨ ᠴᠠᠭ᠄ 2018 ᠣᠨ ᠤ 11 ᠰᠠᠷ᠎ᠠ ᠶᠢᠨ 14 ᠤ ᠡᠳᠤᠷ | ᠰᠤᠷᠪᠤᠯᠵᠢᠯᠠᠭᠰᠠᠨ ᠭᠠᠵᠠᠷ᠄ ᠨᠢᠩᠴᠧᠩ ᠰᠢᠶᠠᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ | ᠲᠠᠰᠤᠭ | ᠬᠦᠳᠦᠯᠦᠭᠴᠢ᠄ ᠰᠦᠯᠵᠢᠶᠡᠨ ᠠᠨᠳᠠ ᠨᠠᠷ ᠮᠢᠨᠢ᠂ ᠲᠠ ᠪᠦᠬᠦᠨ ᠰᠠᠶᠢᠨ ᠪᠠᠶᠢᠵᠠᠭᠠᠨ᠎ᠠ︕ ᠥᠨᠥᠳᠦᠷ ᠪᠢᠳᠠ ᠲᠢᠶᠠᠨ | ᠢ ᠪᠠᠯᠭᠠᠰᠤ ᠶᠢᠨ ᠨᠠᠮ ᠤᠨ ᠬᠤᠷᠢᠶᠠᠨ ᠤ ᠵᠧᠦ ᠵᠧᠩ ᠼᠠᠢ ᠱᠦᠵᠢ ᠶᠢ ᠣᠷᠢᠵᠦ᠂ ᠲᠠᠨᠠᠷ ᠲᠤ ᠪᠠᠯᠭᠠᠰᠤᠨ ᠤ | ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠴᠠ ᠨᠠᠮ ᠤᠨ ᠶᠠᠪᠤᠳᠠᠯ᠂ ᠵᠠᠰᠠᠭ ᠤᠨ ᠶᠠᠪᠤᠳᠠᠯ᠂ | ᠭᠠᠴᠠᠭᠠᠨ ᠤ ᠶᠠᠪᠤᠳᠠᠯ ︽ᠭᠤᠷᠪᠠ ᠶᠢ ᠢᠯᠡ ᠪᠣᠯᠭᠠᠬᠤ︾ ᠶᠢ ᠨᠠᠶᠢᠳᠠᠪᠤᠷᠢᠵᠢᠭᠤᠯᠥᠨ ᠠᠬᠢᠭᠤᠯᠵᠦ᠂ ᠰᠢᠶ᠋ᠳᠪᠦᠷᠢᠲᠦ | ᠪᠤᠳᠤᠯᠭ᠎ᠠ ᠵᠢᠴᠢ ᠬᠠᠮᠢᠶᠠᠷᠤᠯᠲᠠ ᠶᠢᠨ ᠢᠯᠡ ᠲᠣᠳᠣ ᠶᠢᠨ ᠬᠡᠮᠵᠢᠶ᠎ᠡ ᠶᠢᠨ ᠴᠢᠩᠭᠠᠳᠬᠠᠵᠤ᠂ ᠨᠠᠮ ᠤᠨ ᠭᠡᠰᠢᠭᠦᠨ | ᠤᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠵᠡᠷᠭᠡ ᠠᠵᠢᠯ ᠢ | ᠲᠠᠨᠢᠯᠴᠠᠭᠤᠯᠤᠶ᠎ᠠ᠃ ᠲᠠ ᠰᠠᠶᠢᠨ᠂ ᠵᠧᠦ ᠱᠦᠵᠢ︕ | ᠵᠣᠴᠢᠨ ᠵᠧᠦ ᠵᠧᠩ ᠼᠠᠢ᠄ ᠬᠥᠲᠥᠯᠥᠭᠴᠢ ᠲᠠ ᠰᠠᠶᠢᠨ ᠪᠠᠶᠢᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠰᠠᠶᠢᠨ | ᠪᠠᠶᠢᠨ᠎ᠠ ᠤᠤ᠃ ᠰᠦᠯᠵᠢᠶᠡᠨ ᠳᠡᠭᠡᠷ᠎ᠡ ᠰᠤᠷᠪᠤᠯᠵᠢᠯᠠᠭ᠎ᠠ ᠶᠢᠨ ᠪᠤᠯᠤᠩ ᠢ ᠮᠠᠰᠢ ᠪᠠᠶᠠᠷᠲᠠᠢ ᠪᠠᠶᠢᠨ᠎ᠠ᠂ ᠮᠠᠰᠢ ᠲᠠᠯᠠᠷᠬᠠᠵᠤ | ᠪᠠᠶᠢᠨ᠎ᠠ᠃ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠤᠨ ᠬᠢᠨ ᠥᠷᠭᠡᠨ ᠣᠯᠠᠨ ᠰᠦᠯᠵᠢᠶᠡᠨ ᠨᠠᠶᠢᠵᠠ ᠲᠠᠢ | ᠰᠣᠯᠢᠯᠴᠠᠭ᠎ᠠ ᠬᠢᠬᠦ ᠵᠠᠪᠰᠢᠶᠠᠨ ᠤᠯᠭᠤᠬᠰᠠᠨ ᠳᠤ ᠲᠤᠩ ᠲᠠᠯᠠᠷᠬᠠᠵᠦ ᠪᠠᠶᠢᠨ᠎ᠠ᠃ | ᠬᠦᠳᠦᠯᠦᠭᠴᠢ᠄ ᠶᠠᠭᠤᠨ ᠤ ᠡᠮᠦᠨ᠎ᠡ᠂ ᠵᠧᠦ ᠱᠦᠵᠢ ᠠᠴᠠ ᠲᠢᠶᠠᠨ ᠢ ᠪᠠᠯᠭᠠᠰᠤ ᠶᠢᠨ ︽ᠭᠤᠷᠪᠠ ᠶᠢ ᠢᠯᠡ | ᠪᠣᠯᠭᠠᠬᠤ︾ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠳᠥᠭᠦᠮᠬᠡᠨ ᠲᠠᠨᠢᠯᠴᠠᠭᠤᠯᠤᠨ᠎ᠠ︖ | ᠵᠣᠴᠢᠨ ᠵᠧᠦ ᠵᠧᠩ ᠼᠠᠢ᠄ ︽ᠣᠶᠢᠷ᠎ᠠ ᠶᠢᠨ ᠵᠢᠯ ᠤᠳ ᠲᠤ᠂ ᠲᠢᠶᠠᠨ ᠢ ᠪᠠᠯᠭᠠᠰᠤ ᠰᠢᠶᠠᠨ ᠤ ᠨᠠᠮ ᠤᠨ ᠬᠤᠷᠢᠶ᠎ᠠ᠂ | ᠰᠢᠶᠠᠨ ᠤ ᠵᠠᠰᠠᠭ ᠤᠨ ᠣᠷᠳᠣᠨ ᠤ ᠲᠤᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ︽ᠠᠷᠠᠳᠴᠢᠯᠠᠯ ᠢᠶᠠᠷ | ᠬᠠᠮᠢᠶᠠᠷᠬᠤ ᠶᠢ ᠥᠷᠭᠡᠳᠬᠡᠵᠦ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠰᠢᠨᠵᠢᠯᠡᠬᠦ | ᠤᠬᠠᠭᠠᠨᠴᠢ ᠬᠥᠭᠵᠢᠯᠲᠡ ᠶᠢ ᠠᠬᠢᠭᠤᠯᠬᠤ︾ ᠪᠠᠷ ᠬᠠᠷᠠᠯᠲᠠ ᠪᠣᠯᠭᠠᠵᠤ᠂ ᠲᠤᠰ ᠪᠠᠯᠭᠠᠰᠤᠨ ᠤ ᠪᠣᠳᠠᠲᠠᠢ ᠲᠠᠢ ᠨᠢᠭᠲᠠ | ᠤᠶᠠᠯᠳᠤᠭᠤᠯᠤᠨ᠂ ︽ᠭᠤᠷᠪᠠ ᠶᠢ ᠢᠯᠡ ᠪᠣᠯᠭᠠᠬᠤ︾ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠢᠯᠡ | ᠪᠣᠯᠭᠠᠬᠤ ᠠᠭᠤᠯᠭ᠎ᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠢᠯᠡ ᠪᠣᠯᠭᠠᠬᠤ ᠬᠡᠯᠪᠡᠷᠢ ᠶᠢ | ᠠᠮᠢᠳᠤᠯᠢᠭᠵᠢᠭᠤᠯᠤᠨ᠂ ᠢᠯᠡ ᠪᠣᠯᠭᠠᠬᠤ ᠵᠢᠷᠤᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠠᠷᠠᠳᠴᠢᠯᠠᠭᠰᠠᠨ | ᠤᠯᠤᠰ ᠲᠦᠷᠦ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ | ᠭᠡᠰᠢᠭᠦᠨ ᠤᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ | ᠪᠠᠲᠤᠯᠠᠪᠠ᠃ ᠮᠠᠨ ᠤ ᠪᠠᠯᠭᠠᠰᠤ ᠶᠢᠨ ︽ᠭᠤᠷᠪᠠ ᠶᠢ ᠢᠯᠡ ᠪᠣᠯᠭᠠᠬᠤ︾ ᠠᠵᠢᠯ ᠤᠨ ᠲᠠᠰᠤᠷᠠᠯᠲᠠ ᠦᠭᠡᠢ | ᠭᠦᠨᠵᠡᠭᠡᠶᠢᠷᠡᠬᠦ ᠶᠢ ᠳᠠᠭᠠᠯᠳᠤᠨ᠂ ᠶᠡᠭᠡ ᠪᠠᠷ ᠢᠯᠡ ᠪᠣᠯᠭᠠᠬᠤ ᠠᠵᠢᠯ ᠤᠨ ᠪᠠᠶᠢᠷᠢᠰᠢᠯ ᠢ ᠠᠯᠬᠤᠮ ᠠᠯᠬᠤᠮ ᠢᠶᠠᠷ ᠪᠤᠢ | ᠪᠣᠯᠭᠠᠨ᠂ ᠠᠷᠠᠳᠴᠢᠯᠠᠭᠰᠠᠨ ᠬᠠᠮᠢᠶᠠᠷᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠤᠨ᠂ | ᠨᠡᠶᠢᠭᠡᠮ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠳᠥᠯᠭᠢᠨ ᠠᠬᠢᠭᠤᠯᠤᠨ᠂ ᠨᠠᠮ ᠪᠠ ᠣᠯᠠᠨ ᠲᠦᠮᠡᠨ ᠤ | ᠬᠠᠷᠢᠴᠠᠭ᠎ᠠ ᠶᠢ ᠨᠢᠭᠲᠠᠷᠠᠭᠤᠯᠵᠤ᠂ ᠡᠷᠬᠡ ᠶᠢ ᠦᠨᠡᠨ ᠬᠦ ᠢᠯᠡ ᠪᠣᠯᠭᠠᠨ᠂ ᠪᠦᠬᠦ ᠪᠠᠯᠭᠠᠰᠤ ᠶᠢᠨ ᠠᠵᠤ ᠠᠬᠤᠢ | ᠨᠡᠶᠢᠭᠡᠮ ᠤᠨ ᠲᠦᠷᠭᠡᠨ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ | ᠬᠦᠳᠦᠯᠦᠭᠴᠢ᠄ ᠵᠧᠦ ᠱᠦᠵᠢ᠂ ᠰᠢᠨ᠎ᠡ ᠵᠠᠭᠤᠴᠢᠯᠠᠭᠤᠷ ᠤᠨ ᠴᠠᠭ ᠦᠶ᠎ᠡ ᠶᠢᠨ ᠬᠦᠷᠴᠦ ᠢᠷᠡᠬᠦ ᠶᠢ ᠳᠠᠭᠠᠯᠳᠤᠨ᠂ | ᠤᠯᠠᠨ ᠲᠦᠮᠡᠨ ︽ᠭᠤᠷᠪᠠ ᠶᠢ ᠢᠯᠡ ᠪᠣᠯᠭᠠᠬᠤ︾ ᠠᠷᠭ᠎ᠠ ᠵᠠᠮ ᠳᠤ ᠨᠡᠩ ᠤᠯᠠᠨ ᠱᠠᠭᠠᠷᠳᠠᠯᠭ᠎ᠠ ᠲᠠᠯᠪᠢᠨ᠂ ᠴᠠᠭ | ᠲᠤᠬᠠᠶ ᠳᠤᠨᠢ ᠪᠦᠲᠦᠮᠵᠢᠲᠡᠶ ᠪᠠᠷ ᠢᠯᠡ ᠪᠣᠯᠭᠠᠬᠤ ᠠᠭᠤᠯᠭ᠎ᠠ ᠶᠢ ᠤᠯᠬᠤ ᠶᠢ ᠬᠦᠰᠡᠳᠡᠭ᠃ ᠡᠨᠡ ᠲᠠᠯ᠎ᠠ ᠪᠠᠷ᠂ ᠪᠢᠳᠡ | ᠭᠤᠣᠯᠳᠠᠭᠤ ᠶᠠᠮᠠᠷ ᠶᠠᠮᠠᠷ ᠬᠡᠯᠪᠡᠷᠢ ᠶᠢ ᠠᠪᠴᠤ ᠢᠯᠡ ᠪᠣᠯᠭᠠᠳᠠᠭ ᠪᠣᠢ︖ | ᠵᠣᠴᠢᠨ ᠵᠧᠦ ᠵᠧᠩ ᠼᠠᠢ᠄ ᠪᠢᠳᠡ ᠨᠠᠮ ᠤᠨ ᠭᠡᠰᠢᠭᠦᠨ ᠤᠯᠠᠨ ᠲᠦᠮᠡᠨ ᠣᠷᠣᠯᠴᠠᠬᠤ ᠳᠤ ᠠᠰᠢᠭᠲᠠᠶ᠂ ᠨᠠᠮ ᠤᠨ | ᠭᠡᠰᠢᠭᠦᠨ᠂ ᠤᠯᠠᠨ ᠲᠦᠮᠡᠨ ᠤ ᠬᠢᠨᠠᠯᠲᠠ ᠲᠠᠯᠪᠢᠬᠤ ᠳᠤ ᠳᠥᠭᠦᠮ ᠵᠠᠷᠴᠢᠮ ᠢᠶᠠᠷ ︽ᠭᠤᠷᠪᠠᠨ ᠲᠠᠪᠴᠠᠩ︾ ᠢ | ᠬᠦᠴᠦᠯᠡᠨ ᠪᠠᠶᠢᠭᠤᠯᠵᠤ᠂ ᠢᠯᠡ ᠪᠣᠯᠭᠠᠬᠤ ᠠᠷᠭ᠎ᠠ ᠵᠠᠮ ᠢ ᠥᠷᠭᠡᠳᠬᠡᠵᠦ᠂ ᠥᠷᠭᠡᠨ ᠤᠯᠠᠨ ᠨᠠᠮ ᠤᠨ ᠭᠡᠰᠢᠭᠦᠨ | ᠤᠯᠠᠨ ᠲᠦᠮᠡᠨ ᠤ ᠬᠢᠨᠠᠯᠲᠠ ᠶᠢ ᠬᠦᠯᠢᠶᠡᠪᠡ᠃ | ᠨᠢᠭᠡ ᠳᠤ ᠤᠯᠠᠮᠵᠢᠯᠠᠯᠲᠤ ᠢᠯᠡ ᠪᠠᠷ ᠨᠡᠶᠢᠲᠡᠯᠡᠬᠦ ᠲᠠᠪᠴᠠᠩ ᠢ ᠪᠠᠶᠢᠭᠤᠯᠵᠤ᠂ ᠬᠤᠷᠠᠯ᠂ ᠮᠠᠲ᠋ᠧᠷᠢᠶᠠᠯ᠂ ᠷᠠᠳᠢᠣ᠋ | ᠨᠡᠪᠲᠡᠷᠡᠭᠦᠯᠭᠡ ᠵᠡᠷᠭᠡ ᠶᠢ ᠠᠰᠢᠭᠯᠠᠵᠤ ᠢᠯᠡ ᠪᠣᠯᠭᠠᠪᠠ᠃ ᠢᠯᠡ ᠪᠣᠯᠭᠠᠬᠤ ᠠᠭᠤᠯᠭ᠎ᠠ ᠶᠢᠨ ᠠᠳᠠᠯᠢ ᠪᠤᠰᠤ ᠶᠢ | ᠦᠨᠳᠦᠰᠦᠯᠡᠨ᠂ ᠲᠣᠭᠲᠠᠮᠠᠯ ᠬᠤᠭᠤᠴᠠᠭ᠎ᠠ ᠲᠠᠢ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠳᠠᠯᠢ ᠪᠤᠰᠤ | ᠬᠦᠷᠢᠶ᠎ᠡ ᠬᠡᠪᠴᠢᠶ᠎ᠡ ᠪᠠ ᠳᠡᠰ ᠳᠠᠪᠬᠤᠷᠭ᠎ᠠ ᠶᠢᠨ ᠬᠤᠷᠠᠯ ᠢ ᠡᠷᠬᠢᠯᠡᠨ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ | ᠳᠠᠷᠤᠮᠠᠯᠯᠠᠨ ᠲᠠᠷᠬᠠᠭᠠᠵᠤ᠂ ᠲᠣᠰᠬᠤᠨ ᠪᠣᠯᠭᠠᠨ ᠤ ᠷᠠᠳᠢᠣ᠋ ᠨᠡᠪᠲᠡᠷᠡᠭᠦᠯᠭᠡ ᠵᠡᠷᠭᠡ ᠬᠡᠯᠪᠡᠷᠢ ᠪᠠᠷ ᠢᠯᠡ ᠪᠣᠯᠭᠠᠪᠠ᠃ | ᠢᠯᠡ ᠪᠣᠯᠭᠠᠬᠤ ᠠᠭᠤᠯᠭ᠎ᠠ ᠶᠢᠨ ᠨᠢᠭᠤᠴᠠ ᠶᠢᠨ ᠲᠡᠰ ᠬᠡᠮᠵᠢᠶ᠎ᠡ ᠶᠢ ᠦᠨᠳᠦᠰᠦᠯᠡᠵᠦ᠂ ᠢᠯᠡ ᠪᠣᠯᠭᠠᠬᠤ ᠬᠦᠷᠢᠶ᠎ᠡ | ᠬᠡᠪᠴᠢᠶ᠎ᠡ ᠶᠢ ᠲᠣᠭᠲᠠᠭᠠᠵᠤ᠂ ᠪᠦᠬᠦ ᠪᠠᠯᠭᠠᠰᠤᠨ ᠤ ᠠᠵᠢᠯ ᠤᠨ ᠬᠥᠳᠡᠯᠦᠩᠭᠦᠶ ᠪᠠᠶᠢᠳᠠᠯ᠂ ᠬᠠᠮᠤᠭ ᠤᠨ ᠰᠢᠨ᠎ᠡ | ᠲᠦᠷᠦ ᠶᠢᠨ ᠪᠤᠳᠤᠯᠭ᠎ᠠ᠂ ᠤᠳᠤᠷᠢᠳᠤᠯᠭ᠎ᠠ ᠶᠢᠨ ᠰᠢᠶ᠋ᠳᠪᠦᠷᠢᠲᠦ ᠪᠤᠳᠤᠯᠭ᠎ᠠ ᠵᠡᠷᠭᠡ ᠡᠯ᠎ᠡ ᠲᠥᠷᠥᠯ ᠤᠨ ᠢᠯᠡ | ᠪᠣᠯᠭᠠᠬᠤ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠪᠡ᠃ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠵᠦ᠂ ᠪᠠᠯᠭᠠᠰᠤᠨ ᠤ ᠨᠠᠮ ᠤᠨ ᠬᠤᠷᠢᠶ᠎ᠠ ᠠᠴᠠ ᠤᠯᠠᠨ ᠲᠦᠮᠡᠨ ᠤ ᠰᠠᠨᠠᠯ ᠨᠡᠯᠢᠶᠡᠳ ᠲᠥᠪᠯᠡᠷᠡᠭᠰᠡᠨ | ᠠᠰᠠᠭᠤᠲᠠᠯ ᠳᠤ ᠠᠬᠤᠶ ᠲᠠᠯᠠᠪᠠᠶ ᠶᠢᠨ ᠬᠤᠷᠠᠯ ᠬᠢᠬᠦ ᠬᠡᠯᠪᠡᠷᠢ ᠶᠢ ᠠᠪᠴᠤ ᠪᠠᠶᠢᠭᠠᠳ ᠲᠤᠰᠬᠠᠶ ᠰᠡᠳᠦᠪ ᠢᠶᠠᠷ ᠢᠯᠡ | ᠪᠣᠯᠭᠠᠪᠠ᠃ | ᠬᠤᠶᠠᠷ ᠲᠤ ᠢᠯᠡ ᠪᠠᠷ ᠨᠡᠶᠢᠲᠡᠯᠡᠬᠦ ᠲᠣᠭᠲᠠᠮᠠᠯ ᠲᠠᠪᠴᠠᠩ ᠢ ᠪᠠᠶᠢᠭᠤᠯᠵᠤ᠂ ᠢᠯᠡ ᠪᠣᠯᠭᠠᠬᠤ ᠪᠤᠯᠤᠩ ᠢ ᠠᠰᠢᠭᠯᠠᠵᠤ | ᠢᠯᠡ ᠪᠣᠯᠭᠠᠪᠠ᠃ ᠨᠡᠶᠢᠭᠡᠮ ᠨᠡᠶᠢᠲᠡ ᠳᠤ ᠢᠯᠡ ᠪᠣᠯᠭᠠᠬᠤ ᠳᠤ ᠳᠤᠬᠢᠷᠠᠬᠤ ᠠᠭᠤᠯᠭ᠎ᠠ ᠶᠢ ᠪᠠᠯᠭᠠᠰᠤ᠂ ᠲᠣᠰᠬᠤᠨ᠂ | ᠳᠤᠭᠤᠶᠢᠯᠠᠩ ᠤᠨ ᠭᠤᠷᠪᠠᠨ ᠳᠡᠰ ᠤᠨ ᠢᠯᠡ ᠪᠣᠯᠭᠠᠬᠤ ᠪᠤᠯᠤᠩ ᠢᠶᠠᠷ ᠳᠠᠮᠵᠢᠭᠤᠯᠤᠨ ᠨᠡᠶᠢᠲᠡᠯᠡᠵᠦ᠂ ᠨᠠᠮ ᠤᠨ | ᠭᠡᠰᠢᠭᠦᠨ ᠤᠯᠠᠨ ᠲᠦᠮᠡᠨ ︽ᠭᠤᠷᠪᠠᠨ ᠶᠠᠪᠤᠳᠠᠯ︾ ᠤᠨ ᠮᠡᠳᠡᠭᠡ ᠵᠠᠩᠭᠢ ᠶᠢ ᠰᠢᠭᠤᠳ ᠣᠶᠢᠯᠠᠭᠠᠵᠤ᠂ ᠢᠯᠡ | ᠪᠣᠯᠭᠠᠬᠤ ᠪᠤᠯᠤᠩ ᠨᠢ ᠨᠠᠮ ᠤᠨ ᠭᠡᠰᠢᠭᠦᠨ ᠤᠯᠠᠨ ᠲᠦᠮᠡᠨ ᠤ ᠣᠶᠢᠯᠠᠭᠠᠬᠤ ᠪᠤᠯᠤᠩ᠂ ᠬᠡᠷᠡᠭ ᠢ ᠮᠡᠳᠡᠬᠦ ᠪᠤᠯᠤᠩ ᠪᠠ | ᠲᠦᠷᠦ ᠶᠢᠨ ᠪᠤᠳᠤᠯᠭ᠎ᠠ ᠶᠢᠨ ᠪᠤᠯᠤᠩ ᠪᠣᠯᠪᠠ᠃ ᠣᠳᠣᠬᠠᠨ ᠪᠣᠯᠲᠠᠯ᠎ᠠ᠂ ᠪᠦᠬᠦ ᠪᠠᠯᠭᠠᠰᠤᠨ ᠳᠤ ︽ᠭᠤᠷᠪᠠ ᠶᠢ ᠢᠯᠡ | ᠪᠣᠯᠭᠠᠬᠤ︾ ᠪᠤᠯᠤᠩ ᠢ 31᠂ ᠲᠤᠰᠬᠤᠨ ᠳᠤᠭᠤᠶᠢᠯᠠᠩ ᠤᠨ ᠢᠯᠡ ᠪᠣᠯᠭᠠᠬᠤ ᠬᠡᠷᠡᠮ ᠢ 46 ᠪᠠᠶᠢᠭᠤᠯᠵᠦ᠂ ᠤᠯᠠᠨ | ᠲᠦᠮᠡᠨ ᠤ ᠢᠯᠠ ᠪᠠᠷ ᠨᠡᠶᠢᠲᠡᠯᠡᠬᠦ ᠬᠡᠷᠡᠭ ᠶᠠᠪᠤᠳᠠᠯ ᠢ ᠲᠡᠷᠡ ᠳᠣᠣᠷ᠎ᠠ ᠳᠤ ᠨᠢ ᠣᠶᠢᠯᠠᠭᠠᠬᠤ ᠳᠤ ᠳᠦᠭᠦᠮ ᠦᠵᠡᠭᠦᠯᠪᠡ | ᠃ | ᠭᠤᠷᠪᠠ ᠳᠤ ᠰᠢᠨ᠎ᠡ ᠵᠠᠭᠤᠴᠢᠯᠠᠭᠤᠷ ᠤᠨ ᠢᠯᠡ ᠪᠠᠷ ᠨᠡᠶᠢᠲᠡᠯᠡᠬᠦ ᠲᠠᠪᠴᠠᠩ ᠢ ᠪᠠᠶᠢᠭᠤᠯᠵᠤ᠂ ᠸᠢᠴᠠᠲ᠂ | ᠰᠥᠯᠵᠢᠶ᠎ᠡ ᠶᠢ ᠠᠰᠢᠭᠯᠠᠵᠤ ᠢᠯᠡ ᠪᠣᠯᠭᠠᠪᠠ᠃ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ︽ᠬᠤᠶᠠᠷ | ᠬᠠᠷᠢᠭᠤᠴᠠᠯᠭ᠎ᠠ ᠶᠢᠨ ᠲᠠᠪᠴᠠᠩ︾ ︽ᠭᠤᠷᠪᠠ ᠶᠢ ᠢᠯᠡ ᠪᠣᠯᠭᠠᠬᠤ︾ ᠯᠤᠭ᠎ᠠ ᠵᠠᠪᠰᠠᠷ ᠤᠢᠭᠡᠢ ᠵᠤᠯᠭᠠᠭᠤᠯᠤᠨ᠂ | ᠪᠠᠯᠭᠠᠰᠤᠨ ᠤ ᠨᠠᠮ ᠤᠨ ᠬᠤᠷᠢᠶ᠎ᠠ ᠪᠠ ᠡᠯ᠎ᠡ ᠲᠤᠰᠬᠤᠨ ᠤ ᠭᠤᠷᠪᠠᠨ ᠶᠠᠪᠤᠳᠠᠯ ᠢ ᠢᠯᠡ ᠪᠣᠯᠭᠠᠬᠤ ᠲᠠᠪᠴᠠᠩ ᠤᠨ | ᠰᠦᠯᠵᠢᠶ᠎ᠡ ᠶᠢ ᠨᠡᠪᠲᠡᠷᠡᠭᠦᠯᠦᠨ᠂ ᠡᠭᠦᠨ ᠤ ᠬᠠᠮᠲᠤ ᠪᠠᠯᠭᠠᠰᠤᠨ ᠤ ᠱᠠᠲᠤᠨ ᠤ ︽ᠭᠤᠷᠪᠠ ᠶᠢ ᠢᠯᠡ ᠪᠣᠯᠭᠠᠬᠤ︾ | ᠸᠢᠴᠠᠲ ᠤᠨ ᠰᠦᠷᠦᠭᠵᠢᠯ ᠪᠣᠯᠤᠨ 21 ᠲᠤᠰᠬᠤᠨ ᠤ ᠱᠠᠲᠤᠨ ᠤ ︽ᠭᠤᠷᠪᠠ ᠶᠢ ᠢᠯᠡ ᠪᠣᠯᠭᠠᠬᠤ︾ ᠸᠢᠴᠠᠲ ᠤᠨ | ᠰᠦᠷᠦᠭᠵᠢᠯ ᠢ ᠪᠠᠶᠢᠭᠤᠯᠵᠤ᠂ ᠲᠤᠰᠬᠠᠶ ᠬᠥᠮᠦᠨ ᠢᠶᠠᠷ ᠮᠡᠳᠡᠭᠡ ᠵᠠᠩᠭᠢ ᠶᠢ ᠢᠯᠡ ᠪᠣᠯᠭᠠᠬᠤ ᠶᠢ ᠬᠠᠷᠢᠭᠤᠴᠠᠭᠤᠯᠤᠨ᠂ | ᠢᠯᠡ ᠪᠣᠯᠭᠠᠬᠤ ᠠᠭᠤᠯᠭ᠎ᠠ ᠶᠢ ᠲᠤᠬᠠᠶ ᠶᠢᠨ ᠴᠠᠭ ᠲᠤᠨᠢ ᠨᠢ ᠰᠢᠰᠲ᠋ᠧᠮ ᠳᠤ ᠤᠷᠤᠭᠤᠯᠤᠨ᠂ ᠨᠠᠮ ᠤᠨ ᠭᠡᠰᠢᠭᠦᠨ | ᠤᠯᠠᠨ ᠲᠦᠮᠡᠨ ᠤ ᠪᠠᠶᠢᠳᠠᠯ ᠢ ᠮᠡᠳᠡᠬᠦ ᠡᠷᠬᠡ ᠶᠢ ᠦᠨᠡᠨ ᠬᠦ ᠪᠠᠲᠤᠯᠠᠪᠠ᠃ | ᠬᠦᠳᠦᠯᠦᠭᠴᠢ᠄ ᠲᠢᠶᠠᠨ ᠢ ᠪᠠᠯᠭᠠᠰᠤ ︽ᠭᠤᠷᠪᠠ ᠶᠢ ᠢᠯᠡ ᠪᠣᠯᠭᠠᠬᠤ︾ ᠠᠵᠢᠯ ᠤᠨ ᠲᠠᠯ᠎ᠠ ᠪᠠᠷ ᠶᠠᠮᠠᠷ ᠶᠠᠮᠠᠷ ᠦᠷ᠎ᠡ | ᠪᠦᠲᠦᠮᠵᠢ ᠣᠯᠤᠭᠰᠠᠨ ᠪᠤᠢ︖ | ᠵᠣᠴᠢᠨ ᠵᠧᠦ ᠵᠧᠩ ᠼᠠᠢ᠄ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠰᠢᠰᠲ᠋ᠧᠮ ᠢ ᠤᠯᠠᠮ ᠨᠢᠭᠡ | ᠠᠯᠬᠤᠮ ᠲᠡᠭᠦᠯᠳᠡᠷᠵᠢᠬᠦᠯᠪᠡ᠃ ᠱᠠᠲᠥ ᠱᠡᠳᠦ ᠪᠠᠷ ᠠᠳᠬᠤᠵᠤ᠂ ᠲᠡᠰ ᠲᠡᠰ ᠢᠶᠠᠷ ᠠᠳᠬᠤᠨ ᠨᠠᠶᠢᠳᠠᠪᠤᠷᠢᠵᠢᠭᠤᠯᠬᠤ | ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠲᠣᠭᠲᠠᠴᠠ ᠶᠢ ᠪᠦᠷᠢᠯᠳᠦᠭᠦᠯᠵᠦ᠂ ︽ᠭᠤᠷᠪᠠ ᠶᠢ ᠢᠯᠡ ᠪᠣᠯᠭᠠᠬᠤ︾ | ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠤᠨ᠂ ︽ | ᠭᠤᠷᠪᠠ ᠶᠢ ᠢᠯᠡ ᠪᠣᠯᠭᠠᠬᠤ︾ ᠠᠵᠢᠯ ᠢ ᠨᠠᠷᠢᠨ ᠪᠣᠳᠠᠲᠠᠢ ᠠᠳᠬᠤᠵᠤ᠂ ᠭᠦᠨᠵᠡᠭᠡᠶ ᠲᠦᠯᠬᠢᠨ ᠠᠬᠢᠭᠤᠯᠬᠤ ᠶᠢ | ᠪᠠᠲᠤᠯᠠᠪᠠ᠃ | ᠬᠤᠶᠠᠷ ᠲᠤ᠂ ᠢᠯᠡ ᠪᠣᠯᠭᠠᠬᠤ ᠠᠭᠤᠯᠭ᠎ᠠ ᠬᠡᠯᠪᠡᠷᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠪᠠ᠃ ᠢᠯᠡ | ᠪᠣᠯᠭᠠᠬᠤ ᠠᠭᠤᠯᠭ᠎ᠠ ᠪᠦᠬᠦ ᠲᠠᠯ᠎ᠠ ᠶᠢᠨ ᠪᠠᠶᠢᠵᠦ᠂ ᠭᠤᠣᠯᠳᠠᠭᠤ ᠨᠠᠮ ᠵᠠᠰᠠᠭ ᠤᠨ ᠣᠨ ᠤ ᠠᠵᠢᠯ ᠤᠨ ᠬᠠᠷᠠᠯᠲᠠ᠂ | ᠡᠭᠦᠷᠭᠡ ᠵᠢᠴᠢ ᠪᠣᠳᠠᠲᠤ ᠬᠦᠢᠴᠡᠳᠭᠡᠬᠦ ᠲᠥᠷᠥᠯ ᠵᠤᠶᠢᠯ᠂ ᠤᠯᠠᠨ ᠲᠦᠮᠡᠨ ᠤ ᠦᠢᠯᠡᠳᠪᠦᠷᠢᠯᠡᠯ᠂ ᠠᠮᠢᠳᠤᠷᠠᠯ ᠲᠠᠢ | ᠨᠢᠭᠲᠠ ᠬᠤᠯᠪᠣᠭ᠎ᠠ ᠲᠠᠢ ᠡᠯ᠎ᠡ ᠵᠦᠢᠯ ᠤᠨ ᠵᠠᠷᠤᠳᠠᠯ ᠵᠢᠴᠢ ᠨᠥᠬᠦᠪᠥᠷᠢ᠂ ᠠᠪᠤᠷᠠᠨ ᠲᠤᠰᠠᠯᠠᠬᠤ ᠪᠠᠯᠠ ᠮᠥᠩᠭᠦ ᠶᠢ | ᠲᠠᠷᠬᠠᠭᠠᠭᠰᠠᠨ ᠪᠠᠶᠢᠳᠠᠯ ᠵᠡᠷᠭᠡ ᠪᠣᠯᠤᠨ᠎ᠠ᠃ ᠢᠯᠡ ᠪᠣᠯᠭᠠᠬᠤ ᠬᠡᠯᠪᠡᠷᠢ ᠨᠢ ᠠᠮᠢᠳᠤᠯᠢᠭ᠂ ᠢᠯᠡ ᠨᠡᠶᠢᠲᠡᠯᠡᠬᠦ | ᠪᠤᠯᠤᠩ ᠠᠴᠠ ᠭᠠᠳᠠᠨ᠎ᠠ᠂ ᠬᠤᠷᠠᠯ ᠢᠶᠠᠷ ᠨᠡᠶᠢᠲᠡᠯᠡᠬᠦ᠂ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠬᠤ ᠪᠠ ᠠᠵᠢᠯ | ᠶᠠᠪᠤᠳᠠᠯ ᠬᠦᠢᠴᠡᠳᠭᠡᠬᠦ ᠴᠤᠩᠬᠤᠪᠴᠢ ᠶᠢ ᠠᠰᠢᠭᠯᠠᠨ ᠢᠯᠡ ᠨᠡᠶᠢᠲᠡᠯᠡᠬᠦ ᠵᠡᠷᠭᠡ ᠬᠡᠯᠪᠡᠷᠢ ᠪᠠᠷ ᠢᠯᠡ ᠪᠣᠯᠭᠠᠬᠤ ᠠᠴᠠ | ᠭᠠᠳᠠᠨ᠎ᠠ᠂ ᠭᠤᠷᠪᠠᠨ ᠶᠠᠪᠤᠳᠠᠯ ᠢ ᠢᠯᠡ ᠪᠣᠯᠭᠠᠬᠤ ᠲᠠᠪᠴᠠᠩ ᠤᠨ ᠰᠦᠯᠵᠢᠶ᠎ᠡ᠂ ᠸᠢᠴᠠᠲ ᠵᠡᠷᠭᠡ ᠤᠯᠠᠨ ᠵᠦᠢᠯ ᠤᠨ | ᠬᠡᠯᠪᠡᠷᠢ ᠪᠠᠷ ᠢᠯᠡ ᠪᠣᠯᠭᠠᠪᠠ᠃ ᠢᠯᠡ ᠪᠣᠯᠭᠠᠬᠤ ᠲᠠᠰ ᠳᠠᠷᠠᠭᠠᠯᠠᠯ ᠵᠢᠷᠤᠮᠵᠢᠭᠦᠨ᠂ ᠡᠩ ᠤᠨ ᠪᠠᠶᠢᠳᠠᠯ ᠳᠣᠣᠷ᠎ᠠ | ᠢᠯᠡ ᠪᠣᠯᠭᠠᠬᠤ ᠠᠭᠤᠯᠭ᠎ᠠ ᠶᠢ ᠤᠷᠢᠳᠠᠪᠠᠷ ᠲᠤᠭᠤᠷᠪᠢᠨ ᠲᠣᠭᠲᠠᠭᠠᠵᠤ᠂ ᠠᠵᠢᠯ ᠤᠨ ᠤᠳᠤᠷᠢᠳᠬᠤ | ᠳᠤᠭᠤᠶᠢᠯᠠᠩ ᠲᠤ ᠲᠤᠰᠢᠶᠠᠨ ᠶᠠᠷᠢᠯᠴᠠᠨ ᠲᠤᠬᠳᠠᠭᠠᠨ᠂ ᠳᠠᠷᠠᠭ᠎ᠠ ᠨᠢ ᠢᠯᠡ ᠪᠠᠷ ᠨᠠᠭᠠᠨ᠎ᠠ᠃ ᠴᠢᠬᠤᠯᠠ ᠶᠡᠭᠡ | ᠵᠦᠢᠯᠡᠰ ᠲᠤ ᠤᠷᠢᠳᠠᠪᠠᠷ ᠵᠥᠪᠯᠡᠵᠦ᠂ ᠳᠠᠷᠠᠭ᠎ᠠ ᠨᠢ ᠪᠣᠳᠣᠯᠭ᠎ᠠ ᠲᠤᠬᠳᠠᠭᠠᠵᠦ᠂ ᠲᠠᠷᠠᠭ᠎ᠠ ᠨᠢ ᠢᠯᠡ ᠪᠣᠯᠭᠠᠬᠤ | ᠲᠠᠷᠠᠭᠠᠯᠠᠯ ᠢ ᠬᠦᠢᠴᠡᠳᠭᠡᠨ᠎ᠡ᠃ | ᠭᠤᠷᠪᠠ ᠳᠤ᠂ ᠬᠢᠨᠠᠯᠲᠠ ᠲᠠᠯᠪᠢᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ︽ᠭᠤᠷᠪᠠ ᠶᠢ | ᠢᠯᠡ ᠪᠣᠯᠭᠠᠬᠤ︾ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ ᠶᠢ ᠤᠯᠠᠮ ᠨᠢᠭᠡ ᠠᠯᠬᠤᠮ ᠪᠦᠷᠢᠨᠰᠢᠭᠦᠯᠦᠨ | ᠲᠡᠭᠦᠯᠳᠡᠷᠵᠢᠭᠦᠯᠵᠦ᠂ ᠠᠵᠢᠯ ᠤᠨ ᠦᠷ᠎ᠡ ᠳ᠋ᠦᠩ ᠢ ᠢᠯᠡ ᠪᠣᠯᠭᠠᠬᠤ ᠪᠠ ᠬᠡᠷᠡᠭ ᠤᠨ ᠡᠮᠦᠨ᠎ᠡ᠂ ᠬᠡᠷᠡᠭ ᠤᠨ ᠳᠤᠮᠳᠠᠬᠢ | ᠠᠷᠠᠳᠴᠢᠯᠠᠯ ᠢᠶᠠᠷ ᠰᠢᠶ᠋ᠳᠪᠦᠷᠢᠲᠦ ᠪᠤᠳᠤᠯᠭ᠎ᠠ ᠲᠣᠭᠲᠠᠭᠠᠬᠤ ᠶᠢ ᠤᠶᠠᠯᠳᠤᠭᠤᠯᠵᠤ᠂ ᠴᠢᠬᠤᠯᠠ ᠶᠡᠭᠡ ᠵᠦᠢᠯ ᠢ | ᠬᠠᠮᠲᠤ ᠪᠠᠷ ᠶᠠᠷᠢᠯᠴᠠᠵᠤ ᠠᠷᠠᠳᠴᠢᠯᠠᠯ ᠢᠶᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ᠂ ᠢᠯᠡ ᠪᠣᠯᠭᠠᠬᠤ | ᠬᠡᠷᠡᠭ ᠶᠠᠪᠤᠳᠠᠯ ᠢ ᠬᠦᠢᠴᠡᠳᠭᠡᠬᠦ ᠳᠦᠷᠢᠮ᠂ ᠦᠢᠯᠡᠴᠢᠯᠡᠭᠡᠨ ᠤ ᠠᠮᠠᠯᠠᠯᠲᠠ ᠶᠢᠨ ᠲᠥᠷᠢᠮ᠂ ᠬᠦᠯᠢᠶᠡᠨ ᠠᠪᠬᠤ | ᠵᠥᠪᠯᠡᠯᠭᠡ ᠥᠭᠬᠦ ᠳᠦᠷᠢᠮ᠂ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠵᠡᠷᠭᠡ ᠶᠢ ᠠᠯᠬᠤᠮ ᠠᠯᠬᠤᠮ ᠢᠶᠠᠷ | ᠲᠡᠭᠦᠯᠳᠡᠷᠵᠢᠭᠦᠯᠵᠦ᠂ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠪᠠ᠃ ᠡᠭᠦᠨ ᠤ ᠬᠠᠮᠲᠤ᠂ ᠭᠠᠳᠠᠨᠠᠬᠢ ᠬᠢᠨᠠᠯᠲᠠ | ᠲᠠᠯᠪᠢᠬᠤ ᠲᠣᠭᠲᠠᠴᠠ ᠶᠢ ᠴᠢᠩᠭᠠᠳᠬᠠᠵᠤ᠂ ᠠᠵᠢᠯ ᠤᠨ ᠡᠭᠦᠷᠭᠡ ᠴᠢᠳᠠᠪᠬᠢ ᠶᠢ ᠢᠯᠡ ᠪᠣᠯᠭᠠᠬᠤ᠂ ᠬᠢᠨᠠᠯᠲᠠ | ᠲᠠᠯᠪᠢᠬᠤ ᠭᠤᠮᠣᠳᠠᠯ ᠮᠡᠳᠡᠭᠦᠯᠬᠦ ᠤᠲᠠᠰᠤ ᠪᠠ ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ ᠢ ᠪᠠᠶᠢᠭᠤᠯᠬᠤ ᠪᠠᠷ | ᠳᠠᠮᠵᠢᠭᠤᠯᠤᠨ᠂ ᠨᠡᠶᠢᠭᠡᠮ ᠤᠨ ᠬᠢᠨᠠᠯᠲᠠ ᠶᠢ ᠴᠢᠩᠭᠠᠳᠬᠠᠨ᠂ ᠪᠠᠶᠢᠭᠤᠯᠭ᠎ᠠ ᠶᠢᠨ ᠠᠵᠢᠯᠲᠠᠨ ᠤ ᠦᠢᠯᠡ ᠠᠵᠢᠯᠯᠠᠭ᠎ᠠ ᠶᠢ | ᠵᠢᠷᠤᠮᠵᠢᠭᠤᠯᠪᠠ᠃ | ᠬᠦᠳᠦᠯᠦᠭᠴᠢ᠄ ᠵᠧᠦ ᠱᠦᠵᠢ ᠶᠢᠨ ᠲᠠᠶᠢᠯᠪᠤᠷᠢᠯᠠᠯᠲᠠ ᠠᠴᠠ ᠪᠢᠳᠠᠨ ᠪᠠᠯᠭᠠᠰᠤ ᠲᠤᠰᠬᠤᠨ ᠬᠤᠶᠠᠷ ᠱᠠᠲᠤᠨ ᠤ ︽ | ᠭᠤᠷᠪᠠ ᠶᠢ ᠢᠯᠡ ᠪᠣᠯᠭᠠᠬᠤ︾ ᠠᠵᠢᠯ ᠤᠨ ᠲᠤᠬᠠᠶ ᠨᠡᠩ ᠭᠦᠨ ᠭᠦᠨᠵᠡᠭᠡᠶ ᠨᠠᠷᠢᠨ ᠨᠢᠮᠪᠠᠶ ᠤᠶᠢᠯᠠᠭᠠᠪᠠ᠃ | ᠵᠠᠯᠭᠠᠭᠠᠳ ᠰᠦᠯᠵᠢᠶᠡᠨ ᠠᠨᠳᠠ ᠶᠢᠨ ᠠᠰᠠᠭᠤᠯᠲᠠ ᠠᠰᠠᠭᠤᠬᠤ ᠴᠠᠭ ᠪᠤᠯᠤᠯ᠎ᠠ᠂ ᠤᠯᠠᠨ ᠢᠶᠠᠷ ᠢᠶᠠᠨ ᠶᠠᠮᠠᠷ | ᠠᠰᠠᠭᠤᠯᠲᠠ ᠪᠠᠶᠢᠪᠠᠯ ᠵᠧᠦ ᠱᠦᠵᠢ ᠠᠴᠠ ᠠᠰᠠᠭᠤᠭᠠᠷᠠᠢ︖ | ᠰᠦᠯᠵᠢᠶᠡᠨ ᠠᠨᠳᠠ : ᠲᠠ ᠰᠠᠶᠢᠨ ᠪᠠᠶᠢᠨ᠎ᠠ᠂ ᠵᠧᠦ ᠱᠦᠵᠢ︕ ᠢᠯᠡ ᠪᠣᠯᠭᠠᠬᠤ ᠬᠤᠭᠤᠴᠠᠭ᠎ᠠ ᠶᠡᠷᠦ ᠳᠡᠭᠡᠨ ᠬᠡᠳᠦᠶ | ᠤᠳᠠᠭᠠᠨ︖ | ᠵᠣᠴᠢᠨ ᠵᠧᠦ ᠵᠧᠩ ᠼᠠᠢ᠄ ᠢᠯᠡ ᠪᠣᠯᠭᠠᠬᠤ ᠠᠭᠤᠯᠭ᠎ᠠ ᠪᠠᠷ ᠢᠯᠡ ᠪᠣᠯᠭᠠᠬᠤ ᠬᠤᠭᠤᠴᠠᠭ᠎ᠠ ᠶᠢ ᠲᠤᠬᠳᠠᠭᠠᠨ᠎ᠠ᠂ | ᠶᠡᠷᠦ ᠳᠡᠭᠡᠨ ᠲᠣᠭᠲᠠᠮᠠᠯ᠂ ᠲᠤᠬᠳᠠᠮᠠᠯ ᠬᠤᠭᠤᠴᠠᠭᠠᠲᠤ᠂ ᠴᠠᠭ ᠲᠤᠬᠠᠶ ᠳᠤᠨᠢ ᠢᠯᠡ ᠪᠣᠯᠭᠠᠨ᠎ᠠ᠂ ᠪᠠᠶᠢᠩᠭᠤ ᠶᠢᠨ | ᠴᠢᠨᠠᠷᠲᠠᠶ ᠠᠵᠢᠯ ᠢ ᠲᠣᠭᠲᠠᠮᠠᠯ ᠢᠶᠠᠷ ᠢᠯᠡ ᠪᠤᠯᠭᠠᠨ᠂ ᠱᠠᠲᠤ ᠦᠶᠡᠴᠢ ᠴᠢᠨᠠᠷᠲᠠᠶ ᠠᠵᠢᠯ ᠢ ᠲᠣᠭᠲᠠᠮᠠᠯ | ᠬᠤᠭᠤᠴᠠᠭ᠎ᠠ ᠲᠠᠢ ᠪᠠᠷ ᠢᠯᠡ ᠪᠣᠯᠭᠠᠨ᠂ ᠲᠦᠷ ᠴᠠᠭ ᠤᠨ ᠴᠢᠨᠠᠷᠲᠠᠶ ᠠᠵᠢᠯ ᠢ ᠴᠠᠭ ᠲᠤᠬᠠᠶ ᠳᠤᠨᠢ ᠢᠯᠡ ᠪᠣᠯᠭᠠᠨ᠎ᠠ᠃ | | 1᠂ ᠲᠣᠭᠲᠠᠮᠠᠯ ᠢᠯᠡ ᠪᠣᠯᠭᠠᠬᠤ | ᠲᠣᠭᠲᠠᠮᠠᠯ ᠢᠯᠡ ᠪᠣᠯᠭᠠᠬᠤ ᠠᠭᠤᠯᠭ᠎ᠠ ᠳᠤ᠂ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠳᠤᠬᠢᠷᠠᠭᠤᠯᠤᠯᠳᠠ᠂ | ᠤᠳᠤᠷᠢᠳᠬᠤ ᠪᠠᠭ ᠤᠨ ᠬᠤᠪᠢᠳᠠᠨ ᠬᠠᠮᠢᠶᠠᠷᠬᠤ ᠬᠤᠭᠤᠴᠠᠭᠠᠨ ᠤ ᠬᠠᠷᠠᠯᠲᠠ᠂ ᠡᠯ᠎ᠡ ᠲᠥᠷᠥᠯ ᠤᠨ ᠣᠨ ᠤ | ᠬᠠᠷᠠᠯᠲᠠ᠂ ᠭᠦᠢᠴᠡᠳᠬᠡᠬᠦ ᠲᠤᠭ᠎ᠠ᠂ ᠲᠥᠯᠥᠪᠯᠡᠭᠡ ᠵᠡᠷᠭᠡ ᠪᠠᠶᠢᠳᠠᠯ ᠢ ᠪᠠᠭᠳᠠᠭᠠᠨ᠎ᠠ᠂ ᠡᠶᠢᠮᠦᠷᠬᠦ ᠠᠭᠤᠯᠭ᠎ᠠ ᠶᠢᠨ | ᠲᠣᠭᠲᠠᠪᠤᠷᠢᠲᠤ ᠴᠢᠨᠠᠷ ᠨᠡᠯᠢᠶᠡᠳ ᠴᠢᠩᠭ᠎ᠠ᠂ ᠶᠡᠷᠦ ᠳᠡᠭᠡᠨ ᠨᠢᠭᠡ ᠵᠢᠯ ᠳᠤ ᠨᠢᠭᠡ ᠤᠳᠠᠭ᠎ᠠ ᠨᠡᠶᠢᠲᠡᠯᠡᠬᠦ ᠬᠡᠷᠡᠭᠲᠡᠶ᠃ | 2᠂ ᠲᠣᠭᠲᠠᠮᠠᠯ ᠬᠤᠭᠤᠴᠠᠭ᠎ᠠ ᠲᠠᠢ ᠢᠯᠡ ᠪᠣᠯᠭᠠᠬᠤ | ᠲᠣᠭᠲᠠᠮᠠᠯ ᠬᠤᠭᠤᠴᠠᠭ᠎ᠠ ᠪᠠᠷ ᠢᠯᠡ ᠪᠣᠯᠭᠠᠬᠤ ᠠᠭᠤᠯᠭ᠎ᠠ ᠳᠤ᠂ ᠨᠢᠭᠡᠨᠲᠡ ᠬᠡᠷᠡᠭᠵᠢᠭᠦᠯᠬᠦ ᠪᠠᠷ ᠲᠣᠭᠲᠠᠭᠠᠭᠰᠠᠨ | ᠴᠢᠬᠤᠯᠠ ᠶᠡᠭᠡ ᠲᠥᠷᠥᠯ ᠵᠤᠶᠢᠯ᠂ ᠪᠡᠯᠡ ᠮᠥᠩᠭᠦᠨ ᠤ ᠬᠡᠷᠡᠭᠯᠡᠯᠲᠡ᠂ ᠡᠯ᠎ᠡ ᠵᠦᠢᠯ ᠤᠨ ᠲᠠᠷᠢᠶᠠᠴᠢᠳ ᠲᠤ ᠠᠰᠢᠭ | ᠬᠦᠷᠲᠡᠭᠡᠬᠦ ᠪᠡᠯᠡ ᠮᠥᠩᠭᠦ ᠶᠢ ᠬᠤᠪᠢᠶᠠᠷᠢᠯᠠᠬᠤ᠂ ᠡᠳ᠋ ᠤᠨ ᠶᠠᠪᠤᠳᠠᠯ ᠤᠨ ᠮᠡᠳᠡᠭᠦᠯᠦᠯᠲᠡ᠂ ᠵᠠᠰᠠᠭ ︵ᠭᠠᠴᠠᠭ᠎ᠠ︶ ᠤᠨ | ᠶᠠᠪᠤᠳᠠᠯ ᠢ ᠪᠡᠶᠡᠯᠡᠭᠦᠯᠦᠭᠰᠡᠨ ᠪᠠᠶᠢᠳᠠᠯ ᠢ ᠪᠠᠭᠳᠠᠭᠠᠨ᠎ᠠ᠂ ᠲᠤᠰ ᠲᠥᠷᠥᠯ ᠤᠨ ᠠᠭᠤᠯᠭ᠎ᠠ ᠶᠢ ᠶᠡᠷᠦ ᠳᠡᠭᠡᠨ ᠨᠢᠭᠡ | ᠤᠯᠠᠷᠢᠯ ᠳᠤ ᠨᠢᠭᠡ ᠤᠳᠠᠭ᠎ᠠ ᠢᠯᠡ ᠪᠣᠯᠭᠠᠬᠤ ᠬᠡᠷᠡᠭᠲᠡᠶ᠃ | 3᠂ ᠴᠠᠭ ᠲᠤᠬᠠᠶ ᠳᠤᠨᠢ ᠢᠯᠡ ᠪᠣᠯᠭᠠᠬᠤ | ᠴᠠᠭ ᠲᠤᠬᠠᠶ ᠳᠤᠨᠢ ᠢᠯᠡ ᠪᠣᠯᠭᠠᠬᠤ ᠠᠭᠤᠯᠭ᠎ᠠ ᠳᠤ᠂ ᠲᠦᠷ ᠴᠠᠭ ᠤᠨ ᠲᠤᠬᠳᠠᠭᠠᠬᠰᠠᠨ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠪᠤᠶᠤ ᠪᠤᠰᠤᠳ ᠴᠠᠭ ᠲᠤᠬᠠᠶ ᠳᠤᠨᠢ ᠢᠯᠡ ᠪᠣᠯᠭᠠᠬᠤ ᠬᠡᠷᠡᠭ ᠶᠠᠪᠤᠳᠠᠯ ᠢ ᠪᠠᠭᠳᠠᠭᠠᠨ᠎ᠠ᠂ | ᠤᠴᠢᠷ ᠨᠢ ᠲᠤᠰ ᠲᠥᠷᠥᠯ ᠤᠨ ᠠᠭᠤᠯᠭ᠎ᠠ ᠲᠣᠭᠲᠠᠪᠤᠷᠢ ᠦᠬᠡᠢ ᠴᠢᠨᠠᠷ ᠲᠠᠢ ᠪᠠᠶᠢᠵᠤ᠂ ᠴᠠᠭ ᠲᠤᠬᠠᠶ ᠳᠤᠨᠢ ᠢᠯᠡ | ᠪᠣᠯᠭᠠᠬᠤ ᠶᠢ ᠱᠠᠭᠠᠷᠳᠠᠳᠠᠭ᠃ | ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠲᠤᠬᠳᠠᠭᠠᠬᠰᠠᠨ ᠦᠷ᠎ᠡ ᠳ᠋ᠦᠩ ᠭᠠᠷᠤᠬᠰᠠᠨ ᠤ ᠳᠠᠷᠠᠭ᠎ᠠ 7 | ᠡᠳᠦᠷ ᠤᠨ ᠳᠣᠲᠣᠷ᠎ᠠ ᠢᠯᠡ ᠪᠣᠯᠭᠠᠬᠤ ᠬᠡᠷᠡᠭᠲᠡᠶ᠃ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠢᠯᠠᠩᠭᠤᠶ᠎ᠠ | ᠨᠠᠮ ᠤᠨ ᠭᠡᠰᠢᠭᠦᠨ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠤᠬᠳᠠᠬᠰᠠᠨ ᠴᠢᠬᠤᠯᠠ ᠤᠴᠢᠷ | ᠶᠠᠪᠤᠳᠠᠯ᠂ ᠢᠯᠠ ᠪᠣᠯᠭᠠᠭᠰᠠᠨ ᠤ ᠳᠠᠷᠠᠭᠠᠬᠢ ᠬᠠᠷᠢᠭᠤ ᠲᠤᠰᠬᠠᠬᠰᠠᠨ ᠰᠠᠨᠠᠯ ᠢ ᠦᠨᠳᠦᠰᠦᠯᠡᠨ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠳᠠᠬᠢᠨᠲᠠ ᠢᠯᠡ ᠪᠣᠯᠭᠠᠬᠤ ᠬᠡᠷᠡᠭᠲᠡᠶ᠃ | ᠬᠦᠳᠦᠯᠦᠭᠴᠢ᠄ ᠰᠠᠶ᠋ᠢᠬᠠᠨ ᠵᠧᠦ ᠱᠦᠵᠢ ᠪᠢᠳᠡᠨ ᠳᠤ ᠲᠢᠶᠠᠨ ᠢ ᠪᠠᠯᠭᠠᠰᠤ ᠶᠢᠨ ︽ᠭᠤᠷᠪᠠ ᠶᠢ ᠢᠯᠡ ᠪᠣᠯᠭᠠᠬᠤ︾ | ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠳᠠᠨᠢᠯᠴᠠᠭᠤᠯᠵᠦ᠂ ᠪᠢᠳᠡ ᠪᠠᠯᠭᠠᠰᠤ ᠭᠠᠴᠠᠭ᠎ᠠ ᠬᠤᠶᠠᠷ ᠱᠠᠲᠤᠨ ᠤ ︽ | ᠭᠤᠷᠪᠠ ᠶᠢ ᠢᠯᠡ ᠪᠣᠯᠭᠠᠬᠤ︾ ᠠᠵᠢᠯ ᠤᠨ ᠲᠤᠬᠠᠢ ᠨᠡᠯᠢᠶᠡᠳ ᠨᠠᠷᠢᠨ ᠣᠶᠢᠯᠠᠭᠠᠯᠲᠠ ᠲᠠᠢ ᠪᠣᠯᠤᠯ᠎ᠠ᠂ ᠮᠢᠨᠦ | ᠪᠣᠳᠣᠬᠤ ᠪᠠᠷ ᠡᠯ᠎ᠡ ᠪᠠᠯᠭᠠᠰᠤ᠂ ᠰᠢᠶᠠᠩ᠂ ᠵᠡᠭᠡᠯᠢ ᠭᠤᠳᠤᠮᠵᠢ ᠶᠢᠨ ᠨᠠᠮ ᠤᠨ ᠬᠤᠷᠢᠶ᠎ᠡ᠂ ᠵᠠᠰᠠᠭ ᠤᠨ ᠣᠷᠳᠣᠨ | ᠤᠯᠠᠨ ᠲᠦᠮᠡᠨ ᠤ ᠠᠷᠠᠳᠴᠢᠯᠠᠯ ᠡᠷᠬᠡ ᠲᠠᠢ ᠬᠤᠯᠪᠤᠬᠳᠠᠬᠰᠠᠨ ᠴᠢᠬᠤᠯᠠ ᠠᠵᠢᠯ ᠢ ᠪᠦᠷ ᠢᠳᠡᠪᠬᠢᠳᠡᠢ ᠠᠬᠢᠭᠤᠯᠵᠦ | ᠪᠠᠶᠢᠨ᠎ᠠ᠃ ᠵᠧᠦ ᠱᠦᠵᠢ ᠰᠦᠯᠵᠢᠶᠡᠨ ᠤ ᠨᠠᠶᠢᠵᠠ ᠨᠠᠷ ᠤᠨ ᠠᠰᠠᠭᠤᠯᠲᠠ ᠶᠢ ᠬᠠᠷᠢᠭᠤᠯᠬᠤ ᠪᠠᠷ ᠳᠠᠮᠵᠢᠨ ᠪᠠᠰᠠ | ᠪᠢᠳᠡᠨ ᠤ ᠨᠡᠩ ᠭᠦᠨᠵᠡᠭᠡᠶ ᠪᠥᠭᠡᠳ ᠰᠢᠰᠲ᠋ᠧᠮ ᠲᠠᠢ ᠤᠶᠢᠯᠭᠠᠯᠠ᠃ ᠵᠧᠦ ᠱᠦᠵᠢ ᠶᠢᠨ ᠬᠦᠷᠦᠯᠴᠡᠨ ᠢᠷᠡᠵᠦ᠂ | ᠤᠯᠠᠨ ᠲᠠᠢ ᠰᠠᠨᠠᠯ ᠢᠶᠠᠨ ᠰᠤᠯᠢᠯᠴᠠᠬᠰᠠᠨ ᠳᠤ ᠲᠠᠯᠠᠷᠬᠠᠵᠦ ᠪᠠᠶᠢᠨ᠎ᠠ᠃ ᠰᠦᠯᠵᠢᠶᠡᠨ ᠠᠨᠳᠠ ᠨᠠᠷ ᠮᠢᠨᠢ᠂ | ᠥᠨᠥᠳᠦᠷ ᠤᠨ ᠰᠤᠷᠪᠤᠯᠵᠢᠯᠠᠭ᠎ᠠ ᠶᠠᠷᠢᠯᠴᠠᠭ᠎ᠠ ᠠᠳᠡ ᠬᠦᠷᠦᠶ᠎ᠡ᠂ ᠪᠠᠶᠠᠷᠲᠠᠶ᠃ |