ᠤᠷᠠᠨ ᠪᠢᠴᠢᠯᠭᠡᠳᠡᠨ ᠬᠠᠶᠢᠱᠠᠨ
ᠨᠡᠶᠢᠲᠡᠯᠡᠭᠰᠡᠨ ᠴᠠᠭ᠄
2018/5/31
      ᠬᠠᠶᠢᠱᠠᠨ᠂ ᠤᠯᠠᠭᠠᠨᠬᠠᠳᠠ ᠬᠤᠳᠠ ᠶᠢᠨ ᠨᠢᠩᠴᠧᠩ ᠰᠢᠶᠠᠨ ᠨᠤᠳᠤᠭ ᠲᠠᠢ᠃ 2000 ᠤᠨ ᠳᠤ ᠦᠪᠦᠷ ᠮᠤᠩᠭᠤᠯ ᠤᠨ ᠦᠨᠳᠦᠰᠦᠲᠡᠨ ᠤ ᠪᠠᠭᠰᠢ ᠶᠢᠨ ᠰᠤᠷᠭᠠᠭᠤᠯᠢ ᠠᠴᠠ ᠰᠤᠷᠤᠯᠭ᠎ᠠ ᠲᠡᠭᠦᠰᠭᠡᠵᠦ᠂ ᠦᠨᠦ ᠠᠩᠬ᠎ᠠ ᠲᠤᠮᠳᠠᠳᠤ ᠳᠤ ᠪᠠᠭᠰᠢᠯᠠᠵᠤ ᠪᠤᠢ᠃ ᠪᠠᠭᠰᠢ ᠶᠢᠨ ᠰᠤᠷᠭᠠᠭᠤᠯᠢ ᠳᠤ ᠰᠤᠷᠤᠯᠴᠠᠵᠤ  ᠪᠠᠶᠢᠬᠤ ᠬᠤᠭᠤᠴᠠᠭᠠᠨ ᠳᠤ ᠪᠠᠨ ᠠᠯᠳᠡᠷᠲᠤ ᠤᠷᠠᠨ ᠪᠢᠴᠢᠯᠭᠡᠳᠠᠨ ᠪᠠᠶᠠᠨᠬᠦᠦ ᠪᠠᠭᠰᠢ ᠶᠢᠨ ᠭᠠᠷ ᠲᠤᠤᠷ᠎ᠠ ᠬᠦᠮᠦᠵᠢᠵᠦ᠂ ᠮᠤᠩᠭᠤᠯ ᠤᠷᠠᠨ ᠪᠢᠴᠢᠯᠭᠡ  ᠶᠢᠨ ᠯᠠᠪᠳᠠᠭᠤᠨ ᠰᠠᠭᠤᠷᠢ ᠶᠢ ᠲᠠᠯᠪᠢᠭᠰᠠᠨ ᠪᠠᠶᠢᠨ᠎ᠠ᠃ ᠡᠨᠡ ᠬᠤᠭᠤᠴᠠᠭᠠᠨ ᠳᠤ᠂ ᠪᠤᠤᠱᠠᠨ ᠪᠠᠭᠰᠢ᠂ ᠪᠠᠢ ᠪᠦᠭᠡ ᠪᠠᠭᠰᠢ᠂ ᠬᠡᠶᠢᠷᠡᠨ᠎ᠠ ᠪᠠᠭᠰᠢ᠂ ᠪᠠ᠊ · ᠤᠷᠬᠢᠯ ᠪᠠᠭᠰᠢ ᠶᠢᠨ ᠵᠢᠯᠤᠭᠤᠳᠤᠯᠭ᠎ᠠ ᠶᠢ ᠬᠦᠷᠲᠡᠨ᠂ ᠦᠪᠡᠷ ᠤᠨ ᠤᠶᠢᠭ᠎ᠠ ᠦᠭᠡᠢ ᠪᠤᠯᠪᠠᠰᠤᠷᠠᠯ ᠢᠶᠠᠷ ᠢᠶᠠᠨ ᠲᠠᠮᠵᠢᠨ  ᠮᠤᠩᠭᠤᠯ ᠬᠢᠴᠢᠶᠡᠩᠬᠦᠢ ᠪᠢᠴᠢᠯᠭᠡ ᠶᠢᠨ ᠭᠡᠪ ᠨᠠᠮᠪᠠ ᠪᠠᠨ ᠪᠦᠷᠢᠯᠳᠦᠭᠦᠯᠦᠭᠰᠡᠨ ᠪᠠᠶᠢᠨ᠎ᠠ᠃
      ᠲᠡᠷᠡ ᠪᠠᠷ᠂1999 ᠤᠨ ᠳᠤ ᠪᠦᠬᠦ ᠤᠷᠤᠨ ᠤ ᠪᠠᠭᠰᠢ ᠶᠢᠨ ᠰᠤᠷᠭᠠᠭᠤᠯᠢ ᠶᠢᠨ ᠪᠠᠭᠰᠢ ᠰᠤᠷᠤᠭᠴᠢ ᠶᠢᠨ ᠵᠢᠷᠤᠭ ᠪᠢᠴᠢᠯᠭᠡ ᠶᠢᠨ ᠤᠷᠤᠯᠳᠤᠭᠠᠨ ᠳᠤ ᠤᠷᠠᠨ ᠪᠢᠴᠢᠯᠭᠡ ᠶᠢᠨ ᠨᠢᠭᠡᠳᠦᠭᠡᠷ ᠲᠡᠰ ᠤᠨ ᠱᠠᠩᠨᠠᠯ ᠢ ᠲᠤᠰᠴᠤ᠂ 2000 ᠤᠨ ᠳᠤ ᠪᠤᠯᠤᠭᠰᠠᠨ ᠨᠠᠢᠮᠠᠨ ᠮᠤᠵᠢ ᠤᠷᠤᠨ ᠤ ᠠᠩᠬᠠᠳᠤᠭᠴᠢ ᠮᠤᠩᠭᠤᠯ ᠤᠷᠠᠨ ᠪᠢᠴᠢᠯᠭᠡ ᠶᠢᠨ ᠦᠵᠡᠰᠬᠦᠯᠡᠩ ᠳᠤ ᠠᠯᠳᠠᠨ ᠮᠧᠳᠠᠯ ᠤᠯᠵᠤ᠂ 2007 ᠤᠨ ᠳᠤ ᠶᠠᠪᠤᠭᠳᠠᠭᠰᠠᠨ ᠤᠯᠠᠭᠠᠨᠬᠠᠳᠠ ᠬᠤᠳᠠ ᠶᠢᠨ ᠠᠩᠬᠠᠳᠤᠭᠠᠷ ᠤᠳᠠᠭᠠᠨ ᠤ ᠮᠤᠩᠭᠤᠯ ᠤᠷᠠᠨ ᠪᠢᠴᠢᠯᠭᠡ ᠶᠢᠨ ᠤᠷᠤᠯᠳᠤᠭᠠᠨ ᠳᠤ ᠬᠤᠶᠠᠳᠤᠭᠠᠷ ᠲᠡᠰ ᠤᠨ ᠱᠠᠩᠨᠠᠯ ᠤᠯᠵᠠᠢ᠃  2011 ᠤᠨ ᠳᠤ ᠪᠦᠬᠦ ᠤᠷᠤᠨ ᠤ ᠤᠷᠠᠨ ᠪᠢᠴᠢᠯᠭᠡ ᠶᠢᠨ ᠦᠵᠡᠰᠭᠦᠯᠡᠩ ᠳᠤ ᠪᠦᠲᠦᠭᠡᠯ ᠨᠢ ᠰᠤᠩᠭᠤᠭᠳᠠᠨ ᠲᠡᠯᠭᠡᠭᠳᠡᠵᠦ᠂ ᠨᠠᠢᠮᠠᠨ ᠮᠤᠵᠢ ᠤᠷᠤᠨ ᠤ ︽ᠡᠭᠡ ᠬᠡᠯᠡ︾ ᠬᠤᠨᠳᠠᠭᠠᠳᠤ ᠮᠤᠩᠭᠤᠯ ᠤᠷᠠᠨ ᠪᠢᠴᠢᠯᠭᠡ  ᠶᠢᠨ ᠤᠷᠤᠯᠳᠤᠭᠠᠨ ᠤ ᠭᠤᠷᠪᠠ᠂ ᠲᠦᠷᠪᠡᠳᠦᠭᠡᠷ  ᠤᠳᠠᠭᠠᠨ ᠳᠤ ᠲᠠᠷᠠᠭᠠᠯᠠᠨ ᠬᠤᠶᠠᠳᠤᠭᠠᠷ ᠲᠡᠰ ᠤᠨ ᠱᠠᠩᠨᠠᠯ ᠬᠦᠷᠲᠡᠵᠡᠢ᠃ 2014 ᠤᠨ ᠳᠤ  ᠶᠠᠪᠤᠭᠳᠠᠭᠤᠯᠤᠭᠰᠠᠨ ᠨᠠᠢᠮᠠᠨ ᠮᠤᠵᠢ ᠤᠷᠤᠨ ᠤ ᠠᠩᠬᠠᠳᠤᠭᠴᠢ ᠮᠤᠩᠭᠤᠯ ᠤᠷᠠᠨ ᠪᠢᠴᠢᠯᠭᠡ ᠶᠢᠨ ᠲᠧᠯᠸᠢᠰ ᠱᠠᠩᠨᠠᠯᠳᠤ ᠤᠷᠤᠯᠳᠤᠭᠠᠨ ᠳᠤ ᠡᠮᠦᠨ᠎ᠡ 32 ᠲᠤ ᠲᠤᠳᠤᠷᠠᠭᠰᠠᠨ ᠪᠠᠶᠢᠨ᠎ᠠ᠃ ᠮᠥᠨ ᠲᠤᠰ ᠵᠢᠯ   ᠤᠨ10 ᠰᠠᠷ᠎ᠠ ᠳᠤ ᠺᠤᠷᠢᠶᠠ ᠳᠤ ᠪᠤᠯᠤᠭᠰᠠᠨ ᠲᠡᠯᠡᠭᠡᠢ ᠶᠢᠨ ᠦᠰᠦᠭ ᠪᠢᠴᠢᠭ ᠤᠨ ᠤᠷᠠᠨ ᠪᠢᠴᠢᠯᠭᠡ ᠶᠢᠨ ᠤᠷᠤᠯᠳᠤᠭᠠᠨ ᠳᠤ ᠤᠷᠠᠨ ᠪᠢᠴᠢᠯᠭᠡ ᠶᠢᠨ ᠪᠦᠲᠦᠭᠡᠯ ᠨᠢ ᠤᠨᠴᠠ ᠰᠤᠩᠭᠤᠭᠳᠠᠭᠰᠠᠨ ᠪᠦᠲᠦᠭᠡᠯ ᠢᠶᠠᠷ ᠲᠡᠯᠭᠡᠨ ᠦᠵᠡᠬᠦᠯᠦᠭᠳᠡᠭᠰᠡᠨ ᠪᠠᠶᠢᠨ᠎ᠠ᠃ 2014 ᠤᠨ ᠳᠤ ︽ᠮᠤᠩᠭᠤᠯ ᠤᠨ ᠲᠤᠯᠭᠤᠷ ᠰᠤᠳᠤᠷ ᠪᠢᠴᠢᠭ︾ ᠢ ᠰᠡᠶᠢᠷᠡᠬᠦᠯᠬᠦ ᠠᠵᠢᠯᠯᠠᠭᠠᠨ ᠳᠤ ᠰᠤᠩᠭᠤᠭᠳᠠᠨ ᠤᠷᠤᠯᠴᠠᠵᠤ᠂ ᠡᠨᠡᠬᠦ ᠬᠦᠳᠡᠯᠭᠡᠭᠡᠨ ᠳᠤ ᠤᠷᠤᠯᠴᠠᠭᠰᠠᠨ ᠨᠠᠢᠮᠠᠨ ᠮᠤᠵᠢ ᠤᠷᠤᠨ ᠤ 100 ᠮᠤᠩᠭᠤᠯ ᠤᠷᠠᠨ ᠪᠢᠴᠢᠯᠭᠡᠴᠢ ᠶᠢᠨ ᠨᠢᠭᠡ ᠨᠢ ᠪᠤᠯᠵᠠᠢ᠃        ᠤᠯᠠᠭᠠᠨᠬᠠᠳᠠ ᠬᠤᠳᠠ ᠶᠢᠨ ᠮᠤᠩᠭᠤᠯ ᠤᠷᠠᠨ ᠪᠢᠴᠢᠯᠭᠡᠴᠢᠳ ᠤᠨ ᠨᠡᠶᠢᠭᠡᠮᠯᠢᠭ ᠠᠩᠬ᠎ᠠ ᠪᠠᠶᠢᠭᠤᠯᠤᠭᠳᠠᠬᠤ ᠦᠶ᠎ᠡ ᠳᠤ ᠲᠡᠳ᠋ ᠨᠠᠷᠢᠨ ᠪᠢᠴᠢᠭ ᠤᠨ ᠲᠠᠷᠤᠭ᠎ᠠ ᠪᠠᠷ ᠰᠤᠩᠭᠤᠭᠳᠠᠭᠰᠠᠨ ᠪᠠᠶᠢᠨ᠎ᠠ᠃
 
ᠢᠷᠡᠯᠲᠡ᠄ ᠤᠯᠠᠭᠠᠨᠬᠠᠲᠠ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号