ᠨᠢᠩᠴᠧᠩ ᠰᠢᠶᠠᠨ ᠤ ᠬᠤᠳᠠ ᠶᠢᠨ ᠤᠰᠤ ᠵᠠᠯᠠᠬᠤ ᠵᠥᠪᠰᠢᠶᠡᠷᠡᠯ ᠤᠨ ᠦᠨᠡᠮᠯᠡᠯ ᠢ ᠬᠢᠨᠠᠨ ᠤᠯᠭᠤᠬᠤ
ᠨᠡᠶᠢᠲᠡᠯᠡᠭᠰᠡᠨ ᠴᠠᠭ᠄
2018/7/17
ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠄ ᠨᠢᠩᠴᠧᠩ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠡᠷᠡᠭᠰᠡᠬᠦ ᠮᠠᠲ᠋ᠧᠷᠢᠶᠠᠯ  ᠄︵1︶ ᠬᠤᠳᠠ ᠶᠢᠨ ᠤᠰᠤ ᠵᠠᠯᠠᠬᠤ ᠵᠥᠪᠰᠢᠶᠡᠷᠡᠯ ᠠᠪᠬᠤ ᠭᠤᠶᠤᠴᠢᠯᠠᠯ ︵2︶ ᠤᠰᠤ ᠭᠠᠳᠠᠭᠰᠢᠯᠠᠭᠤᠯᠬᠤ ᠵᠥᠪᠰᠢᠶᠡᠷᠡᠯ ᠢ ᠭᠤᠶᠤᠴᠢᠯᠠᠬᠤ ᠡᠷᠦᠬᠡ ᠠᠴᠠ ᠭᠤᠶᠤᠴᠢᠯᠠᠯ ᠢ ᠬᠥᠯᠢᠶᠡᠨ ᠠᠪᠴᠤ ᠰᠢᠶ᠋ᠳᠪᠦᠷᠢᠯᠡᠬᠦ ᠠᠴᠠ ᠡᠮᠦᠨ᠎ᠡ ᠨᠢᠭᠡ ᠰᠠᠷ᠎ᠠ ᠶᠢᠨ  ᠲᠤᠳᠤᠷᠠᠬᠢ᠂ ᠬᠡᠮᠵᠢᠯᠲᠡ ᠶᠢᠨ ᠭᠡᠷᠡᠴᠢᠯᠡᠯᠲᠡ ᠶᠢᠨ ᠬᠢᠷᠢ ᠬᠡᠮ ᠪᠦᠬᠦᠢ ᠤᠰᠤ ᠵᠠᠯᠠᠬᠤ ᠬᠢᠨᠠᠨ ᠬᠡᠮᠵᠢᠬᠦ ᠪᠠᠶᠢᠭᠤᠯᠤᠮᠵᠢ ᠶᠢᠨ ᠭᠠᠷᠭᠠᠵᠤ ᠥᠭᠭᠦᠭᠰᠡᠨ ᠤᠰᠤ ᠵᠠᠯᠠᠬᠤ ᠤᠰᠤᠨ ᠤ ᠴᠢᠨᠠᠷ ᠂ ᠤᠰᠤᠨ ᠤ ᠬᠡᠮᠵᠢᠶ᠎ᠡ  ᠶᠢ ᠰᠢᠯᠭᠠᠨ ᠬᠡᠮᠵᠢᠯᠲᠡ ᠶᠢᠨ ᠮᠡᠳᠡᠭᠦᠯᠦᠯᠲᠡ ᠶᠢ ᠬᠠᠩᠭᠠᠨ᠎ᠠ︵3︶ ᠥᠪᠡᠷ ᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠬᠡᠷᠩᠯᠡᠭᠴᠢ ᠡᠷᠤᠭᠡ ᠨᠢᠩᠴᠧᠩ ᠰᠢᠶᠠᠨ ᠤ ᠪᠣᠬᠢᠷ ᠤᠰᠤ ᠰᠢᠶ᠋ᠳᠪᠦᠷᠢᠯᠡᠬᠦ ᠦᠢᠯᠡᠳᠪᠦᠷᠢ ᠲᠠᠢ ᠲᠤᠬᠳᠠᠬᠰᠠᠨ ᠪᠣᠬᠢᠷ ᠤᠰᠤ ᠰᠢᠶ᠋ᠳᠪᠦᠷᠢᠯᠡᠬᠦ ᠵᠠᠷᠤᠳᠠᠯ ᠲᠤᠰᠢᠶᠠᠬᠤ ᠬᠡᠯᠡᠯᠴᠡᠭᠡᠷ ᠢ ᠬᠠᠩᠭᠠᠨ᠂ ᠪᠤᠰᠤᠳ ᠬᠡᠷᠡᠭᠯᠡᠭᠴᠢᠳ ᠤᠷᠴᠢᠮ ᠤᠨ ᠭᠤᠷᠪᠠᠨ ᠰᠠᠷ᠎ᠠ ᠰᠢᠬᠠᠮ ᠤᠰᠤᠨ ᠤ ᠰᠦᠢᠳᠬᠡᠯ ᠪᠠᠷᠢᠮᠲᠠ ᠶᠢᠨ ᠪᠠᠭᠤᠯᠭᠠᠪᠤᠷᠢ ᠶᠢ ᠬᠠᠩᠭᠠᠨ᠎ᠠ ︵4︶ ᠡᠵᠡᠩᠨᠡᠯᠲᠡ ᠶᠢᠨ ᠦᠨᠡᠮᠯᠡᠯ ᠪᠤᠶᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠲᠡᠮᠳᠡᠭ ᠤᠨ ᠦᠨᠡᠮᠯᠡᠯ ᠤᠨ ᠬᠠᠭᠤᠯᠪᠤᠷᠢ ︵5︶ ᠭᠡᠷ ᠪᠠᠶᠢᠰᠢᠩ ᠤᠨ ᠲᠦᠷᠢᠶᠡᠰᠦᠯᠡᠯ ᠤᠨ ᠭᠡᠷ᠎ᠡ ᠪᠤᠶᠤ ᠭᠡᠷ ᠬᠦᠷᠦᠩᠭᠡ ᠶᠢᠨ ᠦᠨᠡᠮᠯᠡᠯ ᠤᠨ ᠬᠠᠭᠤᠯᠪᠤᠷᠢ  ︵6︶ ᠤᠰᠤ ᠵᠠᠯᠠᠬᠤ ᠬᠠᠪᠲᠠᠭᠠᠶ ᠪᠠᠶᠢᠷᠢᠯᠠᠯ ᠵᠢᠷᠤᠭ᠂ ᠬᠤᠯᠪᠣᠭᠳᠠᠯ ᠪᠦᠬᠦᠢ ᠲᠤᠰᠬᠠᠶ ᠰᠢᠯᠭᠠᠨ ᠬᠡᠮᠵᠢᠬᠦ ᠬᠤᠳᠳᠤᠭ᠂ ᠪᠣᠬᠢᠷ ᠤᠰᠤ ᠭᠠᠳᠠᠭᠰᠢᠯᠠᠭᠤᠯᠬᠤ ᠠᠮᠠᠰᠠᠷ ᠤᠨ ᠪᠠᠶᠢᠷᠢ ᠪᠠ ᠠᠮᠠᠰᠠᠷ ᠤᠨ ᠵᠢᠷᠤᠭ ᠲᠥᠰᠦᠪ ᠪᠣᠯᠤᠨ ᠮᠠᠲ᠋ᠧᠷᠢᠶᠠᠯ ᠤᠨ ᠲᠤᠳᠤᠷᠬᠠᠶᠢᠯᠠᠯᠲᠠ︵7︶ ᠤᠰᠤ ᠵᠠᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠠᠷᠢᠬᠤ ᠨᠢᠭᠡᠴᠢ ᠠᠴᠠ ᠵᠣᠬᠢᠴᠠᠩᠭᠤᠶ ᠪᠠᠷᠢᠯᠭ᠎ᠠ ᠪᠠᠷᠢᠬᠤ ᠴᠢᠳᠠᠮᠵᠢ ᠶᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ  ︵8︶ ᠤᠰᠤ ᠵᠠᠯᠠᠬᠤ ᠬᠤᠭᠤᠯᠠᠶ ᠶᠢᠨ ᠮᠠᠲ᠋ᠧᠷᠢᠶᠠᠯ ᠤᠨ ᠶᠠᠰᠤ ᠴᠢᠨᠠᠷ ᠤᠨ ᠪᠠᠷᠢᠮᠵᠢᠶ᠎ᠠ ᠨᠢ ᠤᠯᠤᠰ ᠤᠨ ᠱᠠᠭᠠᠷᠳᠠᠯᠭ᠎ᠠ ᠳᠤ ᠬᠦᠷᠦᠭᠰᠡᠨ ᠪᠠᠶᠢᠬᠤ ᠬᠡᠷᠩᠳᠡᠢ ᠭᠦᠢᠴᠡᠳᠬᠡᠬᠦ ᠶᠠᠪᠤᠴᠠ  ᠄ᠬᠦᠯᠢᠶᠡᠨ ᠠᠪᠴᠤ ᠭᠦᠢᠴᠡᠳᠬᠡᠬᠦ — ᠬᠢᠨᠠᠨ ᠬᠠᠷᠭᠤᠭᠤᠯᠬᠤ —  ᠲᠤᠬᠠᠶ ᠶᠢᠨ ᠭᠠᠵᠠᠷ ᠲᠤᠨᠢ ᠪᠠᠶᠢᠴᠠᠭᠠᠬᠤ — ᠬᠢᠨᠠᠨ ᠵᠦᠪᠰᠢᠶᠡᠷᠡᠬᠦᠭᠦᠢᠴᠡᠳᠬᠡᠬᠦ ᠭᠠᠵᠠᠷ  ᠄ᠨᠢᠩᠴᠧᠩ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ — ᠪᠥᠳᠥᠭᠡᠨ ᠪᠠᠶᠢᠭᠤᠯᠤᠯᠲᠠ ᠶᠢᠨ ᠲᠠᠰᠤᠭ ︵ᠨᠢᠩᠴᠧᠩ ᠰᠢᠶᠠᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ 551 ᠭᠡᠷ︶ ᠰᠦᠢᠳᠬᠡᠯ ᠬᠤᠷᠢᠶᠠᠬᠤ ᠪᠠᠷᠢᠮᠵᠢᠶ᠎ᠠ᠄ᠰᠦᠢᠳᠬᠡᠯ ᠬᠤᠷᠢᠶᠠᠬᠤ ᠦᠭᠡᠢ ᠭᠦᠢᠴᠡᠳᠬᠡᠬᠦ ᠴᠠᠭ ᠤᠨ ᠬᠢᠵᠠᠭᠠᠷ᠄10 ᠠᠵᠢᠯ ᠤᠨ ᠡᠳᠦᠷ ᠭᠦᠢᠴᠡᠳᠬᠡᠬᠦ ᠦᠨᠳᠦᠰᠦ ᠪᠠᠷᠢᠮᠲᠠ  ᠄︽ᠲᠦᠷᠦ ᠶᠢᠨ ᠶᠠᠪᠤᠳᠠᠯ ᠤᠨ ᠬᠤᠷᠢᠶᠠᠨ ᠤ ᠵᠠᠪᠠᠯ ᠦᠯᠡᠳᠡᠭᠡᠬᠦ ᠴᠢᠬᠤᠯᠠᠲᠠᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠦᠯ ᠵᠦᠢᠯ ᠳᠤ ᠵᠠᠰᠠᠭ ᠵᠠᠬᠢᠷᠭᠠᠨ ᠤ ᠵᠥᠪᠰᠢᠶᠡᠷᠡᠯ ᠭᠠᠷᠭᠠᠬᠤ ᠲᠤᠬᠠᠶ ᠲᠣᠭᠲᠠᠭᠠᠯ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 412 ᠳ᠋ᠤᠭᠠᠷ︶ 103 ᠳ᠋ᠤᠭᠠᠷ ᠵᠤᠷᠪᠤᠰ ᠬᠠᠷᠢᠯᠴᠠᠬᠤ ᠤᠲᠠᠰᠤ᠄ 0476- 4272165
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号