ᠨᠢᠩᠴᠧᠩ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠰᠦᠯᠵᠢᠶᠡᠨ ᠤ 2018 ᠣᠨ ᠤ ᠠᠵᠢᠯ ᠤᠨ ᠳ᠋ᠥᠩᠨᠡᠯᠲᠡ
ᠨᠡᠶᠢᠲᠡᠯᠡᠭᠰᠡᠨ ᠴᠠᠭ᠄
2018/12/7
    ᠨᠢᠩᠴᠧᠩ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠰᠥᠯᠵᠢᠶ᠎ᠡ ᠨᠢ 2016 ᠣᠨ ᠤ 5 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠤᠷᠤᠵᠦ᠂ ᠨᠢᠩᠴᠧᠩ ᠤᠨ 8 ᠲᠥᠮᠡᠨ ᠮᠣᠩᠭᠤᠯ ᠥᠨᠳᠦᠰᠦᠲᠡᠨ ᠤ ᠠᠷᠠᠳ ᠲᠥᠮᠡᠨ ᠳᠤ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠴᠠᠭ ᠲᠤᠬᠠᠢ ᠳᠤᠨᠢ᠂ ᠤᠨᠤᠪᠴᠢᠳᠠᠢ ᠪᠠᠷ ᠬᠠᠩᠭᠠᠬᠤ ᠴᠢᠬᠤᠯᠠ ᠲᠡᠪᠴᠠᠩ ᠪᠣᠯᠣᠬᠰᠠᠨ ᠪᠠᠶᠢᠨ᠎ᠠ᠃     ᠮᠠᠨ ᠤ ᠬᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠰᠥᠯᠵᠢᠶ᠎ᠡ ᠶᠢ ᠰᠠᠶᠢᠲᠤᠷ ᠬᠢᠬᠦ ᠶᠢᠨ ᠲᠥᠯᠥᠭᠡ ᠳᠦᠷᠢᠮ ᠲᠣᠭᠲᠠᠭᠠᠯ ᠲᠤᠬᠲᠠᠭᠠᠨ᠂ ᠰᠦᠯᠵᠢᠶᠡᠨ ᠤ ᠠᠵᠢᠯᠯᠠᠭᠠᠨ ᠳᠤ ᠡᠷᠡᠰ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠬᠠᠩᠭᠠᠪᠠ᠃ 2014 ᠣᠨ ᠤ 11 ᠰᠠᠷ᠎ᠠ ᠳᠤ᠂ ᠮᠠᠨ ᠤ ᠰᠢᠶᠠᠨ ︽ᠨᠢᠩᠴᠧᠩ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠲᠤᠬᠲᠠᠭᠠᠨ ᠲᠠᠷᠬᠠᠭᠠᠵᠦ᠂ ᠰᠢᠶᠠᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠯᠪᠤᠬᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠰᠦᠯᠵᠢᠶᠡᠨ ᠤ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠪᠠ᠃ ᠰᠦᠯᠵᠢᠶᠡᠨ ᠤ ᠡᠳᠤᠷ ᠲᠤᠳᠣᠮ ᠤᠨ ᠠᠵᠢᠯᠯᠠᠭᠠᠨ ᠤ ᠴᠢᠨᠠᠷ ᠴᠢᠨᠰᠠᠭ᠎ᠠ ᠠᠮᠤᠷ ᠲᠥᠪᠰᠢᠨ ᠢ ᠪᠠᠲᠤᠯᠠᠬᠤ ᠶᠢᠨ ᠲᠥᠯᠥᠭᠡ ᠡᠳᠤᠷ ᠪᠦᠷᠢ ᠰᠢᠨᠡᠳᠭᠡᠬᠦ ᠢ ᠴᠢᠬᠤᠯᠠᠴᠢᠯᠠᠨ᠂ ᠤᠳᠤᠬᠠᠨ ᠪᠣᠯᠲᠠᠯ᠎ᠠ ᠡᠯ᠎ᠡ ᠲᠥᠷᠥᠯ ᠤᠨ ᠰᠤᠷᠠᠭ ᠵᠠᠩᠬᠢ ᠶᠢ ᠨᠡᠶᠢᠲᠡ 1946 ᠵᠤᠷᠪᠤᠰ ᠨᠡᠶᠢᠳᠠᠯᠠᠵᠦ᠂ ᠡᠭᠦᠨ ᠳᠤ ᠨᠢᠩᠴᠧᠩ ᠤᠨ ᠰᠤᠨᠢᠨ ᠮᠡᠳᠡᠭᠡ 287 ᠵᠤᠷᠪᠤᠰ᠂ ᠬᠠᠮ ᠰᠤᠷᠠᠭ 246 ᠵᠤᠷᠪᠤᠰ᠂ ᠲᠡᠤᠭᠡ ᠰᠤᠶᠤᠯ 197 ᠵᠤᠷᠪᠤᠰ᠂ ᠲᠤᠭ᠎ᠠ ᠪᠦᠷᠢᠳᠭᠡᠯ 201 ᠵᠤᠷᠪᠤᠰ᠂ ᠪᠣᠰᠣᠳ ᠰᠤᠷᠠᠭ ᠵᠠᠩᠬᠢ ᠨᠡᠶᠢᠲᠡ 1015  ᠵᠤᠷᠪᠤᠰ ᠪᠠᠶᠢᠵᠦ᠂ ᠮᠣᠩᠭᠤᠯ ᠦᠨᠳᠦᠰᠦᠲᠡᠨ ᠤ ᠠᠷᠠᠳ ᠤᠯᠠᠨ ᠤ ᠡᠷᠬᠡ ᠮᠡᠳᠡᠬᠦ ᠡᠷᠬᠡ᠂ ᠤᠷᠤᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠦᠨᠡᠨᠬᠦ ᠪᠠᠲᠤᠯᠠᠪᠠ᠃ ᠥᠪᠦᠷ ᠮᠣᠩᠭᠤᠯ ᠤᠨ ᠵᠠᠰᠠᠭ ᠤᠨ ᠤᠷᠳᠤᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠲᠤᠭᠤᠶᠢᠯᠠᠩ ᠤᠨ ᠬᠢᠨ ᠮᠠᠨ ᠤ ᠰᠢᠶᠠᠨ ᠳᠤ ᠢᠷᠡᠵᠦ ᠪᠠᠶᠢᠴᠠᠭᠠᠯᠲᠠ ᠬᠢᠬᠦ ᠳᠡᠭᠡᠨ᠂ ᠮᠠᠨ ᠤ ᠮᠣᠩᠭᠤᠯ ᠬᠡᠯᠡᠨ ᠤ ᠰᠥᠯᠵᠢᠶᠡᠨ ᠤ ᠠᠵᠢᠯ ᠳᠤ ᠦᠨᠳᠦᠷ ᠦᠨᠡᠯᠡᠯᠲᠡ ᠦᠭᠪᠡ᠃    ᠮᠠᠨ ᠤ ᠬᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠰᠥᠯᠵᠢᠶ᠎ᠡ ᠪᠠᠨ ᠦᠷᠬᠦᠯᠵᠢᠯᠠᠨ ᠰᠠᠶᠢᠳᠤᠷ ᠬᠢᠬᠦ ᠶᠢᠨ ᠲᠥᠯᠥᠭᠡ ᠬᠤᠶᠢᠰᠢᠲᠡ ᠰᠥᠯᠵᠢᠶᠡᠨ ᠤ ᠲᠠᠪᠴᠠᠩ ᠤᠨ ᠤᠶᠢᠯᠡᠳᠥᠯ᠂ ᠠᠴᠢᠶᠠᠯᠠᠬᠴᠢ ᠶᠢᠨ ᠤᠶᠢᠯᠡᠳᠥᠯ᠂ ᠴᠤᠩᠬᠤᠪᠴᠢ ᠶᠢᠨ ᠤᠶᠢᠯᠡᠳᠤᠯ ᠢ ᠨᠡᠩ ᠪᠠᠳᠠᠷᠠᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠤᠨ᠂ ᠤᠯᠠᠨ ᠨᠡᠶᠢᠲᠠ ᠳᠤ ᠤᠶᠢᠯᠡᠴᠢᠯᠡᠬᠦ ᠲᠥᠪᠰᠢᠨ ᠢ ᠳᠡᠭᠡᠭᠰᠢᠯᠡᠭᠦᠯᠦᠨ᠂ ᠨᠠᠮ ᠵᠠᠰᠠᠭ ᠤᠨ ᠡᠯ᠎ᠠ ᠵᠤᠶᠢᠯ ᠤᠨ ᠲᠥᠷᠥ ᠶᠢᠨ ᠪᠤᠳᠤᠯᠭ᠎ᠠ ᠶᠢ ᠴᠠᠭ ᠲᠤᠬᠠᠢ ᠳᠤᠨᠢ ᠤᠬᠠᠭᠤᠯᠤᠨ᠂ ᠠᠷᠠᠳ ᠤᠯᠠᠨ ᠳᠤ ᠬᠠᠮᠤᠭ ᠰᠠᠶᠢᠨ ᠢᠶᠠᠷ ᠤᠶᠢᠯᠡᠴᠢᠯᠡᠨ᠂ ᠤᠮᠠᠷᠠᠲᠤ ᠬᠢᠯᠢ ᠶᠢᠨ ᠥᠩᠭᠡ ᠢᠯᠭᠠᠷᠠᠬᠰᠠᠨ ᠦᠵᠡᠮᠵᠢᠲᠦ ᠤᠷᠤᠨ ᠢ ᠪᠠᠶᠢᠭᠤᠯᠬᠤ ᠳᠤ ᠢᠳᠡᠪᠬᠢᠲᠠᠢ ᠤᠶᠢᠯᠡᠳᠥᠯ ᠦᠵᠡᠬᠦᠯᠬᠦ ᠪᠠᠷ ᠴᠢᠷᠮᠠᠶᠢᠨ᠎ᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号