ᠥᠨᠳᠥᠷ ᠨᠠᠰᠤᠨ ᠤ ᠨᠡᠮᠡᠭᠦᠷᠢ ᠮᠥᠩᠭᠦ ᠶᠢᠨ ᠨᠡᠶᠢᠳᠡᠮ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠡᠮᠳᠡᠭ ᠬᠥᠮᠦᠨ ᠳᠤ ᠬᠤᠶᠠᠷ ᠵᠤᠶᠢᠯ ᠤᠨ ᠨᠥᠬᠦᠪᠥᠷᠢ ᠣᠯᠭᠤᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ
ᠨᠡᠶᠢᠲᠡᠯᠡᠭᠰᠡᠨ ᠴᠠᠭ᠄
2018/5/25
ᠰᠤᠷᠪᠤᠯᠵᠢᠯᠠᠬᠰᠠᠨ ᠵᠤᠴᠢᠨ᠄ ᠠᠷᠠᠳ ᠤᠨ ᠶᠠᠪᠤᠳᠠᠯ ᠤᠨ ᠲᠣᠪᠴᠢᠶᠠᠨ ᠤ ᠲᠤᠪᠴᠢᠶᠠᠨ ᠳᠠᠷᠤᠭ᠎ᠠ  ᠼᠦᠢ ᠭᠥᠸᠧ ᠬᠤᠸᠠᠰᠤᠷᠪᠤᠯᠵᠢᠯᠠᠭᠰᠠᠨ ᠴᠠᠭ᠄ 2018 ᠣᠨ ᠤ 4 ᠰᠠᠷ᠎ᠠ ᠶᠢᠨ 24 ᠤ ᠡᠳᠤᠷᠰᠤᠷᠪᠤᠯᠵᠢᠯᠠᠭᠰᠠᠨ ᠭᠠᠵᠠᠷ᠄ ᠨᠢᠩᠴᠧᠩ ᠰᠢᠶᠠᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠭᠡᠷ ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠦᠢᠷ᠎ᠡ ᠶᠢᠨ ᠵᠢᠯ ᠠᠴᠠ ᠨᠠᠰᠢ᠂ ᠡᠯ᠎ᠡ ᠵᠦᠢᠯ ᠤᠨ ᠨᠡᠶᠢᠭᠡᠮ ᠤᠨ ᠠᠰᠠᠷᠠᠮᠵᠢ ᠶᠢᠨ ᠲᠦᠷᠦ ᠶᠢᠨ ᠪᠤᠳᠤᠯᠭ᠎ᠠ ᠶᠢᠨ ᠲᠠᠰᠤᠷᠠᠯᠲᠠ ᠦᠭᠡᠢ ᠲᠡᠭᠦᠯᠳᠡᠷᠵᠢᠬᠦ ᠶᠢ ᠳᠠᠭᠠᠯᠲᠤᠨ᠂ ᠨᠠᠰᠤᠲᠠᠶᠢᠴᠤᠳ ᠪᠠ ᠵᠡᠮᠳᠡᠭᠴᠦᠳ ᠤᠨ ᠠᠰᠠᠷᠠᠮᠵᠢ ᠶᠢᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠨᠢ ᠤᠯᠠᠮ ᠠᠴᠠ ᠤᠯᠠᠮ ᠨᠡᠶᠢᠭᠡᠮ ᠤᠨ ᠡᠯ᠎ᠡ ᠡᠲᠡᠭᠡᠳ ᠤᠨ ᠠᠩᠬᠠᠷᠤᠯ ᠢ ᠲᠠᠲᠠᠭᠰᠠᠨ ᠪᠠᠶᠢᠨ᠎ᠠ᠃ ᠥᠨᠥᠳᠦᠷ᠂ ᠥᠪᠥᠷ ᠮᠣᠩᠭᠤᠯ ᠤᠨ ᠨᠢᠩᠴᠧᠩ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠲᠤᠪᠴᠢᠶᠠᠨ ᠳᠠᠷᠤᠭ᠎ᠠ ᠼᠦᠢ ᠭᠥᠸᠧ ᠬᠤᠸᠠ ᠨᠦᠭᠦᠷ ᠢ ᠰᠢᠶᠠᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠲᠤ ᠤᠷᠢᠵᠦ᠂ ᠨᠢᠩᠴᠧᠩ ᠰᠢᠶᠠᠨ ᠤ ᠥᠨᠳᠥᠷ ᠨᠠᠰᠤᠨ ᠤ ᠨᠡᠮᠡᠭᠦᠷᠢ ᠣᠯᠭᠤᠬᠤ ᠪᠠ ᠵᠡᠮᠳᠡᠭ ᠬᠥᠮᠦᠨ ᠳᠤ ᠬᠤᠶᠠᠷ ᠵᠤᠶᠢᠯ ᠤᠨ ᠨᠥᠬᠦᠪᠥᠷᠢ ᠣᠯᠭᠤᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠲᠠᠨᠢᠯᠴᠠᠭᠤᠯᠬᠤ ᠪᠣᠯᠣᠨ᠎ᠠ᠃ ᠼᠦᠢ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ ᠼᠦᠢ ᠭᠥᠸᠧ ᠬᠤᠸᠠ᠄  ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠡᠨᠡ ᠬᠦ ᠲᠣᠬᠢᠶᠠᠯ ᠢ ᠠᠰᠢᠭᠯᠠᠨ᠂ ᠨᠢᠩᠴᠧᠩ ᠰᠢᠶᠠᠨ ᠤ ᠠᠷᠠᠳ ᠤᠨ ᠶᠠᠪᠤᠳᠠᠯ ᠤᠨ ᠠᠵᠢᠯ ᠢ ᠬᠠᠷᠠᠭᠠᠯᠵᠠᠨ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠤ ᠠᠨᠳᠠ ᠳᠤ ᠪᠠᠨ ᠴᠢᠩ ᠰᠡᠳᠬᠢᠯ ᠠᠴᠠ ᠪᠠᠨ ᠪᠠᠶᠠᠷᠯᠠᠨ ᠲᠠᠯᠠᠷᠬᠠᠵᠤ ᠪᠠᠶᠢᠨ᠎ᠠ᠃ ᠠᠳᠡ ᠣᠯᠠᠨ ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ᠬᠥᠲᠥᠯᠥᠭᠴᠢ᠄ ᠶᠠᠭᠤᠨ ᠤ ᠡᠮᠦᠨ᠎ᠡ ᠼᠦᠢ ᠲᠣᠪᠴᠢᠶᠠᠨ ᠳᠠᠷᠤᠭ᠎ᠠ ᠠᠴᠠ ᠨᠢᠩᠴᠧᠩ ᠰᠢᠶᠠᠨ ᠤ ᠥᠨᠳᠥᠷ ᠨᠠᠰᠤᠨ ᠤ ᠨᠡᠮᠡᠭᠦᠷᠢ ᠮᠥᠩᠭᠦ ᠶᠢ ᠤᠯᠭᠤᠬᠤ ᠪᠠ ᠵᠡᠮᠳᠡᠭ ᠬᠥᠮᠦᠨ ᠳᠤ ᠬᠤᠶᠠᠷ ᠵᠤᠶᠢᠯ ᠤᠨ ᠨᠥᠬᠦᠪᠥᠷᠢ ᠣᠯᠭᠤᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠤᠯᠠᠨ ᠳᠤ ᠲᠠᠨᠢᠯᠴᠠᠭᠤᠯᠤᠨ ᠦᠭᠬᠦ ᠪᠣᠯᠪᠠᠦ︖ ᠼᠦᠢ ᠭᠥᠸᠧ ᠬᠤᠸᠠ᠄ ᠪᠣᠯᠣᠨ᠎ᠠ᠂ ᠨᠢᠩᠴᠧᠩ ᠰᠢᠶᠠᠨ 2011 ᠣᠨ ᠠᠴᠠ ᠡᠬᠢᠯᠡᠵᠦ ᠥᠨᠳᠥᠷ ᠨᠠᠰᠤᠨ ᠤ ᠨᠡᠮᠡᠭᠦᠷᠢ ᠣᠯᠭᠤᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠣᠳᠣ ᠪᠣᠯᠲᠠᠯ᠎ᠠ ᠨᠢᠭᠡᠨᠲᠡ 8 ᠵᠢᠯ ᠤᠨ ᠨᠢᠭᠤᠷ ᠢ ᠦᠵᠡᠵᠦ ᠪᠠᠶᠢᠨ᠎ᠠ᠂ ᠡᠨᠡ ᠬᠦ ᠬᠤᠭᠤᠴᠠᠭᠠᠨ ᠳᠤ ᠬᠡᠳᠦᠨ ᠤᠳᠠᠭ᠎ᠠ ᠲᠤᠬᠢᠷᠠᠭᠤᠯᠤᠯᠲᠠ ᠬᠢᠵᠠᠢ᠃ 2011 ᠣᠨ ᠤ ᠥᠨᠳᠥᠷ ᠨᠠᠰᠤᠨ ᠤ ᠨᠡᠮᠡᠭᠦᠷᠢ ᠣᠯᠭᠤᠬᠤ ᠬᠡᠪᠴᠢᠶᠡᠨ ᠳᠤ ᠬᠤᠳᠠ ᠬᠥᠳᠡᠭᠡ ᠶᠢᠨ ᠳᠣᠣᠷ᠎ᠠ ᠣᠷᠣᠯᠭ᠎ᠠ ᠲᠠᠢ ᠨᠠᠰᠤᠲᠠᠨ ᠢ ᠬᠠᠮᠤᠷᠤᠨ᠂ ᠣᠯᠭᠤᠬᠤ ᠪᠠᠷᠢᠮᠵᠢᠶ᠎ᠠ ᠪᠣᠯ᠂ ᠪᠦᠬᠦᠯᠢ 80 — 99 ᠪᠦᠬᠦᠯᠢ ᠨᠠᠰᠤᠲᠠᠢ ᠬᠥᠮᠦᠨ ᠪᠦᠷᠢ ᠰᠠᠷ᠎ᠠ ᠪᠦᠷᠢ ᠳᠤ 100 ᠲᠥᠭᠦᠷᠢᠭ᠂ 100 ᠪᠦᠬᠦᠯᠢ ᠨᠠᠰᠤᠨ ᠠᠴᠠ ᠳᠡᠭᠡᠭᠰᠢᠬᠢ ᠨᠠᠰᠤᠲᠠᠨ ᠬᠥᠮᠦᠨ ᠪᠦᠷᠢ ᠰᠠᠷ᠎ᠠ ᠪᠦᠷᠢ ᠳᠤ 300 ᠲᠥᠭᠦᠷᠢᠭ᠂ ᠲᠤᠰ ᠵᠢᠯ ᠳᠤ ᠥᠨᠳᠥᠷ ᠨᠠᠰᠤᠨ ᠤ ᠨᠡᠮᠡᠭᠦᠷᠢ ᠤᠯᠭᠤᠬᠰᠠᠨ ᠬᠥᠮᠦᠨ ᠤ ᠲᠤᠭ᠎ᠠ 4765 ᠬᠥᠮᠦᠨ᠂ ᠪᠦᠬᠦ ᠵᠢᠯ ᠳᠤ ᠲᠠᠷᠬᠠᠭᠠᠬᠰᠠᠨ ᠥᠨᠳᠥᠷ ᠨᠠᠰᠤᠨ ᠤ ᠨᠦᠬᠦᠪᠦᠷᠢ 571.8 ᠲᠥᠮᠡᠨ ᠲᠥᠭᠦᠷᠢᠭ ᠪᠣᠯᠤᠨ᠎ᠠ᠃ 2012 ᠣᠨ ᠳᠤ  ᠥᠨᠳᠥᠷ ᠨᠠᠰᠤᠨ ᠤ ᠨᠡᠮᠡᠭᠦᠷᠢ ᠣᠯᠭᠤᠬᠤ ᠬᠡᠪᠴᠢᠶ᠎ᠡ ᠶᠢ ᠥᠷᠭᠡᠳᠬᠡᠵᠦ ᠂ 90 ᠨᠠᠰᠤᠨ ᠠᠴᠠ ᠳᠡᠭᠡᠭᠰᠢ ᠠᠵᠢᠯ ᠠᠴᠠ ᠠᠮᠠᠷᠠᠭᠰᠠᠨ ᠬᠥᠮᠦᠰ ᠢ ᠥᠨᠳᠥᠷ ᠨᠠᠰᠤᠨ ᠤ ᠨᠡᠮᠡᠭᠦᠷᠢ ᠣᠯᠭᠤᠬᠤ ᠳᠤ ᠨᠡᠮᠡᠵᠦ ᠣᠷᠣᠭᠤᠯᠪᠠ᠂ ᠣᠯᠭᠤᠬᠤ ᠪᠠᠷᠢᠮᠵᠢᠶ᠎ᠠ ᠪᠣᠯ᠂ 90— 94 ᠨᠠᠰᠤᠲᠠᠶ ᠠᠵᠢᠯ ᠠᠴᠠ ᠠᠮᠠᠷᠠᠭᠰᠠᠨ ᠬᠥᠮᠦᠨ ᠪᠦᠷᠢ ᠰᠠᠷ᠎ᠠ ᠪᠦᠷᠢ ᠳᠤ 50 ᠲᠥᠭᠦᠷᠢᠭ᠂ 95 — 99 ᠨᠠᠰᠤᠲᠠᠶ ᠠᠵᠢᠯ ᠠᠴᠠ ᠠᠮᠠᠷᠠᠭᠰᠠᠨ ᠨᠠᠰᠤᠲᠠᠨ ᠬᠥᠮᠦᠨ ᠪᠦᠷᠢ ᠰᠠᠷ᠎ᠠ ᠪᠦᠷᠢ ᠳᠤ 80 ᠲᠥᠭᠦᠷᠢᠭ ᠪᠣᠯᠤᠨ᠎ᠠ᠃ 2016 ᠣᠨ ᠳᠤ ᠵᠠᠭᠤᠨ ᠨᠠᠰᠤᠲᠤ ᠥᠲᠡᠭᠦᠰ ᠥᠨᠳᠥᠷ ᠨᠠᠰᠤᠨ ᠤ ᠨᠡᠮᠡᠭᠦᠷᠢ ᠣᠯᠭᠤᠬᠤ ᠪᠠᠷᠢᠮᠵᠢᠶ᠎ᠠ ᠶᠢ ᠤᠤᠯ ᠤᠨ ᠬᠥᠮᠦᠨ ᠪᠦᠷᠢ ᠰᠠᠷ᠎ᠠ ᠪᠦᠷᠢ ᠳᠤ 300 ᠲᠥᠭᠦᠷᠢᠭ ᠪᠠᠶᠢᠭᠰᠠᠨ ᠠᠴᠠ 600 ᠲᠥᠭᠦᠷᠢᠭ ᠲᠤ ᠬᠦᠷᠭᠡᠨ᠂ ᠵᠢᠯ ᠤᠨ ᠡᠴᠦᠰ ᠲᠤ ᠪᠦᠬᠦ ᠰᠢᠶᠠᠨ ᠤ ᠥᠨᠳᠥᠷ ᠨᠠᠰᠤᠨ ᠤ ᠨᠡᠮᠡᠭᠦᠷᠢ ᠣᠯᠭᠤᠬᠤ ᠬᠥᠮᠦᠨ ᠤ ᠲᠤᠭ᠎ᠠ ᠨᠡᠮᠡᠭᠳᠡᠭᠡᠳ 8100 ᠬᠥᠮᠦᠨ ᠪᠣᠯᠵᠦ᠂ ᠪᠦᠬᠦ ᠵᠢᠯ ᠳᠤ ᠲᠠᠷᠬᠠᠭᠠᠬᠰᠠᠨ ᠥᠨᠳᠥᠷ ᠨᠠᠰᠤᠨ ᠤ ᠨᠡᠮᠡᠭᠦᠷᠢ 988.14 ᠲᠥᠮᠡᠨ ᠲᠥᠭᠦᠷᠢᠭ ᠪᠣᠯᠤᠨ᠎ᠠ᠃ 2017 ᠣᠨ ᠠᠴᠠ ᠡᠬᠢᠯᠡᠨ᠂ ᠥᠨᠳᠥᠷ ᠨᠠᠰᠤᠨ ᠤ ᠨᠡᠮᠡᠭᠦᠷᠢ ᠶᠢᠨ ᠲᠦᠭᠡᠮᠡᠯ ᠬᠠᠷᠠᠭᠠᠯᠵᠠᠯᠲᠤ ᠲᠥᠷᠦ ᠶᠢᠨ ᠪᠣᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠨᠳᠥᠷ ᠨᠠᠰᠤᠨ ᠤ ᠨᠡᠮᠡᠭᠦᠷᠢ ᠶᠢ ᠰᠠᠷ᠎ᠠ ᠪᠦᠷᠢ ᠳᠤ ᠤᠯᠭᠤᠪᠠ᠃ ᠨᠢᠩᠴᠧᠩ ᠰᠢᠶᠠᠨ ᠤ ᠡᠷᠦᠬᠡ ᠠᠮᠠ ᠶᠢᠨ ᠳᠠᠩᠰᠠ ᠲᠠᠢ᠂ ᠨᠠᠰᠤ ᠵᠢᠯ ᠨᠢ ᠪᠦᠬᠦᠯᠢ 80 ᠨᠠᠰᠤᠨ ᠠᠴᠠ ᠳᠡᠭᠡᠭᠰᠢᠬᠢ ᠨᠠᠰᠤᠲᠠᠨ ᠴᠥᠮ ᠲᠦᠷᠦ ᠶᠢᠨ ᠪᠤᠳᠤᠯᠭ᠎ᠠ ᠶᠣᠰᠣᠭᠠᠷ ᠬᠥᠮᠦᠨ ᠪᠦᠷᠢ ᠰᠠᠷ᠎ᠠ ᠪᠦᠷᠢ ᠳᠤ 100 ᠲᠥᠭᠦᠷᠢᠭ ᠤᠨ ᠥᠨᠳᠥᠷ ᠨᠠᠰᠤᠨ ᠤ ᠨᠡᠮᠡᠭᠦᠷᠢ ᠶᠢ ᠡᠳ᠋ᠯᠡᠪᠡ᠂ ᠵᠠᠭᠤᠨ ᠨᠠᠰᠤ ᠶᠢ ᠳᠠᠪᠠᠭᠰᠠᠨ ᠨᠠᠰᠤᠲᠠᠨ ᠰᠠᠷ᠎ᠠ ᠪᠦᠷᠢ ᠬᠥᠮᠦᠨ ᠨᠢᠭᠡᠪᠦᠷᠢ ᠳᠤ 600 ᠲᠥᠭᠦᠷᠢᠭ ᠥᠨᠳᠥᠷ ᠨᠠᠰᠤᠨ ᠤ ᠨᠡᠮᠡᠭᠦᠷᠢ ᠶᠢ ᠤᠯᠭᠤᠪᠠ᠃ 2017 ᠣᠨ ᠤ ᠡᠴᠦᠰ ᠪᠣᠯᠲᠠᠯ᠎ᠠ ᠪᠦᠬᠦ ᠰᠢᠶᠠᠨ ᠤ ᠥᠨᠳᠥᠷ ᠨᠠᠰᠤᠨ ᠤ ᠨᠡᠮᠡᠭᠦᠷᠢ ᠬᠥᠷᠳᠡᠵᠤ ᠪᠠᠶᠢᠭ᠎ᠠ ᠨᠠᠰᠤᠲᠠᠨ 9340 ᠬᠥᠮᠦᠨ ᠪᠠᠶᠢᠵᠦ᠂ ᠪᠦᠬᠦ ᠵᠢᠯ ᠳᠤ ᠥᠨᠳᠥᠷ ᠨᠠᠰᠤᠨ ᠤ ᠨᠡᠮᠡᠭᠦᠷᠢ ᠶᠢ 1048.8 ᠲᠥᠮᠡᠨ ᠲᠥᠭᠦᠷᠢᠭ ᠲᠠᠷᠬᠠᠭᠠᠪᠠ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠠᠮᠢᠳᠤᠷᠠᠯ ᠬᠦᠴᠢᠷᠳᠡᠯᠲᠡᠶ ᠵᠡᠮᠳᠡᠭᠴᠦᠳ ᠲᠤ ᠠᠮᠢᠳᠤᠷᠠᠯ ᠤᠨ ᠨᠥᠬᠦᠪᠥᠷᠢ ᠣᠯᠭᠤᠬᠤ ᠪᠠ ᠬᠦᠨᠳᠦ ᠵᠡᠮᠳᠡᠭ ᠬᠥᠮᠦᠨ ᠢ ᠠᠰᠠᠷᠠᠨ ᠰᠤᠪᠢᠯᠠᠬᠤ ᠨᠥᠬᠦᠪᠥᠷᠢ ᠣᠯᠭᠤᠬᠤ ᠲᠦᠷᠢᠮ ᠢ ᠪᠥᠬᠦ ᠲᠠᠯ᠎ᠠ ᠪᠠᠷ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2015﹈ 135 ᠳ᠋ᠤᠭᠠᠷ ᠲᠣᠭᠠᠲᠤ︶ ᠢ ᠦᠨᠳᠦᠰᠦᠯᠡᠨ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ 2016 ᠣᠨ ᠠᠴᠠ ᠡᠬᠢᠯᠡᠵᠦ᠂ ᠵᠡᠮᠳᠡᠭ ᠬᠥᠮᠦᠨ ᠳᠤ ᠬᠤᠶᠠᠷ ᠵᠤᠶᠢᠯ ᠤᠨ ᠨᠥᠬᠦᠪᠥᠷᠢ ᠣᠯᠭᠤᠬᠤ ᠲᠦᠷᠢᠮ ᠢ ᠪᠦᠬᠦ ᠲᠠᠯ᠎ᠠ ᠪᠠᠷ ᠪᠠᠶᠢᠭᠤᠯᠤᠨ ᠲᠡᠭᠦᠯᠳᠡᠷᠵᠢᠭᠦᠯᠪᠡ᠃ ᠠᠮᠢᠳᠤᠷᠠᠯ ᠬᠦᠴᠢᠷᠳᠡᠯᠲᠡᠶ ᠵᠡᠮᠳᠡᠭᠴᠦᠳ ᠲᠤ ᠠᠮᠢᠳᠤᠷᠠᠯ ᠤᠨ ᠨᠥᠬᠦᠪᠥᠷᠢ ᠣᠯᠭᠤᠬᠤ ᠳ᠋ᠦᠶ᠋ᠰᠢᠶᠠᠩ ᠪᠣᠯ ᠨᠠᠭᠠᠳᠤ ᠵᠠᠬ᠎ᠠ ᠶᠢᠨ ᠪᠠᠲᠤᠯᠠᠭᠠᠲᠤ ᠭᠡᠷ ᠪᠦᠯᠢ ᠶᠢᠨ ᠳᠣᠲᠣᠷᠠᠬᠢ ᠵᠡᠮᠳᠡᠭᠴᠦᠳ᠂ ᠨᠥᠬᠦᠪᠥᠷᠢ ᠶᠢᠨ ᠪᠠᠷᠢᠮᠵᠢᠶ᠎ᠠ ᠨᠢ᠂ ᠬᠤᠳᠠ ᠪᠠᠯᠭᠠᠰᠤᠨ ᠤ ᠡᠷᠦᠬᠡ ᠠᠮᠠ ᠵᠢᠯ ᠪᠦᠷᠢ ᠬᠥᠮᠦᠨ ᠨᠢᠭᠡᠪᠦᠷᠢ ᠳᠤ 600 ᠲᠥᠭᠦᠷᠢᠭ᠂ ᠬᠥᠳᠡᠭᠡ ᠲᠣᠰᠬᠤᠨ ᠤ ᠡᠷᠤᠭᠡ ᠠᠮᠠ ᠶᠢᠨ ᠬᠥᠮᠦᠨ ᠪᠦᠷᠢ ᠵᠢᠯ ᠳᠤ 360 ᠲᠥᠭᠦᠷᠢᠭ᠂ ᠬᠦᠨᠳᠦ ᠬᠡᠮᠵᠢᠶᠡᠨ ᠤ ᠠᠰᠠᠷᠠᠨ ᠰᠤᠪᠢᠯᠠᠬᠤ ᠨᠥᠬᠦᠪᠥᠷᠢ ᠣᠯᠭᠤᠬᠤ ᠳ᠋ᠦᠶ᠋ᠰᠢᠶᠠᠩ ᠪᠣᠯ ᠵᠡᠮᠳᠡᠭ ᠤᠨ ᠲᠡᠰ ᠨᠢ ᠨᠢᠭᠡ᠂ ᠬᠤᠶᠠᠳᠤᠭᠠᠷ ᠳᠡᠰ ᠤᠨ ᠬᠦᠨᠳᠦ ᠵᠡᠮᠳᠡᠭ ᠬᠥᠮᠦᠨ ᠪᠠᠶᠢᠵᠦ᠂ ᠨᠥᠬᠦᠪᠥᠷᠢ ᠶᠢᠨ ᠪᠠᠷᠢᠮᠵᠢᠶ᠎ᠠ ᠨᠢ ᠬᠤᠲᠠ ᠬᠥᠳᠡᠭᠡ ᠶᠢᠨ ᠡᠷᠦᠬᠡ ᠠᠮᠠ ᠭᠡᠬᠦ ᠦᠭᠡᠢ᠂ ᠬᠥᠮᠦᠨ ᠪᠦᠷᠢ ᠳᠤ ᠵᠢᠯ ᠪᠦᠷᠢ 500 ᠲᠥᠭᠦᠷᠢᠭ ᠪᠣᠯᠤᠨ᠎ᠠ᠃ 2016 ᠣᠨ ᠳᠤ ᠵᠡᠮᠳᠡᠭ ᠬᠥᠮᠦᠨ ᠤ ᠬᠤᠶᠠᠷ ᠵᠤᠶᠢᠯ ᠤᠨ ᠨᠥᠬᠦᠪᠥᠷᠢ ᠶᠢ ᠨᠡᠶᠢᠲᠡ 337.4 ᠲᠥᠮᠡᠨ ᠲᠦᠭᠦᠷᠢᠭ ᠲᠠᠷᠬᠠᠭᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠬᠡᠳᠦᠨ ᠵᠤᠶᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠤᠳᠤᠯᠭ᠎ᠠ ᠶᠢᠨ ᠲᠤᠬᠠᠶ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2017﹈ 53 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ 2017 ᠣᠨ ᠳᠤ ᠵᠡᠮᠳᠡᠭ ᠬᠥᠮᠦᠨ ᠳᠤ ᠬᠤᠶᠠᠷ ᠵᠤᠶᠢᠯ ᠤᠨ ᠨᠥᠬᠦᠪᠥᠷᠢ ᠣᠯᠭᠤᠬᠤ ᠪᠠᠷᠢᠮᠵᠢᠶ᠎ᠠ ᠶᠢ ᠴᠥᠮ ᠳᠡᠭᠡᠭᠰᠢᠯᠡᠭᠦᠯᠦᠭᠡᠳ ᠬᠥᠮᠦᠨ ᠨᠢᠭᠡᠪᠦᠷᠢ ᠵᠢᠯ ᠳᠤ 960 ᠲᠥᠭᠦᠷᠢᠭ ᠬᠦᠷᠲᠡᠨ᠂ ᠪᠦᠬᠦ ᠵᠢᠯ ᠳᠤ ᠨᠡᠶᠢᠲᠡ 14926 ᠨᠡᠷᠡᠰ ᠵᠡᠮᠳᠡᠭᠴᠦᠳ ᠲᠤ ᠬᠤᠶᠠᠷ ᠵᠤᠶᠢᠯ ᠤᠨ ᠨᠥᠬᠦᠪᠥᠷᠢ ᠶᠢ 786.3 ᠲᠥᠮᠡᠨ ᠲᠥᠭᠦᠷᠢᠭ ᠣᠯᠭᠤᠪᠠ᠃ ᠤᠳᠤᠬᠠᠨ ᠳᠤ᠂ ᠪᠦᠬᠦ ᠰᠢᠶᠠᠨ ᠤ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠠ ᠶᠡᠬᠡᠩᠬᠢ ᠬᠡᠰᠡᠭ ᠵᠡᠮᠳᠡᠭᠴᠦᠳ ᠲᠦᠷᠦ ᠶᠢᠨ ᠪᠤᠳᠤᠯᠭ᠎ᠠ ᠳᠤ ᠲᠣᠭᠲᠠᠭᠠᠭᠰᠠᠨ ᠨᠡᠶᠢᠭᠡᠮ ᠤᠨ ᠠᠰᠠᠷᠠᠮᠵᠢ ᠶᠢ ᠬᠦᠷᠲᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠵᠦ ᠪᠠᠶᠢᠨ᠎ᠠ᠃ ᠬᠥᠲᠥᠯᠥᠭᠴᠢ᠄ ᠨᠢᠩᠴᠧᠩ ᠰᠢᠶᠠᠨ ᠤ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠠ ᠶᠡᠬᠡᠩᠬᠢ ᠬᠡᠰᠡᠭ ᠵᠡᠮᠳᠡᠭᠴᠦᠳ ᠨᠢ ᠨᠡᠶᠢᠭᠡᠮ ᠤᠨ ᠬᠥᠭᠵᠢᠯᠲᠡ ᠶᠢᠨ ᠠᠰᠠᠷᠠᠮᠵᠢ ᠶᠢ ᠬᠠᠮᠲᠤ ᠪᠠᠷ ᠡᠳ᠋ᠯᠡᠵᠦ ᠪᠠᠶᠢᠨ᠎ᠠ᠂ ᠨᠡᠶᠢᠭᠡᠮ ᠤᠨ ᠲᠠᠰᠤᠷᠠᠯᠳᠠ ᠦᠭᠡᠢ ᠲᠠᠪᠰᠢᠵᠤ ᠬᠦᠭᠵᠢᠬᠦ ᠶᠢ ᠳᠠᠭᠠᠯᠳᠤᠨ᠂ ᠤᠯᠤᠰ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠤᠳᠤᠯᠭ᠎ᠠ ᠨᠢ ᠯᠠᠪᠲᠠᠶ ᠨᠡᠩ ᠤᠯᠠᠨ ᠲᠦᠮᠡᠨ ᠳᠤ ᠨᠡᠩ ᠣᠯᠠᠨ ᠠᠰᠢᠭ ᠬᠦᠷᠭᠡᠬᠦ ᠨᠢ ᠯᠠᠪᠲᠠᠢ ᠶᠤᠮ᠃ ᠲᠠ᠂ ᠥᠨᠳᠥᠷ ᠨᠠᠰᠤᠨ ᠤ ᠨᠡᠮᠡᠭᠦᠷᠢ ᠪᠠ ᠵᠡᠮᠳᠡᠭ ᠬᠥᠮᠦᠨ ᠤ ᠬᠤᠶᠠᠷ ᠵᠤᠶᠢᠯ ᠤᠨ ᠨᠥᠬᠦᠪᠥᠷᠢ ᠶᠢ ᠬᠥᠷᠳᠡᠬᠦ ᠭᠤᠶᠤᠴᠢᠯᠠᠯ ᠤᠨ ᠲᠡᠰ ᠳᠠᠷᠠᠭᠠᠯᠠᠯ ᠢ ᠲᠠᠨᠢᠯᠴᠠᠭᠤᠯᠵᠦ ᠦᠭᠭᠦᠨ᠎ᠡ︖ ᠼᠦᠢ ᠭᠥᠸᠧ ᠬᠤᠸᠠ᠄ ᠪᠣᠯᠤᠨ᠎ᠠ᠃ ᠥᠨᠳᠥᠷ ᠨᠠᠰᠤᠨ ᠤ ᠨᠡᠮᠡᠭᠦᠷᠢ ᠶᠢ ᠭᠤᠶᠤᠴᠢᠯᠠᠬᠤ ᠵᠢᠷᠤᠮ ᠪᠣᠯ᠄   1᠂ ᠨᠢᠩᠴᠧᠩ ᠰᠢᠶᠠᠨ ᠤ ᠡᠷᠦᠬᠡ ᠠᠮᠠ ᠶᠢᠨ ᠳᠠᠩᠰᠠ ᠲᠠᠢ᠂ ᠨᠠᠰᠤ ᠵᠢᠯ ᠨᠢ ᠪᠦᠬᠦᠯᠢ 80 ᠨᠠᠰᠤ᠂ ᠰᠡᠶᠢᠠ ᠳᠤᠷ᠎ᠠ ᠠᠴᠠ ᠪᠠᠨ ᠬᠢᠬᠦ ᠤᠷᠢᠲᠠᠯ ᠳᠣᠣᠷ᠎ᠠ᠂ ᠥᠪᠡᠷ ᠤᠨ ᠪᠡᠶ᠎ᠡ ᠶᠢᠨ ᠦᠨᠡᠮᠯᠡᠯ ︵ᠪᠤᠶᠤ ᠡᠷᠦᠬᠡ ᠠᠮᠠ ᠶᠢᠨ ᠳᠠᠩᠰᠠ ᠶᠢᠨ ᠳᠡᠪᠲᠡᠷ︶ ᠤᠭ ᠮᠠᠲ᠋ᠧᠷᠢᠶᠠᠯ ᠪᠣᠯᠤᠨ ᠪᠠᠭᠤᠯᠭᠠᠪᠤᠷᠢ ᠭᠤᠷᠪᠠᠨ ᠬᠤᠪᠢ᠂ ᠤᠢᠢᠷ᠎ᠠ ᠳᠤ ᠲᠠᠲᠠᠭᠤᠯᠤᠭᠰᠠᠨ ᠮᠠᠯᠠᠭᠠᠶ ᠥᠭᠡᠢ ᠬᠤᠶᠠᠷ ᠢᠮᠠᠬᠤ ᠶᠢᠨ ᠰᠡᠭᠦᠳᠡᠷ ︵ᠬᠥᠬᠡ ᠥᠩᠭᠡᠲᠦ︶ ᠭᠤᠷᠪᠠᠨ ᠬᠠᠭᠤᠳᠠᠰᠤ ᠠᠪᠴᠤ᠂ ᠲᠡᠭᠦᠨ ᠤ ᠡᠷᠦᠭᠡ ᠠᠮᠠ ᠶᠢᠨ ᠲᠡᠩᠰᠠ ᠪᠠᠶᠢᠭ᠎ᠠ ᠭᠠᠵᠠᠷ ᠤᠨ ᠭᠠᠴᠠᠭᠠᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠳᠤ ᠭᠤᠶᠤᠴᠢᠯᠠᠯ ᠭᠠᠷᠭᠠᠬᠤ ᠪᠥᠭᠡᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 80 ᠨᠠᠰᠤᠨ ᠠᠴᠠ ᠳᠡᠭᠡᠭᠰᠢᠬᠢ ᠨᠠᠰᠤᠲᠠᠳ ᠤᠨ ᠥᠨᠳᠥᠷ ᠨᠠᠰᠤᠨ ᠤ ᠨᠡᠮᠡᠭᠦᠷᠢ ᠶᠢᠨ ᠭᠤᠶᠤᠴᠢᠯᠠᠯ ᠤᠨ ᠬᠦᠰᠦᠨᠦᠭᠲᠦ︾ ᠶᠢ ᠨᠢᠭᠡ ᠬᠡᠯᠪᠡᠷᠢ ᠶᠢᠨ ᠭᠤᠷᠪᠠᠨ ᠬᠤᠪᠢ ᠲᠠᠬᠠᠯᠠᠨ᠎ᠠ᠃   2᠂ ᠪᠡᠶ᠎ᠡ ᠶᠢᠨ ᠦᠨᠡᠮᠯᠡᠯ ᠤᠨ ᠨᠣᠮᠧᠷ ᠪᠤᠶᠤ ᠨᠠᠰᠤ ᠵᠢᠯ ᠤᠨ ᠮᠡᠳᠡᠭᠡ ᠵᠠᠩᠭᠢ ᠨᠢ ᠮᠠᠳᠠᠭ ᠲᠠᠢ ᠭᠤᠶᠤᠴᠢᠯᠠᠭᠴᠢ᠂ ᠡᠷᠬᠡᠪᠰᠢ ᠡᠷᠥᠭᠡ ᠠᠮᠠ ᠶᠢᠨ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠡᠷᠦᠬᠡ ᠠᠮᠠ ᠶᠢᠨ ᠳᠠᠩᠰᠠᠨ ᠤ ᠭᠡᠷᠡᠴᠢ ᠲᠠᠢ ᠪᠠᠶᠢᠬᠤ ᠬᠡᠷᠡᠭᠲᠡᠢ᠃     3᠂ ᠣᠶᠢᠷ᠎ᠠ ᠲᠥᠷᠥᠯ ᠰᠠᠳᠤᠨ ᠪᠤᠶᠤ ᠪᠤᠰᠤᠳ ᠬᠥᠮᠦᠨ ᠳᠤ ᠨᠠᠶᠢᠳᠠᠵᠤ ᠭᠤᠶᠤᠴᠢᠯᠠᠯ ᠤᠨ ᠭᠠᠷ ᠬᠦᠢᠴᠡᠳᠭᠡᠯ ᠭᠦᠢᠴᠡᠳᠭᠡᠪᠡᠯ᠂ ᠲᠤᠰ ᠬᠥᠮᠦᠨ ᠤ ᠨᠠᠶᠢᠳᠠᠯᠭ᠎ᠠ ᠶᠢᠨ ᠪᠢᠴᠢᠭ ᠪᠣᠯᠤᠨ ᠨᠠᠶᠢᠳᠠᠯᠭ᠎ᠠ ᠶᠢ ᠬᠦᠯᠢᠶᠡᠭᠰᠡᠨ ᠬᠥᠮᠦᠨ ᠤ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠣᠯᠤᠨ ᠪᠠᠭᠤᠯᠭᠠᠪᠤᠷᠢ ᠶᠢ ᠭᠤᠷᠪᠠᠨ ᠬᠤᠪᠢ ᠬᠠᠩᠭᠠᠨ᠎ᠠ᠃      4᠂ ᠭᠠᠴᠠᠭ᠎ᠠ ᠶᠢᠨ ︵ᠰᠠᠭᠤᠭᠠᠯᠢ︶ ᠠᠷᠠᠳ ᠤᠨ ᠵᠥᠪᠯᠡᠯ᠂ ᠪᠠᠯᠭᠠᠰᠤ ᠪᠣᠯᠤᠨ ᠰᠢᠶᠠᠩ ᠵᠡᠭᠡᠯᠢ ᠭᠤᠳᠤᠮᠵᠢ ᠶᠢᠨ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ  ᠵᠦᠪᠰᠢᠶᠡᠷᠡᠭᠦᠯᠵᠦ ᠪᠠᠲᠤᠯᠠᠭᠰᠠᠨ ᠤ ᠳᠠᠷᠠᠭ᠎ᠠ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠃ ᠵᠥᠪᠰᠢᠶᠡᠷᠡᠭᠦᠯᠦᠭᠰᠡᠨ ᠤ ᠳᠠᠷᠠᠭ᠎ᠠ ᠳᠠᠷᠠᠭᠠᠴᠢ ᠶᠢᠨ ᠰᠠᠷ᠎ᠠ ︵ᠤᠯᠠᠷᠢᠯ︶ ᠠᠴᠠ ᠨᠢ ᠥᠨᠳᠥᠷ ᠨᠠᠰᠤᠨ ᠤ ᠨᠡᠮᠡᠭᠦᠷᠢ ᠠᠪᠴᠤ ᠪᠣᠯᠤᠨ᠎ᠠ᠃      ᠵᠡᠮᠳᠡᠭ ᠬᠥᠮᠦᠨ ᠤ ᠬᠤᠶᠠᠷ ᠵᠤᠶᠢᠯ ᠤᠨ ᠨᠥᠬᠦᠪᠥᠷᠢ ᠠᠪᠬᠤ ᠪᠠᠷ ᠭᠤᠶᠤᠴᠢᠯᠠᠬᠤ ᠵᠢᠷᠤᠮ ᠤᠨ ᠲᠤᠬᠠᠶ᠄  1᠂ ᠰᠠᠶᠢᠨ ᠳᠤᠷ᠎ᠠ ᠠᠴᠠ ᠪᠠᠨ ᠭᠤᠶᠤᠴᠢᠯᠠᠯ ᠭᠠᠷᠭᠠᠬᠤ ᠵᠠᠷᠴᠢᠮ ᠶᠣᠰᠣᠭᠠᠷ᠂ ᠵᠡᠮᠳᠡᠭ ᠬᠥᠮᠦᠨ ᠲᠡᠭᠦᠨ ᠤ ᠡᠷᠦᠭᠡ ᠠᠮᠠ ᠶᠢᠨ ᠲᠡᠩᠰᠠ ᠪᠠᠶᠢᠭ᠎ᠠ ᠭᠠᠵᠠᠷ ᠤᠨ  ᠪᠠᠯᠭᠠᠰᠤ ᠪᠣᠯᠤᠨ ᠰᠢᠶᠠᠩ ᠵᠡᠭᠡᠯᠢ ᠭᠤᠳᠤᠮᠵᠢ ᠶᠢᠨ ᠠᠷᠠᠳ ᠤᠨ ᠶᠠᠪᠤᠳᠠᠯ ᠤᠨ ᠠᠯᠪᠠᠨ ᠭᠡᠷ ᠲᠤ ᠪᠢᠴᠢᠭ ᠤᠨ ᠬᠡᠯᠪᠡᠷᠢ ᠶᠢᠨ ᠭᠤᠶᠤᠴᠢᠯᠠᠯ᠂ ᠬᠤᠶᠠᠳᠤᠭᠠᠷ ᠦᠶ᠎ᠡ ᠶᠢᠨ ᠵᠡᠮᠳᠡᠭ ᠤᠨ ᠦᠨᠡᠮᠯᠡᠯ᠂ ᠭᠠᠴᠠᠭᠠᠨ ᠤ ︵ᠰᠠᠭᠤᠭᠠᠯᠢ︶ ᠠᠷᠠᠳ ᠤᠨ ᠵᠥᠪᠯᠡᠯ ᠤᠨ ᠭᠡᠷᠡᠴᠢ ᠵᠢᠴᠢ ᠲᠤᠰ ᠬᠥᠮᠦᠨ ᠤ ᠤᠢᠢᠷ᠎ᠠ ᠶᠢᠨ ᠬᠥᠬᠡ ᠥᠩᠭᠡᠲᠦ 2 ᠢᠮᠠᠬᠤ ᠶᠢᠨ  ᠰᠡᠭᠦᠳᠡᠷ ᠢ ᠲᠤᠰᠢᠶᠠᠨ᠎ᠠ᠃   2᠂ ᠱᠠᠳᠤ ᠳᠠᠷᠠᠭᠠᠯᠠᠨ ᠬᠢᠨᠠᠨ ᠬᠠᠷᠭᠤᠭᠤᠯᠤᠨ᠎ᠠ᠂ ᠠᠩᠬᠠᠨ ᠤ ᠬᠢᠨᠠᠨ ᠬᠠᠷᠭᠤᠭᠤᠯᠤᠯᠲᠠ ᠶᠢ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠠᠷᠠᠳ ᠤᠨ ᠶᠠᠪᠤᠳᠠᠯ ᠤᠨ ᠠᠯᠪᠠᠨ ᠭᠡᠷ ᠬᠠᠷᠢᠭᠤᠴᠠᠨ᠎ᠠ᠂ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠵᠡᠮᠳᠡᠭ ᠤᠨ ᠦᠨᠡᠮᠯᠡᠯ ᠢ ᠬᠢᠨᠠᠨ ᠬᠠᠷᠭᠤᠭᠤᠯᠵᠤ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠢᠨᠠᠨ ᠵᠥᠪᠰᠢᠶᠡᠷᠡᠬᠦ ᠬᠡᠷᠡᠭᠲᠡᠶ ᠪᠥᠭᠡᠳ ᠰᠢᠶᠠᠨ ᠤ ᠡᠳ᠋ ᠤᠨ ᠵᠠᠰᠠᠭ ᠲᠤ ᠪᠡᠯᠡ ᠮᠥᠩᠭᠦ ᠰᠢᠯᠵᠢᠭᠦᠯᠦᠨ ᠦᠭᠬᠦ ᠶᠢ ᠭᠤᠶᠤᠴᠢᠯᠠᠨ᠎ᠠ᠃ ᠵᠡᠮᠳᠡᠭ ᠬᠥᠮᠦᠨ ᠤ ᠬᠤᠶᠠᠷ ᠵᠤᠶᠢᠯ ᠤᠨ ᠨᠥᠬᠦᠪᠥᠷᠢ ᠶᠢ ᠵᠠᠷᠴᠢᠮ ᠳᠡᠭᠡᠷ᠎ᠡ ᠪᠠᠨ ᠤᠯᠠᠷᠢᠯ ᠪᠦᠷᠢ ᠳᠤ ᠤᠯᠭᠤᠨ᠎ᠠ᠃ ᠬᠥᠲᠥᠯᠥᠭᠴᠢ᠄ ᠨᠢᠩᠴᠧᠩ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠨᠠᠰᠤᠲᠠᠶᠢᠴᠤᠳ ᠪᠠ ᠵᠡᠮᠳᠡᠭᠴᠦᠳ ᠤᠨ ᠠᠰᠠᠷᠠᠮᠵᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠶᠡᠭᠡ ᠬᠡᠮᠵᠢᠶᠡᠨ ᠤ ᠭᠢᠯᠠᠷᠠᠭᠰᠠᠨ ᠠᠮᠵᠢᠯᠲᠠ ᠪᠦᠲᠦᠮᠵᠢᠲᠡᠶ ᠠᠵᠢᠯ ᠬᠢᠭᠰᠡᠨ ᠪᠠᠶᠢᠨ᠎ᠠ᠃ ᠼᠦᠢ ᠭᠥᠸᠧ ᠬᠤᠸᠠ᠄    ᠦᠨᠡᠬᠡᠷ ᠲᠡᠶᠢᠮᠦ᠃ ᠨᠢᠩᠴᠧᠩ ᠰᠢᠶᠠᠨ ᠪᠣᠯ ᠬᠥᠮᠦᠨ ᠠᠮᠠ ᠤᠯᠠᠨᠲᠠᠢ ᠰᠢᠶᠠᠨ᠂ ᠨᠠᠰᠤᠲᠠᠶᠢᠴᠤᠳ ᠤᠨ ᠠᠵᠢᠯ ᠪᠠ ᠵᠡᠮᠳᠡᠭᠴᠦᠳ ᠤᠨ ᠠᠰᠠᠷᠠᠮᠵᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠡᠭᠦᠷᠭᠡ ᠤᠯᠠᠮ ᠠᠴᠠ ᠤᠯᠠᠮ ᠬᠦᠨᠳᠦ᠂ ᠠᠵᠢᠯ ᠤᠨ ᠬᠡᠮᠵᠢᠶ᠎ᠡ ᠲᠠᠰᠤᠷᠠᠯᠳᠠ ᠦᠭᠡᠢ ᠴᠢᠩᠭᠠᠷᠠᠵᠤ᠂ ᠮᠠᠰᠢ ᠤᠯᠠᠨ ᠰᠢᠨ᠎ᠡ ᠰᠢᠯᠭᠠᠯᠲᠠ ᠳᠤ ᠲᠤᠯᠭᠠᠷᠠᠵᠤ ᠪᠠᠶᠢᠨ᠎ᠠ᠃ ᠡᠨᠡ ᠵᠢᠯ ᠤᠨ ᠨᠢᠭᠡᠳᠦᠭᠡᠷ ᠤᠯᠠᠷᠢᠯ ᠪᠣᠯᠲᠠᠯ᠎ᠠ᠂ ᠪᠦᠬᠦ ᠰᠢᠶᠠᠨ ᠤ ᠥᠨᠳᠥᠷ ᠨᠠᠰᠤᠨ ᠤ ᠨᠡᠮᠡᠭᠦᠷᠢ ᠣᠯᠭᠤᠬᠤ ᠬᠥᠮᠦᠨ 9145 ᠬᠥᠮᠦᠨ᠂ ᠵᠡᠮᠳᠡᠭ ᠬᠥᠮᠦᠨ ᠤ ᠬᠤᠶᠠᠷ ᠵᠤᠶᠢᠯ ᠤᠨ ᠨᠥᠬᠦᠪᠥᠷᠢ ᠤᠯᠭᠤᠬᠤ ᠬᠥᠮᠦᠨ 14192 ᠬᠦᠮᠦᠨ᠃ ᠬᠡᠳᠦ᠋ᠢᠪᠡᠷ ᠠᠵᠢᠯ ᠤᠨ ᠡᠭᠦᠷᠭᠡ ᠬᠦᠨᠳᠦ᠂ ᠭᠡᠪᠡᠴᠦ ᠪᠢᠳᠠ  ᠠᠷᠠᠳ ᠤᠨ ᠶᠠᠪᠤᠳᠠᠯ ᠤᠨ ᠠᠵᠢᠯ ᠨᠢ ᠠᠷᠠᠳ ᠤᠨ ᠠᠮᠢᠳᠤᠷᠠᠯ ᠢ ᠪᠠᠲᠤᠯᠠᠵᠦ᠂ ᠠᠷᠠᠳ ᠲᠦᠮᠡᠨ ᠳᠤ ᠦᠢᠯᠡᠴᠢᠯᠡᠬᠦ ᠤᠢᠢᠯᠠᠭᠠᠭᠳᠠᠬᠤᠨ ᠢ ᠢᠮᠠᠭᠲᠠ ᠪᠠᠷᠢᠮᠲᠠᠯᠠᠨ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠵᠦ᠂ ᠴᠢᠨᠠᠷ᠂ ᠲᠤᠭ᠎ᠠ ᠶᠢ ᠪᠠᠲᠤᠯᠠᠨ ᠡᠯ᠎ᠡ ᠵᠦᠢᠯ ᠤᠨ ᠠᠵᠢᠯ ᠢ ᠰᠠᠶᠢᠲᠤᠷ ᠬᠢᠨ᠂ ᠨᠠᠮ ᠪᠠ ᠤᠯᠤᠰ ᠤᠨ ᠠᠰᠠᠷᠠᠮᠵᠢ ᠶᠢᠨ ᠲᠥᠷᠥ ᠶᠢᠨ ᠪᠤᠳᠤᠯᠭ᠎ᠠ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠤᠨ᠎ᠠ᠃ ᠬᠥᠲᠥᠯᠥᠭᠴᠢ᠄ ᠠᠷᠠᠳ ᠤᠨ ᠶᠠᠪᠤᠳᠠᠯ ᠤᠨ ᠹᠷᠣᠨᠲ ᠳᠠᠬᠢ ᠺᠠᠳ᠋ᠷ ᠠᠵᠢᠯᠳᠡᠨ ᠠᠵᠢᠯᠴᠢᠨ ᠳᠤ ᠲᠠᠯᠠᠷᠬᠠᠵᠤ ᠪᠠᠶᠢᠨ᠎ᠠ᠂ ᠨᠠᠮ ᠤᠨ ᠰᠠᠶᠢᠨ ᠲᠥᠷᠥ ᠶᠢᠨ ᠪᠤᠳᠤᠯᠭ᠎ᠠ ᠶᠢ ᠲᠦᠭ ᠲᠦᠮᠡᠨ ᠠᠶᠢᠯ ᠡᠷᠤᠭᠡ ᠳᠤ ᠬᠦᠷᠭᠡᠵᠦ ᠪᠠᠶᠢᠨ᠎ᠠ᠃ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠢ ᠶᠠᠷᠢᠭᠠᠳ ᠦᠭᠬᠦᠨ᠎ᠡ︖ ᠼᠦᠢ ᠭᠥᠸᠧ ᠬᠤᠸᠠ᠄ᠪᠣᠯᠤᠨ᠎ᠠ᠃ ᠳᠠᠷᠠᠭᠠᠴᠢ ᠶᠢᠨ ᠠᠯᠬᠤᠮ ᠳᠤ ᠪᠢᠳᠡ ᠲᠦᠷᠦ ᠶᠢᠨ ᠪᠤᠳᠤᠯᠭ᠎ᠠ ᠶᠢ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠠᠨ ᠲᠦᠮᠡᠨ ᠤ ᠥᠨᠳᠥᠷ ᠨᠠᠰᠤᠨ ᠤ ᠨᠡᠮᠡᠭᠦᠷᠢ ᠬᠥᠷᠳᠡᠬᠦ ᠲᠦᠭᠡᠮᠡᠯ ᠬᠠᠷᠠᠭᠠᠯᠵᠠᠯᠲᠤ ᠲᠥᠷᠦ ᠶᠢᠨ ᠪᠣᠳᠤᠯᠭ᠎ᠠ ᠪᠠ ᠵᠡᠮᠳᠡᠭ ᠬᠥᠮᠦᠨ ᠳᠤ ᠣᠯᠭᠤᠬᠤ ᠬᠤᠶᠠᠷ ᠵᠤᠶᠢᠯ ᠤᠨ ᠨᠥᠬᠦᠪᠥᠷᠢ ᠣᠯᠭᠤᠬᠤ ᠲᠦᠷᠢᠮ ᠢ ᠰᠠᠶᠢᠨ ᠮᠡᠳᠡᠵᠤ ᠪᠠᠶᠢᠭ᠎ᠠ ᠬᠡᠮᠵᠢᠶ᠎ᠡ ᠶᠢ ᠳᠡᠭᠡᠭᠰᠢᠯᠡᠭᠦᠯᠦᠨ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠨᠠᠰᠤᠲᠠᠶᠢᠴᠤᠳ ᠪᠠ ᠵᠡᠮᠳᠡᠭᠴᠦᠳ ᠢ ᠴᠠᠭ ᠲᠤᠬᠠᠶ ᠳᠤᠨᠢ ᠤᠯᠤᠰ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢ ᠡᠳ᠋ᠯᠡᠭᠦᠯᠦᠨ᠂ ᠲᠡᠳᠡᠨ ᠤ ᠠᠵᠠ ᠵᠢᠷᠭᠠᠯᠲᠤ ᠲᠦᠷᠦᠭᠳᠡᠯ ᠪᠠ ᠠᠮᠢᠳᠤᠷᠠᠯ ᠤᠨ ᠶᠠᠰᠤ ᠴᠢᠨᠠᠷ ᠢ  ᠳᠡᠭᠡᠭᠰᠢᠯᠡᠭᠦᠯᠦᠨ᠎ᠡ᠃ ᠡᠭᠦᠨ ᠤ ᠬᠠᠮᠲᠤ ᠬᠥᠳᠡᠯᠦᠩᠭᠦᠶ ᠬᠠᠮᠢᠶᠠᠷᠬᠤ ᠵᠠᠷᠴᠢᠮ ᠶᠣᠰᠣᠭᠠᠷ᠂ ᠴᠢᠩᠭ᠎ᠠ ᠬᠢᠨᠠᠨ ᠪᠠᠶᠢᠴᠠᠭᠠᠵᠤ᠂ ᠴᠠᠭ ᠲᠤᠬᠠᠶ ᠳᠤᠨᠢ ᠲᠣᠬᠢᠷᠠᠭᠤᠯᠵᠤ᠂ ᠣᠨᠣᠪᠴᠢᠲᠠᠶ ᠴᠢᠨᠠᠷ ᠢ ᠨᠢ ᠳᠡᠭᠡᠭᠰᠢᠯᠡᠭᠦᠯᠵᠦ᠂ ᠥᠨᠳᠥᠷ ᠨᠠᠰᠤᠨ ᠤ ᠨᠡᠮᠡᠭᠦᠷᠢ ᠪᠠ ᠵᠡᠮᠳᠡᠭ ᠬᠥᠮᠦᠨ ᠤ ᠬᠤᠶᠠᠷ ᠵᠤᠶᠢᠯ ᠤᠨ ᠨᠥᠬᠦᠪᠥᠷᠢ ᠪᠡᠯᠡ ᠮᠥᠩᠭᠦ ᠶᠢ ᠴᠠᠭ ᠲᠤᠬᠠᠶ ᠳᠤ ᠨᠢ ᠣᠨᠣᠪᠴᠢᠲᠠᠶ ᠪᠠᠷ ᠦᠢᠯᠡᠴᠢᠯᠡᠬᠦ ᠡᠲᠡᠭᠡᠳ ᠤᠨ ᠭᠠᠷ ᠲᠤ ᠭᠦᠷᠭᠡᠬᠦ ᠶᠢ ᠪᠠᠲᠤᠯᠠᠨ᠎ᠠ᠃ ᠬᠥᠲᠥᠯᠥᠭᠴᠢ᠄ ᠰᠠᠶᠢᠨ ᠪᠣᠯᠣᠯ᠎ᠠ᠂ ᠼᠦᠢ ᠲᠣᠪᠴᠢᠶᠠᠨ ᠳᠠᠷᠤᠭ᠎ᠠ ᠮᠠᠨ ᠤ ᠶᠠᠷᠢᠯᠴᠠᠭᠠᠨ ᠳᠤ ᠤᠷᠤᠯᠴᠠᠬᠰᠠᠨ ᠳᠤ ᠶᠡᠬᠡᠳᠡ ᠲᠠᠯᠠᠷᠬᠠᠵᠤ ᠪᠠᠶᠢᠨ᠎ᠠ᠂ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠃ ᠰᠦᠯᠵᠢᠶᠡᠨ ᠠᠨᠳᠠ ᠨᠠᠷ᠂ ᠪᠠᠶᠠᠷᠲᠠᠶ︕
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号