ᠨᠢᠩᠴᠧᠩ ᠰᠢᠶᠠᠨ ︽ᠡᠮ ᠡᠮᠨᠡᠯᠭᠡ ᠡᠷᠡᠭᠦᠯ ᠬᠠᠮᠠᠭᠠᠯᠠᠯ ᠤᠨ ᠬᠠᠶᠢᠷ᠎ᠠ ᠬᠠᠯᠠᠮᠵᠢ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2018/7/16
  ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠢᠯᠢᠭ ᠣᠨᠣᠴᠢᠲᠠᠶ ᠪᠠᠷ ᠶᠠᠳᠠᠭᠤ ᠶᠢ ᠲᠡᠳᠬᠦᠬᠦ ᠬᠦᠷᠢᠶᠡᠨ ᠳᠠᠬᠢ ᠠᠬᠢᠭᠤᠯᠬᠤ ᠦᠢᠯᠡᠳᠦᠯ ᠢ ᠪᠠᠳᠠᠷᠠᠭᠤᠯᠬᠤ ᠶᠢᠨ ᠲᠤᠰᠠᠳᠠ᠂ ᠦᠢᠷ᠎ᠠ ᠶᠢᠨ ᠡᠳᠦᠷ᠂ ᠨᠢᠩᠴᠧᠩ ᠰᠢᠶᠠᠨ ︽ᠡᠮ ᠡᠮᠨᠡᠯᠭᠡ ᠡᠷᠡᠭᠦᠯ ᠬᠠᠮᠠᠭᠠᠯᠠᠯ ᠤᠨ ᠬᠠᠶᠢᠷ᠎ᠠ ᠬᠠᠯᠠᠮᠵᠢ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠡᠬᠢᠯᠡᠭᠦᠯᠪᠡ  ᠃   ᠠᠵᠢᠯᠯᠠᠭᠠᠨ ᠤ ᠳᠤᠮᠳᠠ᠂ ᠡᠮᠴᠢ ᠰᠤᠪᠢᠯᠠᠭᠴᠢ ᠠᠴᠠ ᠡᠷᠦᠬᠡ ᠨᠢᠭᠡᠪᠤᠷᠢ ᠶᠢᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠪᠡᠳᠴᠢᠨ ᠤ ᠪᠠᠶᠢᠳᠠᠯ ᠢ ᠨᠠᠷᠢᠯᠢᠭ ᠬᠠᠷᠭᠤᠭᠤᠯᠤᠨ᠂ ᠡᠷᠡᠭᠦᠯ ᠮᠡᠨᠳᠦ ᠶᠢᠨ ᠳᠠᠩᠰᠠ ᠡᠪᠬᠡᠮᠡᠯ ᠢ ᠲᠡᠭᠦᠯᠳᠡᠷᠵᠢᠬᠦᠯᠬᠦ ᠶᠢᠨ ᠬᠠᠮᠲᠤ ᠬᠦᠨᠳᠦ ᠡᠪᠡᠳᠴᠢᠨ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠳᠤ ᠲᠥᠷᠥ ᠶᠢᠨ ᠪᠤᠳᠤᠯᠭ᠎ᠠ ᠶᠢᠨ ᠯᠠᠪᠯᠠᠯᠭ᠎ᠠ ᠪᠠ ᠡᠮᠨᠡᠭᠦᠯᠬᠦ ᠵᠢᠯᠤᠭᠤᠳᠤᠯᠭ᠎ᠠ ᠶᠢ ᠬᠠᠩᠭᠠᠵᠦ᠂ ᠡᠪᠡᠳᠴᠢᠲᠡᠨ ᠪᠠ ᠡᠮᠨᠡᠯᠭᠡ ᠶᠢᠨ ᠬᠤᠷᠢᠶᠠᠨ ᠤ ᠬᠠᠷᠢᠯᠴᠠᠭ᠎ᠠ᠂ ᠵᠤᠯᠭᠠᠯᠳᠤᠬᠤ ᠶᠢ ᠰᠠᠶᠢᠲᠤᠷ ᠬᠢᠵᠦ᠂ ᠡᠭᠦᠨ ᠤ ᠵᠡᠷᠭᠡᠴᠡᠭᠡᠪᠡᠷ᠂ ᠡᠮᠴᠢ ᠰᠤᠪᠢᠯᠠᠭᠴᠢ ᠠᠴᠠ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠶᠡᠬᠡᠪᠡᠷ ᠤᠬᠠᠭᠤᠯᠵᠤ᠂ ᠤᠯᠠᠨ ᠲᠦᠮᠡᠨ ᠤ ᠲᠦᠷᠤ ᠶᠢᠨ ᠪᠤᠳᠤᠯᠭ᠎ᠠ ᠶᠢ ᠣᠶᠢᠯᠠᠭᠠᠵᠤ ᠮᠡᠳᠡᠬᠦ ᠬᠡᠮᠵᠢᠶ᠎ᠡ ᠶᠢ ᠳᠡᠭᠡᠭᠰᠢᠯᠡᠭᠦᠯᠵᠦ᠂ ᠡᠷᠡᠭᠦᠯ ᠴᠢᠭᠢᠷᠠᠭ ᠤᠨ ᠬᠥᠮᠦᠵᠢᠯ ᠬᠢᠭᠡᠳ ᠡᠷᠡᠭᠦᠯ ᠮᠡᠨᠳᠤ ᠶᠢᠨ ᠠᠬᠢᠭᠤᠯᠤᠯ ᠢ ᠭᠦᠨᠵᠡᠭᠡᠶ ᠥᠷᠨᠢᠭᠦᠯᠵᠦ᠂ ᠤᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠶᠢᠨ ᠰᠠᠶᠢᠬᠠᠨ ᠡᠷᠡᠭᠦᠯ ᠵᠠᠩ ᠳᠠᠳᠬᠠᠯ ᠢ ᠠᠯᠬᠤᠮ ᠠᠯᠬᠤᠮ ᠢᠶᠠᠷ ᠪᠦᠷᠢᠯᠳᠦᠬᠦᠯᠪᠡ᠂ ᠰᠠᠶᠢᠨ ᠳᠤᠷ᠎ᠠ ᠶᠢᠨ ᠠᠵᠢᠯᠯᠠᠭᠠᠨ ᠢᠶᠠᠷ ᠳᠠᠮᠵᠢᠭᠠᠳ᠂ ᠶᠠᠳᠠᠭᠤ ᠬᠦᠴᠢᠷᠳᠡᠯ ᠲᠠᠢ ᠡᠷᠤᠭᠡ ᠶᠢᠨ ᠤᠵᠢᠭ ᠡᠪᠡᠳᠴᠢᠲᠡᠨ ᠨᠢ ᠵᠠᠰᠠᠭ ᠤᠨ ᠣᠷᠳᠣᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠶᠢᠨ ᠠᠰᠢᠭ ᠲᠤᠰᠠ ᠶᠢ ᠦᠨᠡᠨ ᠬᠦ ᠬᠦᠷᠲᠡᠪᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号