ᠨᠢᠩᠴᠧᠩ ᠰᠢᠶᠠᠨ ᠮᠣᠩᠭᠤᠯ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠪᠠ ᠬᠡᠷᠩᠯᠡᠯᠲᠡ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2018/7/19
  ᠣᠶᠢᠷ᠎ᠠ ᠶᠢᠨ ᠵᠢᠯ ᠤᠨ ᠲᠤᠷᠰᠢ᠂ ᠨᠢᠩᠴᠧᠩ ᠰᠢᠶᠠᠨ ᠢᠳᠡᠪᠬᠢᠲᠡᠶ ᠠᠷᠭ᠎ᠠ ᠬᠡᠮᠵᠢᠶ᠎ᠡ ᠠᠪᠴᠤ᠂ ᠮᠣᠩᠭᠤᠯ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠪᠠ ᠬᠡᠷᠩᠯᠡᠯᠲᠡ ᠶᠢ ᠲᠠᠰᠤᠷᠠᠯᠳᠠ ᠦᠭᠡᠢ ᠴᠢᠩᠭᠠᠳᠬᠠᠵᠤ᠂ ᠬᠥᠮᠦᠰ ᠤᠨ ᠮᠣᠩᠭᠤᠯ ᠬᠡᠯᠡ ᠰᠤᠷᠤᠯᠴᠠᠬᠤ ᠪᠠ ᠬᠡᠷᠡᠭᠯᠡᠬᠦ ᠣᠷᠮᠠᠰᠢᠯ ᠢ ᠬᠦᠭᠵᠢᠭᠡᠪᠡ᠃    ᠨᠢᠭᠡ ᠳᠤ ᠮᠣᠩᠭᠤᠯ ᠦᠭᠡ ᠬᠡᠯᠡ ᠥᠰᠥᠭ ᠪᠢᠴᠢᠭ ᠢ ᠰᠤᠷᠴᠤ ᠬᠡᠷᠡᠭᠯᠡᠬᠦ ᠶᠢ ᠴᠢᠬᠤᠯᠠᠴᠢᠯᠠᠨ ᠦᠵᠡᠪᠡ᠃ ᠮᠣᠩᠭᠤᠯ ᠦᠭᠡ ᠬᠡᠯᠡ ᠦᠰᠦᠭ ᠪᠢᠴᠢᠭ ᠰᠤᠷᠤᠯᠴᠠᠬᠤ ᠪᠣᠳᠠᠲᠠᠶ ᠠᠷᠭ᠎ᠠ ᠶᠢ ᠲᠣᠭᠲᠠᠭᠠᠵᠤ᠂ ᠮᠣᠩᠭᠤᠯ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠪᠠ ᠬᠡᠷᠩᠯᠡᠯᠲᠡ ᠶᠢ ᠪᠦᠲᠦᠮᠵᠢᠲᠡᠶ ᠠᠬᠢᠭᠤᠯᠪᠠ᠃ ᠮᠣᠩᠭᠤᠯ ᠦᠭᠡ ᠬᠡᠯᠡ ᠦᠰᠦᠭ ᠪᠢᠴᠢᠭ ᠤᠨ ᠬᠡᠷᠡᠭᠯᠡᠯᠲᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠮᠣᠩᠭᠤᠯ ᠦᠭᠡ ᠬᠡᠯᠡ ᠦᠰᠦᠭ ᠪᠢᠴᠢᠭ ᠤᠨ ᠬᠡᠷᠡᠭᠯᠡᠯᠲᠡ ᠶᠢᠨ ᠬᠠᠮᠤᠷᠤᠭᠰᠠᠨ ᠥᠷᠭᠡᠴᠡ ᠪᠠ ᠭᠦᠨᠴᠡ ᠶᠢ ᠥᠷᠭᠡᠳᠬᠡᠵᠦ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠶᠢᠨ ᠠᠷᠭ᠎ᠠ ᠬᠡᠷᠡᠭᠯᠡᠭᠦᠷ ᠢᠶᠠᠷ ᠮᠣᠩᠭᠤᠯ ᠦᠭᠡ ᠬᠡᠯᠡ ᠦᠰᠦᠭ ᠪᠢᠴᠢᠭ ᠢ ᠰᠤᠷᠤᠯᠴᠠᠬᠤ ᠪᠠ ᠬᠡᠷᠡᠭᠯᠡᠬᠦ ᠶᠢ ᠲᠦᠯᠬᠢᠨ ᠠᠬᠢᠭᠤᠯᠵᠤ ᠪᠠᠶᠢᠨ᠎ᠠ᠃  ᠬᠤᠶᠠᠷ ᠲᠤ ᠤᠯᠠᠮᠵᠢᠯᠠᠨ ᠵᠠᠯᠭᠠᠮᠵᠢᠯᠠᠬᠤ ᠡᠩᠨᠡᠭᠡ ᠪᠠ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠪᠠᠶᠢᠨ᠎ᠠ᠃ ᠮᠣᠩᠭᠤᠯ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠣᠨᠴᠠᠯᠢᠭ ᠢ ᠦᠨᠳᠦᠰᠦᠯᠡᠨ᠂ ᠵᠥᠭᠡᠯᠡᠨ ᠣᠷᠴᠢᠨ ᠨᠥᠬᠦᠴᠡᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠶᠢᠨ ᠬᠠᠮᠲᠤ᠂ ᠬᠠᠲᠠᠭᠤ ᠬᠡᠷᠡᠭᠰᠡᠯ ᠤᠨ ᠣᠷᠴᠢᠨ ᠲᠣᠭᠤᠷᠢᠨ ᠢ ᠢᠳᠡᠪᠬᠢᠳᠡᠢ ᠪᠠᠶᠢᠭᠤᠯᠪᠠ᠃ ᠦᠨᠳᠦᠰᠦᠲᠡᠨ ᠤ ᠰᠣᠶᠣᠯ ᠢ ᠨᠡᠭᠡᠭᠡᠨ ᠠᠰᠢᠭᠯᠠᠬᠤ ᠶᠢ ᠵᠢᠭᠤᠯᠴᠢᠯᠠᠯ ᠲᠠᠢ ᠤᠶᠠᠯᠳᠤᠭᠤᠯᠤᠨ᠂ ᠮᠣᠩᠭᠤᠯ ᠰᠣᠶᠣᠯ ᠤᠨ ᠠᠭᠤᠯᠤᠭᠳᠠᠬᠤᠨ ᠢ ᠠᠭᠤᠳᠠᠯᠵᠦ᠂ ᠵᠤᠭᠠᠴᠠᠯ ᠤᠨ ᠦᠵᠡᠮᠵᠢ ᠶᠢᠨ ᠣᠷᠣᠨ ᠤ ᠰᠣᠶᠣᠯ ᠤᠨ ᠠᠭᠤᠯᠬᠤᠨ ᠤ ᠬᠡᠮᠵᠢᠶ᠎ᠡ ᠶᠢ ᠳᠡᠭᠡᠭᠰᠢᠯᠡᠭᠦᠯᠪᠡ᠃ ᠰᠤᠷᠭᠠᠨ ᠬᠥᠮᠦᠵᠢᠯ ᠤᠨ ᠪᠣᠯᠪᠠᠰᠤᠷᠠᠯ ᠲᠠᠢ ᠤᠶᠠᠯᠳᠤᠭᠤᠯᠤᠨ ᠡᠯ᠎ᠡ ᠲᠦᠷᠦᠯ ᠤᠨ ᠪᠣᠯᠪᠠᠰᠤᠷᠠᠯ ᠤᠨ ᠠᠩᠭᠢ ᠶᠢ ᠨᠡᠭᠡᠭᠡᠵᠦ᠂ ᠦᠨᠳᠦᠰᠦᠲᠡᠨ ᠤ ᠪᠠ ᠠᠷᠠᠳ ᠤᠨ ᠲᠤᠮᠲᠡᠬᠢ ᠰᠢᠯᠢᠳᠡᠭ ᠤᠯᠠᠮᠵᠢᠯᠠᠨ ᠵᠠᠯᠭᠠᠮᠵᠢᠯᠠᠭᠴᠢ ᠶᠢ ᠭ᠊ ᠬᠦᠮᠦᠵᠢᠭᠦᠯᠵᠦ ᠪᠠᠶᠢᠨ᠎ᠠ   ᠭᠤᠷᠪᠠ ᠳᠤ ᠮᠣᠩᠭᠤᠯ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠣᠶᠢᠯᠠᠭᠠᠭᠳᠠᠬᠤᠨ ᠤ ᠲᠠᠯ᠎ᠠ ᠪᠠᠷ ᠰᠢᠨ᠎ᠡ ᠶᠢ ᠡᠬᠦᠳᠴᠦ ᠪᠠᠶᠢᠨ᠎ᠠ᠃ ᠵᠢᠭᠠᠨ ᠰᠤᠷᠭᠠᠬᠤ ᠠᠷᠭ᠎ᠠ ᠶᠢ ᠨᠡᠶᠢᠭᠡᠮ ᠤᠨ ᠦᠢᠯᠡᠳᠦᠯᠭᠡ ᠯᠦᠭᠡ ᠤᠶᠠᠯᠳᠤᠭᠤᠯᠤᠨ᠂ ᠮᠡᠳᠡᠯᠭᠡ ᠶᠢᠨ ᠬᠦᠷᠢᠶ᠎ᠡ ᠪᠠᠨ ᠥᠷᠭᠡᠳᠬᠡᠵᠦ᠂ ᠮᠤᠩᠭᠤᠯ ᠢᠶᠠᠷ ᠬᠢᠴᠢᠶᠡᠯᠯᠡᠭᠰᠡᠨ ᠰᠤᠷᠤᠬᠴᠢᠳ ᠤᠨ ᠨᠡᠶᠢᠭᠡᠮ ᠳᠡᠭᠡᠷ᠎ᠡ ᠵᠤᠬᠢᠴᠠᠯᠳᠤᠬᠤ ᠴᠢᠳᠠᠪᠤᠷᠢ ᠪᠠ ᠶᠡᠷᠤᠩᠬᠡᠶᠢᠯᠡᠭᠰᠡᠨ ᠥᠷᠢᠰᠦᠯᠳᠦᠬᠦ ᠬᠦᠴᠦᠨ ᠢ ᠴᠢᠩᠭᠠᠳᠬᠠᠵᠤ ᠪᠠᠶᠢᠨ᠎ᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号